ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠳᠤᠰᠬᠠᠢ ᠮᠡᠳᠡᠭᠡᠯᠡᠯ
ᠰᠢ ᠵᠢᠨ ᠫᠢᠩ ᠫᠠᠺᠢᠰᠲ᠋ᠠᠨ᠎ᠤ ᠶᠡᠷᠦᠩᠬᠡᠢ ᠰᠠᠶ᠋ᠢᠳ ᠰᠢᠶᠠᠪᠠᠽᠢ᠎ᠲᠠᠢ ᠠᠭᠤᠯᠵᠠᠪᠠ
ᠨᠡᠶ᠋ᠢᠲᠡᠯᠡᠭᠰᠡᠨ ᠴᠠᠭ᠄ 2024-06-13

  
    ᠰᠢᠨᠬᠤᠸᠠ ᠬᠣᠷᠢᠶᠠᠨ᠎ᠤ ᠪᠡᠭᠡᠵᠢᠩ᠎ᠤᠨ 6 ᠰᠠᠷ᠎ᠠ ᠵᠢᠨ 7᠎ᠤ ᠴᠠᠬᠢᠯᠭ᠋ᠠᠨ ᠮᠡᠳᠡᠭᠡ (ᠰᠤᠷᠪᠤᠯᠵᠢᠯᠠᠭᠴᠢ ᠰᠦᠨ ᠢ) 6 ᠰᠠᠷ᠎ᠠ ᠵᠢᠨ 7᠎ᠤ ᠦᠳᠡ ᠵᠢᠨ ᠬᠣᠶ᠋ᠢᠨ᠎ᠠ᠂ ᠤᠯᠤᠰ᠎ᠤᠨ ᠲᠡᠷᠢᠭᠦᠯᠡᠭᠴᠢ ᠰᠢ ᠵᠢᠨ ᠫᠢᠩ ᠪᠡᠭᠡᠵᠢᠩ᠎ᠤᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠳᠤᠮᠳᠠᠳᠤ ᠤᠯᠤᠰ᠎ᠲᠤ ᠠᠯᠪᠠᠨ ᠶᠣᠰᠣᠨ᠎ᠤ ᠠᠶ᠋ᠢᠯᠴᠢᠯᠠᠯᠲᠠ ᠬᠢᠬᠦ᠎ᠪᠠᠷ ᠢᠷᠡᠭᠰᠡᠨ ᠫᠠᠺᠢᠰᠲ᠋ᠠᠨ᠎ᠤ ᠶᠡᠷᠦᠩᠬᠡᠢ ᠰᠠᠶ᠋ᠢᠳ ᠰᠢᠶᠠᠪᠠᠽᠢ᠎ᠲᠠᠢ ᠠᠭᠤᠯᠵᠠᠪᠠ᠃


W020240612344181908805.jpg


    6 ᠰᠠᠷ᠎ᠠ ᠵᠢᠨ 7᠎ᠤ ᠦᠳᠡ ᠵᠢᠨ ᠬᠣᠶ᠋ᠢᠨ᠎ᠠ᠂ ᠤᠯᠤᠰ᠎ᠤᠨ ᠲᠡᠷᠢᠭᠦᠯᠡᠭᠴᠢ ᠰᠢ ᠵᠢᠨ ᠫᠢᠩ ᠪᠡᠭᠡᠵᠢᠩ᠎ᠤᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠳᠤᠮᠳᠠᠳᠤ ᠤᠯᠤᠰ᠎ᠲᠤ ᠠᠯᠪᠠᠨ ᠶᠣᠰᠣᠨ᠎ᠤ ᠠᠶ᠋ᠢᠯᠴᠢᠯᠠᠯᠲᠠ ᠬᠢᠬᠦ᠎ᠪᠠᠷ ᠢᠷᠡᠭᠰᠡᠨ ᠫᠠᠺᠢᠰᠲ᠋ᠠᠨ᠎ᠤ ᠶᠡᠷᠦᠩᠬᠡᠶ ᠰᠠᠶ᠋ᠢᠳ ᠰᠢᠶᠠᠪᠠᠽᠢ᠎ᠲᠠᠢ ᠠᠭᠤᠯᠵᠠᠪᠠ᠃
    ᠰᠢᠨᠬᠤᠸᠠ ᠬᠣᠷᠢᠶᠠᠨ᠎ᠤ ᠰᠤᠷᠪᠤᠯᠵᠢᠯᠠᠭᠴᠢ ᠬᠤᠸᠠᠩ ᠵᠢᠩ ᠸᠸᠨ ᠰᠡᠭᠦᠳᠡᠷᠯᠡᠪᠡ᠃

 

    ᠰᠢ ᠵᠢᠨ ᠫᠢᠩ᠂ ᠳᠤᠮᠳᠠᠳᠤ ᠤᠯᠤᠰ ᠪᠣᠯᠤᠨ ᠫᠠᠺᠢᠰᠲ᠋ᠠᠨ ᠪᠣᠯ ᠠᠭᠤᠯᠠ ᠤᠰᠤ᠎ᠪᠠᠷ ᠵᠶ᠋ᠠᠨ ᠵᠠᠯᠭ᠋ᠠᠯᠳᠤᠭᠰᠠᠨ ᠰᠠᠶ᠋ᠢᠨ ᠬᠥᠷᠰᠢ᠂ ᠢᠲᠡᠭᠡᠯ ᠵᠢᠷᠤᠮ᠎ᠲᠠᠢ ᠨᠥᠬᠥᠷᠯᠡᠭᠰᠡᠨ ᠰᠠᠶ᠋ᠢᠨ ᠨᠠᠶ᠋ᠢᠵᠠ ᠮᠥᠨ᠂ ᠨᠠᠩ ᠴᠤ᠌ ᠰᠠᠬᠢᠨ ᠪᠡᠷᠡᠯᠡᠵᠦ ᠬᠠᠷᠢᠯᠴᠠᠨ ᠬᠠᠪᠰᠤᠷᠤᠯᠴᠠᠭᠰᠠᠨ ᠰᠠᠶ᠋ᠢᠨ ᠬᠠᠨᠢᠲᠠᠨ᠂ ᠵᠢᠷᠭ᠋ᠠᠯ ᠵᠣᠪᠠᠯᠠᠩ ᠵᠶ᠋ᠠᠨ ᠬᠠᠮᠲᠤᠳᠬᠠᠭᠰᠠᠨ ᠰᠠᠶ᠋ᠢᠨ ᠠᠬ᠎ᠠ ᠳᠡᠭᠦᠦ ᠮᠥᠨ᠃ ᠳᠤᠮᠳᠠᠳᠤ ᠫᠠᠺᠢᠰᠲ᠋ᠠᠨ᠎ᠤ ᠪᠦᠬᠦ ᠲᠠᠯ᠎ᠠ ᠵᠢᠨ ᠪᠠᠶ᠋ᠢᠯᠳᠤᠬᠤ ᠪᠤᠳᠤᠯᠭ᠎ᠠ ᠵᠢᠨ ᠬᠠᠮᠲᠤᠷᠠᠯᠴᠠᠭ᠋ᠠᠨ᠎ᠤ ᠬᠠᠨᠢᠲᠠᠨ᠎ᠤ ᠬᠠᠷᠢᠯᠴᠠᠭ᠎ᠠ ᠲᠠᠰᠤᠷᠠᠯᠳᠡ ᠦᠭᠡᠢ ᠭᠦᠨᠵᠡᠭᠡᠶ᠋ᠢᠷᠡᠵᠦ᠂ ᠪᠠᠲᠤ ᠪᠡᠬᠢ ᠠᠷᠠᠳ᠎ᠤᠨ ᠰᠠᠨᠠᠭ᠋ᠠᠨ᠎ᠤ ᠰᠠᠭᠤᠷᠢ᠂ ᠬᠦᠴᠦᠷᠬᠡᠭ ᠶᠡᠬᠡ ᠳᠣᠲᠣᠭ᠋ᠠᠳᠤ ᠬᠥᠳᠡᠯᠭᠡᠬᠦ ᠬᠦᠴᠦᠨ᠂ ᠥᠷᠭᠡᠨ ᠠᠭᠤᠳᠠᠮ ᠬᠥᠭᠵᠢᠯᠲᠡ ᠵᠢᠨ ᠠᠯᠤᠰ ᠢᠷᠡᠭᠡᠳᠦᠢ᠎ᠲᠠᠢ ᠶᠤᠮ᠃ ᠳᠤᠮᠳᠠᠳᠤ ᠤᠯᠤᠰ ᠳᠤᠷᠠᠲᠠᠶ᠎ᠠ ᠫᠠᠺᠢᠰᠲ᠋ᠠᠨ᠎ᠤ᠎ᠬᠢᠨ᠎ᠲᠠᠢ ᠬᠠᠷᠢᠯᠴᠠᠨ ᠡᠷᠡᠰ ᠳᠡᠮᠵᠢᠵᠦ᠂ ᠬᠠᠮᠲᠤᠷᠠᠯᠴᠠᠭ᠋ᠠᠨ᠎ᠤ ᠬᠣᠯᠪᠣᠭ᠋ᠠᠰᠤ᠎ᠪᠠᠨ ᠴᠢᠩᠭ᠋ᠠᠯᠠᠵᠤ᠂ ᠪᠠᠶ᠋ᠢᠯᠳᠤᠬᠤ ᠪᠣᠳᠣᠯᠭ᠎ᠠ ᠵᠢᠨ ᠵᠣᠬᠢᠴᠠᠭᠤᠯᠭ᠎ᠠ᠎ᠪᠠᠨ ᠭᠦᠨᠵᠡᠭᠡᠶ᠋ᠢᠷᠡᠭᠦᠯᠵᠦ᠂ ᠰᠢᠨ᠎ᠡ ᠴᠠᠭ ᠦᠶ᠎ᠡ ᠵᠢᠨ ᠨᠠᠩ ᠨᠢᠭᠲᠠ ᠳᠤᠮᠳᠠᠳᠤ ᠫᠠᠺᠢᠰᠲ᠋ᠠᠨ᠎ᠤ ᠬᠤᠪᠢ ᠵᠠᠶᠠᠭ᠋ᠠᠨ᠎ᠤ ᠬᠠᠮᠲᠤ ᠵᠢᠨ ᠴᠣᠭᠴᠠ ᠵᠢ ᠲᠦᠷᠭᠡᠳᠬᠡᠨ ᠪᠠᠶ᠋ᠢᠭᠤᠯᠵᠤ᠂ ᠭᠠᠵᠠᠷ ᠣᠷᠣᠨ᠎ᠤ ᠡᠩᠬᠡ ᠲᠠᠶ᠋ᠢᠪᠤᠩ᠂ ᠲᠣᠭᠲᠠᠭᠤᠨ᠂ ᠬᠥᠭᠵᠢᠯᠲᠡ᠂ ᠴᠡᠴᠡᠭᠯᠡᠯ᠎ᠳᠤ ᠨᠠᠩ ᠶᠡᠬᠡ ᠬᠤᠪᠢ ᠨᠡᠮᠡᠷᠢ ᠦᠵᠡᠭᠦᠯᠦᠨ᠎ᠡ ᠭᠡᠵᠦ ᠵᠢᠭ᠋ᠠᠵᠤ ᠭᠠᠷᠭ᠋ᠠᠪᠠ᠃
    ᠰᠢ ᠵᠢᠨ ᠫᠢᠩ᠂ ᠳᠤᠮᠳᠠᠳᠤ ᠫᠠᠺᠢᠰᠲ᠋ᠠᠨ᠎ᠤ ᠦᠨᠡᠨᠴᠢ ᠨᠥᠬᠥᠷᠯᠡᠯ ᠶᠠᠪᠤᠬᠤ ᠲᠤᠳᠤᠮ ᠪᠡᠬᠢᠵᠢᠵᠦ ᠪᠠᠶ᠋ᠢᠨ᠎ᠠ᠂ ᠵᠠᠩᠭᠢᠯᠠᠭ᠎ᠠ᠎ᠨᠢ ᠬᠣᠶᠠᠷ ᠲᠠᠯ᠎ᠠ᠎ᠪᠠᠷ ᠵᠶ᠋ᠠᠨ ᠢᠮᠠᠭᠲᠠ ᠬᠠᠷᠢᠯᠴᠠᠨ ᠣᠶ᠋ᠢᠯᠠᠭ᠋ᠠᠯᠴᠠᠵᠤ᠂ ᠳᠡᠭᠡᠳᠦ ᠬᠡᠮᠵᠢᠶ᠎ᠡ᠎ᠪᠠᠷ ᠢᠲᠡᠭᠡᠵᠦ᠂ ᠡᠷᠡᠰ ᠲᠡᠮᠵᠢᠵᠤ ᠪᠠᠶ᠋ᠢᠬᠤ᠎ᠳᠤ ᠪᠠᠶ᠋ᠢᠨ᠎ᠠ᠃ ᠫᠠᠺᠢᠰᠲ᠋ᠠᠨ᠎ᠤ ᠲᠠᠯ᠎ᠠ ᠵᠢᠨ᠎ᠬᠢᠨ᠎ᠤ ᠳᠤᠮᠳᠠᠳᠤ ᠤᠯᠤᠰ᠎ᠤᠨ ᠭᠣᠣᠯᠯᠠᠭᠴᠢ ᠠᠰᠢᠭ ᠲᠤᠰᠠ ᠪᠣᠯᠤᠨ ᠠᠩᠬᠠᠷᠴᠤ ᠪᠠᠶ᠋ᠢᠭ᠎ᠠ ᠴᠢᠬᠤᠯᠠ ᠶᠡᠬᠡ ᠠᠰᠠᠭᠤᠳᠠᠯ᠎ᠤᠨ ᠲᠠᠯ᠎ᠠ᠎ᠪᠠᠷ ᠤᠷᠳᠤ ᠬᠤᠭᠤᠴᠠᠭ᠎ᠠ᠎ᠪᠠᠷ ᠳᠤᠮᠳᠠᠳᠤ ᠤᠯᠤᠰ᠎ᠢ ᠡᠷᠡᠰ ᠳᠡᠮᠵᠢᠭᠰᠡᠨ᠎ᠳᠤ ᠲᠠᠯᠠᠷᠬᠠᠵᠤ ᠪᠠᠶ᠋ᠢᠨ᠎ᠠ᠃ ᠳᠤᠮᠳᠠᠳᠤ ᠤᠯᠤᠰ ᠥᠩᠭᠡᠷᠡᠭᠰᠡᠨ᠎ᠲᠠᠢ᠎ᠪᠠᠨ ᠠᠳᠠᠯᠢ᠎ᠪᠠᠷ ᠫᠠᠺᠢᠰᠲ᠋ᠠᠨ᠎ᠤ᠎ᠬᠢᠨ᠎ᠤ ᠤᠯᠤᠰ᠎ᠤᠨ ᠡᠷᠬᠡ ᠮᠡᠳᠡᠯ ᠪᠣᠯᠤᠨ ᠨᠤᠲᠤᠭ ᠳᠡᠪᠢᠰᠬᠡᠷ᠎ᠤᠨ ᠪᠦᠷᠢᠨ ᠪᠦᠲᠦᠨ ᠵᠶ᠋ᠠᠨ ᠬᠠᠮᠠᠭ᠋ᠠᠯᠠᠬᠤ ᠵᠢ ᠡᠷᠡᠰ ᠲᠡᠮᠵᠢᠵᠥ᠂ ᠫᠠᠺᠢᠰᠲ᠋ᠠᠨ᠎ᠤ᠎ᠬᠢᠨ᠎ᠤ ᠲᠤᠰ ᠤᠯᠤᠰ᠎ᠤᠨ ᠵᠶ᠋ᠠᠨ ᠪᠠᠶ᠋ᠢᠳᠠᠯ᠎ᠳᠤ ᠨᠡᠶ᠋ᠢᠴᠡᠭᠰᠡᠨ ᠬᠥᠭᠵᠢᠯᠲᠡ ᠵᠢᠨ ᠵᠠᠮ ᠵᠶ᠋ᠠᠷ ᠵᠠᠮᠨᠠᠬᠤ ᠵᠢ ᠲᠡᠮᠵᠢᠵᠥ᠂ ᠫᠠᠺᠢᠰᠲ᠋ᠠᠨ᠎ᠤ᠎ᠬᠢᠨ᠎ᠤ ᠰᠦᠷᠳᠡᠭᠦᠯᠬᠦ ᠦᠵᠡᠯ᠎ᠳᠤ ᠡᠷᠡᠰ ᠴᠣᠬᠢᠯᠲᠠ ᠥᠭᠬᠦ ᠵᠢ ᠲᠡᠮᠵᠢᠨ᠎ᠡ᠃ ᠳᠤᠮᠳᠠᠳᠤ ᠤᠯᠤᠰ ᠳᠤᠷᠠᠲᠠᠶ᠎ᠠ 《ᠨᠢᠭᠡ ᠪᠦᠰᠡ ᠨᠢᠭᠡ ᠵᠠᠮ》᠎ᠢ ᠬᠠᠮᠲᠤ᠎ᠪᠠᠷ ᠴᠢᠨᠠᠷ ᠰᠠᠶ᠋ᠢᠲᠠᠶ ᠪᠥᠲᠥᠭᠡᠨ ᠪᠠᠶ᠋ᠢᠭᠤᠯᠬᠤ ᠵᠢ ᠫᠠᠺᠢᠰᠲ᠋ᠠᠨ᠎ᠤ ᠬᠥᠭᠵᠢᠯᠲᠡ ᠵᠢᠨ ᠲᠥᠯᠥᠪᠵᠢᠭᠦᠯᠭᠡ᠎ᠲᠠᠢ ᠵᠣᠯᠭ᠋ᠠᠭᠤᠯᠬᠤ ᠵᠢ ᠠᠬᠢᠭᠤᠯᠵᠤ᠂ ᠭᠠᠵᠠᠷ ᠣᠷᠣᠨ᠎ᠤ ᠪᠠᠶ᠋ᠢᠳᠠᠯ᠎ᠳᠠᠭᠠᠨ ᠲᠣᠬᠢᠷᠠᠭᠤᠯᠤᠨ ᠬᠥᠳᠡᠭᠡ ᠠᠵᠤ ᠠᠬᠤᠶ᠂ ᠠᠭᠤᠷᠬᠠᠶ ᠵᠢᠨ ᠦᠢ᠍ᠯᠡᠰ᠂ ᠨᠡᠶ᠋ᠢᠭᠡᠮ ᠠᠷᠠᠳ᠎ᠤᠨ ᠠᠮᠢᠳᠤᠷᠠᠯ ᠵᠡᠷᠭᠡ ᠬᠦᠷᠢᠶᠡᠨ᠎ᠳᠠᠬᠢ ᠬᠠᠮᠲᠤᠷᠠᠯᠴᠠᠭ᠎ᠠ ᠵᠢ ᠥᠷᠨᠢᠭᠦᠯᠵᠦ᠂ ᠳᠤᠮᠳᠠᠳᠤ ᠫᠠᠺᠢᠰᠲ᠋ᠠᠨ᠎ᠤ ᠠᠵᠤ ᠠᠬᠤᠶ ᠵᠢᠨ ᠬᠣᠩᠭᠢᠯ᠎ᠤᠨ 《ᠲᠠᠰ ᠳᠡᠪᠰᠢᠭᠰᠡᠨ ᠵᠠᠭᠪᠤᠷ》᠎ᠢ ᠴᠣᠭᠴᠠᠯᠠᠬᠤ᠎ᠪᠠᠷ ᠭᠤᠤᠯ ᠪᠣᠯᠭ᠋ᠠᠵᠤ᠂ ᠨᠡᠮᠡᠭᠳᠡᠯ᠂ ᠠᠷᠠᠳ᠎ᠤᠨ ᠠᠮᠢᠳᠤᠷᠠᠯ᠂ ᠰᠢᠨ᠎ᠡ ᠵᠢ ᠡᠭᠦᠳᠬᠦ᠂ ᠪᠣᠬᠢᠷᠲᠤᠯ ᠥᠬᠡᠶ᠂ ᠨᠡᠭᠡᠭᠡᠯᠲᠡ ᠬᠢᠬᠦ 《ᠲᠠᠪᠤᠨ ᠶᠡᠬᠡ ᠬᠣᠩᠭᠢᠯ》᠎ᠢ ᠬᠠᠮᠲᠤ᠎ᠪᠠᠷ ᠪᠥᠲᠥᠭᠡᠨ ᠪᠠᠶ᠋ᠢᠭᠤᠯᠵᠤ᠂ ᠳᠤᠮᠳᠠᠳᠤ ᠫᠠᠺᠢᠰᠲ᠋ᠠᠨ᠎ᠤ ᠠᠵᠤ ᠠᠬᠤᠶ ᠵᠢᠨ ᠬᠣᠩᠭᠢᠯ᠎ᠤᠨ ᠭᠦᠨᠵᠡᠭᠡᠶ ᠪᠥᠭᠡᠳ ᠪᠣᠳᠠᠲᠠᠶ ᠪᠠᠶ᠋ᠢᠬᠤ ᠵᠢ ᠠᠬᠢᠭᠤᠯᠵᠤ᠂ ᠫᠠᠺᠢᠰᠲ᠋ᠠᠨ᠎ᠤ ᠠᠵᠤ ᠠᠬᠤᠶ ᠨᠡᠶ᠋ᠢᠭᠡᠮ᠎ᠤᠨ ᠬᠥᠭᠵᠢᠯᠲᠡ᠎ᠳᠤ ᠬᠦᠴᠦᠨ ᠨᠡᠮᠡᠷᠢᠯᠡᠨ᠎ᠡ᠃ ᠫᠠᠺᠢᠰᠲ᠋ᠠᠨ ᠠᠮᠤᠷ ᠲᠦᠪᠰᠢᠨ᠂ ᠲᠣᠭᠲᠠᠭᠤᠨ᠂ ᠵᠢᠱ᠌ᠢᠵᠦ ᠪᠣᠯᠬᠤᠶ᠋ᠢᠴᠠ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠦᠷᠭᠦᠯᠵᠢᠯᠡᠨ ᠡᠭᠦᠳᠴᠦ᠂ ᠫᠠᠺᠢᠰᠲ᠋ᠠᠨ᠎ᠳᠤ ᠪᠠᠶ᠋ᠢᠭ᠎ᠠ ᠳᠤᠮᠳᠠᠳᠤ ᠵᠢᠨ ᠲᠠᠯ᠎ᠠ ᠵᠢᠨ ᠬᠥᠮᠦᠰ᠂ ᠲᠦᠷᠦᠯ ᠵᠦᠢ᠍ᠯ᠂ ᠪᠠᠶ᠋ᠢᠭᠤᠯᠤᠮᠵᠢ ᠵᠢᠨ ᠠᠮᠤᠷ ᠲᠦᠪᠰᠢᠨ᠎ᠢ ᠦᠨᠡᠨ ᠬᠦ᠌ ᠪᠠᠲᠤᠯᠠᠬᠤ ᠵᠢ ᠬᠦᠰᠡᠵᠦ ᠪᠠᠶ᠋ᠢᠨ᠎ᠠ᠃ ᠳᠤᠮᠳᠠᠳᠤ ᠤᠯᠤᠰ ᠳᠤᠷᠠᠲᠠᠶ᠎ᠠ ᠫᠠᠺᠢᠰᠲ᠋ᠠᠨ᠎ᠤ᠎ᠬᠢᠨ᠎ᠲᠠᠢ ᠤᠯᠠᠨ ᠤᠯᠤᠰ᠎ᠤᠨ ᠬᠣᠯᠪᠣᠭ᠋ᠠᠲᠤ ᠪᠠᠶ᠋ᠢᠭᠤᠯᠭ᠎ᠠ᠂ ᠱᠠᠩᠬᠠᠢ ᠵᠢᠨ ᠬᠠᠮᠲᠤᠷᠠᠯᠴᠠᠭ᠋ᠠᠨ᠎ᠤ ᠵᠣᠬᠢᠶᠠᠨ ᠪᠠᠶ᠋ᠢᠭᠤᠯᠤᠯᠲᠠ ᠵᠡᠷᠭᠡ ᠤᠯᠠᠨ ᠲᠠᠯᠠᠲᠤ ᠲᠣᠭᠲᠠᠴᠠ᠎ᠳᠠᠬᠢ ᠵᠣᠬᠢᠴᠠᠭᠤᠯᠭ᠎ᠠ ᠬᠠᠮᠵᠢᠯᠴᠠᠭ᠎ᠠ᠎ᠪᠠᠨ ᠴᠢᠩᠭ᠋ᠠᠳᠬᠠᠵᠤ᠂ ᠡᠷᠬᠡ ᠲᠡᠭᠰᠢ ᠡᠮᠬᠢ ᠵᠢᠷᠤᠮ᠎ᠲᠠᠢ ᠳᠡᠯᠡᠬᠡᠢ ᠵᠢᠨ ᠤᠯᠠᠨ ᠲᠤᠢ᠍ᠢ᠍ᠯᠵᠢᠯ ᠪᠠ ᠲᠦᠭᠡᠮᠡᠯ ᠠᠰᠢᠭ ᠬᠦᠷᠲᠡᠭᠡᠬᠦ ᠪᠠᠭᠲᠠᠭ᠋ᠠᠮᠵᠢᠲᠠᠢ ᠠᠵᠤ ᠠᠬᠤᠢ ᠵᠢᠨ ᠳᠡᠯᠡᠬᠡᠶ᠋ᠢᠵᠢᠯᠲᠡ ᠵᠢ ᠬᠠᠮᠲᠤ᠎ᠪᠠᠷ ᠠᠬᠢᠭᠤᠯᠵᠤ᠂ ᠬᠥᠭᠵᠢᠯᠲᠡ ᠵᠢᠨ ᠵᠥᠪᠯᠡᠬᠦ ᠵᠦᠢ᠍ᠯ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠠᠮᠤᠷ ᠲᠦᠪᠰᠢᠨ᠎ᠤ ᠥᠷᠢᠰᠥᠯᠳᠦᠭᠡᠨ᠎ᠢ ᠠᠷᠭ᠋ᠠᠴᠠᠭ᠋ᠠᠵᠤ᠂ ᠪᠦᠬᠦ ᠪᠥᠮᠪᠥᠷᠴᠡᠭ᠎ᠤᠨ ᠵᠠᠰᠠᠯᠲᠠ ᠵᠢ ᠲᠡᠭᠦᠯᠳᠡᠷᠵᠢᠭᠦᠯᠵᠦ᠂ ᠬᠥᠭᠵᠢᠵᠦ ᠪᠠᠶ᠋ᠢᠭ᠎ᠠ ᠤᠯᠤᠰ᠎ᠤᠳ᠎ᠤᠨ ᠬᠠᠮᠲᠤ ᠵᠢᠨ ᠠᠰᠢᠭ ᠲᠤᠰᠠ ᠪᠠ ᠳᠡᠯᠡᠬᠡᠢ ᠵᠢᠨ ᠲᠥᠪ ᠭᠣᠣᠯᠴᠢ ᠰᠢᠳᠤᠷᠭᠤ ᠶᠣᠰᠣ ᠵᠢ ᠬᠠᠮᠠᠭ᠋ᠠᠯᠠᠨ᠎ᠠ᠃
  

W020240612344182886270.jpg


    6 ᠰᠠᠷ᠎ᠠ ᠵᠢᠨ 7 ᠎ᠤ ᠦᠳᠡ ᠵᠢᠨ ᠬᠣᠶ᠋ᠢᠨ᠎ᠠ᠂ ᠤᠯᠤᠰ᠎ᠤᠨ ᠲᠡᠷᠢᠭᠦᠯᠡᠭᠴᠢ ᠰᠢ ᠵᠢᠨ ᠫᠢᠩ ᠪᠡᠭᠡᠵᠢᠩ᠎ᠤᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠳᠤᠮᠳᠠᠳᠤ ᠤᠯᠤᠰ᠎ᠲᠤ ᠠᠯᠪᠠᠨ ᠶᠣᠰᠣᠨ᠎ᠤ ᠠᠶ᠋ᠢᠯᠴᠢᠯᠠᠯᠲᠠ ᠬᠢᠬᠦ᠎ᠪᠠᠷ ᠢᠷᠡᠭᠰᠡᠨ ᠫᠠᠺᠢᠰᠲ᠋ᠠᠨ᠎ᠤ ᠶᠡᠷᠦᠩᠬᠡᠶ ᠰᠠᠶ᠋ᠢᠳ ᠰᠢᠶᠠᠪᠠᠽᠢ᠎ᠲᠠᠢ ᠠᠭᠤᠯᠵᠠᠪᠠ᠃ 
     ᠰᠢᠨᠬᠤᠸᠠ ᠬᠣᠷᠢᠶᠠᠨ᠎ᠤ ᠰᠤᠷᠪᠤᠯᠵᠢᠯᠠᠭᠴᠢ ᠱᠧᠨ ᠬᠣᠩ ᠰᠡᠭᠦᠳᠡᠷᠯᠡᠪᠡ᠃

    

    ᠰᠢᠶᠠᠪᠠᠽᠢ᠂ ᠲᠡᠷᠢᠭᠦᠯᠡᠭᠴᠢ ᠰᠢ ᠵᠢᠨ ᠫᠢᠩ᠎ᠤᠨ ᠰᠣᠳᠣ ᠮᠡᠷᠭᠡᠨ ᠤᠳᠤᠷᠢᠳᠤᠯᠭ᠎ᠠ ᠳᠣᠣᠷ᠎ᠠ᠂ ᠳᠤᠮᠳᠠᠳᠤ ᠤᠯᠤᠰ ᠶᠠᠳᠠᠭᠤ᠎ᠠᠴᠠ ᠠᠩᠭᠢᠵᠢᠷᠠᠭᠤᠯᠬᠤ᠂ ᠢᠯᠵᠢᠷᠡᠯ᠎ᠢ ᠡᠰᠡᠷᠭᠦᠴᠡᠬᠦ ᠪᠠ ᠬᠥᠭᠵᠢᠭᠦᠯᠬᠦ ᠲᠠᠯ᠎ᠠ᠎ᠪᠠᠷ ᠳᠡᠯᠡᠬᠡᠢ ᠳ᠋ᠠᠬᠢᠨ᠎ᠤ ᠠᠩᠬᠠᠷᠤᠯ᠎ᠢ ᠲᠠᠲᠠᠭᠰᠠᠨ ᠠᠭᠤᠤ ᠶᠡᠬᠡ ᠠᠮᠵᠢᠯᠲᠠ ᠣᠯᠵᠠᠢ᠃ ᠲᠡᠷᠢᠭᠦᠯᠡᠭᠴᠢ ᠰᠢ ᠵᠢᠨ ᠫᠢᠩ᠎ᠤᠨ ᠬᠤᠯᠠ ᠵᠢᠨ ᠬᠠᠷᠠᠴᠠ ᠬᠤᠷᠴᠠ ᠪᠤᠳᠤᠯᠭ᠎ᠠ ᠪᠣᠯᠤᠨ ᠭᠠᠷᠮᠠᠭ᠋ᠠᠢ ᠤᠳᠤᠷᠢᠳᠬᠤ ᠬᠦᠴᠦᠨ᠎ᠨᠢ ᠫᠠᠺᠢᠰᠲ᠋ᠠᠨ᠎ᠤ ᠠᠷᠠᠳ ᠲᠦᠮᠡᠨ ᠪᠣᠯᠤᠨ ᠳᠡᠯᠡᠬᠡᠢ ᠵᠢᠨ ᠡᠯ᠎ᠡ ᠤᠯᠤᠰ᠎ᠤᠨ ᠠᠷᠠᠳ ᠲᠦᠮᠡᠨ᠎ᠤ ᠴᠢᠩ ᠰᠡᠳᠬᠢᠯ᠎ᠤᠨ ᠬᠦᠨᠳᠦᠳᠬᠡᠯ ᠪᠣᠯᠤᠨ ᠳᠡᠭᠡᠳᠦ ᠬᠡᠮᠵᠢᠶᠡᠨ᠎ᠤ ᠦᠨᠡᠯᠡᠯᠲᠡ ᠵᠢ ᠤᠯᠪᠠ᠃ ᠲᠡᠷᠢᠭᠦᠯᠡᠭᠴᠢ ᠰᠢ ᠵᠢᠨ ᠫᠢᠩ ᠪᠦᠬᠦ ᠬᠥᠮᠦᠨ ᠲᠥᠷᠥᠯᠬᠢᠲᠡᠨ᠎ᠤ ᠪᠤᠶᠠᠨ ᠵᠢᠷᠭ᠋ᠠᠯ᠎ᠳᠤ ᠠᠩᠬᠠᠷᠤᠯ ᠵᠶ᠋ᠠᠨ ᠬᠠᠨᠳᠤᠭᠤᠯᠵᠤ᠂ ᠳᠡᠯᠡᠬᠡᠢ ᠵᠢᠨ ᠡᠩᠬᠡ ᠲᠠᠶ᠋ᠢᠪᠤᠩ᠎ᠢ ᠢᠳᠡᠪᠬᠢᠲᠡᠢ ᠠᠬᠢᠭᠤᠯᠵᠤ᠂ ᠶᠠᠷᠢᠯᠴᠠᠭ᠎ᠠ ᠬᠢᠬᠦ᠎ᠠᠴᠠ ᠪᠢᠰᠢ ᠡᠰᠡᠷᠭᠦᠴᠡᠯᠳᠦᠬᠦ ᠦᠭᠡᠢ ᠪᠠᠶ᠋ᠢᠬᠤ ᠵᠢ ᠰᠠᠨᠠᠭ᠋ᠠᠴᠢᠯᠠᠵᠤ᠂ 《ᠨᠢᠭᠡ ᠪᠦᠰᠡ ᠨᠢᠭᠡ ᠵᠠᠮ》 ᠎ᠢ ᠬᠠᠮᠲᠤ᠎ᠪᠠᠷ ᠪᠦᠲᠦᠭᠡᠨ ᠪᠠᠶ᠋ᠢᠭᠤᠯᠬᠤ ᠪᠠ ᠪᠦᠬᠦ ᠪᠥᠮᠪᠥᠷᠴᠡᠭ᠎ᠤᠨ ᠬᠥᠭᠵᠢᠯᠲᠡ ᠵᠢᠨ ᠰᠠᠨᠠᠭ᠋ᠠᠴᠢᠯᠠᠭ᠎ᠠ᠂ ᠪᠦᠬᠦ ᠪᠥᠮᠪᠥᠷᠴᠡᠭ᠎ᠤᠨ ᠠᠮᠤᠷ ᠲᠦᠪᠰᠢᠨ᠎ᠤ ᠰᠠᠨᠠᠭ᠋ᠠᠴᠢᠯᠠᠭ᠎ᠠ᠂ ᠪᠦᠬᠦ ᠪᠥᠮᠪᠥᠷᠴᠡᠭ᠎ᠤᠨ ᠪᠣᠯᠪᠠᠰᠤᠨ᠎ᠤ ᠰᠠᠨᠠᠭ᠋ᠠᠴᠢᠯᠠᠭ᠎ᠠ ᠵᠢ ᠳᠤᠷᠠᠳᠴᠤ᠂ ᠣᠳᠣᠬᠠᠨ᠎ᠤ ᠳᠡᠯᠡᠬᠡᠢ ᠶᠢᠷᠲᠢᠨᠴᠦ᠎ᠳᠤ ᠲᠤᠯᠭ᠋ᠠᠷᠠᠵᠤ ᠪᠠᠶ᠋ᠢᠭ᠎ᠠ ᠠᠰᠠᠭᠤᠳᠠᠯ᠎ᠢ ᠰᠢᠢ᠍ᠳᠪᠦᠷᠢᠯᠡᠬᠦ᠂ ᠨᠡᠩ ᠡᠩᠬᠡ ᠲᠠᠶ᠋ᠢᠪᠤᠩ᠂ ᠰᠠᠢ᠍ᠢ᠍ᠨ ᠰᠠᠶ᠋ᠢᠬᠠᠨ ᠳᠡᠯᠡᠬᠡᠢ ᠶᠢᠷᠲᠢᠨᠴᠦ ᠵᠢ ᠪᠦᠲᠦᠭᠡᠨ ᠪᠠᠶ᠋ᠢᠭᠤᠯᠬᠤ ᠵᠢ ᠠᠬᠢᠭᠤᠯᠬᠤ᠎ᠳᠤ ᠪᠠᠶ᠋ᠢᠯᠳᠤᠬᠤ ᠪᠤᠳᠤᠯᠭ᠎ᠠ ᠵᠢᠨ ᠵᠢᠯᠣᠭᠣᠳᠤᠮᠵᠢ ᠬᠠᠩᠭ᠋ᠠᠵᠤ᠂ ᠫᠠᠺᠢᠰᠲ᠋ᠠᠨ᠎ᠤ᠎ᠬᠢᠨ ᠳᠡᠭᠡᠳᠦ ᠬᠡᠮᠵᠢᠶ᠎ᠡ᠎ᠪᠠᠷ ᠮᠠᠭᠲᠠᠨ ᠰᠠᠶ᠋ᠢᠰᠢᠶᠠᠵᠤ ᠪᠠᠶ᠋ᠢᠬᠤ ᠪᠥᠭᠡᠳ ᠪᠦᠬᠦ ᠬᠦᠴᠦ᠎ᠪᠠᠷ ᠵᠶ᠋ᠡᠨ ᠳᠡᠮᠵᠢᠵᠦ ᠪᠠᠶ᠋ᠢᠨ᠎ᠠ᠃ ᠳᠤᠮᠳᠠᠳᠤ ᠫᠠᠺᠢᠰᠲ᠋ᠠᠨ᠎ᠤ ᠠᠵᠤ ᠠᠬᠤᠢ ᠵᠢᠨ ᠬᠤᠩᠬᠢᠯ᠎ᠨᠢ ᠫᠠᠺᠢᠰᠲ᠋ᠠᠨ᠎ᠤ ᠤᠯᠤᠰ᠎ᠤᠨ ᠬᠥᠭᠵᠢᠯᠲᠡ ᠵᠢ ᠬᠦᠴᠦᠲᠡᠢ ᠠᠬᠢᠭᠤᠯᠵᠤ᠂ ᠫᠠᠺᠢᠰᠲ᠋ᠠᠨ᠎ᠤ ᠠᠷᠠᠳ ᠲᠦᠮᠡᠨ᠎ᠳᠤ ᠦᠨᠡᠨ ᠪᠣᠳᠠᠲᠠᠢ ᠪᠤᠶᠠᠨ ᠦᠢ᠍ᠯᠡᠳᠦᠭᠰᠡᠨ ᠪᠠᠶ᠋ᠢᠨ᠎ᠠ᠃ ᠫᠠᠺᠢᠰᠲ᠋ᠠᠨ᠎ᠤ᠎ᠬᠢᠨ ᠳᠤᠮᠳᠠᠳᠤ ᠤᠯᠤᠰ᠎ᠤᠨ ᠲᠦᠷᠦ ᠵᠢ ᠵᠠᠰᠠᠵᠤ ᠵᠠᠰᠠᠭ᠎ᠢ ᠡᠷᠬᠢᠯᠡᠬᠦ ᠲᠤᠷᠰᠢᠯᠭ᠎ᠠ ᠵᠢ ᠰᠤᠷᠤᠯᠴᠠᠨ ᠲᠤᠯᠢᠳᠠᠵᠤ᠂ ᠳᠤᠮᠳᠠᠳᠤ ᠤᠯᠤᠰ᠎ᠯᠤᠭ᠎ᠠ ᠦᠷᠭᠦᠯᠵᠢᠯᠡᠨ 《ᠨᠢᠭᠡ ᠪᠦᠰᠡ ᠨᠢᠭᠡ ᠵᠠᠮ》 ᠎ᠢ ᠬᠠᠮᠲᠤ᠎ᠪᠠᠷ ᠪᠦᠳᠦᠭᠡᠨ ᠪᠠᠶ᠋ᠢᠭᠤᠯᠵᠤ᠂ ᠡᠯ᠎ᠡ ᠬᠦᠷᠢᠶᠡᠨ᠎ᠳᠠᠬᠢ ᠪᠣᠳᠠᠲᠠᠢ ᠵᠢ ᠡᠷᠬᠢᠮᠯᠡᠭᠰᠡᠨ ᠬᠠᠮᠲᠤᠷᠠᠯᠴᠠᠭ᠎ᠠ ᠵᠢ ᠭᠦᠨᠵᠡᠭᠡᠶ᠋ᠢᠷᠡᠭᠦᠯᠦᠨ᠎ᠡ᠃ ᠫᠠᠺᠢᠰᠲ᠋ᠠᠨ᠎ᠤ ᠵᠠᠰᠠᠭ᠎ᠤᠨ ᠣᠷᠳᠣᠨ ᠡᠨᠡ ᠵᠢᠯ᠎ᠤᠨ 3 ᠰᠠᠷ᠎ᠠ᠎ᠳᠤ ᠳ᠋ᠠᠰᠤ᠋ ᠵᠢᠨ ᠰᠦᠷᠳᠡᠭᠦᠯᠦᠯ᠎ᠤᠨ ᠲᠠᠭ᠋ᠠᠷᠢᠯᠳᠡ ᠵᠢᠨ ᠬᠡᠷᠡᠭ᠎ᠲᠤ ᠳᠤᠮᠳᠠᠳᠤ ᠵᠢᠨ ᠲᠠᠯ᠎ᠠ ᠵᠢᠨ᠎ᠬᠢᠨ ᠡᠨᠳᠡᠭᠰᠡᠨ᠎ᠳᠤ ᠳᠠᠬᠢᠨᠲᠠ ᠡᠮᠭᠡᠨᠢᠨ ᠭᠠᠰᠢᠭᠤᠳᠠᠵᠤ ᠪᠠᠶ᠋ᠢᠬᠤ᠎ᠪᠠᠨ ᠢᠯᠡᠳᠬᠡᠵᠦ᠂ ᠬᠡᠷᠡᠭ᠎ᠲᠤ ᠬᠣᠯᠪᠣᠭᠳᠠᠭᠰᠠᠨ ᠰᠦᠷᠳᠡᠭᠦᠯᠬᠦ ᠡᠲᠡᠭᠡᠳ᠎ᠲᠤ ᠡᠷᠡᠰ ᠴᠣᠬᠢᠯᠲᠠ ᠥᠭᠬᠦ ᠪᠥᠭᠡᠳ ᠴᠢᠩᠭ᠎ᠠ ᠰᠢᠢ᠍ᠳᠬᠡᠵᠦ᠂ ᠦᠨᠡᠨ ᠬᠦ᠌ ᠪᠦᠲᠦᠮᠵᠢᠲᠡᠢ ᠠᠷᠭ᠎ᠠ ᠬᠡᠮᠵᠢᠶ᠎ᠡ ᠠᠪᠴᠤ᠂ ᠫᠠᠺᠢᠰᠲ᠋ᠠᠨ᠎ᠳᠤ ᠪᠠᠶ᠋ᠢᠭ᠎ᠠ ᠳᠤᠮᠳᠠᠳᠤ ᠵᠢᠨ ᠲᠠᠯ᠎ᠠ ᠵᠢᠨ ᠬᠥᠮᠦᠰ᠂ ᠪᠠᠶ᠋ᠢᠭᠤᠯᠤᠮᠵᠢ ᠵᠢᠨ ᠠᠮᠤᠷ ᠲᠦᠪᠰᠢᠨ᠎ᠢ ᠪᠠᠲᠤᠯᠠᠨ᠎ᠠ ᠭᠡᠵᠦ ᠢᠯᠡᠳᠬᠡᠪᠡ᠃ ᠪᠢ ᠳᠤᠷᠠᠲᠠᠶ᠎ᠠ᠂ ᠶᠠᠮᠠᠷᠪᠠ ᠬᠦᠴᠦᠨ ᠭᠡᠳ ᠳᠤᠮᠳᠠᠳᠤ ᠤᠯᠤᠰ᠎ᠤᠨ ᠬᠥᠭᠵᠢᠨ ᠪᠤᠵᠠᠭ᠋ᠠᠢ᠍ᠢ᠍ᠷᠠᠬᠤ ᠵᠢ ᠬᠣᠷᠢᠭᠯᠠᠵᠤ ᠳᠡᠶ᠋ᠢᠯᠬᠦ ᠦᠭᠡᠢ᠂ ᠶᠠᠮᠠᠷᠪᠠ ᠬᠦᠴᠦᠨ ᠭᠡᠳ ᠫᠠᠺᠢᠰᠲ᠋ᠠᠨ ᠳᠤᠮᠳᠠᠳᠤ ᠵᠢᠨ ᠪᠠᠲᠤ ᠪᠡᠬᠢ ᠨᠥᠬᠥᠷᠯᠡᠯ᠎ᠢ ᠭᠤᠶ᠋ᠢᠪᠢᠯᠵᠠᠭᠤᠯᠵᠤ ᠳᠡᠶ᠋ᠢᠯᠬᠦ ᠦᠭᠡᠢ ᠭᠡᠳᠡᠭ᠎ᠢ ᠳᠠᠬᠢᠨᠲᠠ ᠢᠯᠡᠷᠬᠡᠶ᠋ᠢᠯᠡᠶ᠎ᠡ᠃ ᠫᠠᠺᠢᠰᠲ᠋ᠠᠨ ᠡᠷᠡᠰ ᠭᠤᠶ᠋ᠢᠪᠢᠰᠢ ᠦᠭᠡᠢ᠎ᠪᠠᠷ ᠳᠤᠮᠳᠠᠳᠤ ᠤᠯᠤᠰ᠎ᠤᠨ ᠬᠠᠮᠤᠭ᠎ᠤᠨ ᠢᠲᠡᠭᠡᠯᠲᠡᠢ ᠨᠠᠶ᠋ᠢᠵᠠ ᠪᠠ ᠬᠠᠨᠢᠲᠠᠨ ᠪᠣᠯᠤᠨ᠎ᠠ᠃ ᠨᠢᠭᠡ ᠳᠤᠮᠳᠠᠳᠤ ᠤᠯᠤᠰ ᠪᠠᠶ᠋ᠢᠬᠤ ᠵᠠᠷᠴᠢᠮ ᠪᠣᠯ ᠫᠠᠺᠢᠰᠲ᠋ᠠᠨ᠎ᠤ ᠵᠠᠰᠠᠭ᠎ᠤᠨ ᠣᠷᠳᠣᠨ᠎ᠤ ᠭᠤᠶ᠋ᠢᠪᠢᠰᠢ ᠦᠭᠡᠢ ᠠᠮᠠᠯᠠᠯᠲᠠ ᠮᠥᠨ᠂ ᠲᠠᠶ᠋ᠢᠸᠠᠨ ᠪᠣᠯ ᠳᠤᠮᠳᠠᠳᠤ ᠤᠯᠤᠰ᠎ᠤᠨ ᠨᠤᠲᠤᠭ ᠳᠡᠪᠢᠰᠬᠡᠷ᠎ᠤᠨ ᠰᠠᠯᠵᠤ ᠪᠣᠯᠤᠰᠢ ᠦᠭᠡᠢ ᠨᠢᠭᠡ ᠬᠡᠰᠡᠭ ᠮᠥᠨ᠃ ᠫᠠᠨᠠᠮᠠ ᠵᠢᠨ᠎ᠬᠢᠨ ᠲᠠᠶ᠋ᠢᠸᠠᠨ᠂ ᠲᠥᠪᠡᠳ᠂ ᠰᠢᠨᠵᠢᠶᠠᠩ᠂ ᠡᠮᠦᠨᠡᠲᠦ ᠲᠠᠩᠭᠢᠰ ᠵᠡᠷᠭᠡ ᠪᠤᠢ ᠪᠦᠬᠦᠢ ᠭᠣᠣᠯᠯᠠᠭᠴᠢ ᠠᠰᠢᠭ ᠲᠤᠰᠠ ᠵᠢᠨ ᠠᠰᠠᠭᠤᠳᠠᠯ ᠳᠡᠭᠡᠷᠡᠬᠢ ᠳᠤᠮᠳᠠᠳᠤ ᠤᠯᠤᠰ᠎ᠤᠨ ᠵᠣᠭᠰᠣᠯᠲᠠ ᠵᠢ ᠦᠷᠭᠦᠯᠵᠢᠯᠡᠨ ᠭᠤᠶ᠋ᠢᠪᠢᠰᠢ ᠦᠭᠡᠢ ᠡᠷᠡᠰ ᠳᠡᠮᠵᠢᠨ᠎ᠠ᠃
    ᠸᠠᠩ ᠢ᠂ ᠵᠠᠩ ᠶᠢᠤ ᠰᠢᠶᠠ ᠠᠭᠤᠯᠵᠠᠯᠲᠠ᠎ᠳᠤ ᠣᠷᠣᠯᠴᠠᠵᠠᠢ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠤᠢ ᠰᠢᠭᠤᠢ ᠪᠠ ᠨᠤᠳᠤᠭ ᠪᠡᠯᠴᠢᠭᠡᠷ᠎ᠤᠨ ᠲᠤᠪᠴᠢᠶ᠎ᠠ
          
ᠬᠠᠮᠢᠶ᠎ᠡ ᠪᠦᠬᠦᠢ ᠰᠣᠨᠢᠨ
ᠰᠢ ᠵᠢᠨ ᠫᠢᠩ ᠤᠯᠠᠨ ᠤᠯᠤᠰ᠎ᠤᠨ ᠬᠣᠯᠪᠣᠭ᠋ᠠᠲᠤ ᠪᠠᠶ᠋ᠢᠭᠤᠯᠭ᠎ᠠ ᠵᠢᠨ ᠠᠷᠠᠯᠵᠢᠶ᠎ᠠ ᠪᠠ ᠬᠦᠭᠵᠢᠬᠦᠯᠦᠯᠲᠡ ᠵᠢᠨ ᠬᠤᠷᠠᠯ ᠪᠠᠶ᠋ᠢᠭᠤᠯᠤᠭᠳᠠᠭᠰᠠᠨ 60 ᠵᠢᠯ᠎ᠤᠨ ᠤᠢ ᠵᠢ ᠪᠡᠯᠭᠡᠯᠡᠬᠦ ᠠᠵᠢᠯᠯᠠᠭ᠎ᠠ ᠵᠢᠨ ᠡᠬᠢᠯᠡᠯᠲᠡ ᠵᠢᠨ ᠶᠣᠰᠣᠯᠠᠯ᠎ᠳᠤ ᠸᠢᠳᠢᠣ᠋᠎ᠪᠠᠷ ᠪᠠᠶᠠᠷ᠎ᠤᠨ ᠦᠭᠡ ᠬᠡᠯᠡᠪᠡ
 
             蒙ICP备05000248号