12 ᠰᠠᠷ᠎ᠠ ᠵᠢᠨ 31᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠱᠦᠵᠢ ᠰᠦᠨ ᠱᠤᠤ ᠴᠧᠩ ᠥᠪᠡᠷᠲᠡᠭᠡᠨ ᠵᠠᠰᠠᠬᠤ ᠣᠷᠣᠨ᠎ᠤ ᠣᠶ ᠰᠢᠭᠤᠢ ᠨᠤᠲᠤᠭ ᠪᠡᠯᠴᠢᠭᠡᠷ᠎ᠤᠨ ᠲᠣᠪᠴᠢᠶ᠎ᠠ᠎ᠳᠤ ᠬᠦᠷᠴᠦ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠠᠷᠪᠠᠨ ᠨᠢᠭᠡᠳᠦᠭᠡᠷ ᠬᠤᠭᠤᠴᠠᠭ᠋ᠠᠨ᠎ᠤ ᠶᠢᠰᠦᠳᠦᠭᠡᠷ ᠪᠦᠭᠦᠳᠡ ᠬᠤᠷᠠᠯ ᠵᠢᠴᠢ ᠪᠦᠭᠦ ᠣᠷᠣᠨ᠎ᠤ ᠠᠵᠤ ᠠᠬᠤᠢ ᠵᠢᠨ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ ᠵᠢ ᠨᠠᠶ᠋ᠢᠳᠠᠪᠤᠷᠢᠵᠢᠭᠤᠯᠬᠤ ᠵᠢ ᠠᠬᠢᠭᠤᠯᠬᠤ᠂ 《ᠤᠮᠠᠷᠠᠲᠤ ᠵᠢᠨ ᠭᠤᠷᠪᠠᠨ ᠣᠷᠣᠨ》᠎ᠤ ᠢᠨᠵᠧᠨᠧᠷᠢᠩ᠎ᠤᠨ ᠪᠣᠭᠤᠮᠲᠠ ᠰᠢᠪᠲᠤᠯᠬᠤ ᠳᠠᠶ᠋ᠢᠯᠠᠯᠳᠤᠭ᠋ᠠᠨ᠎ᠢ ᠤᠯᠠᠮ ᠨᠢᠭᠡ ᠠᠯᠬᠤᠮ ᠰᠠᠶ᠋ᠢᠲᠤᠷ ᠬᠢᠬᠦ ᠵᠢᠨ ᠲᠣᠭᠤᠷᠢᠨ᠎ᠳᠤ ᠪᠠᠶ᠋ᠢᠴᠠᠭ᠋ᠠᠨ ᠰᠤᠳᠤᠯᠤᠯᠲᠠ ᠬᠢᠭᠰᠡᠨ ᠪᠥᠭᠡᠳ ᠶᠠᠷᠢᠯᠴᠠᠬᠤ ᠬᠤᠷᠠᠯ᠎ᠢ ᠡᠷᠭᠢᠯᠡᠨ ᠬᠤᠷᠠᠯᠳᠤᠭᠤᠯᠪᠠ᠃

12 ᠰᠠᠷ᠎ᠠ ᠵᠢᠨ 31᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠱᠦᠵᠢ ᠰᠦᠨ ᠱᠤᠤ ᠴᠧᠩ ᠤᠢ ᠰᠢᠭᠤᠢ ᠵᠢᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ᠎ᠤᠨ ᠡᠯᠡᠰᠦᠷᠬᠡᠭ ᠭᠠᠵᠠᠷ᠎ᠤᠨ ᠠᠮᠢᠳᠤ ᠪᠣᠳᠠᠰ᠎ᠤᠨ ᠡᠬᠢ ᠪᠠᠶᠠᠯᠢᠭ᠎ᠢ ᠬᠠᠮᠠᠭ᠋ᠠᠯᠠᠬᠤ ᠪᠠ ᠪᠣᠶ᠋ᠢᠵᠢᠭᠤᠯᠬᠤ ᠤᠯᠤᠰ᠎ᠤᠨ ᠤᠢ ᠰᠢᠭᠤᠢ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠭᠤᠣᠯᠳᠠᠯᠭ᠎ᠠ᠎ᠲᠠᠢ ᠲᠤᠷᠰᠢᠯᠲᠠ ᠵᠢᠨ ᠲᠠᠰᠤᠭ᠎ᠲᠤ ᠬᠦᠷᠴᠦ᠂ ᠡᠯᠡᠰᠦᠷᠬᠡᠭᠵᠢᠯ᠎ᠢ ᠰᠡᠷᠭᠡᠶ᠋ᠢᠯᠡᠨ ᠡᠯᠡᠰᠦ ᠵᠢ ᠵᠠᠰᠠᠬᠤ ᠮᠡᠷᠭᠡᠵᠢᠯ᠎ᠤᠨ ᠰᠤᠳᠤᠯᠭ᠋ᠠᠨ᠂ ᠡᠯᠡᠰᠦᠷᠬᠡᠭᠵᠢᠭᠰᠡᠨ ᠭᠠᠵᠠᠷ ᠰᠢᠷᠣᠢ ᠵᠢ ᠶᠡᠷᠦᠩᠬᠡᠶ᠋ᠢᠯᠡᠨ ᠵᠠᠰᠠᠬᠤ᠂ ᠤᠢ ᠰᠢᠭᠤᠢ ᠨᠤᠲᠤᠭ ᠪᠡᠯᠴᠢᠭᠡᠷ᠎ᠤᠨ ᠪᠦᠲᠦᠭᠡᠭᠳᠡᠬᠦᠨ᠎ᠤ ᠰᠤᠳᠤᠯᠭ᠋ᠠᠨ ᠵᠢᠴᠢ ᠦᠷ᠎ᠡ ᠪᠦᠲᠦᠭᠡᠯ᠎ᠢ ᠣᠨᠳᠣᠣᠰᠢᠭᠤᠯᠬᠤ ᠵᠡᠷᠭᠡ ᠪᠠᠶ᠋ᠢᠳᠠᠯ᠎ᠢ ᠨᠠᠷᠢᠨ ᠣᠶ᠋ᠢᠯᠠᠭ᠋ᠠᠵᠤ᠂ ᠵᠠᠷᠢᠮ ᠬᠠᠯᠠᠮᠵᠢᠯᠠᠨ ᠠᠩᠬᠠᠷᠴᠤ ᠪᠠᠶ᠋ᠢᠭ᠎ᠠ ᠶᠠᠪᠤᠳᠠᠯ᠎ᠤᠨ ᠲᠤᠬᠠᠢ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠠᠵᠢᠯᠲᠠᠳ᠎ᠲᠠᠢ ᠭᠦᠨᠵᠡᠭᠡᠢ ᠰᠣᠯᠢᠯᠴᠠᠪᠠ᠃
ᠰᠤᠷᠪᠤᠯᠵᠢᠯᠠᠬ᠍ᠴᠢ ᠮᠠ ᠵᠢᠶᠠᠨ ᠪᠢᠩ ᠰᠡᠭᠦᠳᠡᠷᠯᠡᠪᠡ
ᠰᠦᠨ ᠱᠤᠤ ᠴᠧᠩ ᠤᠢ ᠰᠢᠭᠤᠢ ᠵᠢᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ᠎ᠤᠨ ᠡᠯᠡᠰᠦᠷᠬᠡᠭ ᠭᠠᠵᠠᠷ᠎ᠤᠨ ᠠᠮᠢᠳᠤ ᠪᠣᠳᠠᠰ᠎ᠤᠨ ᠡᠬᠢ ᠪᠠᠶᠠᠯᠢᠭ᠎ᠢ ᠬᠠᠮᠠᠭ᠋ᠠᠯᠠᠬᠤ ᠪᠠ ᠪᠣᠶ᠋ᠢᠵᠢᠭᠤᠯᠬᠤ ᠤᠯᠤᠰ᠎ᠤᠨ ᠤᠢ ᠰᠢᠭᠤᠢ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠭᠤᠣᠯᠳᠠᠯᠭ᠎ᠠ᠎ᠲᠠᠢ ᠲᠤᠷᠰᠢᠯᠲᠠ ᠵᠢᠨ ᠲᠠᠰᠤᠭ᠎ᠲᠤ ᠬᠦᠷᠴᠦ᠂ ᠡᠯᠡᠰᠦᠷᠬᠡᠭᠵᠢᠯ᠎ᠢ ᠰᠡᠷᠭᠡᠶ᠋ᠢᠯᠡᠨ ᠡᠯᠡᠰᠦ ᠵᠢ ᠵᠠᠰᠠᠬᠤ ᠮᠡᠷᠭᠡᠵᠢᠯ᠎ᠤᠨ ᠰᠤᠳᠤᠯᠭ᠋ᠠᠨ᠂ ᠡᠯᠡᠰᠦᠷᠬᠡᠭᠵᠢᠭᠰᠡᠨ ᠭᠠᠵᠠᠷ ᠰᠢᠷᠣᠢ ᠵᠢ ᠶᠡᠷᠦᠩᠬᠡᠶ᠋ᠢᠯᠡᠨ ᠵᠠᠰᠠᠬᠤ᠂ ᠤᠢ ᠰᠢᠭᠤᠢ ᠨᠤᠲᠤᠭ ᠪᠡᠯᠴᠢᠭᠡᠷ᠎ᠤᠨ ᠪᠦᠲᠦᠭᠡᠭᠳᠡᠬᠦᠨ᠎ᠤ ᠰᠤᠳᠤᠯᠭ᠋ᠠᠨ ᠵᠢᠴᠢ ᠦᠷ᠎ᠡ ᠪᠦᠲᠦᠭᠡᠯ᠎ᠢ ᠣᠨᠳᠣᠣᠰᠢᠭᠤᠯᠬᠤ ᠵᠡᠷᠭᠡ ᠪᠠᠶ᠋ᠢᠳᠠᠯ᠎ᠢ ᠨᠠᠷᠢᠨ ᠣᠶ᠋ᠢᠯᠠᠭ᠋ᠠᠵᠤ᠂ ᠵᠠᠷᠢᠮ ᠬᠠᠯᠠᠮᠵᠢᠯᠠᠨ ᠠᠩᠬᠠᠷᠴᠤ ᠪᠠᠶ᠋ᠢᠭ᠎ᠠ ᠶᠠᠪᠤᠳᠠᠯ᠎ᠤᠨ ᠲᠤᠬᠠᠢ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠠᠵᠢᠯᠲᠠᠳ᠎ᠲᠠᠢ ᠭᠦᠨᠵᠡᠭᠡᠢ ᠰᠣᠯᠢᠯᠴᠠᠪᠠ᠃

12 ᠰᠠᠷ᠎ᠠ ᠵᠢᠨ 31᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠱᠦᠵᠢ ᠰᠦᠨ ᠱᠤᠤ ᠴᠧᠩ ᠥᠪᠡᠷᠲᠡᠭᠡᠨ ᠵᠠᠰᠠᠬᠤ ᠣᠷᠣᠨ᠎ᠤ ᠣᠶ ᠰᠢᠭᠤᠢ ᠨᠤᠲᠤᠭ ᠪᠡᠯᠴᠢᠭᠡᠷ᠎ᠤᠨ ᠲᠣᠪᠴᠢᠶ᠎ᠠ ᠬᠦᠷᠴᠦ᠂ ᠥᠪᠡᠷᠲᠡᠭᠡᠨ ᠵᠠᠰᠠᠬᠤ ᠣᠷᠣᠨ᠎ᠤ ᠣᠶ ᠰᠢᠭᠤᠢ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠠᠵᠢᠯ᠎ᠤᠨ ᠪᠠᠶ᠋ᠢᠳᠠᠯ᠎ᠤᠨ ᠬᠠᠷᠢᠭᠤ ᠮᠡᠳᠡᠭᠦᠯᠦᠯᠲᠡ ᠵᠢ ᠰᠣᠨᠣᠰᠪᠠ᠃
ᠰᠤᠷᠪᠤᠯᠵᠢᠯᠠᠬ᠍ᠴᠢ ᠮᠠ ᠵᠢᠶᠠᠨ ᠪᠢᠩ ᠰᠡᠭᠦᠳᠡᠷᠯᠡᠪᠡ
ᠥᠪᠡᠷᠲᠡᠭᠡᠨ ᠵᠠᠰᠠᠬᠤ ᠣᠷᠣᠨ᠎ᠤ ᠣᠶ ᠰᠢᠭᠤᠢ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠠᠵᠢᠯ᠎ᠤᠨ ᠪᠠᠶ᠋ᠢᠳᠠᠯ᠎ᠤᠨ ᠬᠠᠷᠢᠭᠤ ᠮᠡᠳᠡᠭᠦᠯᠦᠯᠲᠡ ᠵᠢ ᠰᠣᠨᠣᠰᠤᠭᠰᠠᠨ᠎ᠤ ᠳᠠᠷᠠᠭ᠎ᠠ᠂ ᠰᠦᠨ ᠱᠤᠤ ᠴᠧᠩ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠲᠣᠭᠲᠠᠭ᠋ᠠᠭᠰᠠᠨ 《ᠨᠢᠭᠡ ᠭᠤᠣᠯ ᠰᠢᠵᠢᠮ》᠂ 《ᠬᠤᠶᠠᠷ ᠶᠡᠭᠡ ᠶᠠᠪᠤᠳᠠᠯ》᠂ 《ᠲᠠᠪᠤᠨ ᠶᠡᠭᠡ ᠡᠭᠦᠷᠭᠡ》᠂ 《ᠵᠢᠷᠭᠤᠭ᠋ᠠᠨ ᠢᠨᠵᠧᠨᠧᠷᠢᠩ》᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠠᠷᠪᠠᠨ ᠨᠢᠭᠡᠳᠦᠭᠡᠷ ᠬᠤᠭᠤᠴᠠᠭ᠋ᠠᠨ᠎ᠤ ᠶᠢᠰᠦᠳᠦᠭᠡᠷ ᠪᠦᠭᠦᠳᠡ ᠬᠤᠷᠠᠯ ᠵᠢᠴᠢ ᠪᠦᠭᠦ ᠣᠷᠣᠨ᠎ᠤ ᠠᠵᠤ ᠠᠬᠤᠢ ᠵᠢᠨ ᠠᠵᠢᠯ᠎ᠤᠨ ᠬᠤᠷᠠᠯ᠎ᠠᠴᠠ ᠳᠤᠷᠠᠳᠤᠭᠰᠠᠨ 《ᠵᠢᠷᠭᠤᠭ᠋ᠠᠨ ᠠᠵᠢᠯᠯᠠᠭ᠎ᠠ》 ᠵᠡᠷᠭᠡ᠎ᠨᠢ ᠴᠥᠮ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠤᠯ᠎ᠤᠨ ᠲᠤᠬᠠᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠪᠣᠳᠠᠲᠠᠢ ᠰᠡᠳᠬᠢᠴᠡ ᠪᠠ ᠲᠣᠬᠢᠷᠠᠭᠤᠯᠤᠯᠲᠠ ᠪᠠᠶ᠋ᠢᠷᠢᠯᠠᠭᠤᠯᠤᠯᠲᠠ ᠪᠣᠯᠣᠨ᠎ᠠ᠂ ᠪᠢᠳᠡ ᠡᠷᠬᠡᠪᠰᠢ ᠠᠵᠢᠯ ᠵᠶ᠋ᠠᠨ ᠲᠡᠷᠢᠭᠦᠨ᠎ᠳᠤ ᠲᠠᠯᠪᠢᠵᠤ᠂ ᠴᠤᠴᠠᠯᠲᠠ ᠦᠭᠡᠢ ᠠᠳᠬᠤᠵᠤ᠂ ᠰᠡᠳᠬᠢᠴᠡ᠎ᠪᠠᠨ ᠪᠣᠳᠠᠲᠤ ᠠᠵᠢᠯᠯᠠᠭ᠎ᠠ ᠪᠠ ᠠᠵᠢᠯ᠎ᠤᠨ ᠦᠷ᠎ᠡ ᠪᠦᠲᠦᠮᠵᠢ ᠪᠣᠯᠭ᠋ᠠᠨ ᠬᠤᠪᠢᠷᠠᠭᠤᠯᠬᠤ᠎ᠪᠠᠷ ᠴᠢᠷᠮᠠᠶ᠋ᠢᠬᠤ ᠬᠡᠷᠡᠭᠲᠡᠢ ᠭᠡᠵᠦ ᠬᠡᠯᠡᠪᠡ᠃
ᠰᠦᠨ ᠱᠤᠤ ᠴᠧᠩ᠂ 《ᠵᠢᠷᠭᠤᠭ᠋ᠠᠨ ᠠᠵᠢᠯᠯᠠᠭ᠎ᠠ》᠎ᠨᠢ ᠰᠢᠰᠲ᠋ᠧᠮ ᠨᠢᠭᠡ ᠪᠦᠷᠢ᠂ ᠠᠵᠢᠯ ᠳᠦᠷᠦᠯ ᠨᠢᠭᠡ ᠪᠦᠷᠢ᠎ᠲᠠᠢ ᠨᠢᠭᠲᠠ ᠬᠤᠯᠪᠤᠭ᠎ᠠ᠎ᠲᠠᠢ ᠶᠤᠮ᠂ ᠡᠯ᠎ᠡ ᠰᠠᠯᠠᠭ᠎ᠠ ᠮᠥᠴᠢᠷ ᠡᠯ᠎ᠡ ᠰᠢᠰᠲ᠋ᠧᠮ ᠡᠯ᠎ᠡ ᠨᠢᠭᠡᠴᠢ ᠵᠢᠨ᠎ᠬᠢᠨ ᠳᠦᠷᠦᠯ ᠵᠦᠢ᠍ᠯ᠎ᠢ ᠵᠢᠷᠤᠵᠤ ᠲᠥᠯᠥᠪᠯᠡᠬᠦ᠂ ᠠᠵᠢᠯ ᠪᠠᠶ᠋ᠢᠷᠢᠯᠠᠭᠤᠯᠬᠤ᠎ᠳᠠᠭᠠᠨ ᠪᠦᠷ ᠰᠠᠨᠠᠭ᠋ᠠᠴᠢᠯᠠᠭ᠎ᠠ᠎ᠠᠴᠠ᠎ᠪᠠᠨ ᠡᠭᠦᠷᠭᠡ ᠡᠭᠦᠷᠭᠡᠯᠡᠵᠦ᠂ ᠪᠤᠰᠤᠳ ᠰᠠᠯᠠᠭ᠎ᠠ ᠮᠥᠴᠢᠷ᠎ᠯᠦᠭᠡ ᠢᠳᠡᠪᠬᠢᠲᠡᠢ ᠬᠠᠮᠵᠢᠯᠴᠠᠨ ᠠᠵᠢᠯ ᠵᠶ᠋ᠠᠨ ᠰᠠᠶ᠋ᠢᠲᠤᠷ ᠬᠢᠵᠦ᠂ 《ᠵᠢᠷᠭᠤᠭ᠋ᠠᠨ ᠠᠵᠢᠯᠯᠠᠭ᠎ᠠ》 ᠵᠢ ᠨᠠᠶ᠋ᠢᠳᠠᠪᠤᠷᠢᠵᠢᠭᠤᠯᠬᠤ ᠬᠠᠮᠲᠤᠷᠠᠯ ᠬᠦᠴᠦᠨ᠎ᠢ ᠪᠦᠷᠢᠯᠳᠦᠭᠦᠯᠬᠦ ᠬᠡᠷᠡᠭᠲᠡᠢ᠃ ᠵᠠᠬ᠎ᠠ ᠳᠡᠯᠭᠡᠭᠦᠷ᠎ᠤᠨ ᠤᠬᠠᠮᠰᠠᠷ ᠵᠶ᠋ᠠᠨ ᠴᠢᠩᠭ᠋ᠠᠳᠬᠠᠵᠤ᠂ ᠪᠦᠲᠦᠮᠵᠢᠲᠡᠶ ᠵᠠᠬ᠎ᠠ ᠳᠡᠯᠭᠡᠭᠦᠷ ᠪᠣᠯᠣᠨ ᠵᠢᠳᠬᠦᠯ ᠴᠢᠷᠮᠠᠶ᠋ᠢᠯᠭ᠎ᠠ᠎ᠲᠠᠢ ᠵᠠᠰᠠᠭ᠎ᠤᠨ ᠣᠷᠳᠣᠨ᠎ᠤ ᠬᠠᠷᠢᠴᠠᠭ᠎ᠠ ᠵᠢ ᠰᠠᠶ᠋ᠢᠲᠤᠷ ᠨᠢᠭᠡᠳᠦᠯᠲᠡᠢ ᠲᠥᠯᠥᠪᠵᠢᠭᠦᠯᠵᠦ᠂ 《ᠵᠢᠷᠭᠤᠭ᠋ᠠᠨ ᠠᠵᠢᠯᠯᠠᠭ᠎ᠠ》 ᠵᠢ ᠬᠡᠷᠡᠭᠵᠢᠭᠦᠯᠬᠦ ᠶᠠᠪᠤᠴᠠ᠎ᠳᠤ ᠵᠠᠬ᠎ᠠ ᠳᠡᠯᠭᠡᠭᠦᠷᠴᠢᠯᠡᠭᠰᠡᠨ ᠠᠷᠭ᠎ᠠ ᠪᠠᠷᠢᠯ᠎ᠢ ᠬᠡᠷᠡᠭᠵᠢᠭᠦᠯᠵᠦ ᠲᠠᠶ᠋ᠢᠯᠭᠦ ᠵᠢ᠎ᠨᠢ ᠵᠠᠪᠠᠯ ᠭᠦᠢ᠍ᠴᠡᠳ ᠬᠡᠷᠡᠭᠯᠡᠵᠦ᠂ ᠡᠯ᠎ᠡ ᠵᠦᠢ᠍ᠯ᠎ᠤᠨ ᠠᠵᠢᠯ᠎ᠤᠨ ᠦᠷ᠎ᠡ ᠪᠦᠲᠦᠮᠵᠢ ᠵᠢ ᠲᠠᠰᠤᠷᠠᠯᠲᠠ ᠦᠭᠡᠢ ᠳᠡᠭᠡᠭᠰᠢᠯᠡᠭᠦᠯᠭᠦ ᠬᠡᠷᠡᠭᠲᠡᠢ ᠭᠡᠵᠦ ᠬᠡᠯᠡᠪᠡ᠃
ᠰᠦᠨ ᠱᠤᠤ ᠴᠧᠩ᠂ ᠡᠨᠡ ᠵᠢᠯ ᠮᠠᠨ᠎ᠤ ᠣᠷᠣᠨ᠎ᠤ ᠡᠯᠡᠰᠦᠷᠬᠡᠭᠵᠢᠯ᠎ᠢ ᠰᠡᠷᠭᠡᠶ᠋ᠢᠯᠡᠨ ᠡᠯᠡᠰᠦ ᠵᠢ ᠵᠠᠰᠠᠬᠤ ᠠᠵᠢᠯ ᠢᠯᠡᠳᠲᠡ ᠦᠷ᠎ᠡ ᠪᠦᠲᠦᠮᠵᠢ ᠣᠯᠪᠠ᠂ ᠪᠦᠭᠦ ᠣᠷᠣᠨ᠎ᠤ ᠤᠢ ᠰᠢᠭᠤᠢ ᠨᠤᠲᠤᠭ ᠪᠡᠯᠴᠢᠭᠡᠷ᠎ᠤᠨ ᠰᠢᠰᠲ᠋ᠧᠮ᠎ᠤᠨ ᠠᠵᠢᠯ᠎ᠢ ᠭᠦᠢ᠍ᠴᠡᠳ ᠨᠤᠲᠠᠯᠠᠭᠤᠰᠢᠲᠠᠢ ᠶᠤᠮ ᠭᠡᠪᠡ᠃ ᠲᠡᠷᠡ ᠡᠯ᠎ᠡ ᠱᠠᠲᠤᠨ᠎ᠤ ᠤᠢ ᠰᠢᠭᠤᠢ ᠨᠤᠲᠤᠭ ᠪᠡᠯᠴᠢᠭᠡᠷ᠎ᠤᠨ ᠰᠠᠯᠠᠭ᠎ᠠ ᠮᠥᠴᠢᠷ᠎ᠤᠨ᠎ᠬᠢᠨ ᠴᠢᠷᠮᠠᠶ᠋ᠢᠭᠰᠠᠨ ᠳᠡᠭᠡᠷ᠎ᠡ᠎ᠪᠠᠨ ᠴᠢᠷᠮᠠᠶ᠋ᠢᠵᠤ᠂ 《ᠤᠮᠠᠷᠠᠲᠤ ᠵᠢᠨ ᠭᠤᠷᠪᠠᠨ ᠣᠷᠣᠨ》᠎ᠤ ᠢᠨᠵᠧᠨᠧᠷᠢᠩ᠎ᠤᠨ ᠪᠣᠭᠤᠮᠲᠠ ᠰᠢᠪᠲᠤᠯᠬᠤ ᠳᠠᠶ᠋ᠢᠯᠠᠯᠳᠤᠭ᠋ᠠᠨ᠎ᠢ ᠦᠷᠭᠦᠯᠵᠢᠯᠡᠨ ᠰᠠᠶ᠋ᠢᠲᠤᠷ ᠬᠢᠬᠦ ᠬᠡᠷᠡᠭᠲᠡᠢ᠃ ᠨᠢᠭᠡᠨᠲᠡ ᠪᠠᠶ᠋ᠢᠭᠤᠯᠤᠭᠰᠠᠨ ᠲᠥᠷᠥᠯ ᠵᠦᠢ᠍ᠯ᠎ᠤᠨ ᠰᠡᠭᠦᠯᠴᠢ ᠵᠢᠨ ᠬᠤᠭᠤᠴᠠᠭ᠋ᠠᠨ᠎ᠤ ᠬᠠᠮᠢᠶᠠᠷᠤᠯᠲᠠ ᠬᠠᠮᠠᠭ᠋ᠠᠯᠠᠯᠲᠠ ᠵᠢ ᠴᠢᠩᠭ᠋ᠠᠳᠬᠠᠵᠤ᠂ ᠣᠶ ᠰᠢᠭᠤᠢ ᠨᠤᠲᠤᠭ ᠪᠡᠯᠴᠢᠭᠡᠷ᠎ᠤᠨ ᠡᠳᠡᠭᠡᠷᠡᠯᠲᠡ ᠵᠢᠨ ᠨᠣᠷᠮ᠎ᠠ ᠵᠢ ᠦᠨᠡᠨ ᠬᠦ᠌ ᠳᠡᠭᠡᠭᠰᠢᠯᠡᠭᠦᠯᠵᠦ᠂ ᠠᠮᠢ ᠠᠬᠤᠢ ᠵᠢᠨ ᠪᠦᠲᠦᠭᠡᠨ ᠪᠠᠶ᠋ᠢᠭᠤᠯᠤᠯᠲᠠ ᠵᠢᠨ ᠦᠷ᠎ᠡ ᠪᠦᠲᠦᠭᠡᠯ᠎ᠢ ᠰᠠᠶ᠋ᠢᠲᠤᠷ ᠪᠠᠬᠢᠵᠢᠭᠦᠯᠬᠦ ᠬᠡᠷᠡᠭᠲᠡᠢ᠃ ᠲᠤᠬᠠᠢ ᠵᠢᠨ ᠭᠠᠵᠠᠷ᠎ᠠᠴᠠ᠎ᠪᠠᠨ ᠮᠠᠲ᠋ᠧᠷᠢᠶᠠᠯ ᠠᠪᠴᠤ ᠡᠯᠡᠰᠦ ᠵᠢ ᠵᠠᠰᠠᠬᠤ ᠥᠪᠡᠷ᠎ᠤᠨ ᠥᠷᠲᠡᠭ᠎ᠢ ᠠᠷᠪᠢᠯᠠᠬᠤ ᠵᠢ ᠪᠠᠷᠢᠮᠲᠠᠯᠠᠵᠤ᠂ ᠮᠠᠰᠢᠨᠴᠢᠯᠠᠯᠲᠠ ᠵᠢᠨ ᠲᠦᠪᠰᠢᠨ᠎ᠢ ᠳᠡᠭᠡᠭᠰᠢᠯᠡᠭᠦᠯᠦᠨ ᠡᠯᠡᠰᠦ ᠵᠢ ᠵᠠᠰᠠᠬᠤ ᠦᠷ᠎ᠡ ᠪᠦᠲᠦᠮᠵᠢ ᠵᠢ ᠳᠡᠭᠡᠭᠰᠢᠯᠡᠭᠦᠯᠵᠦ᠂ ᠬᠥᠳᠡᠯᠮᠦᠷᠢᠯᠡᠬᠦ᠎ᠪᠠᠷ ᠲᠡᠳᠬᠦᠮᠵᠢ ᠵᠢ ᠣᠷᠣᠯᠠᠭᠤᠯᠬᠤ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ ᠣᠯᠠᠨ ᠲᠦᠮᠡᠨ᠎ᠤ ᠠᠵᠢᠯ ᠣᠯᠵᠤ ᠣᠷᠣᠯᠭ᠎ᠠ᠎ᠪᠠᠨ ᠨᠡᠮᠡᠭᠳᠡᠭᠦᠯᠬᠦ ᠵᠢ ᠠᠬᠢᠭᠤᠯᠬᠤ ᠬᠡᠷᠡᠭᠲᠡᠢ᠃ ᠣᠶ ᠰᠢᠭᠤᠢ ᠨᠤᠲᠤᠭ ᠪᠡᠯᠴᠢᠭᠡᠷ᠎ᠤᠨ ᠬᠠᠤᠯᠢ ᠬᠡᠷᠡᠭᠵᠢᠭᠦᠯᠬᠦ ᠪᠠᠶ᠋ᠢᠭᠤᠯᠤᠯ᠎ᠢ ᠤᠯᠠᠮ ᠨᠢᠭᠡ ᠠᠯᠬᠤᠮ ᠰᠢᠯᠤᠭᠤᠳᠬᠠᠵᠤ᠂ ᠬᠠᠤᠯᠢ ᠬᠡᠷᠡᠭᠵᠢᠭᠦᠯᠬᠦ ᠬᠦᠴᠦᠨ᠎ᠤ ᠲᠣᠬᠢᠷᠠᠭᠤᠯᠤᠯᠲᠠ ᠵᠢ ᠰᠢᠯᠢᠳᠡᠭᠵᠢᠭᠦᠯᠦᠨ᠂ ᠲᠤᠭ᠎ᠠ ᠪᠠᠷᠢᠮᠲᠠ ᠵᠢ ᠬᠠᠮᠲᠤ᠎ᠪᠠᠷ ᠡᠳ᠋ᠯᠡᠬᠦ ᠵᠢ ᠴᠢᠩᠭ᠋ᠠᠳᠬᠠᠵᠤ᠂ ᠨᠤᠲᠤᠭ ᠪᠡᠯᠴᠢᠭᠡᠷ᠎ᠤᠨ ᠠᠮᠢ ᠠᠬᠤᠢ ᠵᠢᠨ ᠬᠠᠮᠠᠭ᠋ᠠᠯᠠᠯᠲᠠ ᠵᠢᠨ ᠱᠠᠩᠨᠠᠵᠤ ᠨᠥᠬᠦᠪᠦᠷᠢᠯᠡᠬᠦ ᠲᠥᠷᠥ ᠵᠢᠨ ᠪᠣᠳᠣᠯᠭ᠎ᠠ ᠵᠢ ᠰᠢᠨᠵᠢᠯᠡᠬᠦ ᠤᠬᠠᠭ᠋ᠠᠨᠴᠢ᠎ᠪᠠᠷ ᠨᠠᠶ᠋ᠢᠳᠠᠪᠤᠷᠢᠵᠢᠭᠤᠯᠤᠨ᠂ ᠱᠠᠩᠨᠠᠵᠤ ᠲᠣᠷᠭ᠋ᠠᠬᠤ ᠵᠢ ᠲᠣᠳᠣᠷᠬᠠᠢ ᠪᠤᠯᠭ᠋ᠠᠵᠤ᠂ ᠨᠤᠲᠤᠭ ᠪᠡᠯᠴᠢᠭᠡᠷ᠎ᠤᠨ ᠳᠠᠭ᠋ᠠᠭ᠋ᠠᠴᠠ᠎ᠠᠴᠠ ᠬᠡᠲᠦᠷᠡᠲᠡᠯ᠎ᠡ ᠮᠠᠯᠵᠢᠬᠤ ᠵᠡᠷᠭᠡ ᠠᠰᠠᠭᠤᠳᠠᠯ᠎ᠢ ᠬᠦᠴᠦᠯᠡᠨ ᠰᠢᠢ᠍ᠳᠪᠦᠷᠢᠯᠡᠬᠦ ᠬᠡᠷᠡᠭᠲᠡᠢ᠃ ᠤᠢ ᠰᠢᠭᠤᠢ ᠨᠤᠲᠤᠭ ᠪᠡᠯᠴᠢᠭᠡᠷ᠎ᠤᠨ ᠠᠵᠤ ᠦᠢ᠍ᠯᠡᠰ᠎ᠢ ᠪᠤᠵᠠᠭ᠋ᠠᠶ᠋ᠢᠷᠠᠭᠤᠯᠤᠨ ᠬᠦᠴᠦᠷᠬᠡᠭᠵᠢᠭᠦᠯᠵᠦ᠂ ᠨᠡᠭᠦᠷᠡᠰᠦᠲᠥ᠋ᠷᠥᠭᠴᠢ ᠵᠢ ᠰᠢᠩᠭᠡᠬᠡᠨ ᠠᠪᠬᠤ ᠠᠷᠠᠯᠵᠢᠶᠠᠨ᠎ᠤ ᠬᠡᠪᠴᠢᠶ᠎ᠡ ᠵᠢ ᠥᠷᠭᠡᠳᠬᠡᠨ᠂ ᠨᠡᠭᠦᠷᠡᠰᠦᠲᠥ᠋ᠷᠥᠭᠴᠢ ᠬᠤᠷᠠᠮᠳᠤᠭᠤᠯᠬᠤ ᠠᠷᠠᠯᠵᠢᠶᠠᠨ᠎ᠤ ᠳᠦᠷᠢᠮ᠎ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠠᠮᠢ ᠠᠬᠤᠢ ᠵᠢᠨ ᠦᠷ᠎ᠡ ᠠᠰᠢᠭ ᠪᠣᠯᠣᠨ ᠠᠵᠤ ᠠᠬᠤᠢ ᠵᠢᠨ ᠦᠷ᠎ᠡ ᠠᠰᠢᠭ᠎ᠤᠨ ᠬᠤᠣᠰ ᠠᠰᠢᠭ᠎ᠢ ᠪᠡᠶᠡᠯᠡᠭᠦᠯᠬᠦ ᠬᠡᠷᠡᠭᠲᠡᠢ ᠭᠡᠵᠦ ᠱᠠᠭ᠋ᠠᠷᠳᠠᠪᠠ᠃
ᠬᠠᠮᠤᠭ᠎ᠤᠨ ᠰᠠᠭᠦᠯ᠎ᠳᠤ᠂ ᠰᠦᠨ ᠱᠤᠤ ᠴᠧᠩ ᠤᠯᠠᠨ᠎ᠤ ᠰᠢᠨ᠎ᠡ ᠣᠨᠳᠠᠭᠠᠨ ᠪᠠᠶᠠᠷ ᠭᠦᠷ᠎ᠲᠠᠢ ᠪᠠᠶ᠋ᠢᠬᠤ ᠵᠢ ᠵᠥᠩᠨᠡᠵᠦ᠂ ᠤᠯᠠᠨ᠎ᠤ ᠰᠢᠨ᠎ᠡ ᠵᠢᠯ᠎ᠳᠡᠭᠡᠨ ᠡᠷᠴᠢ ᠵᠣᠷᠢᠭ ᠵᠶ᠋ᠠᠨ ᠰᠤᠯᠠᠷᠠᠭᠤᠯᠤᠯ ᠦᠭᠡᠢ ᠪᠠᠷᠢᠮᠲᠠᠯᠠᠵᠤ᠂ 《ᠮᠣᠩᠭᠤᠯ ᠮᠣᠷᠢᠨ》᠎ᠤ ᠵᠣᠷᠢᠭ ᠰᠠᠨᠠᠭ᠎ᠠ ᠵᠢ ᠪᠠᠳᠠᠷᠠᠭᠤᠯᠵᠤ᠂ 《ᠤᠮᠠᠷᠠᠲᠤ ᠵᠢᠨ ᠭᠤᠷᠪᠠᠨ ᠣᠷᠣᠨ》᠎ᠤ ᠢᠨᠵᠧᠨᠧᠷᠢᠩ᠎ᠤᠨ ᠪᠣᠭᠤᠮᠲᠠ ᠰᠢᠪᠲᠤᠯᠬᠤ ᠳᠠᠶ᠋ᠢᠯᠠᠯᠳᠤᠭ᠋ᠠᠨ᠎ᠢ ᠰᠠᠶ᠋ᠢᠲᠤᠷ ᠬᠢᠵᠦ᠂ ᠡᠯ᠎ᠡ ᠵᠦᠢ᠍ᠯ᠎ᠤᠨ ᠬᠠᠷᠠᠯᠲᠠ ᠡᠭᠦᠷᠭᠡ᠎ᠪᠠᠨ ᠪᠦᠭᠦ ᠲᠠᠯ᠎ᠠ᠎ᠪᠠᠷ ᠰᠠᠶ᠋ᠢᠲᠤᠷ ᠪᠡᠶᠡᠯᠡᠭᠦᠯᠬᠦ ᠵᠢ ᠬᠦᠰᠡᠪᠡ᠃
ᠢᠦᠢ ᠯᠢ ᠰᠢᠨ᠂ ᠳᠠᠶ᠋ᠢᠴᠢᠨ ᠠᠵᠢᠯᠯᠠᠭ᠎ᠠ᠎ᠳᠤ ᠣᠷᠣᠯᠴᠠᠵᠠᠢ᠃