ᠰᠢ ᠵᠢᠨ ᠫᠢᠩ ᠶᠠᠷᠢᠶ᠎ᠠ ᠲᠠᠯᠪᠢᠪᠠ᠃ ᠨᠠᠮ᠎ᠤᠨ ᠲᠦᠪ ᠬᠤᠷᠢᠶ᠎ᠠ ᠪᠣᠯᠤᠨ ᠲᠦᠷᠦ ᠵᠢᠨ ᠶᠠᠪᠤᠳᠠᠯ᠎ᠤᠨ ᠬᠣᠷᠢᠶᠠᠨ᠎ᠤ ᠡᠮᠦᠨ᠎ᠡ᠎ᠠᠴᠠ ᠪᠦᠬᠦ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠂ ᠰᠢᠶᠠᠩᠭ᠋ᠠᠩ ᠣᠨᠴᠠᠭ᠋ᠠᠢ ᠵᠠᠰᠠᠭ ᠵᠠᠬᠢᠷᠭ᠋ᠠᠨ᠎ᠤ ᠣᠷᠣᠨ᠎ᠤ ᠠᠬ᠎ᠠ ᠳᠡᠭᠦᠦ ᠨᠡᠷ᠂ ᠣᠣᠮᠧᠨ ᠣᠨᠴᠠᠭ᠋ᠠᠢ ᠵᠠᠰᠠᠭ ᠵᠠᠬᠢᠷᠭ᠋ᠠᠨ᠎ᠤ ᠣᠷᠣᠨ᠎ᠤ ᠠᠬ᠎ᠠ ᠳᠡᠭᠦᠦ ᠨᠡᠷ᠂ ᠲᠠᠶ᠋ᠢᠸᠠᠨ᠎ᠤ ᠠᠬ᠎ᠠ ᠳᠡᠭᠦᠦ ᠨᠡᠷ ᠪᠣᠯᠤᠨ ᠭᠠᠳᠠᠭ᠋ᠠᠳᠤ᠎ᠳᠤ ᠪᠠᠶ᠋ᠢᠭ᠎ᠠ ᠬᠠᠷᠢᠶᠠᠲᠤ ᠠᠬ᠎ᠠ ᠳᠡᠭᠦᠦ ᠨᠡᠷ᠎ᠲᠤ ᠰᠢᠨ᠎ᠡ ᠵᠢᠨ ᠮᠡᠨᠳᠦ ᠬᠦᠷᠭᠡᠵᠡᠢ᠃
ᠯᠢ ᠴᠢᠶᠠᠩ ᠬᠤᠷᠠᠯ᠎ᠢ ᠡᠷᠬᠢᠯᠡᠵᠦ ᠵᠤᠤ ᠯᠸ ᠵᠢᠢ ᠸᠠᠩ ᠬᠤ᠌ ᠨᠢᠩ ᠼᠠᠢ ᠴᠢ ᠳ᠋ᠢᠩ ᠰᠢᠤᠸᠠᠢ ᠰᠢᠶᠠᠩ ᠯᠢ ᠰᠢ ᠬᠠᠨ ᠵᠧᠩ ᠣᠷᠣᠯᠴᠠᠪᠠ᠃

ᠰᠠᠷ᠎ᠠ ᠵᠢᠨ 8᠎ᠤ ᠡᠳᠦᠷ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶ᠎ᠠ ᠪᠡᠭᠡᠵᠢᠩ᠎ᠤᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ 2024 ᠣᠨ᠎ᠤ ᠴᠠᠭ᠋ᠠᠨ ᠰᠠᠷ᠎ᠠ ᠵᠢᠨ ᠬᠠᠮᠲᠤ ᠵᠢᠨ ᠵᠣᠯᠭ᠋ᠠᠯᠲᠠ ᠬᠢᠪᠠ᠃ ᠨᠠᠮ᠎ᠤᠨ ᠲᠥᠪ ᠬᠣᠷᠢᠶᠠᠨ᠎ᠤ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠤᠨ ᠴᠡᠷᠢᠭ᠎ᠤᠨ ᠶᠠᠪᠤᠳᠠᠯ᠎ᠤᠨ ᠬᠣᠷᠢᠶᠠᠨ᠎ᠤ ᠲᠡᠷᠢᠭᠦᠯᠡᠭᠴᠢ ᠰᠢ ᠵᠢᠨ ᠫᠢᠩ ᠶᠠᠷᠢᠶ᠎ᠠ ᠲᠠᠯᠪᠢᠪᠠ᠃ ᠰᠢᠨᠬᠤᠸᠠ ᠬᠣᠷᠢᠶᠠᠨ᠎ᠤ ᠰᠤᠷᠪᠤᠯᠵᠢᠯᠠᠭᠴᠢ ᠵᠢᠤᠢ ᠫᠸᠩ ᠰᠡᠭᠦᠳᠡᠷᠯᠡᠪᠡ᠃
ᠰᠢᠨᠬᠤᠸᠠ ᠬᠣᠷᠢᠶᠠᠨ᠎ᠤ ᠪᠡᠭᠡᠵᠢᠩ᠎ᠤᠨ 2 ᠰᠠᠷ᠎ᠠ ᠵᠢᠨ 8᠎ᠤ ᠡᠳᠦᠷ᠎ᠤᠨ ᠮᠡᠳᠡᠭᠡ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶ᠎ᠠ 8᠎ᠤ ᠡᠳᠦᠷ᠎ᠤᠨ ᠦᠳᠡ ᠵᠢᠨ ᠡᠮᠦᠨ᠎ᠡ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ 2024 ᠣᠨ᠎ᠤ ᠴᠠᠭ᠋ᠠᠨ ᠰᠠᠷ᠎ᠠ ᠵᠢᠨ ᠬᠠᠮᠲᠤ ᠵᠢᠨ ᠵᠣᠯᠭ᠋ᠠᠯᠲᠠ ᠬᠢᠪᠠ᠃
ᠨᠠᠮ᠎ᠤᠨ ᠲᠥᠪ ᠬᠣᠷᠢᠶᠠᠨ᠎ᠤ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠥᠪ᠎ᠤᠨ ᠴᠡᠷᠢᠭ᠎ᠤᠨ ᠶᠠᠪᠤᠳᠠᠯ᠎ᠤᠨ ᠬᠣᠷᠢᠶᠠᠨ᠎ᠤ ᠲᠡᠷᠢᠭᠦᠯᠡᠭᠴᠢ ᠰᠢ ᠵᠢᠨ ᠫᠢᠩ ᠶᠠᠷᠢᠶ᠎ᠠ ᠲᠠᠯᠪᠢᠵᠤ᠂ ᠨᠠᠮ᠎ᠤᠨ ᠲᠥᠪ ᠬᠤᠷᠢᠶ᠎ᠠ ᠪᠣᠯᠤᠨ ᠲᠦᠷᠦ ᠵᠢᠨ ᠶᠠᠪᠤᠳᠠᠯ᠎ᠤᠨ ᠬᠣᠷᠢᠶᠠᠨ᠎ᠤ ᠡᠮᠦᠨ᠎ᠡ᠎ᠠᠴᠠ ᠪᠦᠬᠦ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠂ ᠰᠢᠶᠠᠩᠭ᠋ᠠᠩ ᠣᠨᠴᠠᠭ᠋ᠠᠢ ᠵᠠᠰᠠᠭ ᠵᠠᠬᠢᠷᠭ᠋ᠠᠨ᠎ᠤ ᠣᠷᠣᠨ᠎ᠤ ᠠᠬ᠎ᠠ ᠳᠡᠭᠦᠦ ᠨᠡᠷ᠂ ᠣᠣᠮᠧᠨ ᠣᠨᠴᠠᠭ᠋ᠠᠢ ᠵᠠᠰᠠᠭ ᠵᠠᠬᠢᠷᠭ᠋ᠠᠨ᠎ᠤ ᠣᠷᠣᠨ᠎ᠤ ᠠᠬ᠎ᠠ ᠳᠡᠭᠦᠦ ᠨᠡᠷ᠂ ᠲᠠᠶ᠋ᠢᠸᠠᠨ᠎ᠤ ᠠᠬ᠎ᠠ ᠳᠡᠭᠦᠦ ᠨᠡᠷ ᠪᠣᠯᠤᠨ ᠭᠠᠳᠠᠭ᠋ᠠᠳᠤ᠎ᠳᠤ ᠪᠠᠶ᠋ᠢᠭ᠎ᠠ ᠬᠠᠷᠢᠶᠠᠲᠤ ᠠᠬ᠎ᠠ ᠳᠡᠭᠦᠦ ᠨᠡᠷ᠎ᠲᠤ ᠰᠢᠨ᠎ᠡ ᠵᠢᠨ ᠮᠡᠨᠳᠦ ᠬᠦᠷᠭᠡᠵᠡᠢ᠃

ᠰᠢ ᠵᠢᠨ ᠫᠢᠩ᠂ ᠤᠳᠠᠯ ᠦᠭᠡᠢ ᠥᠩᠭᠡᠷᠡᠬᠦ ᠭᠡᠵᠦ ᠪᠠᠶ᠋ᠢᠭ᠎ᠠ ᠬᠠᠷᠠᠭᠴᠢᠨ ᠲᠠᠤᠯᠠᠢ ᠵᠢᠯ ᠪᠣᠯ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠲᠤᠭᠤᠰᠢᠯᠠᠭᠤᠯᠬᠤ ᠡᠬᠢᠯᠡᠯᠲᠡ ᠵᠢᠨ ᠵᠢᠯ ᠪᠣᠯᠤᠨ᠎ᠠ᠃ ᠶᠡᠷᠦ ᠪᠤᠰᠤ ᠵᠢᠨ ᠨᠠᠷᠢᠨ ᠪᠤᠳᠤᠯᠢᠶᠠᠨᠲᠠᠢ ᠳᠡᠯᠡᠬᠡᠢ ᠵᠢᠨ ᠣᠷᠴᠢᠨ ᠲᠣᠭᠣᠷᠢᠨ ᠪᠣᠯᠤᠨ ᠪᠡᠷᠬᠡ ᠬᠠᠲᠠᠭᠤᠵᠢᠯᠲᠠᠢ ᠨᠦᠰᠡᠷ ᠬᠦᠨᠳᠦ ᠥᠭᠡᠷᠡᠴᠢᠯᠡᠯᠲᠡ ᠬᠥᠭᠵᠢᠯᠲᠡ ᠵᠢᠨ ᠡᠭᠦᠷᠭᠡ ᠵᠢᠨ ᠡᠮᠦᠨ᠎ᠡ᠂ ᠪᠢᠳᠡ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠪᠠᠷ ᠰᠡᠳᠬᠢᠯ ᠵᠶ᠋ᠠᠨ ᠨᠢᠭᠡᠳᠬᠡᠨ ᠬᠦᠴᠦ᠎ᠪᠠᠨ ᠬᠠᠮᠲᠤᠳᠬᠠᠵᠤ᠂ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠬᠣᠶᠠᠷ ᠶᠡᠬᠡ ᠲᠠᠯ᠎ᠠ ᠵᠢ ᠨᠢᠭᠡᠳᠦᠯᠲᠡᠢ ᠲᠥᠯᠥᠪᠵᠢᠭᠦᠯᠵᠦ᠂ ᠡᠷᠡᠯᠬᠡᠭᠯᠡᠨ ᠲᠡᠮᠡᠴᠡᠵᠦ᠂ ᠡᠷᠡᠮᠡᠬᠡᠶ᠋ᠢᠯᠡᠨ ᠤᠷᠤᠭᠰᠢᠯᠠᠵᠤ᠂ ᠤᠯᠠᠨ ᠵᠦᠢ᠍ᠯ᠎ᠤᠨ ᠬᠦᠴᠢᠷ ᠪᠡᠷᠬᠡᠰᠢᠶᠡᠯ ᠥᠷᠢᠰᠥᠯᠳᠦᠭᠡᠨ᠎ᠢ ᠢᠯᠠᠨ ᠳᠠᠪᠠᠵᠤ᠂ ᠨᠡᠶ᠋ᠢᠭᠡᠮ ᠵᠢᠷᠤᠮ᠎ᠤᠨ ᠣᠳᠣᠬᠢᠴᠢᠯᠠᠭᠰᠠᠨ ᠤᠯᠤᠰ᠎ᠢ ᠪᠦᠬᠦ ᠲᠠᠯ᠎ᠠ᠎ᠪᠠᠷ ᠪᠦᠳᠦᠭᠡᠨ ᠪᠠᠶ᠋ᠢᠭᠤᠯᠬᠤ ᠰᠢᠨ᠎ᠡ ᠠᠶᠠᠨ᠎ᠳᠠᠭᠠᠨ ᠯᠠᠪᠳᠠᠭᠤᠨ ᠪᠠᠲᠤᠲᠠᠢ ᠤᠷᠤᠭᠰᠢᠯᠠᠪᠠ᠃
ᠯᠢ ᠴᠢᠶᠠᠩ ᠬᠠᠮᠲᠤ ᠵᠢᠨ ᠵᠣᠯᠭ᠋ᠠᠯᠲᠠ ᠵᠢ ᠡᠷᠬᠢᠯᠡᠵᠦ᠂ ᠵᠤᠤ ᠯᠸ ᠵᠢᠢ᠂ ᠸᠠᠩ ᠬᠤ᠌ ᠨᠢᠩ᠂ ᠼᠠᠢ ᠴᠢ᠂ ᠳ᠋ᠢᠩ ᠰᠢᠤᠸᠠᠢ ᠰᠢᠶᠠᠩ᠂ ᠯᠢ ᠰᠢ᠂ ᠬᠠᠨ ᠵᠧᠩ ᠨᠡᠷ ᠣᠷᠣᠯᠴᠠᠪᠠ᠃

ᠠᠷᠠᠳ᠎ᠤᠨ ᠶᠡᠬᠡ ᠬᠤᠷᠠᠯ᠎ᠤᠨ ᠲᠠᠩᠬᠢᠮ᠎ᠤᠨ ᠳᠠᠶ᠋ᠢᠯᠠᠯᠭ᠎ᠠ ᠵᠢᠨ ᠲᠢᠩᠬᠢᠮ᠎ᠳᠤ ᠳ᠋ᠧᠩ᠎ᠤᠨ ᠬᠡᠷᠡᠯ ᠳᠤᠸᠠᠯᠠᠵᠤ᠂ ᠪᠠᠶᠠᠷ ᠪᠠᠬᠠᠳᠤᠯ ᠵᠶ᠋ᠠᠷ ᠪᠢᠯᠬᠠᠵᠤ᠂ ᠡᠯ᠎ᠡ ᠡᠲᠡᠭᠡᠳ᠎ᠤᠨ ᠬᠥᠮᠦᠰ ᠨᠢᠭᠡ ᠲᠠᠩᠬᠢᠮ᠎ᠳᠤ ᠴᠤᠭᠯᠠᠷᠠᠵᠤ᠂ ᠬᠠᠮᠲᠤ᠎ᠪᠠᠷ ᠴᠠᠭ᠋ᠠᠨ ᠰᠠᠷ᠎ᠠ ᠵᠢ ᠤᠭᠲᠤᠵᠤ᠂ ᠲᠤᠬᠠᠶ ᠵᠢᠨ ᠲᠠᠯᠠᠪᠠᠶ᠎ᠳᠤ ᠪᠠᠶᠠᠷ᠎ᠤᠨ ᠡᠳᠦᠷ᠎ᠤᠨ ᠠᠭᠤᠷ ᠠᠮᠢᠰᠬᠤᠯ ᠵᠶ᠋ᠠᠷ ᠪᠢᠯᠬᠠᠵᠤ ᠪᠠᠶ᠋ᠢᠯ᠎ᠠ᠃ ᠦᠳᠡ ᠵᠢᠨ ᠡᠮᠦᠨᠡᠬᠢ 10 ᠴᠠᠭ᠎ᠤᠨ ᠦᠶ᠎ᠡ᠎ᠪᠠᠷ᠂ ᠪᠠᠶᠠᠰᠬᠤᠯᠠᠩᠲᠤ ᠰᠠᠶ᠋ᠢᠬᠠᠨ ᠬᠥᠭᠵᠢᠮ᠎ᠤᠨ ᠠᠶᠠᠰ ᠳᠤᠮᠳᠠ᠂ ᠰᠢ ᠵᠢᠨ ᠫᠢᠩ ᠵᠡᠷᠭᠡ ᠨᠠᠮ ᠪᠣᠯᠤᠨ ᠲᠦᠷᠦ ᠵᠢᠨ ᠤᠳᠤᠷᠢᠳᠬᠤ ᠬᠥᠮᠦᠰ ᠶᠡᠬᠡ ᠲᠢᠩᠬᠢᠮ᠎ᠳᠤ ᠠᠯᠬᠤᠨ ᠣᠷᠣᠵᠤ᠂ ᠤᠯᠠᠨ᠎ᠤ ᠵᠦᠭ ᠭᠠᠷ ᠳᠠᠯᠠᠯᠤᠨ ᠮᠡᠨᠳᠦᠴᠢᠯᠡᠵᠦ᠂ ᠤᠯᠠᠨ᠎ᠲᠠᠢ ᠬᠠᠷᠢᠯᠴᠠᠨ ᠮᠡᠨᠳᠦᠴᠢᠯᠡᠵᠦ᠂ ᠴᠠᠭ᠋ᠠᠨ ᠰᠠᠷ᠎ᠠ ᠵᠢ ᠵᠥᠩᠨᠡᠬᠦ᠎ᠳᠤ ᠲᠠᠯᠠᠪᠠᠢ ᠳᠠᠶᠠᠭ᠋ᠠᠷ ᠨᠢᠵᠢᠭᠢᠨᠡᠲᠡᠯ᠎ᠡ ᠠᠯᠠᠭ᠎ᠠ ᠲᠠᠰᠢᠪᠠ᠃

2 ᠰᠠᠷ᠎ᠠ ᠵᠢᠨ 8᠎ᠤ ᠡᠳᠦᠷ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶ᠎ᠠ ᠪᠡᠭᠡᠵᠢᠩ᠎ᠤᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ 2024 ᠣᠨ᠎ᠤ ᠴᠠᠭ᠋ᠠᠨ ᠰᠠᠷ᠎ᠠ ᠵᠢᠨ ᠬᠠᠮᠲᠤ ᠵᠢᠨ ᠵᠣᠯᠭ᠋ᠠᠯᠲᠠ ᠬᠢᠪᠠ᠃ ᠵᠢᠷᠤᠭ ᠪᠣᠯ ᠰᠢ ᠵᠢᠨ ᠫᠢᠩ ᠵᠡᠷᠭᠡ ᠨᠠᠮ ᠪᠠ ᠲᠥᠷᠥ ᠵᠢᠨ ᠤᠳᠤᠷᠢᠳᠬᠤ ᠬᠥᠮᠦᠰ ᠣᠯᠠᠨ᠎ᠲᠠᠢ ᠭᠠᠷ ᠳᠠᠯᠠᠯᠤᠨ ᠮᠡᠨᠳᠦᠴᠢᠯᠡᠵᠦ ᠪᠠᠶ᠋ᠢᠭ᠎ᠠ᠎ᠨᠢ᠃ ᠰᠢᠨᠬᠤᠸᠠ ᠬᠣᠷᠢᠶᠠᠨ᠎ᠤ ᠰᠤᠷᠪᠤᠯᠵᠢᠯᠠᠭᠴᠢ ᠵᠢᠤᠢ ᠫᠸᠩ ᠰᠡᠭᠦᠳᠡᠷᠯᠡᠪᠡ᠃
ᠰᠢ ᠵᠢᠨ ᠫᠢᠩ ᠶᠠᠷᠢᠶᠠᠨ᠎ᠳᠠᠭᠠᠨ᠂ ᠨᠢᠭᠡ ᠵᠢᠯ᠎ᠤᠨ ᠲᠤᠷᠰᠢ᠂ ᠪᠢᠳᠡ ᠰᠢᠨ᠎ᠡ ᠬᠥᠭᠵᠢᠯᠲᠡ ᠵᠢᠨ ᠣᠶ᠋ᠢᠯᠠᠭ᠋ᠠᠭᠳᠠᠬᠤᠨ᠎ᠢ ᠪᠥᠬᠥ ᠲᠠᠯ᠎ᠠ᠎ᠪᠠᠷ ᠲᠤᠭᠤᠰᠢᠯᠠᠭᠤᠯᠵᠤ᠂ ᠲᠣᠭᠲᠠᠭᠤᠨ᠎ᠤ ᠳᠤᠮᠳᠠ ᠤᠷᠤᠭᠰᠢᠯᠠᠨ ᠳᠠᠪᠰᠢᠬᠤ ᠠᠵᠢᠯ᠎ᠤᠨ ᠶᠡᠷᠦᠩᠬᠡᠶ ᠬᠥᠭ ᠠᠶᠠᠰ᠎ᠢ ᠪᠠᠷᠢᠮᠲᠠᠯᠠᠵᠤ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠠᠵᠢᠯ᠎ᠤᠨ ᠰᠢᠯᠵᠢᠯᠲᠡ ᠵᠢᠨ ᠬᠡᠰᠡᠭ᠎ᠢ ᠡᠷᠡᠰ ᠰᠢᠭᠤᠷᠬᠠᠶ ᠬᠡᠷᠡᠭᠵᠢᠭᠦᠯᠵᠦ᠂ ᠠᠵᠤ ᠠᠬᠤᠶ ᠵᠢᠨ ᠰᠡᠷᠭᠦᠯᠲᠡ ᠬᠥᠭᠵᠢᠯᠲᠡ ᠵᠢ ᠠᠬᠢᠭᠤᠯᠵᠤ᠂ ᠠᠵᠤ ᠠᠬᠤᠶ ᠵᠢᠨ ᠶᠡᠷᠦᠩᠬᠡᠶ ᠬᠡᠮᠵᠢᠶ᠎ᠡ 126 ᠲᠦᠮᠡᠨ ᠳ᠋ᠦᠩᠰᠢᠭᠤᠷ ᠲᠥᠭᠥᠷᠢᠭ᠎ᠢ ᠳᠠᠪᠠᠵᠤ᠂ ᠠᠮᠤ ᠪᠤᠳᠠᠭ᠋ᠠᠨ᠎ᠤ ᠶᠡᠷᠦᠩᠬᠡᠶ ᠤᠨᠠᠯᠲᠠ ᠳᠠᠬᠢᠨᠲᠠ ᠰᠢᠨ᠎ᠡ ᠲᠡᠮᠳᠡᠭᠯᠡᠯ᠎ᠢ ᠡᠭᠦᠳᠴᠦ᠂ ᠠᠵᠢᠯ ᠣᠯᠭᠣᠯᠲᠠ᠂ ᠪᠠᠷᠠᠭ᠋ᠠᠨ᠎ᠤ ᠦᠨ᠎ᠡ ᠶᠡᠷᠦᠩᠬᠡᠶ᠎ᠳᠡᠭᠡᠨ ᠲᠣᠭᠲᠠᠭᠤᠨ ᠬ᠋ᠦᠭᠵᠢᠯᠲᠡᠲᠠᠢ ᠪᠠᠶ᠋ᠢᠭᠰᠠᠭ᠋ᠠᠷ᠃ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠲᠠᠯ᠎ᠠ᠎ᠪᠠᠷ ᠰᠢᠨ᠎ᠡ ᠰᠢᠪᠲᠤᠯᠤᠯᠲᠠ ᠭᠠᠷᠭ᠋ᠠᠵᠤ᠂ ᠰᠢᠨ᠎ᠡ ᠴᠢᠨᠠᠷ᠎ᠤᠨ ᠦᠢ᠍ᠯᠡᠳᠪᠦᠷᠢᠯᠡᠯ᠎ᠤᠨ ᠬᠦᠴᠦᠨ᠎ᠢ ᠲᠦᠷᠭᠡᠪᠴᠢᠯᠡᠨ ᠪᠤᠢ ᠪᠣᠯᠭ᠋ᠠᠪᠠ᠃ ᠥᠭᠡᠷᠡᠴᠢᠯᠡᠯᠲᠡ ᠨᠡᠭᠡᠭᠡᠯᠲᠡ ᠲᠠᠰᠤᠷᠠᠯᠲᠠ ᠦᠭᠡᠢ ᠭᠦᠨᠵᠡᠭᠡᠶ᠋ᠢᠷᠡᠵᠦ᠂ ᠰᠢᠨ᠎ᠡ ᠨᠢᠭᠡ ᠡᠭᠡᠯᠵᠢ ᠵᠢᠨ ᠨᠠᠮ ᠪᠣᠯᠤᠨ ᠲᠥᠷᠦ ᠵᠢᠨ ᠪᠠᠢ᠍ᠭᠤᠯᠤᠮᠵᠢ ᠵᠢᠨ ᠥᠭᠡᠷᠡᠴᠢᠯᠡᠯᠲᠡ ᠦᠨᠳᠦᠰᠦᠨ᠎ᠳᠡᠭᠡᠨ ᠪᠡᠶᠡᠯᠡᠭᠳᠡᠪᠡ᠃ ᠠᠮᠢ ᠠᠬᠤᠢ ᠵᠢᠨ ᠣᠷᠴᠢᠨ ᠲᠣᠭᠣᠷᠢᠨ ᠦᠷᠭᠦᠯᠵᠢᠯᠡᠨ ᠰᠠᠶ᠋ᠢᠵᠢᠷᠠᠪᠠ᠃ ᠤᠯᠤᠰ᠎ᠤᠨ ᠪᠠᠲᠤᠯᠠᠨ ᠬᠠᠮᠠᠭ᠋ᠠᠯᠠᠯᠲᠠ ᠪᠠ ᠴᠡᠷᠢᠭ ᠠᠩᠭᠢ ᠵᠢᠨ ᠣᠳᠣᠬᠢᠴᠢᠯᠠᠯᠲᠠ ᠰᠢᠨ᠎ᠡ ᠠᠯᠬᠤᠮ᠎ᠢ ᠠᠯᠬᠤᠪᠠ᠃ ᠴᠧᠩᠳᠦ᠋ ᠵᠢᠨ ᠤᠶᠤᠲᠠᠳ᠎ᠤᠨ ᠲᠠᠮᠢᠷ᠎ᠤᠨ ᠴᠤᠭᠯᠠᠭ᠋ᠠᠨ᠂ ᠬᠠᠩᠵᠧᠦ ᠵᠢᠨ ᠠᠽᠢᠶ᠎ᠠ ᠲᠢᠪ ᠣᠨ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠢ ᠠᠮᠵᠢᠯᠲᠠ᠎ᠲᠠᠢ ᠡᠷᠬᠢᠯᠡᠵᠦ᠂ ᠮᠠᠨ᠎ᠤ ᠤᠯᠤᠰ᠎ᠠᠴᠠ ᠲᠠᠮᠢᠷᠴᠢᠳ ᠰᠠᠶ᠋ᠢᠨ ᠰᠠᠶ᠋ᠢᠬᠠᠨ ᠬᠢᠷᠢ ᠪᠦᠲᠦᠮᠵᠢ ᠵᠢ ᠡᠭᠦᠳᠪᠡ᠃ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠪᠠ ᠢᠯᠵᠢᠷᠡᠯ᠎ᠢ ᠡᠰᠡᠷᠭᠦᠴᠡᠬᠦ ᠲᠡᠮᠡᠴᠡᠯ᠎ᠢ ᠭᠦᠨᠵᠡᠭᠡᠢ ᠠᠬᠢᠭᠤᠯᠵᠤ᠂ ᠰᠠᠢ᠍ᠢ᠍ᠨ ᠰᠠᠶ᠋ᠢᠬᠠᠨ ᠤᠯᠤᠰ ᠲᠦᠷᠦ ᠵᠢᠨ ᠠᠮᠢ ᠠᠬᠤᠢ ᠵᠢ ᠲᠠᠰᠤᠷᠠᠯᠲᠠ ᠦᠭᠡᠢ ᠪᠡᠬᠢᠵᠢᠭᠦᠯᠪᠡ᠃
ᠰᠢ ᠵᠢᠨ ᠫᠢᠩ᠂ 2024 ᠣᠨ ᠪᠣᠯ ᠰᠢᠨ᠎ᠡ ᠳᠤᠮᠳᠠᠳᠤ ᠤᠯᠤᠰ ᠪᠠᠶ᠋ᠢᠭᠤᠯᠤᠭᠳᠠᠭᠰᠠᠨ 75 ᠵᠢᠯ᠎ᠤᠨ ᠤᠢ ᠪᠣᠯᠤᠨ᠎ᠠ᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠬᠠᠷᠠᠯᠲᠠ ᠡᠭᠦᠷᠭᠡ ᠵᠢ ᠪᠡᠶᠡᠯᠡᠭᠦᠯᠬᠦ ᠵᠠᠩᠭᠢᠯᠠᠭ᠎ᠠ ᠵᠢᠨ ᠨᠢᠭᠡ ᠵᠢᠯ ᠪᠣᠯᠤᠨ᠎ᠠ᠃ ᠪᠢᠳᠡ ᠲᠣᠭᠲᠠᠭᠤᠨ᠎ᠤ ᠳᠤᠮᠳᠠ ᠤᠷᠤᠭᠰᠢᠯᠠᠨ ᠳᠠᠪᠰᠢᠬᠤ ᠠᠵᠢᠯ᠎ᠤᠨ ᠶᠡᠷᠦᠩᠬᠡᠶ ᠬᠥᠭ ᠠᠶᠠᠰ᠎ᠢ ᠪᠠᠷᠢᠮᠲᠠᠯᠠᠵᠤ᠂ ᠲᠣᠭᠲᠠᠭᠤᠨ᠎ᠤ ᠳᠤᠮᠳᠠ ᠤᠷᠤᠭᠰᠢᠯᠠᠨ ᠳᠠᠪᠰᠢᠬᠤ ᠵᠢ ᠲᠤᠭᠤᠰᠢᠯᠠᠭᠤᠯᠵᠤ᠂ ᠲᠣᠭᠲᠠᠭᠤᠨ ᠪᠠᠶ᠋ᠢᠳᠠᠯ᠎ᠢ ᠠᠬᠢᠭᠤᠯᠬᠤ᠂ ᠤᠷᠢᠳ ᠵᠶ᠋ᠠᠷ ᠪᠠᠶ᠋ᠢᠭᠤᠯᠵᠤ ᠳᠠᠷᠠᠭ᠎ᠠ᠎ᠨᠢ ᠰᠢᠪᠲᠤᠯᠠᠬᠤ ᠱᠠᠭ᠋ᠠᠷᠳᠠᠯᠭ᠎ᠠ᠎ᠪᠠᠷ ᠰᠢᠨ᠎ᠡ ᠬᠥᠭᠵᠢᠯᠲᠡ ᠵᠢᠨ ᠣᠶ᠋ᠢᠯᠠᠭ᠋ᠠᠭᠳᠠᠬᠤᠨ᠎ᠢ ᠪᠦᠷᠢᠨ ᠪᠦᠲᠦᠨ᠂ ᠣᠨᠣᠪᠴᠢᠲᠠᠶ᠂ ᠪᠥᠬᠥ ᠲᠠᠯ᠎ᠠ᠎ᠪᠠᠷ ᠲᠤᠭᠤᠰᠢᠯᠠᠭᠤᠯᠵᠤ᠂ ᠴᠢᠨᠠᠷ ᠰᠠᠶ᠋ᠢᠲᠠᠶ ᠬᠥᠭᠵᠢᠯᠲᠡ ᠪᠣᠯᠤᠨ ᠥᠨᠳᠥᠷ ᠲᠦᠪᠰᠢᠨ ᠪᠥᠬᠥᠶ ᠠᠮᠤᠷ ᠲᠦᠪᠰᠢᠨ᠎ᠢ ᠨᠢᠭᠡᠳᠦᠯᠲᠡᠶ ᠲᠥᠯᠥᠪᠵᠢᠭᠦᠯᠵᠦ᠂ ᠭᠤᠤᠯᠳᠠᠯᠭ᠎ᠠ ᠵᠢ ᠳᠣᠪᠣᠶ᠋ᠢᠯᠭ᠋ᠠᠵᠤ᠂ ᠵᠠᠩᠭᠢᠯᠠᠭ᠎ᠠ ᠵᠢ ᠡᠵᠡᠮᠳᠡᠵᠦ᠂ ᠡᠷᠡᠮᠡᠬᠡᠶ᠋ᠢᠯᠡᠨ ᠤᠷᠤᠭᠰᠢᠯᠠᠵᠤ᠂ ᠦᠨᠡᠨ ᠬᠦ᠌ ᠠᠳᠬᠤᠨ ᠪᠣᠳᠠᠲᠠᠶ ᠠᠵᠢᠯᠯᠠᠵᠤ᠂ ᠠᠵᠤ ᠠᠬᠤᠶ ᠵᠢᠨ ᠠᠮᠢᠵᠢᠷᠠᠯ᠎ᠤᠨ ᠬᠦᠴᠦᠨ᠎ᠢ ᠦᠨᠡᠨ ᠬᠦ᠌ ᠴᠢᠩᠭ᠋ᠠᠷᠠᠭᠤᠯᠵᠤ᠂ ᠠᠶᠤᠯ ᠲᠦᠭᠰᠢᠭᠦᠷᠢ ᠵᠢ ᠰᠡᠷᠭᠡᠶ᠋ᠢᠯᠡᠨ ᠠᠷᠢᠯᠭ᠋ᠠᠵᠤ᠂ ᠨᠡᠶ᠋ᠢᠭᠡᠮ᠎ᠤᠨ ᠵᠢᠱ᠌ᠢᠯᠲᠡ ᠵᠢ ᠰᠠᠶ᠋ᠢᠵᠢᠷᠠᠭᠤᠯᠵᠤ᠂ ᠠᠵᠤ ᠠᠬᠤᠶ ᠵᠢᠨ ᠰᠡᠷᠭᠦᠨ ᠰᠠᠶ᠋ᠢᠵᠢᠷᠠᠬᠤ ᠬᠠᠨᠳᠤᠰᠢ ᠵᠢ ᠪᠡᠬᠢᠵᠢᠭᠦᠯᠦᠨ ᠴᠢᠩᠭ᠋ᠠᠳᠬᠠᠵᠤ᠂ ᠠᠷᠠᠳ᠎ᠤᠨ ᠠᠮᠢᠳᠤᠷᠠᠯ᠎ᠤᠨ ᠪᠤᠶᠠᠨ ᠵᠢᠷᠭ᠋ᠠᠯ᠎ᠢ ᠦᠷᠭᠦᠯᠵᠢᠯᠡᠨ ᠨᠡᠮᠡᠭᠳᠡᠭᠦᠯᠵᠦ᠂ ᠨᠡᠶ᠋ᠢᠭᠡᠮ᠎ᠤᠨ ᠶᠡᠬᠡ ᠲᠠᠯ᠎ᠠ ᠵᠢᠨ ᠡᠶ᠎ᠡ ᠵᠣᠬᠢᠴᠠᠩᠭᠤᠶ ᠲᠣᠭᠲᠠᠭᠤᠨ᠎ᠢ ᠪᠠᠲᠤᠯᠠᠬᠤ ᠬᠡᠷᠡᠭᠲᠡᠶ᠃ ᠰᠢ ᠵᠢᠨ ᠫᠢᠩ᠂ ᠥᠭᠡᠷᠡᠴᠢᠯᠡᠯᠲᠡ ᠵᠢ ᠤᠯᠠᠮ ᠴᠢᠨᠠᠭᠰᠢᠳᠠ ᠪᠦᠬᠦ ᠲᠠᠯ᠎ᠠ᠎ᠪᠠᠷ ᠭᠦᠨᠵᠡᠭᠡᠶ᠋ᠢᠷᠡᠭᠦᠯᠵᠦ᠂ ᠭᠦᠨ ᠳᠠᠪᠬᠤᠷᠭ᠎ᠠ ᠵᠢᠨ ᠪᠠᠶ᠋ᠢᠭᠤᠯᠤᠮᠵᠢ ᠲᠣᠭᠲᠠᠴᠠ ᠵᠢᠨ ᠬᠠᠷᠰᠢ ᠰᠠᠭ᠋ᠠᠳ ᠪᠣᠯᠤᠨ ᠪᠦᠲᠦᠴᠡ ᠵᠢᠨ ᠴᠢᠨᠠᠷᠲᠠᠢ ᠵᠥᠷᠢᠴᠡᠯ᠎ᠢ ᠬᠦᠴᠦᠯᠡᠨ ᠰᠢᠢ᠍ᠳᠪᠦᠷᠢᠯᠡᠵᠦ᠂ ᠪᠦᠬᠦ ᠨᠡᠶ᠋ᠢᠭᠡᠮ᠎ᠤᠨ ᠦᠢ᠍ᠯᠡᠰ ᠪᠤᠰᠬᠠᠬᠤ ᠰᠢᠨ᠎ᠡ ᠵᠢ ᠡᠭᠦᠳᠬᠦ ᠡᠭᠦᠳᠦᠨ ᠪᠦᠲᠦᠭᠡᠬᠦ ᠠᠮᠢᠵᠢᠷᠠᠯ᠎ᠤᠨ ᠬᠦᠴᠦᠨ᠎ᠢ ᠭᠦᠢ᠍ᠴᠡᠳ ᠬᠥᠭᠵᠢᠭᠡᠵᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠠᠬᠢᠭᠤᠯᠬᠤ᠎ᠳᠤ ᠬᠦᠴᠦᠷᠬᠡᠭ ᠶᠡᠬᠡ ᠬᠥᠳᠡᠯᠭᠡᠬᠦ ᠬᠦᠴᠦᠨ ᠨᠡᠮᠡᠷᠢᠯᠡᠵᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠪᠦᠲᠦᠭᠡᠨ ᠪᠠᠶ᠋ᠢᠭᠤᠯᠤᠯᠲᠠ ᠵᠢᠨ ᠬᠠᠷᠰᠢ ᠰᠠᠭ᠋ᠠᠳ᠎ᠢ ᠢᠯᠠᠨ ᠳᠠᠪᠠᠵᠤ᠂ ᠴᠤᠴᠠᠯᠲᠠ ᠦᠭᠡᠢ ᠤᠷᠤᠭᠰᠢᠯᠠᠭᠤᠯᠬᠤ ᠬᠡᠷᠡᠭᠲᠡᠢ᠃
ᠰᠢ ᠵᠢᠨ ᠫᠢᠩ᠂ ᠯᠣᠣ ᠪᠣᠯ ᠳᠤᠮᠳᠠᠳᠤ ᠵᠢᠨ ᠦᠨᠳᠦᠰᠦᠲᠡᠨ᠎ᠤ ᠲᠣᠲ᠋ᠧᠮ ᠪᠣᠯᠤᠨ᠎ᠠ᠂ ᠢᠳᠡᠷᠡᠭᠦᠨ ᠵᠢᠪᠬᠤᠭ᠋ᠠᠯᠢᠭ ᠰᠦᠷ ᠰᠦᠯᠳᠡ᠎ᠲᠠᠢ᠂ ᠡᠷᠡᠯᠬᠡᠭ ᠪᠠᠭ᠋ᠠᠲᠤᠷᠯᠢᠭ ᠰᠥᠰᠥ ᠵᠣᠷᠢᠭᠲᠠᠢ᠂ ᠲᠦᠷᠪᠡᠨ ᠵᠦᠭ ᠨᠠᠢ᠍ᠮᠠᠨ ᠵᠣᠪᠬᠢᠰ᠎ᠤᠨ ᠪᠤᠶᠠᠨᠲᠤ ᠰᠡᠳᠬᠢᠯᠭᠡ᠂ ᠬᠦᠴᠦᠷᠬᠡᠭ ᠶᠡᠬᠡ ᠬᠦᠴᠦᠨ ᠴᠢᠳᠠᠯ᠎ᠲᠠᠢ ᠪᠠᠶ᠋ᠢᠵᠤ᠂ ᠲᠠᠪᠤᠨ ᠮᠢᠩᠭ᠋ᠠᠨ ᠵᠢᠯ᠎ᠤᠨ ᠲᠤᠷᠰᠢᠬᠢ ᠳᠤᠮᠳᠠᠳᠤ ᠵᠢᠨ ᠦᠨᠳᠦᠰᠦᠲᠡᠨ᠎ᠤ ᠬᠦᠴᠦᠷᠬᠡᠭᠵᠢᠬᠦ᠎ᠪᠠᠷ ᠬᠦᠴᠦᠯᠡᠨ ᠴᠢᠷᠮᠠᠶ᠋ᠢᠵᠤ᠂ ᠡᠷᠡᠮᠡᠬᠡᠶ᠋ᠢᠯᠡᠨ ᠲᠡᠮᠡᠴᠡᠵᠦ ᠤᠷᠤᠭᠰᠢᠯᠠᠨ ᠲᠠᠪᠰᠢᠬᠤ ᠤᠶᠤᠨ ᠰᠠᠨᠠᠭ᠋ᠠᠨ᠎ᠤ ᠠᠮᠢᠨ ᠰᠤᠳᠠᠰᠤ ᠵᠢ ᠪᠡᠯᠭᠡᠳᠡᠵᠦ ᠪᠠᠶ᠋ᠢᠬᠤ᠎ᠪᠠᠷ ᠪᠠᠷᠠᠬᠤ ᠦᠭᠡᠢ᠂ ᠨᠡᠩ ᠴᠤ᠌ ᠰᠢᠨ᠎ᠡ ᠴᠠᠭ ᠦᠶ᠎ᠡ ᠵᠢᠨ ᠰᠢᠨ᠎ᠡ ᠠᠶᠠᠨ ᠵᠠᠮ᠎ᠳᠠᠬᠢ ᠲᠦᠭ ᠲᠦᠮᠡᠨ ᠳᠤᠮᠳᠠᠳᠤ ᠵᠢᠨ ᠬᠥᠪᠡᠭᠦᠳ ᠥᠬᠢᠳ᠎ᠤᠨ ᠬᠦᠴᠦᠷᠬᠡᠭ ᠤᠯᠤᠰ᠎ᠤᠨ ᠪᠦᠳᠦᠭᠡᠨ ᠪᠠᠶ᠋ᠢᠭᠤᠯᠤᠯᠲᠠ᠂ ᠦᠨᠳᠦᠰᠦᠲᠡᠨ᠎ᠤ ᠰᠡᠷᠭᠦᠨ ᠮᠠᠨᠳᠤᠯᠲᠠ ᠵᠢᠨ ᠠᠭᠤᠤ ᠦᠢ᠍ᠯᠡᠰ᠎ᠢ ᠠᠬᠢᠭᠤᠯᠬᠤ ᠡᠷᠡᠰ ᠪᠠᠲᠤ ᠵᠣᠷᠢᠭ ᠰᠠᠨᠠᠭ᠎ᠠ ᠪᠣᠯᠤᠨ ᠰᠠᠢ᠍ᠢ᠍ᠨ ᠰᠠᠶ᠋ᠢᠬᠠᠨ ᠬᠦᠰᠡᠯ ᠡᠷᠡᠮᠡᠯᠵᠡᠯ᠎ᠢ ᠠᠴᠢᠶᠠᠯᠠᠵᠤ ᠪᠠᠶ᠋ᠢᠨ᠎ᠠ᠃ ᠬᠦᠬᠡ ᠯᠣᠣ ᠵᠢᠯ᠎ᠳᠤ᠂ ᠪᠦᠬᠦ ᠤᠯᠤᠰ᠎ᠤᠨ ᠠᠷᠠᠳ ᠲᠦᠮᠡᠨ ᠡᠢ᠌ᠮᠦᠷᠬᠦ ᠠᠦᠭ᠎ᠠ ᠵᠣᠷᠢᠭ ᠰᠠᠨᠠᠭ᠎ᠠ ᠵᠢ ᠪᠠᠳᠠᠷᠠᠭᠤᠯᠵᠤ᠂ ᠵᠠᠮ ᠨᠡᠭᠡᠭᠡᠨ ᠰᠢᠨ᠎ᠡ ᠵᠢ ᠡᠭᠦᠳᠴᠦ᠂ ᠴᠢᠷᠮᠠᠶ᠋ᠢᠨ ᠲᠡᠮᠡᠴᠡᠵᠦ ᠬᠤᠪᠢ ᠨᠡᠮᠡᠷᠢ ᠦᠵᠡᠭᠦᠯᠵᠦ᠂ ᠳᠤᠮᠳᠠᠳᠤ ᠤᠯᠤᠰ᠎ᠤᠨ ᠣᠨᠴᠠᠯᠢᠭ᠎ᠲᠠᠢ ᠣᠳᠣᠬᠢᠴᠢᠯᠠᠯᠲᠠ ᠵᠢᠨ ᠪᠦᠳᠦᠭᠡᠨ ᠪᠠᠶ᠋ᠢᠭᠤᠯᠤᠯᠲᠠ ᠵᠢᠨ ᠰᠢᠨ᠎ᠡ ᠬᠠᠭᠤᠳᠠᠰᠤ ᠵᠢ ᠬᠠᠮᠲᠤ᠎ᠪᠠᠷ ᠪᠢᠴᠢᠭᠯᠡᠬᠦ ᠵᠢ ᠬᠦᠰᠡᠵᠦ ᠪᠠᠶ᠋ᠢᠨ᠎ᠠ᠃

2 ᠰᠠᠷ᠎ᠠ ᠵᠢᠨ 8᠎ᠤ ᠡᠳᠦᠷ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶ᠎ᠠ ᠪᠡᠭᠡᠵᠢᠩ᠎ᠤᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ 2024 ᠣᠨ᠎ᠤ ᠴᠠᠭ᠋ᠠᠨ ᠰᠠᠷ᠎ᠠ ᠵᠢᠨ ᠬᠠᠮᠲᠤ ᠵᠢᠨ ᠵᠣᠯᠭ᠋ᠠᠯᠲᠠ ᠬᠢᠪᠠ᠃ ᠲᠥᠷᠥ ᠵᠢᠨ ᠶᠠᠪᠤᠳᠠᠯ᠎ᠤᠨ ᠬᠣᠷᠢᠶᠠᠨ᠎ᠤ ᠶᠡᠷᠦᠩᠬᠡᠶ ᠰᠠᠶ᠋ᠢᠳ ᠯᠢ ᠴᠢᠶᠠᠩ ᠬᠠᠮᠲᠤ ᠵᠢᠨ ᠵᠣᠯᠭ᠋ᠠᠯᠲᠠ ᠵᠢ ᠡᠷᠭᠢᠯᠡᠪᠡ᠃ ᠰᠢᠨᠬᠤᠸᠠ ᠬᠣᠷᠢᠶᠠᠨ᠎ᠤ ᠰᠤᠷᠪᠤᠯᠵᠢᠯᠠᠭᠴᠢ ᠵᠢᠤᠢ ᠫᠸᠩ ᠰᠡᠭᠦᠳᠡᠷᠯᠡᠪᠡ᠃
ᠬᠠᠮᠲᠤ ᠵᠢᠨ ᠵᠣᠯᠭ᠋ᠠᠯᠲᠠ ᠳᠡᠭᠡᠷ᠎ᠡ᠂ ᠤᠳᠬ᠎ᠠ ᠤᠷᠠᠯᠢᠭ᠎ᠤᠨ ᠠᠵᠢᠯᠲᠠᠳ ᠭᠣᠶ᠋ᠢᠳᠠ ᠰᠠᠶ᠋ᠢᠬᠠᠨ ᠲᠣᠭᠯᠠᠯᠲᠠ ᠭᠠᠷᠭ᠋ᠠᠪᠠ᠃ ᠨᠠᠮ᠎ᠤᠨ ᠲᠥᠪ ᠬᠤᠷᠢᠶ᠎ᠠ᠂ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠶ᠋ᠢᠩᠭᠤ ᠵᠢᠨ ᠬᠤᠷᠢᠶ᠎ᠠ᠂ ᠲᠦᠷᠦ ᠵᠢᠨ ᠶᠠᠪᠤᠳᠠᠯ᠎ᠤᠨ ᠬᠤᠷᠢᠶ᠎ᠠ᠂ ᠠᠷᠠᠳ᠎ᠤᠨ ᠳᠡᠭᠡᠳᠦ ᠰᠢᠭᠦᠬᠦ ᠬᠤᠷᠢᠶ᠎ᠠ᠂ ᠠᠷᠠᠳ᠎ᠤᠨ ᠳᠡᠭᠡᠳᠦ ᠪᠠᠶ᠋ᠢᠴᠠᠭ᠋ᠠᠬᠤ ᠬᠤᠷᠢᠶ᠎ᠠ᠂ ᠪᠦᠬᠦ ᠤᠯᠤᠰ᠎ᠤᠨ ᠤᠯᠤᠰ ᠲᠦᠷᠦ ᠵᠢᠨ ᠵᠥᠪᠯᠡᠯᠭᠡᠨ᠂ ᠲᠥᠪ᠎ᠤᠨ ᠴᠡᠷᠢᠭ᠎ᠤᠨ ᠶᠠᠪᠤᠳᠠᠯ᠎ᠤᠨ ᠬᠣᠷᠢᠶᠠᠨ᠎ᠤ ᠤᠳᠤᠷᠢᠳᠬᠤ ᠨᠥᠬᠥᠳ ᠪᠣᠯᠤᠨ ᠠᠬᠠᠮᠠᠳ ᠨᠥᠬᠥᠳ ᠬᠠᠮᠲᠤ ᠵᠢᠨ ᠵᠣᠯᠭ᠋ᠠᠯᠲᠠ᠎ᠳᠤ ᠣᠷᠣᠯᠴᠠᠪᠠ᠃ ᠬᠠᠮᠲᠤ ᠵᠢᠨ ᠵᠣᠯᠭ᠋ᠠᠯᠲᠠ᠎ᠳᠤ ᠪᠠᠰᠠ ᠲᠥᠪ᠎ᠤᠨ ᠨᠠᠮ ᠵᠠᠰᠠᠭ ᠴᠡᠷᠢᠭ ᠤᠯᠠᠨ ᠲᠦᠮᠡᠨ᠎ᠤ ᠡᠯ᠎ᠡ ᠰᠠᠯᠠᠭ᠎ᠠ ᠮᠥᠴᠢᠷ ᠵᠢᠴᠢ ᠪᠡᠭᠡᠵᠢᠩ ᠬᠤᠳᠠ ᠵᠢᠨ ᠬᠠᠷᠢᠭᠤᠴᠠᠯᠭ᠋ᠠᠲᠠᠨ ᠨᠥᠬᠥᠳ᠂ ᠡᠯ᠎ᠡ ᠠᠷᠠᠳᠴᠢᠯᠠᠭᠰᠠᠨ ᠨᠠᠮ ᠪᠦᠯᠦᠭ᠎ᠤᠨ ᠲᠥᠪ ᠬᠤᠷᠢᠶ᠎ᠠ᠂ ᠪᠦᠬᠦ ᠤᠯᠤᠰ᠎ᠤᠨ ᠦᠢ᠍ᠯᠡᠳᠪᠦᠷᠢ ᠬᠤᠳᠠᠯᠳᠤᠭ᠋ᠠᠨ᠎ᠤ ᠬᠣᠯᠪᠣᠭ᠎ᠠ ᠵᠢᠨ ᠬᠠᠷᠢᠭᠤᠴᠠᠯᠭ᠋ᠠᠲᠠᠨ ᠪᠣᠯᠤᠨ ᠨᠠᠮ ᠪᠦᠯᠦᠭ᠎ᠤᠨ ᠪᠤᠰᠤ ᠬᠥᠮᠦᠰ᠎ᠤᠨ ᠲᠥᠯᠥᠭᠡᠯᠡᠭᠴᠢ᠂ ᠠᠵᠢᠯ᠎ᠠᠴᠠ᠎ᠪᠠᠨ ᠳᠠᠷᠬᠠᠯᠠᠭᠳᠠᠵᠤ ᠠᠵᠢᠯ᠎ᠠᠴᠠ᠎ᠪᠠᠨ ᠠᠮᠠᠷᠠᠭᠰᠠᠨ ᠠᠬᠠᠮᠠᠳ ᠨᠥᠬᠥᠳ᠎ᠤᠨ ᠲᠥᠯᠥᠭᠡᠯᠡᠭᠴᠢ᠂ ᠠᠯᠳᠠᠷᠲᠤ ᠲᠤᠰᠬᠠᠢ ᠮᠡᠷᠭᠡᠵᠢᠯᠲᠡᠨ ᠡᠷᠳᠡᠮᠲᠡᠨ ᠵᠢᠴᠢ ᠨᠡᠶ᠋ᠢᠰᠯᠡᠯ᠎ᠤᠨ ᠡᠯ᠎ᠡ ᠡᠲᠡᠭᠡᠳ᠎ᠤᠨ ᠬᠥᠮᠦᠰ᠎ᠤᠨ ᠲᠥᠯᠥᠭᠡᠯᠡᠭᠴᠢ ᠣᠷᠣᠯᠴᠠᠪᠠ᠃