ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠳᠤᠰᠬᠠᠢ ᠮᠡᠳᠡᠭᠡᠯᠡᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠠᠵᠢᠯ᠎ᠤᠨ ᠶᠡᠷᠦᠩᠬᠡᠶ ᠥᠷᠲᠡᠭᠡ 2025 ᠣᠨ᠎ᠤ ᠠᠩᠬᠠᠳᠤᠭ᠋ᠠᠷ ᠪᠦᠯᠦᠭ ᠳᠤᠮᠳᠠᠳ᠋᠊᠎ᠤ ᠤᠯᠤᠰ᠎ᠤᠨ ᠨᠣᠭᠣᠭ᠋ᠠᠷᠠᠭᠤᠯᠤᠯᠲᠠ ᠵᠢᠨ ᠰᠠᠭᠤᠷᠢ ᠮᠥᠩᠭᠥᠨ᠎ᠤ ᠨᠡᠶ᠋ᠢᠭᠡᠮᠯᠢᠭ᠎ᠤᠨ ᠰᠢᠷᠭᠤᠯᠵᠢ ᠵᠢᠨ ᠣᠶ ᠰᠢᠭᠤᠶ ᠵᠢᠨ ᠨᠡᠶ᠋ᠢᠲᠡ ᠵᠢᠨ ᠠᠰᠠᠷᠠᠮᠵᠢ ᠵᠢᠨ ᠲᠥᠷᠥᠯ ᠵᠦᠢ᠍ᠯ᠎ᠢ ᠬᠡᠷᠡᠭᠵᠢᠭᠦᠯᠬᠦ ᠲᠤᠰᠬᠠᠶ ᠮᠡᠷᠭᠡᠵᠢᠯᠲᠡᠨ᠎ᠤ ᠬᠢᠨᠠᠨ ᠲᠤᠭᠲᠠᠭ᠋ᠠᠬᠤ ᠬᠤᠷᠠᠯ᠎ᠢ ᠬᠤᠷᠠᠯᠳᠤᠭᠤᠯᠪᠠ
ᠨᠡᠶ᠋ᠢᠲᠡᠯᠡᠭᠰᠡᠨ ᠴᠠᠭ᠄ 2025-02-20


   ᠤᠯᠤᠰ᠎ᠤᠨ ᠠᠮᠢ ᠠᠬᠤᠶ ᠵᠢᠨ ᠪᠠᠶ᠋ᠢᠯᠳᠤᠬᠤ ᠪᠣᠳᠣᠯᠭ᠎ᠠ ᠵᠢ ᠭᠦᠨᠵᠡᠭᠡᠶ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ 《ᠤᠮᠠᠷᠠᠲᠤ ᠵᠢᠨ ᠭᠤᠷᠪᠠᠨ ᠣᠷᠣᠨ》᠎ᠤ ᠢᠨᠵᠧᠨᠧᠷᠢᠩ᠎ᠤᠨ ᠪᠥᠲᠥᠭᠡᠨ ᠪᠠᠶ᠋ᠢᠭᠤᠯᠤᠯᠲᠠ ᠵᠢ ᠠᠬᠢᠭᠤᠯᠬᠤ᠎ᠳᠤ ᠠᠰᠢᠭᠲᠠᠶ ᠪᠠᠶ᠋ᠢᠯᠭ᠋ᠠᠬᠤ ᠵᠢᠨ ᠲᠥᠯᠥᠭᠡ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠠᠵᠢᠯ᠎ᠤᠨ ᠶᠡᠷᠦᠩᠬᠡᠶ ᠥᠷᠲᠡᠭᠡ 《ᠳᠤᠮᠳᠠᠳᠤ ᠤᠯᠤᠰ᠎ᠤᠨ ᠨᠣᠭᠣᠭ᠋ᠠᠷᠠᠭᠤᠯᠤᠯᠲᠠ ᠵᠢᠨ ᠰᠠᠭᠤᠷᠢ ᠮᠥᠩᠭᠥᠨ᠎ᠤ ᠨᠡᠶ᠋ᠢᠭᠡᠮᠯᠢᠭ᠎ᠤᠨ ᠰᠢᠷᠭᠤᠯᠵᠢ ᠵᠢᠨ ᠣᠶ ᠰᠢᠭᠤᠶ ᠵᠢᠨ ᠨᠡᠶ᠋ᠢᠲᠡ ᠵᠢᠨ ᠠᠰᠠᠷᠠᠮᠵᠢ ᠵᠢᠨ ᠲᠥᠷᠥᠯ ᠵᠦᠢ᠍ᠯ᠎ᠤᠨ ᠬᠠᠮᠢᠶ᠎ᠠ ᠪᠥᠬᠥᠶ ᠠᠵᠢᠯ᠎ᠢ ᠵᠥᠪᠳᠡᠯᠴᠡᠨ ᠨᠠᠶ᠋ᠢᠳᠠᠪᠤᠷᠢᠵᠢᠭᠤᠯᠬᠤ ᠲᠤᠬᠠᠶ ᠵᠠᠬᠢᠳᠠᠯ》᠎ᠤᠨ ᠱᠠᠭ᠋ᠠᠷᠳᠠᠯᠭ᠎ᠠ ᠵᠢ ᠦᠨᠳᠦᠰᠦᠯᠡᠨ᠂ 2025 ᠣᠨ᠎ᠤ 2 ᠰᠠᠷ᠎ᠠ ᠵᠢᠨ 15᠎ᠤ ᠡᠳᠦᠷ 2025 ᠣᠨ᠎ᠤ ᠠᠩᠬᠠᠳᠤᠭ᠋ᠠᠷ ᠪᠦᠯᠦᠭ ᠳᠤᠮᠳᠠᠳᠤ ᠤᠯᠤᠰ᠎ᠤᠨ ᠨᠣᠭᠣᠭ᠋ᠠᠷᠠᠭᠤᠯᠤᠯᠲᠠ ᠵᠢᠨ ᠰᠠᠭᠤᠷᠢ ᠮᠥᠩᠭᠥᠨ᠎ᠤ ᠨᠡᠶ᠋ᠢᠭᠡᠮᠯᠢᠭ᠎ᠤᠨ ᠰᠢᠷᠭᠤᠯᠵᠢ ᠵᠢᠨ ᠣᠶ ᠰᠢᠭᠤᠶ ᠵᠢᠨ ᠨᠡᠶ᠋ᠢᠲᠡ ᠵᠢᠨ ᠠᠰᠠᠷᠠᠮᠵᠢ ᠵᠢᠨ ᠲᠥᠷᠥᠯ ᠵᠦᠢ᠍ᠯ᠎ᠤᠨ ᠬᠡᠷᠡᠭᠵᠢᠭᠦᠯᠬᠦ ᠲᠥᠰᠦᠯ᠎ᠤᠨ ᠲᠤᠰᠬᠠᠶ ᠮᠡᠷᠭᠡᠵᠢᠯᠲᠡᠨ᠎ᠤ ᠬᠢᠨᠠᠨ ᠲᠣᠭᠲᠠᠭ᠋ᠠᠬᠤ ᠬᠤᠷᠠᠯ᠎ᠢ ᠵᠣᠬᠢᠶᠠᠨ ᠪᠠᠶ᠋ᠢᠭᠤᠯᠵᠤ ᠬᠤᠷᠠᠯᠳᠤᠭᠤᠯᠪᠠ᠃
    ᠡᠯ᠎ᠡ ᠬᠠᠮᠢᠶ᠎ᠠ ᠪᠥᠬᠥᠶ ᠲᠥᠷᠥᠯ ᠵᠦᠢ᠍ᠯ᠎ᠤᠨ ᠲᠦᠯᠦᠪᠵᠢᠬᠦᠯᠭᠡ ᠵᠢᠨ ᠨᠢᠭᠡᠴᠡ᠎ᠨᠢ ᠰᠢᠷᠭᠤᠯᠵᠢ ᠵᠢᠨ ᠣᠶ ᠰᠢᠭᠤᠶ ᠵᠢᠨ ᠨᠡᠶ᠋ᠢᠲᠡ ᠵᠢᠨ ᠠᠰᠠᠷᠠᠮᠵᠢ ᠵᠢᠨ ᠲᠥᠷᠥᠯ ᠵᠦᠢ᠍ᠯ᠎ᠤᠨ ᠪᠥᠲᠥᠭᠡᠨ ᠪᠠᠶ᠋ᠢᠭᠤᠯᠤᠯᠲᠠ ᠵᠢᠨ  ᠭᠠᠵᠠᠷ ᠤᠷᠤᠨ᠎ᠤ ᠪᠠᠶ᠋ᠢᠳᠠᠯ᠂ ᠭᠤᠤᠯ ᠪᠣᠯᠬᠤ ᠪᠥᠲᠥᠭᠡᠨ ᠪᠠᠶ᠋ᠢᠭᠤᠯᠤᠯᠲᠠ ᠵᠢᠨ ᠠᠭᠤᠯᠭ᠎ᠠ᠂ ᠲᠥᠷᠥᠯ ᠵᠦᠢ᠍ᠯ᠎ᠤᠨ ᠪᠠᠯᠠ ᠣᠷᠣᠭᠤᠯᠤᠯᠲᠠ ᠵᠢᠴᠢ ᠲᠥᠰᠦᠪ ᠵᠡᠷᠭᠡ᠎ᠳᠤ ᠲᠠᠨᠢᠯᠴᠠᠭᠤᠯᠭ᠎ᠠ ᠬᠢᠪᠠ᠃ ᠲᠤᠰᠬᠠᠶ ᠮᠡᠷᠭᠡᠵᠢᠯᠲᠡᠨ᠎ᠤ ᠳᠤᠭᠤᠶ᠋ᠢᠯᠠᠩ᠎ᠤᠨ ᠬᠠᠮᠲᠤ ᠵᠢᠨ ᠦᠨᠡᠯᠡᠯᠲᠡ᠎ᠪᠠᠷ ᠳᠡᠮᠵᠢᠨ᠂ ᠡᠴᠦᠰ᠎ᠲᠡᠭᠡᠨ 7 ᠰᠢᠷᠭᠤᠯᠵᠢ ᠵᠢᠨ ᠣᠶ ᠰᠢᠭᠤᠶ ᠵᠢᠨ ᠨᠡᠶ᠋ᠢᠲᠡ ᠵᠢᠨ ᠠᠰᠠᠷᠠᠮᠵᠢ ᠵᠢᠨ ᠲᠥᠷᠥᠯ ᠵᠦᠢ᠍ᠯ᠎ᠤᠨ ᠬᠢᠨᠠᠨ ᠲᠤᠭᠲᠠᠭ᠋ᠠᠯᠳᠠ ᠵᠢ ᠪᠡᠶᠡᠯᠡᠭᠦᠯᠪᠡ᠃ ᠰᠢᠷᠭᠤᠯᠵᠢ ᠵᠢᠨ ᠣᠶ ᠰᠢᠭᠤᠶ ᠵᠢᠨ ᠨᠡᠶ᠋ᠢᠲᠡ ᠵᠢᠨ ᠠᠰᠠᠷᠠᠮᠵᠢ ᠵᠢᠨ ᠲᠥᠷᠥᠯ ᠵᠦᠢ᠍ᠯ᠎ᠳᠤ ᠪᠦᠲᠦᠭᠡᠨ ᠪᠠᠶ᠋ᠢᠭᠤᠯᠤᠯᠲᠠ ᠵᠢᠨ ᠠᠵᠢᠯ᠎ᠢ ᠥᠷᠨᠢᠭᠦᠯᠬᠦ ᠵᠢᠨ ᠬᠠᠮᠲᠤ ᠨᠡᠶ᠋ᠢᠭᠡᠮ᠎ᠤᠨ ᠪᠡᠯᠡ ᠮᠥᠩᠭᠥ ᠵᠢ ᠢᠳᠡᠪᠬᠢᠲᠡᠶ᠎ᠪᠠᠷ ᠣᠷᠣᠭᠤᠯᠵᠤ᠂ ᠣᠶ ᠰᠢᠭᠤᠶ ᠨᠤᠲᠤᠭ ᠪᠡᠯᠴᠢᠭᠡᠷ᠎ᠤᠨ ᠠᠮᠢ ᠠᠬᠤᠶ ᠵᠢᠨ ᠪᠦᠲᠦᠭᠡᠨ ᠪᠠᠶ᠋ᠢᠭᠤᠯᠤᠯᠲᠠ ᠵᠢᠨ ᠣᠯᠠᠨ ᠡᠰᠢᠵᠢᠭᠰᠡᠨ ᠣᠷᠣᠭᠤᠯᠤᠯᠲᠠ ᠵᠢᠨ ᠲᠣᠭᠲᠠᠴᠠ ᠵᠢ ᠪᠠᠶ᠋ᠢᠭᠤᠯᠵᠤ᠂ 《ᠤᠮᠠᠷᠠᠲᠤ ᠵᠢᠨ ᠭᠤᠷᠪᠠᠨ ᠤᠷᠤᠨ》 ᠎ᠤ ᠢᠨᠵᠧᠨᠧᠷᠢᠩ᠎ᠤᠨ ᠠᠵᠢᠯ᠎ᠢ ᠪᠦᠬᠦ ᠬᠦᠴᠦᠨ ᠵᠶ᠋ᠠᠷ ᠵᠶ᠋ᠠᠨ ᠰᠠᠶ᠋ᠢᠲᠤᠷ ᠬᠢᠨ᠎ᠡ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠤᠢ ᠰᠢᠭᠤᠢ ᠪᠠ ᠨᠤᠳᠤᠭ ᠪᠡᠯᠴᠢᠭᠡᠷ᠎ᠤᠨ ᠲᠤᠪᠴᠢᠶ᠎ᠠ
          
ᠬᠠᠮᠢᠶ᠎ᠡ ᠪᠦᠬᠦᠢ ᠰᠣᠨᠢᠨ
ᠢᠷᠡᠬᠦ ᠲᠠᠪᠤᠨ ᠬᠤᠨᠤᠭ᠎ᠲᠤ ᠬᠠᠲᠤᠨ ᠭᠤᠣᠯ ᠳᠠᠭ᠋ᠠᠤ ᠵᠢᠨ ᠭᠠᠵᠠᠷ ᠣᠷᠣᠨ᠎ᠤ ᠳᠤᠯᠠᠭ᠋ᠠᠨ ᠳᠡᠭᠡᠭᠰᠢᠯᠡᠬᠦ ᠪᠣᠯᠬᠤᠷ ᠤᠰᠤᠨ ᠠᠰᠢᠭᠯᠠᠯᠲᠠ ᠵᠢᠨ ᠲᠢᠩᠬᠢᠮ ᠬᠠᠲᠤᠨ ᠭᠤᠣᠯ᠎ᠤᠨ ᠰᠥᠩ ᠬᠠᠯᠢᠶ᠎ᠠ ᠵᠢ ᠪᠥᠬᠦ ᠬᠦᠴᠦᠨ ᠵᠶ᠋ᠠᠷ ᠵᠶ᠋ᠠᠨ ᠠᠷᠭ᠋ᠠᠴᠠᠭ᠋ᠠᠬᠤ᠎ᠪᠠᠷ ᠪᠡᠯᠡᠳᠬᠡᠵᠦ ᠪᠤᠢ
ᠰᠢ ᠵᠢᠨ ᠫᠢᠩ ᠭᠦᠢ᠍ᠵᠧᠦ ᠵᠢᠨ ᠴᠢᠶᠠᠨ ᠳ᠋ᠦᠩ ᠨᠠᠨ ᠵᠧᠦ᠎ᠳᠤ ᠰᠢᠨᠵᠢᠯᠡᠨ ᠪᠠᠶ᠋ᠢᠴᠠᠭ᠋ᠠᠪᠠ
ᠲᠥᠪ᠎ᠤᠨ ᠵᠠᠭᠤᠴᠢᠯᠠᠭᠤᠷ᠎ᠤᠨ᠎ᠬᠢᠨ ᠥᠪᠥᠷ ᠮᠣᠩᠭᠤᠯ᠎ᠳᠤ ᠠᠩᠬᠠᠷᠤᠯ ᠲᠠᠯᠪᠢᠨᠠᠮ
ᠠᠭ᠋ᠠᠷ᠎ᠤᠨ ᠳᠤᠯᠠᠭ᠋ᠠᠨ᠎ᠤ ᠬᠡᠮᠵᠢᠶ᠎ᠡ 25℃ ᠣᠷᠴᠢᠮ ᠬᠦᠷᠲᠡᠯ᠎ᠡ ᠳᠡᠭᠡᠭᠰᠢᠯᠡᠬᠦ᠎ᠪᠠᠷ ᠪᠠᠶ᠋ᠢᠨ᠎ᠠ! ᠭᠤᠣᠯ ᠪᠣᠯᠬᠤ ᠬᠤᠲᠠᠳ᠎ᠤᠨ ᠢᠷᠡᠬᠦ 72 ᠴᠠᠭ᠎ᠲᠠᠬᠢ ᠴᠠᠭ ᠠᠭᠤᠷ᠎ᠤᠨ ᠤᠷᠢᠳᠴᠢᠯᠠᠭᠰᠠᠨ ᠮᠡᠳᠡᠭᠡ
 
             蒙ICP备05000248号