ᠰᠢᠨᠬᠤᠸᠠ ᠬᠣᠷᠢᠶᠠᠨ᠎ᠤ ᠪᠡᠭᠡᠵᠢᠩ᠎ᠤᠨ 1 ᠰᠠᠷ᠎ᠠ ᠵᠢᠨ 10᠎ᠤ ᠴᠠᠬᠢᠯᠭ᠋ᠠᠨ ᠮᠡᠳᠡᠭᠡ (ᠰᠤᠷᠪᠤᠯᠵᠢᠯᠠᠭᠴᠢ ᠰᠦᠨ ᠢ) 1 ᠰᠠᠷ᠎ᠠ ᠵᠢᠨ 10᠎ᠤ ᠦᠳᠡ ᠵᠢᠨ ᠬᠣᠶ᠋ᠢᠨ᠎ᠠ᠂ ᠤᠯᠤᠰ᠎ᠤᠨ ᠲᠡᠷᠢᠭᠦᠯᠡᠭᠴᠢ ᠰᠢ ᠵᠢᠨ ᠫᠢᠩ ᠹᠢᠨᠯᠠᠨᠳ᠋᠎ᠤᠨ ᠶᠡᠷᠦᠩᠬᠡᠶ᠋ᠢᠯᠡᠭᠴᠢ ᠨᠢᠨᠢᠰᠲ᠋ᠦ᠋ᠸᠸᠲᠠᠢ ᠸᠢᠳᠢᠣ᠋ ᠠᠭᠤᠯᠵᠠᠯᠲᠠ ᠬᠢᠪᠡ᠃
ᠰᠢ ᠵᠢᠨ ᠫᠢᠩ᠂ ᠹᠢᠨᠯᠠᠨᠳ᠋ ᠪᠣᠯ ᠬᠠᠮᠤᠭ᠎ᠤᠨ ᠡᠷᠲᠡ ᠰᠢᠨ᠎ᠡ ᠳᠤᠮᠳᠠᠳᠤ ᠤᠯᠤᠰ᠎ᠲᠠᠢ ᠬᠠᠷᠢᠯᠴᠠᠭ᠎ᠠ ᠪᠠᠶ᠋ᠢᠭᠤᠯᠤᠭᠰᠠᠨ ᠥᠷᠥᠨᠡᠳᠠᠬᠢᠨ᠎ᠤ ᠤᠯᠤᠰ᠎ᠤᠨ ᠨᠢᠭᠡ ᠪᠣᠯᠤᠨ᠎ᠠ᠂ ᠳᠤᠮᠳᠠᠳᠤ ᠤᠯᠤᠰ᠎ᠯᠤᠭ᠎ᠠ ᠨᠥᠬᠥᠷᠰᠡᠭ ᠪᠠᠶ᠋ᠢᠬᠤ ᠲᠦᠷᠦ ᠵᠢᠨ ᠪᠤᠳᠤᠯᠭ᠎ᠠ ᠵᠢ ᠤᠷᠳᠤ ᠬᠤᠭᠤᠴᠠᠭ᠎ᠠ᠎ᠪᠠᠷ ᠪᠠᠷᠢᠮᠲᠠᠯᠠᠵᠤ ᠪᠠᠶ᠋ᠢᠨ᠎ᠠ᠂ ᠢᠯᠠᠩᠭᠤᠶ᠎ᠠ ᠶᠡᠷᠦᠩᠬᠡᠶ᠋ᠢᠯᠡᠭᠴᠢ ᠨᠢᠨᠢᠰᠲ᠋ᠦᠢ᠍ᠸᠸ ᠹᠢᠨᠯᠠᠨᠳ᠋᠎ᠤᠨ ᠳᠤᠮᠳᠠᠳᠤ ᠤᠯᠤᠰ᠎ᠯᠤᠭ᠎ᠠ ᠵᠢᠨ ᠪᠣᠳᠠᠲᠠᠢ ᠵᠢ ᠡᠷᠬᠢᠮᠯᠡᠭᠰᠡᠨ ᠬᠠᠮᠲᠤᠷᠠᠯᠴᠠᠭ᠎ᠠ ᠪᠣᠯᠤᠨ ᠡᠯ᠎ᠡ ᠬᠦᠷᠢᠶᠡᠨ᠎ᠤ ᠨᠥᠬᠥᠷᠰᠡᠭ ᠶᠠᠪᠤᠯᠴᠠᠭ᠎ᠠ ᠵᠢ ᠠᠬᠢᠭᠤᠯᠬᠤ᠎ᠪᠠᠷ ᠢᠳᠡᠪᠬᠢᠲᠡᠢ ᠴᠢᠷᠮᠠᠶ᠋ᠢᠵᠤ ᠪᠠᠶ᠋ᠢᠨ᠎ᠠ᠂ ᠪᠢ ᠡᠭᠦᠨ᠎ᠢ ᠮᠠᠭᠲᠠᠨ ᠰᠠᠶ᠋ᠢᠰᠢᠶᠠᠵᠤ ᠪᠠᠶ᠋ᠢᠨ᠎ᠠ᠃ ᠤᠢ᠍ᠢ᠍ᠷ᠎ᠠ ᠵᠢᠨ ᠵᠢᠯ᠎ᠠᠴᠠ᠂ ᠳᠤᠮᠳᠠᠳᠤ ᠹᠢᠨᠯᠠᠨᠳ᠋᠎ᠤᠨ ᠬᠠᠷᠢᠯᠴᠠᠭ᠎ᠠ ᠲᠣᠭᠲᠠᠭᠤᠨ ᠵᠶ᠋ᠠᠷ ᠬᠥᠭᠵᠢᠵᠦ᠂ ᠬᠣᠶᠠᠷ ᠤᠯᠤᠰ᠎ᠤᠨ ᠤᠢ ᠰᠢᠭᠤᠢ ᠵᠢᠨ ᠠᠵᠤ ᠦᠢ᠍ᠯᠡᠳᠪᠦᠷᠢ᠂ ᠲᠠᠷᠢᠶᠠᠯᠠᠩ᠎ᠤᠨ ᠪᠦᠲᠦᠭᠡᠭᠳᠡᠬᠦᠨ᠂ ᠮᠡᠳᠡᠭᠡ ᠵᠠᠩᠭᠢ ᠴᠢᠮᠡᠭᠡ ᠬᠣᠯᠪᠣᠭ᠎ᠠ᠂ ᠡᠨᠧᠷᠭᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ᠂ ᠰᠢᠨᠵᠢᠯᠡᠬᠦ ᠤᠬᠠᠭ᠋ᠠᠨ ᠮᠡᠷᠭᠡᠵᠢᠯ ᠰᠤᠷᠭ᠋ᠠᠨ ᠬᠥᠮᠦᠵᠢᠯ᠂ ᠡᠪᠦᠯ᠎ᠤᠨ ᠤᠯᠠᠷᠢᠯ᠎ᠤᠨ ᠬᠥᠳᠡᠯᠭᠡᠭᠡᠨ ᠵᠡᠷᠭᠡ ᠬᠦᠷᠢᠶᠡᠨ᠎ᠤ ᠬᠠᠮᠲᠤᠷᠠᠯᠴᠠᠭ᠎ᠠ ᠲᠠᠰᠤᠷᠠᠯᠳᠡ ᠦᠭᠡᠢ ᠭᠦᠨᠵᠡᠭᠡᠶ᠋ᠢᠷᠡᠵᠦ᠂ ᠬᠣᠶᠠᠷ ᠤᠯᠤᠰ᠎ᠤᠨ ᠠᠷᠠᠳ ᠲᠦᠮᠡᠨ᠎ᠳᠤ ᠦᠨᠡᠨ ᠪᠣᠳᠠᠲᠠᠢ ᠠᠰᠢᠭ ᠬᠦᠷᠲᠡᠭᠡᠭᠰᠡᠨ᠎ᠳᠤ ᠪᠢ ᠮᠠᠰᠢ ᠪᠠᠶᠠᠷᠯᠠᠵᠤ ᠪᠠᠶ᠋ᠢᠨ᠎ᠠ ᠭᠡᠵᠦ ᠵᠢᠭ᠋ᠠᠵᠤ ᠭᠠᠷᠭ᠋ᠠᠪᠠ᠃
ᠰᠢ ᠵᠢᠨ ᠫᠢᠩ᠂ ᠳᠤᠮᠳᠠᠳᠤ ᠹᠢᠨᠯᠠᠨᠳ᠋᠎ᠤᠨ ᠬᠠᠷᠢᠯᠴᠠᠭ᠎ᠠ ᠢᠮᠠᠭᠲᠠ ᠰᠠᠢ᠍ᠢ᠍ᠨ ᠰᠠᠶ᠋ᠢᠬᠠᠨ ᠬᠥᠭᠵᠢᠯᠲᠡ ᠵᠢᠨ ᠬᠠᠨᠳᠤᠰᠢ᠎ᠪᠠᠨ ᠪᠠᠲᠤᠯᠠᠵᠤ ᠴᠢᠳᠠᠭᠰᠠᠨ᠎ᠤ ᠦᠨᠳᠦᠰᠦᠨ ᠰᠢᠯᠲᠠᠭ᠋ᠠᠨ ᠪᠣᠯ ᠬᠣᠶᠠᠷ ᠲᠠᠯ᠎ᠠ᠎ᠪᠠᠷ ᠵᠶ᠋ᠠᠨ ᠬᠠᠷᠢᠯᠴᠠᠨ ᠬᠦᠨᠳᠦᠳᠬᠡᠬᠦ᠂ ᠡᠷᠬᠡ ᠲᠡᠭᠰᠢ᠎ᠪᠠᠷ ᠬᠠᠨᠳᠤᠬᠤ᠂ ᠬᠠᠷᠢᠯᠴᠠᠨ ᠠᠰᠢᠭᠲᠠᠢ ᠬᠠᠮᠲᠤᠷᠠᠯᠴᠠᠭ᠎ᠠ ᠬᠢᠬᠦ ᠵᠠᠷᠴᠢᠮ᠎ᠢ ᠪᠠᠷᠢᠮᠲᠠᠯᠠᠭᠰᠠᠨ᠎ᠳᠤ ᠪᠠᠶ᠋ᠢᠨ᠎ᠠ᠃ ᠳᠤᠮᠳᠠᠳᠤ ᠤᠯᠤᠰ ᠶᠠᠭ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠪᠠᠷ ᠬᠦᠴᠦᠷᠬᠡᠭ ᠤᠯᠤᠰ᠎ᠤᠨ ᠪᠦᠳᠦᠭᠡᠨ ᠪᠠᠶ᠋ᠢᠭᠤᠯᠤᠯᠲᠠ᠂ ᠦᠨᠳᠦᠰᠦᠲᠡᠨ᠎ᠤ ᠰᠡᠷᠭᠦᠨ ᠮᠠᠨᠳᠤᠯᠲᠠ ᠵᠢᠨ ᠠᠭᠤᠤ ᠦᠢ᠍ᠯᠡᠰ᠎ᠢ ᠪᠦᠬᠦ ᠲᠠᠯ᠎ᠠ᠎ᠪᠠᠷ ᠠᠬᠢᠭᠤᠯᠵᠤ᠂ ᠪᠡᠶ᠎ᠡ᠎ᠪᠠᠨ ᠳᠠᠭ᠋ᠠᠭ᠋ᠠᠵᠤ ᠡᠵᠡᠨ ᠮᠡᠳᠡᠬᠦ ᠨᠠᠶ᠋ᠢᠷᠠᠮᠳᠠᠯ᠎ᠤᠨ ᠭᠠᠳᠠᠭ᠋ᠠᠳᠤ ᠬᠠᠷᠢᠯᠴᠠᠭ᠋ᠠᠨ᠎ᠤ ᠲᠦᠷᠦ ᠵᠢᠨ ᠪᠤᠳᠤᠯᠭ᠎ᠠ ᠵᠢ ᠡᠷᠡᠰ ᠬᠡᠷᠡᠭᠵᠢᠭᠦᠯᠵᠦ ᠪᠠᠶ᠋ᠢᠨ᠎ᠠ᠃ ᠳᠤᠮᠳᠠᠳᠤ ᠤᠯᠤᠰ ᠳᠤᠷᠠᠲᠠᠶ᠎ᠠ ᠹᠢᠨᠯᠠᠨᠳ᠋ᠯᠤᠭᠠ ᠬᠥᠭᠵᠢᠯᠲᠡ ᠵᠢᠨ ᠠᠵᠠ ᠲᠣᠬᠢᠶᠠᠯ᠎ᠢ ᠬᠤᠪᠢᠶᠠᠯᠴᠠᠵᠤ᠂ ᠬᠠᠷᠢᠯᠴᠠᠨ ᠠᠰᠢᠭᠲᠠᠢ ᠬᠠᠮᠲᠤᠷᠠᠯᠴᠠᠭ᠎ᠠ᠎ᠪᠠᠨ ᠴᠢᠩᠭ᠋ᠠᠳᠬᠠᠵᠤ᠂ ᠢᠷᠡᠭᠡᠳᠦᠢ᠎ᠳᠤ ᠬᠠᠨᠳᠤᠭᠰᠠᠨ ᠰᠢᠨ᠎ᠡ ᠮᠠᠶᠢᠭ᠎ᠤᠨ ᠬᠠᠮᠲᠤᠷᠠᠯᠴᠠᠭ᠋ᠠᠨ᠎ᠤ ᠬᠠᠨᠢᠲᠠᠨ᠎ᠤ ᠬᠠᠷᠢᠯᠴᠠᠭ᠎ᠠ᠎ᠪᠠᠨ ᠭᠦᠨᠵᠡᠭᠡᠶ᠋ᠢᠷᠡᠭᠦᠯᠵᠦ᠂ ᠤᠯᠠᠨ ᠤᠯᠤᠰ᠎ᠤᠨ ᠬᠡᠷᠡᠭ ᠶᠠᠪᠤᠳᠠᠯ᠎ᠤᠨ ᠵᠣᠬᠢᠴᠠᠭᠤᠯᠭ᠎ᠠ᠎ᠪᠠᠨ ᠴᠢᠩᠭ᠋ᠠᠳᠬᠠᠵᠤ᠂ ᠤᠯᠠᠨ ᠲᠠᠯᠠᠲᠤ ᠦᠵᠡᠯ᠎ᠢ ᠬᠠᠮᠲᠤ᠎ᠪᠠᠷ ᠰᠠᠨᠠᠭ᠋ᠠᠴᠢᠯᠠᠵᠤ᠂ ᠴᠢᠯᠥᠭᠡᠲᠦ ᠠᠷᠠᠯᠵᠢᠶ᠎ᠠ ᠵᠢ ᠬᠠᠮᠠᠭ᠋ᠠᠯᠠᠵᠤ᠂ ᠳᠡᠯᠡᠬᠡᠢ ᠵᠢᠨ ᠡᠩᠬᠡ ᠲᠠᠶ᠋ᠢᠪᠤᠩ ᠲᠣᠭᠲᠠᠭᠤᠨ᠎ᠢ ᠬᠠᠮᠠᠭ᠋ᠠᠯᠠᠬᠤ᠂ ᠳᠡᠯᠡᠬᠡᠢ ᠵᠢᠨ ᠡᠯ᠎ᠡ ᠤᠯᠤᠰ᠎ᠤᠨ ᠣᠳᠣᠬᠢᠴᠢᠯᠠᠯᠲᠠ ᠵᠢ ᠠᠬᠢᠭᠤᠯᠬᠤ᠎ᠳᠤ ᠢᠳᠡᠪᠬᠢᠲᠡᠢ ᠬᠤᠪᠢ ᠨᠡᠮᠡᠷᠢ ᠦᠵᠡᠭᠦᠯᠦᠨ᠎ᠡ ᠭᠡᠵᠦ ᠵᠢᠭ᠋ᠠᠵᠤ ᠭᠠᠷᠭ᠋ᠠᠪᠠ᠃ ᠣᠳᠣᠬᠠᠨ᠎ᠤ ᠣᠷᠣᠭ᠎ᠠ ᠪᠤᠰᠬᠠᠭ᠎ᠠ ᠳᠡᠯᠡᠬᠡᠢ ᠵᠢᠨ ᠪᠠᠶ᠋ᠢᠳᠠᠯ ᠳᠣᠣᠷ᠎ᠠ᠂ ᠳᠤᠮᠳᠠᠳᠤ ᠧᠦ᠋ᠷᠣᠫᠠ ᠵᠢᠨ ᠬᠠᠷᠢᠯᠴᠠᠭ᠋ᠠᠨ᠎ᠤ ᠪᠠᠶ᠋ᠢᠯᠳᠤᠬᠤ ᠪᠤᠳᠤᠯᠭ᠎ᠠ ᠵᠢᠨ ᠠᠴᠢ ᠬᠣᠯᠪᠣᠭᠳᠠᠯ ᠪᠣᠯᠤᠨ ᠳᠡᠯᠡᠬᠡᠢ ᠳ᠋ᠠᠬᠢᠨ᠎ᠤ ᠨᠥᠯᠥᠭᠡ ᠨᠡᠩ ᠲᠤᠪᠤᠢ᠍ᠢ᠍ᠮ᠎ᠠ ᠪᠣᠯᠪᠠ᠃ ᠳᠤᠮᠳᠠᠳᠤ ᠤᠯᠤᠰ ᠳᠤᠷᠠᠲᠠᠶ᠎ᠠ ᠹᠢᠨᠯᠠᠨᠳ᠋ᠢ ᠪᠠᠭᠲᠠᠭ᠋ᠠᠭᠰᠠᠨ ᠧᠦ᠋ᠷᠣᠫᠠ ᠲᠢᠪ᠎ᠤᠨ ᠤᠯᠤᠰ᠎ᠤᠳ᠎ᠲᠠᠢ ᠪᠠᠶ᠋ᠢᠯᠳᠤᠬᠤ ᠪᠤᠳᠤᠯᠭ᠎ᠠ ᠵᠢᠨ ᠬᠠᠷᠠᠭ᠋ᠠᠰᠤ ᠪᠣᠯᠤᠨ ᠠᠯᠤᠰ ᠬᠡᠳᠤ ᠵᠢᠨ ᠬᠠᠷᠠᠴᠠ᠎ᠪᠠᠷ ᠬᠠᠷᠢᠯᠴᠠᠨ ᠬᠠᠨᠳᠤᠵᠤ᠂ ᠳᠤᠮᠳᠠᠳᠤ ᠧᠦ᠋ᠷᠣᠫᠠ ᠵᠢᠨ ᠬᠠᠷᠢᠯᠴᠠᠭ᠎ᠠ ᠵᠢ ᠰᠠᠶ᠋ᠢᠲᠤᠷ ᠬᠠᠮᠠᠭ᠋ᠠᠯᠠᠵᠤ᠂ ᠰᠠᠶ᠋ᠢᠲᠤᠷ ᠬᠥᠭᠵᠢᠭᠦᠯᠵᠦ᠂ ᠬᠠᠮᠲᠤ ᠵᠢᠨ ᠬᠥᠭᠵᠢᠯᠲᠡ ᠵᠢ ᠪᠡᠶᠡᠯᠡᠭᠦᠯᠦᠨ᠎ᠡ᠃ 1 ᠰᠠᠷ᠎ᠠ ᠵᠢᠨ 10᠎ᠤ ᠦᠳᠡ ᠵᠢᠨ ᠬᠣᠶ᠋ᠢᠨ᠎ᠠ᠂ ᠤᠯᠤᠰ᠎ᠤᠨ ᠲᠡᠷᠢᠭᠦᠯᠡᠭᠴᠢ ᠰᠢ ᠵᠢᠨ ᠫᠢᠩ ᠪᠡᠭᠡᠵᠢᠩ᠎ᠳᠤ ᠹᠢᠨᠯᠠᠨᠳ᠋᠎ᠤᠨ ᠶᠡᠷᠦᠩᠬᠡᠶ᠋ᠢᠯᠡᠭᠴᠢ ᠨᠢᠨᠢᠰᠲ᠋ᠦ᠋ᠸᠧ᠎ᠲᠠᠢ ᠸᠢᠳᠢᠣ᠋ ᠠᠭᠤᠯᠵᠠᠯᠲᠠ ᠬᠢᠪᠠ᠃

ᠰᠢᠨᠬᠤᠸᠠ ᠬᠣᠷᠢᠶᠠᠨ᠎ᠤ ᠰᠤᠷᠪᠤᠯᠵᠢᠯᠠᠭᠴᠢ ᠯᠢᠦ ᠪᠢᠨ ᠰᠡᠭᠦᠳᠡᠷᠯᠡᠪᠡ᠃
ᠨᠢᠨᠢᠰᠲ᠋ᠦ᠋ᠸᠸ᠂ ᠪᠢ ᠲᠡᠷᠢᠭᠦᠯᠡᠭᠴᠢ ᠰᠢ ᠵᠢᠨ ᠫᠢᠩ᠎ᠤᠨ ᠹᠢᠨᠯᠠᠨᠳ᠋᠎ᠲᠤ ᠬᠣᠶᠠᠷ ᠤᠳᠠᠭ᠎ᠠ ᠠᠶ᠋ᠢᠯᠴᠢᠯᠠᠭᠰᠠᠨ ᠵᠢᠴᠢ ᠮᠢᠨᠦ ᠳᠤᠮᠳᠠᠳᠤ ᠤᠯᠤᠰ᠎ᠲᠤ ᠠᠶ᠋ᠢᠯᠴᠢᠯᠠᠭᠰᠠᠨ ᠪᠠᠶ᠋ᠢᠳᠠᠯ᠎ᠢ ᠲᠣᠪ ᠲᠣᠳᠣᠷᠬᠠᠢ ᠴᠡᠭᠡᠵᠢᠯᠡᠭᠰᠡᠭᠡᠷ ᠪᠠᠶ᠋ᠢᠨ᠎ᠠ᠂ ᠪᠢᠳᠡᠨ᠎ᠤ ᠥᠩᠭᠡᠷᠡᠭᠰᠡᠨ᠎ᠤ ᠶᠠᠪᠤᠯᠴᠠᠭ᠎ᠠ ᠪᠦᠷ ᠨᠠᠳᠠ᠎ᠳᠤ ᠰᠠᠢ᠍ᠢ᠍ᠨ ᠰᠠᠶ᠋ᠢᠬᠠᠨ ᠭᠦᠨᠵᠡᠭᠡᠢ ᠰᠠᠭᠤᠭᠳᠠᠯ ᠦᠯᠡᠳᠡᠭᠡᠵᠡᠢ᠃ ᠢᠷᠡᠭᠡᠳᠦᠢ᠎ᠳᠤ ᠬᠠᠨᠳᠤᠭᠰᠠᠨ ᠹᠢᠨᠯᠠᠨᠳ᠋ ᠳᠤᠮᠳᠠᠳᠤ ᠵᠢᠨ ᠰᠢᠨ᠎ᠡ ᠮᠠᠶᠢᠭ᠎ᠤᠨ ᠬᠠᠮᠲᠤᠷᠠᠯᠴᠠᠭ᠋ᠠᠨ᠎ᠤ ᠬᠠᠨᠢᠲᠠᠨ᠎ᠤ ᠬᠠᠷᠢᠯᠴᠠᠭ᠎ᠠ ᠰᠠᠢ᠍ᠢ᠍ᠨ ᠰᠠᠶ᠋ᠢᠬᠠᠨ ᠬᠥᠭᠵᠢᠯᠲᠡ ᠵᠢᠨ ᠬᠠᠨᠳᠤᠰᠢ᠎ᠪᠠᠨ ᠪᠠᠲᠤᠯᠠᠵᠤ᠂ ᠡᠯ᠎ᠡ ᠬᠦᠷᠢᠶᠡᠨ᠎ᠤ ᠬᠠᠮᠲᠤᠷᠠᠯᠴᠠᠭ᠎ᠠ ᠢᠳᠡᠪᠬᠢᠲᠡᠢ ᠦᠷ᠎ᠡ ᠪᠦᠲᠦᠭᠡᠯ ᠤᠯᠬᠤ ᠵᠢ ᠬᠠᠮᠲᠤ᠎ᠪᠠᠷ ᠨᠡᠶ᠋ᠢᠲᠡᠯᠡᠭᠰᠡᠨ᠎ᠳᠤ ᠮᠠᠰᠢ ᠪᠠᠶᠠᠷᠯᠠᠵᠤ ᠪᠠᠶ᠋ᠢᠨ᠎ᠠ᠃ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠬᠤᠭᠤᠴᠠᠭ᠋ᠠᠨ᠎ᠳᠤ ᠬᠣᠶᠠᠷ ᠲᠠᠯ᠎ᠠ᠎ᠪᠠᠷ ᠵᠶ᠋ᠠᠨ ᠪᠠᠰᠠ ᠰᠠᠶ᠋ᠢᠨ ᠰᠠᠶ᠋ᠢᠬᠠᠨ ᠬᠠᠮᠲᠤᠷᠠᠯᠴᠠᠭ᠎ᠠ ᠥᠷᠨᠢᠭᠦᠯᠪᠡ᠃ ᠳᠤᠮᠳᠠᠳᠤ ᠤᠯᠤᠰ᠎ᠤᠨ ᠬᠥᠭᠵᠢᠯᠲᠡ ᠶᠡᠷᠦ ᠪᠤᠰᠤ ᠵᠢᠨ ᠠᠮᠵᠢᠯᠲᠠ ᠪᠦᠲᠦᠮᠵᠢ ᠣᠯᠵᠤ᠂ ᠳᠤᠮᠳᠠᠳᠤ ᠤᠯᠤᠰ᠎ᠤᠨ ᠠᠷᠠᠳ ᠲᠦᠮᠡᠨ᠎ᠤ ᠠᠮᠢᠳᠤᠷᠠᠯ᠎ᠤᠨ ᠲᠦᠪᠰᠢᠨ ᠶᠠᠭ ᠲᠠᠰᠤᠷᠠᠯᠳᠠ ᠦᠭᠡᠢ ᠳᠡᠭᠡᠭᠰᠢᠯᠡᠵᠦ ᠪᠠᠶ᠋ᠢᠨ᠎ᠠ᠃ ᠹᠢᠨᠯᠠᠨᠳ᠋᠎ᠤᠨ᠎ᠬᠢᠨ ᠳᠤᠷᠠᠲᠠᠶ᠎ᠠ ᠳᠤᠮᠳᠠᠳᠤ ᠤᠯᠤᠰ᠎ᠯᠤᠭ᠎ᠠ ᠲᠠᠯᠳᠠ ᠬᠦᠴᠦᠨ ᠵᠶ᠋ᠠᠨ ᠴᠢᠨᠠᠭᠰᠢᠳᠠ ᠠᠭᠤᠳᠠᠯᠵᠤ᠂ ᠬᠠᠷᠢᠯᠴᠠᠨ ᠠᠰᠢᠭᠲᠠᠢ ᠬᠠᠮᠲᠤᠷᠠᠯᠴᠠᠭ᠎ᠠ᠎ᠪᠠᠨ ᠴᠢᠩᠭ᠋ᠠᠳᠬᠠᠵᠤ᠂ ᠹᠢᠨᠯᠠᠨᠳ᠋ ᠳᠤᠮᠳᠠᠳᠤ᠂ ᠧᠦ᠋ᠷᠣᠫᠠ ᠳᠤᠮᠳᠠᠳᠤ ᠵᠢᠨ ᠬᠠᠷᠢᠯᠴᠠᠭ᠎ᠠ ᠲᠠᠰᠤᠷᠠᠯᠳᠡ ᠦᠭᠡᠢ ᠰᠢᠨ᠎ᠡ ᠬᠥᠭᠵᠢᠯᠲᠡ᠎ᠲᠠᠢ ᠪᠣᠯᠬᠤ ᠵᠢ ᠠᠬᠢᠭᠤᠯᠤᠨ᠎ᠠ ᠭᠡᠵᠦ ᠢᠯᠡᠳᠬᠡᠪᠡ᠃
ᠹᠢᠨᠯᠠᠨᠳ᠋᠎ᠤᠨ᠎ᠬᠢᠨ ᠳᠤᠷᠠᠲᠠᠶ᠎ᠠ ᠳᠤᠮᠳᠠᠳᠤ ᠤᠯᠤᠰ᠎ᠯᠤᠭ᠎ᠠ ᠳᠡᠯᠡᠬᠡᠢ ᠵᠢᠨ ᠪᠠ ᠭᠠᠵᠠᠷ ᠣᠷᠣᠨ᠎ᠤ ᠬᠡᠷᠡᠭ ᠶᠠᠪᠤᠳᠠᠯ᠎ᠳᠠᠬᠢ ᠤᠯᠤᠯᠴᠠᠭ᠎ᠠ᠎ᠪᠠᠨ ᠨᠢᠭᠲᠠᠷᠠᠭᠤᠯᠵᠤ᠂ ᠪᠦᠬᠦ ᠪᠥᠮᠪᠥᠷᠴᠡᠭ᠎ᠤᠨ ᠴᠢᠨᠠᠷᠲᠠᠢ ᠥᠷᠢᠰᠥᠯᠳᠦᠭᠡᠨ᠎ᠢ ᠬᠠᠮᠲᠤ᠎ᠪᠠᠷ ᠠᠷᠭ᠋ᠠᠴᠠᠨ᠎ᠠ ᠭᠡᠵᠦ ᠢᠯᠡᠳᠬᠡᠪᠡ᠃ ᠬᠣᠶᠠᠷ ᠤᠯᠤᠰ᠎ᠤᠨ ᠲᠡᠷᠢᠭᠦᠨ ᠪᠠᠰᠠ ᠬᠠᠷᠢᠯᠴᠠᠨ ᠰᠢᠨ᠎ᠡ ᠵᠢᠯ᠎ᠤᠨ ᠮᠡᠨᠳᠦᠴᠢᠯᠡᠯ ᠳᠡᠪᠰᠢᠭᠦᠯᠪᠡ᠃ ᠨᠢᠨᠢᠰᠲ᠋ᠦ᠋ᠸᠸ ᠳᠤᠮᠳᠠᠳᠤ ᠤᠯᠤᠰ᠎ᠤᠨ ᠠᠷᠠᠳ ᠲᠦᠮᠡᠨ᠎ᠳᠤ ᠰᠢᠨ᠎ᠡ ᠵᠢᠯ᠎ᠤᠨ ᠪᠠᠶᠠᠷ ᠬᠦᠷᠭᠡᠵᠦ᠂ ᠲᠦᠮᠡᠨ ᠶᠠᠪᠤᠳᠠᠯ ᠲᠡᠭᠦᠰ ᠪᠣᠯᠬᠤ ᠵᠢ ᠵᠥᠩᠨᠡᠪᠡ᠃ ᠸᠠᠩ ᠢ ᠠᠭᠤᠯᠵᠠᠯᠲᠠ᠎ᠳᠤ ᠣᠷᠣᠯᠴᠠᠵᠠᠢ᠃