ᠤᠯᠤᠰ᠎ᠤᠨ ᠣᠶ ᠰᠢᠭᠤᠶ ᠪᠠ ᠨᠤᠲᠤᠭ ᠪᠡᠯᠴᠢᠭᠡᠷ ᠨᠤᠭᠤ ᠭᠠᠵᠠᠷ᠎ᠢ ᠨᠡᠶ᠋ᠢᠳᠡᠮ ᠪᠠᠶ᠋ᠢᠴᠠᠭ᠋ᠠᠬᠤ ᠠᠵᠢᠯ᠎ᠤᠨ ᠪᠠᠶ᠋ᠢᠷᠢᠯᠠᠭᠤᠯᠤᠯᠲᠠ ᠶᠣᠰᠣᠭ᠋ᠠᠷ᠂ ᠮᠠᠨ᠎ᠤ ᠤᠷᠤᠨ ᠥᠯᠢᠭᠡᠷ ᠭᠠᠵᠠᠷ᠎ᠤᠨ ᠬᠢᠨᠠᠨ ᠬᠡᠮᠵᠢᠬᠦ ᠠᠵᠢᠯ᠎ᠢ ᠲᠦᠷᠭᠡᠨ ᠠᠬᠢᠭᠤᠯᠵᠤ᠂ ᠲᠠᠯ᠎ᠠ ᠨᠤᠲᠤᠭ᠎ᠤᠨ ᠡᠪᠡᠰᠦ ᠪᠡᠯᠴᠢᠭᠡᠷ᠎ᠤᠨ ᠨᠤᠭᠤᠭ᠋ᠠᠷᠠᠬᠤ ᠬᠤᠭᠤᠴᠠᠭ᠎ᠠ ᠣᠬᠤᠷ᠂ ᠵᠠᠮ ᠬᠠᠷᠢᠯᠴᠠᠭ᠎ᠠ ᠳᠦᠭᠦᠮ ᠦᠭᠡᠢ᠂ ᠡᠯᠡᠰᠤ ᠶᠡᠭᠡ ᠵᠡᠷᠭᠡ ᠬᠦᠴᠢᠷᠳᠡᠯ᠎ᠢ ᠢᠯᠡᠨ ᠳᠠᠪᠠᠵᠤ᠂ ᠣᠲᠣ ᠪᠣᠯᠲᠠᠯ᠎ᠠ᠂ 2024 ᠣᠨ᠎ᠳᠤ ᠤᠯᠤᠰ᠎ᠠᠴᠠ ᠪᠠᠭᠤᠯᠭ᠋ᠠᠭᠰᠠᠨ 11043 ᠬᠢᠨᠠᠨ ᠬᠡᠮᠵᠢᠬᠦ ᠡᠭᠦᠷᠭᠡ ᠵᠢ ᠨᠢᠭᠡᠨᠲᠡ ᠪᠦᠬᠦᠨ᠎ᠢ ᠪᠡᠶᠡᠯᠡᠭᠦᠯᠵᠦ᠂ ᠪᠥᠬᠦ ᠤᠯᠤᠰ᠎ᠤᠨ ᠶᠡᠷᠦᠩᠬᠡᠶ ᠡᠭᠦᠷᠭᠡ ᠵᠢᠨ 9.61% ᠵᠢ ᠡᠵᠡᠯᠡᠨ᠂ ᠪᠡᠶᠡᠯᠡᠭᠦᠯᠬᠦ ᠡᠭᠦᠷᠭᠡ ᠵᠢᠨ ᠬᠡᠮᠵᠢᠶ᠎ᠡ᠎ᠨᠢ ᠪᠥᠬᠦ ᠤᠯᠤᠰ᠎ᠤᠨ ᠲᠡᠷᠢᠭᠦᠨ᠎ᠳᠤ ᠵᠢᠭᠰᠠᠭ᠋ᠠᠭᠳᠠᠪᠠ᠃ ᠡᠭᠦᠨ᠎ᠳᠤ ᠤᠢ ᠰᠢᠭᠤᠢ ᠵᠢᠨ ᠦᠯᠢᠬᠡᠷ ᠭᠠᠵᠠᠷ 3227᠂ ᠨᠤᠲᠤᠭ ᠪᠡᠯᠴᠢᠭᠡᠷ᠎ᠤᠨ ᠬᠢᠨᠠᠨ ᠬᠡᠮᠵᠢᠯᠲᠡ ᠵᠢᠨ ᠦᠯᠢᠬᠡᠷ ᠭᠠᠵᠠᠷ 2965᠂ ᠨᠢᠭᠤᠴᠠ ᠦᠯᠢᠬᠡᠷ ᠭᠠᠵᠠᠷ 4240᠂ ᠨᠤᠭᠤ ᠭᠠᠵᠠᠷ᠎ᠤᠨ ᠦᠯᠢᠬᠡᠷ ᠭᠠᠵᠠᠷ 432᠂ ᠴᠦᠯᠯᠡᠷᠬᠡᠭᠵᠢᠭᠰᠡᠨ ᠦᠯᠢᠬᠡᠷ ᠭᠠᠵᠠᠷ 179 ᠪᠤᠢ᠃ ᠡᠨᠡ ᠵᠢᠯ᠎ᠤᠨ 4 ᠰᠠᠷ᠎ᠠ ᠵᠢᠨ ᠡᠬᠢ᠎ᠪᠠᠷ᠂ ᠪᠥᠬᠦ ᠣᠷᠣᠨ᠎ᠤ ᠥᠯᠢᠭᠡᠷ ᠭᠠᠵᠠᠷ᠎ᠤᠨ ᠬᠢᠨᠠᠨ ᠬᠡᠮᠵᠢᠯᠲᠡ ᠵᠢᠨ ᠠᠵᠢᠯ᠎ᠢ ᠪᠥᠬᠦ ᠲᠠᠯ᠎ᠠ᠎ᠪᠠᠷ ᠡᠬᠢᠯᠡᠭᠦᠯᠦᠭᠰᠡᠨ᠎ᠠᠴᠠ ᠨᠠᠭ᠋ᠠᠰᠢ᠂ ᠮᠡᠷᠭᠡᠵᠢᠯ᠎ᠤᠨ ᠵᠢᠯᠣᠭᠤᠳᠣᠯᠭ᠎ᠠ ᠪᠠ ᠶᠠᠰᠤ ᠴᠢᠨᠠᠷ᠎ᠤᠨ ᠡᠵᠡᠮᠳᠡᠯ᠎ᠢ ᠪᠥᠬᠦ ᠲᠠᠯ᠎ᠠ᠎ᠪᠠᠷ ᠴᠢᠩᠭ᠋ᠠᠳᠬᠠᠵᠦ᠂ ᠤᠯᠤᠰ᠎ᠤᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠬᠢᠨᠠᠨ ᠬᠡᠮᠵᠢᠬᠦ ᠲᠥᠯᠥᠪᠵᠢᠭᠦᠯᠭᠡ ᠵᠢᠨ ᠬᠦᠷᠢᠶᠡᠯᠡᠩ᠎ᠤᠨ ᠬᠠᠷᠢᠭᠤᠴᠠᠯᠭ᠋ᠠᠲᠠᠨ ᠨᠥᠬᠦᠳ ᠣᠯᠠᠨ ᠤᠳᠠᠭ᠎ᠠ ᠮᠠᠨ᠎ᠤ ᠣᠷᠣᠨ᠎ᠳᠤ ᠢᠷᠡᠵᠦ ᠲᠤᠬᠠᠶ ᠵᠢᠨ ᠲᠠᠯᠠᠪᠠᠶ᠎ᠳᠤ ᠪᠣᠯᠪᠠᠰᠤᠷᠠᠯ ᠵᠢᠯᠣᠭᠤᠳᠣᠯᠭ᠎ᠠ ᠬᠢᠵᠦ᠂ ᠥᠪᠡᠷᠲᠡᠭᠡᠨ ᠵᠠᠰᠠᠬᠤ ᠣᠷᠣᠨ᠎ᠤ ᠰᠢᠭᠤᠳ ᠬᠠᠷᠢᠶ᠎ᠠ ᠬᠢᠨᠠᠨ ᠬᠡᠮᠵᠢᠬᠦ ᠬᠤᠶᠠᠷ ᠬᠦᠷᠢᠶᠡᠯᠡᠩ ᠲᠤᠬᠠᠶ᠋ᠢᠯᠠᠭᠰᠠᠨ ᠠᠵᠢᠯ᠎ᠤᠨ ᠭᠤᠤᠯᠯᠠᠭᠴᠢ᠎ᠪᠠᠷ ᠪᠦᠷᠢᠯᠳᠦᠭᠰᠡᠨ ᠲᠤᠰᠬᠠᠶ ᠮᠡᠷᠭᠡᠵᠢᠯᠲᠡᠨ᠎ᠤ ᠳᠤᠭᠤᠶ᠋ᠢᠯᠠᠩ ᠭᠠᠷᠭ᠋ᠠᠨ ᠡᠯ᠎ᠡ ᠬᠤᠰᠢᠭᠤ ᠰᠢᠶᠠᠨ᠎ᠳᠤ ᠬᠦᠷᠴᠦ᠂ ᠲᠤᠬᠠᠶ ᠵᠢᠨ ᠭᠠᠵᠠᠷ᠎ᠤᠨ ᠪᠠᠶ᠋ᠢᠴᠠᠭ᠋ᠠᠯᠲᠠ ᠵᠢᠴᠢ 《ᠨᠢᠭᠡ ᠨᠢᠭᠡ᠎ᠪᠠᠷ ᠬᠠᠷᠠᠭ᠋ᠠᠯᠵᠠᠭᠰᠠᠨ》 ᠮᠠᠶᠢᠭ᠎ᠤᠨ ᠪᠥᠬᠦ ᠶᠠᠪᠤᠴᠠ ᠵᠢ ᠮᠥᠷᠳᠡᠨ ᠵᠢᠯᠣᠭᠤᠳᠬᠤ ᠠᠵᠢᠯ᠎ᠢ ᠥᠷᠨᠢᠭᠦᠯᠪᠡ; ᠪᠥᠬᠦ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠰᠢᠰᠲ᠋ᠧᠮ᠎ᠤᠨ ᠠᠵᠢᠯᠲᠠᠳ ᠬᠦᠴᠢᠷ ᠪᠡᠷᠬᠡᠰᠢᠶᠡᠯ᠎ᠠᠴᠠ ᠠᠶᠤᠬᠤ ᠥᠬᠡᠶ᠂ ᠮᠠᠨ᠎ᠤ ᠣᠷᠣᠨ᠎ᠤ ᠥᠯᠢᠭᠡᠷ ᠭᠠᠵᠠᠷ᠎ᠤᠨ ᠲᠠᠷᠬᠠᠯᠲᠠ ᠥᠷᠭᠡᠨ᠂ ᠬᠡᠭᠡᠷ᠎ᠡ ᠵᠢᠨ ᠪᠠᠶ᠋ᠢᠴᠠᠭ᠋ᠠᠯᠲᠠ ᠬᠠᠲᠠᠭᠤ ᠪᠡᠷᠬᠡ ᠵᠢᠴᠢ ᠬᠡᠰᠡᠭ ᠭᠠᠵᠠᠷ ᠣᠷᠣᠨ᠎ᠤ ᠪᠠᠶ᠋ᠢᠭ᠋ᠠᠯᠢ ᠵᠢᠨ ᠭᠠᠮᠰᠢᠭ ᠬᠦᠨᠳᠦ ᠨᠣᠴᠢᠲᠠᠶ ᠪᠠᠶ᠋ᠢᠬᠤ ᠵᠡᠷᠭᠡ ᠠᠰᠢᠭ ᠥᠬᠡᠶ ᠬᠦᠴᠦᠨ ᠵᠦᠢ᠍ᠯ᠎ᠢ ᠢᠯᠡᠨ ᠳᠠᠪᠠᠵᠤ᠂ ᠬᠠᠮᠤᠭ᠎ᠤᠨ ᠲᠦᠷᠭᠡᠨ ᠬᠤᠷᠳᠤᠴᠠ᠎ᠪᠠᠷ ᠪᠠᠶ᠋ᠢᠴᠠᠭ᠋ᠠᠨ ᠬᠡᠮᠵᠢᠬᠦ ᠠᠵᠢᠯ᠎ᠢ ᠪᠥᠬᠦ ᠬᠦᠴᠦᠨ ᠵᠶ᠋ᠠᠷ ᠵᠶ᠋ᠠᠨ ᠠᠬᠢᠭᠤᠯᠪᠠ᠃ ᠬᠢᠨᠠᠨ ᠬᠡᠮᠵᠢᠬᠦ ᠶᠠᠪᠤᠴᠠ᠎ᠳᠤ᠂ ᠵᠢᠯᠣᠭᠤᠴᠢ ᠦᠭᠡᠶ ᠨᠢᠰᠭᠡᠯ᠂ ᠥᠨᠳᠥᠷ ᠲᠣᠳᠣᠴᠠ᠎ᠲᠠᠢ ᠳᠦᠷᠰᠦ ᠰᠢᠩᠭᠡᠭᠡᠯᠲᠡ ᠵᠡᠷᠭᠡ ᠲᠡᠷᠢᠭᠦᠨ᠎ᠤ ᠮᠡᠷᠭᠡᠵᠢᠯ ᠪᠣᠯᠤᠨ ᠲᠥᠬᠦᠭᠡᠷᠦᠮᠵᠢ ᠵᠢᠨ ᠬᠠᠪᠰᠤᠷᠤᠮᠵᠢ ᠪᠠᠶ᠋ᠢᠴᠠᠭ᠋ᠠᠯᠲᠠ ᠵᠢ ᠥᠷᠭᠡᠨ ᠵᠶ᠋ᠠᠷ ᠬᠡᠷᠡᠭᠯᠡᠵᠦ ᠢᠯᠡᠷᠬᠡᠶ ᠦᠷ᠎ᠡ ᠪᠦᠲᠦᠮᠵᠢ ᠣᠯᠤᠭᠰᠠᠨ ᠪᠠᠶ᠋ᠢᠨ᠎ᠠ᠃