ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠳᠤᠰᠬᠠᠢ ᠮᠡᠳᠡᠭᠡᠯᠡᠯ
ᠲᠣᠪᠴᠢ ᠮᠡᠳᠡᠭᠡ
ᠨᠡᠶ᠋ᠢᠲᠡᠯᠡᠭᠰᠡᠨ ᠴᠠᠭ᠄ 2024-02-04


    ᠣᠶ᠋ᠢᠷ᠎ᠠ᠎ᠳᠤ᠂ ᠬᠥᠯᠥᠨ ᠪᠣᠶ᠋ᠢᠷ ᠬᠤᠳᠠ ᠵᠢᠨ ᠵᠡᠭᠡᠷ᠎ᠡ ᠥᠭᠦᠭᠰᠡᠨ ᠬᠡᠷᠡᠭ᠎ᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠲᠤᠰᠬᠠᠶ ᠮᠡᠷᠭᠡᠵᠢᠯᠲᠡᠨ ᠵᠢᠴᠢ ᠠᠵᠢᠯᠲᠠᠨ᠎ᠢ ᠵᠣᠬᠢᠶᠠᠨ ᠪᠠᠶ᠋ᠢᠭᠤᠯᠵᠤ᠂ ᠲᠤᠬᠠᠶ ᠵᠢᠨ ᠭᠠᠵᠠᠷ᠎ᠤᠨ ᠵᠠᠰᠠᠭ᠎ᠤᠨ ᠣᠷᠳᠣᠨ ᠪᠣᠯᠤᠨ ᠣᠶ ᠰᠢᠭᠤᠶ ᠪᠠ ᠨᠤᠲᠤᠭ ᠪᠡᠯᠴᠢᠭᠡᠷ᠂ ᠲᠠᠷᠢᠶᠠᠯᠠᠩ ᠮᠠᠯ ᠠᠵᠤ ᠠᠬᠤᠶ ᠵᠡᠷᠭᠡ ᠰᠠᠯᠠᠭ᠎ᠠ ᠮᠥᠴᠢᠷ᠎ᠲᠠᠢ ᠬᠠᠮᠲᠤᠷᠠᠨ ᠲᠤᠰᠬᠠᠶ ᠪᠠᠶ᠋ᠢᠴᠠᠭ᠋ᠠᠬᠤ ᠳᠤᠭᠤᠶ᠋ᠢᠯᠠᠩ ᠪᠠᠶ᠋ᠢᠭᠤᠯᠵᠤ᠂ ᠲᠤᠬᠠᠶ ᠵᠢᠨ ᠲᠠᠯᠠᠪᠤᠷ᠎ᠲᠤ ᠬᠦᠷᠴᠦ  ᠬᠢᠨᠠᠨ ᠪᠠᠶ᠋ᠢᠴᠠᠭ᠋ᠠᠪᠠ᠃
    ᠰᠢᠨ᠎ᠡ ᠪᠠᠷᠭᠤ ᠵᠡᠭᠦᠨ ᠬᠣᠰᠢᠭᠤᠨ᠎ᠤ ᠵᠠᠰᠠᠭ᠎ᠤᠨ ᠣᠷᠳᠣᠨ ᠬᠤᠰᠢᠭᠤᠨ᠎ᠤ ᠣᠶ ᠰᠢᠭᠤᠶ ᠪᠠ ᠨᠤᠲᠤᠭ ᠪᠡᠯᠴᠢᠭᠡᠷ᠂ ᠲᠠᠷᠢᠶᠠᠯᠠᠩ ᠮᠠᠯ ᠠᠵᠤ ᠠᠬᠤᠶ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ ᠵᠡᠷᠭᠡ ᠰᠠᠯᠠᠭ᠎ᠠ ᠮᠥᠴᠢᠷ᠎ᠢ ᠵᠣᠬᠢᠶᠠᠨ ᠪᠠᠶ᠋ᠢᠭᠤᠯᠤᠨ ᠲᠤᠬᠠᠶ ᠵᠢᠨ ᠲᠠᠯᠠᠪᠠᠶ ᠵᠢ ᠲᠡᠷᠡ ᠳᠠᠷᠤᠶ᠎ᠳᠤᠨᠢ ᠪᠢᠲᠡᠭᠦᠮᠵᠢᠯᠡᠵᠦ᠂ ᠡᠨᠳᠡᠭᠰᠡᠨ ᠪᠣᠳᠠᠭ᠋ᠠᠯᠢ ᠵᠢ ᠲᠥᠪᠯᠡᠷᠡᠭᠦᠯᠦᠨ ᠰᠢᠢ᠍ᠳᠪᠦᠷᠢᠯᠡᠵᠦ᠂ ᠬᠢᠵᠢᠭ᠎ᠤᠨ  ᠬᠠᠯᠳᠠᠪᠤᠷᠢᠯᠠᠬᠤ ᠪᠤᠯᠤᠮᠵᠢ᠎ᠠᠴᠠ ᠵᠠᠶ᠋ᠢᠯᠠᠰᠬᠢᠪᠡ᠃ ᠣᠳᠣᠬᠠᠨ ᠪᠣᠯᠲᠠᠯ᠎ᠠ ᠨᠡᠶ᠋ᠢᠲᠡ 33 ᠵᠡᠭᠡᠷ᠎ᠡ ᠡᠨᠳᠡᠵᠡᠶ᠃ ᠲᠤᠰᠬᠠᠶ ᠪᠠᠶ᠋ᠢᠴᠠᠭ᠋ᠠᠬᠤ ᠳᠤᠭᠤᠶ᠋ᠢᠯᠠᠩ᠎ᠨᠢ ᠬᠣᠶᠠᠷ ᠭᠠᠵᠠᠷ᠎ᠤᠨ ᠵᠡᠭᠡᠷ᠎ᠡ ᠵᠢᠨ ᠭᠤᠤᠯ  ᠴᠤᠭᠯᠠᠷᠠᠬᠤ (ᠢᠳᠡᠰᠢᠯᠡᠬᠦ) ᠤᠷᠤᠨ᠎ᠢ ᠲᠤᠬᠠᠶ ᠵᠢᠨ ᠲᠠᠯᠠᠪᠠᠶ᠎ᠳᠤ ᠪᠠᠶ᠋ᠢᠴᠠᠭ᠋ᠠᠨ ᠰᠢᠨᠵᠢᠭᠰᠡᠨ᠎ᠤ ᠳᠠᠷᠠᠭ᠎ᠠ᠂ ᠲᠠᠷᠢᠶᠠᠯᠠᠩ ᠮᠠᠯ ᠠᠵᠤ ᠠᠬᠤᠶ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠎ᠤᠨ ᠡᠪᠡᠳᠴᠢᠨ᠎ᠢ ᠰᠡᠷᠭᠡᠶ᠋ᠢᠯᠡᠨ ᠡᠵᠡᠮᠳᠡᠬᠦ ᠲᠥᠪ᠎ᠤᠨ ᠠᠵᠢᠯᠲᠠᠨ᠎ᠲᠠᠢ ᠬᠠᠮᠲᠤᠷᠠᠨ ᠥᠭᠦᠭᠰᠡᠨ ᠪᠣᠳᠠᠭ᠋ᠠᠯᠢ᠎ᠠᠴᠠ ᠥᠯᠢᠭᠡᠷ ᠬᠡᠪ ᠠᠪᠴᠤ᠂ ᠤᠯᠤᠰ᠎ᠤᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠴᠠᠩᠴᠦ᠋ᠨ᠎ᠤ ᠬᠡᠭᠡᠷ᠎ᠡ ᠵᠢᠨ ᠠᠮᠢᠲᠠᠨ᠎ᠤ ᠬᠢᠵᠢᠭ ᠡᠪᠡᠳᠴᠢᠨ᠎ᠤ ᠰᠤᠳᠤᠯᠭ᠋ᠠᠨ᠎ᠤ ᠲᠥᠪ ᠵᠢᠴᠢ ᠲᠠᠷᠢᠶᠠᠯᠠᠩ ᠮᠠᠯ ᠠᠵᠤ ᠠᠬᠤᠶ ᠵᠢᠨ ᠰᠠᠯᠠᠭ᠎ᠠ ᠮᠥᠴᠢᠷ ᠵᠡᠷᠭᠡ ᠬᠠᠮᠢᠶ᠎ᠠ ᠪᠥᠬᠥᠶ ᠡᠷᠬᠡ ᠰᠦᠷᠲᠦ ᠪᠠᠶ᠋ᠢᠭᠤᠯᠤᠮᠵᠢ᠎ᠳᠤ ᠬᠦᠷᠭᠡᠨ ᠰᠢᠯᠭ᠋ᠠᠨ ᠪᠠᠶ᠋ᠢᠴᠠᠭ᠋ᠠᠯᠭ᠋ᠠᠪᠠ᠃
     ᠣᠳᠣᠬᠠᠨ᠎ᠳᠤ᠂ ᠰᠢᠨ᠎ᠡ ᠪᠠᠷᠭᠤ ᠵᠡᠭᠦᠨ ᠬᠣᠰᠢᠭᠤᠨ᠎ᠤ ᠣᠶ ᠰᠢᠭᠤᠶ ᠨᠤᠲᠤᠭ ᠪᠠ ᠪᠡᠯᠴᠢᠭᠡᠷ᠎ᠤᠨ ᠲᠣᠪᠴᠢᠶ᠎ᠠ ᠵᠢᠴᠢ ᠣᠶ ᠰᠢᠭᠤᠶ ᠵᠢᠨ ᠲᠠᠯᠠᠪᠠᠶ᠎ᠠᠴᠠ ᠨᠢᠭᠡᠨᠲᠡ ᠳᠥᠷᠪᠡᠳᠦᠭᠡᠷ ᠠᠩᠭᠢ ᠵᠢᠨ ᠠᠵᠢᠯᠲᠠᠨ᠎ᠢ 24 ᠴᠠᠭ ᠵᠶ᠋ᠠᠷ ᠴᠠᠭᠳᠠᠨ ᠬᠠᠮᠠᠭ᠋ᠠᠯᠠᠵᠤ᠂ ᠠᠰᠠᠭᠤᠳᠠᠯ᠎ᠢ ᠣᠯᠵᠤ ᠮᠡᠳᠡᠪᠡᠯ ᠴᠠᠭ ᠲᠤᠬᠠᠶ᠎ᠳᠤᠨᠢ ᠰᠢᠢ᠍ᠳᠪᠦᠷᠢᠯᠡᠬᠦ ᠵᠢ ᠦᠨᠡᠨ ᠬᠦ᠌ ᠪᠠᠲᠤᠯᠠᠵᠤ ᠪᠠᠶ᠋ᠢᠨ᠎ᠠ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠤᠢ ᠰᠢᠭᠤᠢ ᠪᠠ ᠨᠤᠳᠤᠭ ᠪᠡᠯᠴᠢᠭᠡᠷ᠎ᠤᠨ ᠲᠤᠪᠴᠢᠶ᠎ᠠ
          
ᠬᠠᠮᠢᠶ᠎ᠡ ᠪᠦᠬᠦᠢ ᠰᠣᠨᠢᠨ
ᠪᠦᠬᠦ ᠣᠷᠣᠨ᠎ᠤ ᠤᠢ ᠰᠢᠭᠤᠢ ᠪᠠ ᠨᠤᠲᠤᠭ ᠪᠡᠯᠴᠢᠭᠡᠷ᠎ᠤᠨ ᠠᠵᠢᠯ᠎ᠤᠨ ᠸᠢᠳᠢᠣ᠋ ᠬᠤᠷᠠᠯ ᠬᠤᠷᠠᠯᠳᠤᠪᠠ᠃
ᠪᠦᠬᠦ ᠣᠷᠣᠨ᠎ᠤ ᠤᠢ ᠰᠢᠭᠤᠢ ᠪᠠ ᠨᠤᠲᠤᠭ ᠪᠡᠯᠴᠢᠭᠡᠷ᠎ᠤᠨ ᠠᠵᠢᠯ᠎ᠤᠨ ᠸᠢᠳᠢᠣ᠋ ᠬᠤᠷᠠᠯ ᠬᠤᠷᠠᠯᠳᠤᠪᠠ᠃
ᠨᠠᠮ᠎ᠤᠨ ᠲᠥᠪ ᠬᠤᠷᠢᠶ᠎ᠠ ᠲᠦᠷᠦ ᠵᠢᠨ ᠶᠠᠪᠤᠳᠠᠯ᠎ᠤᠨ ᠬᠤᠷᠢᠶ᠎ᠠ ᠴᠠᠭ᠋ᠠᠨ ᠰᠠᠷ᠎ᠠ ᠵᠢᠨ ᠬᠠᠮᠲᠤ ᠵᠢᠨ ᠵᠣᠯᠭ᠋ᠠᠯᠲᠠ ᠬᠢᠪᠡ
ᠰᠢ ᠵᠢᠨ ᠫᠢᠩ ᠰᠢᠶᠧᠷᠠ ᠯᠢᠶᠤᠨ᠎ᠤ ᠶᠡᠷᠦᠩᠬᠡᠢ᠌ᠯᠡᠭᠴᠢ ᠪᠢ᠊· ᠤᠤ᠎ᠲᠠᠢ ᠬᠡᠯᠡᠯᠴᠡᠭᠡ ᠬᠢᠪᠡ
《ᠨᠠᠭᠦᠷᠡᠰᠦᠲᠦ᠋ᠷᠦᠭᠴᠢ ᠭᠠᠳᠠᠭᠰᠢᠯᠠᠭᠤᠯᠬᠤ ᠡᠷᠬᠡ ᠵᠢᠨ ᠠᠷᠠᠯᠵᠢᠶᠠᠨ᠎ᠤ ᠬᠠᠮᠢᠶᠠᠷᠤᠯᠲᠠ ᠵᠢᠨ ᠲᠦᠷ ᠬᠡᠷᠡᠭᠵᠢᠭᠦᠯᠬᠦ ᠳᠦᠷᠢᠮ》᠎ᠢ ᠣᠶ᠋ᠢᠷ᠎ᠠ᠎ᠳᠤ ᠨᠡᠶ᠋ᠢᠲᠡᠯᠡᠪᠡ ᠨᠠᠭᠦᠷᠡᠰᠦᠲᠦ᠋ᠷᠦᠭᠴᠢ ᠵᠢᠨ ᠵᠠᠬ᠎ᠠ ᠳᠡᠯᠭᠡᠭᠦᠷ᠎ᠤᠨ ᠡᠷᠡᠭᠦᠯ ᠵᠶ᠋ᠠᠷ ᠬᠥᠭᠵᠢᠬᠦ᠎ᠳᠤ ᠬᠠᠤᠯᠢ ᠴᠠᠭ᠋ᠠᠵᠠ ᠵᠢᠨ ᠪᠠᠲᠤᠯᠠᠭ᠎ᠠ ᠬᠠᠩᠭ᠋ᠠᠪᠠ
 
             蒙ICP备05000248号