ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠳᠤᠰᠬᠠᠢ ᠮᠡᠳᠡᠭᠡᠯᠡᠯ
ᠡᠬᠡ ᠤᠯᠤᠰ᠎ᠤᠨ ᠤᠮᠠᠷᠠᠲᠤ ᠬᠢᠯᠢ ᠵᠢᠨ ᠦᠵᠡᠮᠵᠢ ᠵᠢᠨ ᠣᠷᠣᠨ ᠵᠶ᠋ᠠᠨ ᠨᠡᠩ ᠦᠵᠡᠰᠬᠦᠯᠡᠩᠲᠦ ᠰᠠᠶ᠋ᠢᠬᠠᠨ ᠪᠣᠯᠭ᠋ᠠᠨ ᠪᠦᠳᠦᠭᠡᠨ ᠪᠠᠶ᠋ᠢᠭᠤᠯᠤᠶ᠎ᠠ
ᠨᠡᠶ᠋ᠢᠲᠡᠯᠡᠭᠰᠡᠨ ᠴᠠᠭ᠄ 2025-01-20


 
    ᠡᠬᠡ ᠤᠯᠤᠰ᠎ᠤᠨ ᠤᠮᠠᠷᠠᠲᠤ ᠬᠢᠯᠢ ᠵᠢᠨ ᠦᠵᠡᠮᠵᠢ ᠵᠢᠨ ᠣᠷᠣᠨ ᠵᠶ᠋ᠠᠨ ᠨᠡᠩ ᠦᠵᠡᠰᠬᠦᠯᠡᠩᠲᠦ ᠰᠠᠶ᠋ᠢᠬᠠᠨ ᠪᠣᠯᠭ᠋ᠠᠨ ᠪᠦᠳᠦᠭᠡᠨ ᠪᠠᠶ᠋ᠢᠭᠤᠯᠤᠶ᠎ᠠ
    — ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠱᠦᠵᠢ ᠰᠦᠨ ᠱᠤᠤ ᠴᠧᠩ᠎ᠢ ᠰᠤᠷᠪᠤᠯᠵᠢᠯᠠᠭᠰᠠᠨ᠎ᠨᠢ
    ᠥᠪᠥᠷ ᠮᠣᠩᠭᠤᠯ ᠴᠢᠨᠠᠷ ᠰᠠᠶ᠋ᠢᠲᠠᠢ ᠬᠥᠭᠵᠢᠯᠲᠡ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠠᠵᠢᠯ᠎ᠤᠨ ᠭᠤᠣᠯ ᠰᠢᠵᠢᠮ᠎ᠤᠨ ᠲᠣᠭᠤᠷᠢᠨ᠎ᠳᠤ᠂ ᠮᠠᠨ᠎ᠤ ᠤᠯᠤᠰ᠎ᠤᠨ ᠤᠮᠠᠷᠠᠰᠢ ᠨᠡᠬᠡᠬᠡᠯᠳᠡ ᠬᠢᠬᠦ ᠴᠢᠬᠤᠯᠠ ᠬᠥᠭᠦᠷᠭᠡᠨ ᠪᠠᠬᠢᠯᠡᠯᠲᠡ ᠵᠢ ᠪᠦᠳᠦᠭᠡᠨ ᠪᠠᠶ᠋ᠢᠭᠤᠯᠵᠤ᠂ ᠮᠣᠩᠭᠤᠯ ᠮᠣᠷᠢᠨ᠎ᠤ ᠵᠣᠷᠢᠭ ᠰᠠᠨᠠᠭ᠎ᠠ ᠵᠢ ᠪᠠᠳᠠᠷᠠᠭᠤᠯᠤᠨ᠂ ᠠᠵᠤ ᠠᠬᠤᠢ ᠵᠢᠨ ᠬᠥᠭᠵᠢᠯᠲᠡ᠎ᠳᠤ᠎ᠪᠠᠨ ᠪᠠᠶᠠᠷᠯᠠᠭᠤᠰᠢᠲᠠᠢ ᠦᠷ᠎ᠡ ᠪᠦᠲᠦᠭᠡᠯ ᠤᠯᠪᠠ᠃ ᠥᠪᠥᠷ ᠮᠣᠩᠭᠤᠯ ᠰᠢᠨ᠎ᠡ ᠨᠢᠭᠡᠨ ᠵᠢᠯ᠎ᠳᠤ ᠠᠵᠢᠯ ᠵᠶ᠋ᠠᠨ ᠶᠠᠭ᠋ᠠᠬᠢᠵᠤ ᠰᠠᠶ᠋ᠢᠲᠤᠷ ᠬᠢᠪᠡᠯ᠂ ᠡᠬᠡ ᠤᠯᠤᠰ᠎ᠤᠨ ᠤᠮᠠᠷᠠᠲᠤ ᠬᠢᠯᠢ ᠵᠢᠨ ᠦᠵᠡᠮᠵᠢ ᠵᠢᠨ ᠣᠷᠣᠨ ᠵᠶ᠋ᠠᠨ ᠨᠡᠩ ᠦᠵᠡᠰᠬᠦᠯᠡᠩᠲᠦ ᠰᠠᠶ᠋ᠢᠬᠠᠨ ᠪᠣᠯᠭ᠋ᠠᠨ ᠴᠣᠭᠴᠠᠯᠠᠨ ᠪᠠᠶ᠋ᠢᠭᠤᠯᠵᠤ ᠴᠢᠳᠠᠬᠤ ᠪᠤᠢ? ᠰᠤᠷᠪᠤᠯᠵᠢᠯᠠᠭᠴᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠱᠦᠵᠢ ᠰᠦᠨ ᠱᠣᠣ ᠴᠧᠩ᠎ᠢ ᠰᠤᠷᠪᠤᠯᠵᠢᠯᠠᠪᠠ᠃
    ᠴᠢᠨᠠᠷ ᠰᠠᠶ᠋ᠢᠲᠠᠢ ᠬᠥᠭᠵᠢᠯᠲᠡ ᠵᠢᠨ ᠰᠠᠶ᠋ᠢᠨ ᠣᠷᠴᠢᠯ᠎ᠳᠤ ᠲᠦᠷᠭᠡᠨ ᠣᠷᠣᠨ᠎ᠠ
    ᠰᠤᠷᠪᠤᠯᠵᠢᠯᠠᠭᠴᠢ᠄ ᠥᠪᠥᠷ ᠮᠣᠩᠭᠤᠯ᠎ᠤᠨ ᠬᠥᠭᠵᠢᠯᠲᠡ ᠵᠢᠨ ᠬᠠᠨᠳᠤᠰᠢ ᠰᠠᠶ᠋ᠢᠵᠢᠷᠠᠵᠤ ᠪᠣᠢ᠂ ᠥᠪᠡᠷᠲᠡᠭᠡᠨ ᠵᠠᠰᠠᠬᠤ ᠣᠷᠣᠨ᠎ᠤ ᠠᠵᠤ ᠠᠬᠤᠢ ᠵᠢᠨ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ᠎ᠳᠤ ᠶᠠᠮᠠᠷ ᠶᠠᠮᠠᠷ ᠴᠢᠬᠤᠯᠠ ᠶᠡᠭᠡ ᠠᠷᠭ᠎ᠠ ᠬᠡᠮᠵᠢᠶ᠎ᠡ ᠠᠪᠤᠭᠰᠠᠨ ᠪᠣᠢ? ᠶᠠᠮᠠᠷ ᠶᠠᠮᠠᠷ ᠲᠣᠪᠣᠶ᠋ᠢᠮ᠎ᠠ ᠦᠷ᠎ᠡ ᠪᠦᠲᠦᠮᠵᠢ ᠣᠯᠪᠠ?
    ᠰᠦᠨ ᠱᠤᠤ ᠴᠧᠩ᠄ ᠶᠡᠷᠦᠩᠬᠡᠢ ᠱᠦᠵᠢ ᠰᠢ ᠵᠢᠨ ᠫᠢᠩ ᠴᠢᠬᠤᠯᠠᠴᠢᠯᠠᠬᠤ᠎ᠳᠤ᠎ᠪᠠᠨ᠂ ᠴᠢᠨᠠᠷ ᠰᠠᠶ᠋ᠢᠲᠠᠢ ᠬᠥᠭᠵᠢᠭᠦᠯᠬᠦ ᠪᠣᠯ ᠨᠡᠶ᠋ᠢᠭᠡᠮ ᠵᠢᠷᠤᠮᠲᠤ ᠣᠳᠣᠬᠢᠴᠢᠯᠠᠭᠰᠠᠨ ᠤᠯᠤᠰ᠎ᠢ ᠪᠦᠬᠦ ᠲᠠᠯ᠎ᠠ᠎ᠪᠠᠷ ᠪᠦᠳᠦᠭᠡᠨ ᠪᠠᠶ᠋ᠢᠭᠤᠯᠬᠤ ᠵᠢᠨ ᠲᠡᠷᠢᠭᠦᠨ ᠴᠢᠬᠤᠯᠠ ᠡᠭᠦᠷᠭᠡ ᠮᠥᠨ ᠭᠡᠵᠡᠢ᠃ ᠪᠢᠳᠡ ᠰᠢᠨ᠎ᠡ ᠬᠥᠭᠵᠢᠯᠲᠡ ᠵᠢᠨ ᠣᠨᠣᠯᠵᠢᠬᠤᠨ᠎ᠢ ᠪᠠᠲᠤᠳᠬᠠᠵᠤ᠂ ᠴᠢᠨᠠᠷ ᠰᠠᠶ᠋ᠢᠲᠠᠶ ᠬᠥᠭᠵᠢᠯᠲᠡ ᠵᠢ ᠬᠢᠵᠠᠭ᠋ᠠᠷᠯᠠᠵᠤ ᠪᠠᠶ᠋ᠢᠭ᠎ᠠ ᠲᠦᠭᠵᠢᠷᠡᠯ ᠪᠠ ᠲᠣᠪᠣᠶ᠋ᠢᠮ᠎ᠠ ᠳᠤᠲᠠᠭᠤᠳᠠᠯ᠎ᠢ ᠰᠢᠢ᠍ᠳᠪᠦᠷᠢᠯᠡᠬᠦ᠎ᠠᠴᠠ ᠭᠠᠷᠳᠠᠵᠤ᠂ ᠠᠵᠤ ᠠᠬᠤᠶ᠎ᠪᠠᠨ ᠴᠢᠨᠠᠷ᠎ᠤᠨ ᠬᠤᠪᠢ᠎ᠳᠤ ᠪᠦᠲᠦᠮᠵᠢᠲᠡᠶ ᠳᠡᠭᠡᠭᠰᠢᠯᠡᠭᠦᠯᠬᠦ ᠪᠠ ᠲᠤᠭ᠎ᠠ ᠵᠢᠨ ᠲᠠᠯ᠎ᠠ᠎ᠪᠠᠷ ᠵᠦᠶ ᠵᠣᠬᠢᠰᠲᠠᠶ ᠨᠡᠮᠡᠭᠳᠡᠭᠦᠯᠬᠦ ᠵᠢ ᠠᠬᠢᠭᠤᠯᠪᠠ᠃
    ᠨᠢᠭᠡ᠎ᠳᠤ ᠠᠵᠤ ᠦᠢ᠍ᠯᠡᠰ᠎ᠤᠨ ᠪᠦᠲᠦᠴᠡ ᠵᠢ ᠰᠢᠯᠢᠳᠡᠭᠵᠢᠭᠦᠯᠪᠡ᠃ ᠶᠡᠷᠦᠩᠬᠡᠢ ᠱᠦᠵᠢ ᠰᠢ ᠵᠢᠨ ᠫᠢᠩ᠎ᠤᠨ 《ᠡᠬᠢ ᠪᠠᠶᠠᠯᠢᠭ᠎ᠤᠨ ᠬᠡᠯᠪᠡᠷᠢ ᠪᠦᠬᠦᠢ ᠭᠠᠵᠠᠷ ᠣᠷᠣᠨ᠎ᠤ ᠬᠡᠯᠪᠡᠷᠢ᠎ᠪᠠᠨ ᠬᠤᠪᠢᠷᠠᠭᠤᠯᠤᠨ ᠬᠥᠭᠵᠢᠬᠦ ᠰᠢᠨ᠎ᠡ ᠠᠷᠭ᠎ᠠ ᠵᠠᠮ᠎ᠢ ᠢᠳᠡᠪᠬᠢᠲᠡᠢ ᠰᠦᠪᠡᠭᠴᠢᠯᠡᠬᠦ ᠬᠡᠷᠡᠭᠲᠡᠢ》 ᠭᠡᠰᠡᠨ ᠴᠢᠬᠤᠯᠠ ᠱᠠᠭ᠋ᠠᠷᠳᠠᠯᠭ᠎ᠠ ᠶᠣᠰᠣᠭ᠋ᠠᠷ᠂ ᠪᠢᠳᠡ ᠤᠯᠠᠮᠵᠢᠯᠠᠯᠲᠤ ᠠᠵᠤ ᠦᠢ᠍ᠯᠡᠰ ᠵᠶ᠋ᠠᠨ ᠥᠭᠡᠷᠡᠴᠢᠯᠡᠨ ᠰᠢᠨᠡᠳᠬᠡᠵᠦ ᠳᠡᠭᠡᠭᠰᠢᠯᠡᠭᠦᠯᠬᠦ᠎ᠪᠠᠨ ᠲᠦᠷᠭᠡᠳᠬᠡᠨ᠂ ᠰᠢᠨ᠎ᠡ᠎ᠪᠠᠷ ᠡᠭᠦᠰᠦᠭᠰᠡᠨ ᠠᠵᠤ ᠦᠢ᠍ᠯᠡᠰ᠎ᠢ ᠪᠤᠶ᠋ᠢᠵᠢᠭᠤᠯᠤᠨ ᠪᠤᠵᠠᠭ᠋ᠠᠶ᠋ᠢᠷᠠᠭᠤᠯᠵᠤ᠂ ᠨᠡᠭᠦᠷᠡᠰᠦ᠂ ᠰᠢᠨ᠎ᠡ ᠡᠨᠧᠷᠭᠢ ᠵᠡᠷᠭᠡ ᠠᠵᠤ ᠦᠢ᠍ᠯᠡᠰ᠎ᠤᠨ ᠬᠥᠭᠵᠢᠯᠲᠡ ᠵᠢ ᠪᠦᠬᠦ ᠬᠡᠯᠬᠢᠶ᠎ᠡ᠎ᠪᠠᠷ᠎ᠨᠢ ᠠᠬᠢᠭᠤᠯᠤᠨ᠂ ᠨᠡᠭᠦᠷᠡᠰᠦ᠎ᠪᠠᠨ ᠬᠤᠳᠠᠯᠳᠤᠬᠤ ᠵᠢ ᠴᠠᠬᠢᠯᠭ᠋ᠠᠨ ᠬᠦᠷᠭᠡᠬᠦ ᠪᠣᠯᠭ᠋ᠠᠨ ᠬᠤᠪᠢᠷᠠᠭᠤᠯᠵᠤ᠂ ᠲᠦᠯᠡᠰᠢ᠎ᠪᠠᠨ ᠲᠦᠭᠦᠬᠡᠢ ᠮᠠᠲ᠋ᠧᠷᠢᠶᠠᠯ ᠪᠣᠯᠭ᠋ᠠᠨ ᠬᠤᠪᠢᠷᠠᠭᠤᠯᠵᠤ᠂ ᠪᠣᠬᠢᠷᠲᠤᠯ ᠦᠭᠡᠢ ᠴᠠᠬᠢᠯᠭ᠋ᠠᠨ ᠵᠶ᠋ᠠᠨ ᠪᠣᠬᠢᠷᠲᠤᠯ ᠦᠭᠡᠢ ᠤᠰᠤᠲᠥ᠋ᠷᠥᠭᠴᠢ ᠪᠣᠬᠢᠷᠲᠤᠯ ᠦᠭᠡᠢ ᠰᠢᠪᠲᠦᠷ ᠪᠣᠬᠢᠷᠲᠤᠯ ᠦᠭᠡᠢ ᠠᠯᠺᠤᠤᠯ ᠪᠣᠯᠭ᠋ᠠᠨ ᠤᠷᠲᠤᠳᠬᠠᠬᠤ᠎ᠪᠠᠷ ᠴᠢᠷᠮᠠᠶ᠋ᠢᠵᠤ ᠪᠣᠢ᠃ ᠨᠡᠭᠦᠷᠡᠰᠦ᠎ᠪᠠᠷ ᠲᠣᠰᠣ ᠦᠢ᠍ᠯᠡᠳᠦᠭᠰᠡᠨ᠂ ᠨᠡᠭᠦᠷᠡᠰᠦ᠎ᠪᠠᠷ ᠰᠢᠲᠠᠮᠠᠬᠠᠶ ᠬᠡᠢ ᠦᠢ᠍ᠯᠡᠳᠦᠭᠰᠡᠨ ᠬᠡᠮᠵᠢᠶ᠎ᠡ ᠵᠢ ᠲᠣᠭᠲᠠᠭᠤᠨ ᠵᠶ᠋ᠠᠷ ᠨᠡᠮᠡᠭᠳᠡᠭᠦᠯᠦᠨ᠂ ᠰᠢᠨ᠎ᠡ ᠡᠨᠧᠷᠭᠢ ᠵᠢᠴᠢ ᠬᠠᠮᠢᠶ᠎ᠠ ᠪᠦᠬᠦᠢ ᠠᠵᠤ ᠦᠢ᠍ᠯᠡᠰ᠎ᠤᠨ ᠨᠡᠮᠡᠭᠳᠡᠯ ᠥᠷᠲᠡᠭ ᠵᠶ᠋ᠠᠨ ᠬᠤᠶᠠᠷ ᠣᠷᠣᠨᠲᠤ ᠲᠣᠭ᠋ᠠᠨ᠎ᠤ ᠨᠡᠮᠡᠭᠳᠡᠯ᠎ᠲᠠᠢ ᠪᠣᠯᠭ᠋ᠠᠬᠤ ᠵᠢ ᠪᠠᠲᠤᠯᠠᠵᠤ᠂ ᠰᠢᠨ᠎ᠡ ᠡᠨᠧᠷᠭᠢ ᠵᠢᠨ ᠮᠠᠰᠢᠨ ᠴᠣᠭᠴᠠᠯᠠᠪᠤᠷᠢ ᠵᠢᠨ ᠬᠡᠪᠴᠢᠶᠡᠵᠢᠯ᠎ᠢ ᠢᠯᠴᠢ ᠵᠢᠨ ᠴᠠᠬᠢᠯᠭ᠋ᠠᠨ᠎ᠤ ᠮᠠᠰᠢᠨ ᠴᠣᠭᠴᠠᠯᠠᠪᠤᠷᠢ᠎ᠠᠴᠠ ᠳᠠᠪᠠᠭᠤᠯᠤᠨ᠂ ᠨᠡᠭᠦᠷᠡᠰᠦᠨ᠎ᠤ ᠪᠤᠰᠤ ᠠᠵᠤ ᠦᠢ᠍ᠯᠡᠰ᠎ᠤᠨ ᠨᠡᠮᠡᠭᠳᠡᠯ᠎ᠤᠨ ᠬᠤᠷᠳᠤᠴᠠ ᠵᠢ ᠬᠤᠶᠠᠷ ᠵᠢᠯ ᠳᠠᠷᠠᠭ᠋ᠠᠯᠠᠨ ᠨᠡᠭᠦᠷᠡᠰᠦᠨ᠎ᠤ ᠠᠵᠤ ᠦᠢ᠍ᠯᠡᠰ᠎ᠠᠴᠠ ᠲᠦᠷᠭᠡᠨ ᠪᠣᠯᠭ᠋ᠠᠨ᠂ ᠬᠤᠪᠣᠷ ᠰᠢᠷᠣᠶ ᠵᠢᠨ ᠠᠵᠤ ᠦᠢ᠍ᠯᠡᠰ᠎ᠤᠨ ᠦᠢ᠍ᠯᠡᠳᠬᠦᠨ᠎ᠤ ᠥᠷᠲᠡᠭ᠎ᠢ 1000 ᠳ᠋ᠦᠩᠰᠢᠭᠤᠷ ᠲᠥᠭᠦᠷᠢᠭ᠎ᠠᠴᠠ ᠳᠠᠪᠠᠭᠤᠯᠪᠠ᠃
    ᠬᠤᠶᠠᠷ᠎ᠲᠤ ᠬᠤᠳᠠᠯᠳᠤᠭ᠎ᠠ ᠵᠢ ᠬᠥᠭᠵᠢᠭᠡᠨ ᠴᠢᠳᠠᠪᠤᠷᠢᠲᠠᠨ᠎ᠢ ᠴᠤᠭᠯᠠᠭᠤᠯᠪᠠ᠃ ᠡᠬᠢ ᠪᠠᠶᠠᠯᠢᠭ ᠳᠠᠪᠠᠭᠤᠯᠢᠭ ᠰᠠᠶ᠋ᠢᠲᠠᠢ ᠪᠣᠯᠪᠠᠴᠤ ᠵᠠᠬ᠎ᠠ ᠳᠡᠯᠭᠡᠭᠦᠷ᠎ᠤᠨ ᠬᠦᠴᠦᠨ ᠵᠦᠢ᠍ᠯ ᠦᠯᠦ ᠬᠦᠷᠦᠯᠴᠡᠬᠦ ᠪᠣᠳᠠᠲᠤ ᠪᠠᠶ᠋ᠢᠳᠠᠯ᠎ᠠᠴᠠ᠎ᠪᠠᠨ ᠡᠭᠦᠰᠴᠦ᠂ ᠬᠤᠳᠠᠯᠳᠤᠭ᠋ᠠᠴᠢᠨ ᠤᠷᠢᠵᠤ ᠪᠡᠯᠡ ᠣᠷᠣᠭᠤᠯᠬᠤ ᠪᠠ ᠴᠢᠳᠠᠪᠤᠷᠢᠲᠠᠨ ᠤᠷᠢᠵᠤ ᠠᠷᠭ᠎ᠠ ᠤᠬᠠᠭ᠋ᠠᠨᠲᠠᠳ᠎ᠢ ᠵᠠᠯᠠᠬᠤ ᠠᠵᠢᠯ᠎ᠢ ᠬᠦᠴᠦᠲᠡᠢ ᠠᠳᠬᠤᠨ᠂ ᠦᠨᠡᠨᠴᠢ ᠢᠲᠡᠭᠡᠮᠵᠢ ᠵᠢᠨ ᠪᠠᠶ᠋ᠢᠭᠤᠯᠤᠯᠲᠠ ᠵᠢᠨ ᠢᠨᠵᠧᠨᠧᠷᠢᠩ᠎ᠢ ᠬᠡᠷᠡᠭᠵᠢᠭᠦᠯᠵᠦ᠂ ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠦᠴᠡᠯ ᠪᠠ ᠴᠢᠳᠠᠪᠤᠷᠢᠲᠠᠨ᠎ᠤ ᠬᠥᠭᠵᠢᠯᠲᠡ ᠵᠢᠨ ᠣᠷᠴᠢᠨ ᠨᠥᠬᠦᠴᠡᠯ᠎ᠢ ᠰᠢᠯᠢᠳᠡᠭᠵᠢᠭᠦᠯᠦᠨ᠂ ᠠᠷᠠᠳ᠎ᠠᠴᠠ ᠡᠵᠡᠩᠨᠡᠭᠰᠡᠨ ᠠᠵᠤ ᠠᠬᠤᠢ ᠵᠢᠨ ᠬᠥᠭᠵᠢᠯᠲᠡ ᠵᠢᠨ ᠦᠢ᠍ᠯᠡᠴᠢᠯᠡᠭᠡᠨ᠎ᠤ ᠲᠣᠪᠴᠢᠶ᠎ᠠ ᠪᠠ ᠠᠷᠠᠳ᠎ᠠᠴᠠ ᠡᠵᠡᠩᠨᠡᠭᠰᠡᠨ ᠭᠤᠣᠯᠳᠠᠯᠭ᠎ᠠ ᠪᠣᠯᠬᠤ ᠠᠵᠤ ᠠᠬᠤᠶ᠋ᠢᠯᠠᠯ᠎ᠤᠨ ᠨᠠᠮ᠎ᠤᠨ ᠬᠤᠷᠢᠶ᠎ᠠ ᠵᠢ ᠪᠠᠶ᠋ᠢᠭᠤᠯᠵᠤ᠂ ᠤᠯᠤᠰ᠎ᠤᠨ ᠥᠮᠴᠢᠯᠡᠯᠲᠦ ᠠᠵᠤ ᠠᠬᠤᠶ᠋ᠢᠯᠠᠯ᠎ᠤᠨ 《ᠪᠦᠰᠡᠯᠡᠯᠲᠡ ᠰᠢᠪᠲᠤᠯᠬᠤ》 ᠠᠵᠢᠯᠯᠠᠭ᠎ᠠ ᠵᠢ ᠥᠷᠨᠢᠭᠦᠯᠦᠨ᠂ ᠲᠦᠷᠦ ᠵᠢᠨ ᠪᠤᠳᠤᠯᠭ᠎ᠠ᠎ᠨᠤᠭᠤᠳ᠎ᠢ ᠲᠣᠭᠲᠠᠭ᠋ᠠᠨ ᠬᠡᠷᠡᠭᠵᠢᠭᠦᠯᠵᠦ᠂ ᠠᠵᠢᠯ ᠲᠦᠷᠦᠯ᠎ᠤᠨ ᠳᠠᠭ᠋ᠠᠭᠤᠯᠤᠭᠴᠢ ᠠᠵᠤ ᠠᠬᠤᠶ᠋ᠢᠯᠠᠯ᠂ ᠳᠡᠭᠡᠳᠦ ᠲᠡᠰ ᠳᠠᠪᠬᠤᠷᠭ᠎ᠠ ᠵᠢᠨ ᠴᠢᠳᠠᠪᠤᠷᠢᠲᠠᠨ᠎ᠢ ᠲᠠᠲᠠᠵᠤ ᠥᠪᠥᠷ ᠮᠣᠩᠭᠤᠯ᠎ᠳᠤ ᠠᠵᠢᠯᠯᠠᠭᠤᠯᠤᠨ ᠠᠳᠠᠯ ᠦᠢ᠍ᠯᠡᠰ ᠪᠣᠰᠬᠠᠭᠤᠯᠪᠠ᠃ ᠣᠶ᠋ᠢᠷ᠎ᠠ ᠵᠢᠨ ᠬᠤᠶᠠᠷ ᠵᠢᠯ᠎ᠳᠤ ᠪᠡᠯᠡ ᠮᠥᠩᠭᠦ ᠵᠢ 1 ᠲᠦᠮᠡᠨ ᠳ᠋ᠦᠩᠰᠢᠭᠤᠷ ᠲᠥᠭᠦᠷᠢᠭ᠂ ᠳᠡᠭᠡᠳᠦ ᠲᠠᠰ᠎ᠤᠨ ᠴᠢᠳᠠᠪᠤᠷᠢᠲᠠᠨ᠎ᠢ 1431 ᠣᠷᠣᠭᠤᠯᠤᠨ ᠠᠪᠴᠢᠷᠠᠵᠤ᠂ 2024 ᠣᠨ᠎ᠳᠤ ᠪᠥᠬᠦ ᠣᠷᠣᠨ᠎ᠤ ᠠᠷᠠᠳ᠎ᠤᠨ ᠡᠵᠡᠩᠨᠡᠯᠲᠡ ᠵᠢᠨ ᠭᠤᠤᠯ ᠴᠣᠭᠴᠠ 16.4 ᠲᠦᠮᠡᠨ ᠡᠷᠦᠬᠡ ᠪᠣᠳᠠᠲᠠᠢ ᠨᠡᠮᠡᠭᠳᠡᠵᠦ᠂ 6.4%᠎ᠪᠠᠷ ᠨᠡᠮᠡᠭᠳᠡᠨ᠂ ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠥᠮᠴᠢᠯᠡᠯᠲᠦ ᠡᠳ᠋ ᠬᠥᠷᠥᠩᠭᠡ ᠵᠢᠨ ᠬᠢᠨᠠᠯᠲᠠ ᠬᠠᠮᠢᠶᠠᠷᠤᠯᠲᠠ ᠵᠢᠨ ᠵᠥᠪᠯᠡᠯ᠎ᠤᠨ ᠬᠢᠨᠠᠨ ᠬᠠᠮᠢᠶᠠᠷᠤᠭᠰᠠᠨ ᠠᠵᠤ ᠠᠬᠤᠶ᠋ᠢᠯᠠᠯ᠎ᠤᠨ ᠠᠰᠢᠭ ᠣᠷᠣᠯᠭ᠎ᠠ ᠵᠢᠨ ᠶᠡᠷᠦᠩᠬᠡᠶ ᠲᠤᠭ᠎ᠠ 9.3%᠎ᠪᠠᠷ ᠨᠡᠮᠡᠭᠳᠡᠵᠦ᠂ ᠠᠵᠤ ᠠᠬᠤᠶ᠋ᠢᠯᠠᠯ᠎ᠤᠨ ᠪᠦᠬᠦᠯᠢ ᠴᠣᠭᠴᠠ ᠵᠢᠨ ᠲᠤᠭ᠎ᠠ ᠬᠡᠮᠵᠢᠭᠳᠡᠯ᠎ᠤᠨ ᠠᠳᠠᠯᠢᠳᠬᠠᠮᠵᠢ 70%᠎ᠠᠴᠠ ᠳᠡᠭᠡᠭᠰᠢ᠎ᠳᠤ ᠬᠦᠷᠲᠡᠯ᠎ᠡ ᠳᠡᠭᠡᠭᠰᠢᠯᠡᠪᠡ᠃
    ᠭᠤᠷᠪᠠ᠎ᠳᠤ ᠡᠬᠢ ᠪᠠᠶᠠᠯᠢᠭ᠎ᠢ ᠠᠷᠪᠢᠲᠠᠢ ᠡᠷᠴᠢᠮᠯᠢᠭ ᠠᠰᠢᠭᠯᠠᠪᠠ᠃ ᠡᠯ᠎ᠡ ᠱᠠᠲᠤᠨ᠎ᠤ᠎ᠬᠢᠨ᠎ᠢ ᠬᠥᠲᠥᠯᠦᠨ ᠵᠢᠯᠣᠭᠤᠳᠴᠤ ᠪᠠᠶ᠋ᠢᠭ᠋ᠠᠳ 《ᠡᠬᠢ ᠪᠠᠶᠠᠯᠢᠭ ᠵᠶ᠋ᠠᠷ ᠡᠯᠪᠡᠭ ᠪᠥᠭᠡᠳ ᠲᠥᠪᠯᠡᠷᠡᠩᠭᠦᠢ ᠪᠠᠶ᠋ᠢᠪᠠᠴᠤ ᠥᠴᠦᠬᠡᠨ ᠴᠦ᠍ ᠪᠦᠷᠢᠯᠭᠡᠵᠦ ᠪᠣᠯᠬᠤ ᠦᠭᠡᠢ》 ᠭᠡᠬᠦ ᠦᠵᠡᠯ ᠤᠬᠠᠮᠰᠠᠷ᠎ᠢ ᠴᠢᠩᠭ᠋ᠠᠷᠠᠭᠤᠯᠵᠤ᠂ 《ᠲᠠᠪᠤ ᠵᠢ ᠲᠦᠢ᠍ᠯᠪᠤᠷᠢᠲᠠᠢ ᠱᠦᠭᠦᠨ ᠪᠠᠶ᠋ᠢᠴᠠᠭ᠋ᠠᠬᠤ》 ᠠᠵᠢᠯᠯᠠᠭ᠎ᠠ ᠵᠢ ᠪᠠᠶ᠋ᠢᠷᠢᠯᠠᠭᠤᠯᠤᠨ ᠥᠷᠨᠢᠭᠦᠯᠵᠦ᠂ ᠬᠤᠲᠠ ᠪᠠᠯᠭ᠋ᠠᠰᠤᠨ᠎ᠤ ᠨᠡᠭᠡᠭᠡᠨ ᠬᠥᠭᠵᠢᠭᠦᠯᠬᠦ ᠵᠠᠬ᠎ᠠ ᠬᠢᠵᠠᠭ᠋ᠠᠷ᠎ᠢ ᠠᠯᠪᠠᠳᠠᠯᠭ᠎ᠠ᠎ᠪᠠᠷ 《ᠴᠢᠩᠭ᠎ᠠ ᠬᠢᠵᠠᠭ᠋ᠠᠷᠯᠠᠨ ᠲᠣᠭᠲᠠᠭ᠋ᠠᠵᠤ》᠂ ᠡᠨᠧᠷᠭᠢ᠂ ᠤᠰᠤ᠂ ᠠᠮᠤ ᠪᠤᠳᠠᠭ᠎ᠠ᠂ ᠭᠠᠵᠠᠷ ᠰᠢᠷᠣᠶ᠂ ᠠᠭᠤᠷᠬᠠᠶ᠂ ᠮᠠᠲ᠋ᠧᠷᠢᠶᠠᠯ ᠵᠡᠷᠭᠡ ᠵᠢ ᠠᠷᠪᠢᠯᠠᠨ ᠡᠷᠴᠢᠮᠵᠢᠭᠦᠯᠦᠨ ᠠᠰᠢᠭᠯᠠᠬᠤ ᠵᠢ ᠪᠥᠬᠦ ᠲᠠᠯ᠎ᠠ᠎ᠪᠠᠷ ᠠᠬᠢᠭᠤᠯᠤᠨ᠂ 2024 ᠣᠨ᠎ᠳᠤ᠎ᠪᠠᠨ ᠲᠠᠷᠢᠶᠠᠯᠠᠩ᠎ᠳᠠᠬᠢ ᠠᠷᠪᠢᠯᠠᠭᠰᠠᠨ ᠤᠰᠤ 3.8 ᠳ᠋ᠦᠩᠰᠢᠭᠤᠷ ᠺᠦᠪ ᠮᠧᠳ᠋ᠷ ᠰᠢᠨ᠎ᠡ᠎ᠪᠠᠷ ᠨᠡᠮᠡᠭᠳᠡᠪᠡ᠃
    ᠣᠷᠣᠨ ᠳᠠᠶᠠᠭ᠋ᠠᠷ᠎ᠤᠨ ᠬᠠᠮᠲᠤ ᠵᠢᠨ ᠴᠢᠷᠮᠠᠶ᠋ᠢᠯᠭ᠎ᠠ᠎ᠪᠠᠷ ᠥᠪᠥᠷ ᠮᠣᠩᠭᠤᠯ᠎ᠤᠨ ᠠᠵᠤ ᠠᠬᠤᠢ ᠵᠢᠨ ᠨᠡᠮᠡᠭᠳᠡᠯ᠎ᠤᠨ ᠬᠤᠷᠳᠤᠴᠠ 3 ᠵᠢᠯ ᠳᠠᠷᠠᠭ᠋ᠠᠯᠠᠨ ᠪᠦᠬᠦ ᠤᠯᠤᠰ᠎ᠤᠨ ᠳᠤᠮᠳᠠᠴᠢ ᠬᠢᠷᠢ ᠲᠦᠪᠰᠢᠨ᠎ᠠᠴᠠ ᠲᠦᠷᠭᠡᠨ ᠪᠠᠶ᠋ᠢᠵᠤ᠂ ᠭᠠᠵᠠᠷ ᠣᠷᠣᠨ᠎ᠤ ᠦᠢ᠍ᠯᠡᠳᠪᠦᠷᠢᠯᠡᠯ᠎ᠤᠨ ᠶᠡᠷᠦᠩᠬᠡᠢ ᠥᠷᠲᠡᠭ᠎ᠲᠠᠬᠢ ᠡᠳ᠋᠎ᠤᠨ ᠵᠠᠰᠠᠭ᠎ᠤᠨ ᠣᠷᠣᠯᠭ᠎ᠠ ᠵᠢᠨ ᠬᠤᠪᠢ ᠵᠢᠨ ᠵᠢᠩ ᠪᠠ ᠡᠳ᠋᠎ᠤᠨ ᠵᠠᠰᠠᠭ᠎ᠤᠨ ᠣᠷᠣᠯᠭ᠎ᠠ᠎ᠳᠠᠬᠢ ᠭᠠᠶ᠋ᠢᠯᠢ ᠲᠠᠲᠠᠪᠤᠷᠢ ᠵᠢᠨ ᠬᠤᠪᠢ ᠵᠢᠨ ᠵᠢᠩ 10% ᠪᠠ 70%᠎ᠠᠴᠠ ᠳᠡᠭᠡᠭᠰᠢ ᠪᠠᠶ᠋ᠢᠬᠤ ᠵᠢ ᠪᠠᠲᠤᠯᠠᠵᠤ᠂ ᠠᠵᠤ ᠠᠬᠤᠢ ᠨᠡᠶ᠋ᠢᠭᠡᠮ ᠶᠠᠭ ᠴᠢᠨᠠᠷ ᠰᠠᠶ᠋ᠢᠲᠠᠢ ᠬᠥᠭᠵᠢᠯᠲᠡ ᠵᠢᠨ ᠰᠠᠶ᠋ᠢᠨ ᠣᠷᠴᠢᠯ᠎ᠳᠤ ᠲᠦᠷᠭᠡᠪᠴᠢᠯᠡᠨ ᠣᠷᠣᠵᠤ ᠪᠠᠶ᠋ᠢᠨ᠎ᠠ᠃
    ᠦᠵᠡᠰᠭᠦᠯᠡᠩᠲᠦ ᠬᠢᠭᠡᠳ ᠬᠥᠭᠵᠢᠯᠲᠡ ᠵᠢᠨ ᠬᠤᠣᠰ ᠠᠮᠵᠢᠯᠲᠠ ᠵᠢ ᠴᠢᠷᠮᠠᠶ᠋ᠢᠨ ᠪᠡᠶᠡᠯᠡᠭᠦᠯᠪᠡ
    ᠰᠤᠷᠪᠤᠯᠵᠢᠯᠠᠭᠴᠢ᠄ ᠲᠥᠪ᠎ᠤᠨ ᠠᠵᠤ ᠠᠬᠤᠢ ᠵᠢᠨ ᠠᠵᠢᠯ᠎ᠤᠨ ᠬᠤᠷᠠᠯᠳᠤᠭ᠋ᠠᠨ ᠵᠶ᠋ᠠᠷ᠂ 《ᠤᠮᠠᠷᠠᠲᠤ ᠵᠢᠨ ᠭᠤᠷᠪᠠᠨ ᠣᠷᠣᠨ》᠎ᠤ ᠢᠨᠵᠧᠨᠧᠷᠢᠩ᠎ᠤᠨ ᠪᠡᠯᠭᠡ ᠲᠡᠮᠳᠡᠭ᠎ᠤᠨ ᠴᠢᠨᠠᠷᠲᠠᠢ ᠳᠠᠶ᠋ᠢᠯᠠᠯᠳᠤᠭ᠋ᠠᠨ᠎ᠳᠤ ᠴᠢᠬᠤᠯᠠ ᠦᠷ᠎ᠡ ᠪᠦᠲᠦᠭᠡᠯ ᠤᠯᠬᠤ ᠵᠢ ᠠᠬᠢᠭᠤᠯᠵᠤ᠂ 《ᠡᠯᠡᠰᠦ ᠭᠤᠪᠢ ᠴᠥᠯ》᠎ᠤᠨ ᠰᠢᠨ᠎ᠡ ᠡᠨᠧᠷᠭᠢ ᠵᠢᠨ ᠰᠠᠭᠤᠷᠢᠨ ᠭᠠᠵᠠᠷ᠎ᠤᠨ ᠪᠦᠲᠦᠭᠡᠨ ᠪᠠᠶ᠋ᠢᠭᠤᠯᠤᠯᠲᠠ ᠵᠢ ᠲᠦᠷᠭᠡᠳᠬᠡᠨ᠎ᠡ ᠭᠡᠵᠦ ᠳᠤᠷᠠᠳᠪᠠ᠃ ᠥᠪᠥᠷ ᠮᠣᠩᠭᠤᠯ ᠪᠣᠬᠢᠷᠲᠤᠯ ᠦᠭᠡᠢ ᠬᠥᠭᠵᠢᠯᠲᠡ ᠵᠢ ᠬᠡᠷᠬᠢᠨ ᠰᠦᠪᠡᠭᠴᠢᠯᠡᠪᠡ? ᠰᠢᠨ᠎ᠡ ᠡᠨᠧᠷᠭᠢ ᠵᠢᠨ ᠠᠵᠤ ᠦᠢ᠍ᠯᠡᠰ᠎ᠤᠨ ᠬᠥᠭᠵᠢᠯᠲᠡ ᠶᠠᠮᠠᠷ ᠵᠡᠷᠭᠡ ᠪᠣᠢ? ᠳᠠᠷᠠᠭ᠋ᠠᠴᠢ ᠵᠢᠨ ᠠᠯᠬᠤᠮ᠎ᠤᠨ ᠬᠥᠭᠵᠢᠯᠲᠡ ᠵᠢᠨ ᠴᠢᠭᠯᠡᠯ ᠶᠠᠭᠤ ᠪᠣᠯᠬᠤ ᠪᠣᠢ?
    ᠰᠦᠨ ᠱᠣᠣ ᠴᠧᠩ᠄ ᠪᠣᠬᠢᠷᠲᠤᠯ ᠦᠭᠡᠢ ᠪᠠᠶ᠋ᠢᠯᠭ᠋ᠠᠬᠤ ᠪᠣᠯ ᠥᠪᠥᠷ ᠮᠣᠩᠭᠤᠯ᠎ᠤᠨ ᠤᠭ ᠲᠥᠷᠬᠦ ᠪᠠ ᠦᠨ᠎ᠡ ᠥᠷᠲᠡᠭ ᠪᠣᠯᠣᠨ᠎ᠠ᠂ ᠡᠭᠦᠨ᠎ᠢ ᠦᠢ᠍ᠯᠡᠳᠦᠯᠭᠡ ᠤᠯᠠᠮ᠎ᠠᠴᠠ ᠤᠯᠠᠮ ᠭᠡᠷᠡᠴᠢᠯᠡᠵᠦ ᠪᠠᠶ᠋ᠢᠨ᠎ᠠ᠃ ᠪᠢᠳᠡ ᠪᠣᠬᠢᠷᠲᠤᠯ ᠦᠭᠡᠢ ᠬᠥᠭᠵᠢᠯᠲᠡ ᠵᠢᠨ ᠣᠨᠣᠯᠵᠢᠬᠤᠨ᠎ᠢ ᠬᠥᠭᠵᠢᠯᠲᠡ ᠵᠢᠨ ᠪᠦᠬᠦ ᠶᠠᠪᠤᠴᠠ᠎ᠳᠤ ᠲᠤᠭᠤᠰᠢᠯᠠᠭᠤᠯᠵᠤ᠂ ᠨᠡᠭᠦᠷᠡᠰᠦᠲᠥ᠋ᠷᠥᠭᠴᠢ ᠵᠢ ᠪᠠᠭ᠋ᠠᠰᠬᠠᠬᠤ᠂ ᠪᠣᠬᠢᠷᠲᠤᠯ᠎ᠢ ᠪᠠᠭ᠋ᠠᠰᠬᠠᠬᠤ᠂ ᠨᠣᠭᠤᠭ᠋ᠠᠷᠠᠭᠤᠯᠤᠯᠲᠠ ᠵᠢ ᠥᠷᠭᠡᠳᠬᠡᠬᠦ᠂ ᠥᠰᠦᠯᠲᠡ ᠵᠢ ᠨᠡᠮᠡᠭᠳᠡᠭᠦᠯᠬᠦ᠎ᠪᠠᠨ ᠵᠣᠬᠢᠴᠠᠭᠤᠯᠤᠨ ᠠᠬᠢᠭᠤᠯᠵᠤ᠂ 《ᠦᠵᠡᠰᠬᠦᠯᠡᠩᠲᠦ ᠬᠢᠭᠡᠳ ᠬᠥᠭᠵᠢᠯᠲᠡ ᠵᠢᠨ ᠬᠤᠣᠰ ᠠᠮᠵᠢᠯᠲᠠ》 ᠵᠢ ᠴᠢᠷᠮᠠᠶ᠋ᠢᠨ ᠪᠡᠶᠡᠯᠡᠭᠦᠯᠪᠡ᠃
    ᠨᠢᠭᠡ ᠲᠠᠯ᠎ᠠ᠎ᠪᠠᠷ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢᠨ ᠪᠦᠲᠦᠭᠡᠨ ᠪᠠᠶ᠋ᠢᠭᠤᠯᠤᠯᠲᠠ ᠵᠢ ᠠᠳᠬᠤᠪᠠ᠃ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ 《ᠤᠮᠠᠷᠠᠲᠤ ᠵᠢᠨ ᠭᠤᠷᠪᠠᠨ ᠣᠷᠣᠨ》᠎ᠤ ᠢᠨᠵᠧᠨᠧᠷᠢᠩ᠎ᠤᠨ ᠪᠣᠭᠤᠮᠲᠠ ᠰᠢᠪᠲᠤᠯᠬᠤ ᠳᠠᠶ᠋ᠢᠯᠠᠯᠳᠤᠭ᠋ᠠᠨ᠎ᠢ ᠰᠠᠶ᠋ᠢᠲᠤᠷ ᠬᠢᠵᠦ᠂ ᠡᠳᠦᠷ ᠪᠦᠷᠢ ᠳᠤᠮᠳᠠᠴᠢ᠎ᠪᠠᠷ 6 ᠲᠦᠮᠡᠨ ᠮᠦ᠍ ᠵᠢᠨ ᠬᠤᠷᠳᠤᠴᠠ᠎ᠪᠠᠷ ᠡᠯᠡᠰᠦᠷᠬᠡᠭᠵᠢᠯ᠎ᠢ ᠰᠡᠷᠭᠡᠶ᠋ᠢᠯᠡᠨ ᠡᠯᠡᠰᠦ ᠵᠢ ᠵᠠᠰᠠᠬᠤ᠎ᠪᠠᠨ ᠠᠬᠢᠭᠤᠯᠵᠤ᠂ ᠨᠢᠳᠤᠨᠤᠨ ᠪᠦᠬᠦ ᠣᠷᠣᠨ᠎ᠳᠤ 1954 ᠲᠦᠮᠡᠨ ᠮᠦ᠍ ᠡᠯᠡᠰᠦ ᠵᠢ ᠵᠠᠰᠠᠵᠤ᠂ 659 ᠲᠦᠮᠡᠨ ᠮᠦ᠍ ᠣᠶ᠋ᠢᠵᠢᠭᠤᠯᠵᠤ᠂ 1923 ᠲᠦᠮᠡᠨ ᠮᠦ᠍ ᠡᠪᠡᠰᠦ ᠲᠠᠷᠢᠵᠤ᠂ ᠬᠠᠳᠤᠨ ᠭᠤᠣᠯ᠎ᠤᠨ 《ᠶᠡᠭᠡ ᠲᠣᠬᠤᠢ》᠎ᠳᠠᠬᠢ ᠬᠥᠪᠴᠢ ᠵᠢᠨ ᠡᠯᠡᠰᠦᠨ᠎ᠳᠤ ᠨᠣᠭᠤᠭ᠋ᠠᠷᠠᠭᠤᠯᠤᠯᠲᠠ ᠵᠢᠨ ᠪᠦᠰᠡ᠂ ᠨᠦᠯᠦᠮᠡᠯ ᠭᠠᠵᠠᠷ᠎ᠤᠨ ᠬᠠᠰᠢᠯᠭ᠎ᠠ᠂ ᠭᠡᠷᠡᠯᠴᠢ ᠴᠡᠨᠡᠭ ᠵᠶ᠋ᠠᠷ ᠡᠯᠡᠰᠦ ᠵᠢ ᠵᠠᠰᠠᠬᠤ ᠪᠦᠰᠡ᠂ ᠡᠯᠡᠰᠦᠨ᠎ᠤ ᠵᠠᠬ᠎ᠠ ᠵᠢ ᠴᠢᠳᠦᠷᠯᠡᠬᠦ ᠤᠢ ᠵᠡᠷᠭᠡ ᠲᠦᠷᠪᠡᠨ ᠰᠡᠷᠭᠡᠶ᠋ᠢᠯᠡᠯᠲᠡ ᠵᠢᠨ ᠱᠤᠭᠤᠮ᠎ᠢ ᠪᠠᠶ᠋ᠢᠭᠤᠯᠪᠠ᠃ ᠥᠩᠭᠡᠷᠡᠭᠰᠡᠨ᠎ᠳᠤ᠂ ᠣᠷᠳᠣᠰ᠎ᠤᠨ ᠵᠠᠭ᠋ᠠᠭ ᠳᠣᠲᠣᠷᠠᠬᠢ 《ᠠᠷᠪᠠᠨ ᠶᠡᠭᠡ ᠬᠦᠨᠳᠡᠢ》 ᠵᠢᠯ ᠪᠦᠷᠢ ᠬᠠᠲᠤᠨ ᠭᠤᠤᠯ᠎ᠳᠤ 2700 ᠭᠠᠷᠤᠶ ᠲᠦᠮᠡᠨ ᠲᠣᠨ ᠡᠯᠡᠰᠦ ᠴᠢᠳᠬᠤᠵᠤ ᠪᠠᠶ᠋ᠢᠭᠰᠠᠨ᠎ᠠᠴᠠ᠎ᠪᠠᠨ ᠣᠲᠣ ᠨᠢᠭᠡᠨᠲᠡ 400 ᠭᠠᠷᠤᠶ ᠲᠦᠮᠡᠨ ᠲᠣᠨ ᠬᠦᠷᠲᠡᠯ᠎ᠡ ᠪᠠᠭᠤᠷᠠᠵᠤ᠂ 2030 ᠣᠨ ᠪᠣᠯᠬᠤ᠎ᠳᠤ 100 ᠲᠦᠮᠡᠨ ᠲᠣᠨ᠎ᠠᠴᠠ ᠳᠣᠷᠣᠭᠰᠢ ᠪᠣᠯᠲᠠᠯ᠎ᠠ ᠪᠠᠭᠤᠷᠠᠭᠤᠯᠬᠤ᠎ᠪᠠᠷ ᠴᠢᠷᠮᠠᠶ᠋ᠢᠵᠦ ᠪᠤᠢ᠃
    ᠨᠥᠭᠦᠭᠡ ᠲᠠᠯ᠎ᠠ᠎ᠪᠠᠷ ᠰᠢᠨ᠎ᠡ ᠡᠨᠧᠷᠭᠢ ᠵᠢ ᠶᠡᠭᠡ ᠬᠡᠪᠴᠢᠶ᠎ᠡ᠎ᠪᠠᠷ ᠨᠡᠭᠡᠭᠡᠨ ᠠᠰᠢᠭᠯᠠᠬᠤ ᠵᠢ ᠠᠬᠢᠭᠤᠯᠪᠠ᠃ ᠶᠡᠷᠦᠩᠬᠡᠢ ᠱᠦᠵᠢ ᠰᠢ ᠵᠢᠨ ᠫᠢᠩ᠎ᠤᠨ 《ᠤᠳᠤ ᠦᠶ᠎ᠡ ᠵᠢᠨ ᠡᠨᠧᠷᠭᠢ ᠵᠢᠨ ᠠᠵᠤ ᠠᠬᠤᠢ ᠵᠢ ᠰᠠᠶ᠋ᠢᠲᠤᠷ ᠬᠥᠭᠵᠢᠭᠦᠯᠬᠦ ᠬᠡᠷᠡᠭᠲᠡᠢ》 ᠭᠡᠰᠡᠨ ᠴᠢᠬᠤᠯᠠ ᠱᠠᠭ᠋ᠠᠷᠳᠠᠯᠭ᠎ᠠ ᠶᠣᠰᠣᠭ᠋ᠠᠷ᠂ ᠰᠢᠨ᠎ᠡ ᠡᠨᠧᠷᠭᠢ ᠵᠢᠨ ᠪᠦᠬᠦ ᠠᠵᠤ ᠦᠢ᠍ᠯᠡᠰ᠎ᠤᠨ ᠬᠡᠯᠬᠢᠶᠡᠨ᠎ᠤ ᠬᠥᠭᠵᠢᠯᠲᠡ ᠵᠢ ᠠᠬᠢᠭᠤᠯᠪᠠ᠃ ᠨᠢᠳᠤᠨᠤᠨ ᠪᠥᠬᠦ ᠣᠷᠣᠨ᠎ᠳᠠᠬᠢ ᠰᠢᠨ᠎ᠡ ᠡᠨᠧᠷᠭᠢ ᠵᠢᠨ ᠮᠠᠰᠢᠨ ᠴᠣᠭᠴᠠᠯᠠᠪᠤᠷᠢ 1.35 ᠳ᠋ᠦᠩᠰᠢᠭᠤᠷ ᠺᠢᠯᠣᠸᠠᠲ᠎ᠲᠤ ᠬᠦᠷᠴᠦ᠂ ᠡᠨᠧᠷᠭᠢ ᠨᠥᠭᠡᠴᠡᠯᠡᠬᠦ ᠮᠠᠰᠢᠨ ᠴᠣᠭᠴᠠᠯᠠᠪᠤᠷᠢ 1000 ᠲᠦᠮᠡᠨ ᠺᠢᠯᠣᠸᠠᠲ᠎ᠢ ᠳᠠᠪᠠᠵᠤ᠂ ᠪᠣᠬᠢᠷᠲᠤᠯ ᠥᠬᠡᠶ ᠴᠠᠬᠢᠯᠭ᠋ᠠᠨ᠎ᠤ ᠬᠡᠷᠡᠭᠯᠡᠭᠡ᠎ᠨᠢ ᠴᠠᠬᠢᠯᠭ᠋ᠠᠨ ᠬᠡᠷᠡᠭᠯᠡᠬᠦ ᠬᠡᠮᠵᠢᠶᠡᠨ᠎ᠤ 30%᠎ᠳᠤ ᠣᠶ᠋ᠢᠷᠠᠳᠪᠠ᠃ ᠪᠢᠳᠡ ᠡᠯᠡᠰᠦᠷᠬᠡᠭᠵᠢᠯ᠎ᠢ ᠰᠡᠷᠭᠡᠶ᠋ᠢᠯᠡᠨ ᠡᠯᠡᠰᠦ ᠵᠢ ᠵᠠᠰᠠᠬᠤ ᠪᠠ ᠰᠠᠯᠬᠢᠨ ᠬᠦᠴᠦᠨ᠎ᠤ ᠴᠠᠬᠢᠯᠭ᠋ᠠᠨ ᠭᠡᠷᠡᠯᠴᠢ ᠴᠡᠨᠡᠭ᠎ᠢ ᠨᠢᠭᠡ ᠴᠣᠭᠴᠠᠵᠢᠭᠤᠯᠬᠤ ᠢᠨᠵᠧᠨᠧᠷᠢᠩ᠎ᠢ ᠶᠡᠭᠡ᠎ᠪᠠᠷ ᠬᠡᠷᠡᠭᠵᠢᠭᠦᠯᠵᠦ᠂ ᠰᠠᠯᠬᠢᠨ ᠬᠦᠴᠦᠨ᠎ᠤ ᠴᠠᠬᠢᠯᠭ᠋ᠠᠨ ᠭᠡᠷᠡᠯᠴᠢ ᠴᠡᠨᠡᠭ᠎ᠤᠨ ᠮᠠᠰᠢᠨ ᠴᠣᠭᠴᠠᠯᠠᠪᠤᠷᠢ ᠵᠢ 2727 ᠲᠦᠮᠡᠨ ᠺᠢᠯᠣᠸᠠᠲ ᠪᠠᠶ᠋ᠢᠭᠤᠯᠵᠤ᠂ 238 ᠲᠦᠮᠡᠨ ᠮᠦ᠍ ᠡᠯᠡᠰᠦ ᠵᠢ ᠲᠥᠬᠦᠷᠵᠢᠭᠦᠯᠦᠨ ᠵᠠᠰᠠᠪᠠ᠃ ᠬᠥᠪᠴᠢ ᠵᠢᠨ ᠡᠯᠡᠰᠦᠨ᠎ᠳᠤ 400 ᠺᠢᠯᠣᠮᠧᠳ᠋ᠷ ᠤᠷᠳᠤ᠂ 5 ᠺᠢᠯᠣᠮᠧᠳ᠋ᠷ ᠥᠷᠭᠡᠨ ᠭᠡᠷᠡᠯᠴᠢ ᠴᠡᠨᠡᠭ ᠵᠶ᠋ᠠᠷ ᠡᠯᠡᠰᠦ ᠵᠢ ᠵᠠᠰᠠᠬᠤ ᠠᠵᠤ ᠦᠢ᠍ᠯᠡᠰ᠎ᠤᠨ ᠪᠥᠰᠡ ᠪᠠᠶ᠋ᠢᠭᠤᠯᠬᠤ᠎ᠪᠠᠷ ᠲᠥᠯᠥᠪᠯᠡᠵᠦ ᠪᠤᠢ᠃ ᠭᠠᠲᠠᠭ᠋ᠠᠲᠤ ᠵᠢᠨ ᠵᠠᠷᠢᠮ ᠵᠠᠭᠤᠴᠢᠯᠠᠭᠤᠷ᠎ᠤᠨ᠎ᠬᠢᠨ ᠡᠭᠦᠨ᠎ᠢ ᠳᠣᠮᠲᠠᠲᠤ ᠤᠯᠤᠰ ᠣᠲᠤ ᠶᠠᠭ ᠥᠭᠡᠷ᠎ᠡ ᠨᠢᠭᠡᠨ 《ᠤᠷᠲᠤ ᠴᠠᠭ᠋ᠠᠨ ᠬᠡᠷᠡᠮ》᠎ᠢ ᠪᠠᠶ᠋ᠢᠭᠤᠯᠵᠤ᠂ 《ᠳᠣᠮᠲᠠᠲᠤ ᠤᠯᠤᠰ ᠴᠠᠪᠡᠷ ᠡᠨᠧᠷᠭᠢᠲᠦ ᠢᠷᠠᠭᠡᠲᠣᠢ ᠵᠦᠭ ᠲᠡᠮᠡᠦᠯᠬᠦ ᠬᠤᠷᠲᠣᠴᠠ》 ᠵᠢ᠎ᠨᠢ ᠳᠦᠯᠣᠭᠡᠯᠠᠵᠤ ᠪᠠᠶ᠋ᠢᠨ᠎ᠠ ᠭᠡᠵᠦ ᠮᠡᠳᠡᠭᠡᠯᠡᠵᠡᠢ᠃
    ᠥᠪᠥᠷ ᠮᠣᠩᠭᠤᠯ᠎ᠤᠨ ᠰᠢᠨ᠎ᠡ ᠡᠨᠧᠷᠭᠢ ᠵᠢᠨ ᠠᠵᠤ ᠦᠢ᠍ᠯᠡᠰ᠎ᠤᠨ ᠬᠥᠭᠵᠢᠯᠲᠡ ᠵᠢᠨ ᠣᠷᠣᠨ ᠵᠠᠢ ᠥᠷᠭᠡᠨ ᠠᠭᠤᠳᠠᠮ ᠪᠠᠶ᠋ᠢᠨ᠎ᠠ᠃ ᠡᠨᠡ ᠵᠢᠯ᠎ᠤᠨ ᠬᠠᠷᠠᠯᠲᠠ ᠪᠣᠯ 4000 ᠲᠦᠮᠡᠨ ᠺᠢᠯᠣᠸᠠᠲ᠎ᠤᠨ ᠮᠠᠰᠢᠨ ᠴᠣᠭᠴᠠᠯᠠᠪᠤᠷᠢ ᠵᠢ ᠰᠢᠨ᠎ᠡ᠎ᠪᠠᠷ ᠨᠡᠮᠡᠭᠳᠡᠭᠦᠯᠬᠦ᠎ᠪᠠᠷ ᠴᠢᠷᠮᠠᠶ᠋ᠢᠵᠤ᠂ ᠰᠢᠨ᠎ᠡ ᠬᠡᠯᠪᠡᠷᠢ ᠪᠦᠬᠦᠢ ᠡᠨᠧᠷᠭᠢ ᠨᠥᠭᠡᠴᠡᠯᠡᠬᠦ ᠲᠥᠷᠥᠯ ᠵᠦᠢ᠍ᠯ᠎ᠢ 1000 ᠲᠦᠮᠡᠨ ᠺᠢᠯᠣᠸᠠᠲ᠎ᠠᠴᠠ ᠳᠡᠭᠡᠭᠰᠢ ᠪᠣᠯᠭ᠋ᠠᠬᠤ ᠠᠵᠢᠯ᠎ᠢ ᠰᠢᠨ᠎ᠡ᠎ᠪᠠᠷ ᠡᠬᠢᠯᠡᠭᠦᠯᠵᠦ᠂ ᠤᠰᠤᠲᠥ᠋ᠷᠥᠭᠴᠢ ᠡᠨᠧᠷᠭᠢ ᠦᠢ᠍ᠯᠡᠳᠪᠦᠷᠢᠯᠡᠬᠦ ᠴᠢᠳᠠᠮᠵᠢ ᠵᠢ 20 ᠲᠦᠮᠡᠨ ᠲᠣᠨ᠎ᠳᠤ ᠬᠦᠷᠦᠭᠦᠯᠵᠦ᠂ ᠭᠠᠳᠠᠭᠰᠢ 800 ᠳ᠋ᠦᠩᠰᠢᠭᠤᠷ ᠺᠢᠯᠣᠸᠠᠲ ᠴᠠᠭ᠎ᠠᠴᠠ ᠳᠡᠭᠡᠭᠰᠢᠬᠢ ᠪᠣᠬᠢᠷᠲᠤᠯ ᠦᠭᠡᠢ ᠴᠠᠬᠢᠯᠭ᠋ᠠᠨ ᠬᠦᠷᠭᠡᠬᠦ᠎ᠪᠠᠷ ᠴᠢᠷᠮᠠᠶ᠋ᠢᠨ᠎ᠠ᠃
    ᠨᠡᠭᠡᠭᠡᠯᠲᠡ ᠬᠢᠵᠦ ᠬᠠᠮᠲᠤᠷᠠᠨ ᠠᠵᠢᠯᠯᠠᠬᠤ ᠥᠷᠭᠡᠴᠡ ᠪᠠ ᠭᠦᠨᠴᠡ ᠵᠢ ᠢᠳᠡᠪᠬᠢᠲᠡᠢ᠎ᠪᠠᠷ ᠥᠷᠭᠡᠳᠬᠡᠨ᠎ᠡ
    ᠰᠤᠷᠪᠤᠯᠵᠢᠯᠠᠭᠴᠢ᠄ ᠥᠪᠥᠷ ᠮᠣᠩᠭᠤᠯ ᠪᠣᠯ ᠮᠠᠨ᠎ᠤ ᠤᠯᠤᠰ᠎ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠬᠥᠭᠦᠷᠭᠡᠨ ᠪᠠᠬᠢᠯᠡᠯᠲᠡ ᠪᠣᠯᠣᠨ᠎ᠠ᠂ ᠦᠢ᠍ᠯᠡᠳᠦᠯᠭᠡ ᠵᠢᠨ ᠳᠤᠮᠳᠠ ᠨᠡᠭᠡᠭᠡᠯᠲᠡ ᠬᠢᠵᠦ ᠬᠠᠮᠲᠤᠷᠠᠯᠴᠠᠨ ᠠᠵᠢᠯᠯᠠᠬᠤ ᠵᠢ ᠬᠡᠷᠬᠢᠨ ᠠᠬᠢᠭᠤᠯᠤᠭᠰᠠᠨ ᠪᠤᠢ?
    ᠰᠦᠨ ᠱᠣᠣ ᠴᠧᠩ᠄ ᠥᠪᠥᠷ ᠮᠣᠩᠭᠤᠯ᠎ᠤᠨ ᠣᠷᠣᠨ ᠪᠠᠶ᠋ᠢᠷᠢ ᠵᠢᠨ ᠳᠠᠪᠠᠭᠤᠯᠢᠭ ᠤᠯᠠᠨ᠎ᠠᠴᠠ ᠣᠨᠴᠠᠭ᠋ᠠᠢ ᠪᠠᠶ᠋ᠢᠵᠤ᠂ ᠣᠶ᠋ᠢᠷ᠎ᠠ ᠵᠢᠨ ᠬᠤᠶᠠᠷ ᠵᠢᠯ᠎ᠳᠤ ᠪᠢᠳᠡ ᠨᠡᠭᠡᠭᠡᠯᠲᠡ ᠬᠢᠬᠦ ᠲᠠᠪᠴᠠᠩ᠎ᠤᠨ ᠪᠠᠶ᠋ᠢᠭᠤᠯᠤᠯᠲᠠ᠎ᠪᠠᠨ ᠴᠢᠩᠭ᠋ᠠᠳᠬᠠᠨ᠂ ᠭᠤᠣᠯᠳᠠᠯᠭ᠎ᠠ ᠪᠣᠯᠬᠤ ᠬᠢᠯᠢ ᠵᠢᠨ ᠪᠣᠭᠤᠮᠲᠠ ᠵᠢ ᠴᠣᠭᠴᠠᠯᠠᠬᠤ᠂ ᠳᠤᠮᠳᠠᠳᠤ ᠡᠸᠦ᠋ᠷᠦᠫᠡ ᠵᠢᠨ ᠵᠢᠰᠢᠶᠠᠨ᠎ᠤ ᠴᠤᠪᠤᠭ᠎ᠠ ᠲᠡᠷᠭᠡᠨ᠎ᠤ ᠶᠠᠰᠤ ᠴᠢᠨᠠᠷ᠎ᠢ ᠳᠡᠭᠡᠭᠰᠢᠯᠡᠭᠦᠯᠦᠨ ᠪᠠᠭᠲᠠᠭ᠋ᠠᠮᠵᠢ ᠵᠢ᠎ᠨᠢ ᠦᠷᠭᠡᠳᠬᠡᠬᠦ᠎ᠪᠠᠨ ᠨᠢᠭᠡᠳᠦᠯᠲᠡᠢ ᠲᠦᠯᠦᠪᠯᠡᠨ ᠠᠬᠢᠭᠤᠯᠵᠤ᠂ ᠪᠡᠭᠡᠵᠢᠩ ᠥᠪᠥᠷ ᠮᠣᠩᠭᠤᠯ᠎ᠤᠨ ᠬᠠᠮᠵᠢᠯᠴᠠᠭ᠋ᠠᠨ᠎ᠤ 《ᠳᠠᠬᠢᠨ ᠵᠶ᠋ᠠᠷ ᠨᠡᠮᠡᠭᠳᠡᠭᠦᠯᠬᠦ ᠵᠢᠷᠭᠤᠭ᠋ᠠᠨ ᠲᠥᠯᠥᠪᠯᠡᠭᠡ》 ᠪᠠ 《ᠲᠦᠷᠪᠡᠨ ᠵᠦᠢ᠍ᠯ᠎ᠤᠨ ᠠᠵᠢᠯᠯᠠᠭ᠋ᠠᠨ》᠎ᠢ ᠭᠦᠨᠵᠡᠭᠡᠢ ᠬᠡᠷᠡᠭᠵᠢᠭᠦᠯᠦᠨ᠂ ᠣᠷᠣᠨ ᠪᠦᠰᠡ ᠵᠢᠨ ᠬᠠᠮᠲᠤᠷᠠᠯᠴᠠᠭ᠎ᠠ ᠵᠢ ᠦᠷᠭᠦᠯᠵᠢᠯᠡᠨ ᠭᠦᠨᠵᠡᠭᠡᠶ᠋ᠢᠷᠡᠭᠦᠯᠵᠦ᠂ ᠳᠣᠲᠣᠭ᠋ᠠᠳᠤ ᠭᠠᠳᠠᠭ᠋ᠠᠳᠤ᠎ᠳᠤ ᠨᠡᠭᠡᠭᠡᠯᠲᠡ ᠬᠢᠬᠦ ᠲᠠᠯ᠎ᠠ᠎ᠪᠠᠷ ᠰᠢᠨ᠎ᠡ ᠳᠦᠷᠰᠦ ᠪᠠᠶ᠋ᠢᠳᠠᠯ᠎ᠲᠠᠢ ᠪᠣᠯᠵᠠᠢ᠃ ᠨᠢᠳᠤᠨᠤᠨ᠂ ᠳᠤᠮᠳᠠᠳᠤ ᠮᠣᠩᠭᠤᠯ᠎ᠤᠨ ᠡᠷᠢᠶᠡᠨ ᠬᠤᠲᠠ — ᠵᠠᠮ᠎ᠤᠨ ᠡᠭᠦᠳᠡ ᠵᠢᠨ ᠠᠵᠤ ᠠᠬᠤᠢ ᠵᠢᠨ ᠬᠠᠮᠲᠤᠷᠠᠯᠴᠠᠭ᠋ᠠᠨ᠎ᠤ ᠣᠷᠣᠨ ᠠᠮᠵᠢᠯᠲᠠ᠎ᠲᠠᠢ᠎ᠪᠠᠷ ᠵᠥᠪᠰᠢᠶᠡᠷᠡᠭᠳᠡᠵᠦ᠂ ᠪᠥᠬᠦ ᠣᠷᠣᠨ᠎ᠤ ᠬᠠᠭᠤᠷᠠᠢ ᠵᠠᠮ᠎ᠤᠨ ᠪᠣᠭᠤᠮᠲᠠ ᠵᠢᠨ ᠪᠠᠷᠠᠭ᠋ᠠᠨ᠎ᠤ ᠲᠡᠭᠡᠭᠡᠪᠦᠷᠢ ᠵᠢᠨ ᠬᠡᠮᠵᠢᠶ᠎ᠡ 1.2 ᠳ᠋ᠦᠩᠰᠢᠭᠤᠷ ᠲᠣᠨ᠎ᠢ ᠳᠠᠪᠠᠵᠤ᠂ ᠬᠢᠯᠢ ᠵᠢᠨ ᠠᠷᠠᠳ᠎ᠤᠨ ᠬᠠᠷᠢᠯᠴᠠᠨ ᠮᠠᠶ᠋ᠢᠮᠠᠶ᠋ᠢᠯᠠᠬᠤ ᠵᠠᠬ᠎ᠠ ᠳᠡᠯᠭᠡᠭᠦᠷ᠎ᠤᠨ ᠠᠷᠠᠯᠵᠢᠶᠠᠨ᠎ᠤ ᠬᠡᠮᠵᠢᠶ᠎ᠡ᠂ ᠭᠠᠷ ᠳᠠᠮᠵᠢᠭᠰᠠᠨ ᠮᠠᠰᠢᠨ ᠲᠡᠷᠭᠡᠨ᠎ᠤ ᠭᠠᠳᠠᠭ᠋ᠠᠳᠤ ᠭᠠᠷᠭ᠋ᠠᠯᠲᠠ ᠵᠢᠨ ᠬᠡᠮᠵᠢᠶ᠎ᠡ᠂ ᠬᠢᠯᠢ᠎ᠪᠠᠷ ᠣᠷᠣᠭᠤᠯᠵᠤ ᠭᠠᠷᠭ᠋ᠠᠭᠰᠠᠨ ᠠᠶᠠᠨᠴᠢᠳ᠎ᠤᠨ ᠲᠡᠭᠡᠭᠡᠪᠦᠷᠢ ᠵᠢᠨ ᠬᠡᠮᠵᠢᠶ᠎ᠡ ᠲᠣᠰ ᠲᠣᠰ 113%᠂ 68.3%᠂ 53%᠎ᠪᠠᠷ ᠨᠡᠮᠡᠭᠳᠡᠪᠡ᠃ ᠥᠪᠥᠷ ᠮᠣᠩᠭᠤᠯ᠎ᠤᠨ ᠪᠦᠲᠦᠭᠡᠭᠳᠡᠬᠦᠨ ᠵᠶ᠋ᠠᠨ ᠪᠡᠭᠡᠵᠢᠩ᠎ᠳᠤ ᠣᠷᠣᠭᠤᠯᠵᠤ ᠪᠣᠷᠣᠯᠠᠭᠤᠯᠤᠭᠰᠠᠨ ᠲᠤᠭ᠎ᠠ᠂ ᠥᠪᠥᠷ ᠮᠣᠩᠭᠤᠯ᠎ᠳᠠᠬᠢ ᠪᠡᠭᠡᠵᠢᠩ᠎ᠤᠨ ᠪᠡᠯᠡ ᠮᠥᠩᠭᠦᠨ᠎ᠤ ᠪᠡᠯᠡ ᠣᠷᠣᠭᠤᠯᠤᠯᠲᠠ ᠵᠢᠨ ᠲᠤᠭ᠎ᠠ ᠶᠡᠭᠡ᠎ᠪᠠᠷ ᠨᠡᠮᠡᠭᠳᠡᠪᠡ᠃ ᠴᠢᠯᠦᠭᠡᠲᠦ ᠠᠷᠠᠯᠵᠢᠶᠠᠨ᠎ᠤ ᠲᠤᠷᠰᠢᠯᠲᠠ ᠵᠢᠨ ᠣᠷᠣᠨ᠎ᠢ ᠲᠦᠷᠭᠡᠳᠬᠡᠨ ᠪᠦᠲᠦᠭᠡᠨ ᠪᠠᠶ᠋ᠢᠭᠤᠯᠵᠤ᠂ ᠤᠯᠤᠰ᠎ᠤᠨ ᠱᠠᠲᠤ ᠳᠠᠪᠬᠤᠷᠭ᠎ᠠ᠎ᠳᠠᠬᠢ ᠳᠦᠷᠢᠮ᠎ᠤᠨ ᠰᠢᠨ᠎ᠡ ᠡᠭᠦᠳᠦᠯᠲᠡ ᠵᠢᠨ 223 ᠵᠦᠢ᠍ᠯ᠎ᠤᠨ ᠦᠷ᠎ᠡ ᠪᠦᠲᠦᠭᠡᠯ᠎ᠢ ᠬᠠᠭᠤᠯᠪᠤᠷᠢᠯᠠᠨ ᠳᠡᠯᠭᠡᠷᠡᠭᠦᠯᠪᠡ᠃
    ᠡᠨᠡ ᠵᠢᠯ᠂ ᠪᠢᠳᠡ ᠣᠷᠣᠨ ᠪᠦᠰᠡ ᠵᠢᠨ ᠬᠠᠮᠲᠤᠷᠠᠯᠴᠠᠭ᠎ᠠ ᠵᠢ ᠭᠦᠨᠵᠡᠭᠡᠶ᠋ᠢᠷᠡᠭᠦᠯᠬᠦ ᠠᠵᠢᠯᠯᠠᠭ᠋ᠠᠨ᠎ᠢ ᠵᠣᠬᠢᠶᠠᠨ ᠪᠠᠶ᠋ᠢᠭᠤᠯᠤᠨ ᠥᠷᠨᠢᠭᠦᠯᠵᠦ᠂ ᠭᠠᠳᠠᠭ᠋ᠠᠳᠤ᠂ ᠳᠣᠲᠣᠭ᠋ᠠᠳᠤ᠎ᠳᠠᠬᠢ ᠬᠠᠮᠲᠤᠷᠠᠯᠴᠠᠭ᠎ᠠ ᠪᠠ ᠣᠷᠣᠨ᠎ᠤ ᠳᠣᠲᠣᠭ᠋ᠠᠳᠤᠬᠢ ᠡᠯ᠎ᠡ ᠠᠶ᠋ᠢᠮᠠᠭ ᠬᠤᠲᠠ ᠵᠢᠨ ᠬᠠᠮᠵᠢᠯᠴᠠᠭ᠎ᠠ ᠵᠢ ᠰᠢᠨ᠎ᠡ ᠲᠦᠪᠰᠢᠨ᠎ᠳᠤ ᠬᠦᠷᠭᠡᠬᠦ᠎ᠪᠠᠷ ᠴᠢᠷᠮᠠᠶ᠋ᠢᠨ᠎ᠠ᠃ ᠭᠠᠳᠠᠭ᠋ᠠᠳᠤ᠎ᠳᠤ᠂ ᠭᠤᠣᠯᠳᠠᠭᠤ ᠣᠷᠣᠰ ᠮᠣᠩᠭᠤᠯ᠎ᠳᠤ ᠨᠡᠭᠡᠭᠡᠯᠲᠡ ᠬᠢᠬᠦ᠎ᠪᠠᠨ ᠥᠷᠭᠡᠳᠬᠡᠵᠦ᠂ 《ᠭᠠᠷᠭ᠋ᠠᠬᠤ》 ᠠᠵᠢᠯ᠎ᠢ ᠤᠯᠠᠮ ᠨᠢᠭᠡ ᠠᠯᠬᠤᠮ ᠰᠠᠶ᠋ᠢᠲᠤᠷ ᠬᠢᠵᠦ᠂ 《ᠣᠷᠣᠭᠤᠯᠤᠭᠰᠠᠨ》 ᠦᠢ᠍ᠯᠡᠳᠬᠦᠨ ᠵᠶ᠋ᠠᠨ ᠰᠠᠶ᠋ᠢᠲᠤᠷ ᠬᠡᠷᠡᠭᠯᠡᠨ᠂ ᠳᠤᠮᠳᠠᠳᠤ ᠮᠣᠩᠭᠤᠯ ᠣᠷᠣᠰ᠎ᠤᠨ ᠠᠵᠤ ᠠᠬᠤᠢ ᠵᠢᠨ ᠬᠤᠩᠭᠢᠯ᠎ᠤᠨ ᠪᠦᠲᠦᠭᠡᠨ ᠪᠠᠶ᠋ᠢᠭᠤᠯᠤᠯᠲᠠ᠎ᠳᠠᠬᠢ ᠬᠥᠭᠦᠷᠭᠡ ᠬᠤᠯᠪᠣᠭ᠋ᠠᠰᠤ ᠵᠢᠨ ᠦᠢ᠍ᠯᠡᠳᠦᠯ᠎ᠢ ᠨᠠᠩ ᠰᠠᠶ᠋ᠢᠲᠤᠷ ᠪᠠᠳᠠᠷᠠᠭᠤᠯᠤᠨ᠎ᠠ; ᠳᠣᠲᠣᠭ᠋ᠠᠳᠤ᠎ᠳᠤ᠎ᠪᠠᠨ᠂ ᠪᠡᠭᠡᠵᠢᠩ ᠲᠢᠶᠠᠨᠵᠢᠨ ᠾᠧᠪᠧᠢ᠂ ᠬᠥᠬᠡᠮᠥ᠋ᠷᠡᠨ᠎ᠤ ᠭᠤᠷᠪᠠᠯᠵᠢᠨ ᠬᠤᠶ᠋ᠢᠭ᠂ ᠭᠤᠸᠠᠩᠳᠦ᠋ᠩ ᠰᠢᠶᠠᠩᠭ᠋ᠠᠩ ᠣᠣᠮᠧᠨ᠎ᠤ ᠲᠣᠮᠣ ᠪᠤᠯᠤᠩ᠎ᠤᠨ ᠣᠷᠣᠨ ᠵᠡᠷᠭᠡ ᠭᠠᠵᠠᠷ ᠣᠷᠣᠨ᠎ᠯᠤᠭ᠎ᠠ ᠵᠢᠨ ᠬᠠᠮᠲᠤᠷᠠᠯᠴᠠᠭ᠎ᠠ᠎ᠪᠠᠨ ᠲᠠᠰᠤᠷᠠᠯᠲᠠ ᠦᠭᠡᠢ ᠭᠦᠨᠵᠡᠭᠡᠶ᠋ᠢᠷᠡᠭᠦᠯᠵᠦ᠂ ᠪᠡᠭᠡᠵᠢᠩ ᠥᠪᠥᠷ ᠮᠣᠩᠭᠤᠯ᠎ᠤᠨ ᠪᠥᠬᠦ ᠲᠠᠯ᠎ᠠ ᠵᠢᠨ ᠬᠠᠮᠲᠤᠷᠠᠯᠴᠠᠭ᠎ᠠ ᠵᠢᠨ ᠥᠷᠭᠡᠴᠡ ᠪᠠ ᠭᠦᠨᠴᠡ ᠵᠢ ᠥᠷᠭᠡᠳᠬᠡᠨ᠂ ᠪᠥᠬᠦ ᠤᠯᠤᠰ᠎ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ᠎ᠲᠤ ᠦᠢ᠍ᠯᠡᠴᠢᠯᠡᠬᠦ ᠪᠠ ᠠᠭᠤᠰᠤᠯᠴᠠᠬᠤ ᠳᠤᠮᠳᠠ ᠲᠣᠰ ᠪᠡᠶ᠎ᠡ ᠵᠢᠨ ᠬᠥᠭᠵᠢᠯᠲᠡ᠎ᠪᠠᠨ ᠪᠡᠶᠡᠯᠡᠭᠦᠯᠦᠨ᠎ᠡ᠃ ᠣᠷᠣᠨ᠎ᠤ ᠳᠣᠲᠣᠭ᠋ᠠᠳᠤ᠎ᠳᠤ᠎ᠪᠠᠨ᠂ ᠭᠤᠣᠯᠳᠠᠯᠭ᠎ᠠ᠎ᠨᠢ ᠵᠡᠭᠦᠨ ᠬᠡᠰᠡᠭ᠎ᠤᠨ ᠭᠠᠵᠠᠷ ᠣᠷᠣᠨ᠂ ᠬᠥᠬᠡᠬᠤᠲᠠ ᠪᠤᠭᠤᠲᠤ ᠣᠷᠳᠣᠰ ᠤᠯᠠᠭ᠋ᠠᠨᠴᠠᠪ᠎ᠤᠨ ᠭᠠᠵᠠᠷ ᠣᠷᠣᠨ᠂ ᠦᠬᠠᠢ ᠵᠢᠴᠢ ᠡᠷᠬᠢᠨ ᠲᠣᠭᠤᠷᠢᠨ᠎ᠤ ᠭᠠᠵᠠᠷ ᠣᠷᠣᠨ᠎ᠤ ᠬᠤᠯᠪᠤᠭ᠋ᠠᠯᠠᠨ ᠬᠥᠭᠵᠢᠬᠦ᠂ ᠵᠦᠷᠢᠶᠡᠴᠢᠯᠡᠨ ᠵᠣᠬᠢᠴᠠᠩᠭᠤᠢ ᠬᠥᠭᠵᠢᠬᠦ ᠵᠢ ᠠᠬᠢᠭᠤᠯᠬᠤ ᠶᠠᠪᠤᠳᠠᠯ ᠪᠣᠯᠣᠨ᠎ᠠ᠂ ᠪᠢᠳᠡ ᠲᠣᠰ ᠲᠣᠰ ᠬᠤᠷᠠᠯ ᠬᠤᠷᠠᠯᠳᠤᠭᠤᠯᠵᠤ ᠨᠢᠭᠡᠳ ᠨᠢᠭᠡ᠎ᠪᠠᠷ ᠰᠤᠳᠤᠯᠤᠨ ᠪᠠᠶ᠋ᠢᠷᠢᠯᠠᠭᠤᠯᠤᠨ᠎ᠠ᠃
    ᠤᠬᠠᠮᠰᠠᠷ᠎ᠠᠴᠠ᠎ᠪᠠᠨ ᠵᠠᠬ᠎ᠠ ᠳᠡᠯᠭᠡᠭᠦᠷᠴᠢᠯᠡᠭᠰᠡᠨ ᠠᠷᠭ᠎ᠠ ᠪᠠᠷᠢᠯ ᠵᠶ᠋ᠠᠷ ᠬᠥᠭᠵᠢᠯᠲᠡ ᠵᠢᠨ ᠶᠠᠰᠤ ᠴᠢᠨᠠᠷ ᠦᠷ᠎ᠡ ᠠᠰᠢᠭ᠎ᠢ ᠳᠡᠭᠡᠭᠰᠢᠯᠡᠭᠦᠯᠦᠨ᠎ᠡ
    ᠰᠤᠷᠪᠤᠯᠵᠢᠯᠠᠭᠴᠢ᠄ ᠲᠥᠪ᠎ᠤᠨ ᠠᠵᠤ ᠠᠬᠤᠢ ᠵᠢᠨ ᠠᠵᠢᠯ᠎ᠤᠨ ᠬᠤᠷᠠᠯ ᠵᠶ᠋ᠠᠷ᠂ ᠠᠵᠤ ᠠᠬᠤᠢ ᠵᠢᠨ ᠪᠠᠶ᠋ᠢᠭᠤᠯᠤᠯ᠎ᠤᠨ ᠥᠭᠡᠷᠡᠴᠢᠯᠡᠯᠲᠡ ᠵᠢᠨ ᠳᠠᠭ᠋ᠠᠭᠤᠯᠬᠤ ᠦᠢ᠍ᠯᠡᠳᠦᠯ᠎ᠢ ᠪᠠᠳᠠᠷᠠᠭᠤᠯᠵᠤ᠂ ᠪᠡᠯᠭᠡ ᠲᠡᠮᠳᠡᠭ᠎ᠤᠨ ᠴᠢᠨᠠᠷᠲᠠᠢ ᠥᠭᠡᠷᠡᠴᠢᠯᠡᠯᠲᠡ ᠵᠢᠨ ᠠᠷᠭ᠎ᠠ ᠬᠡᠮᠵᠢᠶ᠎ᠡ ᠵᠢ ᠪᠤᠲᠠᠲᠠᠶ᠋ᠢᠵᠢᠭᠤᠯᠤᠨ ᠦᠷ᠎ᠡ ᠪᠦᠲᠦᠮᠵᠢ ᠭᠠᠷᠭ᠋ᠠᠬᠤ ᠵᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ ᠥᠪᠥᠷ ᠮᠣᠩᠭᠤᠯ ᠭᠤᠣᠯᠳᠠᠭᠤ ᠠᠯᠢ ᠲᠠᠯ᠎ᠠ᠎ᠪᠠᠷ ᠬᠦᠴᠦᠯᠡᠬᠦ ᠪᠤᠢ?
    ᠰᠦᠨ ᠱᠣᠣ ᠴᠧᠩ᠄ ᠥᠪᠥᠷ ᠮᠣᠩᠭᠤᠯ᠎ᠤᠨ ᠬᠥᠭᠵᠢᠯᠲᠡ᠎ᠳᠠᠬᠢ ᠬᠠᠮᠤᠭ᠎ᠤᠨ ᠲᠤᠯᠭ᠋ᠠᠮ ᠰᠢᠢ᠍ᠳᠪᠦᠷᠢᠯᠡᠬᠦ ᠴᠢᠬᠤᠯᠠᠲᠠᠢ ᠪᠠᠶ᠋ᠢᠭ᠎ᠠ ᠠᠰᠠᠭᠤᠳᠠᠯ ᠪᠣᠯ ᠵᠠᠬ᠎ᠠ ᠳᠡᠯᠭᠡᠭᠦᠷ᠎ᠤᠨ ᠤᠬᠠᠮᠰᠠᠷ ᠵᠶ᠋ᠠᠷ ᠴᠢᠩᠭ᠎ᠠ ᠪᠤᠰᠤ ᠪᠠᠶ᠋ᠢᠬᠤ ᠠᠰᠠᠭᠤᠳᠠᠯ ᠪᠣᠯᠣᠨ᠎ᠠ᠃ ᠪᠢᠳᠡᠨ᠎ᠤ ᠠᠵᠤ ᠠᠬᠤᠢ ᠵᠢᠨ ᠪᠠᠶ᠋ᠢᠭᠤᠯᠤᠯ᠎ᠤᠨ ᠥᠭᠡᠷᠡᠴᠢᠯᠡᠯᠲᠡ ᠵᠢ ᠲᠦᠯᠬᠢᠨ ᠠᠬᠢᠭᠤᠯᠬᠤ ᠵᠢᠨ ᠭᠤᠣᠯᠳᠠᠯᠭ᠎ᠠ ᠪᠣᠯ ᠡᠯ᠎ᠡ ᠱᠠᠲᠤᠨ᠎ᠤ᠎ᠬᠢᠨ ᠤᠬᠠᠮᠰᠠᠷ᠎ᠠᠴᠠ᠎ᠪᠠᠨ ᠵᠠᠬ᠎ᠠ ᠳᠡᠯᠭᠡᠭᠦᠷᠴᠢᠯᠡᠭᠰᠡᠨ ᠠᠷᠭ᠎ᠠ ᠪᠠᠷᠢᠯ ᠵᠶ᠋ᠠᠷ 《ᠭᠤᠷᠪᠠᠨ ᠲᠦᠪᠰᠢᠨ》 ᠵᠶ᠋ᠠᠨ ᠳᠡᠭᠡᠭᠰᠢᠯᠡᠭᠦᠯᠬᠦ ᠵᠢ ᠠᠬᠢᠭᠤᠯᠬᠤ ᠶᠠᠪᠤᠳᠠᠯ ᠪᠣᠯᠣᠨ᠎ᠠ᠃
    ᠨᠢᠭᠡ᠎ᠳᠤ ᠵᠠᠬ᠎ᠠ ᠳᠡᠯᠭᠡᠭᠦᠷᠴᠢᠯᠡᠭᠰᠡᠨ ᠠᠷᠭ᠎ᠠ ᠪᠠᠷᠢᠯ᠎ᠳᠤ ᠲᠦᠰᠢᠭᠯᠡᠨ ᠠᠵᠤ ᠠᠬᠤᠢ ᠵᠢᠨ ᠬᠥᠭᠵᠢᠯᠲᠡ ᠵᠢᠨ ᠲᠦᠪᠰᠢᠨ ᠵᠶ᠋ᠠᠨ ᠳᠡᠭᠡᠭᠰᠢᠯᠡᠭᠦᠯᠦᠨ᠎ᠡ᠃ ᠠᠵᠤ ᠠᠬᠤᠢ ᠵᠢᠨ ᠠᠵᠢᠯᠯᠠᠭ᠎ᠠ ᠵᠢ ᠥᠷᠨᠢᠭᠦᠯᠬᠦ᠎ᠳᠤ ᠡᠷᠬᠡᠪᠰᠢ ᠠᠵᠤ ᠠᠬᠤᠢ ᠵᠢᠨ ᠵᠢᠮ᠎ᠡ ᠶᠣᠰᠣ᠎ᠪᠠᠷ ᠠᠵᠢᠯᠯᠠᠵᠤ᠂ ᠵᠠᠬ᠎ᠠ ᠳᠡᠯᠭᠡᠭᠦᠷ᠎ᠲᠤ ᠲᠤᠰᠢᠶᠠᠨ ᠥᠭᠴᠦ ᠪᠣᠯᠬᠤ ᠵᠢ᠎ᠨᠢ ᠵᠠᠬ᠎ᠠ ᠳᠡᠯᠭᠡᠭᠦᠷ᠎ᠲᠤ ᠲᠤᠰᠢᠶᠠᠨ ᠥᠭᠴᠦ᠂ ᠦᠷ᠎ᠡ ᠠᠰᠢᠭ᠎ᠢ᠎ᠨᠢ ᠠᠯᠢ ᠴᠢᠳᠠᠬᠤ᠎ᠪᠠᠷ ᠬᠠᠮᠤᠭ᠎ᠤᠨ ᠶᠡᠭᠡ ᠪᠣᠯᠭ᠋ᠠᠨ᠎ᠠ᠃ ᠡᠭᠦᠨ᠎ᠤ ᠲᠤᠯᠠᠳᠠ ᠪᠢᠳᠡ ᠦᠷ᠎ᠡ ᠠᠰᠢᠭ ᠵᠶ᠋ᠠᠷ ᠤᠳᠤᠷᠢᠳᠤᠮᠵᠢ ᠪᠣᠯᠭ᠋ᠠᠬᠤ ᠵᠢ ᠲᠣᠪᠤᠶ᠋ᠢᠯᠭ᠋ᠠᠨ᠂ ᠨᠠᠷᠢᠯᠢᠭ ᠪᠤᠳᠤᠬᠤ ᠤᠬᠠᠮᠰᠠᠷ ᠵᠶ᠋ᠠᠨ ᠴᠢᠩᠭ᠋ᠠᠳᠬᠠᠵᠤ᠂ ᠤᠯᠤᠰ᠎ᠤᠨ ᠬᠥᠭᠵᠢᠯᠲᠡ ᠵᠢᠨ ᠶᠡᠭᠡ ᠲᠠᠯ᠎ᠠ ᠵᠢ ᠪᠠᠲᠤᠯᠠᠬᠤ ᠪᠠ ᠲᠡᠭᠦᠨ᠎ᠳᠤ ᠦᠢ᠍ᠯᠡᠴᠢᠯᠡᠬᠦ ᠤᠷᠢᠲᠠᠯ ᠳᠣᠣᠷ᠎ᠠ᠂ ᠡᠨᠧᠷᠭᠢ᠂ ᠴᠠᠬᠢᠯᠭ᠋ᠠᠨ ᠬᠦᠴᠦᠨ᠂ ᠭᠠᠵᠠᠷ ᠰᠢᠷᠣᠢ᠂ ᠳ᠋ᠠᠶ᠋ᠢᠲ᠋ᠠ ᠵᠡᠷᠭᠡ ᠬᠦᠴᠦᠨ ᠵᠦᠢ᠍ᠯ᠎ᠢ ᠴᠥᠮ ᠵᠠᠬ᠎ᠠ ᠳᠡᠯᠭᠡᠭᠦᠷᠴᠢᠯᠡᠭᠰᠡᠨ ᠠᠷᠭ᠎ᠠ ᠪᠠᠷᠢᠯ ᠵᠶ᠋ᠠᠷ ᠲᠣᠬᠢᠷᠠᠭᠤᠯᠤᠨ᠎ᠠ ᠭᠡᠵᠦ ᠳᠤᠷᠠᠳᠪᠠ᠃ ᠨᠢᠳᠤᠨᠤᠨ ᠪᠥᠬᠦ ᠣᠷᠣᠨ᠎ᠳᠤ ᠫᠠᠶ᠋ᠢᠰᠠ ᠡᠯᠭᠦᠬᠦ᠂ ᠳᠠᠭ᠋ᠠᠭ᠋ᠠᠴᠢᠯᠠᠯᠲᠠ ᠵᠠᠷᠯᠠᠬᠤ᠂ ᠦᠨ᠎ᠡ ᠬᠠᠶᠠᠯᠴᠠᠨ ᠬᠤᠳᠠᠯᠳᠤᠬᠤ ᠵᠡᠷᠭᠡ ᠬᠡᠯᠪᠡᠷᠢ᠎ᠪᠠᠷ ᠠᠭᠤᠷᠬᠠᠢ ᠵᠢᠨ ᠠᠵᠢᠯ ᠲᠥᠷᠥᠯ᠎ᠤᠨ 66 ᠡᠷᠬᠡ ᠵᠢ ᠰᠢᠯᠵᠢᠭᠦᠯᠦᠨ ᠬᠤᠳᠠᠯᠳᠤᠵᠤ᠂ 762 ᠳ᠋ᠦᠩᠰᠢᠭᠤᠷ ᠺᠢᠯᠣᠸᠠᠲ ᠴᠠᠭ᠎ᠤᠨ ᠪᠣᠬᠢᠷᠳᠤᠯ ᠦᠭᠡᠢ ᠴᠠᠬᠢᠯᠭ᠋ᠠᠨ᠎ᠢ ᠠᠷᠠᠯᠵᠢᠶᠠᠯᠠᠵᠤ᠂ ᠬᠡᠪᠴᠢᠶ᠎ᠡ᠎ᠨᠢ ᠪᠥᠬᠦ ᠤᠯᠤᠰ᠎ᠤᠨ ᠲᠡᠷᠢᠭᠦᠨ᠎ᠳᠤ ᠪᠠᠶ᠋ᠢᠷᠢᠯᠠᠪᠠ᠃
    ᠬᠤᠶᠠᠷ᠎ᠲᠤ ᠵᠠᠬ᠎ᠠ ᠳᠡᠯᠭᠡᠭᠦᠷᠴᠢᠯᠡᠭᠰᠡᠨ ᠠᠷᠭ᠎ᠠ ᠪᠠᠷᠢᠯ᠎ᠳᠤ ᠲᠦᠰᠢᠭᠯᠡᠨ ᠨᠡᠶ᠋ᠢᠭᠡᠮ᠎ᠤᠨ ᠵᠠᠰᠠᠯᠲᠠ ᠵᠢᠨ ᠲᠦᠪᠰᠢᠨ ᠵᠶ᠋ᠠᠨ ᠳᠡᠭᠡᠭᠰᠢᠯᠡᠭᠦᠯᠦᠨ᠎ᠡ᠃ ᠲᠥᠪ ᠭᠤᠣᠯᠴᠢ ᠡᠮᠬᠢ ᠵᠢᠷᠤᠮ᠎ᠲᠠᠢ ᠨᠡᠶ᠋ᠢᠭᠡᠮ᠎ᠤᠨ ᠣᠷᠴᠢᠨ ᠨᠥᠬᠦᠴᠡᠯ᠎ᠢ ᠪᠤᠢ ᠪᠣᠯᠭ᠋ᠠᠬᠤ᠎ᠳᠤ ᠵᠥᠪᠬᠡᠨ ᠵᠠᠰᠠᠭ ᠵᠠᠬᠢᠷᠭ᠋ᠠᠨ᠎ᠤ ᠠᠷᠭ᠎ᠠ ᠪᠠᠷᠢᠯ ᠵᠶ᠋ᠠᠷ 《ᠬᠠᠮᠢᠶᠠᠷᠴᠤ》 ᠪᠣᠯᠬᠤ ᠦᠭᠡᠢ᠂ ᠪᠠᠰᠠ ᠵᠠᠬ᠎ᠠ ᠳᠡᠯᠭᠡᠭᠦᠷ᠎ᠤᠨ ᠲᠣᠭᠲᠠᠴᠠ᠎ᠪᠠᠷ 《ᠵᠢᠯᠤᠭᠤᠳᠬᠤ》 ᠬᠡᠷᠡᠭᠲᠡᠢ᠃ ᠥᠩᠭᠡᠷᠡᠭᠰᠡᠨ᠎ᠳᠤ ᠪᠡᠯᠴᠢᠭᠡᠷᠯᠡᠭᠦᠯᠬᠦ ᠵᠢ ᠵᠣᠭᠰᠣᠭ᠋ᠠᠵᠤ ᠪᠡᠯᠴᠢᠭᠡᠷ᠎ᠢ ᠰᠡᠷᠭᠦᠭᠡᠬᠦ ᠨᠥᠬᠦᠪᠦᠷᠢ ᠵᠢ ᠣᠯᠭᠤᠬᠤ᠎ᠳᠤ᠎ᠪᠠᠨ ᠨᠤᠲᠤᠭ ᠪᠡᠯᠴᠢᠭᠡᠷ᠎ᠤᠨ ᠠᠮᠢ ᠠᠬᠤᠢ ᠵᠢᠨ ᠬᠠᠮᠠᠭ᠋ᠠᠯᠠᠯᠲᠠ ᠵᠢᠨ ᠦᠷ᠎ᠡ ᠪᠦᠲᠦᠮᠵᠢ᠎ᠯᠦᠭᠡ ᠬᠤᠯᠪᠣᠭᠳᠠᠭᠤᠯᠬᠤ ᠦᠭᠡᠢ ᠪᠠᠶ᠋ᠢᠭᠰᠠᠨ᠎ᠠᠴᠠ᠂ ᠵᠠᠷᠢᠮ᠎ᠨᠢ ᠨᠥᠬᠦᠪᠦᠷᠢ ᠣᠯᠣᠭᠰᠠᠨ ᠴᠦ᠍ ᠳᠠᠭ᠋ᠠᠭ᠋ᠠᠴᠠ᠎ᠠᠴᠠ᠎ᠨᠢ ᠬᠡᠲᠦᠷᠡᠲᠡᠯ᠎ᠡ ᠪᠡᠯᠴᠢᠭᠡᠷᠯᠡᠨ ᠮᠠᠯᠵᠢᠵᠤ ᠪᠠᠶ᠋ᠢᠪᠠ᠃ ᠨᠢᠳᠤᠨᠤᠨ ᠪᠢᠳᠡ ᠡᠨᠡ ᠬᠦ᠌ ᠪᠠᠶ᠋ᠢᠳᠠᠯ᠎ᠢ ᠬᠤᠪᠢᠷᠠᠭᠤᠯᠤᠨ᠂ ᠳᠠᠭ᠋ᠠᠭ᠋ᠠᠴᠠ᠎ᠠᠴᠠ᠎ᠨᠢ ᠬᠡᠲᠦᠷᠡᠲᠡᠯ᠎ᠡ ᠪᠡᠯᠴᠢᠭᠡᠷᠯᠡᠭᠰᠡᠨ᠎ᠳᠤ᠎ᠨᠢ ᠨᠥᠬᠦᠪᠦᠷᠢ ᠥᠭᠬᠦ ᠦᠭᠡᠢ᠎ᠪᠠᠷ ᠪᠠᠷᠠᠬᠤ ᠦᠭᠡᠢ ᠪᠠᠰᠠ ᠰᠢᠢ᠍ᠳᠬᠡᠵᠦ ᠲᠣᠷᠭ᠋ᠠᠭᠰᠠᠨ᠎ᠠᠴᠠ ᠦᠷ᠎ᠡ ᠳ᠋ᠦᠩ᠎ᠨᠢ ᠳᠣᠣᠷ᠎ᠠ᠎ᠪᠠᠨ ᠠᠳᠠᠯᠢ ᠦᠭᠡᠢ ᠪᠣᠯᠵᠤ᠂ ᠲᠤᠷᠰᠢᠯᠲᠠ ᠬᠢᠭᠰᠡᠨ 17 ᠬᠤᠰᠢᠭᠤ ᠰᠢᠶᠠᠨ᠎ᠤ ᠪᠠᠶ᠋ᠢᠭ᠋ᠠᠯᠢᠯᠢᠭ ᠨᠤᠲᠤᠭ ᠪᠡᠯᠴᠢᠭᠡᠷ᠎ᠤᠨ ᠮᠠᠯ ᠪᠡᠯᠴᠢᠭᠡᠷ᠎ᠢ ᠲᠡᠩᠴᠡᠭᠦᠷᠢᠲᠡᠢ ᠪᠠᠶ᠋ᠢᠯᠭ᠋ᠠᠬᠤ ᠵᠢᠭ᠋ᠠᠯᠲᠠ ᠲᠤᠭ᠎ᠠ ᠴᠥᠮ 10%᠎ᠠᠴᠠ ᠳᠣᠷᠣᠭᠰᠢ ᠬᠦᠷᠲᠡᠯ᠎ᠡ ᠪᠠᠭᠤᠷᠠᠵᠠᠢ᠃ ᠵᠠᠯᠭ᠋ᠠᠭ᠋ᠠᠳ ᠪᠢᠳᠡ ᠡᠯ᠎ᠡ ᠬᠦᠷᠢᠶ᠎ᠡ ᠴᠠᠷᠠᠭ᠋ᠠᠨ᠎ᠳᠤ ᠡᠶ᠋ᠢᠮᠦᠷᠬᠦᠦ ᠠᠷᠭ᠎ᠠ ᠵᠢ ᠬᠡᠷᠡᠭᠵᠢᠭᠦᠯᠵᠦ᠂ ᠬᠦᠴᠦᠨ ᠵᠦᠢ᠍ᠯ᠎ᠤᠨ ᠵᠠᠬ᠎ᠠ ᠳᠡᠯᠭᠡᠭᠦᠷ᠎ᠤᠨ ᠬᠥᠰᠢᠭᠦᠷᠭᠡ ᠵᠢᠨ ᠦᠢ᠍ᠯᠡᠳᠦᠯ᠎ᠢ ᠪᠠᠳᠠᠷᠠᠭᠤᠯᠬᠤ᠎ᠪᠠᠷ ᠳᠠᠮᠵᠢᠭᠤᠯᠤᠨ ᠨᠡᠶ᠋ᠢᠭᠡᠮ᠎ᠤᠨ ᠡᠮᠬᠢ ᠳᠢᠭᠯᠢᠮ᠎ᠢ ᠰᠢᠯᠢᠳᠡᠭᠵᠢᠭᠦᠯᠬᠦ ᠪᠣᠯᠣᠨ᠎ᠠ᠃
    ᠭᠤᠷᠪᠠ᠎ᠳᠤ ᠵᠠᠬ᠎ᠠ ᠳᠡᠯᠭᠡᠭᠦᠷᠴᠢᠯᠡᠭᠰᠡᠨ ᠠᠷᠭ᠎ᠠ ᠪᠠᠷᠢᠯ᠎ᠳᠤ ᠲᠦᠰᠢᠭᠯᠡᠨ ᠤᠯᠠᠨ ᠲᠦᠮᠡᠨ᠎ᠳᠤ ᠦᠢ᠍ᠯᠡᠴᠢᠯᠡᠬᠦ ᠲᠦᠪᠰᠢᠨ ᠵᠶ᠋ᠠᠨ ᠳᠡᠭᠡᠭᠰᠢᠯᠡᠭᠦᠯᠦᠨ᠎ᠡ᠃ ᠪᠢ ᠦᠨᠳᠦᠰᠦᠨ ᠱᠠᠲᠤᠨ᠎ᠳᠤ ᠬᠦᠷᠴᠦ ᠪᠠᠶ᠋ᠢᠴᠠᠭ᠋ᠠᠨ ᠰᠤᠳᠤᠯᠤᠯᠲᠠ ᠬᠢᠬᠦ᠎ᠳᠤ᠎ᠪᠠᠨ ᠮᠠᠰᠢ ᠣᠯᠠᠨ ᠤᠴᠢᠷ ᠶᠠᠪᠤᠳᠠᠯ᠎ᠳᠤ ᠰᠦᠢ᠍ᠳᠬᠡᠯ ᠬᠤᠷᠢᠶᠠᠬᠤ ᠬᠥᠮᠥᠨ ᠪᠠᠶ᠋ᠢᠬᠤ ᠦᠭᠡᠢ ᠪᠦᠭᠡᠳ ᠬᠠᠮᠢᠶᠠᠷᠬᠤ ᠬᠥᠮᠥᠨ ᠴᠦ᠍ ᠪᠠᠶ᠋ᠢᠬᠤ ᠦᠭᠡᠢ ᠪᠠᠶ᠋ᠢᠳᠠᠯ᠎ᠲᠠᠢ᠎ᠠᠴᠠ ᠪᠣᠯᠵᠤ ᠵᠠᠷᠢᠮ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠶᠠᠰᠤ ᠴᠢᠨᠠᠷ ᠵᠶ᠋ᠠᠨ ᠪᠠᠲᠤᠯᠠᠬᠤ ᠵᠢᠨ ᠠᠷᠭ᠎ᠠ ᠦᠭᠡᠢ ᠪᠠᠶ᠋ᠢᠬᠤ ᠵᠢ ᠣᠯᠵᠤ ᠮᠠᠲᠠᠵᠠᠢ᠃ ᠪᠢᠳᠡ 《ᠨᠡᠶ᠋ᠢᠲᠡ ᠵᠢᠨ ᠠᠰᠠᠷᠠᠮᠵᠢ + ᠵᠠᠬ᠎ᠠ ᠳᠡᠯᠭᠡᠭᠦᠷ》᠎ᠤᠨ ᠡᠵᠡᠩᠨᠡᠨ ᠠᠵᠢᠯᠯᠠᠭᠤᠯᠬᠤ ᠬᠡᠪ ᠵᠠᠭᠪᠤᠷ᠎ᠢ ᠰᠦᠪᠡᠭᠴᠢᠯᠡᠨ ᠲᠡᠭᠦᠯᠳᠡᠷᠵᠢᠭᠦᠯᠵᠦ᠂ ᠣᠯᠠᠨ ᠲᠦᠮᠡᠨ᠎ᠤ ᠴᠢᠨᠠᠷ ᠰᠠᠶ᠋ᠢᠲᠠᠢ ᠦᠢ᠍ᠯᠡᠴᠢᠯᠡᠭᠡᠨ᠎ᠤ ᠬᠡᠷᠡᠭᠴᠡᠭᠡ ᠱᠠᠭ᠋ᠠᠷᠳᠠᠯᠭ᠎ᠠ ᠵᠢ ᠨᠠᠩ ᠰᠠᠶ᠋ᠢᠲᠤᠷ ᠬᠠᠩᠭ᠋ᠠᠬᠤ᠎ᠪᠠᠷ ᠨᠠᠩ ᠣᠯᠠᠨ ᠡᠵᠡᠩᠨᠡᠯᠲᠡ ᠵᠢᠨ ᠭᠤᠣᠯ ᠴᠣᠭᠴᠠ ᠵᠢ ᠲᠡᠳᠡᠨ ᠠᠪᠴᠢᠷᠠᠵᠤ ᠰᠤᠷᠭ᠋ᠠᠨ ᠬᠥᠮᠦᠵᠢᠯ᠂ ᠡᠮᠴᠢᠯᠡᠭᠡ᠂ ᠨᠠᠰᠤᠵᠢᠯ᠎ᠤᠨ ᠠᠰᠠᠷᠠᠮᠵᠢ ᠵᠡᠷᠭᠡ ᠣᠯᠠᠨ ᠨᠡᠶ᠋ᠢᠲᠡ ᠵᠢᠨ ᠠᠵᠢᠯ ᠦᠢ᠍ᠯᠡᠰ᠎ᠲᠤ ᠪᠡᠯᠡ ᠣᠷᠣᠯᠠᠭᠤᠯᠬᠤ᠎ᠪᠠᠷ ᠪᠠᠶ᠋ᠢᠨ᠎ᠠ᠃
    ᠢᠷᠡᠯᠲᠡ᠄ ᠥᠪᠥᠷ ᠮᠣᠩᠭᠤᠯ᠎ᠤᠨ ᠵᠠᠰᠠᠭ᠎ᠤᠨ ᠣᠷᠳᠣᠨ
   

ᠢᠷᠡᠯᠲᠡ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠣᠩᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ ᠡᠳᠦᠷ᠎ᠲᠤ ᠳᠤᠮᠳᠠᠴᠢ᠎ᠪᠠᠷ 6 ᠲᠦᠮᠡᠨ ᠮᠥ᠍ ᠡᠯᠡᠰᠦ ᠵᠢ ᠵᠠᠰᠠᠵᠤ ᠪᠤᠢ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠠᠵᠢᠯ᠎ᠤᠨ ᠶᠡᠷᠦᠩᠬᠡᠶ ᠥᠷᠲᠡᠭᠡ 2025 ᠣᠨ᠎ᠤ ᠠᠩᠬᠠᠳᠤᠭ᠋ᠠᠷ ᠪᠦᠯᠦᠭ ᠳᠤᠮᠳᠠᠳ᠋᠊᠎ᠤ ᠤᠯᠤᠰ᠎ᠤᠨ ᠨᠣᠭᠣᠭ᠋ᠠᠷᠠᠭᠤᠯᠤᠯᠲᠠ ᠵᠢᠨ ᠰᠠᠭᠤᠷᠢ ᠮᠥᠩᠭᠥᠨ᠎ᠤ ᠨᠡᠶ᠋ᠢᠭᠡᠮᠯᠢᠭ᠎ᠤᠨ ᠰᠢᠷᠭᠤᠯᠵᠢ ᠵᠢᠨ ᠣᠶ ᠰᠢᠭᠤᠶ ᠵᠢᠨ ᠨᠡᠶ᠋ᠢᠲᠡ ᠵᠢᠨ ᠠᠰᠠᠷᠠᠮᠵᠢ ᠵᠢᠨ ᠲᠥᠷᠥᠯ ᠵᠦᠢ᠍ᠯ᠎ᠢ ᠬᠡᠷᠡᠭᠵᠢᠭᠦᠯᠬᠦ ᠲᠤᠰᠬᠠᠶ ᠮᠡᠷᠭᠡᠵᠢᠯᠲᠡᠨ᠎ᠤ ᠬᠢᠨᠠᠨ ᠲᠤᠭᠲᠠᠭ᠋ᠠᠬᠤ ᠬᠤᠷᠠᠯ᠎ᠢ ᠬᠤᠷᠠᠯᠳᠤᠭᠤᠯᠪᠠ
ᠢᠷᠡᠬᠦ ᠲᠠᠪᠤᠨ ᠬᠤᠨᠤᠭ᠎ᠲᠤ ᠬᠠᠲᠤᠨ ᠭᠤᠣᠯ ᠳᠠᠭ᠋ᠠᠤ ᠵᠢᠨ ᠭᠠᠵᠠᠷ ᠣᠷᠣᠨ᠎ᠤ ᠳᠤᠯᠠᠭ᠋ᠠᠨ ᠳᠡᠭᠡᠭᠰᠢᠯᠡᠬᠦ ᠪᠣᠯᠬᠤᠷ ᠤᠰᠤᠨ ᠠᠰᠢᠭᠯᠠᠯᠲᠠ ᠵᠢᠨ ᠲᠢᠩᠬᠢᠮ ᠬᠠᠲᠤᠨ ᠭᠤᠣᠯ᠎ᠤᠨ ᠰᠥᠩ ᠬᠠᠯᠢᠶ᠎ᠠ ᠵᠢ ᠪᠥᠬᠦ ᠬᠦᠴᠦᠨ ᠵᠶ᠋ᠠᠷ ᠵᠶ᠋ᠠᠨ ᠠᠷᠭ᠋ᠠᠴᠠᠭ᠋ᠠᠬᠤ᠎ᠪᠠᠷ ᠪᠡᠯᠡᠳᠬᠡᠵᠦ ᠪᠤᠢ
ᠰᠢ ᠵᠢᠨ ᠫᠢᠩ ᠭᠦᠢ᠍ᠵᠧᠦ ᠵᠢᠨ ᠴᠢᠶᠠᠨ ᠳ᠋ᠦᠩ ᠨᠠᠨ ᠵᠧᠦ᠎ᠳᠤ ᠰᠢᠨᠵᠢᠯᠡᠨ ᠪᠠᠶ᠋ᠢᠴᠠᠭ᠋ᠠᠪᠠ
 
             蒙ICP备05000248号