ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠳᠤᠰᠬᠠᠢ ᠮᠡᠳᠡᠭᠡᠯᠡᠯ
ᠲᠥᠪ᠎ᠤᠨ ᠴᠡᠷᠢᠭ᠎ᠤᠨ ᠶᠠᠪᠤᠳᠠᠯ᠎ᠤᠨ ᠬᠤᠷᠢᠶ᠎ᠠ ᠬᠤᠷᠠᠩᠳᠠ ᠭ᠋ᠸᠨ᠋ᠸᠷᠡᠯ᠎ᠤᠨ ᠴᠡᠷᠢᠭ᠎ᠤᠨ ᠴᠣᠯᠠ ᠳᠡᠪᠰᠢᠭᠦᠯᠬᠦ ᠶᠣᠰᠣᠯᠠᠯ ᠶᠠᠪᠤᠭᠤᠯᠵᠠᠢ
ᠨᠡᠶ᠋ᠢᠲᠡᠯᠡᠭᠰᠡᠨ ᠴᠠᠭ᠄ 2024-12-25


   ᠲᠥᠪ᠎ᠤᠨ ᠴᠡᠷᠢᠭ᠎ᠤᠨ ᠶᠠᠪᠤᠳᠠᠯ᠎ᠤᠨ ᠬᠤᠷᠢᠶ᠎ᠠ ᠬᠤᠷᠠᠩᠳᠠ ᠭ᠋ᠸᠨ᠋ᠸᠷᠡᠯ᠎ᠤᠨ ᠴᠡᠷᠢᠭ᠎ᠤᠨ ᠴᠣᠯᠠ ᠳᠡᠪᠰᠢᠭᠦᠯᠬᠦ ᠶᠣᠰᠣᠯᠠᠯ ᠶᠠᠪᠤᠭᠤᠯᠪᠠ 
   ᠰᠢ ᠵᠢᠨ ᠫᠢᠩ ᠵᠠᠷᠯᠢᠭ᠎ᠤᠨ ᠪᠢᠴᠢᠭ ᠣᠯᠭᠣᠭᠰᠠᠨ ᠪᠥᠭᠡᠳ ᠴᠣᠯᠠ ᠳᠡᠪᠰᠢᠭᠰᠡᠨ ᠣᠹᠢᠼᠧᠷ᠎ᠲᠤ ᠪᠠᠶᠠᠷ ᠬᠦᠷᠭᠡᠪᠡ 



W020241224338434163023.jpg



   ᠰᠢᠨᠬᠤᠸᠠ ᠬᠣᠷᠢᠶᠠᠨ᠎ᠤ ᠪᠡᠭᠡᠵᠢᠩ᠎ᠤᠨ 12 ᠰᠠᠷ᠎ᠠ ᠵᠢᠨ 23᠎ᠤ ᠴᠠᠬᠢᠯᠭ᠋ᠠᠨ ᠮᠡᠳᠡᠭᠡ (ᠰᠤᠷᠪᠤᠯᠵᠢᠯᠠᠭᠴᠢ ᠮᠧᠢ ᠴᠠᠩ ᠸᠧᠢ) ᠲᠥᠪ᠎ᠤᠨ ᠴᠡᠷᠢᠭ᠎ᠤᠨ ᠶᠠᠪᠤᠳᠠᠯ᠎ᠤᠨ ᠬᠣᠷᠢᠶᠠᠨ᠎ᠤ ᠬᠤᠷᠠᠩᠳᠠ ᠭ᠋ᠸᠨ᠋ᠸᠷᠠᠯ᠎ᠤᠨ ᠴᠡᠷᠢᠭ᠎ᠤᠨ ᠴᠣᠯᠠ ᠳᠡᠪᠰᠢᠭᠦᠯᠬᠦ ᠶᠣᠰᠣᠯᠠᠯ 23᠎ᠤ ᠡᠳᠦᠷ ᠪᠡᠭᠡᠵᠢᠩ᠎ᠤᠨ ᠪᠠ ᠢ ᠶᠡᠬᠡ ᠠᠰᠠᠷ᠎ᠲᠤ ᠶᠠᠪᠤᠭᠳᠠᠪᠠ᠃ ᠲᠥᠪ᠎ᠤᠨ ᠴᠡᠷᠢᠭ᠎ᠤᠨ ᠶᠠᠪᠤᠳᠠᠯ᠎ᠤᠨ ᠬᠣᠷᠢᠶᠠᠨ᠎ᠤ ᠲᠡᠷᠢᠭᠦᠯᠡᠭᠴᠢ ᠰᠢ ᠵᠢᠨ ᠫᠢᠩ ᠴᠣᠯᠠ ᠳᠡᠪᠰᠢᠭᠦᠯᠬᠦ ᠶᠣᠰᠣᠯᠠᠯ᠎ᠳᠤ ᠣᠷᠣᠯᠴᠠᠪᠠ᠃ ᠲᠥᠪ᠎ᠤᠨ ᠴᠡᠷᠢᠭ᠎ᠤᠨ ᠶᠠᠪᠤᠳᠠᠯ᠎ᠤᠨ ᠬᠣᠷᠢᠶᠠᠨ᠎ᠤ ᠬᠤᠷᠠᠩᠳᠠ ᠭᠧᠨᠧᠷᠠᠯ᠎ᠤᠨ ᠴᠡᠷᠢᠭ᠎ᠤᠨ ᠴᠣᠯᠠ᠎ᠳᠤ ᠳᠡᠪᠰᠢᠭᠦᠯᠬᠦ ᠶᠣᠰᠣᠯᠠᠯ 12 ᠰᠠᠷ᠎ᠠ ᠵᠢᠨ 23᠎ᠤ ᠡᠳᠦᠷ ᠪᠡᠭᠡᠵᠢᠩ᠎ᠤᠨ ᠪᠠ ᠡᠢ ᠳᠣᠮᠤ ᠠᠰᠠᠷ᠎ᠲᠤ ᠶᠠᠪᠤᠭᠳᠠᠪᠠ᠃ ᠲᠥᠪ᠎ᠤᠨ ᠴᠡᠷᠢᠭ᠎ᠤᠨ ᠶᠠᠪᠤᠳᠠᠯ᠎ᠤᠨ ᠬᠣᠷᠢᠶᠠᠨ᠎ᠤ ᠲᠡᠷᠢᠭᠦᠯᠡᠭᠴᠢ ᠰᠢ ᠵᠢᠨ ᠫᠢᠩ ᠬᠤᠷᠠᠩᠳᠠ ᠭ᠋ᠸᠨ᠋ᠸᠷᠡᠯ᠎ᠤᠨ ᠴᠡᠷᠢᠭ᠎ᠤᠨ ᠴᠣᠯᠠ᠎ᠳᠤ ᠳᠡᠪᠰᠢᠭᠰᠡᠨ ᠬᠠᠭᠤᠷᠠᠢ ᠵᠠᠮ᠎ᠤᠨ ᠴᠡᠷᠢᠭ᠎ᠤᠨ ᠺᠣᠮᠢᠰᠰᠠᠷ ᠴᠧᠨ ᠬᠤᠢ᠎ᠳᠤ ᠵᠠᠷᠯᠢᠭ᠎ᠤᠨ ᠪᠢᠴᠢᠭ ᠭᠠᠷᠳᠠᠭᠤᠯᠪᠠ᠃ ᠰᠢᠨᠬᠤᠸᠠ ᠬᠣᠷᠢᠶᠠᠨ᠎ᠤ ᠰᠤᠷᠪᠤᠯᠵᠢᠯᠠᠭᠴᠢ ᠯᠢ ᠭᠠᠩ ᠰᠡᠭᠦᠳᠡᠷᠯᠡᠪᠡ᠃
   ᠦᠳᠡ ᠵᠢᠨ ᠡᠮᠦᠨᠡᠬᠢ 10 ᠴᠠᠭ᠎ᠤᠨ ᠦᠶ᠎ᠡ᠎ᠪᠠᠷ᠂ ᠴᠣᠯᠠ ᠳᠡᠪᠰᠢᠭᠦᠯᠬᠦ ᠶᠣᠰᠣᠯᠠᠯ ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠰᠦᠷ ᠵᠢᠪᠬᠤᠯᠠᠩᠲᠤ ᠤᠯᠤᠰ᠎ᠤᠨ ᠰᠦᠯᠳᠡ ᠳᠠᠭᠤᠤ ᠵᠢᠨ ᠳᠤᠮᠳᠠ ᠡᠬᠢᠯᠡᠪᠡ᠃ ᠲᠥᠪ᠎ᠤᠨ ᠴᠡᠷᠢᠭ᠎ᠤᠨ ᠶᠠᠪᠤᠳᠠᠯ᠎ᠤᠨ ᠬᠣᠷᠢᠶᠠᠨ᠎ᠤ ᠳᠡᠳ᠋ ᠲᠡᠷᠢᠭᠦᠯᠡᠭᠴᠢ ᠵᠠᠩ ᠶᠢᠦ ᠰᠢᠶᠠ ᠲᠥᠪ᠎ᠤᠨ ᠴᠡᠷᠢᠭ᠎ᠤᠨ ᠶᠠᠪᠤᠳᠠᠯ᠎ᠤᠨ ᠬᠣᠷᠢᠶᠠᠨ᠎ᠤ ᠲᠡᠷᠢᠭᠦᠯᠡᠭᠴᠢ ᠰᠢ ᠵᠢᠨ ᠫᠢᠩ᠎ᠤᠨ ᠭᠠᠷ᠎ᠤᠨ ᠦᠰᠦᠭ ᠵᠢᠷᠤᠭᠰᠠᠨ ᠬᠤᠷᠠᠩᠳᠠ ᠭ᠋ᠸᠨ᠋ᠸᠷᠡᠯ᠎ᠤᠨ ᠴᠡᠷᠢᠭ᠎ᠤᠨ ᠴᠣᠯᠠ ᠳᠡᠪᠰᠢᠭᠦᠯᠬᠦ ᠵᠠᠷᠯᠢᠭ᠎ᠢ ᠤᠩᠰᠢᠨ ᠨᠡᠶ᠋ᠢᠲᠡᠯᠡᠪᠡ᠃ ᠲᠥᠪ᠎ᠤᠨ ᠴᠡᠷᠢᠭ᠎ᠤᠨ ᠶᠠᠪᠤᠳᠠᠯ᠎ᠤᠨ ᠬᠣᠷᠢᠶᠠᠨ᠎ᠤ ᠳᠡᠳ᠋ ᠲᠡᠷᠢᠭᠦᠯᠡᠭᠴᠢ ᠾᠧ ᠸᠧᠢ ᠳ᠋ᠦᠩ ᠴᠣᠯᠠ ᠳᠡᠪᠰᠢᠭᠦᠯᠬᠦ ᠶᠣᠰᠣᠯᠠᠯ᠎ᠢ ᠡᠷᠬᠢᠯᠡᠪᠡ᠃ ᠰᠢ ᠵᠢᠨ ᠫᠢᠩ ᠬᠤᠷᠠᠩᠳᠠ ᠭ᠋ᠸᠨ᠋ᠸᠷᠡᠯ᠎ᠤᠨ ᠴᠡᠷᠢᠭ᠎ᠤᠨ ᠴᠣᠯᠠ᠎ᠳᠤ ᠳᠡᠪᠰᠢᠭᠰᠡᠨ ᠬᠠᠭᠤᠷᠠᠢ ᠵᠠᠮ᠎ᠤᠨ ᠴᠡᠷᠢᠭ᠎ᠤᠨ ᠺᠣᠮᠢᠰᠰᠠᠷ ᠴᠧᠨ ᠬᠤᠢ᠎ᠳᠤ ᠵᠠᠷᠯᠢᠭ᠎ᠤᠨ ᠪᠢᠴᠢᠭ ᠭᠠᠷᠳᠠᠭᠤᠯᠵᠤ᠂ ᠪᠠᠶᠠᠷ ᠬᠦᠷᠭᠡᠵᠦ ᠪᠠᠶ᠋ᠢᠬᠤ᠎ᠪᠠᠨ ᠢᠯᠡᠳᠬᠡᠪᠡ᠃ ᠬᠤᠷᠠᠩᠳᠠ ᠭ᠋ᠸᠨ᠋ᠸᠷᠡᠯ᠎ᠤᠨ ᠴᠡᠷᠢᠭ᠎ᠤᠨ ᠴᠣᠯᠠ ᠵᠡᠭᠦᠭᠰᠡᠨ ᠴᠧᠨ ᠬᠤᠢ ᠰᠢ ᠵᠢᠨ ᠫᠢᠩ᠎ᠳᠤ ᠶᠣᠰᠣᠯᠠᠵᠤ᠂ ᠶᠣᠰᠣᠯᠠᠯ᠎ᠳᠤ ᠣᠷᠣᠯᠴᠠᠭᠰᠠᠨ ᠪᠦᠬᠦ ᠨᠥᠬᠥᠳ᠎ᠲᠤ ᠶᠣᠰᠣᠯᠠᠭᠰᠠᠨ᠎ᠳᠤ ᠲᠠᠯᠠᠪᠠᠢ ᠳᠠᠶᠠᠭ᠋ᠠᠷ ᠨᠢᠵᠢᠭᠢᠨᠡᠲᠡᠯ᠎ᠡ ᠠᠯᠠᠭ᠎ᠠ ᠲᠠᠰᠢᠪᠠ᠃ ᠴᠣᠯᠠ ᠳᠡᠪᠰᠢᠭᠦᠯᠬᠦ ᠶᠣᠰᠣᠯᠠᠯ᠎ᠨᠢ ᠬᠠᠩᠭᠢᠨᠠᠮ᠎ᠠ ᠰᠠᠶ᠋ᠢᠬᠠᠨ ᠳᠤᠮᠳᠠᠳᠤ ᠤᠯᠤᠰ᠎ᠤᠨ ᠠᠷᠠᠳ᠎ᠤᠨ ᠴᠢᠯᠥᠭᠡᠯᠡᠬᠦ ᠴᠡᠷᠢᠭ᠎ᠤᠨ ᠴᠡᠷᠢᠭ᠎ᠤᠨ ᠳᠠᠭᠤᠤ ᠵᠢᠨ ᠠᠶᠠᠰ ᠳᠤᠮᠳᠠ ᠲᠡᠭᠦᠰᠪᠡ᠃ ᠲᠥᠪ᠎ᠤᠨ ᠴᠡᠷᠢᠭ᠎ᠤᠨ ᠶᠠᠪᠤᠳᠠᠯ᠎ᠤᠨ ᠬᠣᠷᠢᠶᠠᠨ᠎ᠤ ᠭᠡᠰᠢᠭᠦᠨ ᠯᠢᠦ ᠵᠧᠨ ᠯᠢ᠂ ᠵᠠᠩ ᠱᠧᠩ ᠮᠢᠨ᠂ ᠴᠡᠷᠢᠭ᠎ᠤᠨ ᠶᠠᠪᠤᠳᠠᠯ᠎ᠤᠨ ᠬᠣᠷᠢᠶᠠᠨ᠎ᠤ ᠪᠠᠶ᠋ᠢᠭᠤᠯᠭ᠎ᠠ ᠵᠢᠨ ᠡᠯ᠎ᠡ ᠰᠠᠯᠠᠭ᠎ᠠ ᠮᠥᠴᠢᠷ᠂ ᠪᠡᠭᠡᠵᠢᠩ᠎ᠳᠤ ᠰᠠᠭᠤᠭ᠎ᠠ ᠴᠡᠷᠢᠭ ᠠᠩᠬᠢ ᠵᠢᠨ ᠬᠣᠯᠪᠣᠭᠳᠠᠯ ᠪᠦᠬᠦᠢ ᠨᠢᠭᠡᠴᠢ ᠵᠢᠨ ᠭᠣᠣᠯ ᠬᠠᠷᠢᠭᠤᠴᠠᠯᠭ᠋ᠠᠲᠠᠨ ᠨᠥᠬᠥᠳ ᠴᠣᠯᠠ ᠳᠡᠪᠰᠢᠭᠦᠯᠬᠦ ᠶᠣᠰᠣᠯᠠᠯ᠎ᠳᠤ ᠣᠷᠣᠯᠴᠠᠪᠠ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠤᠢ ᠰᠢᠭᠤᠢ ᠪᠠ ᠨᠤᠳᠤᠭ ᠪᠡᠯᠴᠢᠭᠡᠷ᠎ᠤᠨ ᠲᠤᠪᠴᠢᠶ᠎ᠠ
          
ᠬᠠᠮᠢᠶ᠎ᠡ ᠪᠦᠬᠦᠢ ᠰᠣᠨᠢᠨ
2000 ᠲᠦᠮᠡᠨ ᠮᠦ᠍ ᠰᠢᠬᠠᠮ ᠡᠯᠡᠰᠦᠷᠬᠡᠭᠵᠢᠯ᠎ᠢ ᠰᠡᠷᠭᠡᠶ᠋ᠢᠯᠡᠨ ᠡᠯᠡᠰᠦ ᠵᠢ ᠵᠠᠰᠠᠪᠠ!
ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠡᠨᠧᠷᠭᠢ ᠵᠢᠨ ᠨᠡᠭᠦᠷᠡᠰᠦᠲᠥ᠋ᠷᠥᠭᠴᠢ ᠬᠤᠷᠠᠭᠤᠯᠬᠤ ᠪᠣᠬᠢᠷᠲᠤᠯ ᠥᠬᠡᠶ ᠬᠥᠭᠵᠢᠯᠲᠡ ᠵᠢᠨ ᠬᠠᠮᠲᠤᠷᠠᠯᠴᠠᠭ᠋ᠠᠨ᠎ᠤ ᠲᠣᠭᠲᠠᠴᠠ ᠵᠢ ᠡᠬᠢᠯᠡᠭᠦᠯᠪᠡ
ᠰᠦᠨ ᠱᠤᠤ ᠴᠧᠩ ᠣᠶ ᠰᠢᠭᠤᠢ ᠨᠤᠲᠤᠭ ᠪᠡᠯᠴᠢᠭᠡᠷ᠎ᠤᠨ ᠠᠵᠢᠯ᠎ᠤᠨ ᠪᠠᠶ᠋ᠢᠳᠠᠯ᠎ᠢ ᠪᠠᠶ᠋ᠢᠴᠠᠭ᠋ᠠᠨ ᠰᠤᠳᠤᠯᠪᠠ
ᠡᠬᠡ ᠤᠯᠤᠰ᠎ᠤᠨ ᠤᠮᠠᠷᠠᠲᠤ ᠬᠢᠯᠢ ᠵᠢᠨ ᠦᠵᠡᠮᠵᠢ ᠵᠢᠨ ᠣᠷᠣᠨ ᠵᠶ᠋ᠠᠨ ᠨᠡᠩ ᠦᠵᠡᠰᠬᠦᠯᠡᠩᠲᠦ ᠰᠠᠶ᠋ᠢᠬᠠᠨ ᠪᠣᠯᠭ᠋ᠠᠨ ᠪᠦᠳᠦᠭᠡᠨ ᠪᠠᠶ᠋ᠢᠭᠤᠯᠤᠶ᠎ᠠ
ᠥᠪᠥᠷ ᠮᠣᠩᠭᠣᠯ ᠡᠳᠦᠷ᠎ᠲᠤ ᠳᠤᠮᠳᠠᠴᠢ᠎ᠪᠠᠷ 6 ᠲᠦᠮᠡᠨ ᠮᠥ᠍ ᠡᠯᠡᠰᠦ ᠵᠢ ᠵᠠᠰᠠᠵᠤ ᠪᠤᠢ
 
             蒙ICP备05000248号