ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠳᠤᠰᠬᠠᠢ ᠮᠡᠳᠡᠭᠡᠯᠡᠯ
ᠰᠢ ᠵᠢᠨ ᠫᠢᠩ ᠰᠦᠷᠢᠨᠠᠮ᠎ᠤᠨ ᠶᠡᠷᠦᠩᠬᠡᠶ᠋ᠢᠯᠡᠭᠴᠢ ᠰᠠᠨᠲ᠋ᠤᠺᠢ᠎ᠲᠠᠢ ᠬᠡᠯᠡᠯᠴᠡᠭᠡ ᠬᠢᠪᠠ
ᠨᠡᠶ᠋ᠢᠲᠡᠯᠡᠭᠰᠡᠨ ᠴᠠᠭ᠄ 2024-04-17

 

    4 ᠰᠠᠷ᠎ᠠ ᠵᠢᠨ 12᠎ᠤᠨ ᠦᠳᠡ ᠵᠢᠨ ᠬᠣᠶ᠋ᠢᠨ᠎ᠠ᠂ ᠤᠯᠤᠰ᠎ᠤᠨ ᠲᠡᠷᠢᠭᠦᠯᠡᠭᠴᠢ ᠰᠢ ᠵᠢᠨ ᠫᠢᠩ ᠪᠡᠭᠡᠵᠢᠩ᠎ᠤᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠳᠤᠮᠳᠠᠳᠤ ᠤᠯᠤᠰ᠎ᠲᠤ ᠲᠥᠷᠥ ᠵᠢᠨ ᠠᠶ᠋ᠢᠯᠴᠢᠯᠠᠯᠲᠠ ᠬᠢᠬᠦ᠎ᠪᠠᠷ ᠢᠷᠡᠭᠰᠡᠨ ᠰᠦᠷᠢᠨᠠᠮ᠎ᠤᠨ ᠶᠡᠷᠦᠩᠬᠡᠶ᠋ᠢᠯᠡᠭᠴᠢ ᠰᠠᠨᠲ᠋ᠤᠺᠢ᠎ᠲᠠᠢ ᠬᠡᠯᠡᠯᠴᠡᠭᠡ ᠬᠢᠪᠡ᠃

 

W020240415393086846997.jpg

    
   ᠤᠯᠤᠰ᠎ᠤᠨ ᠲᠡᠷᠢᠭᠦᠯᠡᠭᠴᠢ ᠰᠢ ᠵᠢᠨ ᠫᠢᠩ 4 ᠰᠠᠷ᠎ᠠ ᠵᠢᠨ 12᠎ᠤᠨ ᠦᠳᠡ ᠵᠢᠨ ᠬᠣᠶ᠋ᠢᠨ᠎ᠠ ᠪᠡᠭᠡᠵᠢᠩ᠎ᠤᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠳᠤᠮᠳᠠᠳᠤ ᠤᠯᠤᠰ᠎ᠲᠤ ᠲᠥᠷᠥ ᠵᠢᠨ ᠠᠶ᠋ᠢᠯᠴᠢᠯᠠᠯᠲᠠ ᠬᠢᠬᠦ᠎ᠪᠠᠷ ᠢᠷᠡᠭᠰᠡᠨ ᠰᠦᠷᠢᠨᠠᠮ᠎ᠤᠨ ᠶᠡᠷᠦᠩᠬᠡᠶ᠋ᠢᠯᠡᠭᠴᠢ ᠰᠠᠨᠲ᠋ᠤᠺᠢ᠎ᠲᠠᠢ ᠬᠡᠯᠡᠯᠴᠡᠭᠡ ᠬᠢᠪᠡ᠃ ᠵᠢᠷᠤᠭ ᠪᠣᠯ ᠬᠡᠯᠡᠯᠴᠡᠭᠡ ᠬᠢᠬᠦ᠎ᠠᠴᠠ ᠡᠮᠦᠨ᠎ᠡ ᠰᠢ ᠵᠢᠨ ᠫᠢᠩ ᠪᠣᠯᠤᠨ ᠬᠠᠲᠤᠨ ᠫᠧᠩ ᠯᠢ ᠶᠤᠸᠠᠨ ᠰᠠᠨᠲ᠋ᠤᠺᠢ ᠪᠣᠯᠤᠨ ᠬᠠᠲᠤᠨ ᠮᠸᠢᠢ᠍ᠯᠢᠰᠠ᠎ᠲᠠᠢ ᠬᠠᠮᠲᠤ ᠵᠢᠷᠤᠭ ᠲᠠᠲᠠᠭᠤᠯᠵᠤ ᠪᠠᠶ᠋ᠢᠭ᠎ᠠ᠎ᠨᠢ᠃ ᠰᠢᠨᠬᠤᠸᠠ ᠬᠣᠷᠢᠶᠠᠨ᠎ᠤ ᠰᠤᠷᠪᠤᠯᠵᠢᠯᠠᠭᠴᠢ ᠬᠤᠸᠠᠩ ᠵᠢᠩ ᠸᠸᠨ ᠰᠡᠭᠦᠳᠡᠷᠯᠡᠪᠡ᠃
    ᠰᠢ ᠵᠢᠨ ᠫᠢᠩ᠂ ᠳᠤᠮᠳᠠᠳᠤ ᠰᠦᠷᠢᠨᠠᠮ᠎ᠤᠨ ᠨᠥᠬᠥᠷᠯᠡᠯ ᠥᠨᠢ ᠤᠳᠠᠭ᠋ᠠᠨ ᠲᠡᠦᠬᠡ᠎ᠲᠠᠢ ᠶᠤᠮ᠃ ᠰᠦᠷᠢᠨᠠᠮ ᠪᠣᠯ ᠠᠩᠬᠠᠳᠠᠭᠴᠢ ᠪᠦᠯᠦᠭ ᠰᠢᠨ᠎ᠡ ᠳᠤᠮᠳᠠᠳᠤ ᠤᠯᠤᠰ᠎ᠲᠠᠢ ᠭᠠᠳᠠᠭ᠋ᠠᠳᠤ ᠬᠠᠷᠢᠯᠴᠠᠭ᠎ᠠ ᠪᠠᠶ᠋ᠢᠭᠤᠯᠤᠭᠰᠠᠨ᠂ ᠳᠤᠮᠳᠠᠳᠤ ᠤᠯᠤᠰ᠎ᠲᠠᠢ ᠪᠠᠶ᠋ᠢᠯᠳᠤᠬᠤ ᠪᠤᠳᠤᠯᠭ᠎ᠠ ᠵᠢᠨ ᠬᠠᠨᠢᠲᠠᠨ᠎ᠤ ᠬᠠᠷᠢᠯᠴᠠᠭ᠎ᠠ ᠪᠠᠶ᠋ᠢᠭᠤᠯᠤᠭᠰᠠᠨ ᠵᠢᠴᠢ ᠳᠤᠮᠳᠠᠳᠤ ᠤᠯᠤᠰ᠎ᠲᠠᠢ 《ᠨᠢᠭᠡ ᠪᠦᠰᠡ ᠨᠢᠭᠡ ᠵᠠᠮ》᠎ᠢ ᠬᠠᠮᠲᠤ᠎ᠪᠠᠷ ᠪᠦᠳᠦᠭᠡᠨ ᠪᠠᠶ᠋ᠢᠭᠤᠯᠬᠤ ᠬᠠᠮᠲᠤᠷᠠᠯᠴᠠᠭ᠋ᠠᠨ᠎ᠤ ᠲᠥᠯᠥᠪᠵᠢᠭᠦᠯᠭᠡ᠎ᠳᠤ ᠭᠠᠷ᠎ᠤᠨ ᠦᠰᠦᠭ ᠵᠢᠷᠤᠭᠰᠠᠨ ᠺᠠᠷᠢᠪᠸ ᠵᠢᠨ ᠤᠯᠤᠰ᠎ᠤᠨ ᠨᠢᠭᠡ ᠪᠣᠯᠤᠨ᠎ᠠ᠃ ᠬᠣᠶᠠᠷ ᠤᠯᠤᠰ ᠢᠮᠠᠭᠲᠠ ᠬᠠᠷᠢᠯᠴᠠᠨ ᠬᠦᠨᠳᠦᠳᠬᠡᠵᠦ᠂ ᠡᠷᠬᠡ ᠲᠡᠭᠰᠢ᠎ᠪᠠᠷ ᠬᠠᠨᠳᠤᠵᠤ᠂ ᠬᠥᠭᠵᠢᠵᠦ ᠪᠠᠶ᠋ᠢᠭ᠎ᠠ ᠤᠯᠤᠰ᠎ᠤᠳ᠎ᠤᠨ ᠬᠠᠮᠲᠤᠷᠠᠯᠴᠠᠭ᠋ᠠᠨ᠎ᠤ ᠬᠡᠪ ᠳᠠᠭᠤᠷᠢᠶᠠᠯ᠎ᠢ ᠪᠤᠢ ᠪᠣᠯᠭ᠋ᠠᠪᠠ᠃ ᠳᠤᠮᠳᠠᠳᠤ ᠤᠯᠤᠰ ᠳᠤᠷᠠᠲᠠᠶ᠎ᠠ ᠰᠦᠷᠢᠨᠠᠮ᠎ᠤᠨ᠎ᠬᠢᠨ᠎ᠲᠠᠢ ᠬᠠᠮᠲᠤ᠎ᠪᠠᠷ ᠴᠢᠷᠮᠠᠶ᠋ᠢᠵᠤ᠂ ᠤᠯᠤᠰ ᠲᠦᠷᠦ ᠵᠢᠨ ᠢᠲᠡᠭᠡᠯᠴᠡᠭᠡ᠎ᠪᠠᠨ ᠤᠯᠠᠮ ᠴᠢᠨᠠᠭᠰᠢᠳᠠ ᠪᠡᠬᠢᠵᠢᠭᠦᠯᠵᠦ᠂ ᠠᠵᠤ ᠠᠬᠤᠢ ᠠᠷᠠᠯᠵᠢᠶᠠᠨ᠎ᠤ ᠬᠠᠮᠲᠤᠷᠠᠯᠴᠠᠭ᠎ᠠ᠎ᠪᠠᠨ ᠴᠢᠩᠭ᠋ᠠᠳᠬᠠᠵᠤ᠂ ᠰᠣᠶᠣᠯ ᠢᠷᠭᠡᠨᠰᠢᠯ᠎ᠤᠨ ᠰᠣᠯᠢᠯᠴᠠᠭ᠎ᠠ᠎ᠪᠠᠨ ᠥᠷᠭᠡᠳᠬᠡᠵᠦ᠂ ᠤᠯᠠᠨ ᠤᠯᠤᠰ᠎ᠤᠨ ᠬᠠᠮᠲᠤᠷᠠᠯᠴᠠᠭ᠎ᠠ᠎ᠪᠠᠨ ᠨᠢᠭᠲᠠᠷᠠᠭᠤᠯᠵᠤ᠂ ᠳᠤᠮᠳᠠᠳᠤ ᠰᠦᠷᠢᠨᠠᠮ᠎ᠤᠨ ᠪᠠᠶ᠋ᠢᠯᠳᠤᠬᠤ ᠪᠤᠳᠤᠯᠭ᠎ᠠ ᠵᠢᠨ ᠬᠠᠮᠲᠤᠷᠠᠯᠴᠠᠭ᠋ᠠᠨ᠎ᠤ ᠬᠠᠨᠢᠲᠠᠨ᠎ᠤ ᠨᠡᠩ ᠨᠢᠭᠲᠠ ᠬᠠᠷᠢᠯᠴᠠᠭ᠎ᠠ ᠪᠠᠶ᠋ᠢᠭᠤᠯᠬᠤ ᠵᠢ ᠠᠬᠢᠭᠤᠯᠵᠤ᠂ ᠬᠣᠶᠠᠷ ᠤᠯᠤᠰ᠎ᠤᠨ ᠠᠷᠠᠳ ᠲᠦᠮᠡᠨ᠎ᠳᠤ ᠨᠡᠩ ᠰᠠᠢ᠍ᠢ᠍ᠨ ᠪᠤᠶᠠᠨ ᠦᠢ᠍ᠯᠡᠳᠦᠨ᠎ᠡ ᠭᠡᠵᠦ ᠵᠢᠭ᠋ᠠᠵᠤ ᠭᠠᠷᠭ᠋ᠠᠪᠠ᠃
      ᠰᠢ ᠵᠢᠨ ᠫᠢᠩ᠂ ᠰᠦᠷᠢᠨᠠᠮ ᠢᠮᠠᠭᠲᠠ ᠳᠤᠮᠳᠠᠳᠤ ᠤᠯᠤᠰ᠎ᠯᠤᠭ᠎ᠠ ᠵᠢᠨ ᠨᠥᠬᠥᠷᠯᠡᠯ ᠵᠶ᠋ᠠᠨ ᠪᠠᠲᠤᠳᠬᠠᠵᠤ᠂ ᠳᠤᠮᠳᠠᠳᠤ ᠤᠯᠤᠰ᠎ᠤᠨ ᠭᠣᠣᠯᠯᠠᠭᠴᠢ ᠠᠰᠢᠭ ᠲᠤᠰᠠ᠎ᠲᠠᠢ ᠬᠤᠯᠪᠤᠭᠳᠠᠭᠰᠠᠨ ᠪᠣᠯᠤᠨ ᠠᠩᠬᠠᠷᠴᠤ ᠪᠠᠶ᠋ᠢᠭ᠎ᠠ ᠴᠢᠬᠤᠯᠠ ᠶᠡᠬᠡ ᠠᠰᠠᠭᠤᠳᠠᠯ᠎ᠤᠨ ᠲᠠᠯ᠎ᠠ᠎ᠪᠠᠷ ᠲᠤᠮᠳᠠᠳᠤ ᠤᠯᠤᠰ᠎ᠢ ᠡᠷᠡᠰ ᠳᠡᠮᠵᠢᠵᠦ ᠪᠠᠢ᠌ᠭ᠎ᠠ ᠵᠢ ᠲᠤᠮᠳᠠᠳᠤ ᠤᠯᠤᠰ ᠳᠡᠭᠡᠲᠦ ᠬᠡᠮᠵᠢᠶ᠎ᠡ᠎ᠪᠠᠷ ᠮᠠᠭᠲᠠᠨ ᠰᠠᠢ᠌ᠰᠢᠶᠠᠵᠤ ᠪᠠᠢ᠌ᠨ᠎ᠠ᠃

      ᠳᠤᠮᠳᠠᠳᠤ ᠤᠯᠤᠰ ᠪᠠᠰᠠ ᠰᠦᠷᠢᠨᠠᠮ᠎ᠤᠨ ᠡᠷᠬᠡ ᠮᠡᠳᠡᠯ ᠪᠣᠯᠤᠨ ᠲᠤᠰᠠᠭ᠋ᠠᠷ ᠲᠣᠭᠲᠠᠨᠢᠯ᠎ᠢ ᠬᠠᠮᠠᠭ᠋ᠠᠯᠠᠵᠤ᠂ ᠲᠤᠰ ᠤᠯᠤᠰ᠎ᠤᠨ ᠵᠶ᠋ᠠᠨ ᠪᠠᠶ᠋ᠢᠳᠠᠯ᠎ᠳᠤ ᠨᠡᠶ᠋ᠢᠴᠡᠭᠰᠡᠨ ᠬᠥᠭᠵᠢᠯᠲᠡ ᠵᠢᠨ ᠵᠠᠮ᠎ᠢ ᠪᠡᠶ᠎ᠡ᠎ᠪᠠᠨ ᠳᠠᠭ᠋ᠠᠭ᠋ᠠᠵᠤ ᠰᠣᠩᠭᠣᠬᠤ ᠵᠢ ᠡᠷᠡᠰ ᠳᠡᠮᠵᠢᠨ᠎ᠠ᠃ ᠳᠤᠮᠳᠠᠳᠤ ᠵᠢᠨ ᠲᠠᠯ᠎ᠠ ᠳᠤᠷᠠᠲᠠᠶ᠎ᠠ ᠰᠦᠷᠢᠨᠠᠮ᠎ᠤᠨ ᠲᠠᠯ᠎ᠠ᠎ᠲᠠᠢ ᠦᠷᠭᠦᠯᠵᠢᠯᠡᠨ ᠬᠠᠷᠢᠯᠴᠠᠨ ᠣᠶ᠋ᠢᠯᠠᠭ᠋ᠠᠯᠴᠠᠵᠤ᠂ ᠬᠠᠷᠢᠯᠴᠠᠨ ᠳᠡᠮᠵᠢᠵᠦ᠂ ᠳᠡᠭᠡᠳᠦ ᠳᠠᠪᠬᠤᠷᠭ᠎ᠠ ᠵᠢᠨ ᠶᠠᠪᠤᠯᠴᠠᠭ᠎ᠠ᠂ ᠡᠯ᠎ᠡ ᠰᠠᠯᠠᠭ᠎ᠠ ᠮᠥᠴᠢᠷ᠂ ᠬᠠᠤᠯᠢ ᠲᠣᠭᠲᠠᠭ᠋ᠠᠬᠤ ᠪᠠᠶ᠋ᠢᠭᠤᠯᠤᠮᠵᠢ᠂ ᠲᠦᠷᠦ ᠵᠢᠨ ᠨᠠᠮ᠎ᠤᠨ ᠬᠣᠭᠣᠷᠣᠨᠳᠣᠬᠢ ᠨᠥᠬᠥᠷᠰᠡᠭ ᠶᠠᠪᠤᠯᠴᠠᠭ᠎ᠠ ᠵᠢ ᠨᠢᠭᠲᠠᠷᠠᠭᠤᠯᠵᠤ᠂ ᠲᠦᠷᠦ ᠵᠢ ᠵᠠᠰᠠᠵᠤ ᠵᠠᠰᠠᠭ᠎ᠢ ᠡᠷᠬᠢᠯᠡᠬᠦ ᠲᠤᠷᠰᠢᠯᠭ᠎ᠠ ᠵᠢᠨ ᠰᠣᠯᠢᠯᠴᠠᠭ᠎ᠠ ᠵᠢ ᠴᠢᠩᠭ᠋ᠠᠳᠬᠠᠨ᠎ᠠ᠃ ᠳᠤᠮᠳᠠᠳᠤ ᠵᠢᠨ ᠲᠠᠯ᠎ᠠ ᠰᠦᠷᠢᠨᠠᠮ᠎ᠤᠨ ᠨᠡᠩ ᠤᠯᠠᠨ ᠴᠢᠨᠠᠷ ᠰᠠᠶ᠋ᠢᠲᠠᠢ ᠤᠨᠴᠠᠯᠢᠬᠳᠤ ᠦᠢ᠍ᠯᠡᠳᠬᠦᠨ ᠵᠶ᠋ᠠᠷ ᠳᠤᠮᠳᠠᠳᠤ ᠤᠯᠤᠰ᠎ᠤᠨ ᠵᠠᠬ᠎ᠠ ᠳᠡᠯᠭᠡᠭᠦᠷ᠎ᠲᠤ ᠣᠷᠣᠬᠤ ᠵᠢ ᠪᠠᠶᠠᠷᠯᠠᠨ ᠤᠭᠲᠤᠵᠤ᠂ ᠳᠤᠷᠠᠲᠠᠶ᠎ᠠ ᠰᠦᠷᠢᠨᠠᠮ᠎ᠯᠤᠭ᠎ᠠ 《ᠨᠢᠭᠡ ᠪᠦᠰᠡ ᠨᠢᠭᠡ ᠵᠠᠮ》᠎ᠢ ᠬᠠᠮᠲᠤ᠎ᠪᠠᠷ ᠪᠦᠳᠦᠭᠡᠨ ᠪᠠᠶ᠋ᠢᠭᠤᠯᠬᠤ ᠬᠠᠮᠲᠤᠷᠠᠯᠴᠠᠭ᠎ᠠ᠎ᠪᠠᠨ ᠭᠦᠨᠵᠡᠭᠡᠶ᠋ᠢᠷᠡᠭᠦᠯᠵᠦ᠂ ᠬᠥᠭᠵᠢᠯᠲᠡ ᠵᠢᠨ ᠪᠠᠶ᠋ᠢᠯᠳᠤᠬᠤ ᠪᠤᠳᠤᠯᠭ᠎ᠠ ᠵᠢᠨ ᠵᠣᠯᠭ᠋ᠠᠯᠴᠠᠭ᠎ᠠ᠂ ᠠᠷᠠᠯᠵᠢᠶ᠎ᠠ᠂ ᠪᠡᠯᠡ ᠣᠷᠣᠭᠤᠯᠤᠯᠲᠠ᠂ ᠬᠥᠳᠡᠭᠡ ᠠᠵᠤ ᠠᠬᠤᠢ᠂ ᠡᠨᠧᠷᠭᠢ᠂ ᠠᠭᠤᠷᠬᠠᠢ ᠵᠢᠨ ᠦᠢ᠍ᠯᠡᠰ᠂ ᠰᠠᠭᠤᠷᠢ ᠲᠥᠬᠥᠭᠡᠷᠦᠮᠵᠢ ᠵᠢᠨ ᠪᠦᠳᠦᠭᠡᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠲᠣᠭ᠋ᠠᠴᠢᠯᠠᠭᠰᠠᠨ ᠠᠵᠤ ᠠᠬᠤᠢ ᠵᠡᠷᠭᠡ ᠬᠦᠷᠢᠶᠡᠨ᠎ᠤ ᠬᠠᠮᠲᠤᠷᠠᠯᠴᠠᠭ᠎ᠠ᠎ᠪᠠᠨ ᠥᠷᠭᠡᠳᠬᠡᠵᠦ᠂ ᠬᠣᠶᠠᠷ ᠤᠯᠤᠰ᠎ᠤᠨ ᠠᠷᠠᠳ ᠲᠦᠮᠡᠨ᠎ᠳᠤ ᠨᠡᠩ ᠰᠠᠢ᠍ᠢ᠍ᠨ ᠪᠤᠶᠠᠨ ᠦᠢ᠍ᠯᠡᠳᠦᠨ᠎ᠡ᠃ ᠰᠦᠷᠢᠨᠠᠮ ᠪᠣᠯ ᠺᠠᠷᠢᠪᠸ ᠣᠷᠣᠨ᠎ᠤ ᠳᠤᠮᠳᠠᠳᠤ ᠵᠢᠨ ᠬᠠᠷᠢᠶᠠᠲᠤ᠂ ᠲᠤᠮᠳᠠᠳᠤᠴᠤᠳ ᠬᠠᠮᠤᠭ ᠣᠯᠠᠨ ᠤᠯᠤᠰ᠎ᠤᠨ ᠨᠢᠭᠡ ᠪᠥᠭᠡᠳ ᠪᠠᠷᠠᠭᠤᠨ ᠬᠠᠭ᠋ᠠᠰ ᠪᠥᠮᠪᠥᠷᠴᠡᠭ᠎ᠤᠨ ᠬᠠᠮᠤᠭ ᠠᠩᠬᠠᠨ᠎ᠤ ᠳᠤᠮᠳᠠᠳᠤ ᠤᠯᠤᠰ᠎ᠤᠨ ᠴᠠᠭ᠋ᠠᠨ ᠰᠠᠷ᠎ᠠ ᠵᠢ ᠬᠠᠤᠯᠢ᠎ᠪᠠᠷ ᠲᠣᠭᠲᠠᠭ᠋ᠠᠭᠰᠠᠨ ᠠᠮᠠᠷᠠᠯᠲᠠ ᠵᠢᠨ ᠡᠳᠦᠷ ᠪᠣᠯᠭ᠋ᠠᠭᠰᠠᠨ ᠤᠯᠤᠰ ᠪᠣᠯᠤᠨ᠎ᠠ᠃ ᠬᠣᠶᠠᠷ ᠲᠠᠯ᠎ᠠ᠎ᠪᠠᠷ ᠵᠶ᠋ᠠᠨ ᠰᠣᠶᠣᠯ ᠢᠷᠭᠡᠨᠰᠢᠯ᠎ᠤᠨ ᠰᠣᠯᠢᠯᠴᠠᠭ᠎ᠠ ᠵᠢ ᠦᠷᠭᠦᠯᠵᠢᠯᠡᠨ ᠵᠣᠷᠢᠭᠵᠢᠭᠤᠯᠵᠤ᠂ ᠬᠥᠮᠦᠰ᠎ᠤᠨ ᠶᠠᠪᠤᠯᠴᠠᠭ᠎ᠠ᠎ᠳᠤ ᠲᠦᠬᠦᠮ ᠦᠵᠡᠭᠦᠯᠵᠦ᠂ ᠺᠦᠩᠽᠢ ᠵᠢᠨ ᠳᠡᠭᠡᠳᠦ ᠰᠤᠷᠭ᠋ᠠᠭᠤᠯᠢ ᠵᠢ ᠬᠠᠮᠲᠤ᠎ᠪᠠᠷ ᠰᠠᠶ᠋ᠢᠲᠤᠷ ᠪᠦᠳᠦᠭᠡᠨ ᠪᠠᠶ᠋ᠢᠭᠤᠯᠤᠶ᠎ᠠ᠃ ᠣᠷᠣᠨ ᠨᠤᠲᠤᠭ᠎ᠤᠨ ᠬᠠᠮᠲᠤᠷᠠᠯᠴᠠᠭ᠎ᠠ᠎ᠪᠠᠨ ᠴᠢᠩᠭ᠋ᠠᠳᠬᠠᠵᠤ᠂ ᠬᠣᠶᠠᠷ ᠤᠯᠤᠰ᠎ᠤᠨ ᠰᠣᠯᠢᠯᠴᠠᠭ᠎ᠠ ᠬᠠᠮᠲᠤᠷᠠᠯᠴᠠᠭ᠎ᠠ ᠵᠢᠨ ᠠᠭᠤᠯᠤᠭᠳᠠᠬᠤᠨ᠎ᠢ ᠲᠠᠰᠤᠷᠠᠯᠲᠠ ᠦᠭᠡᠢ ᠪᠠᠶᠠᠯᠢᠭᠵᠢᠭᠤᠯᠬᠤ ᠬᠡᠷᠡᠭᠲᠡᠢ᠃ ᠳᠤᠮᠳᠠᠳᠤ ᠤᠯᠤᠰ ᠳᠤᠷᠠᠲᠠᠶ᠎ᠠ ᠰᠦᠷᠢᠨᠠᠮ ᠵᠡᠷᠭᠡ ᠬᠥᠭᠵᠢᠵᠦ ᠪᠠᠶ᠋ᠢᠭ᠎ᠠ ᠤᠯᠤᠰ᠎ᠤᠳ᠎ᠯᠤᠭ᠎ᠠ ᠤᠯᠠᠨ ᠲᠠᠯ᠎ᠠ ᠵᠢᠨ ᠵᠣᠬᠢᠴᠠᠭᠤᠯᠭ᠎ᠠ ᠪᠣᠯᠤᠨ ᠪᠦᠯᠬᠦᠮᠳᠡᠯ ᠬᠠᠮᠲᠤᠷᠠᠯᠴᠠᠭ᠎ᠠ᠎ᠪᠠᠨ ᠴᠢᠩᠭ᠋ᠠᠳᠬᠠᠵᠤ᠂ ᠬᠠᠮᠲᠤ ᠵᠢᠨ ᠠᠰᠢᠭ ᠲᠤᠰᠠ᠎ᠪᠠᠨ ᠬᠠᠮᠠᠭ᠋ᠠᠯᠠᠵᠤ᠂ ᠬᠠᠮᠲᠤ ᠵᠢᠨ ᠬᠥᠭᠵᠢᠯᠲᠡ ᠵᠢ ᠪᠡᠶᠡᠯᠡᠭᠦᠯᠵᠦ᠂ ᠬᠥᠮᠦᠨ ᠲᠥᠷᠥᠯᠬᠢᠲᠡᠨ᠎ᠤ ᠬᠤᠪᠢ ᠵᠠᠶᠠᠭ᠋ᠠᠨ᠎ᠤ ᠬᠠᠮᠲᠤ ᠵᠢᠨ ᠴᠣᠭᠴᠠ ᠵᠢ ᠪᠠᠶ᠋ᠢᠭᠤᠯᠬᠤ ᠵᠢ ᠠᠬᠢᠭᠤᠯᠤᠨ᠎ᠠ ᠭᠡᠵᠦ ᠴᠢᠬᠤᠯᠠᠴᠢᠯᠠᠪᠠ᠃   ᠳᠤᠮᠳᠠᠳᠤ ᠤᠯᠤᠰ ᠺᠠᠷᠢᠪᠸ ᠵᠢᠨ ᠤᠯᠤᠰ᠎ᠤᠳ᠎ᠯᠤᠭ᠎ᠠ ᠵᠢᠨ ᠬᠠᠷᠢᠯᠴᠠᠭ᠎ᠠ᠎ᠪᠠᠨ ᠬᠥᠭᠵᠢᠭᠦᠯᠬᠦ ᠵᠢ ᠴᠢᠬᠤᠯᠠᠴᠢᠯᠠᠵᠤ᠂ ᠺᠠᠷᠢᠪᠸ ᠵᠢᠨ ᠤᠯᠤᠰ᠎ᠤᠳ᠎ᠤᠨ ᠴᠡᠴᠡᠭᠯᠡᠨ ᠬᠥᠭᠵᠢᠬᠦ ᠵᠢ ᠡᠷᠢᠯᠬᠢᠯᠡᠵᠦ᠂ ᠠᠷᠠᠳ ᠣᠯᠠᠨ᠎ᠤ ᠠᠵᠠ ᠵᠢᠷᠭ᠋ᠠᠯ᠎ᠢ ᠨᠡᠮᠡᠭᠳᠡᠭᠦᠯᠬᠦ ᠵᠢ ᠳᠡᠮᠵᠢᠵᠦ᠂ ᠳᠤᠷᠠᠲᠠᠶ᠎ᠠ ᠭᠠᠵᠠᠷ ᠣᠷᠣᠨ᠎ᠤ ᠠᠵᠤ ᠠᠬᠤᠶ ᠨᠡᠶ᠋ᠢᠭᠡᠮ᠎ᠤᠨ ᠬᠥᠭᠵᠢᠯᠲᠡ᠎ᠳᠤ ᠴᠢᠳᠠᠯ᠎ᠤᠨ ᠬᠢᠷᠢ᠎ᠪᠠᠷ ᠵᠶ᠋ᠠᠨ ᠬᠠᠪᠰᠤᠷᠤᠯᠭ᠎ᠠ ᠦᠵᠡᠭᠦᠯᠦᠨ᠎ᠡ᠃
     ᠰᠠᠨᠲ᠋ᠤᠺᠢ᠂ ᠰᠦᠷᠢᠨᠠᠮ ᠳᠤᠮᠳᠠᠳᠤ ᠵᠢᠨ ᠨᠥᠬᠥᠷᠰᠡᠭ ᠶᠠᠪᠤᠯᠴᠠᠭ᠎ᠠ ᠥᠨᠢ ᠤᠳᠠᠭ᠋ᠠᠨ ᠲᠡᠦᠬᠡ᠎ᠲᠠᠢ ᠶᠤᠮ᠃ ᠰᠦᠷᠢᠨᠠᠮ᠎ᠳᠤ ᠰᠠᠭᠤᠭ᠎ᠠ ᠳᠤᠮᠳᠠᠳᠤᠳᠴᠤᠳ ᠰᠦᠷᠢᠨᠠᠮ᠎ᠤᠨ ᠤᠯᠤᠰ᠎ᠤᠨ ᠪᠦᠲᠦᠭᠡᠨ ᠪᠠᠶ᠋ᠢᠭᠤᠯᠤᠯᠲᠠ᠎ᠳᠤ ᠴᠢᠬᠤᠯᠠ ᠬᠤᠪᠢ ᠨᠡᠮᠡᠷᠢ ᠦᠵᠡᠭᠦᠯᠪᠡ᠃ ᠰᠦᠷᠢᠨᠠᠮ ᠳᠤᠮᠳᠠᠳᠤ ᠬᠠᠷᠢᠯᠴᠠᠭ᠎ᠠ ᠪᠠᠶ᠋ᠢᠭᠤᠯᠤᠭᠰᠠᠨ 48 ᠵᠢᠯ᠎ᠤᠨ ᠲᠤᠷᠰᠢ᠂ ᠰᠦᠷᠢᠨᠠᠮ ᠨᠢᠭᠡ ᠳᠤᠮᠳᠠᠳᠤ ᠤᠯᠤᠰ ᠪᠠᠶ᠋ᠢᠬᠤ ᠵᠠᠷᠴᠢᠮ᠎ᠢ ᠢᠮᠠᠭᠲᠠ ᠪᠠᠷᠢᠮᠲᠠᠯᠠᠵᠤ᠂ ᠳᠤᠮᠳᠠᠳᠤ ᠤᠯᠤᠰ᠎ᠤᠨ ᠤᠯᠤᠰ᠎ᠤᠨ ᠨᠢᠭᠡᠳᠦᠯ ᠵᠶ᠋ᠠᠨ ᠪᠡᠶᠡᠯᠡᠭᠦᠯᠬᠦ ᠵᠢ ᠦᠷᠭᠦᠯᠵᠢᠯᠡᠨ ᠡᠷᠡᠰ ᠭᠤᠶ᠋ᠢᠪᠢᠰᠢ ᠦᠭᠡᠢ ᠳᠡᠮᠵᠢᠭᠰᠡᠭᠡᠷ ᠢᠷᠡᠪᠡ᠃ ᠳᠤᠮᠳᠠᠳᠤ ᠤᠯᠤᠰ ᠰᠦᠷᠢᠨᠠᠮ᠎ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠲᠠᠢ ᠲᠡᠮᠡᠴᠡᠬᠦ ᠪᠠ ᠠᠵᠤ ᠠᠬᠤᠶ ᠨᠡᠶ᠋ᠢᠭᠡᠮ᠎ᠤᠨ ᠬᠥᠭᠵᠢᠯᠲᠡ᠎ᠳᠤ ᠡᠷᠬᠢᠮ ᠨᠠᠨᠳᠢᠨ ᠬᠠᠪᠰᠤᠷᠤᠯᠭ᠎ᠠ ᠦᠵᠡᠭᠦᠯᠵᠦ᠂ ᠬᠣᠶᠠᠷ ᠤᠯᠤᠰ᠎ᠤᠨ ᠬᠥᠳᠡᠭᠡ ᠠᠵᠤ ᠠᠬᠤᠶ ᠠᠵᠤ ᠠᠬᠤᠶ᠂ ᠡᠷᠡᠭᠦᠯ ᠬᠠᠮᠠᠭ᠋ᠠᠯᠠᠯ᠂ ᠰᠠᠭᠤᠷᠢ ᠲᠥᠬᠥᠭᠡᠷᠦᠮᠵᠢ ᠵᠡᠷᠭᠡ ᠬᠦᠷᠢᠶᠡᠨ᠎ᠳᠠᠬᠢ ᠬᠠᠮᠲᠤᠷᠠᠯᠴᠠᠭ᠎ᠠ ᠡᠯᠪᠡᠭ ᠪᠠᠶᠠᠯᠢᠭ ᠦᠷ᠎ᠡ ᠪᠦᠲᠦᠭᠡᠯ ᠣᠯᠵᠠᠶ᠂ ᠡᠲᠡᠭᠡᠷ᠎ᠨᠢ ᠴᠥᠮ ᠬᠣᠶᠠᠷ ᠤᠯᠤᠰ᠎ᠤᠨ ᠳᠡᠭᠡᠳᠦ ᠬᠡᠮᠵᠢᠶᠡᠨ᠎ᠤ ᠤᠯᠤᠰ ᠲᠥᠷᠥ ᠵᠢᠨ ᠢᠲᠡᠭᠡᠯᠴᠡᠭᠡ ᠪᠠ ᠭᠦᠨ ᠵᠤᠵᠠᠭ᠋ᠠᠨ ᠠᠬ᠎ᠠ ᠳᠡᠭᠦᠦ ᠵᠢᠨ ᠨᠥᠬᠥᠷᠯᠡᠯ᠎ᠢ ᠬᠠᠷᠠᠭᠤᠯᠵᠤ᠂ ᠰᠦᠷᠢᠨᠠᠮ᠎ᠤᠨ ᠠᠵᠤ ᠠᠬᠤᠶ ᠵᠢᠨ ᠬᠥᠭᠵᠢᠯᠲᠡ ᠪᠠ ᠠᠷᠠᠳ᠎ᠤᠨ ᠠᠮᠢᠳᠤᠷᠠᠯ᠎ᠤᠨ ᠰᠠᠶ᠋ᠢᠵᠢᠷᠠᠯᠲᠠ᠎ᠳᠤ ᠲᠤᠶ᠋ᠢᠯ᠎ᠤᠨ ᠶᠡᠬᠡ᠎ᠪᠠᠷ ᠬᠦᠴᠦᠨ ᠨᠡᠮᠡᠷᠢᠯᠡᠵᠦ᠂ ᠬᠥᠭᠵᠢᠵᠦ ᠪᠠᠶ᠋ᠢᠭ᠎ᠠ ᠤᠯᠤᠰ᠎ᠤᠳ᠎ᠤᠨ ᠬᠠᠮᠲᠤᠷᠠᠯᠴᠠᠭ᠎ᠠ ᠥᠯᠢᠭᠡᠷ ᠳᠠᠭᠤᠷᠢᠶᠠᠯ ᠪᠣᠯᠵᠠᠶ᠃ ᠲᠡᠷᠢᠭᠦᠯᠡᠭᠴᠢ ᠰᠢ ᠵᠢᠨ ᠫᠢᠩ 《ᠨᠢᠭᠡ ᠪᠦᠰᠡ ᠨᠢᠭᠡ ᠵᠠᠮ》᠎ᠢ ᠬᠠᠮᠲᠤ᠎ᠪᠠᠷ ᠪᠦᠲᠦᠭᠡᠨ ᠪᠠᠶ᠋ᠢᠭᠤᠯᠬᠤ ᠪᠠ ᠪᠦᠬᠦ ᠪᠥᠮᠪᠥᠷᠴᠡᠭ᠎ᠤᠨ ᠬᠥᠭᠵᠢᠯᠲᠡ ᠵᠢᠨ ᠰᠠᠨᠠᠭ᠋ᠠᠴᠢᠯᠠᠭ᠎ᠠ ᠵᠡᠷᠭᠡ ᠴᠢᠬᠤᠯᠠ ᠪᠦᠬᠦ ᠪᠥᠮᠪᠥᠷᠴᠡᠭ᠎ᠤᠨ ᠰᠠᠨᠠᠭ᠋ᠠᠴᠢᠯᠠᠭ᠎ᠠ ᠵᠢ ᠳᠤᠷᠠᠳᠴᠤ᠂ ᠲᠥᠪ ᠭᠣᠣᠯᠴᠢ ᠡᠮᠬᠢ ᠵᠢᠷᠤᠮ᠎ᠲᠠᠢ ᠳᠡᠯᠡᠬᠡᠢ ᠵᠢᠨ ᠤᠯᠠᠨ ᠲᠦᠢ᠍ᠯᠵᠢᠭᠰᠡᠨ ᠪᠠ ᠲᠦᠭᠡᠮᠡᠯ ᠠᠰᠢᠭ ᠬᠦᠷᠲᠡᠭᠡᠬᠦ ᠪᠠᠭᠲᠠᠭ᠋ᠠᠮᠵᠢᠲᠠᠢ ᠠᠵᠤ ᠠᠬᠤᠢ ᠵᠢᠨ ᠳᠡᠯᠡᠬᠡᠶ᠋ᠢᠵᠢᠯᠲᠡ ᠵᠢ ᠰᠠᠨᠠᠭ᠋ᠠᠴᠢᠯᠠᠵᠤ᠂ ᠤᠯᠠᠨ ᠲᠠᠯᠠᠲᠤ ᠦᠵᠡᠯ᠎ᠢ ᠬᠠᠮᠠᠭ᠋ᠠᠯᠠᠵᠤ᠂ ᠳᠡᠯᠡᠬᠡᠢ ᠵᠢᠨ ᠡᠩᠬᠡ ᠲᠠᠶ᠋ᠢᠪᠤᠩ ᠪᠣᠯᠤᠨ ᠦᠷᠭᠦᠯᠵᠢᠯᠡᠬᠦ ᠬᠥᠭᠵᠢᠯᠲᠡ ᠵᠢ ᠠᠬᠢᠭᠤᠯᠬᠤ᠎ᠳᠤ ᠴᠢᠬᠤᠯᠠ ᠶᠡᠬᠡ ᠠᠴᠢ ᠬᠣᠯᠪᠣᠭᠳᠠᠯ᠎ᠲᠠᠢ ᠶᠤᠮ᠂ ᠰᠦᠷᠢᠨᠠᠮ ᠳᠤᠷᠠᠲᠠᠶ᠎ᠠ ᠳᠤᠮᠳᠠᠳᠤ ᠤᠯᠤᠰ᠎ᠯᠤᠭ᠎ᠠ ᠬᠠᠮᠲᠤᠷᠠᠯᠴᠠᠭ᠎ᠠ᠎ᠪᠠᠨ ᠴᠢᠩᠭ᠋ᠠᠳᠬᠠᠵᠤ᠂ ᠬᠥᠮᠦᠨ ᠲᠥᠷᠥᠯᠬᠢᠲᠡᠨ᠎ᠤ ᠬᠤᠪᠢ ᠵᠠᠶᠠᠭ᠋ᠠᠨ᠎ᠤ ᠬᠠᠮᠲᠤ ᠵᠢᠨ ᠴᠣᠭᠴᠠ ᠵᠢᠨ ᠪᠠᠶ᠋ᠢᠭᠤᠯᠤᠯᠲᠠ ᠵᠢ ᠬᠠᠮᠲᠤ᠎ᠪᠠᠷ ᠠᠬᠢᠭᠤᠯᠤᠨ᠎ᠠ ᠭᠡᠵᠦ ᠢᠯᠡᠳᠬᠡᠪᠡ᠃


ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠤᠢ ᠰᠢᠭᠤᠢ ᠪᠠ ᠨᠤᠳᠤᠭ ᠪᠡᠯᠴᠢᠭᠡᠷ᠎ᠤᠨ ᠲᠤᠪᠴᠢᠶ᠎ᠠ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠣᠶ ᠰᠢᠭᠤᠢ ᠪᠠ ᠨᠤᠲᠤᠭ ᠪᠡᠯᠴᠢᠭᠡᠷ᠎ᠤᠨ ᠲᠣᠪᠴᠢᠶᠠᠨ᠎ᠤ 《ᠲᠥᠷᠥ ᠵᠢᠨ ᠪᠣᠳᠣᠯᠭ᠎ᠠ ᠵᠢᠨ ᠨᠠᠷᠢᠨ ᠲᠠᠩᠰᠠ + ᠠᠵᠢᠯ᠎ᠤᠨ ᠲᠥᠰᠥᠯ》᠎ᠨᠢ ᠮᠠᠨ᠎ᠤ ᠣᠷᠣᠨ᠎ᠤ ᠡᠪᠡᠰᠦᠨ᠎ᠤ ᠠᠵᠤ ᠦᠢ᠍ᠯᠡᠰ᠎ᠤᠨ ᠪᠥᠬᠦ ᠤᠯᠤᠰ᠎ᠲᠤ ᠲᠡᠷᠢᠭᠦᠯᠡᠬᠦ ᠵᠢ ᠦᠷᠭᠦᠯᠵᠢᠯᠡᠨ ᠪᠠᠲᠤᠯᠠᠵᠤ ᠪᠣᠢ
ᠰᠢ ᠵᠢᠨ ᠫᠢᠩ ᠱᠠᠨᠳᠦ᠋ᠩ᠎ᠤᠨ ᠿᠢ ᠵᠤᠤ ᠬᠤᠳᠠ᠎ᠳᠤ ᠰᠢᠨᠵᠢᠯᠡᠨ ᠪᠠᠶ᠋ᠢᠴᠠᠭ᠋ᠠᠪᠠ
ᠰᠢ ᠵᠢᠨ ᠫᠢᠩ ᠫᠠᠺᠢᠰᠲ᠋ᠠᠨ᠎ᠤ ᠶᠡᠷᠦᠩᠬᠡᠢ ᠰᠠᠶ᠋ᠢᠳ ᠰᠢᠶᠠᠪᠠᠽᠢ᠎ᠲᠠᠢ ᠠᠭᠤᠯᠵᠠᠪᠠ
 
             蒙ICP备05000248号