2 ᠰᠠᠷ᠎ᠠ ᠵᠢᠨ 4᠎ᠤ ᠡᠳᠦᠷ᠂ ᠪᠥᠬᠥ ᠣᠷᠣᠨ᠎ᠤ ᠣᠢ ᠰᠢᠭᠤᠶ ᠪᠠ ᠨᠤᠲᠤᠭ ᠪᠡᠯᠴᠢᠭᠡᠷ᠎ᠤᠨ ᠠᠵᠢᠯ᠎ᠤᠨ ᠸᠢᠳᠢᠣ᠋ ᠬᠤᠷᠠᠯ ᠬᠦᠬᠡᠬᠤᠲᠠ᠎ᠳᠤ ᠬᠤᠷᠠᠯᠳᠤᠪᠠ᠃ ᠬᠤᠷᠠᠯ᠎ᠠᠴᠠ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠣᠯᠭ᠎ᠠ ᠪᠣᠯᠭ᠋ᠠᠵᠤ᠂ ᠨᠠᠮ᠎ᠤᠨ ᠬᠣᠷᠢᠳᠤᠭ᠋ᠠᠷ ᠶᠡᠬᠡ ᠬᠤᠷᠠᠯ᠂ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠬᠣᠶᠠᠳᠤᠭ᠋ᠠᠷ ᠬᠤᠷᠠᠯ᠎ᠤᠨ ᠵᠣᠷᠢᠭ ᠰᠠᠨᠠᠭ᠎ᠠ ᠪᠣᠯᠤᠨ ᠶᠡᠷᠦᠩᠬᠡᠶ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠤᠨ ᠲᠤᠬᠠᠶ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠪᠥᠬᠥ ᠲᠠᠯ᠎ᠠ᠎ᠪᠠᠷ ᠲᠤᠭᠤᠰᠢᠯᠠᠭᠤᠯᠵᠤ᠂ ᠲᠥᠪ᠎ᠤᠨ ᠠᠵᠤ ᠠᠬᠤᠶ ᠵᠢᠨ ᠠᠵᠢᠯ᠎ᠤᠨ ᠬᠤᠷᠠᠯ᠂ ᠬᠥᠳᠡᠭᠡ ᠲᠣᠰᠬᠣᠨ᠎ᠤ ᠠᠵᠢᠯ᠎ᠤᠨ ᠬᠤᠷᠠᠯ ᠵᠢᠴᠢ ᠪᠥᠬᠥ ᠤᠯᠤᠰ᠎ᠤᠨ ᠣᠶ ᠰᠢᠭᠤᠶ ᠪᠠ ᠨᠤᠲᠤᠭ ᠪᠡᠯᠴᠢᠭᠡᠷ᠎ᠤᠨ ᠠᠵᠢᠯ᠎ᠤᠨ ᠸᠢᠳᠢᠣ᠋ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠶ ᠨᠠᠶ᠋ᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠠᠷᠪᠠᠨ ᠨᠢᠭᠡᠳᠦᠭᠡᠷ ᠬᠤᠭᠤᠴᠠᠭ᠋ᠠᠨ᠎ᠤ ᠳᠣᠯᠣᠳᠤᠭ᠋ᠠᠷ ᠪᠥᠬᠥᠳᠡ ᠬᠤᠷᠠᠯ ᠵᠢᠴᠢ ᠪᠥᠬᠥ ᠣᠷᠣᠨ᠎ᠤ ᠠᠵᠤ ᠠᠬᠤᠶ ᠵᠢᠨ ᠠᠵᠢᠯ᠎ᠤᠨ ᠬᠤᠷᠠᠯ᠂ ᠥᠪᠡᠷᠲᠡᠭᠡᠨ ᠵᠠᠰᠠᠬᠤ ᠣᠷᠣᠨ᠎ᠤ 《ᠬᠣᠶᠠᠷ ᠬᠤᠷᠠᠯ》 ᠪᠣᠯᠤᠨ ᠮᠠᠯᠵᠢᠬᠤ ᠲᠠᠷᠢᠶᠠᠯᠠᠬᠤ ᠣᠷᠣᠨ᠎ᠤ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ ᠵᠢ ᠨᠠᠷᠢᠨ ᠬᠢᠨᠠᠮᠠᠭ᠋ᠠᠶ ᠨᠠᠶ᠋ᠢᠳᠠᠪᠤᠷᠢᠵᠢᠭᠤᠯᠵᠤ᠂ 2023 ᠣᠨ᠎ᠤ ᠪᠥᠬᠥ ᠣᠷᠣᠨ᠎ᠤ ᠣᠶ ᠰᠢᠭᠤᠶ ᠨᠤᠲᠤᠭ ᠪᠡᠯᠴᠢᠭᠡᠷ᠎ᠤᠨ ᠠᠵᠢᠯ᠎ᠢ ᠪᠥᠬᠥ ᠲᠠᠯ᠎ᠠ᠎ᠪᠠᠷ ᠳ᠋ᠦᠩᠨᠡᠵᠦ᠂ 2024 ᠣᠨ᠎ᠤ ᠭᠤᠤᠯᠳᠠᠯᠭ᠎ᠠ᠎ᠲᠠᠢ ᠠᠵᠢᠯ᠎ᠢ ᠲᠣᠬᠢᠷᠠᠭᠤᠯᠤᠨ ᠪᠠᠶ᠋ᠢᠷᠢᠯᠠᠭᠤᠯᠪᠠ᠃

ᠬᠤᠷᠠᠯ᠎ᠠᠴᠠ ᠪᠦᠬᠦ ᠤᠯᠤᠰ᠎ᠤᠨ ᠤᠢ ᠰᠢᠭᠤᠢ ᠪᠠ ᠨᠤᠲᠤᠭ ᠪᠡᠯᠴᠢᠭᠡᠷ᠎ᠤᠨ ᠠᠵᠢᠯ᠎ᠤᠨ ᠸᠢᠳᠢᠣ᠋ ᠬᠤᠷᠠᠯ᠎ᠤᠨ ᠵᠣᠷᠢᠭ ᠰᠠᠨᠠᠭ᠎ᠠ ᠵᠢ ᠤᠯᠠᠮᠵᠢᠯᠠᠪᠠ᠃ ᠤᠷᠳᠤᠰ ᠬᠤᠳᠠ ᠵᠢᠨ ᠤᠢ ᠰᠢᠭᠤᠢ ᠪᠠ ᠨᠤᠲᠤᠭ ᠪᠡᠯᠴᠢᠭᠡᠷ᠎ᠤᠨ ᠲᠤᠪᠴᠢᠶ᠎ᠠ᠂ ᠥᠪᠡᠷᠲᠡᠭᠡᠨ ᠵᠠᠰᠠᠬᠤ ᠣᠷᠣᠨ᠎ᠤ ᠤᠢ ᠰᠢᠭᠤᠢ ᠪᠠ ᠨᠤᠲᠤᠭ ᠪᠡᠯᠴᠢᠭᠡᠷ᠎ᠤᠨ ᠲᠤᠪᠴᠢᠶ᠎ᠠ ᠵᠢᠨ ᠡᠯᠡᠰᠦ ᠵᠢ ᠵᠠᠰᠠᠵᠤ ᠣᠶ᠋ᠢᠵᠢᠭᠤᠯᠬᠤ ᠭᠠᠵᠠᠷ ᠶᠠᠷᠢᠶ᠎ᠠ ᠲᠠᠯᠪᠢᠪᠠ᠃ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠣᠪᠴᠢᠶᠠᠨ ᠳᠠᠷᠤᠭ᠎ᠠ ᠸᠠᠩ ᠵᠣᠣ ᠱᠧᠩ᠂ ᠤᠯᠤᠰ᠎ᠤᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠥᠪᠥᠷ ᠮᠣᠩᠭᠣᠯ᠎ᠳᠤ ᠰᠠᠭᠤᠭ᠎ᠠ ᠲᠤᠰᠬᠠᠶ ᠲᠤᠰᠢᠶᠠᠯᠲᠠᠨ᠎ᠤ ᠠᠯᠪᠠᠨ ᠬᠡᠷ᠎ᠤᠨ ᠲᠤᠰᠬᠠᠶ ᠲᠤᠰᠢᠶᠠᠯᠲᠠᠨ ᠯᠢ ᠶᠠᠨ ᠬᠤᠸᠠ ᠬᠤᠷᠠᠯ᠎ᠳᠤ ᠣᠷᠣᠯᠴᠠᠵᠤ ᠶᠠᠷᠢᠶ᠎ᠠ ᠲᠠᠯᠪᠢᠪᠠ᠃