2 ᠰᠠᠷ᠎ᠠ ᠵᠢᠨ 28᠎ᠤ ᠦᠳᠡ ᠵᠢᠨ ᠬᠣᠶ᠋ᠢᠨ᠎ᠠ᠂ ᠤᠯᠤᠰ᠎ᠤᠨ ᠲᠡᠷᠢᠭᠦᠯᠡᠭᠴᠢ ᠰᠢ ᠵᠢᠨ ᠫᠢᠩ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠳᠤᠮᠳᠠᠳᠤ ᠤᠯᠤᠰ᠎ᠲᠤ ᠲᠦᠷᠦ ᠵᠢᠨ ᠶᠠᠪᠤᠳᠠᠯ᠎ᠤᠨ ᠠᠶ᠋ᠢᠯᠴᠢᠯᠠᠯᠲᠠ ᠬᠢᠬᠦ᠎ᠪᠠᠷ ᠢᠷᠡᠭᠰᠡᠨ ᠰᠢᠶᠸᠷᠠ ᠯᠢᠶᠤᠨᠤ ᠶᠡᠷᠦᠩᠬᠡᠶ᠋ᠢᠯᠡᠭᠴᠢ ᠪᠢ᠊ · ᠤᠤᠲᠠᠢ ᠬᠡᠯᠡᠯᠴᠡᠭᠡ ᠬᠢᠪᠡ᠃

ᠤᠯᠤᠰ᠎ᠤᠨ ᠲᠡᠷᠢᠭᠦᠯᠡᠭᠴᠢ ᠰᠢ ᠵᠢᠨ ᠫᠢᠩ 2 ᠰᠠᠷ᠎ᠠ ᠵᠢᠨ 28᠎ᠤ ᠦᠳᠡ ᠵᠢᠨ ᠬᠣᠶ᠋ᠢᠨ᠎ᠠ ᠪᠡᠭᠡᠵᠢᠩ᠎ᠤᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠳᠤᠮᠳᠠᠳᠤ ᠤᠯᠤᠰ᠎ᠲᠤ ᠲᠥᠷᠥ ᠵᠢᠨ ᠠᠶ᠋ᠢᠯᠴᠢᠯᠠᠯᠲᠠ ᠬᠢᠬᠦ᠎ᠪᠠᠷ ᠢᠷᠡᠭᠰᠡᠨ ᠰᠢᠶᠸᠷᠠ ᠯᠢᠶᠤᠨᠤ ᠶᠡᠷᠦᠩᠬᠡᠶ᠋ᠢᠯᠡᠭᠴᠢ ᠪᠢ᠊ · ᠤᠤᠲᠠᠢ ᠬᠡᠯᠡᠯᠴᠡᠭᠡ ᠬᠢᠪᠡ᠃ ᠵᠢᠷᠤᠭ ᠪᠣᠯ ᠬᠡᠯᠡᠯᠴᠡᠭᠡ ᠬᠢᠬᠦ᠎ᠠᠴᠠ ᠡᠮᠦᠨ᠎ᠡ ᠰᠢ ᠵᠢᠨ ᠫᠢᠩ ᠪᠣᠯᠤᠨ ᠬᠠᠲᠤᠨ ᠫᠸᠩ ᠯᠢ ᠶᠤᠸᠠᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠤᠨ ᠬᠣᠶ᠋ᠢᠲᠤ ᠶᠡᠬᠡ ᠲᠢᠩᠬᠢᠮ᠎ᠳᠤ ᠪᠢ᠊ · ᠤᠤ ᠬᠢᠭᠡᠳ ᠲᠡᠭᠦᠨ᠎ᠤ ᠬᠠᠲᠤᠨ ᠹᠠᠳᠢᠮᠠ ᠬᠣᠶᠠᠷ᠎ᠢ ᠤᠭᠲᠤᠬᠤ ᠶᠣᠰᠣᠯᠠᠯ ᠬᠢᠵᠦ ᠪᠠᠶ᠋ᠢᠭ᠎ᠠ᠎ᠨᠢ᠃ ᠰᠢᠨᠬᠤᠸᠠ ᠬᠣᠷᠢᠶᠠᠨ᠎ᠤ ᠰᠤᠷᠪᠤᠯᠵᠢᠯᠠᠭᠴᠢ ᠬᠤᠸᠠᠩ ᠵᠢᠩ ᠸᠸᠨ ᠰᠡᠭᠦᠳᠡᠷᠯᠡᠪᠡ᠃
ᠰᠢ ᠵᠢᠨ ᠫᠢᠩ᠂ ᠳᠤᠮᠳᠠᠳᠤ ᠰᠢᠶᠸᠷᠠ ᠯᠢᠶᠤᠨᠤ ᠨᠥᠬᠥᠷᠯᠡᠯ ᠥᠨᠢ ᠤᠳᠠᠭ᠋ᠠᠨ ᠲᠡᠦᠬᠡ᠎ᠲᠠᠢ ᠶᠤᠮ᠂ ᠬᠣᠶᠠᠷ ᠲᠠᠯ᠎ᠠ᠎ᠪᠠᠷ ᠵᠶ᠋ᠠᠨ ᠲᠣᠰ ᠲᠣᠰ᠎ᠤᠨ ᠭᠤᠤᠯᠯᠠᠭᠴᠢ ᠠᠰᠢᠭ ᠲᠤᠰᠠ᠎ᠳᠤ ᠬᠣᠯᠪᠣᠭᠳᠠᠭᠰᠠᠨ ᠪᠠ ᠠᠩᠬᠠᠷᠴᠤ ᠪᠠᠶ᠋ᠢᠭ᠎ᠠ ᠴᠢᠬᠤᠯᠠ ᠶᠡᠬᠡ ᠠᠰᠠᠭᠤᠳᠠᠯ᠎ᠤᠨ ᠲᠠᠯ᠎ᠠ᠎ᠪᠠᠷ ᠬᠠᠷᠢᠯᠴᠠᠨ ᠳᠡᠮᠵᠢᠵᠦ᠂ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢᠨ ᠬᠦᠷᠢᠶᠡᠨ᠎ᠳᠤ ᠥᠨᠳᠥᠷ ᠪᠦᠲᠦᠮᠵᠢᠲᠡᠶ ᠬᠠᠮᠲᠤᠷᠠᠯᠴᠠᠭ᠎ᠠ ᠥᠷᠨᠢᠭᠦᠯᠵᠦ᠂ ᠳᠡᠯᠡᠬᠡᠶ ᠵᠢᠨ ᠡᠩᠬᠡ ᠲᠠᠶ᠋ᠢᠪᠤᠩ ᠬᠢᠭᠡᠳ ᠬᠥᠭᠵᠢᠯᠲᠡ ᠵᠡᠷᠭᠡ ᠵᠥᠪᠯᠡᠬᠦ ᠰᠡᠳᠦᠪ᠎ᠤᠨ ᠲᠤᠬᠠᠶ ᠨᠢᠭᠲᠠ ᠵᠣᠬᠢᠴᠠᠭᠤᠯᠵᠤ᠂ ᠡᠸᠪᠦ᠋ᠯᠠ ᠬᠢᠵᠢᠭ᠎ᠲᠠᠢ ᠲᠡᠮᠡᠴᠡᠵᠦ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠲᠠᠢ ᠲᠡᠮᠡᠴᠡᠬᠦ᠎ᠳᠤ ᠬᠡᠪ ᠳᠠᠭᠤᠷᠢᠶᠠᠯ᠎ᠢ ᠪᠣᠶ ᠪᠣᠯᠭ᠋ᠠᠪᠠ᠃ ᠳᠤᠮᠳᠠᠳᠤ ᠤᠯᠤᠰ ᠳᠤᠷᠠᠲᠠᠶ᠎ᠠ ᠰᠢᠶᠸᠷᠠ ᠯᠢᠶᠤᠨᠤᠬᠢᠨᠲᠠᠢ ᠬᠠᠮᠲᠤ᠎ᠪᠠᠷ ᠥᠨᠳᠥᠷ ᠲᠦᠪᠰᠢᠨ ᠪᠥᠬᠥᠶ ᠤᠯᠤᠰ ᠲᠥᠷᠥ ᠵᠢᠨ ᠢᠲᠡᠭᠡᠯᠴᠡᠭᠡ᠎ᠪᠠᠨ ᠪᠡᠬᠢᠵᠢᠭᠦᠯᠵᠦ᠂ ᠪᠣᠳᠠᠲᠠᠶ ᠵᠢ ᠡᠷᠬᠢᠮᠯᠡᠭᠰᠡᠨ ᠬᠠᠮᠲᠤᠷᠠᠯᠴᠠᠭ᠎ᠠ᠎ᠪᠠᠨ ᠠᠬᠢᠭᠤᠯᠵᠤ᠂ ᠳᠡᠯᠡᠬᠡᠶ ᠵᠢᠨ ᠪᠠ ᠭᠠᠵᠠᠷ ᠣᠷᠣᠨ᠎ᠤ ᠬᠡᠷᠡᠭ ᠶᠠᠪᠤᠳᠠᠯ᠎ᠤᠨ ᠵᠣᠬᠢᠴᠠᠭᠤᠯᠭ᠎ᠠ᠎ᠪᠠᠨ ᠴᠢᠩᠭ᠋ᠠᠳᠬᠠᠵᠤ᠂ ᠳᠤᠮᠳᠠᠳᠤ ᠰᠢᠶᠸᠷᠠ ᠯᠢᠶᠤᠨᠤ ᠬᠠᠷᠢᠯᠴᠠᠭ᠎ᠠ ᠵᠢᠨ ᠳᠠᠬᠢᠨ ᠰᠢᠨ᠎ᠡ ᠳᠡᠭᠲᠡᠷ᠎ᠲᠤ ᠭᠠᠷᠬᠤ ᠵᠢ ᠠᠬᠢᠭᠤᠯᠤᠨ᠎ᠠ ᠭᠡᠵᠦ ᠵᠢᠭ᠋ᠠᠵᠤ ᠭᠠᠷᠭ᠋ᠠᠪᠠ᠃

ᠰᠢ ᠵᠢᠨ ᠫᠢᠩ᠂ ᠳᠤᠮᠳᠠᠳᠤ ᠤᠯᠤᠰ ᠰᠢᠶᠧᠷᠠ ᠯᠢᠶᠤᠨᠤ ᠠᠷᠠᠳ ᠲᠦᠮᠡᠨ᠎ᠤ ᠲᠤᠰ ᠤᠯᠤᠰ᠎ᠤᠨ ᠵᠶ᠋ᠠᠨ ᠪᠠᠶ᠋ᠢᠳᠠᠯ᠎ᠳᠤ ᠨᠡᠶ᠋ᠢᠴᠡᠭᠰᠡᠨ ᠬᠥᠭᠵᠢᠯᠲᠡ ᠵᠢᠨ ᠵᠠᠮ ᠵᠶ᠋ᠠᠷ ᠵᠠᠮᠨᠠᠬᠤ ᠵᠢ ᠡᠷᠡᠰ ᠳᠡᠮᠵᠢᠵᠦ᠂ ᠳᠤᠷᠠᠲᠠᠶ᠎ᠠ ᠰᠢᠶᠧᠷᠠ ᠯᠢᠶᠤᠨᠯᠤᠭᠠ ᠲᠦᠷᠦ ᠵᠢ ᠵᠠᠰᠠᠵᠤ ᠵᠠᠰᠠᠭ᠎ᠢ ᠡᠷᠬᠢᠯᠡᠬᠦ ᠰᠣᠯᠢᠯᠴᠠᠭ᠎ᠠ᠎ᠪᠠᠨ ᠴᠢᠩᠭ᠋ᠠᠳᠬᠠᠵᠤ᠂ ᠲᠤᠰ ᠲᠤᠰ ᠠᠩᠬᠠᠷᠴᠤ ᠪᠠᠢ᠌ᠭ᠎ᠠ ᠴᠢᠬᠤᠯᠠ ᠶᠡᠬᠡ ᠠᠰᠠᠭᠤᠳᠠᠯ᠎ᠢ ᠦᠷᠬᠦᠯᠵᠢᠯᠡᠨ ᠬᠠᠷᠢᠯᠴᠠᠨ ᠳᠡᠮᠵᠢᠵᠤ᠂ ᠡᠷᠬᠡ ᠮᠡᠳᠡᠯ᠂ ᠠᠮᠤᠷ ᠲᠦᠪᠰᠢᠨ᠂ ᠬᠦᠭᠵᠢᠯᠲᠡ ᠵᠢᠨ ᠠᠰᠢᠭ ᠲᠤᠰᠠ᠎ᠪᠠᠨ ᠬᠠᠮᠠᠭ᠋ᠠᠯᠠᠨ᠎ᠠ᠃ ᠳᠤᠮᠳᠠᠳᠤ ᠤᠯᠤᠰ ᠳᠤᠷᠠᠲᠠᠶ᠎ᠠ ᠰᠢᠶᠧᠷᠠ ᠯᠢᠶᠤᠨᠤ ᠲᠠᠷᠢᠶᠠᠯᠠᠩ᠂ ᠰᠠᠭᠤᠷᠢ ᠲᠥᠬᠥᠭᠡᠷᠦᠮᠵᠢ ᠵᠢᠨ ᠪᠦᠲᠦᠭᠡᠨ ᠪᠠᠶ᠋ᠢᠭᠤᠯᠤᠯᠲᠠ᠂ ᠬᠥᠮᠦᠨ᠎ᠤ ᠬᠦᠴᠦᠨ᠎ᠤ ᠡᠬᠢ ᠪᠠᠶᠠᠯᠢᠭ ᠵᠡᠷᠭᠡ ᠬᠦᠷᠢᠶᠡᠨ᠎ᠤ ᠬᠥᠭᠵᠢᠯᠲᠡ᠎ᠳᠤ ᠴᠢᠳᠠᠯ᠎ᠤᠨ ᠬᠢᠷᠢ᠎ᠪᠠᠷ ᠵᠶ᠋ᠠᠨ ᠬᠠᠪᠰᠤᠷᠤᠯᠭ᠎ᠠ ᠪᠠ ᠳᠡᠮᠵᠢᠯᠭᠡ ᠦᠵᠡᠭᠦᠯᠵᠦ᠂ ᠳᠤᠮᠳᠠᠳᠤ ᠤᠯᠤᠰ᠎ᠤᠨ ᠠᠵᠤ ᠠᠬᠤᠶ᠋ᠢᠯᠠᠯ᠎ᠤᠨ ᠰᠢᠶᠧᠷᠠ ᠯᠢᠶᠤᠨ᠎ᠳᠤ ᠬᠦᠷᠴᠦ ᠪᠡᠯᠡ ᠣᠷᠣᠭᠤᠯᠤᠨ ᠦᠢ᠍ᠯᠡᠰ ᠵᠶ᠋ᠠᠨ ᠬᠥᠭᠵᠢᠭᠦᠯᠬᠦ ᠵᠢ ᠵᠣᠷᠢᠭᠵᠢᠭᠤᠯᠤᠨ ᠳᠡᠮᠵᠢᠨ᠎ᠡ᠃ ᠬᠣᠶᠠᠷ ᠲᠠᠯ᠎ᠠ᠎ᠪᠠᠷ ᠵᠶ᠋ᠠᠨ ᠤᠯᠠᠨ ᠤᠯᠤᠰ᠎ᠤᠨ ᠬᠣᠯᠪᠣᠭ᠋ᠠᠲᠤ ᠪᠠᠶ᠋ᠢᠭᠤᠯᠤᠯᠭ᠎ᠠ ᠵᠢᠨ ᠠᠶᠤᠯ ᠦᠭᠡᠢ ᠵᠢᠨ ᠵᠥᠪᠯᠡᠯ᠎ᠳᠠᠬᠢ ᠬᠠᠮᠲᠤᠷᠠᠯᠴᠠᠭ᠎ᠠ᠎ᠪᠠᠨ ᠴᠢᠩᠭ᠋ᠠᠳᠬᠠᠵᠤ᠂ ᠠᠹᠷᠢᠺᠠ ᠲᠢᠪ ᠪᠣᠯᠤᠨ ᠥᠷᠭᠡᠨ ᠤᠯᠠᠨ ᠬᠥᠭᠵᠢᠵᠦ ᠪᠠᠶ᠋ᠢᠭ᠎ᠠ ᠤᠯᠤᠰ᠎ᠤᠨ ᠠᠰᠢᠭ ᠲᠤᠰᠠ ᠵᠢ ᠬᠠᠮᠲᠤ᠎ᠪᠠᠷ ᠬᠠᠮᠠᠭ᠋ᠠᠯᠠᠶ᠎ᠠ᠃ ᠰᠢᠶᠧᠷᠠ ᠯᠢᠶᠤᠨᠤᠬᠢᠨ ᠪᠦᠬᠦ ᠪᠥᠮᠪᠥᠷᠴᠡᠭ᠎ᠤᠨ ᠬᠥᠭᠵᠢᠯᠲᠡ ᠵᠢᠨ ᠰᠠᠨᠠᠭ᠋ᠠᠴᠢᠯᠠᠭ᠎ᠠ᠂ ᠪᠦᠬᠦ ᠪᠥᠮᠪᠥᠷᠴᠡᠭ᠎ᠤᠨ ᠠᠮᠤᠷ ᠲᠦᠪᠰᠢᠨ᠎ᠤ ᠰᠠᠨᠠᠭ᠋ᠠᠴᠢᠯᠠᠭ᠎ᠠ᠂ ᠪᠦᠬᠦ ᠪᠥᠮᠪᠥᠷᠴᠡᠭ᠎ᠤᠨ ᠪᠣᠯᠪᠠᠰᠤᠨ᠎ᠤ ᠰᠠᠨᠠᠭ᠋ᠠᠴᠢᠯᠠᠭ᠎ᠠ᠎ᠳᠤ ᠢᠳᠡᠪᠬᠢᠲᠡᠢ ᠣᠷᠣᠯᠴᠠᠵᠤ᠂ ᠬᠥᠮᠦᠨ ᠲᠥᠷᠥᠯᠬᠢᠲᠡᠨ᠎ᠤ ᠬᠤᠪᠢ ᠵᠠᠶᠠᠭ᠋ᠠᠨ᠎ᠤ ᠬᠠᠮᠲᠤ ᠵᠢᠨ ᠴᠣᠭᠴᠠ ᠵᠢᠨ ᠪᠠᠶ᠋ᠢᠭᠤᠯᠤᠯᠲᠠ ᠵᠢ ᠠᠬᠢᠭᠤᠯᠬᠤ ᠵᠢ ᠪᠠᠶᠠᠷᠯᠠᠨ ᠤᠭᠲᠤᠵᠤ ᠪᠠᠶ᠋ᠢᠨ᠎ᠠ ᠭᠡᠵᠦ ᠴᠢᠬᠤᠯᠠᠴᠢᠯᠠᠪᠠ᠃

ᠰᠢ ᠵᠢᠨ ᠫᠢᠩ᠂ ᠳᠤᠮᠳᠠᠳᠤ ᠠᠹᠷᠢᠺᠠ ᠵᠢᠨ ᠠᠷᠠᠳ ᠲᠦᠮᠡᠨ ᠬᠤᠪᠢ ᠵᠠᠶᠠᠭ᠎ᠠ᠎ᠪᠠᠨ ᠬᠠᠮᠲᠤᠳᠬᠠᠪᠠ᠃ ᠳᠤᠮᠳᠠᠳᠤ ᠤᠯᠤᠰ ᠢᠮᠠᠭᠲᠠ ᠠᠹᠷᠢᠺᠠ ᠲᠢᠪ᠎ᠤᠨ ᠤᠯᠤᠰ᠎ᠤᠳ᠎ᠯᠤᠭ᠎ᠠ ᠵᠢᠨ ᠪᠦᠯᠬᠦᠮᠳᠡᠯ ᠬᠠᠮᠲᠤᠷᠠᠯᠴᠠᠭ᠎ᠠ᠎ᠪᠠᠨ ᠬᠥᠭᠵᠢᠭᠦᠯᠬᠦ ᠵᠢ ᠭᠠᠳᠠᠭ᠋ᠠᠳᠤ ᠲᠦᠷᠦ ᠵᠢᠨ ᠪᠤᠳᠤᠯᠭ᠎ᠠ ᠵᠢᠨ ᠵᠶ᠋ᠠᠨ ᠴᠢᠬᠤᠯᠠ ᠰᠠᠭᠤᠷᠢ ᠪᠣᠯᠭ᠋ᠠᠨ᠎ᠠ᠃ ᠳᠤᠮᠳᠠᠳᠤ ᠤᠯᠤᠰ ᠦᠨᠡᠨ ᠪᠣᠳᠠᠲᠠᠢ ᠳᠣᠲᠣᠨᠣ ᠦᠨᠡᠨᠴᠢ ᠣᠶ᠋ᠢᠯᠠᠭ᠋ᠠᠭᠳᠠᠬᠤᠨ᠎ᠢ ᠪᠠᠷᠢᠮᠲᠠᠯᠠᠵᠤ᠂ ᠠᠹᠷᠢᠺᠠ ᠲᠢᠪ᠎ᠤᠨ ᠤᠯᠤᠰ᠎ᠤᠳ᠎ᠯᠤᠭ᠎ᠠ ᠵᠢᠨ ᠬᠠᠷᠢᠯᠴᠠᠨ ᠳᠡᠮᠵᠢᠬᠦ ᠪᠠ ᠨᠥᠬᠥᠷᠰᠡᠭ ᠬᠠᠮᠲᠤᠷᠠᠯᠴᠠᠭ᠎ᠠ᠎ᠪᠠᠨ ᠴᠢᠩᠭ᠋ᠠᠳᠬᠠᠵᠤ᠂ ᠠᠹᠷᠢᠺᠠ ᠲᠢᠪ᠎ᠤᠨ ᠠᠵᠤ ᠦᠢ᠍ᠯᠡᠳᠪᠦᠷᠢᠵᠢᠯᠲᠡ ᠵᠢᠨ ᠰᠠᠨᠠᠭ᠋ᠠᠴᠢᠯᠠᠭ᠎ᠠ᠂ ᠠᠹᠷᠢᠺᠠ ᠲᠢᠪ᠎ᠤᠨ ᠬᠥᠳᠡᠭᠡ ᠠᠵᠤ ᠠᠬᠤᠢ ᠵᠢᠨ ᠣᠳᠣᠬᠢᠴᠢᠯᠠᠯᠲᠠ ᠵᠢᠨ ᠲᠥᠯᠥᠪᠯᠡᠭᠡ᠂ ᠳᠤᠮᠳᠠᠳᠤ ᠠᠹᠷᠢᠺᠠ ᠵᠢᠨ ᠴᠢᠳᠠᠪᠤᠷᠢᠲᠠᠨ᠎ᠢ ᠬᠥᠮᠦᠵᠢᠭᠦᠯᠬᠦ ᠬᠠᠮᠲᠤᠷᠠᠯᠴᠠᠭ᠋ᠠᠨ᠎ᠤ ᠲᠥᠯᠥᠪᠯᠡᠭᠡ ᠠᠹᠷᠢᠺᠠ ᠲᠢᠪ᠎ᠤᠨ ᠤᠯᠤᠰ᠎ᠤᠳ᠎ᠤᠨ ᠬᠣᠯᠪᠣᠭ᠎ᠠ ᠵᠢᠨ 《2063 ᠣᠨ᠎ᠤ ᠵᠥᠪᠯᠡᠬᠦ ᠵᠦᠢ᠍ᠯ》᠎ᠢ ᠲᠡᠮᠵᠢᠵᠥ᠂ ᠠᠹᠷᠢᠺᠠ ᠲᠢᠪ᠎ᠤᠨ ᠡᠯ᠎ᠡ ᠤᠯᠤᠰ᠎ᠤᠨ ᠬᠥᠭᠵᠢᠯᠲᠡ ᠵᠢᠨ ᠪᠠᠶ᠋ᠢᠯᠳᠤᠬᠤ ᠪᠤᠳᠤᠯᠭ᠎ᠠ᠂ ᠳᠤᠮᠳᠠᠳᠤ ᠤᠯᠤᠰ᠎ᠤᠨ ᠬᠥᠭᠵᠢᠯᠲᠡ᠂ ᠠᠹᠷᠢᠺᠠ ᠲᠢᠪ᠎ᠤᠨ ᠬᠥᠭᠵᠢᠯᠲᠡ᠎ᠲᠠᠢ ᠨᠢᠭᠲᠠ ᠵᠣᠯᠭ᠋ᠠᠭᠤᠯᠵᠤ᠂ ᠳᠡᠯᠡᠬᠡᠢ ᠵᠢᠨ ᠬᠥᠭᠵᠢᠯᠲᠡ᠎ᠲᠠᠢ ᠤᠯᠠᠮ ᠴᠢᠨᠠᠭᠰᠢᠳᠠ ᠤᠶᠠᠯᠳᠤᠭᠤᠯᠵᠤ᠂ ᠳᠤᠮᠳᠠᠳᠤ ᠠᠹᠷᠢᠺᠠ ᠵᠢᠨ ᠬᠠᠮᠲᠤᠷᠠᠯᠴᠠᠭ᠋ᠠᠨ᠎ᠤ ᠶᠠᠰᠤ ᠴᠢᠨᠠᠷ᠎ᠢ ᠳᠡᠭᠡᠭᠰᠢᠯᠡᠭᠦᠯᠵᠦ ᠲᠡᠰ ᠳᠡᠪᠰᠢᠭᠦᠯᠬᠦ᠂ ᠳᠡᠯᠡᠬᠡᠢ ᠵᠢᠨ ᠡᠩᠬᠡ ᠲᠠᠶ᠋ᠢᠪᠤᠩ᠂ ᠠᠮᠤᠷ ᠲᠦᠪᠰᠢᠨ᠂ ᠬᠥᠭᠵᠢᠯ ᠴᠡᠴᠡᠭᠯᠡᠯ᠎ᠢ ᠠᠬᠢᠭᠤᠯᠵᠤ᠂ ᠤᠷᠤᠭᠰᠢᠯᠠᠨ ᠲᠠᠪᠰᠢᠬᠤ ᠭᠡᠭᠡᠨ ᠰᠠᠷᠠᠭᠤᠯ ᠢᠷᠡᠭᠡᠳᠦᠢ ᠲᠡᠰᠢ ᠤᠷᠤᠭᠰᠢᠯᠠᠬᠤ ᠵᠢ ᠠᠬᠢᠭᠤᠯᠤᠨ᠎ᠠ᠃
ᠳᠤᠮᠳᠠᠳᠤ ᠤᠯᠤᠰ ᠳᠤᠷᠠᠲᠠᠶ᠎ᠠ ᠰᠢᠶᠧᠷᠠ ᠯᠢᠶᠤᠨᠢ ᠪᠠᠭᠲᠠᠭ᠋ᠠᠭᠰᠠᠨ ᠠᠹᠷᠢᠺᠠ ᠲᠢᠪ᠎ᠤᠨ ᠨᠠᠶ᠋ᠢᠵᠠ ᠨᠠᠷ᠎ᠲᠠᠢ ᠬᠠᠮᠲᠤ᠎ᠪᠠᠷ ᠡᠨᠡ ᠵᠢᠯ᠎ᠤᠨ ᠳᠤᠮᠳᠠᠳᠤ ᠠᠹᠷᠢᠺᠠ ᠵᠢᠨ ᠬᠠᠮᠲᠤᠷᠠᠯᠴᠠᠭ᠋ᠠᠨ᠎ᠤ ᠶᠠᠷᠢᠶᠠᠨ᠎ᠤ ᠲᠠᠪᠴᠠᠩ᠎ᠢ ᠰᠠᠶ᠋ᠢᠲᠤᠷ ᠡᠷᠬᠢᠯᠡᠵᠦ᠂ ᠳᠤᠮᠳᠠᠳᠤ ᠰᠢᠶᠧᠷᠠ ᠯᠢᠶᠤᠨ᠂ ᠳᠤᠮᠳᠠᠳᠤ ᠠᠹᠷᠢᠺᠠ ᠵᠢᠨ ᠨᠥᠬᠥᠷᠯᠡᠯ᠎ᠢ ᠪᠠᠳᠠᠷᠠᠭᠤᠯᠤᠨ᠎ᠠ᠃

ᠪᠢ᠊ · ᠤᠤ᠂ ᠳᠤᠮᠳᠠᠳᠤ ᠤᠯᠤᠰ ᠪᠣᠯ ᠰᠢᠶᠧᠷᠠ ᠯᠢᠶᠤᠨᠤ ᠢᠲᠡᠭᠡᠬᠦ ᠪᠠ ᠲᠦᠰᠢᠭᠯᠡᠯᠴᠡᠵᠦ ᠪᠠᠢ᠌ᠭ᠎ᠠ ᠨᠠᠶ᠋ᠢᠵᠠ ᠮᠥᠨ᠂ ᠬᠣᠶᠠᠷ ᠲᠠᠯ᠎ᠠ᠎ᠪᠠᠷ ᠵᠶ᠋ᠠᠨ ᠢᠮᠠᠭᠲᠠ ᠬᠠᠷᠢᠯᠴᠠᠨ ᠬᠦᠨᠳᠦᠳᠬᠡᠵᠦ᠂ ᠬᠠᠷᠢᠯᠴᠠᠨ ᠡᠷᠬᠡ ᠲᠡᠭᠰᠢ᠎ᠪᠠᠷ ᠬᠠᠨᠳᠤᠵᠤ᠂ ᠭᠦᠨ ᠵᠤᠵᠠᠭ᠋ᠠᠨ ᠤᠯᠠᠮᠵᠢᠯᠠᠯᠲᠤ ᠨᠥᠬᠥᠷᠯᠡᠯ᠎ᠲᠠᠢ ᠶᠤᠮ᠃ ᠰᠢᠶᠧᠷᠠ ᠯᠢᠶᠤᠨ ᠳᠤᠮᠳᠠᠳᠤ ᠵᠢᠨ ᠲᠠᠯ᠎ᠠ ᠵᠢᠨ ᠰᠢᠶᠧᠷᠠ ᠯᠢᠶᠤᠨᠤ ᠠᠵᠤ ᠠᠬᠤᠢ ᠨᠡᠶ᠋ᠢᠭᠡᠮ᠎ᠤᠨ ᠬᠥᠭᠵᠢᠯᠲᠡ᠎ᠳᠤ ᠦᠵᠡᠭᠦᠯᠦᠭᠰᠡᠨ ᠬᠦᠴᠦᠲᠡᠢ ᠳᠡᠮᠵᠢᠯᠭᠡ᠎ᠳᠤ ᠲᠠᠯᠠᠷᠬᠠᠵᠤ᠂ ᠳᠤᠮᠳᠠᠳᠤ ᠤᠯᠤᠰ᠎ᠤᠨ ᠡᠪ ᠬᠠᠮᠲᠤ ᠨᠠᠮ ᠳᠤᠮᠳᠠᠳᠤ ᠤᠯᠤᠰ᠎ᠤᠨ ᠠᠷᠠᠳ ᠲᠦᠮᠡᠨ᠎ᠢ ᠤᠳᠤᠷᠢᠳᠤᠨ ᠲᠠᠪᠠᠯᠳᠠᠳᠤ ᠬᠥᠭᠵᠢᠯᠲᠡ ᠵᠢ ᠪᠡᠶᠡᠯᠡᠭᠦᠯᠵᠦ᠂ ᠦᠨᠳᠦᠰᠦᠲᠡᠨ᠎ᠤ ᠰᠡᠷᠭᠦᠨ ᠮᠠᠨᠳᠤᠯᠲᠠ ᠵᠢ ᠠᠬᠢᠭᠤᠯᠤᠭᠰᠠᠨ᠎ᠢ ᠳᠡᠭᠡᠳᠦ ᠬᠡᠮᠵᠢᠶ᠎ᠡ᠎ᠪᠠᠷ ᠮᠠᠭᠲᠠᠨ ᠰᠠᠶ᠋ᠢᠰᠢᠶᠠᠵᠤ ᠪᠠᠶ᠋ᠢᠨ᠎ᠠ᠃ ᠳᠤᠮᠳᠠᠳᠤ ᠤᠯᠤᠰ᠎ᠤᠨ ᠲᠤᠷᠰᠢᠯᠭ᠎ᠠ᠎ᠨᠢ ᠬᠥᠭᠵᠢᠵᠦ ᠪᠠᠶ᠋ᠢᠭ᠎ᠠ ᠤᠯᠤᠰ᠎ᠤᠨ ᠬᠥᠭᠵᠢᠯᠲᠡ᠎ᠪᠠᠨ ᠲᠦᠷᠭᠡᠳᠬᠡᠬᠦ᠎ᠳᠤ ᠭᠦᠨᠵᠡᠭᠡᠢ ᠰᠡᠩᠬᠡᠷᠡᠭᠦᠯᠦᠯ ᠬᠠᠩᠭ᠋ᠠᠵᠠᠢ᠃ ᠲᠡᠷᠢᠭᠦᠯᠡᠭᠴᠢ ᠰᠢ ᠵᠢᠨ ᠫᠢᠩ᠎ᠤᠨ ᠳᠤᠷᠠᠳᠤᠭᠰᠠᠨ 《ᠨᠢᠭᠡ ᠪᠦᠰᠡ ᠨᠢᠭᠡ ᠵᠠᠮ》᠎ᠤᠨ ᠰᠠᠨᠠᠭ᠋ᠠᠴᠢᠯᠠᠭ᠎ᠠ᠎ᠨᠢ ᠪᠦᠬᠦ ᠬᠥᠮᠦᠨ ᠲᠥᠷᠥᠯᠬᠢᠲᠡᠨ᠎ᠤ ᠬᠠᠮᠲᠤ ᠵᠢᠨ ᠠᠰᠢᠭ ᠲᠤᠰᠠ ᠵᠢ ᠠᠬᠢᠭᠤᠯᠬᠤ᠎ᠳᠤ ᠥᠷᠭᠡᠨ ᠳᠡᠯᠭᠡᠷ ᠢᠳᠡᠪᠬᠢᠲᠡᠢ ᠨᠥᠯᠥᠭᠡ ᠦᠵᠡᠭᠦᠯᠵᠡᠢ᠃ ᠰᠢᠶᠧᠷᠠ ᠯᠢᠶᠤᠨ ᠨᠢᠭᠡ ᠳᠤᠮᠳᠠᠳᠤ ᠤᠯᠤᠰ ᠪᠠᠶ᠋ᠢᠬᠤ ᠵᠠᠷᠴᠢᠮ᠎ᠢ ᠪᠠᠷᠢᠮᠲᠠᠯᠠᠵᠤ᠂ ᠳᠤᠮᠳᠠᠳᠤ ᠤᠯᠤᠰ᠎ᠤᠨ ᠡᠷᠬᠡ ᠮᠡᠳᠡᠯ ᠪᠣᠯᠤᠨ ᠨᠤᠲᠤᠭ ᠳᠡᠪᠢᠰᠬᠡᠷ᠎ᠤᠨ ᠪᠦᠷᠢᠨ ᠪᠦᠲᠦᠨ ᠪᠠᠶ᠋ᠢᠬᠤ ᠵᠢ ᠬᠠᠮᠠᠭ᠋ᠠᠯᠠᠬᠤ ᠵᠢ ᠡᠷᠡᠰ ᠲᠡᠮᠵᠢᠵᠥ᠂ ᠳᠤᠮᠳᠠᠳᠤ ᠤᠯᠤᠰ᠎ᠤᠨ ᠲᠤᠰ ᠪᠡᠶ᠎ᠡ ᠵᠢᠨ ᠭᠣᠣᠯᠯᠠᠭᠴᠢ ᠠᠰᠢᠭ ᠲᠤᠰᠠ᠎ᠪᠠᠨ ᠬᠠᠮᠠᠭ᠋ᠠᠯᠠᠬᠤ ᠵᠢ ᠲᠡᠮᠵᠢᠵᠥ᠂ ᠳᠤᠷᠠᠲᠠᠶ᠎ᠠ ᠳᠤᠮᠳᠠᠳᠤ ᠤᠯᠤᠰ᠎ᠤᠨ ᠲᠤᠷᠰᠢᠯᠭ᠎ᠠ ᠵᠢ ᠰᠤᠷᠤᠯᠴᠠᠨ ᠲᠤᠯᠢᠳᠠᠵᠤ᠂ ᠳᠤᠷᠠᠲᠠᠶ᠎ᠠ ᠳᠤᠮᠳᠠᠳᠤ ᠤᠯᠤᠰ᠎ᠯᠤᠭ᠎ᠠ 《ᠨᠢᠭᠡ ᠪᠦᠰᠡ ᠨᠢᠭᠡ ᠵᠠᠮ》᠎ᠢ ᠬᠠᠮᠲᠤ᠎ᠪᠠᠷ ᠪᠦᠳᠦᠬᠡᠨ ᠪᠠᠶ᠋ᠢᠭᠤᠯᠬᠤ ᠬᠠᠮᠲᠤᠷᠠᠯᠴᠠᠭ᠎ᠠ᠂ ᠰᠠᠭᠤᠷᠢ ᠲᠥᠬᠥᠭᠡᠷᠦᠮᠵᠢ ᠵᠢᠨ ᠪᠦᠳᠦᠬᠡᠨ ᠪᠠᠶ᠋ᠢᠭᠤᠯᠤᠯᠲᠠ᠂ ᠠᠷᠠᠯᠵᠢᠶ᠎ᠠ᠂ ᠰᠤᠷᠭ᠋ᠠᠨ ᠬᠥᠮᠦᠵᠢᠯ᠂ ᠤᠯᠠᠨ ᠨᠡᠶ᠋ᠢᠲᠡ ᠵᠢᠨ ᠦᠢ᠍ᠯᠡᠴᠢᠯᠡᠭᠡ ᠵᠡᠷᠭᠡ ᠬᠦᠷᠢᠶᠡᠨ᠎ᠤ ᠬᠠᠮᠲᠤᠷᠠᠯᠴᠠᠭ᠎ᠠ᠎ᠪᠠᠨ ᠴᠢᠩᠭ᠋ᠠᠳᠬᠠᠵᠤ ᠰᠢᠨ᠎ᠡ ᠣᠷᠣᠨ ᠵᠠᠢ ᠵᠢ ᠥᠷᠭᠡᠳᠬᠡᠵᠦ᠂ ᠰᠢᠶᠧᠷᠠ ᠯᠢᠶᠤᠨ ᠳᠤᠮᠳᠠᠳᠤ ᠵᠢᠨ ᠤᠯᠠᠮᠵᠢᠯᠠᠯᠲᠤ ᠨᠥᠬᠥᠷᠯᠡᠯ᠎ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠵᠦ᠂ ᠰᠢᠶᠧᠷᠠ ᠯᠢᠶᠤᠨ ᠳᠤᠮᠳᠠᠳᠤ ᠵᠢᠨ ᠪᠦᠬᠦ ᠲᠠᠯ᠎ᠠ ᠵᠢᠨ ᠪᠠᠶ᠋ᠢᠯᠳᠤᠬᠤ ᠪᠤᠳᠤᠯᠭ᠎ᠠ ᠵᠢᠨ ᠬᠠᠮᠲᠤᠷᠠᠯᠴᠠᠭ᠋ᠠᠨ᠎ᠤ ᠬᠠᠨᠢᠲᠠᠨ᠎ᠤ ᠬᠠᠷᠢᠯᠴᠠᠭ᠎ᠠ ᠵᠢᠨ ᠴᠢᠨᠠᠭᠰᠢᠳᠠ ᠬᠥᠭᠵᠢᠬᠦ ᠵᠢ ᠠᠬᠢᠭᠤᠯᠤᠨ᠎ᠠ ᠭᠡᠵᠦ ᠢᠯᠡᠳᠬᠡᠪᠡ᠃ ᠰᠢᠶᠧᠷᠠ ᠯᠢᠶᠤᠨ ᠳᠤᠷᠠᠲᠠᠶ᠎ᠠ ᠳᠤᠮᠳᠠᠳᠤ ᠤᠯᠤᠰ᠎ᠯᠤᠭ᠎ᠠ ᠭᠠᠵᠠᠷ ᠣᠷᠣᠨ ᠪᠣᠯᠤᠨ ᠳᠡᠯᠡᠬᠡᠢ ᠵᠢᠨ ᠬᠠᠮᠲᠤᠷᠠᠯᠴᠠᠭ᠎ᠠ᠎ᠪᠠᠨ ᠴᠢᠩᠭ᠋ᠠᠳᠬᠠᠵᠤ᠂ ᠲᠡᠯᠡᠬᠡᠢ ᠵᠢᠨ ᠡᠩᠭᠬᠡ ᠲᠠᠢ᠌ᠪᠤᠩ ᠪᠤᠯᠤᠨ ᠬᠦᠭᠵᠢᠯᠲᠡ ᠵᠢ ᠠᠬᠢᠭᠤᠯᠤᠨ᠎ᠠ ᠭᠡᠵᠦ ᠢᠯᠡᠳᠬᠡᠪᠡ᠃
ᠬᠡᠯᠡᠯᠴᠡᠭᠡ ᠳᠠᠭᠤᠰᠤᠭᠰᠠᠨ᠎ᠤ ᠳᠠᠷᠠᠭ᠎ᠠ᠂ ᠬᠣᠶᠠᠷ ᠤᠯᠤᠰ᠎ᠤᠨ ᠲᠡᠷᠢᠭᠦᠨ 《ᠨᠢᠭᠡ ᠪᠦᠰᠡ ᠨᠢᠭᠡ ᠵᠠᠮ》᠂ ᠬᠥᠳᠡᠭᠡ ᠠᠵᠤ ᠠᠬᠤᠢ᠂ ᠠᠵᠤ ᠠᠬᠤᠢ ᠵᠢᠨ ᠬᠥᠭᠵᠢᠯᠲᠡ᠂ ᠪᠦᠬᠦ ᠪᠥᠮᠪᠥᠷᠴᠡᠭ᠎ᠤᠨ ᠬᠥᠭᠵᠢᠯᠲᠡ ᠵᠢᠨ ᠰᠠᠨᠠᠭ᠋ᠠᠴᠢᠯᠠᠭ᠎ᠠ ᠵᠢ ᠨᠠᠶ᠋ᠢᠳᠠᠪᠤᠷᠢᠵᠢᠭᠤᠯᠬᠤ ᠵᠡᠷᠭᠡ ᠬᠦᠷᠢᠶᠡᠨ᠎ᠤ ᠤᠯᠠᠨ ᠵᠦᠢ᠍ᠯ᠎ᠤᠨ ᠬᠠᠮᠲᠤᠷᠠᠯᠴᠠᠭ᠋ᠠᠨ᠎ᠤ ᠪᠢᠴᠢᠭ ᠮᠠᠲ᠋ᠧᠷᠢᠶᠠᠯ᠎ᠳᠤ ᠭᠠᠷᠤᠨ ᠦᠰᠦᠭ ᠵᠢᠷᠤᠬᠤ ᠵᠢ ᠬᠠᠮᠲᠤ᠎ᠪᠠᠷ ᠭᠡᠷᠡᠴᠢᠯᠡᠪᠡ᠃
ᠬᠣᠶᠠᠷ ᠲᠠᠯ᠎ᠠ᠎ᠪᠠᠷ ᠵᠶ᠋ᠠᠨ 《ᠪᠦᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ ᠪᠣᠯᠤᠨ ᠪᠦᠬᠦᠳᠡ ᠨᠠᠶ᠋ᠢᠷᠠᠮᠳᠠᠬᠤ ᠰᠢᠶᠧᠷᠠ ᠯᠢᠶᠤᠨ ᠤᠯᠤᠰ᠎ᠤᠨ ᠪᠦᠬᠦ ᠲᠠᠯ᠎ᠠ ᠵᠢᠨ ᠪᠠᠶ᠋ᠢᠯᠳᠤᠬᠤ ᠪᠤᠳᠤᠯᠭ᠎ᠠ ᠵᠢᠨ ᠬᠠᠮᠲᠤᠷᠠᠯᠴᠠᠭ᠋ᠠᠨ᠎ᠤ ᠬᠠᠨᠢᠲᠠᠨ᠎ᠤ ᠬᠠᠷᠢᠯᠴᠠᠭ᠎ᠠ ᠵᠢ ᠭᠦᠨᠵᠡᠭᠡᠶ᠋ᠢᠷᠡᠭᠦᠯᠬᠦ ᠲᠤᠬᠠᠢ ᠬᠠᠮᠲᠤᠷᠠᠭᠰᠠᠨ ᠢᠯᠡᠷᠬᠡᠶ᠋ᠢᠯᠡᠯᠲᠡ》 ᠵᠢ ᠨᠡᠶ᠋ᠢᠲᠡᠯᠡᠪᠡ᠃
ᠬᠡᠯᠡᠯᠴᠡᠭᠡ ᠬᠢᠬᠦ᠎ᠠᠴᠠ ᠡᠮᠦᠨ᠎ᠡ᠂ ᠰᠢ ᠵᠢᠨ ᠫᠢᠩ ᠬᠠᠳᠤᠨ ᠫᠸᠩ ᠯᠢ ᠶᠤᠸᠠᠨ᠎ᠲᠠᠢ᠎ᠪᠠᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠤᠨ ᠬᠣᠶ᠋ᠢᠲᠤ ᠶᠡᠬᠡ ᠲᠠᠩᠬᠢᠮ᠎ᠳᠤ ᠪᠢ᠊· ᠤᠤ ᠬᠢᠭᠡᠳ ᠲᠡᠬᠦᠨ᠎ᠤ ᠬᠠᠳᠤᠨ ᠹᠠᠳᠢᠮᠠ ᠵᠢ ᠤᠭᠲᠤᠬᠤ ᠶᠣᠰᠣᠯᠠᠯ ᠶᠠᠪᠤᠭᠤᠯᠪᠠ᠃
ᠲᠢᠶᠠᠨ ᠠᠨ ᠮᠸᠨ ᠲᠠᠯᠠᠪᠠᠢ᠎ᠳᠤ ᠶᠣᠰᠣᠯᠠᠯ᠎ᠤᠨ ᠫᠤᠤ ᠵᠢ 21 ᠳᠤᠤᠭ᠋ᠠᠷᠭ᠋ᠠᠵᠤ᠂ ᠶᠣᠰᠣᠯᠠᠯ᠎ᠤᠨ ᠴᠡᠷᠢᠭ ᠮᠥᠷᠯᠡᠨ ᠵᠣᠭᠰᠣᠵᠤ ᠬᠦᠨᠳᠦᠳᠬᠡᠯ ᠳᠡᠪᠰᠢᠭᠦᠯᠪᠡ᠃ ᠬᠣᠶᠠᠷ ᠤᠯᠤᠰ᠎ᠤᠨ ᠲᠡᠷᠢᠭᠦᠨ ᠰᠢᠯᠭ᠋ᠠᠨ ᠦᠵᠡᠬᠦ ᠲᠠᠶ᠋ᠢᠰᠠᠨ᠎ᠳᠤ ᠭᠠᠷᠴᠤ᠂ ᠴᠡᠷᠢᠭ᠎ᠤᠨ ᠬᠥᠭᠵᠢᠮ᠎ᠤᠨ ᠪᠦᠯᠬᠦᠮ ᠳᠤᠮᠳᠠᠳᠤ ᠰᠢᠶᠧᠷᠠ ᠯᠢᠶᠤᠨ ᠬᠣᠶᠠᠷ ᠤᠯᠤᠰ᠎ᠤᠨ ᠰᠦᠯᠳᠡ ᠳᠠᠭᠤᠤ ᠵᠢ ᠬᠥᠭᠵᠢᠮᠳᠡᠪᠡ᠃ ᠪᠢ᠊· ᠤᠤ ᠰᠢ ᠵᠢᠨ ᠫᠢᠩ᠎ᠤᠨ ᠪᠠᠷ᠎ᠠ ᠪᠤᠯᠤᠯᠭ᠎ᠠ᠎ᠲᠠᠢ᠎ᠪᠠᠷ ᠳᠤᠮᠳᠠᠳᠤ ᠤᠯᠤᠰ᠎ᠤᠨ ᠠᠷᠠᠳ᠎ᠤᠨ ᠴᠢᠯᠥᠭᠡᠯᠡᠬᠦ ᠴᠡᠷᠢᠭ᠎ᠤᠨ ᠶᠣᠰᠣᠯᠠᠯ᠎ᠤᠨ ᠠᠩᠬᠢ ᠵᠢ ᠰᠢᠯᠭ᠋ᠠᠨ ᠦᠵᠡᠪᠡ᠃
ᠲᠤᠰ ᠤᠷᠤᠢ᠂ ᠰᠢ ᠵᠢᠨ ᠫᠢᠩ ᠪᠣᠯᠤᠨ ᠫᠸᠩ ᠯᠢ ᠶᠤᠸᠠᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠤᠨ ᠰᠢᠵᠢᠷ ᠠᠯᠳᠠᠨ ᠶᠡᠬᠡ ᠲᠢᠩᠬᠢᠮ᠎ᠳᠤ ᠪᠢ᠊· ᠤᠤ ᠬᠢᠭᠡᠳ ᠲᠡᠬᠦᠨ᠎ᠤ ᠬᠠᠳᠤᠨ᠎ᠢ ᠤᠭᠲᠤᠬᠤ ᠳᠠᠶ᠋ᠢᠯᠠᠯᠭ᠎ᠠ ᠬᠢᠪᠡ᠃
ᠸᠠᠩ ᠢ ᠳᠡᠭᠡᠷᠡᠬᠢ ᠠᠵᠢᠯᠯᠠᠭ᠎ᠠ᠎ᠳᠤ ᠣᠷᠣᠯᠴᠠᠪᠠ᠃