2 ᠰᠠᠷ᠎ᠠ ᠵᠢᠨ 7᠎ᠤ ᠡᠳᠦᠷ᠂ ᠴᠠᠭ᠋ᠠᠨ ᠰᠠᠷ᠎ᠠ ᠵᠢᠨ ᠠᠮᠠᠷᠠᠯᠲᠠ ᠵᠢᠨ ᠬᠤᠭᠤᠴᠠᠭ᠎ᠠ ᠰᠠᠶᠢᠬᠠᠨ ᠥᠩᠭᠡᠷᠡᠮᠡᠭᠴᠡ᠂ ᠪᠥᠬᠥ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠠᠵᠢᠯ᠎ᠤᠨ ᠬᠤᠷᠠᠯ᠎ᠠᠴᠠ 2024 ᠣᠨ᠎ᠤ ᠥᠪᠥᠷ ᠮᠣᠩᠭᠣᠯ᠎ᠤᠨ ᠡᠯᠡᠰᠦᠷᠬᠡᠭᠵᠢᠯ᠎ᠢ ᠰᠡᠷᠭᠡᠶ᠋ᠢᠯᠡᠨ ᠡᠯᠡᠰᠦᠷᠬᠡᠭᠵᠢᠯ᠎ᠢ ᠵᠠᠰᠠᠭᠰᠠᠨ ᠰᠢᠨ᠎ᠡ ᠠᠮᠵᠢᠯᠲᠠ ᠪᠦᠲᠦᠮᠵᠢ ᠵᠢ ᠵᠠᠷᠯᠠᠨ ᠮᠡᠳᠡᠭᠳᠡᠪᠡ᠄ ᠪᠥᠬᠥ ᠵᠢᠯ᠎ᠳᠤ 《ᠤᠮᠠᠷᠠᠲᠤ ᠵᠢᠨ ᠭᠤᠷᠪᠠᠨ ᠤᠷᠤᠨ》 ᠤ ᠢᠨᠵᠧᠨᠧᠷᠢᠩ᠎ᠤᠨ ᠪᠥᠲᠥᠭᠡᠨ ᠪᠠᠶ᠋ᠢᠭᠤᠯᠤᠯᠲᠠ ᠵᠢᠨ ᠡᠭᠦᠷᠭᠡ ᠵᠢ 2442 ᠲᠦᠮᠡᠨ ᠮᠥ᠍ ᠪᠡᠶᠡᠯᠡᠭᠦᠯᠵᠦ᠂ ᠪᠥᠬᠥ ᠤᠯᠤᠰ᠎ᠤᠨ 45.8 % ᠵᠢ ᠡᠵᠡᠯᠡᠪᠡ; ᠡᠯᠡᠰᠦᠷᠬᠡᠭᠵᠢᠯ᠎ᠢ ᠰᠡᠷᠭᠡᠶ᠋ᠢᠯᠡᠨ ᠡᠯᠡᠰᠦᠷᠬᠡᠭᠵᠢᠯ᠎ᠢ ᠵᠠᠰᠠᠬᠤ ᠡᠭᠦᠷᠭᠡ ᠵᠢ 1954 ᠲᠦᠮᠡᠨ ᠮᠦ᠍ ᠪᠡᠶᠡᠯᠡᠭᠦᠯᠵᠦ᠂ ᠪᠦᠬᠦ ᠤᠯᠤᠰ᠎ᠤᠨ ᠲᠡᠷᠢᠭᠦᠨ᠎ᠳᠤ ᠣᠷᠣᠵᠤ᠂ ᠡᠯᠡᠰᠦᠷᠬᠡᠭᠵᠢᠯ᠎ᠢ ᠰᠡᠷᠭᠡᠶ᠋ᠢᠯᠡᠨ ᠡᠯᠡᠰᠦᠷᠬᠡᠭᠵᠢᠯ᠎ᠢ ᠵᠠᠰᠠᠬᠤ ᠪᠠ ᠰᠠᠯᠬᠢᠨ ᠴᠠᠬᠢᠯᠭ᠋ᠠᠨ᠎ᠤ ᠭᠡᠷᠡᠯᠴᠢ ᠴᠡᠨᠡᠭ᠎ᠢ ᠨᠢᠭᠡ ᠴᠣᠭᠴᠠᠵᠢᠭᠤᠯᠬᠤ ᠢᠨᠵᠧᠨᠧᠷᠢᠩ᠎ᠤᠨ ᠡᠯᠡᠰᠦᠷᠬᠡᠭᠵᠢᠯ᠎ᠢ ᠵᠠᠰᠠᠭᠰᠠᠨ ᠬᠡᠮᠵᠢᠶ᠎ᠡ 238 ᠲᠦᠮᠡᠨ ᠮᠦ᠍ ᠪᠠᠶ᠋ᠢᠵᠤ᠂ ᠢᠵᠢ ᠪᠦᠷᠢᠳᠦᠭᠰᠡᠨ ᠰᠢᠨ᠎ᠡ ᠡᠨᠧᠷᠭᠢ ᠵᠢᠨ ᠮᠠᠰᠢᠨ ᠴᠣᠭᠴᠠᠯᠠᠪᠤᠷᠢ 2727 ᠲᠦᠮᠡᠨ ᠬᠢᠯᠦᠸᠠᠲ ᠪᠠᠶ᠋ᠢᠵᠤ᠂ ᠡᠳᠦᠷ ᠪᠦᠷᠢ ᠳᠤᠮᠳᠠᠴᠢ᠎ᠪᠠᠷ 6 ᠲᠦᠮᠡᠨ ᠮᠦ᠍ ᠵᠢᠨ ᠡᠯᠡᠰᠦᠷᠬᠡᠭᠵᠢᠯ᠎ᠢ ᠵᠠᠰᠠᠬᠤ ᠡᠭᠦᠷᠭᠡ ᠵᠢ ᠪᠡᠶᠡᠯᠡᠬᠦᠯᠵᠦ᠂ ᠪᠦᠬᠦ ᠤᠯᠤᠰ᠎ᠲᠤ ᠲᠡᠷᠢᠭᠦᠯᠡᠪᠡ᠃
ᠴᠦᠯᠯᠡᠷᠭᠡᠭᠵᠢᠯ ᠪᠣᠯ ᠪᠦᠬᠦ ᠬᠥᠮᠦᠨ ᠲᠥᠷᠥᠯᠬᠢᠲᠡᠨ᠎ᠤ ᠬᠠᠮᠲᠤ ᠵᠢᠨ ᠥᠷᠢᠰᠥᠯᠳᠦᠭᠡᠨ ᠮᠥᠨ᠂ ᠴᠦᠯᠯᠡᠷᠭᠡᠭᠵᠢᠯ᠎ᠢ ᠰᠡᠷᠭᠡᠶ᠋ᠢᠯᠡᠨ ᠵᠠᠰᠠᠬᠤ᠎ᠨᠢ ᠠᠮᠢ ᠠᠬᠤᠢ ᠵᠢᠨ ᠠᠰᠠᠭᠤᠳᠠᠯ ᠪᠣᠯᠬᠤ᠎ᠪᠠᠷ ᠪᠠᠷᠠᠬᠤ ᠦᠭᠡᠢ ᠨᠡᠩ ᠴᠤ᠌ ᠠᠵᠤ ᠠᠬᠤᠢ ᠵᠢᠨ ᠠᠰᠠᠭᠤᠳᠠᠯ᠂ ᠠᠷᠠᠳ᠎ᠤᠨ ᠠᠮᠢᠳᠤᠷᠠᠯ᠎ᠤᠨ ᠠᠰᠠᠭᠤᠳᠠᠯ ᠪᠣᠯᠤᠨ᠎ᠠ᠃ ᠮᠠᠨ᠎ᠤ ᠤᠯᠤᠰ᠎ᠤᠨ ᠴᠦᠯᠯᠡᠷᠭᠡᠭᠵᠢᠯ᠎ᠢ ᠵᠠᠰᠠᠬᠤ ᠭᠣᠣᠯ ᠲᠠᠢ᠍ᠢ᠍ᠨ᠎ᠤ ᠲᠠᠯᠠᠪᠤᠷ ᠪᠣᠯᠤᠭᠰᠠᠨ᠎ᠤ ᠬᠤᠪᠢ᠎ᠳᠤ᠂ ᠤᠯᠤᠰ᠎ᠤᠨ 《ᠤᠮᠠᠷᠠᠲᠤ ᠵᠢᠨ ᠭᠤᠷᠪᠠᠨ ᠣᠷᠣᠨ》᠎ᠤ ᠢᠨᠵᠧᠨᠧᠷᠢᠩ᠎ᠤᠨ ᠡᠯᠡᠰᠦᠷᠬᠡᠭᠵᠢᠭᠰᠡᠨ ᠭᠠᠵᠠᠷ ᠰᠢᠷᠣᠢ ᠵᠢᠨ ᠵᠠᠰᠠᠯᠲᠠ ᠵᠢᠨ ᠬᠠᠮᠤᠭ᠎ᠤᠨ ᠶᠡᠬᠡ ᠡᠭᠦᠷᠭᠡ ᠥᠪᠥᠷ ᠮᠣᠩᠭᠣᠯ ᠪᠤᠯᠤᠨ᠎ᠠ᠃ 《ᠤᠮᠠᠷᠠᠲᠤ ᠵᠢᠨ ᠭᠤᠷᠪᠠᠨ ᠣᠷᠣᠨ》᠎ᠤ ᠢᠨᠵᠧᠨᠧᠷᠢᠩ᠎ᠤᠨ ᠭᠤᠷᠪᠠᠨ ᠶᠡᠬᠡ ᠪᠡᠯᠭᠡ ᠲᠡᠮᠳᠡᠭ᠎ᠤᠨ ᠴᠢᠨᠠᠷᠲᠠᠢ ᠳᠠᠶ᠋ᠢᠯᠠᠯᠳᠤᠭ᠋ᠠᠨ᠎ᠤ ᠬᠣᠶᠠᠷ ᠬᠠᠭ᠋ᠠᠰ᠎ᠨᠢ ᠥᠪᠥᠷ ᠮᠣᠩᠭᠣᠯ᠎ᠳᠤ ᠪᠠᠶ᠋ᠢᠨ᠎ᠠ᠃ 2024 ᠣᠨ᠎ᠳᠤ᠂ ᠥᠪᠥᠷ ᠮᠣᠩᠭᠣᠯ ᠬᠠᠷᠢᠭᠤᠴᠠᠯᠭ᠎ᠠ ᠡᠭᠦᠷᠭᠡᠯᠡᠯ ᠵᠶ᠋ᠠᠨ ᠡᠭᠦᠷᠭᠡᠯᠡᠵᠦ᠂ ᠡᠷᠡᠰ ᠴᠣᠬᠢᠯᠲᠠ ᠥᠭᠴᠦ ᠭᠤᠤᠯ ᠲᠠᠭ᠋ᠠᠷᠢᠯᠲᠠ ᠬᠢᠵᠦ᠂ ᠭᠤᠤᠯ ᠬᠦᠴᠦᠨ ᠪᠣᠯᠵᠣ᠂ 《ᠤᠮᠠᠷᠠᠲᠤ ᠵᠢᠨ ᠭᠤᠷᠪᠠᠨ ᠣᠷᠣᠨ》᠎ᠤ ᠢᠨᠵᠧᠨᠧᠷᠢᠩ᠎ᠤᠨ ᠭᠤᠷᠪᠠᠨ ᠶᠡᠬᠡ ᠪᠡᠯᠭᠡ ᠲᠡᠮᠳᠡᠭ᠎ᠤᠨ ᠴᠢᠨᠠᠷᠲᠠᠶ ᠳᠠᠶ᠋ᠢᠯᠠᠯᠳᠤᠭ᠋ᠠᠨ᠎ᠢ ᠪᠥᠬᠥ ᠬᠦᠴᠦᠨ ᠵᠶ᠋ᠠᠷ ᠵᠶ᠋ᠠᠨ ᠠᠬᠢᠭᠤᠯᠵᠤ᠂ ᠡᠯᠡᠰᠦ ᠵᠢ ᠰᠡᠷᠭᠡᠶ᠋ᠢᠯᠡᠵᠦ ᠡᠯᠡᠰᠦ ᠵᠢ ᠵᠠᠰᠠᠬᠤ ᠪᠠ ᠰᠠᠯᠬᠢᠨ ᠴᠠᠬᠢᠯᠭ᠋ᠠᠨ᠎ᠤ ᠭᠡᠷᠡᠯᠴᠢ ᠴᠡᠨᠡᠭ᠎ᠢ ᠨᠢᠭᠡ ᠴᠣᠭᠴᠠᠵᠢᠭᠤᠯᠬᠤ ᠢᠨᠵᠧᠨᠧᠷᠢᠩ᠎ᠢ ᠤᠷᠤᠭᠰᠢᠲᠠᠶ ᠠᠬᠢᠭᠤᠯᠵᠤ᠂ 《ᠭᠡᠷᠡᠯᠴᠢ ᠴᠡᠨᠡᠭ᠎ᠤᠨ ᠣᠷᠳᠣ ᠴᠠᠭ᠋ᠠᠨ ᠬᠡᠷᠡᠮ》᠎ᠢ ᠠᠩᠬ᠎ᠠ ᠠᠯᠬᠤᠮ ᠬᠡᠪᠴᠢᠶᠡᠵᠢᠭᠦᠯᠵᠦ᠂ 《ᠤᠮᠠᠷᠠᠲᠤ ᠵᠢᠨ ᠭᠤᠷᠪᠠᠨ ᠣᠷᠣᠨ》᠎ᠤ ᠢᠨᠵᠧᠨᠧᠷᠢᠩ᠎ᠤᠨ ᠪᠣᠭᠣᠮᠲᠠ ᠰᠢᠪᠲᠤᠯᠬᠤ ᠳᠠᠶ᠋ᠢᠯᠠᠯᠳᠤᠭ᠋ᠠᠨ ᠯᠠᠪᠳᠠᠭᠤᠨ ᠪᠠᠲᠤᠲᠠᠶ ᠠᠬᠢᠪᠠ᠃ ᠬᠥᠪᠴᠢ ᠵᠢᠨ ᠡᠯᠡᠰᠦᠨ᠎ᠤ ᠳᠣᠪᠣᠷᠬᠠᠭ ᠭᠠᠵᠠᠷ᠎ᠠᠴᠠ ᠬᠠᠲᠤᠨ ᠭᠤᠤᠯ᠎ᠤᠨ ᠡᠷᠭᠢ᠎ᠳᠤ ᠬᠦᠷᠲᠡᠯ᠎ᠡ᠂ ᠨᠣᠭᠣᠭ᠋ᠠᠷᠠᠭᠤᠯᠤᠯᠲᠠ ᠵᠢᠨ ᠪᠦᠰᠡ᠂ ᠨᠦᠯᠦᠮᠡᠯ ᠭᠠᠵᠠᠷ᠎ᠤᠨ ᠬᠠᠰᠢᠯᠭ᠎ᠠ᠂ ᠭᠡᠷᠡᠯᠴᠢ ᠴᠡᠨᠡᠭ ᠵᠶ᠋ᠠᠷ ᠡᠯᠡᠰᠦ ᠵᠢ ᠵᠠᠰᠠᠬᠤ ᠪᠦᠰᠡ᠂ ᠬᠥᠪᠡᠭᠡ ᠵᠠᠬ᠎ᠠ ᠵᠢᠨ ᠪᠢᠲᠡᠭᠦᠮᠵᠢᠯᠡᠬᠦ ᠣᠶ ᠵᠢᠨ 《ᠳᠥᠷᠪᠡᠨ ᠰᠡᠷᠭᠡᠶ᠋ᠢᠯᠡᠯᠲᠡ ᠵᠢᠨ ᠱᠤᠭᠤᠮ》᠎ᠢ ᠪᠠᠶ᠋ᠢᠭᠤᠯᠪᠠ᠃ ᠬᠣᠷᠴᠢᠨ᠎ᠤ ᠡᠯᠡᠰᠦᠷᠬᠡᠭ ᠭᠠᠵᠠᠷ ᠪᠣᠯᠤᠨ ᠬᠤᠯᠠᠨ ᠰᠢᠷᠭ᠎ᠠ ᠳᠠᠭ᠎ᠠ ᠵᠢᠨ ᠡᠯᠡᠰᠦᠷᠬᠡᠭ ᠭᠠᠵᠠᠷ᠎ᠲᠤ 《ᠵᠠᠮ ᠬᠠᠷᠢᠯᠴᠠᠭ᠎ᠠ᠎ᠪᠠᠷ ᠡᠯᠡᠰᠦᠷᠬᠡᠭᠵᠢᠯ᠎ᠢ ᠵᠠᠰᠠᠬᠤ》 ᠵᠢ ᠬᠡᠷᠡᠭᠵᠢᠭᠦᠯᠵᠦ᠂ 26 ᠵᠤᠷᠪᠤᠰ 《ᠡᠯᠡᠰᠦᠨ ᠭᠠᠵᠠᠷ᠎ᠤᠨ ᠵᠠᠰᠠᠮᠠᠯ ᠵᠠᠮ》᠎ᠤᠨ ᠪᠦᠲᠦᠭᠡᠨ ᠪᠠᠢ᠌ᠭᠤᠯᠤᠯᠳᠠ ᠵᠢ ᠠᠵᠢᠯ ᠡᠬᠢᠯᠡᠭᠦᠯᠦᠨ ᠪᠦᠲᠦᠭᠡᠨ ᠪᠠᠶ᠋ᠢᠭᠤᠯᠵᠤ᠂ 450 ᠺᠢᠯᠤᠮᠸᠲᠷ ᠪᠠᠢ᠌ᠵᠤ᠂ 85.8 ᠲᠦᠮᠡᠨ ᠮᠦ᠍ ᠡᠯᠡᠰᠦ ᠵᠢ ᠵᠠᠰᠠᠨ᠎ᠠ᠃ ᠪᠠᠳᠠᠶ ᠵᠢᠨ ᠵᠢᠷᠠᠨ᠎ᠤ ᠡᠯᠡᠰᠦᠨ ᠴᠥᠯ ᠪᠠ ᠲᠩᠷᠢ ᠡᠯᠡᠰᠦᠨ ᠴᠥᠯ᠎ᠳᠤ᠂ ᠥᠪᠥᠷ ᠮᠣᠩᠭᠣᠯ᠂ ᠭᠠᠨᠰᠦ ᠬᠠᠮᠲᠤᠷᠠᠨ ᠬᠢᠯᠢ ᠠᠯᠤᠰᠯᠠᠭᠰᠠᠨ ᠣᠷᠣᠨ ᠪᠦᠰᠡ ᠵᠢᠨ ᠴᠦᠯᠯᠡᠷᠭᠡᠭᠵᠢᠯ᠎ᠢ ᠰᠡᠷᠭᠡᠶ᠋ᠢᠯᠡᠨ ᠵᠠᠰᠠᠬᠤ ᠠᠵᠢᠯ ᠥᠷᠨᠢᠭᠦᠯᠵᠦ᠂ 《ᠳᠥᠷᠪᠡᠨ ᠶᠡᠬᠡ ᠬᠣᠷᠢᠭᠯᠠᠯᠲᠠ ᠵᠢᠨ ᠰᠡᠷᠭᠡᠶ᠋ᠢᠯᠡᠯᠲᠡ ᠵᠢᠨ ᠱᠤᠭᠤᠮ》 ᠪᠠ 《ᠳᠥᠷᠪᠡᠨ ᠶᠡᠬᠡ ᠬᠥᠪᠡᠭᠡ ᠵᠠᠬ᠎ᠠ ᠵᠢ ᠪᠢᠲᠡᠭᠦᠮᠵᠢᠯᠡᠬᠦ ᠣᠶ ᠰᠢᠭᠤᠶ ᠨᠤᠲᠤᠭ ᠪᠡᠯᠴᠢᠭᠡᠷ᠎ᠤᠨ ᠪᠦᠰᠡ》 ᠵᠢ ᠴᠢᠷᠮᠠᠶ᠋ᠢᠨ ᠪᠠᠶ᠋ᠢᠭᠤᠯᠵᠤ᠂ ᠬᠣᠶᠠᠷ ᠶᠡᠬᠡ ᠡᠯᠡᠰᠦᠨ ᠴᠥᠯ᠎ᠤᠨ ᠦᠷᠬᠦᠯᠵᠢᠯᠠᠨ ᠡᠯᠡᠰᠦᠵᠢᠬᠦ ᠵᠢ ᠬᠤᠷᠢᠭᠯᠠᠪᠠ᠃ 《ᠤᠮᠠᠷᠠᠲᠤ ᠵᠢᠨ ᠭᠤᠷᠪᠠᠨ ᠤᠷᠤᠨ》 ᠤ ᠢᠨᠵᠧᠨᠧᠷᠢᠩ ᠵᠡᠷᠭᠡ ᠭᠤᠤᠯᠳᠠᠯᠭ᠎ᠠ᠎ᠲᠠᠢ ᠠᠮᠢ ᠠᠬᠤᠶ ᠵᠢᠨ ᠢᠨᠵᠧᠨᠧᠷᠢᠩ᠎ᠤᠨ ᠦᠷ᠎ᠡ ᠴᠢᠬᠢ ᠵᠢᠨ ᠬᠠᠩᠭ᠋ᠠᠯᠭ᠎ᠠ ᠵᠢ ᠪᠠᠲᠤᠯᠠᠬᠤ ᠵᠢᠨ ᠲᠤᠰᠠᠳᠠ᠂ ᠪᠦᠬᠦ ᠣᠷᠣᠨ᠎ᠳᠤ ᠪᠠᠲᠤᠯᠠᠭ᠎ᠠ ᠵᠢᠨ ᠴᠢᠨᠠᠷᠲᠠᠶ 40 ᠴᠢᠬᠢ ᠮᠣᠳᠣᠨ᠎ᠤ ᠬᠦᠷᠢᠶᠡᠯᠡᠩ᠂ 1.5 ᠲᠦᠮᠡᠨ ᠴᠢᠬᠢ ᠮᠣᠳᠣ ᠪᠣᠶ᠋ᠢᠵᠢᠭᠤᠯᠬᠤ ᠰᠠᠭᠤᠷᠢᠨ ᠭᠠᠵᠠᠷ᠎ᠢ ᠪᠦᠲᠦᠭᠡᠨ ᠪᠠᠶ᠋ᠢᠭᠤᠯᠵᠤ᠂ ᠴᠢᠬᠢ ᠮᠣᠳᠣ ᠪᠦᠲᠦᠴᠡ ᠵᠢᠨ ᠴᠢᠨᠠᠷᠲᠠᠶ᠎ᠪᠠᠷ ᠳᠤᠲᠠᠭᠳᠠᠵᠤ ᠪᠠᠶ᠋ᠢᠭ᠎ᠠ ᠠᠰᠠᠭᠤᠳᠠᠯ᠎ᠢ ᠢᠯᠡᠷᠬᠡᠶ ᠰᠠᠢ᠌ᠵᠢᠷᠠᠭᠤᠯᠪᠠ᠃ ᠣᠯᠠᠨ ᠲᠠᠯ᠎ᠠ᠎ᠠᠴᠠ ᠣᠷᠣᠭᠤᠯᠤᠯᠲᠠ ᠣᠷᠣᠭᠤᠯᠬᠤ᠂ ᠣᠯᠠᠨ ᠲᠠᠯ᠎ᠠ᠎ᠠᠴᠠ ᠣᠷᠣᠯᠴᠠᠬᠤ ᠰᠢᠨ᠎ᠡ ᠲᠣᠭᠲᠠᠴᠠ ᠵᠢ ᠡᠭᠦᠳᠦᠨ ᠪᠠᠶ᠋ᠢᠭᠤᠯᠵᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠯᠡᠰᠦᠷᠬᠡᠭᠵᠢᠯ᠎ᠢ ᠰᠡᠷᠭᠡᠶ᠋ᠢᠯᠡᠨ ᠡᠯᠡᠰᠦᠷᠬᠡᠭᠵᠢᠯ᠎ᠢ ᠵᠠᠰᠠᠬᠤ ᠰᠠᠭᠤᠷᠢ ᠮᠥᠩᠭᠥᠨ᠎ᠤ ᠨᠡᠶ᠋ᠢᠭᠡᠮᠯᠢᠭ᠎ᠢ ᠪᠠᠶ᠋ᠢᠭᠤᠯᠵᠤ᠂ ᠨᠡᠶ᠋ᠢᠭᠡᠮ᠎ᠤᠨ ᠡᠯ᠎ᠡ ᠡᠲᠡᠭᠡᠳ᠎ᠢ ᠢᠳᠡᠪᠬᠢᠲᠡᠶ᠎ᠪᠠᠷ ᠵᠣᠷᠢᠭᠵᠢᠭᠤᠯᠤᠨ ᠬᠥᠲᠥᠯᠥᠨ ᠵᠢᠯᠣᠭᠣᠳᠴᠤ ᠪᠠᠶ᠋ᠢᠭ᠋ᠠᠳ ᠡᠯᠡᠰᠦᠷᠬᠡᠭᠵᠢᠯ᠎ᠢ ᠰᠡᠷᠭᠡᠶ᠋ᠢᠯᠡᠨ ᠡᠯᠡᠰᠦᠷᠬᠡᠭᠵᠢᠯ᠎ᠢ ᠵᠠᠰᠠᠬᠤ ᠠᠵᠢᠯ᠎ᠳᠤ ᠣᠷᠣᠯᠴᠠᠭᠤᠯᠵᠤ᠂ ᠥᠪᠥᠷ ᠮᠣᠩᠭᠣᠯ᠎ᠤᠨ ᠡᠯᠡᠰᠦᠷᠬᠡᠭᠵᠢᠯ᠎ᠢ ᠰᠡᠷᠭᠡᠶ᠋ᠢᠯᠡᠨ ᠡᠯᠡᠰᠦᠷᠬᠡᠭᠵᠢᠯ᠎ᠢ ᠵᠠᠰᠠᠬᠤ ᠦᠢ᠍ᠯᠡᠰ᠎ᠢ ᠳᠡᠮᠵᠢᠬᠦ ᠨᠡᠶ᠋ᠢᠯᠡᠮᠡᠯ ᠬᠦᠴᠦᠨ᠎ᠢ ᠪᠣᠶ ᠪᠣᠯᠭ᠋ᠠᠪᠠ᠃ ᠭᠡᠷᠡᠯᠴᠢ ᠴᠡᠨᠡᠭ ᠵᠶ᠋ᠠᠷ ᠡᠯᠡᠰᠦ ᠵᠢ ᠵᠠᠰᠠᠬᠤ᠂ ᠵᠠᠮ ᠵᠶ᠋ᠠᠷ ᠡᠯᠡᠰᠦ ᠵᠢ ᠵᠠᠰᠠᠬᠤ᠂ ᠠᠵᠢᠯ ᠣᠯᠭᠣᠬᠤ᠎ᠪᠠᠷ ᠲᠡᠳᠬᠦᠮᠵᠢ ᠵᠢ ᠣᠷᠣᠯᠠᠭᠤᠯᠬᠤ᠂ ᠤᠷᠢᠳ ᠵᠶ᠋ᠠᠷ ᠪᠠᠶ᠋ᠢᠭᠤᠯᠵᠤ ᠳᠠᠷᠠᠭ᠎ᠠ᠎ᠨᠢ ᠨᠥᠬᠥᠪᠥᠷᠢᠯᠡᠬᠦ ᠵᠡᠷᠭᠡ ᠰᠢᠨ᠎ᠡ ᠵᠠᠭᠪᠤᠷ᠎ᠢ ᠰᠢᠨ᠎ᠡ᠎ᠪᠠᠷ ᠡᠭᠦᠳᠴᠦ᠂ ᠡᠯᠡᠰᠦ ᠵᠢ ᠰᠡᠷᠭᠡᠶ᠋ᠢᠯᠡᠵᠦ ᠡᠯᠡᠰᠦ ᠵᠢ ᠵᠠᠰᠠᠬᠤ ᠥᠪᠡᠷ᠎ᠤᠨ ᠥᠷᠲᠡᠭ᠎ᠢ ᠪᠠᠭᠤᠷᠠᠭᠤᠯᠵᠤ ᠦᠷ᠎ᠡ ᠠᠰᠢᠭ᠎ᠢ ᠨᠡᠮᠡᠭᠳᠡᠭᠦᠯᠬᠦ ᠲᠤᠯᠤᠭ᠋ᠠᠨ ᠵᠦᠢ᠍ᠯ᠎ᠤᠨ ᠠᠷᠭ᠎ᠠ ᠬᠡᠮᠵᠢᠶ᠎ᠡ ᠵᠢ ᠰᠦᠪᠡᠭᠴᠢᠯᠡᠵᠦ᠂ ᠥᠪᠥᠷ ᠮᠣᠩᠭᠣᠯ᠎ᠤᠨ ᠡᠯᠡᠰᠦ ᠵᠢ ᠵᠠᠰᠠᠭᠰᠠᠨ ᠨᠠᠩ ᠣᠯᠠᠨ ᠲᠤᠷᠰᠢᠯᠭ᠎ᠠ ᠵᠢ ᠪᠤᠢ ᠪᠤᠯᠭ᠋ᠠᠪᠠ᠃