ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠳᠤᠰᠬᠠᠢ ᠮᠡᠳᠡᠭᠡᠯᠡᠯ
ᠥᠪᠡᠷᠲᠡᠭᠡᠨ ᠵᠠᠰᠠᠬᠤ ᠣᠷᠣᠨ᠎ᠤ ᠣᠶ ᠰᠢᠭᠤᠢ ᠪᠠ ᠨᠤᠲᠤᠭ ᠪᠡᠯᠴᠢᠭᠡᠷ᠎ᠤᠨ ᠲᠣᠪᠴᠢᠶᠠᠨ᠎ᠤ 《ᠲᠥᠷᠥ ᠵᠢᠨ ᠪᠣᠳᠣᠯᠭ᠎ᠠ ᠵᠢᠨ ᠨᠠᠷᠢᠨ ᠲᠠᠩᠰᠠ + ᠠᠵᠢᠯ᠎ᠤᠨ ᠲᠥᠰᠥᠯ》᠎ᠨᠢ ᠮᠠᠨ᠎ᠤ ᠣᠷᠣᠨ᠎ᠤ ᠡᠪᠡᠰᠦᠨ᠎ᠤ ᠠᠵᠤ ᠦᠢ᠍ᠯᠡᠰ᠎ᠤᠨ ᠪᠥᠬᠦ ᠤᠯᠤᠰ᠎ᠲᠤ ᠲᠡᠷᠢᠭᠦᠯᠡᠬᠦ ᠵᠢ ᠦᠷᠭᠦᠯᠵᠢᠯᠡᠨ ᠪᠠᠲᠤᠯᠠᠵᠤ ᠪᠣᠢ
ᠨᠡᠶ᠋ᠢᠲᠡᠯᠡᠭᠰᠡᠨ ᠴᠠᠭ᠄ 2024-04-18

 
  
    ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠠᠷᠪᠠᠨ ᠨᠢᠭᠡᠳᠦᠭᠡᠷ ᠬᠤᠭᠤᠴᠠᠭ᠋ᠠᠨ᠎ᠤ ᠳᠣᠯᠣᠳᠤᠭ᠋ᠠᠷ ᠬᠤᠷᠠᠯ᠎ᠳᠤ ᠳᠤᠷᠠᠳᠤᠭᠰᠠᠨ 《ᠲᠥᠷᠥ ᠵᠢᠨ ᠪᠣᠳᠣᠯᠭ᠎ᠠ ᠵᠢ ᠨᠠᠶ᠋ᠢᠳᠠᠪᠤᠷᠢᠵᠢᠭᠤᠯᠬᠤ ᠢᠨᠵᠧᠨᠧᠷᠢᠩ》᠎ᠢ ᠪᠦᠬᠦ ᠲᠠᠯ᠎ᠠ᠎ᠪᠠᠷ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠮᠠᠨ᠎ᠤ ᠣᠷᠣᠨ᠎ᠤ ᠡᠪᠡᠰᠦᠨ᠎ᠤ ᠠᠵᠤ ᠦᠢ᠍ᠯᠡᠰ᠎ᠤᠨ ᠬᠥᠭᠵᠢᠯᠲᠡ ᠵᠢᠨ ᠬᠠᠨᠳᠤᠰᠢ ᠵᠢ ᠬᠥᠭᠵᠢᠭᠡᠵᠦ᠂ ᠮᠠᠨ᠎ᠤ ᠣᠷᠣᠨ᠎ᠤ ᠡᠪᠡᠰᠦᠨ᠎ᠤ ᠠᠵᠤ ᠦᠢ᠍ᠯᠡᠰ᠎ᠤᠨ ᠪᠥᠬᠦ ᠤᠯᠤᠰ᠎ᠤᠨ ᠳᠠᠭ᠋ᠠᠭᠤᠯᠤᠭᠴᠢ ᠪᠣᠯᠬᠤ ᠳᠠᠪᠠᠭᠤᠯᠢᠭ᠎ᠢ ᠦᠷᠭᠦᠯᠵᠢᠯᠡᠨ ᠪᠠᠲᠤᠯᠠᠬᠤ ᠵᠢᠨ ᠲᠥᠯᠥᠭᠡ᠂ 3 ᠳ᠋ᠤᠭ᠋ᠠᠷ ᠰᠠᠷ᠎ᠠ ᠵᠢᠨ 29᠎ᠤ ᠡᠳᠦᠷ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠢ ᠪᠠ ᠨᠤᠲᠤᠭ ᠪᠡᠯᠴᠢᠭᠡᠷ᠎ᠤᠨ ᠲᠣᠪᠴᠢᠶ᠎ᠠ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ᠂ ᠡᠳ᠋᠎ᠤᠨ ᠵᠠᠰᠠᠭ᠎ᠤᠨ ᠲᠢᠩᠬᠢᠮ᠎ᠲᠠᠢ ᠬᠤᠯᠪᠣᠭ᠋ᠠᠯᠠᠨ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠪᠡᠰᠦᠨ᠎ᠤ ᠠᠵᠤ ᠦᠢ᠍ᠯᠡᠰ᠎ᠤᠨ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ ᠲᠥᠷᠥ ᠵᠢᠨ ᠪᠣᠳᠣᠯᠭ᠎ᠠ ᠵᠢᠨ ᠨᠠᠷᠢᠨ ᠲᠠᠩᠰᠠ》 ᠵᠢ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ᠎ᠤ ᠲᠢᠩᠬᠢᠮ᠎ᠲᠠᠢ ᠬᠤᠯᠪᠣᠭ᠋ᠠᠯᠠᠨ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ 2024 ᠣᠨ᠎ᠤ ᠡᠪᠡᠰᠦᠨ᠎ᠤ ᠠᠵᠤ ᠦᠢ᠍ᠯᠡᠰ᠎ᠤᠨ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ ᠠᠵᠢᠯ᠎ᠤᠨ ᠲᠥᠰᠥᠯ》᠎ᠢ ᠳᠠᠷᠤᠮᠠᠯᠯᠠᠨ ᠲᠠᠷᠬᠠᠭ᠋ᠠᠪᠠ᠃
    《ᠲᠥᠷᠥ ᠵᠢᠨ ᠪᠣᠳᠣᠯᠭ᠎ᠠ ᠵᠢᠨ ᠨᠠᠷᠢᠨ ᠳᠠᠩᠰᠠ》᠎ᠳᠤ ᠡᠪᠡᠰᠦᠨ᠎ᠤ ᠦᠷ᠎ᠡ ᠡᠳ᠋᠎ᠤᠨ ᠡᠬᠢ ᠪᠠᠶᠠᠯᠢᠭ᠎ᠢ ᠬᠠᠮᠠᠭ᠋ᠠᠯᠠᠬᠤ ᠪᠠ ᠠᠰᠢᠭᠯᠠᠬᠤ ᠵᠢ ᠴᠢᠩᠭ᠋ᠠᠳᠬᠠᠬᠤ᠂ ᠡᠭᠦᠯᠳᠡᠷ ᠪᠣᠶ᠋ᠢᠵᠢᠭᠤᠯᠬᠤ ᠵᠢ ᠨᠡᠭᠡᠭᠡᠨ ᠬᠥᠭᠵᠢᠭᠦᠯᠬᠦ ᠪᠠ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠢ ᠤᠯᠠᠷᠢᠭᠤᠯᠬᠤ ᠵᠢ ᠳᠡᠮᠵᠢᠬᠦ᠂ ᠡᠪᠡᠰᠦ ᠪᠣᠷᠳᠤᠭ᠎ᠠ ᠦᠢ᠍ᠯᠡᠳᠪᠦᠷᠢᠯᠡᠬᠦ ᠴᠢᠳᠠᠮᠵᠢ ᠵᠢ ᠦᠷᠭᠦᠯᠵᠢᠯᠡᠨ ᠳᠡᠭᠡᠭᠰᠢᠯᠡᠭᠦᠯᠬᠦ᠂ ᠠᠵᠤ ᠠᠬᠤᠶ᠋ᠢᠯᠠᠯ᠎ᠢ ᠪᠤᠵᠠᠭ᠋ᠠᠶ᠋ᠢᠷᠠᠭᠤᠯᠤᠨ ᠬᠦᠴᠦᠷᠬᠡᠭᠵᠢᠭᠦᠯᠬᠦ ᠵᠢ ᠳᠡᠮᠵᠢᠬᠦ᠂ ᠡᠪᠡᠰᠦᠨ᠎ᠤ ᠦᠢ᠍ᠯᠡᠰ᠎ᠤᠨ ᠮᠡᠷᠭᠡᠵᠢᠯ᠎ᠤᠨ ᠰᠢᠨ᠎ᠡ ᠵᠢ ᠡᠭᠦᠳᠬᠦ ᠵᠢ ᠲᠦᠷᠭᠡᠳᠬᠡᠬᠦ ᠵᠡᠷᠭᠡ ᠲᠠᠯ᠎ᠠ᠎ᠪᠠᠷ᠂ 11 ᠵᠦᠢ᠍ᠯ᠎ᠤᠨ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢ ᠲᠣᠭᠲᠠᠭ᠋ᠠᠵᠤ᠂ ᠠᠵᠤ ᠦᠢ᠍ᠯᠡᠰ᠎ᠤᠨ ᠲᠥᠷᠥ ᠵᠢᠨ ᠪᠣᠳᠣᠯᠭ᠎ᠠ ᠵᠢᠨ ᠬᠤᠷᠠᠮᠠᠯ ᠦᠢ᠍ᠯᠡᠳᠦᠯ᠎ᠢ ᠭᠦᠢ᠍ᠴᠡᠳ ᠪᠠᠳᠠᠷᠠᠭᠤᠯᠤᠨ᠂ ᠡᠪᠡᠰᠦᠨ᠎ᠤ ᠠᠵᠤ ᠦᠢ᠍ᠯᠡᠰ᠎ᠤᠨ ᠠᠵᠤ ᠠᠬᠤᠶ᠋ᠢᠯᠠᠯ᠎ᠢ ᠰᠠᠶ᠋ᠢᠨ ᠰᠠᠶ᠋ᠢᠬᠠᠨ ᠠᠵᠤ ᠦᠢ᠍ᠯᠡᠰ᠎ᠤᠨ ᠣᠷᠴᠢᠨ ᠨᠥᠬᠦᠴᠡᠯ᠎ᠳᠤ ᠬᠥᠭᠵᠢᠭᠦᠯᠵᠦ᠂ ᠰᠢᠨ᠎ᠡ ᠵᠠᠮ ᠨᠡᠭᠡᠭᠡᠨ᠂ ᠰᠢᠨ᠎ᠡ ᠭᠠᠪᠢᠶ᠎ᠠ ᠪᠠᠶ᠋ᠢᠭᠤᠯᠵᠤ᠂ ᠲᠥᠷᠥ ᠵᠢᠨ ᠪᠣᠳᠣᠯᠭ᠎ᠠ ᠵᠢᠨ ᠠᠰᠢᠭ᠎ᠢ ᠦᠨᠡᠨ ᠬᠦ᠌ ᠠᠵᠤ ᠦᠢ᠍ᠯᠡᠰ᠎ᠤᠨ ᠬᠥᠭᠵᠢᠯᠲᠡ ᠵᠢᠨ ᠬᠥᠳᠡᠯᠭᠡᠬᠦ ᠬᠦᠴᠦᠨ ᠪᠣᠯᠭ᠋ᠠᠨ ᠬᠤᠪᠢᠷᠠᠭᠤᠯᠵᠤ᠂ ᠲᠥᠷᠥ ᠵᠢᠨ ᠪᠣᠳᠣᠯᠭ᠎ᠠ ᠵᠢ ᠵᠢᠩᠬᠢᠨᠢ ᠨᠠᠶ᠋ᠢᠳᠠᠪᠤᠷᠢᠵᠢᠭᠤᠯᠪᠠ᠃
    《ᠠᠵᠢᠯ᠎ᠤᠨ ᠲᠥᠰᠥᠯ》᠎ᠳᠤ 2024 ᠣᠨ᠎ᠤ ᠪᠦᠬᠦ ᠣᠷᠣᠨ᠎ᠤ ᠡᠪᠡᠰᠦᠨ᠎ᠤ ᠦᠢ᠍ᠯᠡᠰ᠎ᠤᠨ ᠬᠥᠭᠵᠢᠯᠲᠡ ᠵᠢᠨ ᠶᠡᠷᠦᠩᠬᠡᠢ ᠱᠠᠭ᠋ᠠᠷᠳᠠᠯᠭ᠎ᠠ᠂ ᠬᠥᠭᠵᠢᠯᠲᠡ ᠵᠢᠨ ᠬᠠᠷᠠᠯᠲᠠ ᠵᠢ ᠲᠣᠳᠣᠷᠬᠠᠶ᠋ᠢᠯᠠᠵᠤ᠂ ᠡᠪᠡᠰᠦᠨ᠎ᠤ ᠦᠢ᠍ᠯᠡᠰ᠎ᠤᠨ ᠬᠥᠭᠵᠢᠯᠲᠡ ᠵᠢᠨ ᠭᠤᠣᠯᠳᠠᠯᠭ᠎ᠠ᠎ᠲᠠᠢ ᠡᠭᠦᠷᠭᠡ 5 ᠵᠦᠢ᠍ᠯ ᠪᠠ ᠪᠠᠲᠤᠯᠠᠭ᠎ᠠ ᠵᠢᠨ ᠠᠷᠭ᠎ᠠ ᠬᠡᠮᠵᠢᠶ᠎ᠡ 3 ᠵᠦᠢ᠍ᠯ᠎ᠢ ᠲᠣᠭᠲᠠᠭ᠋ᠠᠵᠤ᠂ ᠡᠪᠡᠰᠦ ᠪᠣᠷᠳᠣᠭ᠋ᠠᠨ᠎ᠤ ᠬᠠᠩᠭ᠋ᠠᠯᠭ᠎ᠠ ᠵᠢᠨ ᠠᠮᠤᠷ ᠲᠦᠪᠰᠢᠨ᠎ᠢ ᠪᠠᠲᠤᠯᠠᠬᠤ᠂ ᠡᠪᠡᠰᠦ ᠪᠣᠷᠳᠣᠭ᠋ᠠᠨ᠎ᠤ ᠬᠠᠩᠭ᠋ᠠᠯᠭ᠎ᠠ ᠵᠢᠨ ᠲᠦᠪᠰᠢᠨ᠎ᠢ ᠳᠡᠭᠡᠭᠰᠢᠯᠡᠭᠦᠯᠬᠦ᠂ ᠰᠠᠶ᠋ᠢᠨ ᠡᠭᠦᠯᠳᠡᠷ᠎ᠤᠨ ᠬᠠᠩᠭ᠋ᠠᠯᠭ᠎ᠠ ᠵᠢ ᠪᠠᠲᠤᠯᠠᠬᠤ᠂ ᠳᠤᠲᠠᠭᠳᠠᠯ ᠪᠠᠭᠤᠷᠠᠢ ᠵᠦᠢ᠍ᠯ᠎ᠢ ᠲᠦᠷᠭᠡᠨ ᠨᠥᠬᠦᠪᠦᠷᠢᠯᠡᠬᠦ᠂ ᠣᠷᠣᠨ᠎ᠤ ᠭᠠᠳᠠᠨᠠᠬᠢ ᠵᠠᠬ᠎ᠠ ᠳᠡᠯᠭᠡᠭᠦᠷ᠎ᠢ ᠳᠠᠰᠤᠷᠠᠯᠳᠠ ᠦᠭᠡᠢ ᠨᠡᠭᠡᠭᠡᠬᠦ ᠵᠡᠷᠭᠡ ᠲᠠᠯ᠎ᠠ᠎ᠪᠠᠷ 2024 ᠣᠨ᠎ᠤ ᠡᠪᠡᠰᠦᠨ᠎ᠤ ᠠᠵᠤ ᠦᠢ᠍ᠯᠡᠰ᠎ᠤᠨ ᠬᠥᠭᠵᠢᠯᠲᠡ ᠵᠢᠨ ᠡᠭᠦᠷᠭᠡ ᠵᠢ ᠪᠠᠶ᠋ᠢᠷᠢᠯᠠᠭᠤᠯᠪᠠ᠃ ᠬᠦᠴᠢᠷ ᠠᠰᠠᠭᠤᠳᠠᠯ᠎ᠢ ᠰᠢᠢ᠍ᠳᠪᠦᠷᠢᠯᠡᠵᠦ᠂ ᠳᠤᠲᠠᠭᠳᠠᠯ᠎ᠢ ᠨᠥᠬᠦᠪᠦᠷᠢᠯᠡᠵᠦ᠂ ᠳᠠᠪᠠᠭᠤᠯᠢᠭ ᠵᠶ᠋ᠠᠨ ᠪᠠᠳᠠᠷᠠᠭᠤᠯᠤᠨ᠂ ᠲᠦᠭᠰᠢᠭᠦᠷᠢ ᠵᠢ ᠬᠤᠷᠢᠭᠯᠠᠵᠤ᠂ ᠡᠯ᠎ᠡ ᠭᠠᠵᠠᠷ᠎ᠢ ᠰᠢᠮᠳᠠᠭᠤᠯᠤᠨ ᠦᠢ᠍ᠯᠡᠴᠢᠯᠡᠭᠡᠨ᠎ᠤ ᠤᠬᠠᠮᠰᠠᠷ᠎ᠢ᠎ᠨᠢ ᠳᠡᠭᠡᠭᠰᠢᠯᠡᠭᠦᠯᠵᠦ᠂ ᠲᠥᠷᠥ ᠵᠢᠨ ᠪᠣᠳᠣᠯᠭ᠎ᠠ ᠵᠢᠨ ᠳᠡᠮᠵᠢᠯᠭᠡ᠂ ᠵᠣᠬᠢᠶᠠᠨ ᠪᠠᠶ᠋ᠢᠭᠤᠯᠤᠯᠲᠠ ᠵᠢᠨ ᠲᠣᠬᠢᠷᠠᠭᠤᠯᠤᠯᠲᠠ ᠵᠢ ᠴᠢᠩᠭ᠋ᠠᠳᠬᠠᠵᠤ᠂ ᠮᠠᠨ᠎ᠤ ᠣᠷᠣᠨ᠎ᠤ ᠡᠪᠡᠰᠦᠨ᠎ᠤ ᠠᠵᠤ ᠦᠢ᠍ᠯᠡᠰ᠎ᠤᠨ 2024 ᠣᠨ᠎ᠳᠠᠬᠢ ᠰᠠᠶ᠋ᠢᠨ ᠰᠠᠶ᠋ᠢᠬᠠᠨ ᠬᠥᠭᠵᠢᠯᠲᠡ ᠵᠢᠨ ᠬᠠᠨᠳᠤᠰᠢ ᠵᠢ ᠤᠯᠠᠮ ᠨᠢᠭᠡ ᠠᠯᠬᠤᠮ ᠪᠠᠬᠢᠵᠢᠭᠦᠯᠦᠨ ᠳᠡᠭᠡᠭᠰᠢᠯᠡᠭᠦᠯᠪᠡ᠃
    ᠤᠢ ᠰᠢᠭᠤᠢ ᠪᠠ ᠨᠤᠲᠤᠭ ᠪᠡᠯᠴᠢᠭᠡᠷ᠎ᠤᠨ ᠰᠠᠯᠠᠭ᠎ᠠ ᠮᠥᠴᠢᠷ᠎ᠤᠨ ᠪᠦᠷᠢᠳᠬᠡᠯ᠎ᠢ ᠦᠨᠳᠦᠰᠦᠯᠡᠪᠡᠯ᠂ 2023 ᠣᠨ᠎ᠳᠤ ᠪᠦᠬᠦ ᠣᠷᠣᠨ᠎ᠤ ᠡᠯ᠎ᠡ ᠲᠦᠷᠦᠯ᠎ᠤᠨ ᠡᠪᠡᠰᠦ ᠪᠣᠷᠳᠣᠭ᠋ᠠᠨ᠎ᠤ ᠭᠠᠷᠤᠯᠲᠠ 7543 ᠲᠦᠮᠡᠨ ᠲᠣᠨ᠎ᠳᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ 2.4%᠎ᠪᠠᠷ ᠨᠡᠮᠡᠭᠳᠡᠵᠦ᠂ ᠪᠦᠬᠦ ᠠᠵᠤ ᠦᠢ᠍ᠯᠡᠰ᠎ᠤᠨ ᠬᠡᠯᠬᠢᠶᠡᠨ᠎ᠤ ᠦᠢ᠍ᠯᠡᠳᠬᠦᠨ᠎ᠤ ᠦᠷᠳᠡᠭ 802.1 ᠳ᠋ᠦᠩᠰᠢᠭᠤᠷ ᠲᠥᠭᠦᠷᠢᠭ᠎ᠲᠤ ᠬᠦᠷᠴᠦ᠂ ᠡᠪᠡᠰᠦ ᠪᠣᠷᠳᠣᠭ᠋ᠠᠨ᠎ᠤ ᠭᠠᠷᠤᠯᠲᠠ ᠬᠢᠭᠡᠳ ᠦᠢ᠍ᠯᠡᠳᠬᠦᠨ᠎ᠤ ᠦᠷᠳᠡᠭ ᠴᠥᠮ ᠪᠦᠬᠦ ᠤᠯᠤᠰ᠎ᠤᠨ ᠲᠡᠷᠢᠭᠦᠨ᠎ᠳᠤ ᠣᠷᠣᠪᠠ᠃ ᠪᠥᠬᠦ ᠣᠷᠣᠨ᠎ᠤ 1.4 ᠳ᠋ᠦᠩᠰᠢᠭᠤᠷ ᠮᠠᠯ᠎ᠤᠨ 《ᠬᠤᠭᠤᠯᠠᠨ᠎ᠤ ᠠᠰᠠᠭᠤᠳᠠᠯ》᠎ᠢ ᠪᠦᠲᠦᠮᠵᠢᠲᠡᠶ ᠪᠠᠲᠤᠯᠠᠵᠤ᠂ ᠰᠦ᠂ ᠦᠬᠡᠷ᠂ ᠬᠤᠨᠢ᠂ ᠨᠣᠣᠯᠣᠭᠤᠷ ᠵᠡᠷᠭᠡ 4 ᠭᠤᠣᠯᠳᠠᠯᠭ᠎ᠠ᠎ᠲᠠᠢ ᠠᠵᠤ ᠦᠢ᠍ᠯᠡᠰ᠎ᠤᠨ ᠬᠡᠯᠬᠢᠶᠡᠨ᠎ᠤ 5000 ᠳ᠋ᠦᠩᠰᠢᠭᠤᠷ ᠰᠢᠬᠠᠮ ᠲᠥᠭᠦᠷᠢᠭ᠎ᠤᠨ ᠦᠢ᠍ᠯᠡᠳᠬᠦᠨ᠎ᠤ ᠥᠷᠲᠡᠭ᠎ᠢ ᠲᠤᠰᠠᠯᠠᠪᠠ᠃
  

ᠢᠷᠡᠯᠲᠡ᠄ ᠥᠪᠥᠷ ᠮᠣᠩᠭᠤᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
ᠰᠢ ᠵᠢᠨ ᠫᠢᠩ ᠱᠠᠨᠳᠦ᠋ᠩ᠎ᠤᠨ ᠿᠢ ᠵᠤᠤ ᠬᠤᠳᠠ᠎ᠳᠤ ᠰᠢᠨᠵᠢᠯᠡᠨ ᠪᠠᠶ᠋ᠢᠴᠠᠭ᠋ᠠᠪᠠ
ᠰᠢ ᠵᠢᠨ ᠫᠢᠩ ᠫᠠᠺᠢᠰᠲ᠋ᠠᠨ᠎ᠤ ᠶᠡᠷᠦᠩᠬᠡᠢ ᠰᠠᠶ᠋ᠢᠳ ᠰᠢᠶᠠᠪᠠᠽᠢ᠎ᠲᠠᠢ ᠠᠭᠤᠯᠵᠠᠪᠠ
 
             蒙ICP备05000248号