ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠳᠤᠰᠬᠠᠢ ᠮᠡᠳᠡᠭᠡᠯᠡᠯ
《ᠨᠠᠭᠦᠷᠡᠰᠦᠲᠦ᠋ᠷᠦᠭᠴᠢ ᠭᠠᠳᠠᠭᠰᠢᠯᠠᠭᠤᠯᠬᠤ ᠡᠷᠬᠡ ᠵᠢᠨ ᠠᠷᠠᠯᠵᠢᠶᠠᠨ᠎ᠤ ᠬᠠᠮᠢᠶᠠᠷᠤᠯᠲᠠ ᠵᠢᠨ ᠲᠦᠷ ᠬᠡᠷᠡᠭᠵᠢᠭᠦᠯᠬᠦ ᠳᠦᠷᠢᠮ》᠎ᠢ ᠣᠶ᠋ᠢᠷ᠎ᠠ᠎ᠳᠤ ᠨᠡᠶ᠋ᠢᠲᠡᠯᠡᠪᠡ ᠨᠠᠭᠦᠷᠡᠰᠦᠲᠦ᠋ᠷᠦᠭᠴᠢ ᠵᠢᠨ ᠵᠠᠬ᠎ᠠ ᠳᠡᠯᠭᠡᠭᠦᠷ᠎ᠤᠨ ᠡᠷᠡᠭᠦᠯ ᠵᠶ᠋ᠠᠷ ᠬᠥᠭᠵᠢᠬᠦ᠎ᠳᠤ ᠬᠠᠤᠯᠢ ᠴᠠᠭ᠋ᠠᠵᠠ ᠵᠢᠨ ᠪᠠᠲᠤᠯᠠᠭ᠎ᠠ ᠬᠠᠩᠭ᠋ᠠᠪᠠ
ᠨᠡᠶ᠋ᠢᠲᠡᠯᠡᠭᠰᠡᠨ ᠴᠠᠭ᠄ 2024-03-18

     《ᠨᠠᠭᠦᠷᠡᠰᠦᠲᠦ᠋ᠷᠦᠭᠴᠢ ᠭᠠᠳᠠᠭᠰᠢᠯᠠᠭᠤᠯᠬᠤ ᠡᠷᠬᠡ ᠵᠢᠨ ᠠᠷᠠᠯᠵᠢᠶᠠᠨ᠎ᠤ ᠬᠠᠮᠢᠶᠠᠷᠤᠯᠲᠠ ᠵᠢᠨ ᠲᠦᠷ ᠬᠡᠷᠡᠭᠵᠢᠭᠦᠯᠬᠦ ᠳᠦᠷᠢᠮ》 (ᠳᠣᠷᠣᠭᠰᠢ 《ᠳᠦᠷᠢᠮ》 ᠭᠡᠵᠦ ᠲᠣᠪᠴᠢᠯᠠᠨ᠎ᠠ)᠎ᠢ ᠣᠶ᠋ᠢᠷ᠎ᠠ᠎ᠳᠤ ᠨᠡᠶ᠋ᠢᠲᠡᠯᠡᠪᠡ᠂ ᠡᠨᠡ ᠵᠢᠯ᠎ᠤᠨ 5 ᠰᠠᠷ᠎ᠠ ᠵᠢᠨ 1᠎ᠤ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃ 2 ᠰᠠᠷ᠎ᠠ ᠵᠢᠨ 26᠎ᠤ ᠡᠳᠦᠷ᠂ ᠲᠥᠷᠥ ᠵᠢᠨ ᠶᠠᠪᠤᠳᠠᠯ᠎ᠤᠨ ᠬᠤᠷᠢᠶᠠᠨ᠎ᠤ ᠰᠣᠨᠢᠨ ᠮᠡᠳᠡᠭᠡᠨ᠎ᠤ ᠠᠯᠪᠠᠨ ᠭᠡᠷ ᠲᠥᠷᠥ ᠵᠢᠨ ᠶᠠᠪᠤᠳᠠᠯ᠎ᠤᠨ ᠬᠤᠷᠢᠶᠠᠨ᠎ᠤ ᠲᠥᠷᠥ ᠵᠢᠨ ᠪᠣᠳᠣᠯᠭ᠎ᠠ ᠵᠢ ᠮᠡᠳᠡᠭᠳᠡᠬᠦ ᠲᠣᠭᠲᠠᠮᠠᠯ ᠬᠤᠭᠤᠴᠠᠭ᠋ᠠᠲᠤ ᠬᠤᠷᠠᠯ ᠬᠢᠵᠦ᠂ ᠬᠤᠯᠪᠣᠭᠳᠠᠯ ᠪᠦᠬᠦᠢ ᠰᠠᠯᠠᠭ᠎ᠠ ᠮᠥᠴᠢᠷ᠎ᠤᠨ ᠬᠠᠷᠢᠭᠤᠴᠠᠯᠭ᠋ᠠᠲᠠᠨ᠎ᠢ ᠤᠷᠢᠵᠤ ᠬᠠᠮᠢᠶ᠎ᠠ ᠪᠦᠬᠦᠢ ᠪᠠᠶ᠋ᠢᠳᠠᠯ᠎ᠢ ᠲᠠᠨᠢᠯᠴᠠᠭᠤᠯᠤᠭᠰᠠᠨ ᠪᠠᠶ᠋ᠢᠨ᠎ᠠ᠃

     2021 ᠣᠨ᠎ᠤ 7 ᠰᠠᠷ᠎ᠠ᠎ᠳᠤ᠂ ᠪᠥᠬᠦ ᠤᠯᠤᠰ᠎ᠤᠨ ᠨᠠᠭᠦᠷᠡᠰᠦᠲᠦ᠋ᠷᠦᠭᠴᠢ ᠭᠠᠳᠠᠭᠰᠢᠯᠠᠭᠤᠯᠬᠤ ᠡᠷᠬᠡ ᠵᠢᠨ ᠠᠷᠠᠯᠵᠢᠶᠠᠨ᠎ᠤ ᠵᠠᠬ᠎ᠠ ᠳᠡᠯᠭᠡᠭᠦᠷ᠎ᠨᠢ ᠴᠠᠬᠢᠯᠭ᠋ᠠᠨ ᠭᠠᠷᠭ᠋ᠠᠬᠤ ᠠᠵᠢᠯ ᠲᠥᠷᠥᠯ ᠵᠶ᠋ᠠᠷ ᠰᠢᠪᠲᠤᠯᠤᠯᠲᠠ ᠵᠢᠨ ᠴᠡᠭ ᠪᠣᠯᠭ᠋ᠠᠵᠤ᠂ ᠵᠢᠩᠬᠢᠨᠢ᠎ᠪᠠᠷ ᠰᠦᠯᠵᠢᠶᠡᠨ᠎ᠳᠤ ᠣᠷᠣᠭᠤᠯᠤᠨ ᠠᠷᠠᠯᠵᠢᠶᠠᠯᠠᠪᠠ᠃ 《ᠣᠳᠣᠬᠠᠨ᠎ᠳᠤ ᠵᠠᠬ᠎ᠠ ᠳᠡᠯᠭᠡᠭᠦᠷ᠎ᠲᠤ ᠣᠷᠣᠭᠤᠯᠤᠭᠰᠠᠨ ᠭᠤᠣᠯᠳᠠᠯᠭ᠎ᠠ᠎ᠲᠠᠢ ᠭᠠᠳᠠᠭᠰᠢᠯᠠᠭᠤᠯᠬᠤ ᠨᠢᠭᠡᠴᠢ 2257 ᠪᠣᠯᠵᠤ᠂ ᠵᠢᠯ᠎ᠤᠨ ᠨᠠᠭᠦᠷᠡᠰᠦᠲᠦ᠋ᠷᠦᠭᠴᠢ ᠵᠢᠨ ᠳᠠᠪᠬᠤᠷ ᠢᠰᠦᠯ᠎ᠤᠨ ᠭᠠᠳᠠᠭᠰᠢᠯᠠᠭᠤᠯᠤᠯᠲᠠ ᠵᠢᠨ ᠬᠡᠮᠵᠢᠶ᠎ᠡ ᠪᠠᠷᠤᠭ 51 ᠳ᠋ᠦᠩᠰᠢᠭᠤᠷ ᠲᠣᠨ᠎ᠢ ᠬᠠᠮᠤᠷᠴᠤ᠂ ᠪᠦᠬᠦ ᠤᠯᠤᠰ᠎ᠤᠨ ᠨᠠᠭᠦᠷᠡᠰᠦᠲᠦ᠋ᠷᠦᠭᠴᠢ ᠵᠢᠨ ᠳᠠᠪᠬᠤᠷ ᠢᠰᠦᠯ᠎ᠤᠨ ᠭᠠᠳᠠᠭᠰᠢᠯᠠᠭᠤᠯᠤᠯᠲᠠ ᠵᠢᠨ ᠶᠡᠷᠦᠩᠬᠡᠢ ᠬᠡᠮᠵᠢᠶᠡᠨ᠎ᠤ 40%᠎ᠠᠴᠠ ᠳᠡᠭᠡᠭᠰᠢᠬᠢ ᠵᠢ ᠡᠵᠡᠯᠡᠵᠦ ᠪᠠᠶ᠋ᠢᠨ᠎ᠠ᠃ ᠨᠢᠳᠤᠨᠤᠨ᠎ᠤ ᠵᠢᠯ᠎ᠤᠨ ᠡᠴᠦᠰ ᠪᠣᠯᠲᠠᠯ᠎ᠠ᠂ ᠵᠠᠬ᠎ᠠ ᠳᠡᠯᠭᠡᠭᠦᠷ᠎ᠤᠨ ᠠᠷᠠᠯᠵᠢᠶ᠎ᠠ ᠪᠦᠲᠦᠭᠰᠡᠨ ᠬᠡᠮᠵᠢᠶ᠎ᠡ ᠨᠠᠶ᠋ᠢᠳᠠ 4.4 ᠳ᠋ᠦᠩᠰᠢᠭᠤᠷ ᠲᠣᠨ᠎ᠳᠤ ᠬᠦᠷᠴᠦ᠂ ᠠᠷᠠᠯᠵᠢᠶ᠎ᠠ ᠪᠦᠲᠦᠭᠰᠡᠨ ᠦᠨ᠎ᠡ ᠪᠠᠷᠤᠭ 249 ᠳ᠋ᠦᠩᠰᠢᠭᠤᠷ ᠲᠥᠭᠦᠷᠢᠭ᠎ᠲᠤ ᠬᠦᠷᠴᠡᠢ᠃ ᠠᠮᠢ ᠠᠬᠤᠢ ᠣᠷᠴᠢᠨ ᠲᠣᠭᠤᠷᠢᠨ᠎ᠤ ᠶᠠᠮᠤᠨ᠎ᠤ ᠳᠡᠳ᠋ ᠰᠠᠶ᠋ᠢᠳ ᠵᠤᠤ ᠶᠢᠩ ᠮᠢᠨ᠂ ᠪᠦᠬᠦ ᠤᠯᠤᠰ᠎ᠤᠨ ᠨᠠᠭᠦᠷᠡᠰᠦᠲᠦ᠋ᠷᠦᠭᠴᠢ ᠭᠠᠳᠠᠭᠰᠢᠯᠠᠭᠤᠯᠬᠤ ᠡᠷᠬᠡ ᠵᠢᠨ ᠠᠷᠠᠯᠵᠢᠶᠠᠨ᠎ᠤ ᠵᠠᠬ᠎ᠠ ᠳᠡᠯᠭᠡᠭᠦᠷ᠎ᠤᠨ ᠡᠷᠡᠭᠦᠯ ᠠᠵᠢᠯᠯᠠᠭ᠎ᠠ᠎ᠨᠢ 《ᠬᠤᠣᠰ ᠨᠠᠭᠦᠷᠡᠰᠦᠲᠦ᠋ᠷᠦᠭᠴᠢ》 ᠵᠢᠨ ᠬᠠᠷᠠᠯᠲᠠ ᠵᠢ ᠪᠡᠶᠡᠯᠡᠭᠦᠯᠬᠦ᠎ᠳᠤ ᠬᠦᠴᠦᠨ ᠨᠡᠮᠡᠷᠢᠯᠡᠵᠦ᠂ ᠪᠦᠬᠦ ᠨᠡᠶ᠋ᠢᠭᠡᠮ᠎ᠤᠨ ᠪᠣᠬᠢᠷᠲᠤᠯ ᠦᠭᠡᠢ ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠵᠢ ᠠᠬᠢᠭᠤᠯᠬᠤ᠎ᠳᠤ ᠴᠢᠬᠤᠯᠠ ᠦᠢ᠍ᠯᠡᠳᠦᠯ ᠦᠵᠡᠭᠦᠯᠵᠡᠢ ᠭᠡᠵᠦ ᠬᠡᠯᠡᠪᠡ᠃

     ᠲᠠᠨᠢᠯᠴᠠᠭᠤᠯᠤᠭᠰᠠᠨ ᠵᠶ᠋ᠠᠷ᠂ ᠨᠠᠭᠦᠷᠡᠰᠦᠲᠦ᠋ᠷᠦᠭᠴᠢ ᠵᠢᠨ ᠵᠠᠬ᠎ᠠ ᠳᠡᠯᠭᠡᠭᠦᠷ᠎ᠤᠨ ᠨᠠᠭᠦᠷᠡᠰᠦᠲᠦ᠋ᠷᠦᠭᠴᠢ ᠵᠢᠨ ᠭᠠᠳᠠᠭᠰᠢᠯᠠᠭᠤᠯᠤᠯᠲᠠ ᠵᠢᠨ ᠬᠤᠪᠢᠶᠠᠷᠢᠯᠠᠯᠲᠠ ᠵᠢ ᠠᠰᠢᠭᠯᠠᠨ᠂ ᠨᠠᠭᠦᠷᠡᠰᠦᠲᠦ᠋ᠷᠦᠭᠴᠢ ᠵᠢᠨ ᠭᠠᠳᠠᠭᠰᠢᠯᠠᠭᠤᠯᠤᠯᠲᠠ ᠵᠢ ᠪᠠᠭ᠋ᠠᠰᠬᠠᠬᠤ ᠬᠠᠷᠠᠯᠲᠠ ᠵᠢᠨ ᠱᠠᠭ᠋ᠠᠷᠳᠠᠯᠭ᠎ᠠ ᠵᠢ ᠠᠵᠤ ᠠᠬᠤᠶ᠋ᠢᠯᠠᠯ᠎ᠳᠤ ᠰᠢᠭᠤᠳ ᠬᠤᠪᠢᠶᠠᠨ ᠥᠭᠴᠦ᠂ ᠠᠵᠤ ᠠᠬᠤᠶ᠋ᠢᠯᠠᠯ᠎ᠢ ᠨᠠᠭᠦᠷᠡᠰᠦᠲᠦ᠋ᠷᠦᠭᠴᠢ ᠵᠢᠨ ᠭᠠᠳᠠᠭᠰᠢᠯᠠᠭᠤᠯᠤᠯᠲᠠ ᠵᠢ ᠪᠠᠭ᠋ᠠᠰᠬᠠᠬᠤ ᠭᠤᠣᠯ ᠴᠣᠭᠴᠠ ᠪᠣᠯᠭ᠋ᠠᠵᠤ᠂ ᠠᠵᠤ ᠠᠬᠤᠶ᠋ᠢᠯᠠᠯ᠎ᠤᠨ ᠬᠠᠷᠢᠭᠤᠴᠠᠯᠭ᠎ᠠ ᠵᠢ ᠪᠣᠳᠠᠲᠠᠶ᠋ᠢᠵᠢᠭᠤᠯᠵᠤ᠂ ᠨᠢᠭᠡᠳᠦᠭᠡᠷ ᠲᠣᠮᠣ ᠨᠠᠭᠦᠷᠡᠰᠦᠲᠦ᠋ᠷᠦᠭᠴᠢ ᠵᠢᠨ ᠭᠠᠳᠠᠭᠰᠢᠯᠠᠭᠤᠯᠤᠯᠲᠠ ᠵᠢᠨ ᠭᠤᠣᠯᠳᠠᠯᠭ᠎ᠠ᠎ᠲᠠᠢ ᠠᠵᠢᠯ ᠲᠥᠷᠥᠯ (ᠴᠠᠬᠢᠯᠭ᠋ᠠᠨ ᠬᠦᠴᠦᠨ᠎ᠤ ᠠᠵᠢᠯ ᠲᠥᠷᠥᠯ)᠎ᠤᠨ ᠨᠠᠭᠦᠷᠡᠰᠦᠲᠦ᠋ᠷᠦᠭᠴᠢ ᠵᠢᠨ ᠭᠠᠳᠠᠭᠰᠢᠯᠠᠭᠤᠯᠤᠯᠲᠠ ᠵᠢ ᠪᠦᠲᠦᠮᠵᠢᠲᠡᠢ ᠬᠢᠵᠠᠭ᠋ᠠᠷᠯᠠᠬᠤ ᠵᠢ ᠪᠡᠶᠡᠯᠡᠭᠦᠯᠪᠡ; ᠨᠠᠭᠦᠷᠡᠰᠦᠲᠦ᠋ᠷᠦᠭᠴᠢ ᠵᠢᠨ ᠵᠠᠬ᠎ᠠ ᠳᠡᠯᠭᠡᠭᠦᠷ᠎ᠨᠢ ᠠᠵᠤ ᠠᠬᠤᠶ᠋ᠢᠯᠠᠯ᠎ᠤᠨ ᠨᠠᠭᠦᠷᠡᠰᠦᠲᠦ᠋ᠷᠦᠭᠴᠢ ᠵᠢ ᠪᠠᠭ᠋ᠠᠰᠬᠠᠬᠤ ᠬᠠᠷᠢᠭᠤᠴᠠᠯᠭ᠎ᠠ᠎ᠪᠠᠨ ᠭᠦᠢ᠍ᠴᠡᠳᠬᠡᠬᠦ᠎ᠳᠤ ᠨᠡᠩ ᠠᠮᠢᠳᠤᠯᠢᠭ ᠰᠣᠩᠭᠤᠯᠲᠠ ᠬᠠᠩᠭ᠋ᠠᠵᠤ᠂ ᠠᠵᠢᠯ ᠳᠦᠷᠦᠯ ᠪᠣᠯᠣᠨ ᠪᠦᠬᠦ ᠨᠡᠶ᠋ᠢᠭᠡᠮ᠎ᠤᠨ ᠨᠠᠭᠦᠷᠡᠰᠦᠲᠦ᠋ᠷᠦᠭᠴᠢ ᠵᠢ ᠪᠠᠭ᠋ᠠᠰᠬᠠᠬᠤ ᠥᠪᠡᠷ᠎ᠤᠨ ᠥᠷᠲᠡᠭ᠎ᠢ ᠪᠠᠭᠤᠷᠠᠭᠤᠯᠪᠠ᠂ ᠬᠠᠮᠤᠷᠬᠤ ᠠᠵᠢᠯ ᠳᠦᠷᠦᠯ᠎ᠤᠨ ᠬᠡᠪᠴᠢᠶ᠎ᠡ ᠲᠠᠰᠤᠷᠠᠯᠲᠠ ᠦᠭᠡᠢ ᠥᠷᠭᠡᠳᠬᠦ ᠵᠢ ᠳᠠᠭ᠋ᠠᠯᠳᠤᠨ᠂ ᠨᠠᠭᠦᠷᠡᠰᠦᠲᠦ᠋ᠷᠦᠭᠴᠢ ᠵᠢᠨ ᠭᠠᠳᠠᠭᠰᠢᠯᠠᠭᠤᠯᠤᠯᠲᠠ ᠵᠢᠨ ᠡᠬᠢ ᠪᠠᠶᠠᠯᠢᠭ᠎ᠢ ᠠᠳᠠᠯᠢ ᠪᠤᠰᠤ ᠠᠵᠢᠯ ᠳᠦᠷᠦᠯ᠎ᠤᠨ ᠬᠤᠭᠤᠷᠣᠨᠳᠤ ᠰᠢᠯᠢᠳᠡᠭᠵᠢᠭᠦᠯᠦᠨ ᠲᠣᠬᠢᠷᠠᠭᠤᠯᠵᠤ᠂ ᠬᠠᠮᠤᠭ ᠡᠴᠦᠰ᠎ᠲᠤ ᠶᠡᠷᠦᠩᠬᠡᠢ ᠭᠠᠳᠠᠭᠰᠢᠯᠠᠭᠤᠯᠤᠯᠲᠠ ᠵᠢ ᠪᠠᠭ᠋ᠠᠰᠬᠠᠬᠤ ᠥᠪᠡᠷ᠎ᠤᠨ ᠥᠷᠲᠡᠭ᠎ᠢ ᠬᠠᠮᠤᠭ᠎ᠤᠨ ᠪᠠᠭ᠎ᠠ ᠪᠣᠯᠭ᠋ᠠᠬᠤ ᠪᠣᠯᠣᠨ᠎ᠠ᠃

     《ᠨᠠᠭᠦᠷᠡᠰᠦᠲᠦ᠋ᠷᠦᠭᠴᠢ ᠵᠢᠨ ᠵᠠᠬ᠎ᠠ ᠳᠡᠯᠭᠡᠭᠦᠷ᠎ᠠᠴᠠ ᠪᠦᠷᠢᠯᠳᠦᠭᠰᠡᠨ ᠨᠠᠭᠦᠷᠡᠰᠦᠲᠦ᠋ᠷᠦᠭᠴᠢ ᠵᠢᠨ ᠦᠨ᠎ᠡ᠎ᠨᠢ ᠠᠭᠤᠷ ᠠᠮᠢᠰᠬᠤᠯ᠎ᠤᠨ ᠪᠡᠯᠡ ᠣᠷᠣᠭᠤᠯᠤᠯᠲᠠ ᠪᠡᠯᠡ ᠲᠣᠬᠢᠷᠠᠭᠤᠯᠭ᠎ᠠ᠂ ᠨᠠᠭᠦᠷᠡᠰᠦᠲᠦ᠋ᠷᠦᠭᠴᠢ ᠵᠢᠨ ᠡᠳ᠋ ᠬᠥᠷᠥᠩᠭᠡ ᠵᠢᠨ ᠬᠠᠮᠢᠶᠠᠷᠤᠯᠲᠠ ᠵᠡᠷᠭᠡ ᠨᠠᠭᠦᠷᠡᠰᠦᠲᠦ᠋ᠷᠦᠭᠴᠢ ᠵᠢᠨ ᠦᠨ᠎ᠡ ᠲᠣᠭᠲᠠᠭ᠋ᠠᠬᠤ ᠠᠵᠢᠯᠯᠠᠭ᠎ᠠ ᠵᠢ ᠥᠷᠨᠢᠭᠦᠯᠬᠦ᠎ᠳᠤ ᠰᠠᠭᠤᠷᠢ ᠦᠨ᠎ᠡ ᠬᠠᠩᠰᠢ ᠵᠢᠨ ᠯᠠᠪᠯᠠᠯᠲᠠ ᠵᠢ ᠲᠣᠭᠲᠠᠭ᠋ᠠᠵᠤ᠂ ᠠᠭᠤᠷ ᠠᠮᠢᠰᠬᠤᠯ᠎ᠤᠨ ᠪᠡᠯᠡ ᠣᠷᠣᠭᠤᠯᠤᠯᠲᠠ ᠪᠡᠯᠡ ᠲᠣᠬᠢᠷᠠᠭᠤᠯᠭ᠎ᠠ ᠵᠢᠨ ᠪᠠᠭ᠋ᠠᠵᠢ ᠵᠢᠨ ᠰᠢᠨ᠎ᠡ ᠵᠢ ᠡᠭᠦᠳᠬᠦ ᠵᠢ ᠠᠬᠢᠭᠤᠯᠵᠤ᠂ ᠨᠠᠭᠦᠷᠡᠰᠦᠲᠦ᠋ᠷᠦᠭᠴᠢ ᠪᠠᠭ᠎ᠠ᠂ ᠨᠠᠭᠦᠷᠡᠰᠦᠲᠦ᠋ᠷᠦᠭᠴᠢ ᠦᠭᠡᠢ᠂ ᠨᠠᠭᠦᠷᠡᠰᠦᠲᠦ᠋ᠷᠦᠭᠴᠢ ᠰᠥᠭᠡᠷᠭᠦ ᠮᠡᠷᠭᠡᠵᠢᠯ᠎ᠤᠨ ᠪᠡᠯᠡ ᠣᠷᠣᠭᠤᠯᠤᠯᠲᠠ ᠪᠡᠯᠡ ᠲᠣᠬᠢᠷᠠᠭᠤᠯᠭ᠎ᠠ᠎ᠳᠤ ᠰᠠᠭᠤᠷᠢ ᠲᠤᠯᠭ᠋ᠠᠭᠤᠷᠢ᠂ ᠪᠡᠯᠡ ᠮᠥᠩᠭᠦ ᠵᠢᠨ ᠲᠤᠯᠭ᠋ᠠᠭᠤᠷᠢᠯᠠᠯ ᠬᠠᠩᠭ᠋ᠠᠭᠰᠠᠨ ᠪᠠᠶ᠋ᠢᠨ᠎ᠠ》 ᠭᠡᠵᠦ ᠵᠣᠣ ᠶᠢᠩ ᠮᠢᠨ ᠢᠯᠡᠷᠬᠡᠶ᠋ᠢᠯᠡᠬᠦ᠎ᠳᠡᠭᠡᠨ᠂ ᠨᠠᠭᠦᠷᠡᠰᠦᠲᠦ᠋ᠷᠦᠭᠴᠢ ᠵᠢᠨ ᠵᠠᠬ᠎ᠠ ᠳᠡᠯᠭᠡᠭᠦᠷ᠎ᠤᠨ ᠲᠣᠭᠤᠷᠢᠨ᠎ᠳᠤ᠂ ᠳᠤᠮᠳᠠᠳᠤ ᠤᠯᠤᠰ᠎ᠤᠨ ᠨᠠᠭᠦᠷᠡᠰᠦᠲᠦ᠋ᠷᠦᠭᠴᠢ ᠵᠢᠨ ᠦᠨ᠎ᠡ ᠲᠣᠭᠲᠠᠭ᠋ᠠᠬᠤ ᠲᠣᠭᠲᠠᠴᠠ ᠶᠠᠭ ᠠᠯᠬᠤᠮ ᠠᠯᠬᠤᠮ ᠵᠶ᠋ᠠᠷ ᠪᠦᠷᠢᠯᠳᠦᠵᠦ ᠪᠠᠶ᠋ᠢᠨ᠎ᠠ ᠭᠡᠪᠡ᠃

     《ᠳᠦᠷᠢᠮ》᠎ᠤᠨ ᠬᠠᠮᠤᠭ᠎ᠤᠨ ᠰᠢᠭᠤᠳ ᠵᠣᠷᠢᠯᠭ᠎ᠠ ᠪᠣᠯ ᠪᠥᠬᠦ ᠤᠯᠤᠰ᠎ᠤᠨ ᠨᠠᠭᠦᠷᠡᠰᠦᠲᠦ᠋ᠷᠦᠭᠴᠢ ᠵᠢᠨ ᠵᠠᠬ᠎ᠠ ᠳᠡᠯᠭᠡᠭᠦᠷ᠎ᠤᠨ ᠠᠵᠢᠯᠯᠠᠭ᠋ᠠᠨ᠎ᠤ ᠬᠠᠮᠢᠶᠠᠷᠤᠯᠲᠠ᠎ᠳᠤ ᠬᠠᠤᠯᠢ ᠴᠠᠭ᠋ᠠᠵᠠ ᠵᠢᠨ ᠦᠨᠳᠦᠰᠦ ᠪᠠᠷᠢᠮᠲᠠ ᠬᠠᠩᠭ᠋ᠠᠬᠤ ᠵᠢᠨ ᠲᠥᠯᠥᠭᠡ ᠶᠤᠮ᠃ ᠬᠠᠤᠯᠢ ᠴᠠᠭ᠋ᠠᠵᠠ ᠵᠢᠨ ᠶᠠᠮᠤᠨ᠎ᠤ ᠬᠠᠤᠯᠢ ᠲᠣᠭᠲᠠᠭ᠋ᠠᠬᠤ ᠳᠥᠷᠪᠡᠳᠦᠭᠡᠷ ᠲᠣᠪᠴᠢᠶ᠎ᠠ ᠵᠢᠨ ᠳᠠᠷᠤᠭ᠎ᠠ ᠵᠠᠩ ᠶᠣᠣ ᠪᠥᠸᠧ᠂ 《ᠳᠦᠷᠢᠮ》᠎ᠨᠢ ᠪᠦᠬᠦ ᠶᠠᠪᠤᠴᠠ ᠵᠢᠨ ᠬᠠᠮᠢᠶᠠᠷᠤᠯᠲᠠ ᠵᠢ ᠪᠠᠷᠢᠮᠲᠠᠯᠠᠵᠤ᠂ ᠨᠠᠭᠦᠷᠡᠰᠦᠲᠦ᠋ᠷᠦᠭᠴᠢ ᠭᠠᠳᠠᠭᠰᠢᠯᠠᠭᠤᠯᠬᠤ ᠡᠷᠬᠡ ᠵᠢᠨ ᠠᠷᠠᠯᠵᠢᠶᠠᠨ᠎ᠤ ᠡᠯᠧᠮᠧᠨ᠋ᠲ ᠪᠣᠯᠣᠨ ᠡᠯ᠎ᠡ ᠭᠤᠣᠯ ᠭᠤᠭᠴᠤᠭ᠎ᠠ᠎ᠳᠤ ᠪᠦᠬᠦᠨ᠎ᠢ ᠪᠦᠷᠬᠦᠭᠦᠯᠵᠦ᠂ ᠬᠤᠭᠤᠰᠤᠨ ᠭᠠᠵᠠᠷ ᠦᠯᠡᠳᠡᠭᠡᠬᠦ ᠦᠭᠡᠢ᠂ ᠪᠠᠯᠠᠢ ᠣᠷᠣᠨ ᠦᠯᠡᠳᠡᠭᠡᠬᠦ ᠦᠭᠡᠢ ᠪᠠᠶ᠋ᠢᠬᠤ᠎ᠪᠠᠷ ᠴᠢᠷᠮᠠᠶ᠋ᠢᠪᠠ; ᠬᠤᠯᠪᠣᠭᠳᠠᠯ ᠪᠦᠬᠦᠢ ᠳᠦᠷᠢᠮ᠎ᠤᠨ ᠵᠢᠷᠤᠭ ᠲᠥᠯᠥᠪᠯᠡᠭᠡ ᠵᠢᠨ ᠲᠠᠯ᠎ᠠ᠎ᠪᠠᠷ ᠴᠢᠬᠤᠯᠠ ᠪᠦᠬᠦᠢ ᠤᠶᠠᠨ ᠬᠠᠳᠠᠨ ᠴᠢᠨᠠᠷ᠎ᠢ ᠪᠠᠲᠤᠯᠠᠵᠤ᠂ ᠬᠥᠭᠵᠢᠯᠲᠡ ᠵᠢ ᠬᠠᠶ᠋ᠢᠨ ᠰᠦᠪᠡᠭᠴᠢᠯᠡᠬᠦ᠎ᠳᠤ ᠭᠦᠢ᠍ᠴᠡᠳ ᠣᠷᠣᠨ ᠵᠠᠢ ᠦᠯᠡᠳᠡᠭᠡᠵᠦ ᠥᠭᠪᠡ; ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ ᠵᠢ ᠪᠠᠷᠢᠮᠲᠠᠯᠠᠵᠤ᠂ ᠳᠦᠷᠢᠮ᠎ᠤᠨ ᠲᠣᠭᠲᠠᠴᠠ ᠵᠢ ᠬᠦᠴᠦᠯᠡᠨ ᠲᠡᠭᠦᠯᠳᠡᠷᠵᠢᠭᠦᠯᠵᠦ᠂ ᠨᠠᠭᠦᠷᠡᠰᠦᠲᠦ᠋ᠷᠦᠭᠴᠢ ᠭᠠᠳᠠᠭᠰᠢᠯᠠᠭᠤᠯᠬᠤ ᠵᠠᠬ᠎ᠠ ᠳᠡᠯᠭᠡᠭᠦᠷ᠎ᠤᠨ ᠲᠥᠷᠥ ᠵᠢᠨ ᠪᠣᠳᠣᠯᠭ᠎ᠠ ᠵᠢᠨ ᠴᠢᠳᠠᠮᠵᠢ ᠵᠢ ᠪᠠᠳᠠᠷᠠᠭᠤᠯᠬᠤ ᠵᠢ ᠪᠠᠲᠤᠯᠠᠪᠠ᠃

     ᠮᠥᠨ ᠯᠡ ᠡᠬᠢᠯᠡᠯᠲᠡ ᠵᠢᠨ ᠱᠠᠲᠤᠨ᠎ᠳᠠᠭᠠᠨ ᠪᠠᠶ᠋ᠢᠭ᠎ᠠ ᠰᠢᠨ᠎ᠡ ᠬᠡᠷᠡᠭ ᠪᠣᠳᠠᠰ ᠪᠣᠯᠤᠭᠰᠠᠨ᠎ᠤ ᠬᠤᠪᠢ᠎ᠳᠤ᠂ ᠮᠠᠨ᠎ᠤ ᠤᠯᠤᠰ᠎ᠤᠨ ᠨᠠᠭᠦᠷᠡᠰᠦᠲᠦ᠋ᠷᠦᠭᠴᠢ ᠭᠠᠳᠠᠭᠰᠢᠯᠠᠭᠤᠯᠬᠤ ᠡᠷᠬᠡ ᠵᠢᠨ ᠠᠷᠠᠯᠵᠢᠶᠠᠨ᠎ᠤ ᠵᠠᠬ᠎ᠠ ᠳᠡᠯᠭᠡᠭᠦᠷ᠎ᠲᠤ ᠪᠠᠰᠠ ᠤᠯᠠᠮ ᠨᠢᠭᠡ ᠠᠯᠬᠤᠮ ᠪᠠᠶ᠋ᠢᠭᠤᠯᠤᠨ ᠲᠡᠭᠦᠯᠳᠡᠷᠵᠢᠭᠦᠯᠬᠦ ᠴᠢᠬᠤᠯᠠᠲᠠᠢ ᠭᠠᠵᠠᠷ ᠮᠠᠰᠢ ᠤᠯᠠᠨ ᠪᠠᠶ᠋ᠢᠨ᠎ᠠ᠃

     《ᠳᠦᠷᠢᠮ》᠎ᠨᠢ ᠮᠠᠨ᠎ᠤ ᠤᠯᠤᠰ᠎ᠤᠨ ᠠᠵᠤ ᠠᠬᠤᠢ ᠨᠡᠶ᠋ᠢᠭᠡᠮ᠎ᠤᠨ ᠬᠥᠭᠵᠢᠯᠲᠡ ᠵᠢᠨ ᠣᠳᠣᠬᠢ ᠪᠠᠶ᠋ᠢᠳᠠᠯ᠎ᠳᠤ ᠰᠠᠭᠤᠷᠢᠯᠠᠨ᠂ ᠣᠳᠣᠬᠠᠨ᠎ᠤ ᠨᠠᠭᠦᠷᠡᠰᠦᠲᠦ᠋ᠷᠦᠭᠴᠢ ᠵᠢᠨ ᠵᠠᠬ᠎ᠠ ᠳᠡᠯᠭᠡᠭᠦᠷ᠎ᠲᠤ ᠣᠷᠣᠰᠢᠵᠤ ᠪᠠᠶ᠋ᠢᠭ᠎ᠠ ᠬᠦᠴᠢᠷ ᠠᠰᠠᠭᠤᠳᠠᠯ᠎ᠤᠨ ᠲᠤᠬᠠᠢ ᠬᠠᠨᠳᠤᠯᠭ᠋ᠠᠲᠤ ᠴᠢᠨᠠᠷᠲᠠᠢ᠎ᠪᠠᠷ ᠵᠣᠬᠢᠴᠠᠩᠭᠤᠢ ᠲᠣᠭᠲᠠᠭ᠋ᠠᠯ ᠭᠠᠷᠭ᠋ᠠᠪᠠ᠄

     ᠨᠢᠭᠡ᠎ᠳᠤ᠂ ᠰᠦᠢ᠍ᠳᠬᠡᠯ ᠬᠤᠷᠢᠶᠠᠬᠤ ᠦᠭᠡᠢ᠎ᠪᠠᠷ ᠬᠤᠪᠢᠶᠠᠷᠢᠯᠠᠬᠤ ᠪᠠ ᠲᠥᠯᠥᠪᠦᠷᠢ᠎ᠲᠠᠢ᠎ᠪᠠᠷ ᠬᠤᠪᠢᠶᠠᠷᠢᠯᠠᠬᠤ ᠵᠢ ᠤᠶᠠᠯᠳᠤᠭᠤᠯᠤᠭᠰᠠᠨ ᠨᠠᠭᠦᠷᠡᠰᠦᠲᠦ᠋ᠷᠦᠭᠴᠢ ᠵᠢᠨ ᠬᠢᠵᠠᠭ᠋ᠠᠷᠲᠤ ᠲᠤᠭ᠎ᠠ ᠵᠢ ᠬᠤᠪᠢᠶᠠᠷᠢᠯᠠᠬᠤ ᠠᠷᠭ᠎ᠠ ᠮᠠᠶᠢᠭ᠎ᠢ ᠠᠯᠬᠤᠮ ᠠᠯᠬᠤᠮ ᠵᠶ᠋ᠠᠷ ᠬᠡᠷᠡᠭᠵᠢᠭᠦᠯᠦᠨ᠎ᠡ᠃ 《ᠣᠳᠣᠬᠠᠨ᠎ᠳᠤ ᠮᠠᠨ᠎ᠤ ᠤᠯᠤᠰ᠎ᠤᠨ ᠨᠠᠭᠦᠷᠡᠰᠦᠲᠦ᠋ᠷᠦᠭᠴᠢ ᠵᠢᠨ ᠳᠠᠪᠬᠤᠷ ᠢᠰᠦᠯ᠎ᠤᠨ ᠭᠠᠳᠠᠭᠰᠢᠯᠠᠭᠤᠯᠤᠯᠲᠠ ᠵᠢᠨ ᠬᠢᠵᠠᠭ᠋ᠠᠷᠲᠤ ᠲᠤᠭ᠎ᠠ ᠵᠢᠨ ᠬᠤᠪᠢᠶᠠᠷᠢᠯᠠᠯᠲᠠ ᠵᠢᠨ ᠠᠷᠭ᠎ᠠ ᠬᠡᠯᠪᠡᠷᠢ ᠪᠣᠯ ᠰᠦᠢ᠍ᠳᠬᠡᠯ ᠬᠤᠷᠢᠶᠠᠬᠤ ᠦᠭᠡᠢ᠎ᠪᠠᠷ ᠲᠦᠭᠡᠭᠡᠵᠦ ᠪᠠᠶ᠋ᠢᠨ᠎ᠠ᠂ ᠴᠠᠭ᠎ᠲᠤᠨᠢ ᠲᠣᠬᠢᠷᠠᠭᠤᠯᠤᠨ ᠲᠥᠯᠥᠪᠦᠷᠢ᠎ᠲᠠᠢ ᠬᠤᠪᠢᠶᠠᠷᠢᠯᠠᠯᠲᠠ ᠵᠢ ᠣᠷᠣᠭᠤᠯᠵᠤ ᠠᠪᠴᠢᠷᠠᠬᠤ ᠵᠢᠨ ᠬᠠᠮᠲᠤ ᠲᠥᠯᠥᠪᠦᠷᠢ᠎ᠲᠠᠢ ᠬᠤᠪᠢᠶᠠᠷᠢᠯᠠᠯᠲᠠ ᠵᠢᠨ ᠬᠠᠷᠢᠴᠠᠯ᠎ᠢ ᠠᠯᠬᠤᠮ ᠠᠯᠬᠤᠮ ᠵᠶ᠋ᠠᠷ ᠳᠡᠭᠡᠭᠰᠢᠯᠡᠭᠦᠯᠬᠦ᠎ᠨᠢ ᠨᠠᠭᠦᠷᠡᠰᠦᠲᠦ᠋ᠷᠦᠭᠴᠢ ᠵᠢᠨ ᠳᠠᠪᠬᠤᠷ ᠢᠰᠦᠯ᠎ᠤᠨ ᠭᠠᠳᠠᠭᠰᠢᠯᠠᠭᠤᠯᠤᠯᠲᠠ ᠵᠢᠨ ᠶᠡᠷᠦᠩᠬᠡᠢ ᠬᠡᠮᠵᠢᠶ᠎ᠡ ᠵᠢ ᠬᠢᠵᠠᠭ᠋ᠠᠷᠯᠠᠬᠤ᠎ᠳᠤ ᠠᠰᠢᠭᠲᠠᠢ ᠪᠠᠶ᠋ᠢᠵᠤ᠂ ᠨᠠᠭᠦᠷᠡᠰᠦᠲᠦ᠋ᠷᠦᠭᠴᠢ ᠵᠢᠨ ᠦᠨ᠎ᠡ᠎ᠪᠠᠷ ᠨᠠᠭᠦᠷᠡᠰᠦᠲᠦ᠋ᠷᠦᠭᠴᠢ ᠭᠠᠳᠠᠭᠰᠢᠯᠠᠭᠤᠯᠬᠤ ᠥᠪᠡᠷ᠎ᠤᠨ ᠥᠷᠲᠡᠭ᠎ᠢ ᠨᠡᠩ ᠪᠣᠳᠠᠲᠠᠢ᠎ᠪᠠᠷ ᠲᠤᠰᠬᠠᠨ᠎ᠠ ᠭᠡᠵᠦ ᠵᠤᠤ ᠶᠢᠩ ᠮᠢᠨ ᠬᠡᠯᠡᠪᠡ᠃

     ᠬᠤᠶᠠᠷ᠎ᠲᠤ᠂ ᠵᠠᠬ᠎ᠠ ᠳᠡᠯᠭᠡᠭᠦᠷ᠎ᠢ ᠲᠣᠭᠲᠠᠭᠤᠨ ᠪᠠᠶ᠋ᠢᠯᠭ᠋ᠠᠬᠤ ᠲᠣᠭᠲᠠᠴᠠ ᠵᠢ ᠪᠠᠶ᠋ᠢᠭᠤᠯᠤᠨ᠎ᠠ᠃ ᠪᠦᠬᠦ ᠤᠯᠤᠰ᠎ᠤᠨ ᠨᠠᠭᠦᠷᠡᠰᠦᠲᠦ᠋ᠷᠦᠭᠴᠢ ᠭᠠᠳᠠᠭᠰᠢᠯᠠᠭᠤᠯᠬᠤ ᠡᠷᠬᠡ ᠵᠢᠨ ᠠᠷᠠᠯᠵᠢᠶᠠᠨ᠎ᠤ ᠵᠠᠬ᠎ᠠ ᠳᠡᠯᠭᠡᠭᠦᠷ᠎ᠤᠨ ᠪᠦᠲᠦᠮᠵᠢᠲᠡᠢ ᠵᠠᠬ᠎ᠠ ᠳᠡᠯᠭᠡᠭᠦᠷ᠎ᠤᠨ ᠲᠣᠬᠢᠷᠠᠭᠤᠯᠤᠯ ᠡᠵᠡᠮᠳᠡᠯ᠎ᠤᠨ ᠠᠷᠭ᠎ᠠ ᠪᠠᠷᠢᠯ ᠬᠦᠷᠦᠯᠴᠡᠬᠦ ᠦᠭᠡᠢ ᠪᠠᠶ᠋ᠢᠵᠤ᠂ ᠵᠠᠬ᠎ᠠ ᠳᠡᠯᠭᠡᠭᠦᠷ᠎ᠢ ᠲᠣᠭᠲᠠᠪᠤᠷᠢᠵᠢᠭᠤᠯᠬᠤ ᠲᠣᠭᠲᠠᠴᠠ ᠬᠠᠷᠠᠬᠠᠨ ᠲᠡᠭᠦᠯᠳᠡᠷᠵᠢᠭᠡᠳᠦᠢ ᠪᠠᠶ᠋ᠢᠨ᠎ᠠ᠃ 《ᠳᠦᠷᠢᠮ》᠎ᠳᠤ ᠵᠠᠬ᠎ᠠ ᠳᠡᠯᠭᠡᠭᠦᠷ᠎ᠤᠨ ᠲᠣᠬᠢᠷᠠᠭᠤᠯᠤᠯᠲᠠ ᠵᠢᠨ ᠬᠡᠷᠡᠭᠴᠡᠭᠡ ᠵᠢ ᠨᠠᠭᠦᠷᠡᠰᠦᠲᠦ᠋ᠷᠦᠭᠴᠢ ᠵᠢᠨ ᠭᠠᠳᠠᠭᠰᠢᠯᠠᠭᠤᠯᠤᠯᠲᠠ ᠵᠢᠨ ᠶᠡᠷᠦᠩᠬᠡᠢ ᠬᠡᠮᠵᠢᠶ᠎ᠡ ᠪᠠ ᠬᠤᠪᠢᠶᠠᠷᠢᠯᠠᠯᠲᠠ ᠵᠢᠨ ᠲᠥᠰᠥᠯ᠎ᠢ ᠲᠣᠭᠲᠠᠭ᠋ᠠᠬᠤ ᠵᠢᠨ ᠪᠣᠳᠣᠯᠬᠢᠯᠠᠬᠤ ᠴᠢᠬᠤᠯᠠ ᠬᠦᠴᠦᠨ ᠵᠦᠢ᠍ᠯ ᠪᠣᠯᠭ᠋ᠠᠵᠤ᠂ ᠵᠠᠬ᠎ᠠ ᠳᠡᠯᠭᠡᠭᠦᠷ᠎ᠤᠨ ᠲᠣᠬᠢᠷᠠᠭᠤᠯᠤᠯ ᠡᠵᠡᠮᠳᠡᠯ᠎ᠢ ᠥᠷᠨᠢᠭᠦᠯᠦᠨ᠂ ᠵᠠᠬ᠎ᠠ ᠳᠡᠯᠭᠡᠭᠦᠷ᠎ᠤᠨ ᠬᠠᠩᠭ᠋ᠠᠯᠭ᠎ᠠ ᠬᠡᠷᠡᠭᠴᠡᠭᠡ ᠵᠢ ᠲᠡᠩᠴᠡᠭᠦᠷᠢᠰᠢᠭᠦᠯᠵᠦ᠂ ᠨᠠᠭᠦᠷᠡᠰᠦᠲᠦ᠋ᠷᠦᠭᠴᠢ ᠵᠢᠨ ᠦᠨ᠎ᠡ ᠬᠠᠩᠰᠢ ᠵᠢᠨ ᠡᠵᠡᠮᠳᠡᠯ ᠵᠶ᠋ᠠᠨ ᠠᠯᠳᠠᠬᠤ ᠵᠡᠷᠭᠡ ᠵᠠᠬ᠎ᠠ ᠳᠡᠯᠭᠡᠭᠦᠷ᠎ᠤᠨ ᠲᠦᠭᠰᠢᠭᠦᠷᠢ ᠵᠢ ᠰᠡᠷᠭᠡᠶ᠋ᠢᠯᠡᠨ ᠬᠤᠷᠢᠭᠯᠠᠵᠤ᠂ ᠨᠠᠭᠦᠷᠡᠰᠦᠲᠦ᠋ᠷᠦᠭᠴᠢ ᠵᠢᠨ ᠵᠠᠬ᠎ᠠ ᠳᠡᠯᠭᠡᠭᠦᠷ᠎ᠤᠨ ᠡᠷᠡᠭᠦᠯ ᠲᠣᠭᠲᠠᠭᠤᠨ ᠡᠮᠬᠢ ᠵᠢᠷᠤᠮ᠎ᠲᠠᠢ ᠠᠵᠢᠯᠯᠠᠭ᠋ᠠᠨ᠎ᠢ ᠪᠠᠲᠤᠯᠠᠬᠤ᠎ᠳᠤ ᠬᠠᠤᠯᠢ ᠴᠠᠭ᠋ᠠᠵᠠ ᠵᠢᠨ ᠪᠠᠲᠤᠯᠠᠭ᠎ᠠ ᠬᠠᠩᠭ᠋ᠠᠭᠰᠠᠨ ᠪᠠᠶ᠋ᠢᠨ᠎ᠠ᠃

     ᠭᠤᠷᠪᠠ᠎ᠳᠤ᠂ ᠠᠷᠠᠯᠵᠢᠶᠠᠨ᠎ᠤ ᠪᠡᠶᠡᠴᠢ ᠴᠣᠭᠴᠠ ᠪᠠ ᠦᠢ᠍ᠯᠡᠳᠬᠦᠨ᠎ᠢ ᠪᠠᠶᠠᠯᠢᠭᠵᠢᠭᠤᠯᠬᠤ ᠲᠤᠬᠠᠢ ᠲᠣᠭᠲᠠᠭ᠋ᠠᠯ ᠭᠠᠷᠭ᠋ᠠᠪᠠ᠃ 《ᠳᠦᠷᠢᠮ》᠎ᠳᠤ᠂ ᠨᠠᠭᠦᠷᠡᠰᠦᠲᠦ᠋ᠷᠦᠭᠴᠢ ᠭᠠᠳᠠᠭᠰᠢᠯᠠᠭᠤᠯᠬᠤ ᠡᠷᠬᠡ ᠵᠢᠨ ᠠᠷᠠᠯᠵᠢᠶᠠᠨ᠎ᠤ ᠬᠠᠮᠤᠷᠬᠤ ᠬᠦᠯᠡᠮᠵᠢ ᠵᠢᠨ ᠬᠡᠢ ᠪᠡᠶᠡᠲᠦ ᠵᠢᠨ ᠲᠥᠷᠥᠯ ᠵᠦᠢ᠍ᠯ ᠪᠠ ᠠᠵᠢᠯ ᠲᠥᠷᠥᠯ᠎ᠤᠨ ᠬᠦᠷᠢᠶ᠎ᠡ ᠬᠡᠪᠴᠢᠶ᠎ᠡ ᠵᠢ ᠲᠥᠷᠥ ᠵᠢᠨ ᠶᠠᠪᠤᠳᠠᠯ᠎ᠤᠨ ᠬᠤᠷᠢᠶᠠᠨ᠎ᠤ ᠠᠮᠢ ᠠᠬᠤᠢ ᠣᠷᠴᠢᠨ ᠲᠣᠭᠤᠷᠢᠨ᠎ᠤ ᠡᠷᠭᠢᠯᠡᠨ ᠬᠠᠮᠢᠶᠠᠷᠬᠤ ᠰᠠᠯᠠᠭ᠎ᠠ ᠮᠥᠴᠢᠷ᠎ᠠᠴᠠ ᠬᠤᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠨ ᠤᠯᠤᠰ᠎ᠤᠨ ᠬᠦᠯᠡᠮᠵᠢ ᠵᠢᠨ ᠬᠡᠢ ᠪᠡᠶᠡᠲᠦ ᠵᠢᠨ ᠭᠠᠳᠠᠭᠰᠢᠯᠠᠭᠤᠯᠤᠯᠲᠠ ᠵᠢ ᠬᠢᠵᠠᠭ᠋ᠠᠷᠯᠠᠬᠤ ᠬᠠᠷᠠᠯᠲᠠ ᠵᠢ ᠦᠨᠳᠦᠰᠦᠯᠡᠨ ᠰᠤᠳᠤᠯᠤᠨ ᠳᠤᠷᠠᠳᠴᠤ᠂ ᠲᠥᠷᠥ ᠵᠢᠨ ᠶᠠᠪᠤᠳᠠᠯ᠎ᠤᠨ ᠬᠤᠷᠢᠶᠠᠨ᠎ᠳᠤ ᠮᠡᠳᠡᠭᠦᠯᠵᠦ ᠵᠥᠪᠰᠢᠶᠡᠷᠡᠭᠦᠯᠦᠭᠰᠡᠨ᠎ᠤ ᠳᠠᠷᠠᠭ᠎ᠠ ᠬᠡᠷᠡᠭᠵᠢᠭᠦᠯᠦᠨ᠎ᠡ; ᠨᠠᠭᠦᠷᠡᠰᠦᠲᠦ᠋ᠷᠦᠭᠴᠢ ᠭᠠᠳᠠᠭᠰᠢᠯᠠᠭᠤᠯᠬᠤ ᠡᠷᠬᠡ ᠵᠢᠨ ᠠᠷᠠᠯᠵᠢᠶᠠᠨ᠎ᠤ ᠦᠢ᠍ᠯᠡᠳᠬᠦᠨ᠎ᠳᠤ ᠨᠠᠭᠦᠷᠡᠰᠦᠲᠦ᠋ᠷᠦᠭᠴᠢ ᠭᠠᠳᠠᠭᠰᠢᠯᠠᠭᠤᠯᠬᠤ ᠬᠢᠵᠠᠭ᠋ᠠᠷᠲᠤ ᠲᠤᠭ᠎ᠠ ᠪᠠ ᠲᠥᠷᠥ ᠵᠢᠨ ᠶᠠᠪᠤᠳᠠᠯ᠎ᠤᠨ ᠬᠤᠷᠢᠶ᠎ᠠ᠎ᠪᠠᠷ ᠵᠥᠪᠰᠢᠶᠡᠷᠡᠭᠦᠯᠦᠭᠰᠡᠨ ᠪᠤᠰᠤᠳ ᠪᠡᠯᠡᠨ ᠪᠠᠷᠠᠭ᠋ᠠᠨ᠎ᠤ ᠠᠷᠠᠯᠵᠢᠶᠠᠨ᠎ᠤ ᠦᠢ᠍ᠯᠡᠳᠬᠦᠨ ᠪᠠᠭᠲᠠᠨ᠎ᠠ᠃

     《ᠳᠦᠷᠢᠮ》᠎ᠳᠤ ᠠᠵᠢᠯ ᠲᠥᠷᠥᠯ᠎ᠤᠨ ᠬᠠᠮᠤᠷᠬᠤ ᠬᠡᠪᠴᠢᠶ᠎ᠡ ᠪᠠ ᠭᠤᠣᠯᠳᠠᠯᠭ᠎ᠠ᠎ᠲᠠᠢ ᠭᠠᠳᠠᠭᠰᠢᠯᠠᠭᠤᠯᠬᠤ ᠨᠢᠭᠡᠴᠢ ᠵᠢᠨ ᠬᠠᠮᠢᠶ᠎ᠠ ᠪᠦᠬᠦᠢ ᠠᠵᠢᠯ᠎ᠤᠨ ᠲᠠᠰ ᠳᠠᠷᠠᠭ᠋ᠠᠯᠠᠯ᠎ᠢ ᠲᠣᠭᠲᠠᠭ᠋ᠠᠬᠤ᠎ᠳᠤ ᠲᠣᠳᠣᠷᠬᠠᠢ ᠲᠣᠭᠲᠠᠭ᠋ᠠᠯ ᠭᠠᠷᠭ᠋ᠠᠪᠠ᠃ 《ᠮᠠᠨ᠎ᠤ ᠤᠯᠤᠰ᠎ᠤᠨ ᠨᠠᠭᠦᠷᠡᠰᠦᠲᠦ᠋ᠷᠦᠭᠴᠢ ᠵᠢᠨ ᠳᠠᠪᠬᠤᠷ ᠢᠰᠦᠯ᠎ᠤᠨ ᠭᠠᠳᠠᠭᠰᠢᠯᠠᠭᠤᠯᠤᠯᠲᠠ ᠵᠢ ᠭᠤᠣᠯᠳᠠᠭᠤ ᠴᠠᠬᠢᠯᠭ᠋ᠠᠨ ᠭᠠᠷᠭ᠋ᠠᠬᠤ᠂ ᠪᠣᠯᠣᠳ ᠲᠡᠮᠦᠷ᠂ ᠪᠠᠷᠢᠯᠭ᠎ᠠ ᠵᠢᠨ ᠮᠠᠲ᠋ᠧᠷᠢᠶᠠᠯ᠂ ᠥᠩᠭᠡᠲᠦ ᠲᠡᠮᠦᠷᠯᠢᠭ᠂ ᠴᠢᠯᠠᠭᠤᠨ ᠲᠣᠰᠣ ᠬᠢᠮᠢ ᠵᠢᠨ ᠠᠵᠤ ᠦᠢ᠍ᠯᠡᠳᠪᠦᠷᠢ᠂ ᠬᠢᠮᠢ ᠵᠢᠨ ᠠᠵᠤ ᠦᠢ᠍ᠯᠡᠳᠪᠦᠷᠢ᠂ ᠴᠠᠭ᠋ᠠᠰᠤ ᠬᠢᠬᠦ᠂ ᠠᠭ᠋ᠠᠷ᠎ᠤᠨ ᠠᠶᠠᠯᠠᠯ ᠵᠡᠷᠭᠡ ᠭᠤᠣᠯᠳᠠᠯᠭ᠎ᠠ᠎ᠲᠠᠢ ᠠᠵᠢᠯ ᠲᠥᠷᠥᠯ᠎ᠳᠤ ᠲᠥᠪᠯᠡᠷᠡᠭᠦᠯᠵᠦ᠂ ᠪᠦᠬᠦ ᠤᠯᠤᠰ᠎ᠤᠨ ᠨᠠᠭᠦᠷᠡᠰᠦᠲᠦ᠋ᠷᠦᠭᠴᠢ ᠵᠢᠨ ᠳᠠᠪᠬᠤᠷ ᠢᠰᠦᠯ᠎ᠤᠨ ᠭᠠᠳᠠᠭᠰᠢᠯᠠᠭᠤᠯᠤᠯᠲᠠ ᠵᠢᠨ 75% ᠣᠷᠴᠢᠮ᠎ᠢ ᠡᠵᠡᠯᠡᠵᠦ ᠪᠠᠶ᠋ᠢᠭ᠎ᠠ ᠪᠣᠯᠬᠤᠷ ᠭᠠᠳᠠᠭᠰᠢᠯᠠᠭᠤᠯᠤᠯᠲᠠ ᠶᠡᠬᠡᠲᠡᠢ ᠠᠵᠢᠯ ᠲᠥᠷᠥᠯ᠎ᠢ ᠡᠷᠲᠡᠬᠡᠨ ᠵᠠᠬ᠎ᠠ ᠳᠡᠯᠭᠡᠭᠦᠷ᠎ᠲᠤ ᠣᠷᠣᠭᠤᠯᠪᠠᠯ᠂ ᠪᠦᠬᠦ ᠨᠡᠶ᠋ᠢᠭᠡᠮ᠎ᠤᠨ ᠨᠠᠭᠦᠷᠡᠰᠦᠲᠦ᠋ᠷᠦᠭᠴᠢ ᠵᠢᠨ ᠳᠠᠪᠬᠤᠷ ᠢᠰᠦᠯ᠎ᠢ ᠪᠠᠭᠤᠷᠠᠭᠤᠯᠬᠤ ᠥᠪᠡᠷ᠎ᠤᠨ ᠥᠷᠲᠡᠭ᠎ᠢ ᠬᠠᠮᠤᠭ᠎ᠤᠨ ᠰᠢᠯᠢᠳᠡᠭ᠂ ᠬᠠᠮᠤᠭ᠎ᠤᠨ ᠪᠠᠭ᠎ᠠ ᠪᠣᠯᠭ᠋ᠠᠵᠤ ᠪᠣᠯᠣᠨ᠎ᠠ》 ᠭᠡᠵᠦ ᠵᠤᠤ ᠶᠢᠩ ᠮᠢᠨ ᠬᠡᠯᠡᠪᠡ᠃

       ᠲᠤᠭ᠎ᠠ ᠪᠠᠷᠢᠮᠲᠠ ᠵᠢᠨ ᠶᠠᠰᠤ ᠴᠢᠨᠠᠷ ᠪᠣᠯ ᠨᠠᠭᠦᠷᠡᠰᠦᠲᠦ᠋ᠷᠦᠭᠴᠢ ᠵᠢᠨ ᠵᠠᠬ᠎ᠠ ᠳᠡᠯᠭᠡᠭᠦᠷ᠎ᠤᠨ ᠡᠷᠡᠭᠦᠯ ᠲᠣᠭᠲᠠᠭᠤᠨ ᠡᠮᠬᠢ ᠳᠢᠭᠯᠢᠮ᠎ᠲᠠᠢ ᠪᠠᠶ᠋ᠢᠬᠤ ᠵᠢ ᠪᠠᠲᠤᠯᠠᠬᠤ ᠰᠠᠭᠤᠷᠢ ᠮᠥᠨ᠂ ᠨᠠᠭᠦᠷᠡᠰᠦᠲᠦ᠋ᠷᠦᠭᠴᠢ ᠵᠢᠨ ᠵᠠᠬ᠎ᠠ ᠳᠡᠯᠭᠡᠭᠦᠷ᠎ᠤᠨ ᠠᠮᠢᠨ ᠰᠤᠳᠠᠰᠤ ᠮᠥᠨ᠃ ᠲᠠᠨᠢᠯᠴᠠᠭᠤᠯᠤᠭᠰᠠᠨ ᠵᠶ᠋ᠠᠷ᠂ ᠨᠠᠭᠦᠷᠡᠰᠦᠲᠦ᠋ᠷᠦᠭᠴᠢ ᠵᠢᠨ ᠵᠠᠬ᠎ᠠ ᠳᠡᠯᠭᠡᠭᠦᠷ᠎ᠤᠨ ᠭᠠᠳᠠᠭᠰᠢᠯᠠᠭᠤᠯᠤᠯᠲᠠ ᠵᠢᠨ ᠲᠤᠭ᠎ᠠ ᠪᠠᠷᠢᠮᠲᠠ ᠵᠢᠨ ᠶᠠᠰᠤ ᠴᠢᠨᠠᠷ᠎ᠢ ᠪᠠᠲᠤᠯᠠᠨ ᠳᠡᠭᠡᠭᠰᠢᠯᠡᠭᠦᠯᠬᠦ ᠵᠢᠨ ᠲᠥᠯᠥᠭᠡ᠂ ᠳᠦᠷᠢᠮ᠎ᠢ ᠪᠦᠷᠢᠨᠰᠢᠭᠦᠯᠦᠨ ᠲᠡᠭᠦᠯᠳᠡᠷᠵᠢᠭᠦᠯᠬᠦ᠎ᠪᠠᠷ ᠳᠠᠮᠵᠢᠭᠤᠯᠤᠨ᠂ 《ᠤᠯᠤᠰ — ᠮᠤᠵᠢ — ᠬᠤᠲᠠ》 ᠭᠤᠷᠪᠠᠨ ᠱᠠᠲᠤ᠎ᠪᠠᠷ ᠬᠤᠯᠪᠤᠭ᠋ᠠᠯᠠᠨ ᠬᠢᠨᠠᠬᠤ ᠣᠷᠳᠣ ᠬᠤᠭᠤᠴᠠᠭ᠋ᠠᠨ᠎ᠤ ᠪᠦᠲᠦᠮᠵᠢᠲᠡᠢ ᠠᠵᠢᠯ᠎ᠤᠨ ᠲᠣᠭᠲᠠᠴᠠ ᠵᠢ ᠪᠠᠶ᠋ᠢᠭᠤᠯᠵᠤ᠂ ᠲᠣᠮᠣ ᠳ᠋ᠠᠶ᠋ᠢᠲ᠋ᠠ ᠵᠢᠨ ᠮᠡᠳᠡᠭᠡ ᠵᠠᠩᠭᠢᠵᠢᠯᠲᠠ ᠵᠢᠨ ᠠᠷᠭ᠎ᠠ ᠪᠠᠷᠢᠯ᠎ᠢ ᠭᠦᠢ᠍ᠴᠡᠳ ᠠᠰᠢᠭᠯᠠᠨ ᠨᠡᠪᠲᠡᠷᠬᠡᠢ ᠮᠠᠶᠢᠭ᠎ᠤᠨ ᠬᠢᠨᠠᠯᠲᠠ ᠬᠠᠮᠢᠶᠠᠷᠤᠯᠲᠠ ᠵᠢ ᠪᠡᠶᠡᠯᠡᠭᠦᠯᠵᠦ᠂ ᠬᠤᠳᠠᠯ ᠬᠡᠯᠡᠵᠦ ᠬᠠᠭᠤᠷᠮᠠᠭ ᠵᠶ᠋ᠠᠷ ᠵᠣᠬᠢᠶᠠᠬᠤ ᠵᠡᠷᠭᠡ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ᠎ᠳᠤ ᠴᠢᠩᠭ᠎ᠠ ᠴᠣᠬᠢᠯᠲᠠ ᠥᠭᠭᠦᠨ᠎ᠡ᠃ ᠨᠠᠭᠦᠷᠡᠰᠦᠲᠦ᠋ᠷᠦᠭᠴᠢ ᠭᠠᠳᠠᠭᠰᠢᠯᠠᠭᠤᠯᠬᠤ ᠲᠤᠭ᠎ᠠ ᠪᠠᠷᠢᠮᠲᠠ ᠵᠢᠨ ᠶᠠᠰᠤ ᠴᠢᠨᠠᠷ᠎ᠢ ᠶᠡᠭᠡ ᠬᠡᠮᠵᠢᠶ᠎ᠡ᠎ᠪᠠᠷ ᠰᠠᠶ᠋ᠢᠵᠢᠷᠠᠭᠤᠯᠬᠤ ᠵᠢ ᠪᠡᠶᠡᠯᠡᠭᠦᠯᠵᠦ᠂ ᠨᠠᠭᠦᠷᠡᠰᠦᠲᠦ᠋ᠷᠦᠭᠴᠢ ᠭᠠᠳᠠᠭᠰᠢᠯᠠᠭᠤᠯᠬᠤ ᠮᠡᠳᠡᠭᠦᠯᠦᠯᠲᠡ ᠵᠢᠨ ᠵᠢᠷᠤᠮᠵᠢᠯᠳᠤ ᠴᠢᠨᠠᠷ᠂ ᠣᠨᠣᠪᠴᠢᠲᠤ ᠴᠢᠨᠠᠷ᠂ ᠬᠤᠭᠤᠴᠠᠭ᠋ᠠᠲᠤ ᠴᠢᠨᠠᠷ᠎ᠢ ᠶᠡᠭᠡ ᠬᠡᠮᠵᠢᠶ᠎ᠡ᠎ᠪᠠᠷ ᠳᠡᠭᠡᠭᠰᠢᠯᠡᠭᠦᠯᠦᠨ᠂ ᠠᠵᠤ ᠠᠬᠤᠶ᠋ᠢᠯᠠᠯ᠎ᠤᠨ ᠬᠠᠮᠢᠶᠠᠷᠤᠯᠲᠠ ᠵᠢᠨ ᠦᠢ᠍ᠯᠡᠳᠦᠯ ᠴᠢᠳᠠᠪᠤᠷᠢ ᠵᠢ ᠢᠯᠡᠳᠲᠡ ᠴᠢᠩᠭ᠋ᠠᠷᠠᠭᠤᠯᠤᠨ᠎ᠠ᠃

     《ᠳᠦᠷᠢᠮ》᠎ᠨᠢ ᠨᠠᠭᠦᠷᠡᠰᠦᠲᠦ᠋ᠷᠦᠭᠴᠢ ᠭᠠᠳᠠᠭᠰᠢᠯᠠᠭᠤᠯᠬᠤ ᠲᠤᠭ᠎ᠠ ᠪᠠᠷᠢᠮᠲᠠ ᠵᠢ ᠬᠤᠳᠠᠯ ᠬᠠᠭᠤᠷᠮᠠᠭ ᠵᠶ᠋ᠠᠷ ᠵᠣᠬᠢᠶᠠᠬᠤ ᠵᠢ 《ᠥᠴᠥᠬᠡᠨ ᠴᠦ᠍ ᠠᠭᠤᠴᠢᠯᠠᠬᠤ ᠦᠭᠡᠢ》 ᠵᠠᠩ ᠶᠢᠩ ᠪᠥᠸᠧ ᠵᠢᠨ ᠲᠠᠨᠢᠯᠴᠠᠭᠤᠯᠤᠭᠰᠠᠨ ᠵᠶ᠋ᠠᠷ᠂ ᠭᠤᠣᠯᠳᠠᠯᠭ᠎ᠠ᠎ᠲᠠᠢ ᠭᠠᠳᠠᠭᠰᠢᠯᠠᠭᠤᠯᠬᠤ ᠨᠢᠭᠡᠴᠢ᠂ ᠮᠡᠷᠭᠡᠵᠢᠯ᠎ᠤᠨ ᠦᠢ᠍ᠯᠡᠴᠢᠯᠡᠭᠡᠨ᠎ᠤ ᠪᠠᠶ᠋ᠢᠭᠤᠯᠤᠮᠵᠢ ᠵᠢᠴᠢ ᠲᠡᠭᠦᠨ᠎ᠤ ᠠᠵᠢᠯᠲᠠᠨ᠂ ᠵᠠᠰᠠᠭ᠎ᠤᠨ ᠣᠷᠳᠣᠨ᠎ᠤ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠳᠡᠩᠰᠡᠯᠡᠨ ᠲᠡᠮᠳᠡᠭᠯᠡᠬᠦ ᠪᠠᠶ᠋ᠢᠭᠤᠯᠤᠮᠵᠢ᠂ ᠠᠷᠠᠯᠵᠢᠶᠠᠨ᠎ᠤ ᠪᠠᠶ᠋ᠢᠭᠤᠯᠤᠮᠵᠢ ᠵᠢᠨ ᠠᠵᠢᠯᠲᠠᠨ ᠵᠡᠷᠭᠡ ᠵᠢ ᠪᠠᠭᠲᠠᠭ᠋ᠠᠭᠰᠠᠨ ᠨᠠᠭᠦᠷᠡᠰᠦᠲᠦ᠋ᠷᠦᠭᠴᠢ ᠭᠠᠳᠠᠭᠰᠢᠯᠠᠭᠤᠯᠬᠤ ᠡᠷᠬᠡ ᠵᠢᠨ ᠠᠷᠠᠯᠵᠢᠶ᠎ᠠ᠎ᠳᠤ ᠣᠷᠣᠯᠴᠠᠭᠰᠠᠨ ᠬᠠᠮᠢᠶ᠎ᠠ ᠪᠦᠬᠦᠢ ᠠᠵᠢᠯᠯᠠᠭ᠎ᠠ ᠵᠢᠨ ᠡᠯ᠎ᠡ ᠲᠥᠷᠥᠯ᠎ᠤᠨ ᠭᠤᠣᠯ ᠴᠣᠭᠴᠠ᠎ᠳᠤ ᠴᠥᠮ ᠬᠠᠤᠯᠢ ᠵᠢ ᠵᠥᠷᠢᠴᠡᠭᠰᠡᠨ ᠲᠣᠳᠣᠷᠬᠠᠢ ᠪᠠᠶ᠋ᠢᠳᠠᠯ ᠪᠠ ᠬᠠᠤᠯᠢ ᠵᠢᠨ ᠴᠢᠩᠭ᠎ᠠ ᠬᠠᠷᠢᠭᠤᠴᠠᠯᠭ᠎ᠠ ᠵᠢ ᠲᠣᠭᠲᠠᠭ᠋ᠠᠵᠠᠢ᠂ 《ᠶᠠᠮᠠᠷᠪᠠ ᠨᠢᠭᠡᠴᠢ᠂ ᠬᠤᠪᠢ ᠬᠥᠮᠥᠨ 〈ᠳᠦᠷᠢᠮ〉᠎ᠢ ᠵᠥᠷᠢᠴᠡᠳᠡᠭ ᠯᠡ ᠶᠤᠮ ᠪᠣᠯ ᠴᠥᠮ ᠬᠠᠷᠢᠭᠤᠴᠠᠯᠭ᠎ᠠ ᠨᠡᠬᠡᠮᠵᠢᠯᠡᠨ᠎ᠡ》᠃

     ᠨᠠᠭᠦᠷᠡᠰᠦᠲᠦ᠋ᠷᠦᠭᠴᠢ ᠭᠠᠳᠠᠭᠰᠢᠯᠠᠭᠤᠯᠬᠤ ᠡᠷᠬᠡ ᠵᠢᠨ ᠠᠷᠠᠯᠵᠢᠶ᠎ᠠ ᠵᠢᠴᠢ ᠬᠤᠯᠪᠣᠭᠳᠠᠯ ᠪᠦᠬᠦᠢ ᠠᠵᠢᠯᠯᠠᠭ᠎ᠠ ᠵᠢᠨ ᠳᠤᠮᠳᠠᠬᠢ ᠬᠠᠤᠯᠢ ᠵᠢ ᠵᠥᠷᠢᠴᠡᠭᠰᠡᠨ ᠠᠳᠠᠯᠢ ᠪᠤᠰᠤ ᠦᠢ᠍ᠯᠡ ᠠᠵᠢᠯᠯᠠᠭ᠎ᠠ᠎ᠳᠤ ᠴᠢᠭᠯᠡᠭᠦᠯᠦᠨ᠂ 《ᠳᠦᠷᠢᠮ》᠎ᠳᠤ ᠤᠯᠠᠨ ᠶᠠᠩᠵᠤ ᠵᠢᠨ ᠬᠠᠤᠯᠢ ᠴᠠᠭ᠋ᠠᠵᠠ ᠵᠢᠨ ᠵᠠᠯᠬᠠᠭ᠋ᠠᠬᠤ ᠠᠷᠭ᠎ᠠ ᠪᠠᠷᠢᠯ᠎ᠢ ᠲᠣᠭᠲᠠᠭ᠋ᠠᠪᠠ᠂ ᠡᠭᠦᠨ᠎ᠳᠤ ᠰᠡᠷᠡᠮᠵᠢ ᠥᠭᠬᠦ᠂ ᠨᠠᠭᠦᠷᠡᠰᠦᠲᠦ᠋ᠷᠦᠭᠴᠢ ᠭᠠᠳᠠᠭᠰᠢᠯᠠᠭᠤᠯᠬᠤ ᠬᠡᠮᠵᠢᠶ᠎ᠡ ᠵᠢᠨ ᠬᠤᠪᠢᠶᠠᠷᠢᠯᠠᠯᠲᠠ ᠵᠢᠨ ᠲᠤᠭ᠎ᠠ ᠵᠢ ᠬᠠᠷᠭᠤᠭᠤᠯᠤᠨ ᠪᠠᠭ᠋ᠠᠰᠬᠠᠬᠤ᠂ ᠬᠠᠤᠯᠢ ᠵᠢ ᠵᠥᠷᠢᠴᠡᠵᠦ ᠣᠯᠣᠭᠰᠠᠨ ᠠᠰᠢᠭ ᠣᠯᠵᠠᠪᠤᠷᠢ ᠵᠢ ᠬᠤᠷᠢᠶᠠᠨ ᠠᠪᠬᠤ᠂ ᠵᠣᠭᠤᠰ ᠵᠶ᠋ᠠᠷ ᠲᠣᠷᠭ᠋ᠠᠬᠤ᠂ ᠰᠢᠯᠭ᠋ᠠᠨ ᠪᠠᠶ᠋ᠢᠴᠠᠭ᠋ᠠᠵᠤ ᠪᠠᠶ᠋ᠢᠴᠠᠭ᠋ᠠᠨ ᠬᠡᠮᠵᠢᠬᠦ ᠬᠢᠷᠢ ᠬᠡᠮ᠎ᠢ ᠬᠦᠴᠦᠨ ᠦᠭᠡᠢ ᠪᠣᠯᠭ᠋ᠠᠬᠤ᠂ ᠬᠤᠯᠪᠣᠭᠳᠠᠯ ᠪᠦᠬᠦᠢ ᠲᠤᠬᠠᠶ᠋ᠢᠯᠠᠭᠰᠠᠨ ᠠᠵᠢᠯ ᠡᠷᠭᠢᠯᠡᠬᠦ ᠵᠢ ᠴᠠᠭ᠋ᠠᠵᠠᠯᠠᠬᠤ᠂ ᠦᠢ᠍ᠯᠡᠳᠪᠦᠷᠢᠯᠡᠯ᠎ᠢ᠎ᠨᠢ ᠵᠠᠷᠯᠢᠭᠳᠠᠨ ᠵᠣᠭᠰᠣᠭ᠋ᠠᠵᠤ ᠴᠡᠭᠴᠡᠯᠡᠨ ᠵᠠᠰᠠᠬᠤ ᠵᠡᠷᠭᠡ ᠪᠠᠭᠲᠠᠨ᠎ᠠ᠃ ᠬᠦᠨᠳᠦ ᠨᠣᠴᠢᠲᠠᠢ ᠬᠠᠤᠯᠢ ᠵᠢ ᠵᠥᠷᠢᠴᠡᠭᠰᠡᠨ ᠠᠵᠢᠯᠯᠠᠭ᠎ᠠ᠎ᠳᠤ ᠬᠦᠨᠳᠦ ᠡᠷᠡᠭᠦᠦ᠎ᠪᠠᠷ ᠰᠠᠮᠠᠭᠤᠷᠠᠯ᠎ᠢ ᠵᠠᠰᠠᠬᠤ ᠵᠢ ᠪᠠᠷᠢᠮᠲᠠᠯᠠᠵᠤ᠂ ᠵᠠᠯᠬᠠᠭ᠋ᠠᠨ ᠰᠢᠳᠬᠡᠬᠦ ᠡᠷᠴᠢᠮ ᠵᠶ᠋ᠠᠨ ᠴᠢᠩᠭ᠋ᠠᠷᠠᠭᠤᠯᠤᠨ᠎ᠠ᠃

     《ᠪᠢᠳᠡ 〈ᠳᠦᠷᠢᠮ〉᠎ᠢ ᠨᠡᠶ᠋ᠢᠲᠡᠯᠡᠬᠦ᠎ᠪᠠᠷ ᠠᠵᠠ ᠲᠣᠬᠢᠶᠠᠯ ᠪᠣᠯᠭ᠋ᠠᠵᠤ᠂ ᠬᠤᠯᠪᠣᠭᠳᠠᠯ ᠪᠦᠬᠦᠢ ᠲᠥᠷᠥ ᠵᠢᠨ ᠪᠣᠳᠣᠯᠭ᠎ᠠ ᠵᠢᠨ ᠢᠵᠢ ᠪᠦᠷᠢᠳᠦᠭᠰᠡᠨ ᠳᠦᠷᠢᠮ᠎ᠢ ᠲᠡᠭᠦᠯᠳᠡᠷᠵᠢᠭᠦᠯᠬᠦ ᠵᠢ ᠴᠢᠨᠠᠭᠰᠢᠳᠠ ᠴᠢᠩᠭ᠋ᠠᠳᠬᠠᠵᠤ᠂ ᠵᠠᠬ᠎ᠠ ᠳᠡᠯᠭᠡᠭᠦᠷ᠎ᠤᠨ ᠡᠷᠡᠭᠦᠯ ᠲᠣᠭᠲᠠᠭᠤᠨ ᠡᠮᠬᠢ ᠵᠢᠷᠤᠮ᠎ᠲᠠᠢ ᠠᠵᠢᠯᠯᠠᠬᠤ ᠵᠢ ᠪᠠᠲᠤᠯᠠᠵᠤ᠂ ᠬᠠᠤᠯᠢ ᠶᠣᠰᠣᠭ᠋ᠠᠷ ᠬᠠᠮᠢᠶᠠᠷᠴᠤ ᠵᠢᠷᠤᠮᠵᠢᠭᠤᠯᠤᠨ ᠠᠵᠢᠯᠯᠠᠭᠤᠯᠬᠤ ᠵᠢ ᠴᠢᠩᠳᠠᠯᠠᠵᠤ᠂ ᠨᠠᠭᠦᠷᠡᠰᠦᠲᠦ᠋ᠷᠦᠭᠴᠢ ᠵᠢᠨ ᠵᠠᠬ᠎ᠠ ᠳᠡᠯᠭᠡᠭᠦᠷ᠎ᠤᠨ ᠪᠠᠶ᠋ᠢᠭᠤᠯᠤᠯᠲᠠ ᠵᠢ ᠢᠳᠡᠪᠬᠢᠲᠡᠢ ᠠᠬᠢᠭᠤᠯᠤᠨ᠎ᠠ》 ᠭᠡᠵᠦ ᠵᠤᠤ ᠶᠢᠩ ᠮᠢᠨ ᠬᠡᠯᠡᠪᠡ᠃
 

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠰᠢ ᠵᠢᠨ ᠫᠢᠩ ᠬᠤᠨᠠᠨ᠎ᠤ ᠴᠠᠩᠱ᠌ᠠ ᠬᠤᠳᠠ᠎ᠳᠤ ᠰᠢᠨᠵᠢᠯᠡᠨ ᠪᠠᠶ᠋ᠢᠴᠠᠭ᠋ᠠᠪᠠ
ᠰᠢ ᠵᠢᠨ ᠫᠢᠩ ᠰᠦᠷᠢᠨᠠᠮ᠎ᠤᠨ ᠶᠡᠷᠦᠩᠬᠡᠶ᠋ᠢᠯᠡᠭᠴᠢ ᠰᠠᠨᠲ᠋ᠤᠺᠢ᠎ᠲᠠᠢ ᠬᠡᠯᠡᠯᠴᠡᠭᠡ ᠬᠢᠪᠠ
ᠥᠪᠡᠷᠲᠡᠭᠡᠨ ᠵᠠᠰᠠᠬᠤ ᠣᠷᠣᠨ᠎ᠤ ᠣᠶ ᠰᠢᠭᠤᠢ ᠪᠠ ᠨᠤᠲᠤᠭ ᠪᠡᠯᠴᠢᠭᠡᠷ᠎ᠤᠨ ᠲᠣᠪᠴᠢᠶᠠᠨ᠎ᠤ 《ᠲᠥᠷᠥ ᠵᠢᠨ ᠪᠣᠳᠣᠯᠭ᠎ᠠ ᠵᠢᠨ ᠨᠠᠷᠢᠨ ᠲᠠᠩᠰᠠ + ᠠᠵᠢᠯ᠎ᠤᠨ ᠲᠥᠰᠥᠯ》᠎ᠨᠢ ᠮᠠᠨ᠎ᠤ ᠣᠷᠣᠨ᠎ᠤ ᠡᠪᠡᠰᠦᠨ᠎ᠤ ᠠᠵᠤ ᠦᠢ᠍ᠯᠡᠰ᠎ᠤᠨ ᠪᠥᠬᠦ ᠤᠯᠤᠰ᠎ᠲᠤ ᠲᠡᠷᠢᠭᠦᠯᠡᠬᠦ ᠵᠢ ᠦᠷᠭᠦᠯᠵᠢᠯᠡᠨ ᠪᠠᠲᠤᠯᠠᠵᠤ ᠪᠣᠢ
 
             蒙ICP备05000248号