ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠳᠤᠰᠬᠠᠢ ᠮᠡᠳᠡᠭᠡᠯᠡᠯ
ᠣᠯᠠᠨ ᠤᠯᠤᠰ᠎ᠤᠨ ᠬᠤᠯᠪᠣᠭ᠋ᠠᠲᠤ ᠪᠠᠶ᠋ᠢᠭᠤᠯᠭ᠎ᠠ ᠵᠢᠨ ᠰᠠᠶ᠋ᠢᠰᠢᠶᠠᠯ᠄ ᠣᠷᠳᠣᠰ᠎ᠤᠨ ᠬᠥᠪᠴᠢ ᠵᠢᠨ ᠡᠯᠡᠰᠦ ᠵᠢ ᠵᠠᠰᠠᠭᠰᠠᠨ ᠶᠠᠪᠤᠳᠠᠯ ᠪᠣᠯ ᠳᠡᠯᠡᠬᠡᠢ ᠵᠢᠨ ᠠᠩᠬᠠᠳᠠᠭᠴᠢ ᠨᠡᠶ᠋ᠢᠲᠡᠯᠢᠭ ᠵᠢᠱ᠌ᠢᠶ᠎ᠡ ᠮᠥᠨ
ᠨᠡᠶ᠋ᠢᠲᠡᠯᠡᠭᠰᠡᠨ ᠴᠠᠭ᠄ 2023-09-05

      《ᠣᠶ᠋ᠢᠷ᠎ᠠ᠎ᠳᠤ ᠪᠢ ᠠᠵᠠ᠎ᠪᠠᠷ ᠣᠷᠳᠣᠰ᠎ᠤᠨ ᠲᠠᠭᠱ᠌ᠢᠨ ᠰᠠᠶ᠋ᠢᠬᠠᠨ ᠨᠤᠲᠤᠭ ᠵᠶ᠋ᠠᠷ ᠠᠶ᠋ᠢᠯᠴᠢᠯᠠᠨ᠂ ᠨᠡᠶ᠋ᠢᠭᠡᠮ᠂ ᠠᠵᠤ ᠠᠬᠤᠢ ᠪᠠ ᠠᠮᠢ ᠠᠬᠤᠢ ᠵᠢᠨ ᠰᠡᠷᠭᠦᠯᠲᠡ ᠵᠢᠨ ᠬᠢᠯᠠᠯᠵᠠᠮ᠎ᠠ ᠠᠮᠵᠢᠯᠲᠠ᠎ᠨᠤᠭᠤᠳ᠎ᠢ ᠨᠢᠳᠦ᠎ᠪᠠᠷ ᠵᠶ᠋ᠠᠨ ᠦᠵᠡᠯ᠎ᠡ᠂ ᠡᠳᠡᠭᠡᠷ᠎ᠨᠢ ᠭᠠᠵᠠᠷ ᠰᠢᠷᠣᠢ ᠵᠢᠨ ᠮᠠᠭᠤᠳᠠᠯ᠂ ᠴᠥᠯᠡᠷᠬᠡᠭᠵᠢᠯ ᠪᠣᠯᠣᠨ ᠡᠯᠡᠰᠦ ᠮᠠᠩᠬᠠᠨ᠎ᠤ ᠥᠷᠭᠡᠵᠢᠯ᠎ᠢ ᠡᠷᠡᠰ ᠡᠰᠡᠷᠭᠦᠴᠡᠵᠦ ᠪᠠᠶ᠋ᠢᠭ᠎ᠠ ᠪᠦᠬᠦ ᠪᠥᠮᠪᠥᠷᠴᠡᠭ᠎ᠤᠨ ᠭᠠᠵᠠᠷ ᠣᠷᠣᠨ᠎ᠨᠤᠭᠤᠳ᠎ᠲᠤ ᠬᠥᠮᠥᠰ᠎ᠢ ᠵᠣᠷᠢᠭᠵᠢᠭᠤᠯᠤᠮ᠎ᠠ ᠦᠯᠢᠭᠡᠷ ᠳᠠᠭᠤᠷᠢᠶᠠᠯ ᠪᠣᠯᠵᠤ ᠪᠠᠶ᠋ᠢᠨ᠎ᠠ᠃》 ᠭᠡᠵᠦ ᠤᠯᠠᠨ ᠤᠯᠤᠰ᠎ᠤᠨ ᠬᠤᠯᠪᠣᠭ᠋ᠠᠲᠤ ᠪᠠᠶ᠋ᠢᠭᠤᠯᠭ᠎ᠠ ᠵᠢᠨ ᠪᠠᠶ᠋ᠢᠩᠭᠤ ᠵᠢᠨ ᠳᠡᠳ᠋ ᠨᠠᠷᠢᠨ ᠪᠢᠴᠢᠭ᠎ᠤᠨ ᠳᠠᠷᠤᠭ᠎ᠠ ᠠᠮᠢᠨᠠ · ᠮᠥᠬᠠᠮᠮᠧᠳ᠋ ᠡᠬᠢᠯᠡᠯᠲᠡ ᠵᠢᠨ ᠶᠣᠰᠣᠯᠠᠯ᠎ᠳᠤ ᠸᠢᠳᠢᠤ᠋᠎ᠪᠠᠷ ᠶᠠᠷᠢᠶ᠎ᠠ ᠲᠠᠯᠪᠢᠬᠤ᠎ᠳᠤ᠎ᠪᠠᠨ ᠰᠡᠳᠬᠢᠯ ᠳᠣᠭᠳᠣᠯᠠᠨ ᠬᠡᠯᠡᠪᠡ᠃

      ᠤᠯᠠᠨ ᠤᠯᠤᠰ᠎ᠤᠨ ᠬᠤᠯᠪᠣᠭ᠋ᠠᠲᠤ ᠪᠠᠶ᠋ᠢᠭᠤᠯᠭ᠎ᠠ ᠵᠢᠨ ᠬᠥᠭᠵᠢᠯᠲᠡ ᠵᠢᠨ ᠰᠢᠰᠲ᠋ᠧᠮ᠎ᠤᠨ ᠳᠤᠮᠳᠠᠳᠤ ᠤᠯᠤᠰ᠎ᠲᠤ ᠰᠠᠭᠤᠭ᠎ᠠ ᠵᠣᠬᠢᠴᠠᠭᠤᠯᠤᠭᠴᠢ ᠴᠠᠩ ᠴᠢ ᠳ᠋ᠧ ᠰᠣᠷᠪᠤᠯᠵᠢᠯᠠᠭ᠎ᠠ ᠬᠦᠯᠢᠶᠡᠬᠦ᠎ᠳᠤ᠎ᠪᠠᠨ᠂ ᠥᠪᠥᠷ ᠮᠣᠩᠭᠤᠯ ᠡᠯ᠎ᠡ ᠲᠠᠯ᠎ᠠ᠎ᠪᠠᠷ ᠵᠶ᠋ᠠᠨ ᠴᠥᠮ ᠵᠢᠱ᠌ᠢᠯᠲᠡ᠎ᠠᠴᠠ᠎ᠪᠠᠨ ᠳᠠᠪᠠᠵᠠᠢ᠂ ᠤᠯᠠᠨ ᠤᠯᠤᠰ᠎ᠤᠨ ᠬᠤᠯᠪᠣᠭ᠋ᠠᠲᠤ ᠪᠠᠶ᠋ᠢᠭᠤᠯᠭ᠎ᠠ ᠵᠢᠨ ᠬᠥᠭᠵᠢᠯᠲᠡ ᠵᠢᠨ ᠰᠢᠰᠲ᠋ᠧᠮ᠎ᠤᠨ ᠳᠤᠮᠳᠠᠳᠤ ᠤᠯᠤᠰ᠎ᠲᠤ ᠰᠠᠭᠤᠭ᠎ᠠ ᠵᠣᠬᠢᠴᠠᠭᠤᠯᠤᠭᠴᠢ ᠪᠣᠯᠤᠭᠰᠠᠨ᠎ᠤ ᠬᠤᠪᠢ᠎ᠳᠤ᠂ ᠥᠪᠥᠷ ᠮᠣᠩᠭᠤᠯ᠎ᠳᠤ ᠡᠶ᠋ᠢᠮᠦᠷᠬᠦᠦ ᠦᠷᠭᠦᠯᠵᠢᠯᠡᠬᠦᠶ᠋ᠢᠴᠡ ᠬᠥᠭᠵᠢᠯᠲᠡ ᠵᠢᠨ ᠵᠠᠭᠪᠤᠷ᠎ᠢ ᠣᠯᠵᠤ ᠬᠠᠷᠠᠭᠰᠠᠨ᠎ᠳᠤ᠎ᠪᠠᠨ ᠮᠠᠰᠢ ᠪᠠᠶᠠᠷ᠎ᠲᠠᠢ ᠪᠠᠶ᠋ᠢᠨ᠎ᠠ᠂ ᠳᠡᠯᠡᠬᠡᠢ ᠵᠢᠨ ᠪᠤᠰᠤᠳ ᠬᠤᠳᠠ᠎ᠨᠤᠭᠤᠳ ᠣᠷᠳᠣᠰ᠎ᠠᠴᠠ ᠰᠤᠷᠤᠯᠴᠠᠵᠤ ᠪᠣᠯᠣᠨ᠎ᠠ ᠭᠡᠵᠦ ᠢᠯᠡᠳᠬᠡᠪᠡ᠃ ᠬᠥᠪᠴᠢ ᠵᠢᠨ ᠡᠯᠡᠰᠦ ᠵᠢ ᠰᠡᠷᠭᠡᠶ᠋ᠢᠯᠡᠨ ᠡᠯᠡᠰᠦ ᠵᠢ ᠵᠠᠰᠠᠭᠰᠠᠨ᠎ᠨᠢ ᠮᠠᠰᠢ ᠰᠠᠶ᠋ᠢᠨ ᠨᠡᠶ᠋ᠢᠲᠡᠯᠢᠭ ᠵᠢᠱ᠌ᠢᠶ᠎ᠡ ᠪᠣᠯᠣᠨ᠎ᠠ᠂ ᠡᠨᠡ᠎ᠨᠢ ᠡᠯᠡᠰᠦ ᠮᠠᠩᠬ᠎ᠠ ᠵᠢ ᠬᠡᠷᠬᠢᠨ ᠨᠣᠭᠤᠭ᠋ᠠᠷᠠᠭᠤᠯᠬᠤ ᠵᠢ ᠮᠠᠰᠢ ᠰᠠᠶ᠋ᠢᠨ ᠬᠠᠷᠠᠭᠤᠯᠤᠭᠰᠠᠨ ᠪᠥᠭᠡᠳ ᠡᠯᠡᠰᠦ ᠮᠠᠩᠬ᠎ᠠ ᠵᠢ ᠵᠠᠰᠠᠬᠤ ᠪᠠ ᠬᠥᠮᠥᠰ᠎ᠤᠨ ᠠᠮᠢᠳᠤᠷᠠᠯ᠎ᠢ ᠤᠶᠠᠯᠳᠤᠭᠤᠯᠵᠠᠢ᠂ ᠬᠥᠪᠴᠢ ᠵᠢᠨ ᠬᠡᠪ ᠵᠠᠭᠪᠤᠷ᠎ᠨᠢ ᠡᠯᠡᠰᠦ ᠮᠠᠩᠬ᠎ᠠ ᠵᠢ ᠵᠠᠰᠠᠵᠤ ᠳᠡᠶ᠋ᠢᠯᠬᠦ᠎ᠪᠠᠷ ᠦᠯᠦ ᠪᠠᠷᠠᠮ ᠨᠡᠩ ᠴᠤ᠌ ᠡᠳ᠋ ᠪᠠᠶᠠᠯᠢᠭ ᠠᠪᠴᠢᠷᠠᠵᠤ ᠳᠡᠶ᠋ᠢᠯᠬᠦ ᠵᠢ ᠪᠢᠳᠡᠨ᠎ᠳᠤ ᠬᠠᠷᠠᠭᠤᠯᠵᠠᠢ᠂ ᠳᠤᠮᠳᠠᠳᠤ ᠤᠯᠤᠰ᠎ᠲᠤ ᠰᠠᠭᠤᠭ᠎ᠠ ᠤᠯᠠᠨ ᠤᠯᠤᠰ᠎ᠤᠨ ᠬᠤᠯᠪᠣᠭ᠋ᠠᠲᠤ ᠪᠠᠶ᠋ᠢᠭᠤᠯᠭ᠎ᠠ ᠵᠢᠨ ᠨᠡᠩ ᠤᠯᠠᠨ ᠲᠥᠯᠥᠭᠡᠯᠡᠭᠴᠢᠳ᠎ᠢ ᠳᠤᠮᠳᠠᠳᠤ ᠤᠯᠤᠰ᠎ᠲᠤ ᠳᠠᠭ᠋ᠠᠭᠤᠯᠤᠨ ᠠᠪᠴᠢᠷᠠᠵᠤ ᠥᠪᠥᠷ ᠮᠣᠩᠭᠤᠯ᠎ᠳᠤ ᠰᠢᠨᠵᠢᠯᠡᠨ ᠪᠠᠶ᠋ᠢᠴᠠᠭ᠋ᠠᠬᠤ ᠵᠢ ᠬᠦᠰᠡᠵᠦ ᠪᠠᠶ᠋ᠢᠨ᠎ᠠ ᠭᠡᠵᠡᠢ᠃

      《ᠣᠷᠳᠣᠰ᠎ᠤᠨ ᠬᠥᠪᠴᠢ ᠵᠢᠨ ᠡᠯᠡᠰᠦ ᠵᠢ ᠵᠠᠰᠠᠭᠰᠠᠨ᠎ᠨᠢ ᠳᠡᠯᠡᠬᠡᠢ ᠵᠢᠨ ᠠᠩᠬᠠᠳᠠᠭᠴᠢ ᠨᠡᠶ᠋ᠢᠲᠡᠯᠢᠭ ᠵᠢᠱ᠌ᠢᠶ᠎ᠡ ᠮᠥᠨ᠂ ᠲᠠ ᠨᠠᠷ ᠭᠠᠶ᠋ᠢᠬᠠᠮᠰᠢᠭ᠎ᠢ ᠡᠭᠦᠳᠴᠦ᠂ ᠳᠡᠯᠡᠬᠡᠢ ᠳ᠋ᠠᠬᠢᠨ᠎ᠢ ᠤᠷᠮᠠᠰᠢᠭᠤᠯᠤᠨ ᠵᠣᠷᠢᠭᠵᠢᠭᠤᠯᠵᠠᠢ᠂ ᠪᠢᠳᠡ ᠬᠥᠪᠴᠢ ᠵᠢᠨ ᠲᠤᠷᠰᠢᠯᠭ᠎ᠠ᠎ᠠᠴᠠ ᠮᠠᠰᠢ ᠣᠯᠠᠨ ᠵᠦᠢ᠍ᠯᠡᠰ᠎ᠢ ᠣᠯᠵᠤ ᠰᠣᠷᠣᠭᠰᠠᠨ ᠶᠤᠮ᠃》 8 ᠳ᠋ᠤᠭ᠋ᠠᠷ ᠰᠠᠷ᠎ᠠ ᠵᠢᠨ 27᠎ᠤ ᠡᠳᠦᠷ᠂ ᠣᠯᠠᠨ ᠤᠯᠤᠰ᠎ᠤᠨ ᠬᠤᠯᠪᠣᠭ᠋ᠠᠲᠤ ᠪᠠᠶ᠋ᠢᠭᠤᠯᠭ᠎ᠠ ᠵᠢᠨ ᠤᠤᠯ᠎ᠤᠨ ᠳᠡᠳ᠋ ᠨᠠᠷᠢᠨ ᠪᠢᠴᠢᠭ᠎ᠤᠨ ᠳᠠᠷᠤᠭ᠎ᠠ᠂ ᠣᠯᠠᠨ ᠤᠯᠤᠰ᠎ᠤᠨ ᠬᠤᠯᠪᠣᠭ᠋ᠠᠲᠤ ᠪᠠᠶ᠋ᠢᠭᠤᠯᠭ᠎ᠠ ᠵᠢᠨ ᠣᠷᠴᠢᠨ ᠠᠬᠤᠢ ᠵᠢᠨ ᠲᠥᠯᠥᠪᠵᠢᠭᠦᠯᠭᠡ ᠵᠢᠨ ᠵᠠᠬᠢᠷᠭ᠋ᠠᠨ᠎ᠤ ᠤᠤᠯ᠎ᠤᠨ ᠭᠦᠢ᠍ᠴᠡᠳᠬᠡᠬᠦ ᠡᠷᠬᠢᠯᠡᠭᠴᠢ ᠠᠶ᠋ᠢᠷᠢᠺ · ᠰᠤᠯᠬᠠᠶ᠋ᠢᠮ ᠶᠢᠰᠦᠳᠦᠭᠡᠷ ᠬᠤᠭᠤᠴᠠᠭ᠋ᠠᠨ᠎ᠤ ᠬᠥᠪᠴᠢ ᠵᠢᠨ ᠣᠯᠠᠨ ᠤᠯᠤᠰ᠎ᠤᠨ ᠡᠯᠡᠰᠦᠨ ᠴᠥᠯ᠎ᠤᠨ ᠶᠠᠷᠢᠶᠠᠨ᠎ᠤ ᠲᠠᠪᠴᠠᠩ᠎ᠳᠤ ᠭᠤᠣᠯ ᠵᠣᠷᠢᠯᠲᠠᠲᠤ ᠶᠠᠷᠢᠶ᠎ᠠ ᠲᠠᠯᠪᠢᠪᠠ᠃ ᠠᠶ᠋ᠢᠷᠢᠺ · ᠰᠤᠯᠬᠠᠶ᠋ᠢᠮ ᠬᠡᠯᠡᠬᠦ᠎ᠳᠤ᠎ᠪᠠᠨ᠂ ᠬᠥᠪᠴᠢ ᠵᠢᠨ ᠡᠯᠡᠰᠦ ᠵᠢ ᠵᠠᠰᠠᠭᠰᠠᠨ᠎ᠨᠢ ᠨᠡᠷᠡᠨ᠎ᠤ ᠡᠨᠧᠷᠭᠢ᠂ ᠤᠰᠤᠨ ᠠᠰᠢᠭᠯᠠᠯᠲᠠ᠂ ᠠᠮᠢ ᠠᠬᠤᠢ ᠵᠢᠨ ᠵᠤᠭ᠋ᠠᠴᠠᠯ ᠵᠡᠷᠭᠡ ᠵᠢ ᠪᠠᠭᠲᠠᠭ᠋ᠠᠭᠰᠠᠨ ᠮᠠᠰᠢ ᠤᠯᠠᠨ ᠬᠥᠭᠵᠢᠯᠲᠡ ᠵᠢᠨ ᠠᠵᠠ ᠲᠣᠬᠢᠶᠠᠯ᠎ᠤᠳ᠎ᠢ ᠠᠪᠴᠢᠷᠠᠵᠠᠢ᠂ ᠬᠥᠪᠴᠢ ᠵᠢᠨ ᠡᠯᠡᠰᠦ ᠵᠢ ᠵᠠᠰᠠᠭᠰᠠᠨ ᠲᠤᠷᠰᠢᠯᠭ᠎ᠠ ᠵᠢ ᠪᠦᠬᠦ ᠳᠡᠯᠡᠬᠡᠢ᠎ᠪᠠᠷ ᠵᠶ᠋ᠠᠨ ᠰᠤᠷᠤᠯᠴᠠᠭᠤᠰᠢᠲᠠᠢ ᠶᠤᠮ ᠭᠡᠪᠡ᠃

ᠢᠷᠡᠯᠲᠡ᠄ ᠦᠪᠦᠷ ᠮᠣᠩᠭᠣᠯ᠎ᠤᠨ ᠦᠪᠡᠷᠲᠡᠭᠡᠨ ᠵᠠᠰᠠᠬᠣ ᠣᠷᠣᠨ᠎ᠤ ᠠᠷᠠᠳ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
ᠰᠢ ᠵᠢᠨ ᠫᠢᠩ ᠸᠧᠨᠧᠽᠦ᠋ᠧᠯᠠ ᠵᠢᠨ ᠶᠡᠷᠦᠩᠬᠡᠶ᠋ᠢᠯᠡᠭᠴᠢ ᠮᠠᠳᠦ᠋ᠯᠦ᠋ᠸᠧ᠎ᠲᠠᠢ ᠬᠡᠯᠡᠯᠴᠡᠭᠡ ᠬᠢᠪᠡ
ᠥᠪᠥᠷ ᠮᠣᠩᠭᠣᠯ᠎ᠤᠨ ᠭᠠᠨᠰᠦ ᠬᠣᠶᠠᠷ ᠮᠤᠵᠢ ᠣᠷᠣᠨ ᠵᠥᠪᠯᠡᠯᠴᠡᠭᠡᠷ ᠲᠣᠭᠲᠠᠵᠤ ᠬᠢᠯᠢ ᠳᠠᠭ᠋ᠠᠤ ᠣᠷᠣᠨ ᠪᠦᠰᠡ ᠵᠢᠨ ᠠᠮᠢ ᠠᠬᠤᠶ ᠵᠢᠨ ᠠᠮᠤᠷ ᠲᠦᠪᠰᠢᠨ᠎ᠢ ᠬᠠᠮᠲᠤᠪᠠᠷ ᠬᠠᠮᠠᠭ᠋ᠠᠯᠠᠪᠠ
ᠰᠢ ᠵᠢᠨ ᠫᠢᠩ ᠵᠧᠵᠢᠶᠠᠩ᠎ᠤᠨ ᠱᠣᠤᠰᠢᠩ ᠬᠤᠳᠠ᠎ᠳᠤ ᠰᠢᠨᠵᠢᠯᠡᠨ ᠪᠠᠶ᠋ᠢᠴᠠᠭ᠋ᠠᠪᠠ
ᠡᠯᠡᠰᠦᠷᠬᠡᠭᠵᠢᠯ᠎ᠢ ᠰᠡᠷᠭᠡᠶ᠋ᠢᠯᠡᠨ ᠡᠯᠡᠰᠦ ᠵᠢ ᠵᠠᠰᠠᠭᠰᠠᠨ ᠰᠢᠨ᠎ᠡ ᠭᠠᠶ᠋ᠢᠬᠠᠮᠰᠢᠭ᠎ᠢ ᠡᠭᠦᠳᠦᠨᠡᠮ
ᠮᠠᠯ ᠪᠡᠯᠴᠢᠭᠡᠷ᠎ᠤᠨ ᠲᠡᠩᠴᠡᠭᠦᠷᠢᠰᠢᠯ᠎ᠢ ᠠᠬᠢᠭᠤᠯᠵᠤ ᠲᠠᠯ᠎ᠠ ᠨᠤᠳᠤᠭ ᠵᠶ᠋ᠠᠨ ᠦᠨᠢᠳᠡ ᠦᠷᠬᠦᠯᠵᠢᠯᠡᠡ ᠠᠰᠢᠬᠯᠠᠨ᠎ᠠ
 
             蒙ICP备05000248号