ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠳᠤᠰᠬᠠᠢ ᠮᠡᠳᠡᠭᠡᠯᠡᠯ
2024 ᠣᠨ᠎ᠳᠤ 《ᠮᠣᠩᠭᠣᠯ ᠤᠯᠤᠰ᠎ᠤᠨ ᠭᠠᠩ ᠬᠠᠭᠤᠷᠠᠶ ᠤᠷᠤᠨ᠎ᠤ ᠤᠷᠭᠤᠮᠠᠯ᠎ᠤᠨ ᠬᠤᠴᠢᠯᠭ᠎ᠠ ᠵᠢ ᠰᠡᠷᠭᠦᠭᠡᠬᠦ ᠪᠠ ᠦᠷᠭᠦᠯᠵᠢᠯᠡᠨ ᠬᠥᠭᠵᠢᠭᠦᠯᠬᠦ》 ᠣᠯᠠᠨ ᠤᠯᠤᠰ᠎ᠤᠨ ᠪᠤᠯᠪᠠᠰᠤᠷᠠᠭᠤᠯᠤᠯ ᠲᠡᠭᠦᠰ ᠠᠮᠵᠢᠯᠲᠠ᠎ᠲᠠᠢ ᠦᠨᠳᠦᠷᠯᠡᠪᠡ
ᠨᠡᠶ᠋ᠢᠲᠡᠯᠡᠭᠰᠡᠨ ᠴᠠᠭ᠄ 2024-09-02

 
    2024 ᠣᠨ᠎ᠤ 8 ᠰᠠᠷ᠎ᠠ ᠵᠢᠨ 24 - 30᠎ᠤ ᠡᠳᠦᠷ᠂ ᠠᠽᠢᠶ᠎ᠠ ᠲᠢᠪ ᠨᠣᠮᠣᠬᠠᠨ ᠲᠡᠯᠡᠶ ᠵᠢᠨ ᠣᠷᠣᠨ᠎ᠤ ᠣᠶ ᠰᠢᠭᠤᠶ ᠵᠢᠨ ᠰᠡᠷᠭᠦᠯᠲᠡ ᠪᠠ ᠦᠷᠭᠦᠯᠵᠢᠯᠡᠬᠦ ᠬᠠᠮᠢᠶᠠᠷᠤᠯᠲᠠ ᠵᠢᠨ ᠵᠣᠬᠢᠶᠠᠨ ᠪᠠᠶ᠋ᠢᠭᠤᠯᠤᠯᠲᠠ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠬᠠᠮᠲᠤᠷᠠᠨ 《ᠮᠣᠩᠭᠣᠯ ᠤᠯᠤᠰ᠎ᠤᠨ ᠭᠠᠩ ᠬᠠᠭᠤᠷᠠᠶ ᠤᠷᠤᠨ᠎ᠤ ᠤᠷᠭᠤᠮᠠᠯ᠎ᠤᠨ ᠬᠤᠴᠢᠯᠭ᠎ᠠ ᠵᠢᠨ ᠰᠡᠷᠭᠦᠯᠲᠡ ᠪᠠ ᠦᠷᠭᠦᠯᠵᠢᠯᠡᠬᠦ ᠬᠥᠭᠵᠢᠯᠲᠡ》 ᠵᠢᠨ ᠣᠯᠠᠨ ᠤᠯᠤᠰ᠎ᠤᠨ ᠪᠤᠯᠪᠠᠰᠤᠷᠠᠭᠤᠯᠤᠯ ᠡᠷᠭᠢᠯᠡᠪᠡ᠃ ᠲᠣᠰ ᠬᠤᠭᠤᠴᠠᠭ᠋ᠠᠨ᠎ᠤ ᠣᠯᠠᠨ ᠤᠯᠤᠰ᠎ᠤᠨ  ᠪᠤᠯᠪᠠᠰᠤᠷᠠᠭᠤᠯᠤᠯ᠎ᠳᠤ ᠮᠣᠩᠭᠣᠯ ᠤᠯᠤᠰ᠎ᠤᠨ ᠡᠷᠳᠡᠨᠢᠲᠦ ᠠᠭᠤᠷᠬᠠᠶ ᠵᠢᠨ  ᠦᠢ᠍ᠯᠡᠰ᠎ᠤᠨ ᠺᠣᠮᠫᠠᠨᠢ ᠵᠢᠨ ᠬᠠᠮᠢᠶᠠᠷᠤᠯᠲᠠ ᠵᠢᠨ ᠠᠵᠢᠯᠲᠠᠨ ᠪᠠ ᠣᠶ ᠰᠢᠭᠤᠶ ᠵᠢᠨ ᠢᠨᠵᠧᠨᠧᠷᠢᠩ᠎ᠤᠨ ᠲᠤᠰᠬᠠᠶ ᠮᠡᠷᠭᠡᠵᠢᠯᠲᠡᠨ ᠵᠡᠷᠭᠡ 10 ᠬᠦᠮᠦᠨ ᠤᠷᠤᠯᠴᠠᠵᠤ᠂ 《ᠵᠢᠭ᠋ᠠᠨ ᠰᠤᠷᠭ᠋ᠠᠯᠲᠠ + ᠲᠤᠬᠠᠶ ᠵᠢᠨ ᠭᠠᠵᠠᠷ᠎ᠲᠤ ᠰᠢᠨᠵᠢᠯᠡᠨ ᠪᠠᠶ᠋ᠢᠴᠠᠭ᠋ᠠᠬᠤ》 ᠠᠷᠭ᠎ᠠ ᠬᠡᠯᠪᠡᠷᠢ᠎ᠪᠠᠷ 7 ᠡᠳᠦᠷ  ᠶᠠᠪᠤᠭᠳᠠᠪᠠ᠃ 


W020240902398098018849.jpg


     ᠲᠣᠰ ᠬᠤᠭᠤᠴᠠᠭ᠋ᠠᠨ᠎ᠤ ᠣᠯᠠᠨ ᠤᠯᠤᠰ᠎ᠤᠨ ᠪᠣᠯᠪᠠᠰᠤᠷᠠᠭᠤᠯᠤᠯ᠎ᠳᠤ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠣᠯᠠᠨ ᠨᠠᠷᠠᠲᠤ ᠲᠤᠰᠬᠠᠶ ᠮᠡᠷᠭᠡᠵᠢᠯᠲᠡᠨ᠎ᠢ ᠤᠷᠢᠵᠤ᠂ ᠰᠢᠨ᠎ᠡ ᠴᠢᠨᠠᠷ᠎ᠤᠨ ᠦᠢ᠍ᠯᠡᠳᠪᠦᠷᠢᠯᠡᠯ᠎ᠤᠨ ᠬᠦᠴᠦᠨ ᠵᠶ᠋ᠠᠷ ᠳᠠᠮᠵᠢᠭᠤᠯᠤᠨ ᠤᠮᠠᠷᠠᠲᠤ ᠵᠢᠨ ᠭᠤᠷᠪᠠᠨ ᠤᠷᠤᠨ᠎ᠤ ᠢᠨᠵᠧᠨᠧᠷᠢᠩ᠎ᠤᠨ ᠴᠢᠨᠠᠷ ᠰᠠᠶ᠋ᠢᠲᠠᠶ ᠪᠥᠲᠥᠭᠡᠨ ᠪᠠᠶ᠋ᠢᠭᠤᠯᠤᠯᠲᠠ᠂ ᠣᠶ ᠰᠢᠭᠤᠶ ᠨᠤᠲᠤᠭ ᠪᠡᠯᠴᠢᠭᠡᠷ᠎ᠤᠨ ᠨᠡᠭᠦᠷᠡᠰᠦᠲᠥ᠋ᠷᠥᠭᠴᠢ ᠵᠢᠨ ᠳᠠᠪᠬᠤᠷ ᠢᠰᠦᠯ᠎ᠢ ᠰᠢᠩᠭᠡᠭᠡᠨ ᠠᠪᠬᠤ ᠵᠢ ᠬᠢᠨᠠᠨ ᠬᠡᠮᠵᠢᠬᠦ ᠮᠡᠷᠭᠡᠵᠢᠯ ᠪᠠ ᠠᠷᠭ᠎ᠠ᠂ ᠲᠠᠴᠢᠷᠳᠠᠭᠰᠠᠨ ᠪᠡᠯᠴᠢᠭᠡᠷ᠎ᠢ ᠰᠡᠷᠭᠦᠭᠡᠬᠦ ᠪᠠ ᠠᠰᠢᠭᠯᠠᠬᠤ ᠮᠡᠷᠭᠡᠵᠢᠯ ᠵᠡᠷᠭᠡ ᠬᠢᠴᠢᠶᠡᠯ ᠵᠶ᠋ᠠᠷ ᠳᠠᠮᠵᠢᠨ᠂ ᠰᠤᠷᠤᠭᠴᠢᠳ᠎ᠲᠤ ᠳᠤᠮᠳᠠᠳᠤ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠭᠠᠩ ᠬᠠᠭᠤᠷᠠᠶ ᠤᠷᠤᠨ᠎ᠤ ᠤᠷᠭᠤᠮᠠᠯ᠎ᠤᠨ ᠬᠤᠴᠢᠯᠭ᠎ᠠ ᠵᠢ ᠰᠡᠷᠭᠦᠭᠡᠬᠦ ᠦᠷᠭᠦᠯᠵᠢᠯᠡᠬᠦ ᠡᠵᠡᠩᠨᠡᠯᠲᠡ ᠵᠢᠨ ᠬᠦᠷᠢᠶᠡᠨ᠎ᠳᠠᠬᠢ ᠲᠥᠷᠥ ᠵᠢᠨ ᠪᠣᠳᠣᠯᠭ᠎ᠠ ᠵᠢᠨ ᠪᠠᠲᠤᠯᠠᠭ᠎ᠠ ᠪᠠ ᠮᠡᠷᠭᠡᠵᠢᠯ᠎ᠤᠨ ᠦᠷ᠎ᠡ ᠪᠦᠲᠦᠭᠡᠯ᠎ᠢ ᠵᠢᠭ᠋ᠠᠵᠤ ᠰᠣᠯᠢᠯᠴᠠᠭᠰᠠᠨ ᠪᠥᠭᠡᠳ ᠳᠤᠮᠳᠠᠳᠤ ᠮᠣᠩᠭᠣᠯ ᠬᠣᠶᠠᠷ ᠤᠯᠤᠰ᠎ᠤᠨ ᠠᠮᠢ ᠠᠬᠤᠶ ᠵᠢᠨ ᠵᠠᠰᠠᠯᠲᠠ ᠵᠢᠨ ᠲᠠᠯ᠎ᠠ᠎ᠪᠠᠷ ᠬᠠᠮᠲᠤᠷᠠᠨ ᠠᠵᠢᠯᠯᠠᠵᠤ ᠬᠠᠮᠲᠤ᠎ᠪᠠᠷ ᠪᠥᠲᠥᠭᠡᠨ ᠪᠠᠶ᠋ᠢᠭᠤᠯᠬᠤ ᠰᠠᠭᠤᠷᠢ ᠪᠠ ᠢᠷᠡᠭᠡᠳᠦᠶ ᠵᠢ ᠰᠤᠳᠤᠯᠤᠨ ᠶᠠᠷᠢᠯᠴᠠᠪᠠ᠃


W020240902398098996636.jpg


     ᠲᠤᠬᠠᠶ ᠵᠢᠨ ᠭᠠᠵᠠᠷ᠎ᠤᠨ ᠰᠢᠨᠵᠢᠯᠡᠨ ᠪᠠᠶ᠋ᠢᠴᠠᠭ᠋ᠠᠬᠤ ᠴᠡᠭ᠎ᠨᠢ ᠭᠤᠤᠯᠳᠠᠭᠤ ᠤᠯᠠᠭ᠋ᠠᠨᠬᠠᠳᠠ ᠵᠢᠨ ᠰᠣᠩᠭᠣᠳᠠᠭ ᠬᠡᠷᠡᠭ᠎ᠤᠨ ᠵᠢᠱ᠌ᠢᠶ᠎ᠡ ᠵᠢ ᠰᠣᠩᠭᠣᠵᠤ᠂ ᠶᠡᠬᠡ ᠳᠤᠮᠳᠠ ᠠᠽᠢᠶ᠎ᠠ ᠵᠢᠨ ᠤᠷᠭᠤᠮᠠᠯ᠎ᠤᠨ ᠬᠤᠴᠢᠯᠭ᠎ᠠ ᠵᠢ ᠰᠡᠷᠭᠦᠭᠡᠬᠦ ᠬᠢᠭᠡᠳ ᠣᠶ ᠰᠢᠭᠤᠶ ᠵᠢᠨ ᠡᠬᠢ ᠪᠠᠶᠠᠯᠢᠭ᠎ᠢ ᠬᠠᠮᠢᠶᠠᠷᠴᠤ ᠠᠰᠢᠭᠯᠠᠬᠤ ᠵᠢᠱ᠌ᠢᠶ᠎ᠡ ᠦᠵᠡᠭᠦᠯᠬᠦ ᠲᠥᠷᠥᠯ ᠵᠦᠢ᠍ᠯ᠂ ᠠᠤᠬᠠᠨ ᠬᠣᠰᠢᠭᠤᠨ᠎ᠤ ᠮᠠ ᠴᠠᠩ ᠯᠢᠶᠠᠩ᠎ᠤᠨ ᠠᠮᠢ ᠠᠬᠤᠶ ᠵᠢᠨ ᠪᠥᠲᠥᠭᠡᠨ ᠪᠠᠶ᠋ᠢᠭᠤᠯᠤᠯᠲᠠ ᠵᠢ ᠶᠡᠷᠦᠩᠬᠡᠶ᠋ᠢᠯᠡᠨ ᠵᠠᠰᠠᠬᠤ ᠢᠨᠵᠧᠨᠧᠷᠢᠩ᠂ ᠸᠠᠩ ᠶᠧ ᠳ᠋ᠢᠶᠠᠨ ᠲᠤᠷᠰᠢᠯᠲᠠ ᠵᠢᠨ ᠣᠶ ᠰᠢᠭᠤᠶ ᠵᠢᠨ ᠲᠠᠯᠠᠪᠠᠶ ᠵᠢᠨ ᠣᠯᠠᠨ ᠴᠢᠳᠠᠮᠵᠢᠲᠤ ᠣᠶ ᠰᠢᠭᠤᠶ ᠵᠢᠨ ᠵᠢᠱ᠌ᠢᠶ᠎ᠡ ᠦᠵᠡᠭᠦᠯᠬᠦ ᠰᠠᠭᠤᠷᠢᠨ ᠭᠠᠵᠠᠷ᠎ᠤᠨ ᠪᠥᠲᠥᠭᠡᠨ ᠪᠠᠶ᠋ᠢᠭᠤᠯᠤᠯᠲᠠ ᠵᠢᠨ ᠵᠢᠱ᠌ᠢᠶ᠎ᠡ ᠦᠵᠡᠭᠦᠯᠬᠦ ᠲᠥᠷᠥᠯ ᠵᠦᠢ᠍ᠯ ᠵᠡᠷᠭᠡ᠎ᠪᠠᠷ ᠳᠠᠮᠵᠢᠭᠤᠯᠤᠨ ᠲᠤᠬᠠᠶ ᠵᠢᠨ ᠭᠠᠵᠠᠷ᠎ᠲᠤᠨᠢ ᠲᠠᠶ᠋ᠢᠯᠪᠤᠷᠢᠯᠠᠨ  ᠲᠠᠨᠢᠯᠴᠠᠭᠤᠯᠵᠤ᠂ ᠰᠤᠷᠤᠭᠴᠢᠳ᠎ᠲᠤ ᠳᠤᠮᠳᠠᠳᠤ ᠤᠯᠤᠰ᠎ᠤᠨ ᠥᠪᠥᠷ ᠮᠣᠩᠭᠣᠯ᠎ᠤᠨ ᠭᠠᠩ ᠬᠠᠭᠤᠷᠠᠶ ᠤᠷᠤᠨ᠎ᠤ ᠤᠷᠭᠤᠮᠠᠯ᠎ᠤᠨ ᠬᠤᠴᠢᠯᠭ᠎ᠠ ᠵᠢ ᠰᠡᠷᠭᠦᠭᠡᠭᠰᠡᠨ᠂ ᠠᠵᠤ ᠦᠢ᠍ᠯᠡᠰ᠎ᠤᠨ ᠬᠥᠭᠵᠢᠯᠲᠡ ᠵᠡᠷᠭᠡ ᠲᠠᠯ᠎ᠠ ᠵᠢᠨ ᠠᠮᠵᠢᠯᠲᠠ᠎ᠲᠠᠢ ᠨᠡᠶ᠋ᠢᠲᠡᠯᠢᠭ ᠲᠤᠷᠰᠢᠯᠭ᠎ᠠ ᠪᠠ ᠦᠷ᠎ᠡ ᠪᠦᠲᠦᠮᠵᠢ ᠵᠢ ᠪᠥᠬᠥ ᠲᠠᠯ᠎ᠠ᠎ᠪᠠᠷ ᠳᠡᠯᠭᠡᠨ ᠦᠵᠡᠭᠦᠯᠵᠡᠶ᠃


W020240902398099430974.jpg



     ᠪᠤᠯᠪᠠᠰᠤᠷᠠᠭᠤᠯᠤᠯ᠎ᠳᠤ ᠤᠷᠤᠯᠴᠠᠭᠰᠠᠳ᠎ᠤᠨ ᠲᠥᠯᠥᠭᠡᠯᠡᠭᠴᠢ ᠪᠤᠶᠠᠨᠵᠢᠷᠭ᠎ᠠ ᠰᠠᠩᠳᠣᠷᠵᠢ ᠠᠪᠤᠭ᠋ᠠᠶ ᠢᠯᠡᠷᠬᠡᠶ᠋ᠢᠯᠡᠬᠦ᠎ᠳᠡᠭᠡᠨ᠂ ᠲᠣᠰ ᠤᠳᠠᠭ᠋ᠠᠨ᠎ᠤ ᠰᠤᠷᠤᠯᠴᠠᠯᠭ᠎ᠠ᠎ᠨᠢ ᠳᠤᠮᠳᠠᠳᠤ ᠤᠯᠤᠰ᠂ ᠥᠪᠥᠷ ᠮᠣᠩᠭᠣᠯ᠎ᠤᠨ ᠡᠯ᠎ᠡ ᠱᠠᠲᠤᠨ᠎ᠤ ᠵᠠᠰᠠᠭ᠎ᠤᠨ ᠣᠷᠳᠣᠨ᠎ᠤ ᠭᠠᠩ ᠬᠠᠭᠤᠷᠠᠶ ᠤᠷᠤᠨ᠎ᠤ ᠤᠷᠭᠤᠮᠠᠯ᠎ᠤᠨ ᠬᠤᠴᠢᠯᠭ᠎ᠠ ᠵᠢ ᠰᠡᠷᠭᠦᠭᠡᠬᠦ ᠲᠠᠯ᠎ᠠ᠎ᠪᠠᠷ ᠭᠠᠷᠭ᠋ᠠᠭᠰᠠᠨ ᠯᠤᠲᠤ ᠶᠡᠬᠡ ᠴᠢᠷᠮᠠᠶ᠋ᠢᠯᠭ᠎ᠠ ᠪᠠ ᠭᠠᠷᠮᠠᠭ᠋ᠠᠶ ᠬᠤᠪᠢ ᠨᠡᠮᠡᠷᠢ ᠵᠢ ᠣᠯᠠᠨ᠎ᠳᠤ ᠣᠶ᠋ᠢᠯᠠᠭ᠋ᠠᠭᠤᠯᠤᠭᠰᠠᠨ ᠪᠥᠭᠡᠳ ᠬᠥᠮᠦᠰ᠎ᠢ ᠰᠣᠴᠢᠭ᠋ᠠᠮ᠎ᠠ ᠠᠮᠢ ᠠᠬᠤᠶ ᠵᠢᠨ ᠦᠷ᠎ᠡ ᠪᠦᠲᠦᠮᠵᠢ ᠣᠯᠵᠤ᠂ ᠨᠡᠶ᠋ᠢᠭᠡᠮ᠎ᠤᠨ ᠠᠵᠤ ᠠᠬᠤᠶ ᠵᠢᠨ ᠬᠥᠭᠵᠢᠯᠲᠡ᠎ᠳᠤ ᠢᠳᠡᠪᠬᠢᠲᠡᠶ ᠪᠥᠭᠡᠳ ᠠᠯᠤᠰ ᠬᠡᠲᠦ ᠵᠢᠨ ᠨᠥᠯᠥᠭᠡ ᠦᠵᠡᠭᠦᠯᠪᠡ᠂ ᠡᠨᠡ᠎ᠨᠢ ᠮᠣᠩᠭᠣᠯ ᠤᠯᠤᠰ᠎ᠤᠨ ᠡᠮᠦᠨᠡᠲᠦ ᠬᠡᠰᠡᠭ᠎ᠤᠨ ᠴᠦᠯᠯᠡᠷᠭᠡᠭᠵᠢᠭᠰᠡᠨ ᠣᠷᠣᠨ ᠪᠦᠰᠡ ᠵᠢ ᠶᠡᠷᠦᠩᠬᠡᠶ᠋ᠢᠯᠡᠨ ᠵᠠᠰᠠᠬᠤ ᠪᠠ ᠠᠷᠠᠳ᠎ᠤᠨ ᠠᠮᠢᠳᠤᠷᠠᠯ᠎ᠤᠨ ᠬᠥᠭᠵᠢᠯᠲᠡ ᠵᠢ ᠥᠷᠨᠢᠭᠦᠯᠬᠦ᠎ᠳᠤ ᠪᠦᠲᠦᠮᠵᠢᠲᠡᠶ ᠰᠡᠩᠬᠡᠷᠡᠭᠦᠯᠦᠯ ᠪᠠ ᠲᠤᠷᠰᠢᠯᠭ᠎ᠠ ᠬᠠᠩᠭ᠋ᠠᠭᠰᠠᠨ ᠪᠠᠶ᠋ᠢᠨ᠎ᠠ ᠭᠡᠵᠡᠶ᠃


W020240902398099677568.jpg


    ᠮᠣᠩᠭᠣᠯ ᠤᠯᠤᠰ᠎ᠤᠨ ᠡᠷᠳᠡᠨᠢᠲᠦ ᠠᠭᠤᠷᠬᠠᠶ ᠵᠢᠨ ᠦᠢ᠍ᠯᠡᠰ᠎ᠤᠨ ᠺᠣᠮᠫᠠᠨᠢ ᠪᠣᠯ ᠮᠣᠩᠭᠣᠯ ᠤᠯᠤᠰ᠎ᠤᠨ ᠤᠯᠤᠰ᠎ᠤᠨ ᠥᠮᠴᠢᠯᠡᠯᠲᠦ ᠠᠵᠤ ᠠᠬᠤᠶ᠋ᠢᠯᠠᠯ ᠪᠣᠯᠬᠤ ᠪᠥᠭᠡᠳ ᠪᠠᠰᠠ ᠠᠷᠪᠠᠨ ᠳ᠋ᠦᠩᠰᠢᠭᠤᠷ ᠰᠠᠭᠤᠷᠢ ᠮᠣᠳᠣ》 ᠵᠢᠨ ᠲᠥᠷᠥᠯ ᠵᠦᠢ᠍ᠯ᠎ᠢ ᠬᠡᠷᠡᠭᠵᠢᠭᠦᠯᠬᠦ ᠭᠤᠤᠯ ᠴᠣᠭᠴᠠ ᠪᠣᠯᠤᠨ᠎ᠠ᠃ ᠲᠣᠰ ᠤᠳᠠᠭ᠋ᠠᠨ᠎ᠤ ᠣᠯᠠᠨ ᠤᠯᠤᠰ᠎ᠤᠨ ᠪᠤᠯᠪᠠᠰᠤᠷᠠᠭᠤᠯᠤᠯ᠎ᠢ ᠤᠷᠤᠭᠰᠢᠲᠠᠶ ᠡᠷᠭᠢᠯᠡᠭᠰᠡᠨ᠎ᠨᠢ ᠶᠡᠷᠦᠩᠬᠡᠶ ᠱᠦᠵᠢ ᠰᠢ ᠵᠢᠨ ᠫᠢᠩ᠎ᠤᠨ ᠳᠤᠷᠠᠳᠤᠭᠰᠠᠨ 《ᠨᠢᠭᠡ ᠪᠦᠰᠡ ᠨᠢᠭᠡ ᠵᠠᠮ》᠎ᠤᠨ ᠰᠠᠨᠠᠭ᠋ᠠᠴᠢᠯᠠᠭ᠎ᠠ ᠵᠢ ᠠᠬᠢᠭᠤᠯᠤᠨ ᠨᠠᠶ᠋ᠢᠳᠠᠪᠤᠷᠢᠵᠢᠭᠤᠯᠵᠤ᠂ ᠮᠣᠩᠭᠣᠯ ᠤᠯᠤᠰ᠎ᠤᠨ 《ᠠᠷᠪᠠᠨ ᠳ᠋ᠦᠩᠰᠢᠭᠤᠷ ᠮᠣᠳᠣ ᠳᠠᠷᠢᠬᠤ》 ᠲᠥᠯᠥᠪᠯᠡᠭᠡ ᠵᠢ ᠳᠡᠮᠵᠢᠬᠦ᠎ᠳᠤ ᠢᠳᠡᠪᠬᠢᠲᠡᠶ ᠠᠴᠢ ᠬᠣᠯᠪᠣᠭᠳᠠᠯ᠎ᠲᠠᠢ ᠶᠤᠮ᠃ ᠮᠣᠩᠭᠣᠯ ᠤᠯᠤᠰ᠎ᠤᠨ ᠣᠲᠣ ᠣᠷᠣᠰᠢᠵᠤ ᠪᠠᠶ᠋ᠢᠭ᠎ᠠ ᠠᠮᠢ ᠠᠬᠤᠶ ᠵᠢᠨ ᠣᠷᠴᠢᠨ ᠨᠥᠬᠥᠴᠡᠯ ᠪᠠ ᠵᠠᠰᠠᠯᠲᠠ ᠵᠢᠨ ᠪᠡᠷᠬᠡ ᠰᠡᠳᠦᠪ᠎ᠢ ᠠᠩᠬ᠎ᠠ ᠠᠯᠬᠤᠮ ᠣᠶ᠋ᠢᠯᠠᠭ᠋ᠠᠵᠤ᠂ ᠮᠠᠨ᠎ᠤ ᠤᠯᠤᠰ ᠬᠢᠭᠡᠳ ᠮᠣᠩᠭᠣᠯ ᠤᠯᠤᠰ᠎ᠯᠤᠭ᠎ᠠ ᠵᠢᠨ ᠴᠦᠯᠯᠡᠷᠭᠡᠭᠵᠢᠯ᠎ᠢ ᠶᠡᠷᠦᠩᠬᠡᠶ᠋ᠢᠯᠡᠨ ᠵᠠᠰᠠᠬᠤ᠂ ᠠᠮᠢ ᠠᠬᠤᠶ ᠵᠢᠨ ᠠᠵᠤ ᠦᠢ᠍ᠯᠡᠰ᠎ᠤᠨ ᠬᠥᠭᠵᠢᠯᠲᠡ ᠵᠡᠷᠭᠡ ᠬᠦᠷᠢᠶᠡᠨ᠎ᠳᠠᠬᠢ ᠰᠣᠯᠢᠯᠴᠠᠭ᠎ᠠ ᠬᠠᠮᠲᠤᠷᠠᠯᠴᠠᠭ᠎ᠠ ᠵᠢ ᠤᠯᠠᠮ ᠨᠢᠭᠡ ᠠᠯᠬᠤᠮ ᠴᠢᠩᠭ᠋ᠠᠳᠬᠠᠬᠤ᠎ᠳᠤ ᠰᠠᠶ᠋ᠢᠨ ᠰᠠᠭᠤᠷᠢ ᠲᠠᠯᠪᠢᠵᠤ ᠥᠭᠪᠡ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠤᠢ ᠰᠢᠭᠤᠢ ᠪᠠ ᠨᠤᠳᠤᠭ ᠪᠡᠯᠴᠢᠭᠡᠷ᠎ᠤᠨ ᠲᠤᠪᠴᠢᠶ᠎ᠠ
          
ᠬᠠᠮᠢᠶ᠎ᠡ ᠪᠦᠬᠦᠢ ᠰᠣᠨᠢᠨ
10 ᠳ᠋ᠤᠭ᠋ᠠᠷ ᠰᠠᠷ᠎ᠠ ᠵᠢᠨ 24᠎ᠤ ᠡᠳᠦᠷ ᠥᠪᠡᠷᠲᠡᠭᠡᠨ ᠵᠠᠰᠠᠬᠤ ᠣᠷᠣᠨ᠎ᠤ ᠵᠢᠷᠭᠤᠭ᠋ᠠᠨ ᠰᠠᠯᠠᠭ᠎ᠠ ᠮᠥᠴᠢᠷ ᠬᠡᠷᠡᠭᠵᠢᠭᠦᠯᠬᠦ ᠨᠠᠷᠢᠨ ᠳᠦᠷᠢᠮ᠎ᠢ ᠨᠡᠶ᠋ᠢᠲᠡᠯᠡᠵᠦ ᠡᠯ᠎ᠡ ᠲᠠᠯ᠎ᠠ ᠵᠢᠨ᠎ᠬᠢᠨ᠎ᠤ ᠢᠳᠡᠪᠬᠢᠵᠢᠯ᠎ᠢ ᠳᠠᠶ᠋ᠢᠴᠢᠯᠠᠵᠤ ᠬᠦᠴᠦ᠎ᠪᠠᠨ ᠬᠠᠮᠳᠤᠳᠬᠠᠨ 《ᠤᠮᠠᠷᠠᠲᠦ ᠵᠢᠨ ᠭᠤᠷᠪᠠᠨ ᠤᠷᠤᠨ》᠎ᠤ ᠢᠨᠵᠧᠨᠧᠷᠢᠩ᠎ᠤᠨ ᠪᠣᠭᠤᠮᠲᠠ ᠰᠢᠪᠲᠤᠯᠬᠤ ᠳᠠᠶ᠋ᠢᠯᠠᠯᠳᠤᠭ᠋ᠠᠨ᠎ᠢ ᠰᠠᠶ᠋ᠢᠲᠤᠷ ᠬᠢᠬᠦ᠎ᠪᠠᠷ ᠪᠠᠶ᠋ᠢᠨ᠎ᠠ
ᠪᠦᠬᠦ ᠣᠷᠣᠨ᠎ᠳᠤ ᠡᠯᠡᠰᠦᠷᠬᠡᠭᠵᠢᠯ᠎ᠢ ᠰᠡᠷᠭᠡᠶ᠋ᠢᠯᠡᠨ ᠡᠯᠡᠰᠦ ᠵᠢ ᠵᠠᠰᠠᠬᠤ ᠪᠠ ᠰᠠᠯᠬᠢᠨ ᠬᠦᠴᠦᠨ᠎ᠤ ᠴᠠᠬᠢᠯᠭ᠋ᠠᠨ ᠭᠡᠷᠡᠯᠴᠢ ᠴᠡᠨᠡᠭ᠎ᠢ ᠨᠢᠭᠡ ᠴᠣᠭᠴᠠᠵᠢᠭᠤᠯᠬᠤ ᠢᠨᠵᠧᠨᠧᠷᠢᠩ ᠵᠶ᠋ᠠᠷ ᠡᠯᠡᠰᠦᠷᠬᠡᠭᠵᠢᠭᠰᠡᠨ ᠭᠠᠵᠠᠷ᠎ᠢ ᠵᠠᠰᠠᠬᠤ ᠡᠭᠦᠷᠭᠡ᠎ᠪᠠᠨ 237.58 ᠲᠦᠮᠡᠨ ᠮᠦ᠍ ᠪᠡᠶᠡᠯᠡᠭᠦᠯᠵᠡᠢ
ᠮᠠᠨ᠎ᠤ ᠤᠷᠤᠨ᠎ᠤ ᠣᠶ ᠰᠢᠭᠤᠶ ᠪᠠ ᠨᠤᠲᠤᠭ ᠪᠡᠯᠴᠢᠭᠡᠷ ᠨᠤᠭᠤ ᠭᠠᠵᠠᠷ᠎ᠤᠨ ᠨᠡᠶ᠋ᠢᠳᠡᠮ ᠪᠠᠶ᠋ᠢᠴᠠᠭ᠋ᠠᠯᠲᠠ ᠵᠢᠨ ᠥᠯᠢᠭᠡᠷ ᠠᠪᠬᠤ ᠠᠵᠢᠯ᠎ᠤᠨ ᠲᠤᠭ᠎ᠠ ᠬᠡᠮᠵᠢᠶ᠎ᠡ ᠪᠥᠬᠦ ᠤᠯᠤᠰ᠎ᠲᠤ ᠲᠡᠷᠢᠭᠦᠯᠡᠪᠡ
ᠰᠢ ᠵᠢᠨ ᠫᠢᠩ ᠨᠸᠫᠠᠯ᠎ᠤᠨ ᠶᠡᠷᠦᠩᠬᠡᠢ ᠰᠠᠶ᠋ᠢᠳ ᠤᠤᠯᠢ᠎ᠲᠠᠢ ᠠᠭᠤᠯᠵᠠᠪᠠ
 
             蒙ICP备05000248号