ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠳᠤᠰᠬᠠᠢ ᠮᠡᠳᠡᠭᠡᠯᠡᠯ
ᠰᠢ ᠵᠢᠨ ᠫᠢᠩ ᠤᠯᠠᠨ ᠤᠯᠤᠰ᠎ᠤᠨ ᠬᠣᠯᠪᠣᠭ᠋ᠠᠲᠤ ᠪᠠᠶ᠋ᠢᠭᠤᠯᠭ᠎ᠠ ᠵᠢᠨ ᠠᠷᠠᠯᠵᠢᠶ᠎ᠠ ᠪᠠ ᠬᠦᠭᠵᠢᠬᠦᠯᠦᠯᠲᠡ ᠵᠢᠨ ᠬᠤᠷᠠᠯ ᠪᠠᠶ᠋ᠢᠭᠤᠯᠤᠭᠳᠠᠭᠰᠠᠨ 60 ᠵᠢᠯ᠎ᠤᠨ ᠤᠢ ᠵᠢ ᠪᠡᠯᠭᠡᠯᠡᠬᠦ ᠠᠵᠢᠯᠯᠠᠭ᠎ᠠ ᠵᠢᠨ ᠡᠬᠢᠯᠡᠯᠲᠡ ᠵᠢᠨ ᠶᠣᠰᠣᠯᠠᠯ᠎ᠳᠤ ᠸᠢᠳᠢᠣ᠋᠎ᠪᠠᠷ ᠪᠠᠶᠠᠷ᠎ᠤᠨ ᠦᠭᠡ ᠬᠡᠯᠡᠪᠡ
ᠨᠡᠶ᠋ᠢᠲᠡᠯᠡᠭᠰᠡᠨ ᠴᠠᠭ᠄ 2024-06-14

 

     ᠰᠢᠨᠬᠤᠸᠠ ᠬᠣᠷᠢᠶᠠᠨ᠎ᠤ ᠪᠡᠭᠡᠵᠢᠩ᠎ᠤᠨ 6 ᠰᠠᠷ᠎ᠠ ᠵᠢᠨ 12᠎ᠤᠨ ᠴᠠᠬᠢᠯᠭ᠋ᠠᠨ ᠮᠡᠳᠡᠭᠡ 6 ᠰᠠᠷ᠎ᠠ ᠵᠢᠨ 12᠎ᠤᠨ ᠡᠳᠦᠷ᠂ ᠤᠯᠤᠰ᠎ᠤᠨ ᠲᠡᠷᠢᠭᠦᠯᠡᠭᠴᠢ ᠰᠢ ᠵᠢᠨ ᠫᠢᠩ ᠣᠯᠠᠨ ᠤᠯᠤᠰ᠎ᠤᠨ ᠬᠣᠯᠪᠣᠭ᠋ᠠᠲᠤ ᠪᠠᠶ᠋ᠢᠭᠤᠯᠭ᠎ᠠ ᠵᠢᠨ ᠠᠷᠠᠯᠵᠢᠶ᠎ᠠ ᠪᠠ ᠬᠦᠭᠵᠢᠭᠦᠯᠦᠯᠲᠡ ᠵᠢᠨ ᠬᠤᠷᠠᠯ ᠪᠠᠶ᠋ᠢᠭᠤᠯᠤᠭᠳᠠᠭᠰᠠᠨ 60 ᠵᠢᠯ᠎ᠤᠨ ᠣᠶ ᠵᠢ ᠪᠡᠯᠭᠡᠯᠡᠬᠦ ᠠᠵᠢᠯᠯᠠᠭ᠎ᠠ ᠵᠢᠨ ᠡᠬᠢᠯᠡᠯᠲᠡ ᠵᠢᠨ ᠶᠣᠰᠣᠯᠠᠯ᠎ᠳᠤ ᠸᠢᠳᠢᠣ᠋᠎ᠪᠠᠷ ᠪᠠᠶᠠᠷ᠎ᠤᠨ ᠦᠭᠡ ᠬᠡᠯᠡᠪᠡ᠃
  

W020240614337073088855.jpg


    6 ᠰᠠᠷ᠎ᠠ ᠵᠢᠨ 12᠎ᠤᠨ ᠡᠳᠦᠷ᠂ ᠤᠯᠤᠰ᠎ᠤᠨ ᠲᠡᠷᠢᠭᠦᠯᠡᠭᠴᠢ ᠰᠢ ᠵᠢᠨ ᠫᠢᠩ ᠤᠯᠠᠨ ᠤᠯᠤᠰ᠎ᠤᠨ ᠬᠣᠯᠪᠣᠭ᠋ᠠᠲᠤ ᠪᠠᠶ᠋ᠢᠭᠤᠯᠭ᠎ᠠ ᠵᠢᠨ ᠠᠷᠠᠯᠵᠢᠶ᠎ᠠ ᠪᠠ ᠬᠦᠭᠵᠢᠬᠦᠯᠦᠯᠲᠡ ᠵᠢᠨ ᠬᠤᠷᠠᠯ ᠪᠠᠶ᠋ᠢᠭᠤᠯᠤᠭᠳᠠᠭᠰᠠᠨ 60 ᠵᠢᠯ᠎ᠤᠨ ᠤᠢ ᠵᠢ ᠪᠡᠯᠭᠡᠯᠡᠬᠦ ᠠᠵᠢᠯᠯᠠᠭ᠎ᠠ ᠵᠢᠨ ᠡᠬᠢᠯᠡᠯᠲᠡ ᠵᠢᠨ ᠶᠣᠰᠣᠯᠠᠯ᠎ᠳᠤ ᠸᠢᠳᠢᠣ᠋᠎ᠪᠠᠷ ᠪᠠᠶᠠᠷ᠎ᠤᠨ ᠦᠭᠡ ᠬᠡᠯᠡᠪᠡ᠃ ᠰᠢᠨᠬᠤᠸᠠ ᠬᠣᠷᠢᠶᠠᠨ᠎ᠤ ᠰᠤᠷᠪᠤᠯᠵᠢᠯᠠᠭᠴᠢ ᠯᠢ ᠰᠢᠤᠸᠠᠢ ᠷᠧᠨ ᠰᠡᠭᠦᠳᠡᠷᠯᠡᠪᠡ᠃
  

    ᠰᠢ ᠵᠢᠨ ᠫᠢᠩ᠂ ᠤᠯᠠᠨ ᠤᠯᠤᠰ᠎ᠤᠨ ᠬᠣᠯᠪᠣᠭ᠋ᠠᠲᠤ ᠪᠠᠶ᠋ᠢᠭᠤᠯᠭ᠎ᠠ ᠵᠢᠨ ᠠᠷᠠᠯᠵᠢᠶ᠎ᠠ ᠪᠠ ᠬᠦᠭᠵᠢᠬᠦᠯᠦᠯᠲᠡ ᠵᠢᠨ ᠬᠤᠷᠠᠯ ᠪᠠᠶ᠋ᠢᠭᠤᠯᠤᠭᠳᠠᠭᠰᠠᠨ 60 ᠵᠢᠯ᠎ᠤᠨ ᠲᠤᠷᠰᠢ᠂ ᠬᠠᠮᠲᠤ᠎ᠪᠠᠷ ᠴᠡᠴᠡᠭᠯᠡᠨ ᠬᠥᠭᠵᠢᠬᠦ ᠵᠣᠷᠢᠯᠲᠠ ᠵᠢ ᠪᠠᠷᠢᠮᠲᠠᠯᠠᠵᠤ᠂ ᠬᠥᠭᠵᠢᠵᠦ ᠪᠠᠶ᠋ᠢᠭ᠎ᠠ ᠤᠯᠤᠰ᠎ᠤᠳ᠎ᠤᠨ ᠬᠠᠮᠲᠤᠷᠠᠯᠴᠠᠭ᠎ᠠ ᠵᠢ ᠢᠳᠡᠪᠬᠢᠲᠡᠢ ᠠᠬᠢᠭᠤᠯᠵᠤ᠂ ᠡᠮᠦᠨᠡᠲᠦ ᠤᠮᠠᠷᠠᠲᠤ ᠵᠢᠨ ᠶᠠᠷᠢᠯᠴᠠᠭ᠎ᠠ ᠵᠢ ᠰᠠᠨᠠᠭ᠋ᠠᠴᠢᠯᠠᠵᠤ᠂ ᠤᠯᠠᠨ ᠤᠯᠤᠰ᠎ᠤᠨ ᠠᠵᠤ ᠠᠬᠤᠢ ᠵᠢᠨ ᠰᠢᠨ᠎ᠡ ᠡᠮᠬᠢ ᠳᠢᠭᠯᠢᠮ᠎ᠢ ᠪᠠᠶ᠋ᠢᠭᠤᠯᠬᠤ ᠵᠢ ᠠᠬᠢᠭᠤᠯᠵᠤ᠂ ᠪᠦᠬᠦ ᠪᠥᠮᠪᠥᠷᠴᠡᠭ᠎ᠤᠨ ᠠᠷᠠᠯᠵᠢᠶ᠎ᠠ ᠪᠠ ᠬᠥᠭᠵᠢᠯᠲᠡ᠎ᠳᠤ ᠴᠢᠬᠤᠯᠠ ᠬᠤᠪᠢ ᠨᠡᠮᠡᠷᠢ ᠦᠵᠡᠭᠦᠯᠪᠡ᠃ ᠣᠳᠣᠬᠠᠨ᠎ᠳᠤ᠂ ᠳᠡᠯᠡᠬᠡᠢ ᠳ᠋ᠠᠬᠢᠨ᠎ᠤ ᠵᠠᠭᠤᠨ ᠵᠢᠯ᠎ᠤᠨ ᠬᠤᠪᠢᠰᠤᠯᠲᠠ ᠲᠦᠷᠭᠡᠰᠴᠦ᠂ ᠡᠩᠬᠡ ᠲᠠᠶ᠋ᠢᠪᠤᠩ ᠪᠠ ᠬᠥᠭᠵᠢᠯᠲᠡ ᠰᠢᠨ᠎ᠡ ᠥᠷᠢᠰᠥᠯᠳᠦᠭᠡᠨ᠎ᠳᠤ ᠲᠤᠯᠭ᠋ᠠᠷᠠᠵᠤ ᠪᠠᠶ᠋ᠢᠨ᠎ᠠ᠃ ᠪᠢᠳᠡ ᠲᠡᠦᠬᠡ ᠪᠣᠯᠤᠨ ᠠᠷᠠᠳ ᠲᠦᠮᠡᠨ᠎ᠳᠤ ᠬᠠᠷᠢᠭᠤᠴᠠᠬᠤ ᠣᠪᠣᠷ ᠵᠶ᠋ᠠᠷ ᠵᠥᠪ ᠴᠢᠭᠯᠡᠯ᠎ᠢ ᠡᠵᠡᠮᠳᠡᠵᠦ᠂ ᠭᠠᠷ ᠬᠣᠯᠪᠣᠨ ᠬᠥᠮᠦᠨ ᠲᠥᠷᠥᠯᠬᠢᠲᠡᠨ᠎ᠤ ᠬᠤᠪᠢ ᠵᠠᠶᠠᠭ᠋ᠠᠨ᠎ᠤ ᠬᠠᠮᠲᠤ ᠵᠢᠨ ᠴᠣᠭᠴᠠ ᠵᠢ ᠪᠠᠶ᠋ᠢᠭᠤᠯᠤᠶ᠎ᠠ᠃
   -- ᠡᠩᠬᠡ ᠲᠠᠶ᠋ᠢᠪᠤᠩ ᠬᠥᠭᠵᠢᠯᠲᠡ ᠵᠢᠨ ᠤᠯᠠᠨ ᠤᠯᠤᠰ᠎ᠤᠨ ᠣᠷᠴᠢᠨ ᠨᠥᠬᠥᠴᠡᠯ᠎ᠢ ᠪᠤᠢ ᠪᠣᠯᠭ᠋ᠠᠬᠤ ᠬᠡᠷᠡᠭᠲᠡᠢ᠃ ᠡᠯ᠎ᠡ ᠤᠯᠤᠰ ᠢᠯᠠᠩᠭᠤᠶ᠎ᠠ ᠲᠤᠮᠤ ᠤᠯᠤᠰ ᠵᠢᠩᠬᠢᠨᠢ ᠤᠯᠠᠨ ᠲᠠᠯᠠᠲᠤ ᠦᠵᠡᠯ᠎ᠢ ᠦᠢ᠍ᠯᠡᠳᠦᠯᠭᠡᠵᠢᠭᠦᠯᠵᠦ᠂ ᠡᠷᠬᠡ ᠲᠡᠭᠰᠢ ᠡᠮᠬᠢ ᠵᠢᠷᠤᠮ᠎ᠲᠠᠢ ᠳᠡᠯᠡᠬᠡᠢ ᠵᠢᠨ ᠤᠯᠠᠨ ᠲᠤᠶ᠋ᠢᠯᠰᠢᠷᠠᠯ᠎ᠢ ᠰᠠᠨᠠᠭ᠋ᠠᠴᠢᠯᠠᠵᠤ᠂ ᠤᠯᠠᠨ ᠤᠯᠤᠰ᠎ᠤᠨ ᠬᠣᠯᠪᠣᠭ᠋ᠠᠲᠤ ᠪᠠᠶ᠋ᠢᠭᠤᠯᠭ᠎ᠠ ᠵᠢᠨ ᠦᠨᠳᠦᠰᠦᠨ ᠲᠦᠷᠢᠮ᠎ᠤᠨ ᠵᠣᠷᠢᠯᠲᠠ ᠪᠠ ᠵᠠᠷᠴᠢᠮ᠎ᠢ ᠬᠢᠴᠢᠶᠡᠩᠭᠦᠶ᠋ᠢᠯᠡᠨ ᠵᠢᠷᠤᠮᠯᠠᠵᠤ᠂ ᠤᠯᠠᠨ ᠤᠯᠤᠰ᠎ᠤᠨ ᠬᠣᠯᠪᠣᠭ᠋ᠠᠲᠤ ᠪᠠᠶ᠋ᠢᠭᠤᠯᠭ᠎ᠠ ᠵᠢᠨ ᠠᠷᠠᠯᠵᠢᠶ᠎ᠠ ᠪᠠ ᠬᠥᠭᠵᠢᠯᠲᠡ ᠵᠢᠨ ᠬᠤᠷᠠᠯᠳᠤᠭ᠋ᠠᠨ ᠵᠡᠷᠭᠡ ᠤᠯᠠᠨ ᠲᠠᠯᠠᠲᠤ ᠪᠠᠶ᠋ᠢᠭᠤᠯᠤᠮᠵᠢ ᠵᠢᠨ ᠦᠢ᠍ᠯᠡᠳᠦᠯ ᠵᠶ᠋ᠠᠨ ᠨᠡᠩ ᠰᠠᠶ᠋ᠢᠲᠤᠷ ᠪᠠᠳᠠᠷᠠᠭᠤᠯᠬᠤ ᠵᠢ ᠳᠡᠮᠵᠢᠬᠦ ᠬᠡᠷᠡᠭᠲᠡᠢ᠃
   -- ᠨᠡᠭᠡᠭᠡᠯᠲᠡᠲᠡᠶ ᠬᠥᠭᠵᠢᠯᠲᠡ ᠵᠢᠨ ᠴᠠᠭ ᠦᠶ᠎ᠡ ᠵᠢᠨ ᠤᠷᠤᠰᠬᠠᠯ᠎ᠢ ᠳᠠᠭ᠋ᠠᠬᠤ ᠬᠡᠷᠡᠭᠲᠡᠶ᠃ ᠲᠦᠭᠡᠮᠡᠯ ᠬᠠᠷᠠᠭ᠋ᠠᠯᠵᠠᠯ᠎ᠲᠠᠢ ᠪᠠᠭᠲᠠᠭ᠋ᠠᠮᠵᠢᠲᠠᠢ ᠠᠵᠤ ᠠᠬᠤᠢ ᠵᠢᠨ ᠳᠡᠯᠡᠬᠡᠶ᠋ᠢᠵᠢᠯᠲᠡ ᠵᠢ ᠰᠠᠨᠠᠭ᠋ᠠᠴᠢᠯᠠᠵᠤ᠂ ᠠᠷᠠᠯᠵᠢᠶ᠎ᠠ ᠪᠠ ᠪᠡᠯᠡ ᠣᠷᠣᠭᠤᠯᠤᠯᠲᠠ ᠵᠢᠨ ᠴᠢᠯᠥᠭᠡᠵᠢᠯᠲᠡ ᠳᠥᠭᠥᠮᠴᠢᠯᠡᠯᠲᠡ ᠵᠢ ᠠᠬᠢᠭᠤᠯᠵᠤ᠂ ᠬᠥᠭᠵᠢᠯᠲᠡ ᠲᠡᠩᠴᠡᠭᠦᠷᠢ᠎ᠪᠠᠨ ᠠᠯᠳᠠᠭᠰᠠᠨ ᠵᠡᠷᠭᠡ ᠠᠰᠠᠭᠤᠳᠠᠯ᠎ᠢ ᠰᠠᠶ᠋ᠢᠲᠤᠷ ᠰᠢᠢ᠍ᠳᠪᠦᠷᠢᠯᠡᠵᠦ᠂ ᠪᠦᠬᠦ ᠪᠥᠮᠪᠥᠷᠴᠡᠭ᠎ᠤᠨ ᠵᠠᠰᠠᠯᠲᠠ ᠵᠢᠨ ᠰᠢᠰᠲ᠋ᠧᠮ᠎ᠤᠨ ᠨᠡᠩ ᠲᠥᠪ ᠭᠣᠣᠯᠴᠢ ᠵᠦᠢ ᠵᠣᠬᠢᠰᠲᠠᠢ ᠴᠢᠭᠯᠡᠯ ᠲᠡᠶ᠋ᠢᠰᠢ ᠬᠥᠭᠵᠢᠬᠦ ᠵᠢ ᠠᠬᠢᠭᠤᠯᠤᠨ᠎ᠠ᠃
   -- ᠰᠢᠨ᠎ᠡ ᠵᠢ ᠡᠭᠦᠳᠬᠦ ᠬᠥᠭᠵᠢᠯᠲᠡ ᠵᠢᠨ ᠲᠡᠦᠬᠡᠨ ᠠᠵᠠ ᠲᠣᠬᠢᠶᠠᠯ᠎ᠢ ᠡᠵᠡᠮᠳᠡᠬᠦ ᠬᠡᠷᠡᠭᠲᠡᠢ᠃ ᠨᠡᠭᠡᠭᠡᠯᠲᠡᠲᠡᠢ᠂ ᠪᠠᠭᠲᠠᠭ᠋ᠠᠮᠵᠢᠲᠠᠢ᠂ ᠭᠠᠳᠠᠭᠤᠷᠴᠢᠯᠠᠯ ᠦᠭᠡᠢ ᠲᠣᠭ᠋ᠠᠴᠢᠯᠠᠭᠰᠠᠨ ᠠᠵᠤ ᠠᠬᠤᠢ ᠵᠢᠨ ᠣᠷᠴᠢᠨ ᠲᠣᠭᠣᠷᠢᠨ᠎ᠢ ᠪᠤᠢ ᠪᠣᠯᠭ᠋ᠠᠵᠤ᠂ ᠬᠥᠮᠦᠨ ᠵᠶ᠋ᠠᠷ ᠦᠨᠳᠦᠰᠦ ᠪᠣᠯᠭ᠋ᠠᠬᠤ᠂ ᠣᠶᠤᠨᠴᠢ᠎ᠪᠠᠷ ᠴᠠᠶ᠋ᠢᠯᠭ᠋ᠠᠨ ᠪᠠᠶ᠋ᠢᠬᠤ ᠵᠢ ᠪᠠᠷᠢᠮᠲᠠᠯᠠᠵᠤ᠂ ᠤᠯᠠᠨ ᠤᠯᠤᠰ᠎ᠤᠨ ᠬᠣᠯᠪᠣᠭ᠋ᠠᠲᠤ ᠪᠠᠶ᠋ᠢᠭᠤᠯᠭ᠎ᠠ ᠵᠢᠨ ᠪᠣᠷᠣ ᠲᠥᠯᠥᠪ᠎ᠤᠨ ᠳᠣᠲᠣᠷ᠎ᠠ ᠵᠣᠬᠢᠶᠠᠮᠠᠯ ᠤᠶᠤᠨ ᠴᠢᠳᠠᠪᠤᠷᠢ ᠵᠢᠨ ᠲᠦᠷᠢᠮ᠎ᠤᠨ ᠵᠠᠰᠠᠯᠲᠠ ᠵᠢ ᠴᠢᠩᠭ᠋ᠠᠳᠬᠠᠵᠤ᠂ ᠪᠣᠬᠢᠷᠲᠤᠯ ᠦᠭᠡᠢ ᠬᠡᠯᠪᠡᠷᠢ᠎ᠳᠤ ᠬᠤᠪᠢᠷᠠᠭᠤᠯᠬᠤ ᠵᠢ ᠢᠳᠡᠪᠬᠢᠲᠡᠢ ᠠᠬᠢᠭᠤᠯᠵᠤ᠂ ᠥᠷᠭᠡᠨ ᠤᠯᠠᠨ ᠬᠥᠭᠵᠢᠵᠦ ᠪᠠᠶ᠋ᠢᠭ᠎ᠠ ᠤᠯᠤᠰ᠎ᠢ ᠲᠣᠭ᠋ᠠᠴᠢᠯᠠᠭᠰᠠᠨ᠂ ᠤᠶᠤᠨᠴᠢᠯᠠᠬᠰᠠᠨ᠂ ᠪᠣᠬᠢᠷᠲᠤᠯ ᠦᠭᠡᠢ ᠪᠠᠶ᠋ᠢᠬᠤ ᠤᠷᠤᠰᠬᠠᠯ᠎ᠳᠤ ᠨᠡᠩ ᠰᠠᠶ᠋ᠢᠲᠤᠷ ᠠᠭᠤᠰᠤᠯᠴᠠᠭᠤᠯᠬᠤ ᠬᠡᠷᠡᠭᠲᠡᠢ᠃
    ᠰᠢ ᠵᠢᠨ ᠫᠢᠩ᠂ ᠡᠨᠡ ᠵᠢᠯ ᠪᠣᠯ ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ ᠪᠠᠶ᠋ᠢᠭᠤᠯᠤᠭᠳᠠᠭᠰᠠᠨ 75 ᠵᠢᠯ᠎ᠤᠨ ᠣᠶ ᠪᠣᠯᠤᠨ᠎ᠠ᠂ ᠳᠤᠮᠳᠠᠳᠤ ᠤᠯᠤᠰ ᠶᠠᠭ ᠴᠢᠨᠠᠷ ᠰᠠᠶ᠋ᠢᠲᠠᠶ ᠬᠥᠭᠵᠢᠯᠲᠡ᠎ᠪᠠᠷ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠪᠥᠬᠥ ᠲᠠᠯ᠎ᠠ᠎ᠪᠠᠷ ᠠᠬᠢᠭᠤᠯᠵᠤ ᠪᠣᠶ᠂ ᠡᠨᠡ᠎ᠨᠢ ᠯᠠᠪᠲᠠᠶ ᠳᠡᠯᠡᠬᠡᠶ ᠵᠢᠨ ᠬᠥᠭᠵᠢᠯᠲᠡ᠎ᠳᠤ ᠨᠠᠩ ᠶᠡᠬᠡ ᠰᠢᠨ᠎ᠡ ᠠᠵᠠ ᠲᠣᠬᠢᠶᠠᠯ᠎ᠢ ᠠᠪᠴᠢᠷᠠᠬᠤ ᠪᠣᠯᠤᠨ᠎ᠠ᠃ ᠳᠤᠮᠳᠠᠳᠤ ᠤᠯᠤᠰ ᠪᠣᠯ ᠢᠮᠠᠭᠲᠠ 《ᠪᠦᠬᠦ ᠪᠥᠮᠪᠥᠷᠴᠡᠭ᠎ᠤᠨ ᠡᠮᠦᠨᠡᠲᠦ ᠣᠷᠣᠨ》᠎ᠤ ᠪᠦᠷᠢᠯᠳᠦᠬᠦᠨ ᠮᠥᠨ᠂ ᠥᠨᠢ ᠡᠭᠦᠷᠢᠳᠡ ᠬᠥᠭᠵᠢᠵᠦ ᠪᠠᠶ᠋ᠢᠭ᠎ᠠ ᠤᠯᠤᠰ᠎ᠲᠤ ᠬᠠᠷᠢᠶᠠᠯᠠᠭᠳᠠᠨ᠎ᠠ᠃ ᠳᠤᠮᠳᠠᠳᠤ ᠤᠯᠤᠰ ᠪᠤᠰᠤᠳ ᠬᠥᠭᠵᠢᠵᠦ ᠪᠠᠶ᠋ᠢᠭ᠎ᠠ ᠤᠯᠤᠰ᠎ᠤᠨ ᠭᠠᠳᠠᠭ᠋ᠠᠳᠤ ᠣᠷᠣᠭᠤᠯᠤᠯᠲᠠ᠎ᠪᠠᠨ ᠢᠳᠡᠪᠬᠢᠲᠡᠢ ᠥᠷᠭᠡᠳᠬᠡᠵᠦ᠂ ᠠᠷᠠᠯᠵᠢᠶ᠎ᠠ᠂ ᠪᠡᠯᠡ ᠣᠷᠣᠭᠤᠯᠤᠯᠲᠠ᠂ ᠬᠥᠭᠵᠢᠯᠲᠡ ᠵᠢᠨ ᠬᠠᠮᠲᠤᠷᠠᠯᠴᠠᠭ᠎ᠠ᠎ᠪᠠᠨ ᠴᠢᠩᠭ᠋ᠠᠳᠬᠠᠵᠤ᠂ ᠤᠯᠠᠨ ᠤᠯᠤᠰ᠎ᠤᠨ ᠬᠣᠯᠪᠣᠭ᠋ᠠᠲᠤ ᠪᠠᠶ᠋ᠢᠭᠤᠯᠭ᠎ᠠ ᠵᠢᠨ 2030 ᠣᠨ᠎ᠤ ᠦᠷᠭᠦᠯᠵᠢᠯᠡᠬᠦ ᠬᠥᠭᠵᠢᠯᠲᠡ ᠵᠢᠨ ᠵᠥᠪᠯᠡᠬᠦ ᠵᠦᠢ᠍ᠯ᠎ᠢ ᠨᠠᠶ᠋ᠢᠳᠠᠪᠤᠷᠢᠵᠢᠭᠤᠯᠬᠤ᠎ᠳᠤ ᠬᠦᠴᠦᠨ ᠨᠡᠮᠡᠷᠢᠯᠡᠨ᠎ᠡ᠃ ᠳᠤᠮᠳᠠᠳᠤ ᠤᠯᠤᠰ ᠳᠤᠷᠠᠲᠠᠶ᠎ᠠ ᠡᠯ᠎ᠡ ᠲᠠᠯ᠎ᠠ ᠵᠢᠨ᠎ᠬᠢᠨ᠎ᠲᠠᠢ ᠬᠠᠮᠲᠤ᠎ᠪᠠᠷ᠂ ᠬᠥᠮᠦᠨ ᠲᠥᠷᠥᠯᠬᠢᠲᠡᠨ᠎ᠤ ᠢᠷᠡᠭᠡᠳᠦᠢ᠎ᠪᠠᠷ ᠵᠣᠷᠢᠯᠲᠠ ᠪᠣᠯᠭ᠋ᠠᠵᠤ᠂ ᠠᠷᠠᠳ ᠲᠦᠮᠡᠨ᠎ᠤ ᠪᠤᠶᠠᠨ ᠵᠢᠷᠭ᠋ᠠᠯ ᠵᠶ᠋ᠠᠷ ᠵᠣᠷᠢᠯᠲᠠ ᠪᠣᠯᠭ᠋ᠠᠵᠤ᠂ ᠳᠡᠯᠡᠬᠡᠢ ᠳ᠋ᠠᠬᠢᠨ᠎ᠤ ᠡᠩᠬᠡ ᠲᠠᠶ᠋ᠢᠪᠤᠩ᠂ ᠠᠮᠤᠷ ᠲᠦᠪᠰᠢᠨ᠂ ᠬᠥᠭᠵᠢᠯ ᠴᠡᠴᠡᠭᠯᠡᠯ᠂ ᠲᠠᠪᠰᠢᠯᠳᠠ ᠵᠢᠨ ᠰᠠᠢ᠍ᠢ᠍ᠨ ᠰᠠᠶ᠋ᠢᠬᠠᠨ ᠢᠷᠡᠭᠡᠳᠦᠢ ᠲᠡᠶ᠋ᠢᠰᠢ ᠤᠷᠤᠭᠰᠢᠯᠠᠬᠤ ᠵᠢ ᠠᠬᠢᠭᠤᠯᠤᠨ᠎ᠠ᠃

 

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠤᠢ ᠰᠢᠭᠤᠢ ᠪᠠ ᠨᠤᠳᠤᠭ ᠪᠡᠯᠴᠢᠭᠡᠷ᠎ᠤᠨ ᠲᠤᠪᠴᠢᠶ᠎ᠠ
          
ᠬᠠᠮᠢᠶ᠎ᠡ ᠪᠦᠬᠦᠢ ᠰᠣᠨᠢᠨ
ᠰᠢ ᠵᠢᠨ ᠫᠢᠩ ᠫᠠᠺᠢᠰᠲ᠋ᠠᠨ᠎ᠤ ᠶᠡᠷᠦᠩᠬᠡᠢ ᠰᠠᠶ᠋ᠢᠳ ᠰᠢᠶᠠᠪᠠᠽᠢ᠎ᠲᠠᠢ ᠠᠭᠤᠯᠵᠠᠪᠠ
ᠰᠢ ᠵᠢᠨ ᠫᠢᠩ ᠱᠠᠨᠳᠦ᠋ᠩ᠎ᠤᠨ ᠿᠢ ᠵᠤᠤ ᠬᠤᠳᠠ᠎ᠳᠤ ᠰᠢᠨᠵᠢᠯᠡᠨ ᠪᠠᠶ᠋ᠢᠴᠠᠭ᠋ᠠᠪᠠ
 
             蒙ICP备05000248号