ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠳᠤᠰᠬᠠᠢ ᠮᠡᠳᠡᠭᠡᠯᠡᠯ
10 ᠳ᠋ᠤᠭ᠋ᠠᠷ ᠰᠠᠷ᠎ᠠ ᠵᠢᠨ 24᠎ᠤ ᠡᠳᠦᠷ ᠥᠪᠡᠷᠲᠡᠭᠡᠨ ᠵᠠᠰᠠᠬᠤ ᠣᠷᠣᠨ᠎ᠤ ᠵᠢᠷᠭᠤᠭ᠋ᠠᠨ ᠰᠠᠯᠠᠭ᠎ᠠ ᠮᠥᠴᠢᠷ ᠬᠡᠷᠡᠭᠵᠢᠭᠦᠯᠬᠦ ᠨᠠᠷᠢᠨ ᠳᠦᠷᠢᠮ᠎ᠢ ᠨᠡᠶ᠋ᠢᠲᠡᠯᠡᠵᠦ ᠡᠯ᠎ᠡ ᠲᠠᠯ᠎ᠠ ᠵᠢᠨ᠎ᠬᠢᠨ᠎ᠤ ᠢᠳᠡᠪᠬᠢᠵᠢᠯ᠎ᠢ ᠳᠠᠶ᠋ᠢᠴᠢᠯᠠᠵᠤ ᠬᠦᠴᠦ᠎ᠪᠠᠨ ᠬᠠᠮᠳᠤᠳᠬᠠᠨ 《ᠤᠮᠠᠷᠠᠲᠦ ᠵᠢᠨ ᠭᠤᠷᠪᠠᠨ ᠤᠷᠤᠨ》᠎ᠤ ᠢᠨᠵᠧᠨᠧᠷᠢᠩ᠎ᠤᠨ ᠪᠣᠭᠤᠮᠲᠠ ᠰᠢᠪᠲᠤᠯᠬᠤ ᠳᠠᠶ᠋ᠢᠯᠠᠯᠳᠤᠭ᠋ᠠᠨ᠎ᠢ ᠰᠠᠶ᠋ᠢᠲᠤᠷ ᠬᠢᠬᠦ᠎ᠪᠠᠷ ᠪᠠᠶ᠋ᠢᠨ᠎ᠠ
ᠨᠡᠶ᠋ᠢᠲᠡᠯᠡᠭᠰᠡᠨ ᠴᠠᠭ᠄ 2024-10-29


 
    10 ᠳ᠋ᠤᠭ᠋ᠠᠷ ᠰᠠᠷ᠎ᠠ ᠵᠢᠨ 24᠎ᠤ ᠡᠳᠦᠷ ᠥᠪᠡᠷᠲᠡᠭᠡᠨ ᠵᠠᠰᠠᠬᠤ ᠣᠷᠣᠨ᠎ᠤ ᠵᠢᠷᠭᠤᠭ᠋ᠠᠨ ᠰᠠᠯᠠᠭ᠎ᠠ ᠮᠥᠴᠢᠷ ᠬᠡᠷᠡᠭᠵᠢᠭᠦᠯᠬᠦ ᠨᠠᠷᠢᠨ ᠲᠦᠷᠢᠮ᠎ᠢ ᠨᠡᠶ᠋ᠢᠲᠡᠯᠡᠵᠦ᠂ ᠡᠯ᠎ᠡ ᠲᠠᠯ᠎ᠠ ᠵᠢᠨ᠎ᠬᠢᠨ᠎ᠤ ᠢᠳᠡᠪᠬᠢᠵᠢᠯ᠎ᠢ ᠳᠠᠶ᠋ᠢᠴᠢᠯᠠᠵᠤ ᠬᠦᠴᠦ᠎ᠪᠠᠨ ᠬᠠᠮᠳᠤᠳᠬᠠᠨ 《ᠤᠮᠠᠷᠠᠲᠦ ᠵᠢᠨ ᠭᠤᠷᠪᠠᠨ ᠤᠷᠤᠨ》᠎ᠤ ᠢᠨᠵᠧᠨᠧᠷᠢᠩ᠎ᠤᠨ ᠪᠣᠭᠤᠮᠲᠠ ᠰᠢᠪᠲᠤᠯᠬᠤ ᠳᠠᠶ᠋ᠢᠯᠠᠯᠳᠤᠭ᠋ᠠᠨ᠎ᠢ ᠰᠠᠶ᠋ᠢᠲᠤᠷ ᠬᠢᠬᠦ᠎ᠪᠠᠷ ᠪᠠᠶ᠋ᠢᠨ᠎ᠠ᠃ ᠬᠡᠷᠡᠭᠵᠢᠭᠦᠯᠬᠦ ᠨᠠᠷᠢᠨ ᠲᠦᠷᠢᠮ᠎ᠳᠤ ᠡᠯ᠎ᠡ ᠲᠠᠯ᠎ᠠ ᠵᠢᠨ᠎ᠬᠢᠨ᠎ᠤ ᠢᠳᠡᠪᠬᠢᠲᠡᠢ ᠣᠷᠣᠯᠴᠠᠬᠤ ᠵᠢ ᠵᠤᠷᠢᠭᠵᠢᠭᠤᠯᠤᠨ ᠳᠡᠮᠵᠢᠬᠦ᠂ ᠲᠥᠷᠥᠯ ᠵᠦᠢ᠍ᠯ᠎ᠤᠨ ᠪᠦᠲᠦᠭᠡᠨ ᠪᠠᠶ᠋ᠢᠭᠤᠯᠤᠯᠲᠠ ᠵᠢᠨ ᠠᠵᠢᠯᠯᠠᠭ᠋ᠠᠨ᠎ᠤ ᠵᠠᠭᠪᠤᠷ᠎ᠲᠤ ᠰᠢᠨ᠎ᠡ ᠵᠢ ᠡᠭᠦᠳᠬᠦ᠂ 《ᠬᠦᠳᠡᠯᠮᠦᠷᠢᠯᠡᠬᠦ᠎ᠪᠠᠷ ᠲᠡᠳᠬᠦᠮᠵᠢ ᠵᠢ ᠣᠷᠣᠯᠠᠭᠤᠯᠬᠤ》 ᠵᠢ ᠶᠡᠭᠡ᠎ᠪᠠᠷ ᠳᠡᠯᠭᠡᠷᠡᠭᠦᠯᠬᠦ᠂ 《ᠤᠷᠢᠳ ᠵᠶ᠋ᠠᠷ ᠪᠠᠶ᠋ᠢᠭᠤᠯᠵᠤ ᠳᠠᠷᠠᠭ᠎ᠠ᠎ᠨᠢ ᠨᠥᠬᠦᠪᠥᠷᠢᠯᠡᠬᠦ》 ᠪᠠ 《ᠤᠷᠢᠳ ᠵᠶ᠋ᠠᠷ ᠵᠠᠷᠯᠠᠵᠤ ᠳᠠᠷᠠᠭ᠎ᠠ᠎ᠨᠢ ᠨᠥᠬᠦᠪᠥᠷᠢᠯᠡᠬᠦ》 ᠵᠠᠭᠪᠤᠷ᠎ᠢ ᠰᠦᠪᠡᠭᠴᠢᠯᠡᠨ ᠦᠷᠨᠢᠭᠦᠯᠬᠦ᠂ ᠨᠡᠶ᠋ᠢᠲᠡ ᠵᠢᠨ ᠠᠰᠠᠷᠠᠮᠵᠢ᠎ᠪᠠᠷ ᠡᠯᠡᠰᠦ ᠵᠢ ᠵᠠᠰᠠᠬᠤ ᠠᠷᠭ᠎ᠠ ᠵᠠᠮ᠎ᠢ ᠥᠷᠭᠡᠳᠬᠡᠬᠦ ᠵᠡᠷᠭᠡ 15 ᠲᠠᠯ᠎ᠠ᠎ᠪᠠᠷ 44 ᠵᠤᠷᠪᠤᠰ ᠨᠠᠷᠢᠯᠢᠭᠵᠢᠭᠤᠯᠤᠭᠰᠠᠨ ᠠᠷᠭ᠎ᠠ ᠬᠡᠮᠵᠢᠶ᠎ᠡ ᠵᠢ ᠳᠤᠷᠠᠳᠤᠨ ᠭᠠᠷᠭ᠋ᠠᠵᠤ᠂ ᠬᠡᠷᠡᠭᠵᠢᠭᠦᠯᠬᠦ ᠭᠤᠣᠯ ᠴᠣᠭᠴᠠ᠂ ᠠᠵᠢᠯᠯᠠᠬᠤ ᠶᠠᠪᠤᠴᠠ᠂ ᠠᠵᠢᠯ᠎ᠤᠨ ᠱᠠᠭ᠋ᠠᠷᠳᠠᠯᠭ᠎ᠠ᠂ ᠬᠦᠴᠦᠨ ᠵᠦᠢ᠍ᠯ᠎ᠤᠨ ᠪᠠᠲᠤᠯᠠᠭ᠎ᠠ᠂ ᠱᠠᠩᠨᠠᠵᠤ ᠲᠣᠷᠭ᠋ᠠᠬᠤ ᠠᠷᠭ᠎ᠠ ᠬᠡᠮᠵᠢᠶ᠎ᠡ ᠵᠡᠷᠭᠡ ᠲᠠᠯ᠎ᠠ᠎ᠪᠠᠷ ᠨᠠᠷᠢᠯᠢᠬ᠍ᠵᠢᠭᠤᠯᠤᠨ ᠪᠣᠳᠠᠲᠠᠶ᠋ᠢᠵᠢᠭᠤᠯᠵᠤ᠂ ᠡᠯ᠎ᠡ ᠲᠠᠯ᠎ᠠ ᠵᠢᠨ᠎ᠬᠢᠨ᠎ᠤ ᠬᠦᠴᠦᠨ᠎ᠢ ᠪᠦᠲᠦᠮᠵᠢᠲᠠᠢ ᠨᠢᠭᠲᠠᠷᠠᠭᠤᠯᠵᠤ 《ᠤᠮᠠᠷᠠᠲᠦ ᠵᠢᠨ ᠭᠤᠷᠪᠠᠨ ᠣᠷᠣᠨ》᠎ᠤ ᠢᠨᠵᠧᠨᠧᠷᠢᠩ᠎ᠤᠨ ᠪᠣᠭᠤᠮᠲᠠ ᠰᠢᠪᠲᠤᠯᠬᠤ ᠳᠠᠶ᠋ᠢᠯᠠᠯᠳᠤᠭ᠋ᠠᠨ᠎ᠢ ᠬᠦᠴᠦ᠎ᠪᠠᠨ ᠬᠠᠮᠳᠤᠳᠬᠠᠨ ᠰᠠᠶ᠋ᠢᠲᠤᠷ ᠬᠢᠬᠦ ᠪᠤᠯᠤᠨ᠎ᠠ᠃ ᠡᠨᠡ ᠵᠢᠯ᠎ᠠᠴᠠ ᠨᠠᠭ᠋ᠠᠰᠢ᠂ ᠮᠠᠨ᠎ᠤ ᠣᠷᠣᠨ᠎ᠤ ᠡᠯᠡᠰᠦᠷᠬᠡᠭᠵᠢᠯ᠎ᠢ ᠰᠡᠷᠭᠡᠶ᠋ᠢᠯᠡᠵᠦ ᠡᠯᠡᠰᠦ ᠵᠢ ᠵᠠᠰᠠᠭᠰᠠᠨ ᠲᠠᠯᠠᠪᠠᠶ ᠨᠡᠶ᠋ᠢᠲᠡ 1954 ᠲᠦᠮᠡᠨ ᠮᠥ᠍ ᠪᠠᠶ᠋ᠢᠵᠦ᠂ ᠣᠨ᠎ᠤ ᠶᠡᠷᠦᠩᠬᠡᠶ ᠡᠭᠦᠷᠭᠡ ᠵᠢᠨ 1730 ᠲᠦᠮᠡᠨ ᠮᠥ᠍ ᠵᠢᠨ 113% ᠵᠢ ᠪᠡᠶᠡᠯᠡᠭᠦᠯᠵᠦ᠂ ᠡᠭᠦᠷᠭᠡ᠎ᠪᠠᠨ ᠤᠷᠢᠳᠴᠢᠯᠠᠨ ᠳᠠᠪᠠᠭᠤᠯᠤᠨ ᠪᠡᠶᠡᠯᠡᠭᠦᠯᠪᠡ; ᠡᠯᠡᠰᠦᠷᠬᠡᠭᠵᠢᠯ᠎ᠢ ᠰᠡᠷᠭᠡᠶ᠋ᠢᠯᠡᠵᠦ ᠡᠯᠡᠰᠦ ᠵᠢ ᠵᠠᠰᠠᠬᠤ ᠴᠢᠬᠤᠯᠠ ᠶᠡᠭᠡ ᠢᠨᠵᠧᠨᠧᠷᠢᠩ᠎ᠢ ᠬᠡᠷᠡᠭᠵᠢᠭᠦᠯᠬᠦ᠎ᠪᠠᠷ ᠳᠠᠮᠵᠢᠭᠤᠯᠤᠨ ᠬᠥᠳᠡᠭᠡ ᠲᠣᠰᠬᠤᠨ᠎ᠤ ᠬᠥᠳᠡᠯᠮᠦᠷᠢ ᠬᠦᠴᠦᠨ ᠪᠣᠯᠬᠤ 57164 ᠬᠥᠮᠦᠨ᠎ᠢ ᠲᠠᠲᠠᠨ ᠠᠵᠢᠯᠯᠠᠭᠤᠯᠵᠤ᠂ 39229 ᠲᠦᠮᠡᠨ ᠲᠥᠭᠦᠷᠢᠭ᠎ᠤᠨ ᠬᠥᠳᠡᠯᠮᠦᠷᠢ ᠵᠢᠨ ᠬᠥᠯᠥᠰᠥ ᠣᠯᠭᠤᠮᠵᠢ ᠣᠯᠭᠤᠵᠤ᠂ ᠬᠥᠮᠦᠨ ᠳᠤᠮᠳᠠᠴᠢ ᠵᠢᠨ ᠣᠷᠣᠯᠭ᠎ᠠ ᠵᠢ 6863 ᠲᠥᠭᠦᠷᠢᠭ ᠨᠡᠮᠡᠭᠳᠡᠭᠦᠯᠪᠡ᠃ (ᠣᠢ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ)
   

ᠢᠷᠡᠯᠲᠡ᠄ ᠥᠪᠥᠷ ᠮᠣᠩᠭᠤᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
ᠪᠦᠬᠦ ᠣᠷᠣᠨ᠎ᠳᠤ ᠡᠯᠡᠰᠦᠷᠬᠡᠭᠵᠢᠯ᠎ᠢ ᠰᠡᠷᠭᠡᠶ᠋ᠢᠯᠡᠨ ᠡᠯᠡᠰᠦ ᠵᠢ ᠵᠠᠰᠠᠬᠤ ᠪᠠ ᠰᠠᠯᠬᠢᠨ ᠬᠦᠴᠦᠨ᠎ᠤ ᠴᠠᠬᠢᠯᠭ᠋ᠠᠨ ᠭᠡᠷᠡᠯᠴᠢ ᠴᠡᠨᠡᠭ᠎ᠢ ᠨᠢᠭᠡ ᠴᠣᠭᠴᠠᠵᠢᠭᠤᠯᠬᠤ ᠢᠨᠵᠧᠨᠧᠷᠢᠩ ᠵᠶ᠋ᠠᠷ ᠡᠯᠡᠰᠦᠷᠬᠡᠭᠵᠢᠭᠰᠡᠨ ᠭᠠᠵᠠᠷ᠎ᠢ ᠵᠠᠰᠠᠬᠤ ᠡᠭᠦᠷᠭᠡ᠎ᠪᠠᠨ 237.58 ᠲᠦᠮᠡᠨ ᠮᠦ᠍ ᠪᠡᠶᠡᠯᠡᠭᠦᠯᠵᠡᠢ
ᠮᠠᠨ᠎ᠤ ᠤᠷᠤᠨ᠎ᠤ ᠣᠶ ᠰᠢᠭᠤᠶ ᠪᠠ ᠨᠤᠲᠤᠭ ᠪᠡᠯᠴᠢᠭᠡᠷ ᠨᠤᠭᠤ ᠭᠠᠵᠠᠷ᠎ᠤᠨ ᠨᠡᠶ᠋ᠢᠳᠡᠮ ᠪᠠᠶ᠋ᠢᠴᠠᠭ᠋ᠠᠯᠲᠠ ᠵᠢᠨ ᠥᠯᠢᠭᠡᠷ ᠠᠪᠬᠤ ᠠᠵᠢᠯ᠎ᠤᠨ ᠲᠤᠭ᠎ᠠ ᠬᠡᠮᠵᠢᠶ᠎ᠡ ᠪᠥᠬᠦ ᠤᠯᠤᠰ᠎ᠲᠤ ᠲᠡᠷᠢᠭᠦᠯᠡᠪᠡ
ᠰᠢ ᠵᠢᠨ ᠫᠢᠩ ᠨᠸᠫᠠᠯ᠎ᠤᠨ ᠶᠡᠷᠦᠩᠬᠡᠢ ᠰᠠᠶ᠋ᠢᠳ ᠤᠤᠯᠢ᠎ᠲᠠᠢ ᠠᠭᠤᠯᠵᠠᠪᠠ
ᠲᠥᠪ᠎ᠤᠨ ᠴᠡᠷᠢᠭ᠎ᠤᠨ ᠶᠠᠪᠤᠳᠠᠯ᠎ᠤᠨ ᠬᠤᠷᠢᠶ᠎ᠠ ᠬᠤᠷᠠᠩᠳᠠ ᠭ᠋ᠸᠨ᠋ᠸᠷᠡᠯ᠎ᠤᠨ ᠴᠡᠷᠢᠭ᠎ᠤᠨ ᠴᠣᠯᠠ ᠳᠡᠪᠰᠢᠭᠦᠯᠬᠦ ᠶᠣᠰᠣᠯᠠᠯ ᠶᠠᠪᠤᠭᠤᠯᠵᠠᠢ
2000 ᠲᠦᠮᠡᠨ ᠮᠦ᠍ ᠰᠢᠬᠠᠮ ᠡᠯᠡᠰᠦᠷᠬᠡᠭᠵᠢᠯ᠎ᠢ ᠰᠡᠷᠭᠡᠶ᠋ᠢᠯᠡᠨ ᠡᠯᠡᠰᠦ ᠵᠢ ᠵᠠᠰᠠᠪᠠ!
 
             蒙ICP备05000248号