12 ᠳ᠋ᠤᠭ᠋ᠠᠷ ᠰᠠᠷ᠎ᠠ ᠵᠢᠨ 31᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠡᠨᠧᠷᠭᠢ ᠵᠢᠨ ᠨᠡᠭᠦᠷᠡᠰᠦᠲᠥ᠋ᠷᠥᠭᠴᠢ ᠬᠤᠷᠠᠭᠤᠯᠬᠤ ᠪᠣᠬᠢᠷᠲᠤᠯ ᠥᠬᠡᠶ ᠬᠥᠭᠵᠢᠯᠲᠡ ᠵᠢᠨ ᠬᠠᠮᠲᠤᠷᠠᠯᠴᠠᠭ᠋ᠠᠨ᠎ᠤ ᠲᠣᠭᠲᠠᠴᠠ ᠵᠢ ᠡᠬᠢᠯᠡᠭᠦᠯᠬᠦ ᠬᠤᠷᠠᠯ ᠬᠢᠭᠡᠳ ᠣᠶ᠋ᠢᠵᠢᠭᠤᠯᠤᠯᠲᠠ ᠵᠢᠨ ᠨᠡᠭᠦᠷᠡᠰᠦᠲᠥ᠋ᠷᠥᠭᠴᠢ ᠬᠤᠷᠠᠭᠤᠯᠬᠤ ᠵᠢᠨ ᠠᠷᠠᠯᠵᠢᠶᠠᠯᠠᠬᠤ ᠵᠦᠪᠯᠡᠯᠴᠡᠭᠡᠷ ᠲᠣᠬᠢᠷᠠᠯᠴᠠᠬᠤ ᠶᠣᠰᠣᠯᠠᠯ ᠬᠥᠬᠡᠬᠤᠲᠠ᠎ᠳᠤ ᠶᠠᠪᠤᠭᠳᠠᠪᠠ᠃
ᠲᠤᠰ ᠬᠤᠷᠠᠯ ᠳᠡᠭᠡᠷ᠎ᠡ᠂ ᠮᠧᠩ ᠨᠧᠩ ᠪᠦᠯᠦᠭᠯᠡᠯ᠎ᠨᠢ ᠬᠥᠬᠡᠬᠤᠲᠠ ᠵᠢᠨ᠂ ᠪᠤᠭᠤᠲᠤ ᠬᠤᠲᠠ ᠵᠢᠨ ᠪᠠ ᠬᠢᠩᠭ᠋ᠠᠨ ᠠᠶ᠋ᠢᠮᠠᠭ᠎ᠤᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ᠎ᠯᠤᠭ᠎ᠠ ᠲᠣᠰ ᠲᠣᠰ 《ᠣᠶ ᠰᠢᠭᠤᠶ ᠪᠠ ᠨᠤᠲᠤᠭ ᠪᠡᠯᠴᠢᠭᠡᠷ᠎ᠤᠨ ᠡᠨᠧᠷᠭᠢ ᠵᠢᠨ ᠨᠡᠭᠦᠷᠡᠰᠦᠲᠥ᠋ᠷᠥᠭᠴᠢ ᠬᠤᠷᠠᠭᠤᠯᠬᠤ ᠪᠣᠬᠢᠷᠲᠤᠯ ᠥᠬᠡᠶ ᠬᠥᠭᠵᠢᠯᠲᠡ ᠵᠢᠨ ᠬᠠᠮᠲᠤᠷᠠᠯᠴᠠᠭ᠋ᠠᠨ᠎ᠤ ᠪᠦᠳᠦᠭᠦᠪᠴᠢ ᠵᠥᠪᠯᠡᠯᠴᠡᠭᠡᠷ》᠎ᠲᠤ ᠭᠠᠷᠤᠨ ᠥᠰᠥᠭ ᠵᠢᠷᠤᠵᠤ᠂ ᠥᠪᠥᠷ ᠮᠣᠩᠭᠤᠯ᠎ᠤᠨ ᠶᠡᠭᠡ ᠬᠢᠩᠭ᠋ᠠᠨ ᠳᠠᠪᠠᠭ᠎ᠠ ᠵᠢᠨ ᠨᠡᠭᠦᠷᠡᠰᠦᠲᠥ᠋ᠷᠥᠭᠴᠢ ᠬᠤᠷᠠᠭᠤᠯᠬᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠢᠵᠠᠭ᠋ᠠᠷᠲᠤ ᠬᠠᠷᠢᠭᠤᠴᠠᠯᠭ᠋ᠠᠲᠤ ᠺᠣᠮᠫᠠᠨᠢ᠂ ᠪᠤᠭᠤᠲᠤ ᠬᠤᠲᠠ ᠵᠢᠨ ᠤᠯᠤᠰ᠎ᠤᠨ ᠥᠮᠴᠢᠯᠡᠯᠲᠦ ᠬᠥᠷᠥᠩᠭᠡ ᠮᠦᠩᠭᠦ ᠵᠢᠨ ᠡᠵᠡᠩᠨᠡᠯᠲᠡ (ᠪᠦᠯᠦᠭᠯᠡᠯ) ᠵᠢᠨ ᠬᠢᠵᠠᠭ᠋ᠠᠷᠲᠤ ᠺᠣᠮᠫᠠᠨᠢ᠂ ᠬᠦᠷᠢᠶ᠎ᠡ ᠬᠤᠰᠢᠭᠤᠨ᠎ᠤ ᠱᠧᠩ ᠯᠢᠨ ᠲᠠᠷᠢᠶᠠᠯᠠᠩ ᠮᠠᠯ ᠠᠵᠤ ᠠᠬᠤᠶ ᠪᠠ ᠰᠣᠶᠣᠯ ᠵᠢᠭᠤᠯᠴᠢᠯᠠᠯ᠎ᠤᠨ ᠪᠠᠯᠠ ᠣᠷᠣᠭᠤᠯᠤᠯᠲᠠ ᠵᠢᠨ ᠬᠥᠭᠵᠢᠯᠲᠡ ᠵᠢᠨ ᠬᠢᠵᠠᠭ᠋ᠠᠷᠲᠤ ᠬᠠᠷᠢᠭᠤᠴᠠᠯᠭ᠋ᠠᠲᠤ ᠺᠣᠮᠫᠠᠨᠢ᠎ᠯᠤᠭ᠎ᠠ ᠲᠣᠰ ᠲᠣᠰ 《ᠤᠯᠤᠰ᠎ᠤᠨ ᠬᠢᠨᠠᠨ ᠵᠥᠪᠰᠢᠶᠡᠷᠡᠯ᠎ᠲᠠᠢ᠎ᠪᠠᠷ ᠦᠨᠡᠮᠯᠡᠯ ᠣᠯᠣᠭᠤᠭᠰᠠᠨ ᠰᠠᠶ᠋ᠢᠨ ᠳᠤᠷ᠎ᠠ᠎ᠠᠴᠠ᠎ᠪᠠᠨ ᠨᠡᠭᠦᠷᠡᠰᠦᠲᠥ᠋ᠷᠥᠭᠴᠢ ᠭᠠᠳᠠᠭᠰᠢᠯᠠᠭᠤᠯᠤᠭᠰᠠᠨ ᠬᠡᠮᠵᠢᠶ᠎ᠡ ᠵᠢ ᠪᠠᠭ᠋ᠠᠰᠬᠠᠬᠤ ᠵᠢ ᠬᠤᠳᠠᠯᠳᠤᠨ ᠠᠪᠬᠤ ᠪᠣᠷᠣᠯᠠᠭᠤᠯᠬᠤ ᠭᠡᠷ᠎ᠡ》᠎ᠳᠤ ᠭᠠᠷᠤᠨ ᠥᠰᠥᠭ ᠵᠢᠷᠤᠵᠤ᠂ ᠭᠡᠷ᠎ᠡ ᠵᠢᠨ ᠶᠡᠷᠦᠩᠬᠡᠶ ᠥᠷᠲᠡᠭ᠎ᠨᠢ ᠪᠠᠷᠤᠭ 2100 ᠲᠦᠮᠡᠨ ᠲᠥᠭᠦᠷᠢᠭ᠎ᠲᠤ ᠬᠦᠷᠴᠡᠢ᠃ (ᠣᠢ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ)