ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠳᠤᠰᠬᠠᠢ ᠮᠡᠳᠡᠭᠡᠯᠡᠯ
ᠮᠠᠨ᠎ᠤ ᠣᠷᠣᠨ᠎ᠤ ᠡᠯᠡᠰᠦᠨ ᠴᠥᠯ᠎ᠤᠨ ᠴᠡᠴᠡᠭ ᠺᠣᠮᠫᠠᠨᠢ ᠵᠢᠨ ᠴᠢᠴᠠᠷᠭ᠋ᠠᠨ᠎ᠠ ᠵᠢᠨ ᠲᠦᠭᠦᠬᠡᠶ ᠡᠭᠡᠳᠡᠩ᠎ᠤᠨ ᠪᠦᠲᠦᠭᠡᠭᠳᠡᠬᠦᠨ ᠠᠩᠬᠠᠳᠤᠭ᠋ᠠᠷ ᠬᠤᠭᠤᠴᠠᠭ᠋ᠠᠨ᠎ᠤ ᠳᠡᠯᠡᠬᠡᠶ ᠵᠢᠨ ᠣᠶ ᠮᠣᠳᠣᠨ᠎ᠤ ᠦᠢ᠍ᠯᠡᠰ᠎ᠤᠨ ᠶᠡᠬᠡ ᠬᠤᠷᠠᠯ᠎ᠤᠨ ᠬᠤᠶᠠᠳᠤᠭ᠋ᠠᠷ ᠲᠡᠰ᠎ᠤᠨ ᠱᠠᠩᠨᠠᠯ᠎ᠢ ᠭᠥᠷᠳᠡᠪᠡ
ᠨᠡᠶ᠋ᠢᠲᠡᠯᠡᠭᠰᠡᠨ ᠴᠠᠭ᠄ 2024-01-09

 
    ᠤᠯᠤᠰ᠎ᠤᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ᠂ ᠭᠤᠸᠠᠩᠰᠢ ᠵᠢᠨ ᠵᠤᠸᠠᠩ ᠦᠨᠳᠦᠰᠦᠲᠡᠨ᠎ᠤ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠠᠴᠠ ᠬᠠᠮᠲᠤᠷᠠᠨ ᠡᠷᠭᠢᠯᠡᠭᠰᠡᠨ ᠠᠩᠬᠠᠳᠤᠭ᠋ᠠᠷ ᠬᠤᠭᠤᠴᠠᠭ᠋ᠠᠨ᠎ᠤ ᠳᠡᠯᠡᠬᠡᠶ ᠵᠢᠨ ᠣᠶ ᠮᠣᠳᠣᠨ᠎ᠤ ᠦᠢ᠍ᠯᠡᠰ᠎ᠤᠨ ᠶᠡᠬᠡ ᠬᠤᠷᠠᠯ ᠳᠡᠭᠡᠷ᠎ᠡ᠂ ᠥᠪᠥᠷ ᠮᠣᠩᠭᠣᠯ᠎ᠤᠨ ᠡᠯᠡᠰᠦᠨ ᠴᠥᠯ᠎ᠤᠨ ᠴᠡᠴᠡᠭ ᠠᠮᠢ ᠠᠬᠤᠶ ᠵᠢᠨ ᠠᠵᠤ ᠦᠢ᠍ᠯᠡᠰ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠢᠵᠠᠭ᠋ᠠᠷᠲᠤ ᠺᠣᠮᠫᠠᠨᠢ ᠵᠢᠨ ᠣᠷᠭ᠋ᠠᠨᠢᠭ ᠴᠢᠴᠠᠷᠭ᠋ᠠᠨ᠎ᠠ ᠵᠢᠨ ᠲᠦᠭᠦᠬᠡᠶ ᠡᠭᠡᠳᠡᠩ᠎ᠤᠨ ᠦᠢ᠍ᠯᠡᠳᠬᠦᠨ 《ᠠᠩᠬᠠᠳᠤᠭ᠋ᠠᠷ ᠬᠤᠭᠤᠴᠠᠭ᠋ᠠᠨ᠎ᠤ ᠳᠡᠯᠡᠬᠡᠶ ᠵᠢᠨ ᠣᠶ ᠮᠣᠳᠣᠨ᠎ᠤ ᠦᠢ᠍ᠯᠡᠰ᠎ᠤᠨ ᠶᠡᠬᠡ ᠬᠤᠷᠠᠯ᠎ᠤᠨ ᠴᠢᠨᠠᠷ ᠰᠠᠶ᠋ᠢᠲᠠᠶ ᠦᠢ᠍ᠯᠡᠳᠬᠦᠨ᠎ᠤ ᠬᠤᠶᠠᠳᠤᠭ᠋ᠠᠷ ᠲᠡᠰ᠎ᠤᠨ ᠱᠠᠩᠨᠠᠯ》 ᠭᠥᠷᠳᠡᠪᠡ᠃ ᠥᠪᠥᠷ ᠮᠣᠩᠭᠣᠯ᠎ᠤᠨ ᠡᠯᠡᠰᠦᠨ ᠴᠥᠯ᠎ᠤᠨ ᠴᠡᠴᠡᠭ ᠠᠮᠢ ᠠᠬᠤᠶ ᠵᠢᠨ ᠠᠵᠤ ᠦᠢ᠍ᠯᠡᠰ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠢᠵᠠᠭ᠋ᠠᠷᠲᠤ ᠺᠣᠮᠫᠠᠨᠢ ᠵᠢᠨ ᠣᠷᠭ᠋ᠠᠨᠢᠭ ᠴᠢᠴᠠᠷᠭ᠋ᠠᠨ᠎ᠠ ᠵᠢᠨ ᠲᠦᠭᠦᠬᠡᠶ ᠡᠭᠡᠳᠡᠩ᠎ᠤᠨ ᠦᠢ᠍ᠯᠡᠳᠬᠦᠨ᠎ᠨᠢ ᠣᠷᠭ᠋ᠠᠨᠢᠭ ᠭᠡᠷᠡᠴᠢᠯᠡᠭᠡ᠎ᠲᠠᠢ ᠥᠪᠥᠷ ᠮᠣᠩᠭᠣᠯ᠎ᠤᠨ ᠵᠢᠵᠢᠭ ᠴᠢᠴᠠᠷᠭ᠋ᠠᠨ᠎ᠠ᠎ᠨᠢ ᠰᠤᠷᠭᠤᠭ ᠬᠦᠯᠳᠡᠭᠡᠭᠰᠡᠨ ᠴᠢᠴᠠᠷᠭ᠋ᠠᠨ᠎ᠠ ᠵᠢᠨ ᠬᠦᠢ᠍ᠲᠡᠨ ᠵᠶ᠋ᠠᠷ ᠰᠢᠬᠠᠬᠤ ᠤᠷ᠎ᠠ ᠮᠡᠷᠭᠡᠵᠢᠯ᠎ᠢ ᠬᠡᠷᠡᠭᠯᠡᠵᠦ᠂ ᠠᠩᠬᠠᠨ᠎ᠤ ᠠᠮᠲᠠ ᠪᠠ ᠰᠢᠮ᠎ᠡ ᠲᠡᠵᠢᠭᠡᠯ᠎ᠢ ᠬᠠᠳᠠᠭ᠋ᠠᠯᠠᠵᠤ᠂ ᠥᠩᠭᠡᠨ᠎ᠤ ᠡᠳ᠋᠂ ᠢᠯᠵᠢᠷᠡᠯ᠎ᠢ ᠰᠡᠷᠭᠡᠶ᠋ᠢᠯᠡᠬᠦ ᠡᠳ᠋᠂ ᠦᠨᠦᠷ᠎ᠤᠨ ᠣᠬᠢ ᠵᠡᠷᠭᠡ ᠵᠢ ᠨᠡᠮᠡᠭᠰᠡᠨ ᠥᠬᠡᠶ᠂ ᠯᠣᠩᠬᠣ ᠪᠦᠷᠢ᠎ᠳᠤ 350 ᠣᠷᠭ᠋ᠠᠨᠢᠭ ᠴᠢᠴᠠᠷᠭ᠋ᠠᠨ᠎ᠠ ᠵᠢᠨ ᠵᠢᠮᠢᠰ ᠠᠭᠤᠯᠵᠤ᠂ ᠯᠣᠩᠬᠣ ᠪᠦᠷᠢ᠎ᠳᠤ100 mg  ᠸᠢᠲ᠋ᠠᠮᠢᠨ C ᠠᠭᠤᠯᠵᠤ ᠪᠠᠶ᠋ᠢᠨ᠎ᠠ᠃


W020240108343897704838_ORIGIN.jpg


     ᠥᠪᠥᠷ ᠮᠣᠩᠭᠣᠯ᠎ᠤᠨ ᠡᠯᠡᠰᠦᠨ ᠴᠥᠯ᠎ᠤᠨ ᠴᠡᠴᠡᠭ ᠠᠮᠢ ᠠᠬᠤᠶ ᠵᠢᠨ ᠠᠵᠤ ᠦᠢ᠍ᠯᠡᠰ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠢᠵᠠᠭ᠋ᠠᠷᠲᠤ ᠺᠣᠮᠫᠠᠨᠢ ᠪᠣᠯ ᠲᠤᠰᠬᠠᠶ᠋ᠢᠯᠠᠨ ᠴᠢᠴᠠᠷᠭ᠋ᠠᠨ᠎ᠠ᠂  ᠭᠦᠢ᠍ᠯᠡᠰᠦᠨ ᠴᠥᠮ᠎ᠡ ᠵᠢᠨ ᠦᠢ᠍ᠯᠡᠳᠬᠦᠨ᠎ᠢ ᠰᠤᠳᠤᠯᠤᠨ ᠨᠡᠭᠡᠭᠡᠵᠦ ᠪᠠᠶ᠋ᠢᠭ᠎ᠠ ᠤᠯᠤᠰ᠎ᠤᠨ ᠣᠶ ᠰᠢᠭᠤᠶ ᠵᠢᠨ ᠭᠤᠤᠯᠳᠠᠯᠭ᠎ᠠ᠎ᠲᠠᠢ ᠳᠠᠭ᠋ᠠᠭᠤᠯᠤᠭᠴᠢ ᠠᠵᠤ ᠠᠬᠤᠶ᠋ᠢᠯᠠᠯ ᠪᠣᠯᠤᠨ᠎ᠠ᠂ ᠣᠳᠣᠬᠠᠨ᠎ᠳᠤ ᠨᠢᠭᠡᠨᠲᠡ ᠴᠢᠴᠠᠷᠭ᠋ᠠᠨ᠎ᠠ ᠵᠢᠨ ᠵᠢᠮᠢᠰ᠎ᠤᠨ ᠰᠢᠭᠦᠰᠦ ᠵᠢᠨ ᠤᠮᠳᠠᠭ᠋ᠠᠨ᠂ ᠬᠡᠭᠡᠷ᠎ᠡ ᠵᠢᠨ ᠬᠦᠢ᠍ᠯᠡᠰᠦᠨ ᠴᠥᠮ᠎ᠡ ᠵᠢᠨ ᠤᠮᠳᠠᠭ᠋ᠠᠨ᠂ ᠰᠢᠬᠢᠷ ᠥᠬᠡᠶ ᠭᠦᠢ᠍ᠯᠡᠰᠦᠨ ᠴᠥᠮ᠎ᠡ ᠵᠢᠨ ᠤᠮᠳᠠᠭ᠋ᠠᠨ᠂ ᠴᠢᠴᠠᠷᠭ᠋ᠠᠨ᠎ᠠ ᠵᠢᠨ ᠲᠣᠰᠣ᠎ᠪᠠᠷ ᠭᠤᠤᠯ ᠴᠣᠭᠴᠠ ᠪᠣᠯᠭ᠋ᠠᠭᠰᠠᠨ ᠦᠢ᠍ᠯᠡᠳᠬᠦᠨ᠎ᠤ ᠰᠢᠰᠲ᠋ᠧᠮ᠎ᠢ ᠪᠦᠷᠢᠯᠳᠦᠭᠦᠯᠵᠦ᠂ ᠨᠡᠶ᠋ᠢᠲᠡ 30 ᠭᠠᠷᠤᠶ ᠲᠥᠷᠥᠯ᠎ᠤᠨ ᠦᠢ᠍ᠯᠡᠳᠬᠦᠨ᠎ᠲᠠᠢ ᠪᠣᠯᠵᠠᠶ᠃ ᠪᠦᠲᠦᠭᠡᠭᠳᠡᠬᠦᠨ᠎ᠨᠢ ᠪᠣᠬᠢᠷᠲᠤᠯ ᠦᠭᠡᠢ ᠪᠠᠢ᠍ᠭ᠋ᠠᠯᠢᠯᠢᠭ᠂ ᠤᠬᠢ ᠰᠠᠢ᠌ᠨ ᠰᠢᠮ᠎ᠡ ᠲᠡᠵᠢᠭᠡᠯ᠎ᠲᠠᠢ᠂ ᠥᠪᠡᠷᠮᠢᠴᠡ ᠤᠷ᠎ᠠ ᠮᠡᠷᠭᠡᠰᠢᠯ᠎ᠲᠠᠢ᠂ ᠠᠮᠤᠷ ᠲᠦᠪᠰᠢᠨ ᠡᠷᠡᠭᠦᠯ ᠮᠡᠨᠳᠦ᠎ᠳᠤ ᠠᠰᠢᠭᠲᠠᠢ ᠵᠡᠷᠭᠡ ᠣᠨᠴᠠᠯᠢᠭ᠎ᠲᠠᠢ᠃ ᠤᠷᠢᠳ ᠬᠣᠵᠢᠳ ᠥᠪᠥᠷ ᠮᠣᠩᠭᠣᠯ᠂ ᠪᠡᠭᠡᠵᠢᠩ᠂ ᠾᠧᠪᠧᠶ᠂ ᠯᠢᠶᠣᠤᠨᠢᠩ᠂ ᠬᠠᠷᠠᠮᠥ᠋ᠷᠡᠨ᠂ ᠭᠢᠷᠢᠨ ᠵᠡᠷᠭᠡ ᠭᠠᠳᠠᠷ ᠣᠷᠣᠨ᠎ᠤ ᠵᠠᠬ᠎ᠠ ᠳᠡᠯᠭᠡᠭᠦᠷ᠎ᠲᠤ ᠪᠤᠷᠤᠯᠠᠭᠤᠯᠤᠭᠳᠠᠵᠤ᠂ ᠨᠡᠯᠢᠶᠡᠳ ᠲᠣᠭᠲᠠᠭᠤᠨ ᠡᠵᠡᠩᠨᠡᠨ ᠪᠣᠷᠣᠯᠠᠭᠤᠯᠬᠤ ᠵᠠᠮ ᠱᠤᠭᠤᠮ᠎ᠢ ᠪᠦᠷᠢᠯᠳᠦᠭᠦᠯᠪᠡ᠃ ᠲᠣᠰ ᠺᠣᠮᠫᠠᠨᠢ ᠵᠢᠨ ᠵᠢᠯ᠎ᠤᠨ ᠲᠦᠯᠦᠪᠵᠢᠬᠦᠯᠦᠭᠰᠡᠨ ᠦᠢ᠍ᠯᠡᠳᠪᠦᠷᠢᠯᠡᠯ᠎ᠤᠨ ᠴᠢᠳᠠᠪᠤᠷᠢ 50000 ᠲᠣᠨ ᠪᠠᠶ᠋ᠢᠵᠤ᠂ 2023 ᠣᠨ᠎ᠳᠤ 1.8 ᠳ᠋ᠦᠩᠰᠢᠭᠤᠷ ᠲᠥᠭᠥᠷᠢᠭ᠎ᠤᠨ ᠪᠣᠷᠣᠯᠠᠭᠤᠯᠭ᠎ᠠ ᠵᠢᠨ ᠣᠷᠣᠯᠭ᠎ᠠ ᠵᠢ ᠪᠡᠶᠡᠯᠡᠭᠦᠯᠵᠦ᠂ ᠠᠰᠢᠭ᠎ᠤᠨ ᠭᠠᠶ᠋ᠢᠯᠢ᠎ᠨᠢ 3000 ᠲᠦᠮᠡᠨ ᠲᠥᠭᠥᠷᠢᠭ᠎ᠲᠤ ᠬᠦᠷᠴᠡᠶ᠃
      ᠠᠩᠬᠠᠳᠤᠭ᠋ᠠᠷ ᠬᠤᠭᠤᠴᠠᠭ᠋ᠠᠨ᠎ᠤ ᠳᠡᠯᠡᠬᠡᠶ ᠵᠢᠨ ᠣᠶ ᠮᠣᠳᠣᠨ᠎ᠤ ᠦᠢ᠍ᠯᠡᠰ᠎ᠤᠨ ᠶᠡᠬᠡ ᠬᠤᠷᠠᠯ 2023 ᠣᠨ᠎ᠤ 11 ᠰᠠᠷ᠎ᠠ ᠵᠢᠨ 23᠎ᠤ ᠡᠳᠦᠷ᠎ᠠᠴᠠ 26᠎ᠤ ᠡᠳᠦᠷ ᠪᠣᠯᠲᠠᠯ᠎ᠠ ᠭᠤᠸᠠᠩᠰᠢ ᠵᠢᠨ ᠨᠠᠨᠨᠢᠩ᠎ᠳᠤ ᠶᠠᠪᠤᠭᠳᠠᠪᠠ᠂ ᠲᠣᠰ ᠤᠳᠠᠭ᠋ᠠᠨ᠎ᠤ ᠶᠡᠬᠡ ᠬᠤᠷᠠᠯ᠎ᠨᠢ 《ᠣᠶ ᠮᠣᠳᠣᠨ᠎ᠤ ᠨᠣᠭᠣᠭ᠋ᠠᠷᠠᠭᠤᠯᠤᠯᠲᠠ ᠵᠢᠨ ᠦᠢ᠍ᠯᠡᠰ᠎ᠤᠨ ᠬᠠᠮᠳᠤᠷᠠᠭᠰᠠᠨ ᠠᠵᠢᠯᠯᠠᠭ᠎ᠠ》᠎ᠪᠠᠷ ᠭᠤᠤᠯ ᠰᠡᠳᠦᠪ ᠪᠣᠯᠭ᠋ᠠᠵᠤ᠂ ᠪᠥᠬᠥ ᠪᠥᠮᠪᠥᠷᠴᠡᠭ᠎ᠤᠨ ᠲᠤᠰᠬᠠᠶ ᠮᠡᠷᠭᠡᠵᠢᠯ᠎ᠤᠨ ᠦᠵᠡᠭᠴᠢᠳ᠎ᠤᠨ ᠠᠩᠬᠠᠷᠤᠯ᠎ᠢ ᠲᠠᠲᠠᠵᠤ᠂ ᠬᠤᠷᠠᠯ᠎ᠤᠨ ᠣᠶ ᠮᠣᠳᠣᠨ᠎ᠤ ᠦᠵᠡᠭᠦᠯᠦᠯᠭᠡ ᠵᠢᠨ ᠶᠡᠷᠦᠩᠬᠡᠶ ᠲᠠᠯᠠᠪᠠᠶ 5 ᠲᠦᠮᠡᠨ ᠲᠡᠭᠰᠢ ᠳᠥᠷᠪᠡᠯᠵᠢᠨ ᠮᠧᠲᠷ᠎ᠲᠤ ᠬᠦᠷᠴᠦ᠂ 2 ᠲᠦᠮᠡ ᠭᠠᠷᠤᠶ ᠦᠢ᠍ᠯᠡᠳᠬᠦᠨ᠎ᠢ ᠳᠡᠯᠭᠡᠨ ᠦᠵᠡᠭᠦᠯᠪᠡ᠃ ᠪᠡᠶ᠎ᠡ᠎ᠪᠠᠨ ᠳᠠᠭ᠋ᠠᠭ᠋ᠠᠵᠤ ᠭᠤᠶᠤᠴᠢᠯᠠᠨ ᠮᠡᠳᠡᠭᠦᠯᠬᠦ᠂ ᠬᠠᠮᠲᠤ᠎ᠪᠠᠷ ᠲᠠᠨᠢᠯᠴᠠᠭᠤᠯᠬᠤ᠂ ᠮᠠᠲ᠋ᠧᠷᠢᠶᠠᠯ᠎ᠢ ᠬᠢᠨᠠᠨ ᠬᠠᠷᠭᠤᠭᠤᠯᠬᠤ᠂ ᠲᠤᠬᠠᠶ ᠵᠢᠨ ᠲᠠᠯᠠᠪᠤᠷ᠎ᠲᠤ ᠬᠢᠨᠠᠨ ᠲᠣᠭᠲᠠᠭ᠋ᠠᠬᠤ᠂ ᠶᠡᠷᠦᠩᠬᠡᠶ᠋ᠢᠯᠡᠨ ᠦᠨᠡᠯᠡᠨ ᠲᠣᠭᠲᠠᠭ᠋ᠠᠬᠤ ᠵᠡᠷᠭᠡ ᠲᠠᠰ ᠳᠠᠷᠠᠭ᠋ᠠᠯᠠᠯ ᠵᠶ᠋ᠠᠷ ᠳᠡᠮᠵᠢᠨ᠂ ᠠᠩᠬᠠᠳᠤᠭ᠋ᠠᠷ ᠬᠤᠭᠤᠴᠠᠭ᠋ᠠᠨ᠎ᠤ ᠳᠡᠯᠡᠬᠡᠶ ᠵᠢᠨ ᠣᠶ ᠮᠣᠳᠣᠨ᠎ᠤ  ᠦᠢ᠍ᠯᠡᠰ᠎ᠤᠨ ᠶᠡᠬᠡ ᠬᠤᠷᠠᠯ᠎ᠤᠨ ᠴᠢᠨᠠᠷ ᠰᠠᠶ᠋ᠢᠲᠠᠶ ᠦᠢ᠍ᠯᠡᠳᠬᠦᠨ᠎ᠤ ᠱᠠᠩᠨᠠᠯ᠎ᠤᠨ 7 ᠶᠡᠬᠡ ᠲᠥᠷᠥᠯ 333  ᠵᠦᠢ᠍ᠯ᠂ ᠬᠠᠮᠤᠭ᠎ᠤᠨ ᠰᠠᠶ᠋ᠢᠨ ᠵᠣᠬᠢᠶᠠᠨ ᠵᠤᠬᠢᠶᠠᠨ ᠪᠠᠢ᠌ᠭᠤᠯᠤᠯᠳᠠ ᠵᠢᠨ ᠱᠠᠩᠨᠠᠯ 54 ᠵᠦᠢ᠍ᠯ᠂ ᠬᠠᠮᠤᠭ᠎ᠤᠨ ᠰᠠᠶ᠋ᠢᠨ ᠵᠢᠷᠤᠭ ᠲᠦᠯᠦᠪᠯᠡᠯᠭᠡ ᠵᠢᠨ ᠱᠠᠩᠨᠠᠯ 26 ᠵᠦᠢ᠍ᠯ᠎ᠢ ᠰᠢᠯᠭ᠋ᠠᠷᠠᠭᠤᠯᠪᠠ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠤᠢ ᠰᠢᠭᠤᠢ ᠪᠠ ᠨᠤᠳᠤᠭ ᠪᠡᠯᠴᠢᠭᠡᠷ᠎ᠤᠨ ᠲᠤᠪᠴᠢᠶ᠎ᠠ
          
ᠬᠠᠮᠢᠶ᠎ᠡ ᠪᠦᠬᠦᠢ ᠰᠣᠨᠢᠨ
ᠰᠠᠨᠰᠠᠷ᠎ᠲᠤ ᠡᠭᠦᠯᠳᠡᠷ ᠪᠣᠶ᠋ᠢᠵᠢᠭᠤᠯᠬᠤ ᠰᠤᠳᠤᠯᠭ᠋ᠠᠨ᠎ᠤ ᠬᠦᠷᠢᠶᠡᠯᠡᠩ ᠪᠠᠶ᠋ᠢᠭᠤᠯᠤᠭᠳᠠᠪᠠ
ᠰᠢ ᠵᠢᠨ ᠫᠢᠩ ᠹᠢᠨᠯᠠᠨᠳ᠋᠎ᠤᠨ ᠶᠡᠷᠦᠩᠬᠡᠶ᠋ᠢᠯᠡᠭᠴᠢ ᠨᠢᠨᠢᠰᠲ᠋ᠦᠢ᠍ᠸᠸ᠎ᠲᠠᠢ ᠸᠢᠳᠢᠣ᠋ ᠠᠭᠤᠯᠵᠠᠯᠲᠠ ᠬᠢᠪᠡ᠃
ᠰᠢ ᠵᠢᠨ ᠫᠢᠩ ᠮᠤᠵᠢ ᠶᠠᠮᠤᠨ᠎ᠤ ᠳᠡᠰ᠎ᠤᠨ ᠭᠤᠣᠯ ᠤᠳᠤᠷᠢᠳᠬᠤ ᠺᠠᠳ᠋ᠷᠴᠤᠳ᠎ᠤᠨ ᠮᠥᠩᠭᠦᠨ ᠭᠦᠢ᠍ᠯᠭᠡᠭᠡᠨ᠎ᠤ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠠᠩᠭᠢ ᠵᠢᠨ ᠰᠤᠷᠤᠯᠭ᠎ᠠ ᠡᠬᠢᠯᠡᠬᠦ ᠶᠣᠰᠣᠯᠠᠯ ᠳᠡᠭᠡᠷ᠎ᠡ ᠴᠢᠬᠤᠯᠠ ᠶᠠᠷᠢᠶ᠎ᠠ ᠲᠠᠯᠪᠢᠵᠤ ᠴᠢᠬᠤᠯᠠᠴᠢᠯᠠᠭᠰᠠᠨ᠎ᠨᠢ ᠳᠤᠮᠳᠠᠳᠤ ᠤᠯᠤᠰ᠎ᠤᠨ ᠣᠨᠴᠠᠯᠢᠭ᠎ᠲᠠᠢ ᠮᠥᠩᠭᠦᠨ ᠭᠦᠢ᠍ᠯᠭᠡᠭᠡᠨ᠎ᠤ ᠬᠥᠭᠵᠢᠯᠲᠡ ᠵᠢᠨ ᠵᠠᠮ ᠵᠶ᠋ᠠᠷ ᠡᠷᠡᠰ ᠭᠤᠶ᠋ᠢᠪᠢᠰᠢ ᠦᠭᠡᠢ ᠵᠠᠮᠨᠠᠵᠤ ᠮᠠᠨ᠎ᠤ ᠤᠯᠤᠰ᠎ᠤᠨ ᠮᠥᠩᠭᠦᠨ ᠭᠦᠢ᠍ᠯᠭᠡᠭᠡᠨ᠎ᠤ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ ᠬᠡᠷᠡᠭᠲᠡᠢ
ᠮᠠᠨ᠎ᠤ ᠲᠤᠪᠴᠢᠶ᠎ᠠ ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠬᠢᠭᠡᠳ ᠮᠣᠩᠭᠣᠯ ᠤᠯᠤᠰ᠎ᠤᠨ ᠭᠠᠳᠠᠭ᠋ᠠᠳᠤ ᠶᠠᠪᠤᠳᠠᠯ᠎ᠤᠨ ᠶᠠᠮᠤᠨ᠎ᠤ ᠪᠠᠶ᠋ᠢᠩᠭᠤ ᠵᠢᠨ ᠵᠦᠪᠯᠡᠬᠦ ᠠᠵᠢᠯ᠎ᠤᠨ ᠳᠤᠭᠤᠶ᠋ᠢᠯᠠᠩ᠎ᠤᠨ ᠬᠤᠷᠠᠯ᠎ᠤᠨ ᠠᠮᠢ ᠠᠬᠤᠶ ᠣᠷᠴᠢᠨ ᠲᠣᠭᠣᠷᠢᠨ᠎ᠤ ᠳᠤᠭᠤᠶ᠋ᠢᠯᠠᠩ᠎ᠤᠨ ᠠᠵᠢᠯ᠎ᠢ ᠠᠬᠢᠭᠤᠯᠬᠤ ᠬᠤᠷᠠᠯ᠎ᠳᠤ ᠣᠷᠣᠯᠴᠠᠪᠠ
 
             蒙ICP备05000248号