ᠰᠤᠷᠪᠤᠯᠵᠢᠯᠠᠭᠴᠢ ᠥᠪᠡᠷᠲᠡᠭᠡᠨ ᠵᠠᠰᠠᠬᠤ ᠣᠷᠣᠨ᠎ᠤ ᠣᠶ ᠰᠢᠭᠤᠢ ᠪᠠ ᠨᠤᠲᠤᠭ ᠪᠡᠯᠴᠢᠭᠡᠷ᠎ᠤᠨ ᠲᠣᠪᠴᠢᠶ᠎ᠠ᠎ᠠᠴᠠ ᠣᠶ᠋ᠢᠯᠠᠭ᠋ᠠᠭᠰᠠᠨ ᠵᠶ᠋ᠠᠷ᠂ 2024 ᠣᠨ᠎ᠤ ᠡᠬᠢ᠎ᠠᠴᠠ ᠣᠲᠣ ᠪᠣᠯᠲᠠᠯ᠎ᠠ᠂ ᠪᠥᠬᠦ ᠣᠷᠣᠨ᠎ᠳᠤ ᠡᠯᠡᠰᠦᠷᠬᠡᠭᠵᠢᠯ᠎ᠢ ᠰᠡᠷᠭᠡᠶ᠋ᠢᠯᠡᠨ ᠡᠯᠡᠰᠦ ᠵᠢ ᠵᠠᠰᠠᠬᠤ ᠪᠠ ᠰᠠᠯᠬᠢᠨ ᠬᠦᠴᠦᠨ᠎ᠤ ᠴᠠᠬᠢᠯᠭ᠋ᠠᠨ ᠭᠡᠷᠡᠯᠴᠢ ᠴᠡᠨᠡᠭ᠎ᠢ ᠨᠢᠭᠡ ᠴᠣᠭᠴᠠᠵᠢᠭᠤᠯᠬᠤ ᠢᠨᠵᠧᠨᠧᠷᠢᠩ ᠵᠶ᠋ᠠᠷ ᠡᠯᠡᠰᠦᠷᠬᠡᠭᠵᠢᠭᠰᠡᠨ ᠭᠠᠵᠠᠷ᠎ᠢ ᠵᠠᠰᠠᠬᠤ ᠡᠭᠦᠷᠭᠡ᠎ᠪᠠᠨ 237.58 ᠲᠦᠮᠡᠨ ᠮᠦ᠍ ᠪᠡᠶᠡᠯᠡᠭᠦᠯᠵᠦ᠂ ᠡᠨᠡ᠎ᠨᠢ ᠪᠥᠬᠦ ᠵᠢᠯ᠎ᠤᠨ ᠲᠥᠯᠥᠪᠯᠡᠭᠡ ᠵᠢᠨ 103.3% ᠪᠣᠯᠪᠠ᠃
2023 ᠣᠨ᠎ᠳᠤ᠂ ᠥᠪᠥᠷ ᠮᠣᠩᠭᠤᠯ ᠰᠠᠯᠬᠢ ᠭᠡᠷᠡᠯ᠎ᠤᠨ ᠡᠬᠢ ᠪᠠᠶᠠᠯᠢᠭ ᠪᠠ 《ᠡᠯᠡᠰᠦ ᠭᠤᠪᠢ ᠴᠥᠯ》᠎ᠤᠨ ᠡᠬᠢ ᠪᠠᠶᠠᠯᠢᠭ᠎ᠤᠨ ᠳᠠᠪᠠᠭᠤᠯᠢᠭ᠎ᠲᠤ᠎ᠪᠠᠨ ᠰᠠᠭᠤᠷᠢᠯᠠᠵᠤ᠂ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠪᠦᠲᠦᠭᠡᠨ ᠪᠠᠶ᠋ᠢᠭᠤᠯᠬᠤ᠎ᠪᠠᠨ ᠤᠯᠤᠰ᠎ᠤᠨ ᠴᠢᠬᠤᠯᠠ ᠡᠨᠧᠷᠭᠢ ᠪᠠ ᠪᠠᠶ᠋ᠢᠯᠳᠤᠬᠤ ᠪᠣᠳᠣᠯᠭ᠎ᠠ ᠵᠢᠨ ᠡᠬᠢ ᠪᠠᠶᠠᠯᠢᠭ᠎ᠤᠨ ᠰᠠᠭᠤᠷᠢᠨ ᠭᠠᠵᠠᠷ᠎ᠤᠨ ᠪᠦᠲᠦᠭᠡᠨ ᠪᠠᠶ᠋ᠢᠭᠤᠯᠤᠯᠲᠠ᠎ᠯᠤᠭ᠎ᠠ ᠣᠷᠭ᠋ᠠᠨᠢᠭ ᠵᠶ᠋ᠠᠷ ᠠᠭᠤᠰᠤᠯᠴᠠᠭᠤᠯᠵᠤ᠂ ᠡᠯᠡᠰᠦᠷᠬᠡᠭᠵᠢᠯ᠎ᠢ ᠰᠡᠷᠭᠡᠶ᠋ᠢᠯᠡᠨ ᠡᠯᠡᠰᠦ ᠵᠢ ᠵᠠᠰᠠᠬᠤ ᠪᠠ ᠰᠠᠯᠬᠢᠨ ᠬᠦᠴᠦᠨ᠎ᠤ ᠴᠠᠬᠢᠯᠭ᠋ᠠᠨ ᠭᠡᠷᠡᠯᠴᠢ ᠴᠡᠨᠡᠭ᠎ᠢ ᠨᠢᠭᠡ ᠴᠣᠭᠴᠠᠵᠢᠭᠤᠯᠬᠤ ᠢᠨᠵᠧᠨᠧᠷᠢᠩ ᠬᠡᠷᠡᠭᠵᠢᠭᠦᠯᠬᠦ ᠵᠢ ᠰᠢᠨ᠎ᠡ ᠡᠭᠦᠳᠦᠯᠲᠡ ᠵᠢᠨ ᠴᠢᠨᠠᠷᠲᠠᠢ᠎ᠪᠠᠷ ᠳᠤᠷᠠᠳᠤᠨ ᠭᠠᠷᠭ᠋ᠠᠭᠰᠠᠨ᠎ᠤ ᠬᠠᠮᠲᠤ᠂ ᠨᠢᠭᠡ ᠴᠣᠭᠴᠠᠵᠢᠭᠤᠯᠬᠤ ᠢᠨᠵᠧᠨᠧᠷᠢᠩ᠎ᠢ ᠥᠪᠡᠷᠲᠡᠭᠡᠨ ᠵᠠᠰᠠᠬᠤ ᠣᠷᠣᠨ᠎ᠤ ᠠᠵᠤ ᠠᠬᠤᠢ ᠵᠢᠨ ᠬᠥᠭᠵᠢᠯᠲᠡ ᠪᠠ ᠠᠷᠠᠳ᠎ᠤᠨ ᠠᠮᠢᠳᠤᠷᠠᠯ᠎ᠢ ᠰᠠᠶ᠋ᠢᠵᠢᠷᠠᠭᠤᠯᠬᠤ ᠵᠢᠷᠭᠤᠭ᠋ᠠᠨ ᠢᠨᠵᠧᠨᠧᠷᠢᠩ᠎ᠤᠨ ᠨᠢᠭᠡ ᠪᠣᠯᠭ᠋ᠠᠪᠠ᠃ 2024 ᠣᠨ᠎ᠳᠤ᠂ ᠥᠪᠥᠷ ᠮᠣᠩᠭᠤᠯ 1 ᠳ᠋ᠦ᠍ᠭᠡᠷ᠂ 2 ᠳ᠋ᠤᠭ᠋ᠠᠷ ᠤᠢ ᠰᠢᠭᠤᠢ ᠵᠢᠨ ᠶᠡᠷᠦᠩᠬᠡᠢ ᠳᠠᠷᠤᠭ᠎ᠠ ᠵᠢᠨ ᠵᠠᠷᠯᠢᠭ᠎ᠢ ᠵᠠᠯᠭ᠋ᠠᠭ᠎ᠠ᠎ᠪᠠᠷ ᠨᠡᠶ᠋ᠢᠲᠡᠯᠡᠵᠦ᠂ 《ᠡᠯᠡᠰᠦᠷᠬᠡᠭᠵᠢᠯ᠎ᠢ ᠰᠡᠷᠭᠡᠶ᠋ᠢᠯᠡᠨ ᠡᠯᠡᠰᠦ ᠵᠢ ᠵᠠᠰᠠᠬᠤ ᠪᠠ ᠰᠠᠯᠬᠢᠨ ᠬᠦᠴᠦᠨ᠎ᠤ ᠴᠠᠬᠢᠯᠭ᠋ᠠᠨ ᠭᠡᠷᠡᠯᠴᠢ ᠴᠡᠨᠡᠭ᠎ᠢ ᠨᠢᠭᠡ ᠴᠣᠭᠴᠠᠵᠢᠭᠤᠯᠬᠤ ᠢᠨᠵᠧᠨᠧᠷᠢᠩ᠎ᠢ ᠠᠬᠢᠭᠤᠯᠬᠤ ᠲᠥᠰᠥᠯ》᠎ᠢ ᠳᠠᠷᠤᠮᠠᠯᠯᠠᠨ ᠲᠠᠷᠬᠠᠭ᠋ᠠᠵᠤ᠂ ᠨᠢᠭᠡ ᠴᠣᠭᠴᠠᠵᠢᠭᠤᠯᠬᠤ ᠢᠨᠵᠧᠨᠧᠷᠢᠩ᠎ᠳᠤ ᠨᠢᠭᠡᠳᠦᠯᠲᠡᠢ ᠪᠠᠶ᠋ᠢᠷᠢᠯᠠᠭᠤᠯᠤᠯᠲᠠ ᠬᠢᠵᠦ᠂ 2030 ᠣᠨ ᠪᠣᠯᠬᠤ᠎ᠳᠤ ᠪᠦᠬᠦ ᠣᠷᠣᠨ᠎ᠤ ᠨᠢᠭᠡ ᠴᠣᠭᠴᠠᠵᠢᠭᠤᠯᠬᠤ ᠢᠨᠵᠧᠨᠧᠷᠢᠩ᠎ᠤᠨ ᠰᠢᠨ᠎ᠡ ᠡᠨᠧᠷᠭᠢ ᠵᠢᠨ ᠮᠠᠰᠢᠨ ᠴᠣᠭᠴᠠᠯᠠᠪᠤᠷᠢ ᠵᠢ 1.19 ᠳ᠋ᠦᠩᠰᠢᠭᠤᠷ ᠺᠢᠯᠣᠸᠠᠲ᠎ᠲᠤ ᠬᠦᠷᠭᠡᠵᠦ᠂ 1151 ᠲᠦᠮᠡᠨ ᠮᠦ᠍ ᠡᠯᠡᠰᠦᠷᠬᠡᠭᠵᠢᠭᠰᠡᠨ ᠭᠠᠵᠠᠷ᠎ᠢ ᠶᠡᠷᠦᠩᠬᠡᠶ᠋ᠢᠯᠡᠨ ᠵᠠᠰᠠᠬᠤ᠎ᠪᠠᠷ ᠲᠥᠯᠥᠪᠵᠢᠭᠦᠯᠪᠡ᠃ ᠡᠭᠦᠨ᠎ᠳᠤ᠂ 2024 ᠣᠨ᠎ᠳᠠᠬᠢ ᠪᠥᠬᠦ ᠣᠷᠣᠨ᠎ᠤ ᠰᠢᠨ᠎ᠡ ᠡᠨᠧᠷᠭᠢ ᠵᠢᠨ ᠮᠠᠰᠢᠨ ᠴᠣᠭᠴᠠᠯᠠᠪᠤᠷᠢ ᠵᠢ 2727 ᠲᠦᠮᠡᠨ ᠺᠢᠯᠣᠸᠠᠲ᠎ᠲᠤ ᠬᠦᠷᠭᠡᠵᠦ᠂ 230 ᠲᠦᠮᠡᠨ ᠮᠦ᠍ ᠡᠯᠡᠰᠦᠷᠬᠡᠭᠵᠢᠭᠰᠡᠨ ᠭᠠᠵᠠᠷ᠎ᠤᠨ ᠵᠠᠰᠠᠯᠲᠠ ᠵᠢ ᠢᠵᠢ ᠪᠦᠷᠢᠳᠦᠭᠦᠯᠦᠨ ᠪᠡᠶᠡᠯᠡᠭᠦᠯᠬᠦ᠎ᠪᠠᠷ ᠲᠣᠳᠣᠷᠬᠠᠢ ᠲᠣᠭᠲᠠᠭ᠋ᠠᠪᠠ᠃
ᠨᠢᠭᠡ ᠴᠣᠭᠴᠠᠵᠢᠭᠤᠯᠬᠤ ᠢᠨᠵᠧᠨᠧᠷᠢᠩ᠎ᠢ ᠬᠡᠷᠡᠭᠵᠢᠭᠦᠯᠦᠭᠰᠡᠨ᠎ᠠᠴᠠ ᠨᠠᠭ᠋ᠠᠰᠢ᠂ ᠥᠪᠥᠷ ᠮᠣᠩᠭᠤᠯ᠎ᠤᠨ ᠡᠯ᠎ᠡ ᠭᠠᠵᠠᠷ᠎ᠤᠨ᠎ᠬᠢᠨ ᠨᠢᠭᠡᠨᠲᠡ ᠲᠦᠷᠦᠭᠦᠯᠡᠬᠦ ᠰᠢᠨ᠎ᠡ ᠡᠨᠧᠷᠭᠢ ᠵᠢᠨ 13 ᠠᠵᠤ ᠠᠬᠤᠶ᠋ᠢᠯᠠᠯ᠎ᠢ ᠰᠢᠯᠢᠳᠡᠭ ᠵᠶ᠋ᠠᠷ ᠦᠵᠡᠨ ᠰᠣᠩᠭᠤᠵᠤ᠂ ᠣᠶ᠋ᠢᠷ᠎ᠠ ᠬᠠᠪᠢ ᠵᠢᠨ ᠲᠤᠬᠠᠢ ᠵᠢᠨ ᠭᠠᠵᠠᠷ᠎ᠲᠤᠨᠢ ᠲᠣᠨᠤᠭ ᠲᠥᠬᠦᠭᠡᠷᠦᠮᠵᠢ ᠦᠢ᠍ᠯᠡᠳᠬᠦ 35 ᠠᠵᠤ ᠠᠬᠤᠶ᠋ᠢᠯᠠᠯ ᠵᠢᠴᠢ ᠠᠮᠢ ᠠᠬᠤᠢ ᠵᠢᠨ ᠵᠠᠰᠠᠯᠲᠠ ᠵᠢᠨ 12 ᠠᠵᠤ ᠠᠬᠤᠶ᠋ᠢᠯᠠᠯ᠎ᠯᠤᠭ᠎ᠠ ᠬᠤᠯᠪᠤᠭ᠋ᠠᠯᠠᠨ ᠬᠤᠯᠪᠣᠭ᠋ᠠᠲᠤ ᠴᠣᠭᠴᠠ ᠪᠠᠶ᠋ᠢᠭᠤᠯᠵᠤ᠂ ᠨᠢᠭᠡ ᠴᠣᠭᠴᠠᠵᠢᠭᠤᠯᠬᠤ ᠢᠨᠵᠧᠨᠧᠷᠢᠩ᠎ᠤᠨ ᠪᠦᠲᠦᠭᠡᠨ ᠪᠠᠶ᠋ᠢᠭᠤᠯᠤᠯᠲᠠ ᠵᠢ ᠳᠠᠭ᠋ᠠᠭ᠋ᠠᠨ ᠠᠪᠴᠤ᠂ ᠤᠯᠤᠰ᠎ᠤᠨ ᠦᠮᠴᠢᠯᠡᠯᠲᠦ ᠣᠶ ᠰᠢᠭᠤᠢ ᠵᠢᠨ ᠲᠠᠯᠠᠪᠠᠶ᠂ ᠲᠤᠰᠬᠠᠢ ᠬᠤᠷᠰᠢᠶ᠎ᠠ ᠵᠡᠷᠭᠡ ᠵᠢᠨ ᠢᠳᠡᠪᠬᠢᠲᠡᠢ ᠣᠷᠣᠯᠴᠠᠬᠤ ᠵᠢ ᠥᠷᠭᠡᠨ ᠵᠶ᠋ᠠᠷ ᠲᠠᠲᠠᠨ ᠠᠪᠴᠢᠷᠠᠵᠤ᠂ ᠨᠢᠭᠡ ᠴᠣᠭᠴᠠᠵᠢᠭᠤᠯᠬᠤ ᠢᠨᠵᠧᠨᠧᠷᠢᠩ᠎ᠤᠨ ᠪᠦᠲᠦᠭᠡᠨ ᠪᠠᠶ᠋ᠢᠭᠤᠯᠤᠯᠲᠠ ᠵᠢᠨ ᠬᠠᠯᠠᠭᠤᠨ ᠥᠷᠨᠢᠯᠲᠡ ᠵᠢ ᠪᠣᠶ ᠪᠣᠯᠭ᠋ᠠᠪᠠ᠃ ᠢᠨᠵᠧᠨᠧᠷᠢᠩ᠎ᠤᠨ ᠪᠦᠲᠦᠭᠡᠨ ᠪᠠᠶ᠋ᠢᠭᠤᠯᠤᠯᠲᠠ ᠵᠢᠨ ᠶᠠᠪᠤᠴᠠ᠎ᠳᠤ᠂ ᠥᠪᠥᠷ ᠮᠣᠩᠭᠤᠯ ᠮᠠᠯᠴᠢᠨ ᠲᠠᠷᠢᠶᠠᠴᠢᠳ᠎ᠤᠨ ᠣᠷᠣᠯᠴᠠᠬᠤ ᠲᠣᠭᠲᠠᠴᠠ ᠵᠢ ᠪᠠᠶ᠋ᠢᠭᠤᠯᠵᠤ᠂ ᠮᠠᠯᠴᠢᠨ ᠲᠠᠷᠢᠶᠠᠴᠢᠨ ᠵᠢᠴᠢ ᠬᠥᠳᠡᠭᠡ ᠲᠤᠰᠬᠤᠨ ᠮᠠᠯᠵᠢᠬᠤ ᠣᠷᠣᠨ᠎ᠤ ᠬᠠᠮᠲᠤ ᠵᠢᠨ ᠠᠵᠤ ᠠᠬᠤᠢ ᠵᠢᠨ ᠵᠣᠬᠢᠶᠠᠨ ᠪᠠᠶ᠋ᠢᠭᠤᠯᠤᠯᠲᠠ ᠵᠢᠨ ᠪᠡᠯᠡ ᠮᠥᠩᠭᠦ᠂ ᠭᠠᠵᠠᠷ ᠰᠢᠷᠣᠢ ᠵᠡᠷᠭᠡ ᠵᠢ ᠬᠤᠪᠢ ᠣᠷᠣᠬᠤ ᠬᠡᠯᠪᠡᠷᠢ᠎ᠪᠠᠷ ᠨᠢᠭᠡ ᠴᠣᠭᠴᠠᠵᠢᠭᠤᠯᠬᠤ ᠲᠥᠷᠥᠯ ᠵᠦᠢ᠍ᠯ᠎ᠳᠤ ᠣᠷᠣᠯᠴᠠᠬᠤ ᠵᠢ᠎ᠨᠢ ᠳᠡᠮᠵᠢᠵᠦ᠂ ᠡᠯ᠎ᠡ ᠭᠠᠵᠠᠷ᠎ᠢ ᠬᠥᠲᠥᠯᠥᠨ ᠵᠢᠯᠤᠭᠤᠳᠴᠤ ᠪᠠᠶ᠋ᠢᠭ᠋ᠠᠳ 《ᠬᠥᠳᠡᠯᠮᠦᠷᠢᠯᠡᠭᠦᠯᠬᠦ᠎ᠪᠠᠷ ᠲᠡᠳᠬᠦᠮᠵᠢ ᠵᠢ ᠣᠷᠣᠯᠠᠭᠤᠯᠬᠤ》 《ᠤᠷᠢᠳ ᠵᠶ᠋ᠠᠷ ᠪᠠᠶ᠋ᠢᠭᠤᠯᠵᠤ ᠳᠠᠷᠠᠭ᠎ᠠ᠎ᠨᠢ ᠨᠥᠬᠦᠪᠦᠷᠢᠯᠡᠬᠦ》 ᠵᠡᠷᠭᠡ ᠬᠡᠪ ᠵᠠᠭᠪᠤᠷ᠎ᠢ ᠰᠦᠪᠡᠭᠴᠢᠯᠡᠨ ᠥᠷᠨᠢᠭᠦᠯᠵᠦ ᠡᠯᠡᠰᠦᠷᠬᠡᠭᠵᠢᠭᠰᠡᠨ ᠭᠠᠵᠠᠷ᠎ᠢ ᠵᠠᠰᠠᠬᠤ ᠪᠠ ᠰᠡᠭᠦᠯᠴᠢ ᠬᠤᠭᠤᠴᠠᠭ᠋ᠠᠨ᠎ᠤ ᠬᠠᠮᠢᠶᠠᠷᠤᠯᠲᠠ ᠬᠠᠮᠠᠭ᠋ᠠᠯᠠᠯᠲᠠ᠎ᠳᠤ ᠣᠷᠣᠯᠴᠠᠭᠤᠯᠵᠤ᠂ ᠮᠠᠯᠴᠢᠨ ᠲᠠᠷᠢᠶᠠᠴᠢᠨ᠎ᠤ ᠣᠷᠣᠯᠭ᠎ᠠ ᠵᠢ ᠣᠯᠠᠨ ᠠᠷᠭ᠎ᠠ ᠵᠠᠮ ᠵᠶ᠋ᠠᠷ ᠨᠡᠮᠡᠭᠳᠡᠭᠦᠯᠪᠡ᠃
ᠨᠢᠭᠡ ᠴᠣᠭᠴᠠᠵᠢᠭᠤᠯᠬᠤ ᠢᠨᠵᠧᠨᠧᠷᠢᠩ᠎ᠨᠢ ᠡᠯᠡᠰᠦᠷᠬᠡᠭᠵᠢᠯ᠎ᠢ ᠰᠡᠷᠭᠡᠶ᠋ᠢᠯᠡᠵᠦ ᠡᠯᠡᠰᠦ ᠵᠢ ᠵᠠᠰᠠᠬᠤ ᠪᠠ ᠰᠢᠨ᠎ᠡ ᠡᠨᠧᠷᠭᠢ ᠵᠢᠨ ᠪᠦᠲᠦᠭᠡᠨ ᠪᠠᠶ᠋ᠢᠭᠤᠯᠤᠯᠲᠠ ᠵᠢ ᠨᠢᠭᠡ ᠴᠣᠭᠴᠠᠵᠢᠭᠤᠯᠵᠤ᠂ ᠠᠮᠢ ᠠᠬᠤᠢ ᠵᠢᠨ ᠵᠠᠰᠠᠯᠲᠠ ᠵᠢ ᠠᠬᠢᠭᠤᠯᠵᠤ ᠴᠢᠳᠠᠬᠤ᠎ᠪᠠᠷ ᠪᠠᠷᠠᠬᠤ ᠦᠭᠡᠢ ᠪᠠᠰᠠ ᠪᠣᠬᠢᠷᠳᠤᠯ ᠦᠭᠡᠢ ᠴᠠᠬᠢᠯᠭ᠋ᠠᠨ᠎ᠢ ᠢᠯᠡᠭᠦᠦ ᠭᠠᠷᠭ᠋ᠠᠵᠤ᠂ ᠪᠦᠲᠦᠮᠵᠢᠲᠡᠶ ᠪᠡᠯᠡ ᠣᠷᠣᠭᠤᠯᠤᠯᠲᠠ ᠵᠢ ᠦᠷᠭᠡᠳᠬᠡᠨ᠂ ᠮᠠᠯᠴᠢᠨ ᠲᠠᠷᠢᠶᠠᠴᠢᠳ᠎ᠤᠨ ᠣᠷᠣᠯᠭ᠎ᠠ ᠵᠢ ᠨᠡᠮᠡᠭᠳᠡᠭᠦᠯᠵᠦ᠂ ᠨᠣᠭᠤᠭ᠋ᠠᠷᠠᠭᠤᠯᠤᠯᠲᠠ ᠵᠢ ᠨᠡᠮᠡᠭᠳᠡᠭᠦᠯᠬᠦ᠂ ᠡᠨᠧᠷᠭᠢ ᠵᠢ ᠨᠡᠮᠡᠭᠳᠡᠭᠦᠯᠬᠦ᠂ ᠣᠷᠣᠯᠭ᠎ᠠ ᠵᠢ ᠨᠡᠮᠡᠭᠳᠡᠭᠦᠯᠬᠦ᠎ᠪᠠᠨ ᠨᠢᠭᠡᠳᠦᠯᠲᠡᠢ ᠲᠥᠯᠥᠪᠯᠡᠨ ᠠᠬᠢᠭᠤᠯᠬᠤ ᠵᠢ ᠪᠡᠶᠡᠯᠡᠭᠦᠯᠵᠦ᠂ 《ᠤᠮᠠᠷᠠᠲᠤ ᠵᠢᠨ ᠭᠤᠷᠪᠠᠨ ᠣᠷᠣᠨ》᠎ᠤ ᠢᠨᠵᠧᠨᠧᠷᠢᠩ᠎ᠤᠨ ᠪᠠᠰᠠ ᠨᠢᠭᠡᠨ ᠠᠮᠢᠳᠤᠯᠢᠭ ᠦᠢ᠍ᠯᠡᠳᠦᠯᠭᠡ ᠪᠣᠯᠤᠭᠰᠠᠨ ᠪᠠᠶ᠋ᠢᠨ᠎ᠠ᠃