ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠳᠤᠰᠬᠠᠢ ᠮᠡᠳᠡᠭᠡᠯᠡᠯ
ᠰᠠᠨᠰᠠᠷ᠎ᠲᠤ ᠡᠭᠦᠯᠳᠡᠷ ᠪᠣᠶ᠋ᠢᠵᠢᠭᠤᠯᠬᠤ ᠰᠤᠳᠤᠯᠭ᠋ᠠᠨ᠎ᠤ ᠬᠦᠷᠢᠶᠡᠯᠡᠩ ᠪᠠᠶ᠋ᠢᠭᠤᠯᠤᠭᠳᠠᠪᠠ
ᠨᠡᠶ᠋ᠢᠲᠡᠯᠡᠭᠰᠡᠨ ᠴᠠᠭ᠄ 2024-01-15

      ᠲᠦᠷᠦᠬᠦᠭᠡᠨ᠂ ᠥᠪᠥᠷ ᠮᠣᠩᠭᠤᠯ᠎ᠤᠨ ᠰᠢᠨᠵᠢᠯᠡᠬᠦ ᠤᠬᠠᠭ᠋ᠠᠨ ᠲᠤᠭ᠌ᠨᠢᠭ᠌ ᠮᠡᠷᠭᠡᠵᠢᠯ᠎ᠤᠨ ᠰᠤᠳᠤᠯᠭ᠋ᠠᠨ᠎ᠤ ᠬᠦᠷᠢᠶᠡᠯᠡᠩ ᠵᠶ᠋ᠠᠷ ᠲᠣᠯᠣᠭ᠋ᠠᠶ᠋ᠢᠯᠠᠭᠤᠯᠤᠭᠰᠠᠨ᠂ ᠳᠤᠮᠳᠠᠳᠤ ᠤᠯᠤᠰ᠎ᠤᠨ ᠳᠡᠭᠡᠳᠦ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠠᠵᠤ ᠦᠢ᠍ᠯᠡᠰᠵᠢᠯᠲᠡ ᠵᠢᠨ ᠰᠤᠳᠤᠯᠭ᠋ᠠᠨ᠎ᠤ ᠨᠡᠶ᠋ᠢᠭᠡᠮᠯᠢᠭ ᠵᠡᠷᠭᠡ ᠣᠷᠣᠨ᠎ᠤ ᠳᠣᠲᠣᠨ᠎ᠠ ᠭᠠᠳᠠᠨᠠᠬᠢ 13 ᠨᠢᠭᠡᠴᠢ ᠵᠢᠨ ᠬᠠᠮᠲᠤᠷᠠᠨ ᠪᠠᠶ᠋ᠢᠭᠤᠯᠤᠭᠰᠠᠨ ᠥᠪᠥᠷ ᠮᠣᠩᠭᠤᠯ᠎ᠤᠨ ᠰᠢᠨᠵᠢᠯᠡᠬᠦ ᠤᠬᠠᠭ᠋ᠠᠨ ᠲᠤᠭ᠌ᠨᠢᠭ᠌ ᠮᠡᠷᠭᠡᠵᠢᠯ᠎ᠤᠨ ᠰᠤᠳᠤᠯᠭ᠋ᠠᠨ᠎ᠤ ᠬᠦᠷᠢᠶᠡᠯᠡᠩ᠎ᠤᠨ ᠰᠠᠨᠰᠠᠷ᠎ᠲᠤ ᠡᠭᠦᠯᠳᠡᠷ ᠪᠣᠶ᠋ᠢᠵᠢᠭᠤᠯᠬᠤ ᠰᠤᠳᠤᠯᠭ᠋ᠠᠨ᠎ᠤ ᠬᠦᠷᠢᠶᠡᠯᠡᠩ ᠭᠦᠭᠡᠬᠤᠲᠠ᠎ᠳᠤ ᠪᠠᠶ᠋ᠢᠭᠤᠯᠤᠭᠳᠠᠪᠠ᠃ ᠲᠤᠰ ᠬᠦᠷᠢᠶᠡᠯᠡᠩ ᠪᠠᠶ᠋ᠢᠭᠤᠯᠤᠭᠳᠠᠭᠰᠠᠨ᠎ᠤ ᠳᠠᠷᠠᠭ᠎ᠠ᠂ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠡᠯ᠎ᠡ ᠲᠥᠷᠥᠯ᠎ᠤᠨ ᠰᠢᠨ᠎ᠡ ᠵᠢ ᠡᠭᠦᠳᠬᠦ ᠡᠬᠢ ᠪᠠᠶᠠᠯᠢᠭ᠎ᠢ ᠢᠳᠡᠪᠬᠢᠲᠡᠢ ᠠᠰᠢᠭᠯᠠᠵᠤ᠂ ᠦᠷ᠎ᠡ ᠵᠢᠨ ᠦᠢ᠍ᠯᠡᠰ᠎ᠤᠨ ᠰᠢᠨ᠎ᠡ ᠵᠢ ᠡᠭᠦᠳᠬᠦ ᠵᠢᠨ ᠴᠢᠬᠤᠯᠠ ᠶᠡᠭᠡ ᠰᠢᠨᠵᠢᠯᠡᠬᠦ ᠤᠬᠠᠭ᠋ᠠᠨ ᠬᠢᠭᠡᠳ ᠮᠡᠷᠭᠡᠵᠢᠯ᠎ᠤᠨ ᠠᠰᠠᠭᠤᠳᠠᠯ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠥᠨᠳᠥᠷ ᠤᠨᠠᠯᠲᠠ᠎ᠲᠠᠢ᠂ ᠴᠢᠨᠠᠷ ᠰᠠᠶ᠋ᠢᠲᠠᠢ᠂ ᠡᠷᠲᠡ ᠪᠣᠯᠪᠠᠰᠤᠷᠠᠬᠤ᠂ ᠡᠪᠡᠳᠴᠢᠨ ᠡᠰᠡᠷᠭᠦᠴᠡᠬᠦ ᠤᠷᠭᠤᠮᠠᠯ᠎ᠤᠨ ᠰᠢᠨ᠎ᠡ ᠡᠭᠦᠯᠳᠡᠷ ᠪᠠ ᠰᠢᠨ᠎ᠡ ᠦᠷ᠎ᠡ ᠵᠢᠨ ᠮᠠᠲ᠋ᠧᠷᠢᠶᠠᠯ᠎ᠢ ᠪᠤᠯᠪᠠᠰᠤᠷᠠᠭᠤᠯᠬᠤ᠎ᠪᠠᠷ ᠬᠠᠷᠠᠯᠲᠠ ᠪᠤᠯᠭ᠋ᠠᠵᠤ᠂ ᠰᠠᠨᠰᠠᠷ᠎ᠲᠤ ᠦᠷ᠎ᠡ ᠪᠣᠶ᠋ᠢᠵᠢᠭᠤᠯᠬᠤ ᠮᠡᠷᠭᠡᠵᠢᠯ ᠵᠶ᠋ᠠᠷ ᠳᠠᠮᠵᠢᠨ᠂ ᠦᠷ᠎ᠡ ᠵᠢᠨ ᠦᠢ᠍ᠯᠡᠰ᠎ᠤᠨ 《ᠪᠣᠭᠤᠮᠢ》 ᠵᠢᠨ ᠵᠠᠩᠭᠢᠯᠠᠭ᠎ᠠ ᠵᠢᠨ ᠮᠡᠷᠭᠡᠵᠢᠯ᠎ᠤᠨ ᠪᠡᠷᠬᠡ ᠰᠡᠳᠦᠪ᠎ᠢ ᠰᠢᠢ᠍ᠳᠪᠦᠷᠢᠯᠡᠵᠦ᠂ 《ᠮᠡᠷᠭᠡᠵᠢᠯ᠎ᠤᠨ ᠪᠣᠭᠤᠮᠲᠠ ᠰᠢᠪᠲᠤᠯᠬᠤ᠂ ᠴᠢᠳᠠᠪᠤᠷᠢᠲᠠᠨ᠎ᠢ ᠬᠥᠮᠥᠵᠢᠭᠦᠯᠬᠦ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠢ ᠣᠨᠳᠣᠣᠰᠢᠭᠤᠯᠬᠤ ᠵᠢ ᠨᠢᠭᠡ ᠴᠣᠭᠴᠠᠵᠢᠭᠤᠯᠬᠤ》 ᠰᠢᠨ᠎ᠡ ᠵᠢ ᠡᠭᠦᠳᠬᠦ ᠠᠵᠤ ᠦᠢ᠍ᠯᠡᠰ᠎ᠤᠨ ᠬᠡᠯᠬᠢᠶ᠎ᠡ ᠵᠢ ᠪᠦᠷᠢᠯᠳᠦᠭᠦᠯᠵᠦ᠂ ᠤᠯᠤᠰ᠎ᠤᠨ ᠤᠳᠤ ᠦᠶ᠎ᠡ ᠵᠢᠨ ᠦᠷ᠎ᠡ ᠵᠢᠨ ᠦᠢ᠍ᠯᠡᠰ᠎ᠤᠨ ᠮᠡᠷᠭᠡᠵᠢᠯ᠎ᠤᠨ ᠰᠢᠰᠲ᠋ᠧᠮ᠎ᠢ ᠪᠠᠶ᠋ᠢᠭᠤᠯᠤᠨ ᠲᠡᠭᠦᠯᠳᠡᠷᠵᠢᠭᠦᠯᠵᠦ᠂ ᠥᠪᠡᠷᠲᠡᠭᠡᠨ ᠵᠠᠰᠠᠬᠤ ᠣᠷᠣᠨ᠎ᠤ ᠦᠷ᠎ᠡ ᠵᠢᠨ ᠦᠢ᠍ᠯᠡᠰ᠎ᠤᠨ ᠴᠢᠨᠠᠷ ᠰᠠᠶ᠋ᠢᠲᠠᠢ ᠬᠥᠭᠵᠢᠯᠲᠡ᠎ᠳᠤ ᠬᠦᠴᠦᠨ ᠨᠡᠮᠡᠷᠢᠯᠡᠬᠦ ᠎ᠪᠠᠷ ᠪᠠᠶ᠋ᠢᠨ᠎ᠠ᠃ ᠲᠤᠬᠠᠢ ᠵᠢᠨ ᠡᠳᠦᠷ᠂ ᠤᠯᠤᠰ᠎ᠤᠨ ᠲᠥᠮᠥᠰᠥ ᠵᠢᠨ ᠠᠵᠤ ᠦᠢ᠍ᠯᠡᠰ᠎ᠤᠨ ᠮᠡᠷᠭᠡᠵᠢᠯ᠎ᠤᠨ ᠰᠢᠰᠲ᠋ᠧᠮ᠎ᠤᠨ ᠲᠡᠷᠢᠭᠦᠨ ᠰᠢᠨᠵᠢᠯᠡᠬᠦ ᠤᠬᠠᠭ᠋ᠠᠨᠲᠠᠨ ᠵᠢᠨ ᠯᠢ ᠫᠢᠩ ᠫᠷᠤᠹᠧᠰᠰᠤᠷ᠎ᠲᠤ ᠰᠠᠨᠰᠠᠷ᠎ᠲᠤ ᠡᠭᠦᠯᠳᠡᠷ ᠪᠣᠶ᠋ᠢᠵᠢᠭᠤᠯᠬᠤ ᠰᠤᠳᠤᠯᠭ᠋ᠠᠨ᠎ᠤ ᠬᠦᠷᠢᠶᠡᠯᠡᠩ᠎ᠤᠨ ᠳᠠᠷᠤᠭ᠎ᠠ ᠵᠢᠨ ᠤᠷᠢᠯᠭ᠎ᠠ ᠵᠢᠨ ᠪᠢᠴᠢᠭ ᠭᠠᠷᠳᠠᠭᠤᠯᠪᠠ᠃ ᠥᠪᠥᠷ ᠮᠣᠩᠭᠤᠯ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠤᠳᠤᠯᠭ᠋ᠠᠨ᠎ᠤ ᠬᠦᠷᠢᠶᠡᠯᠡᠩ ᠪᠣᠯᠣᠨ ᠳᠤᠮᠳᠠᠳᠤ ᠤᠯᠤᠰ᠎ᠤᠨ ᠳᠡᠭᠡᠳᠦ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠠᠵᠤ ᠦᠢ᠍ᠯᠡᠰᠵᠢᠯᠲᠡ ᠵᠢᠨ ᠰᠤᠳᠤᠯᠭ᠋ᠠᠨ᠎ᠤ ᠨᠡᠶ᠋ᠢᠭᠡᠮᠯᠢᠭ ᠪᠠᠶ᠋ᠢᠯᠳᠤᠬᠤ ᠪᠣᠳᠣᠯᠭ᠎ᠠ ᠵᠢᠨ ᠬᠠᠮᠲᠤᠷᠠᠯᠴᠠᠭ᠋ᠠᠨ᠎ᠤ ᠵᠥᠪᠯᠡᠯᠴᠡᠭᠡᠷ ᠲᠣᠭᠲᠠᠵᠤ᠂ ᠰᠠᠨᠰᠠᠷ᠎ᠲᠤ ᠡᠭᠦᠯᠳᠡᠷ ᠪᠣᠶ᠋ᠢᠵᠢᠭᠤᠯᠬᠤ ᠰᠤᠳᠤᠯᠭ᠋ᠠᠨ᠎ᠤ ᠬᠦᠷᠢᠶᠡᠯᠡᠩ᠎ᠤᠨ ᠰᠢᠨ᠎ᠡ ᠵᠢ ᠡᠭᠦᠳᠬᠦ ᠬᠤᠯᠪᠣᠭ᠋ᠠᠲᠤ ᠴᠣᠭᠴᠠ ᠵᠢᠨ 13 ᠪᠦᠷᠢᠯᠳᠦᠭᠦᠨ ᠨᠢᠭᠡᠴᠢ ᠎ᠯᠦᠭᠡ ᠬᠠᠮᠲᠤ᠎ᠪᠠᠷ ᠪᠠᠶ᠋ᠢᠭᠤᠯᠬᠤ ᠵᠥᠪᠯᠡᠯᠴᠡᠭᠡᠷ ᠲᠣᠭᠲᠠᠪᠠ᠃
   

ᠢᠷᠡᠯᠲᠡ᠄ ᠠᠷᠠᠳ᠎ᠤᠨ ᠰᠦᠯᠵᠢᠶ᠎ᠡ
          
ᠬᠠᠮᠢᠶ᠎ᠡ ᠪᠦᠬᠦᠢ ᠰᠣᠨᠢᠨ
ᠰᠢ ᠵᠢᠨ ᠫᠢᠩ ᠹᠢᠨᠯᠠᠨᠳ᠋᠎ᠤᠨ ᠶᠡᠷᠦᠩᠬᠡᠶ᠋ᠢᠯᠡᠭᠴᠢ ᠨᠢᠨᠢᠰᠲ᠋ᠦᠢ᠍ᠸᠸ᠎ᠲᠠᠢ ᠸᠢᠳᠢᠣ᠋ ᠠᠭᠤᠯᠵᠠᠯᠲᠠ ᠬᠢᠪᠡ᠃
ᠰᠢ ᠵᠢᠨ ᠫᠢᠩ ᠮᠤᠵᠢ ᠶᠠᠮᠤᠨ᠎ᠤ ᠳᠡᠰ᠎ᠤᠨ ᠭᠤᠣᠯ ᠤᠳᠤᠷᠢᠳᠬᠤ ᠺᠠᠳ᠋ᠷᠴᠤᠳ᠎ᠤᠨ ᠮᠥᠩᠭᠦᠨ ᠭᠦᠢ᠍ᠯᠭᠡᠭᠡᠨ᠎ᠤ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠠᠩᠭᠢ ᠵᠢᠨ ᠰᠤᠷᠤᠯᠭ᠎ᠠ ᠡᠬᠢᠯᠡᠬᠦ ᠶᠣᠰᠣᠯᠠᠯ ᠳᠡᠭᠡᠷ᠎ᠡ ᠴᠢᠬᠤᠯᠠ ᠶᠠᠷᠢᠶ᠎ᠠ ᠲᠠᠯᠪᠢᠵᠤ ᠴᠢᠬᠤᠯᠠᠴᠢᠯᠠᠭᠰᠠᠨ᠎ᠨᠢ ᠳᠤᠮᠳᠠᠳᠤ ᠤᠯᠤᠰ᠎ᠤᠨ ᠣᠨᠴᠠᠯᠢᠭ᠎ᠲᠠᠢ ᠮᠥᠩᠭᠦᠨ ᠭᠦᠢ᠍ᠯᠭᠡᠭᠡᠨ᠎ᠤ ᠬᠥᠭᠵᠢᠯᠲᠡ ᠵᠢᠨ ᠵᠠᠮ ᠵᠶ᠋ᠠᠷ ᠡᠷᠡᠰ ᠭᠤᠶ᠋ᠢᠪᠢᠰᠢ ᠦᠭᠡᠢ ᠵᠠᠮᠨᠠᠵᠤ ᠮᠠᠨ᠎ᠤ ᠤᠯᠤᠰ᠎ᠤᠨ ᠮᠥᠩᠭᠦᠨ ᠭᠦᠢ᠍ᠯᠭᠡᠭᠡᠨ᠎ᠤ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ ᠬᠡᠷᠡᠭᠲᠡᠢ
ᠮᠠᠨ᠎ᠤ ᠲᠤᠪᠴᠢᠶ᠎ᠠ ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠬᠢᠭᠡᠳ ᠮᠣᠩᠭᠣᠯ ᠤᠯᠤᠰ᠎ᠤᠨ ᠭᠠᠳᠠᠭ᠋ᠠᠳᠤ ᠶᠠᠪᠤᠳᠠᠯ᠎ᠤᠨ ᠶᠠᠮᠤᠨ᠎ᠤ ᠪᠠᠶ᠋ᠢᠩᠭᠤ ᠵᠢᠨ ᠵᠦᠪᠯᠡᠬᠦ ᠠᠵᠢᠯ᠎ᠤᠨ ᠳᠤᠭᠤᠶ᠋ᠢᠯᠠᠩ᠎ᠤᠨ ᠬᠤᠷᠠᠯ᠎ᠤᠨ ᠠᠮᠢ ᠠᠬᠤᠶ ᠣᠷᠴᠢᠨ ᠲᠣᠭᠣᠷᠢᠨ᠎ᠤ ᠳᠤᠭᠤᠶ᠋ᠢᠯᠠᠩ᠎ᠤᠨ ᠠᠵᠢᠯ᠎ᠢ ᠠᠬᠢᠭᠤᠯᠬᠤ ᠬᠤᠷᠠᠯ᠎ᠳᠤ ᠣᠷᠣᠯᠴᠠᠪᠠ
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ 《ᠾᠧᠰᠢ ᠵᠢᠨ ᠬᠤᠩᠭᠢᠯ — ᠲᠠᠺᠯᠢᠮᠠᠺᠠᠨ ᠡᠯᠡᠰᠦᠨ ᠴᠥᠯ᠎ᠤᠨ ᠵᠠᠬ᠎ᠠ ᠵᠢ ᠬᠤᠷᠢᠭᠯᠠᠬᠤ ᠳᠠᠶ᠋ᠢᠯᠠᠯᠳᠤᠭ᠋ᠠᠨ》᠎ᠢ ᠡᠬᠢᠯᠡᠭᠦᠯᠬᠦ ᠲᠤᠬᠠᠢ ᠵᠢᠨ ᠲᠠᠯᠠᠪᠠᠢ ᠵᠢᠨ ᠠᠬᠢᠭᠤᠯᠬᠤ ᠬᠤᠷᠠᠯ ᠬᠤᠷᠠᠯᠳᠤᠭᠤᠯᠪᠠ ᠳᠠᠶ᠋ᠢᠴᠢᠨ ᠬᠤᠷᠠᠯ᠎ᠳᠤ ᠣᠷᠣᠯᠴᠠᠨ ᠶᠠᠷᠢᠶ᠎ᠠ ᠲᠠᠯᠪᠢᠵᠠᠢ
 
             蒙ICP备05000248号