ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠳᠤᠰᠬᠠᠢ ᠮᠡᠳᠡᠭᠡᠯᠡᠯ
《ᠮᠣᠩᠭᠣᠯ ᠤᠯᠤᠰ᠎ᠤᠨ ᠭᠠᠩ ᠬᠠᠭᠤᠷᠠᠶ ᠭᠠᠵᠠᠷ᠎ᠤᠨ ᠤᠷᠭᠤᠮᠠᠯ᠎ᠤᠨ ᠬᠤᠴᠢᠯᠭ᠎ᠠ ᠵᠢ ᠰᠡᠷᠭᠦᠭᠡᠬᠦ ᠪᠠ ᠦᠷᠭᠦᠯᠵᠢᠯᠡᠨ ᠬᠥᠭᠵᠢᠭᠦᠯᠬᠦ》 ᠣᠯᠠᠨ ᠤᠯᠤᠰ᠎ᠤᠨ ᠪᠤᠯᠪᠠᠰᠤᠷᠠᠭᠤᠯᠤᠯ ᠤᠷᠤᠭᠰᠢᠲᠠᠶ ᠡᠬᠢᠯᠡᠪᠡ
ᠨᠡᠶ᠋ᠢᠲᠡᠯᠡᠭᠰᠡᠨ ᠴᠠᠭ᠄ 2024-08-28

  
    ᠳᠤᠮᠳᠠᠳᠤ ᠮᠣᠩᠭᠣᠯ ᠬᠣᠶᠠᠷ ᠤᠯᠤᠰ᠎ᠤᠨ ᠲᠡᠷᠢᠭᠦᠨ᠎ᠤ ᠬᠠᠮᠲᠤ ᠵᠢᠨ ᠲᠠᠨᠢᠯᠲᠠ ᠵᠢ ᠨᠠᠶ᠋ᠢᠳᠠᠪᠤᠷᠢᠵᠢᠭᠤᠯᠵᠤ᠂ ᠮᠣᠩᠭᠣᠯ ᠤᠯᠤᠰ᠎ᠤᠨ 《ᠠᠷᠪᠠᠨ ᠳ᠋ᠦᠩᠰᠢᠭᠤᠷ ᠮᠣᠳᠣ ᠳᠠᠷᠢᠬᠤ》 ᠲᠥᠯᠥᠪᠯᠡᠭᠡ ᠵᠢ ᠳᠡᠮᠵᠢᠬᠦ ᠵᠢᠨ ᠲᠥᠯᠥᠭᠡ᠂ 2024 ᠣᠨ᠎ᠤ 8 ᠰᠠᠷ᠎ᠠ ᠵᠢᠨ 25᠎ᠤ ᠡᠳᠦᠷ᠂ 《ᠮᠣᠩᠭᠣᠯ ᠤᠯᠤᠰ᠎ᠤᠨ ᠭᠠᠩ ᠬᠠᠭᠤᠷᠠᠶ ᠭᠠᠵᠠᠷ᠎ᠤᠨ ᠤᠷᠭᠤᠮᠠᠯ᠎ᠤᠨ ᠬᠤᠴᠢᠯᠭ᠎ᠠ ᠵᠢ ᠰᠡᠷᠭᠦᠭᠡᠬᠦ ᠪᠠ ᠦᠷᠭᠦᠯᠵᠢᠯᠡᠨ ᠬᠥᠭᠵᠢᠭᠦᠯᠬᠦ》 ᠣᠯᠠᠨ ᠤᠯᠤᠰ᠎ᠤᠨ ᠪᠤᠯᠪᠠᠰᠤᠷᠠᠭᠤᠯᠤᠯ ᠮᠠᠨ᠎ᠤ ᠣᠷᠣᠨ᠎ᠤ ᠤᠯᠠᠭ᠋ᠠᠨᠬᠠᠳᠠ ᠬᠣᠲᠠ ᠵᠢᠨ ᠬᠠᠷᠠᠴᠢᠨ ᠬᠣᠰᠢᠭᠤᠨ᠎ᠤ ᠸᠠᠩ ᠶᠧ ᠳ᠋ᠢᠶᠠᠨ᠎ᠤ ᠣᠯᠠᠨ ᠴᠢᠳᠠᠮᠵᠢᠲᠤ ᠣᠶ ᠰᠢᠭᠤᠶ ᠵᠢ ᠪᠡᠶᠡᠴᠢᠯᠡᠨ ᠣᠶ᠋ᠢᠯᠠᠭ᠋ᠠᠬᠤ ᠰᠠᠭᠤᠷᠢᠨ ᠭᠠᠵᠠᠷ᠎ᠲᠤ ᠶᠠᠪᠤᠭᠳᠠᠪᠠ᠃
     ᠲᠣᠰ ᠤᠳᠠᠭ᠋ᠠᠨ᠎ᠤ ᠪᠣᠯᠪᠠᠰᠤᠷᠠᠭᠤᠯᠤᠯ᠎ᠢ ᠠᠽᠢᠶ᠎ᠠ ᠨᠣᠮᠣᠬᠠᠨ ᠲᠡᠯᠡᠶ ᠵᠢᠨ ᠣᠷᠣᠨ᠎ᠤ ᠣᠶ ᠰᠢᠭᠤᠶ ᠵᠢᠨ ᠰᠡᠷᠭᠦᠯᠲᠡ ᠬᠢᠭᠡᠳ ᠦᠷᠭᠦᠯᠵᠢᠯᠡᠬᠦ ᠬᠠᠮᠢᠶᠠᠷᠤᠯᠲᠠ ᠵᠢᠨ ᠵᠣᠬᠢᠶᠠᠨ ᠪᠠᠶ᠋ᠢᠭᠤᠯᠤᠯᠲᠠ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ᠎ᠠᠴᠠ ᠬᠠᠮᠲᠤ᠎ᠪᠠᠷ ᠭᠤᠤᠯᠯᠠᠨ ᠡᠷᠭᠢᠯᠡᠵᠦ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠵᠢᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ ᠳᠠᠭ᠋ᠠᠭ᠋ᠠᠴᠢᠯᠠᠨ ᠡᠷᠭᠢᠯᠡᠪᠡ᠃ ᠮᠣᠩᠭᠣᠯ ᠤᠯᠤᠰ᠎ᠤᠨ ᠡᠷᠳᠡᠨᠢᠲᠦ ᠠᠭᠤᠷᠬᠠᠶ ᠵᠢᠨ ᠦᠢ᠍ᠯᠡᠰ᠎ᠤᠨ ᠺᠣᠮᠫᠠᠨᠢ ᠵᠢᠨ ᠬᠠᠮᠢᠶᠠᠷᠤᠯᠲᠠ ᠵᠢᠨ ᠠᠵᠢᠯᠲᠠᠨ ᠪᠣᠯᠤᠨ ᠣᠶ ᠰᠢᠭᠤᠶ ᠵᠢᠨ ᠢᠨᠵᠧᠨᠧᠷᠢᠩ᠎ᠤᠨ ᠮᠡᠷᠭᠡᠵᠢᠯ᠎ᠤᠨ ᠲᠤᠰᠬᠠᠶ ᠮᠡᠷᠭᠡᠵᠢᠯᠲᠡᠨ᠎ᠳᠤ ᠡᠯᠡᠰᠦᠷᠬᠡᠭᠵᠢᠯ᠎ᠢ ᠰᠡᠷᠭᠡᠶ᠋ᠢᠯᠡᠨ ᠡᠯᠡᠰᠦᠷᠬᠡᠭᠵᠢᠯ᠎ᠢ ᠵᠠᠰᠠᠬᠤ ᠮᠡᠷᠭᠡᠵᠢᠯ᠂ ᠭᠠᠩ ᠬᠠᠭᠰᠠᠷᠠᠭ᠋ᠠᠨ᠎ᠲᠠᠢ ᠲᠡᠮᠡᠴᠡᠵᠦ ᠡᠪᠡᠰᠦᠲᠦ ᠭᠠᠵᠠᠷ᠎ᠢ ᠰᠡᠷᠭᠦᠭᠡᠬᠦ ᠮᠡᠷᠭᠡᠵᠢᠯ ᠪᠣᠯᠤᠨ ᠡᠯᠡᠰᠦᠨ᠎ᠤ ᠠᠵᠤ  ᠦᠢ᠍ᠯᠡᠰ᠎ᠤᠨ ᠬᠥᠭᠵᠢᠯᠲᠡ ᠵᠡᠷᠭᠡ ᠲᠠᠯ᠎ᠠ ᠵᠢᠨ ᠮᠡᠷᠭᠡᠵᠢᠯ᠎ᠤᠨ ᠪᠣᠯᠪᠠᠰᠤᠷᠠᠭᠤᠯᠤᠯ ᠬᠢᠪᠠ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠤᠢ ᠰᠢᠭᠤᠢ ᠪᠠ ᠨᠤᠳᠤᠭ ᠪᠡᠯᠴᠢᠭᠡᠷ᠎ᠤᠨ ᠲᠤᠪᠴᠢᠶ᠎ᠠ
          
ᠬᠠᠮᠢᠶ᠎ᠡ ᠪᠦᠬᠦᠢ ᠰᠣᠨᠢᠨ
2024 ᠣᠨ᠎ᠳᠤ 《ᠮᠣᠩᠭᠣᠯ ᠤᠯᠤᠰ᠎ᠤᠨ ᠭᠠᠩ ᠬᠠᠭᠤᠷᠠᠶ ᠤᠷᠤᠨ᠎ᠤ ᠤᠷᠭᠤᠮᠠᠯ᠎ᠤᠨ ᠬᠤᠴᠢᠯᠭ᠎ᠠ ᠵᠢ ᠰᠡᠷᠭᠦᠭᠡᠬᠦ ᠪᠠ ᠦᠷᠭᠦᠯᠵᠢᠯᠡᠨ ᠬᠥᠭᠵᠢᠭᠦᠯᠬᠦ》 ᠣᠯᠠᠨ ᠤᠯᠤᠰ᠎ᠤᠨ ᠪᠤᠯᠪᠠᠰᠤᠷᠠᠭᠤᠯᠤᠯ ᠲᠡᠭᠦᠰ ᠠᠮᠵᠢᠯᠲᠠ᠎ᠲᠠᠢ ᠦᠨᠳᠦᠷᠯᠡᠪᠡ
10 ᠳ᠋ᠤᠭ᠋ᠠᠷ ᠰᠠᠷ᠎ᠠ ᠵᠢᠨ 24᠎ᠤ ᠡᠳᠦᠷ ᠥᠪᠡᠷᠲᠡᠭᠡᠨ ᠵᠠᠰᠠᠬᠤ ᠣᠷᠣᠨ᠎ᠤ ᠵᠢᠷᠭᠤᠭ᠋ᠠᠨ ᠰᠠᠯᠠᠭ᠎ᠠ ᠮᠥᠴᠢᠷ ᠬᠡᠷᠡᠭᠵᠢᠭᠦᠯᠬᠦ ᠨᠠᠷᠢᠨ ᠳᠦᠷᠢᠮ᠎ᠢ ᠨᠡᠶ᠋ᠢᠲᠡᠯᠡᠵᠦ ᠡᠯ᠎ᠡ ᠲᠠᠯ᠎ᠠ ᠵᠢᠨ᠎ᠬᠢᠨ᠎ᠤ ᠢᠳᠡᠪᠬᠢᠵᠢᠯ᠎ᠢ ᠳᠠᠶ᠋ᠢᠴᠢᠯᠠᠵᠤ ᠬᠦᠴᠦ᠎ᠪᠠᠨ ᠬᠠᠮᠳᠤᠳᠬᠠᠨ 《ᠤᠮᠠᠷᠠᠲᠦ ᠵᠢᠨ ᠭᠤᠷᠪᠠᠨ ᠤᠷᠤᠨ》᠎ᠤ ᠢᠨᠵᠧᠨᠧᠷᠢᠩ᠎ᠤᠨ ᠪᠣᠭᠤᠮᠲᠠ ᠰᠢᠪᠲᠤᠯᠬᠤ ᠳᠠᠶ᠋ᠢᠯᠠᠯᠳᠤᠭ᠋ᠠᠨ᠎ᠢ ᠰᠠᠶ᠋ᠢᠲᠤᠷ ᠬᠢᠬᠦ᠎ᠪᠠᠷ ᠪᠠᠶ᠋ᠢᠨ᠎ᠠ
ᠪᠦᠬᠦ ᠣᠷᠣᠨ᠎ᠳᠤ ᠡᠯᠡᠰᠦᠷᠬᠡᠭᠵᠢᠯ᠎ᠢ ᠰᠡᠷᠭᠡᠶ᠋ᠢᠯᠡᠨ ᠡᠯᠡᠰᠦ ᠵᠢ ᠵᠠᠰᠠᠬᠤ ᠪᠠ ᠰᠠᠯᠬᠢᠨ ᠬᠦᠴᠦᠨ᠎ᠤ ᠴᠠᠬᠢᠯᠭ᠋ᠠᠨ ᠭᠡᠷᠡᠯᠴᠢ ᠴᠡᠨᠡᠭ᠎ᠢ ᠨᠢᠭᠡ ᠴᠣᠭᠴᠠᠵᠢᠭᠤᠯᠬᠤ ᠢᠨᠵᠧᠨᠧᠷᠢᠩ ᠵᠶ᠋ᠠᠷ ᠡᠯᠡᠰᠦᠷᠬᠡᠭᠵᠢᠭᠰᠡᠨ ᠭᠠᠵᠠᠷ᠎ᠢ ᠵᠠᠰᠠᠬᠤ ᠡᠭᠦᠷᠭᠡ᠎ᠪᠠᠨ 237.58 ᠲᠦᠮᠡᠨ ᠮᠦ᠍ ᠪᠡᠶᠡᠯᠡᠭᠦᠯᠵᠡᠢ
ᠮᠠᠨ᠎ᠤ ᠤᠷᠤᠨ᠎ᠤ ᠣᠶ ᠰᠢᠭᠤᠶ ᠪᠠ ᠨᠤᠲᠤᠭ ᠪᠡᠯᠴᠢᠭᠡᠷ ᠨᠤᠭᠤ ᠭᠠᠵᠠᠷ᠎ᠤᠨ ᠨᠡᠶ᠋ᠢᠳᠡᠮ ᠪᠠᠶ᠋ᠢᠴᠠᠭ᠋ᠠᠯᠲᠠ ᠵᠢᠨ ᠥᠯᠢᠭᠡᠷ ᠠᠪᠬᠤ ᠠᠵᠢᠯ᠎ᠤᠨ ᠲᠤᠭ᠎ᠠ ᠬᠡᠮᠵᠢᠶ᠎ᠡ ᠪᠥᠬᠦ ᠤᠯᠤᠰ᠎ᠲᠤ ᠲᠡᠷᠢᠭᠦᠯᠡᠪᠡ
 
             蒙ICP备05000248号