3 ᠳ᠋ᠤᠭ᠋ᠠᠷ ᠰᠠᠷ᠎ᠠ ᠵᠢᠨ 23᠎ᠤ ᠡᠳᠦᠷ᠂ 《ᠠᠷᠠᠳ᠎ᠤᠨ ᠡᠳᠦᠷ᠎ᠤᠨ ᠰᠣᠨᠢᠨ》᠎ᠤ 《ᠢᠲᠡᠭᠡᠯ ᠵᠣᠷᠢᠭ ᠵᠶ᠋ᠠᠨ ᠪᠠᠲᠤᠳᠬᠠᠵᠤ᠂ ᠥᠭᠡᠷᠡᠴᠢᠯᠡᠯᠲᠡ ᠬᠥᠭᠵᠢᠯᠲᠡ ᠵᠢᠨ ᠰᠢᠨ᠎ᠡ ᠣᠷᠣᠨ ᠵᠠᠢ ᠵᠢ ᠨᠡᠭᠡᠭᠡᠶ᠎ᠡ》 ᠭᠡᠬᠦ ᠪᠤᠯᠤᠩ᠎ᠳᠤ 《ᠥᠪᠥᠷ ᠮᠣᠩᠭᠤᠯ ᠲᠥᠷᠥᠯ ᠵᠦᠢ᠍ᠯ᠎ᠤᠨ ᠪᠦᠲᠦᠭᠡᠨ ᠪᠠᠶ᠋ᠢᠭᠤᠯᠤᠯᠲᠠ ᠵᠢ ᠪᠥᠬᠦ ᠬᠦᠴᠦᠨ ᠵᠶ᠋ᠠᠷ ᠵᠶ᠋ᠠᠨ ᠰᠠᠶ᠋ᠢᠲᠤᠷ ᠠᠳᠬᠤᠵᠤ ᠪᠤᠢ》 ᠵᠢ ᠨᠡᠶ᠋ᠢᠲᠡᠯᠡᠪᠡ᠃
ᠪᠦᠬᠦ ᠠᠭᠤᠯᠭ᠎ᠠ᠎ᠨᠢ ᠳᠣᠣᠷᠠᠬᠢ ᠮᠡᠲᠦ᠄
ᠥᠪᠥᠷ ᠮᠣᠩᠭᠤᠯ ᠲᠥᠷᠥᠯ ᠵᠦᠢ᠍ᠯ᠎ᠤᠨ ᠪᠦᠲᠦᠭᠡᠨ ᠪᠠᠶ᠋ᠢᠭᠤᠯᠤᠯᠲᠠ ᠵᠢ
ᠪᠥᠬᠦ ᠬᠦᠴᠦᠨ ᠵᠶ᠋ᠠᠷ ᠵᠶ᠋ᠠᠨ ᠰᠠᠶ᠋ᠢᠲᠤᠷ ᠠᠳᠬᠤᠵᠤ ᠪᠤᠢ
ᠬᠥᠪᠴᠢ ᠵᠢᠨ ᠡᠯᠡᠰᠦᠨ᠎ᠳᠠᠬᠢ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠠᠩᠭᠢᠨ ᠬᠤᠰᠢᠭᠤᠨ᠎ᠤ ᠱᠦᠸᠧ ᠹᠠᠩ ᠰᠢᠨ᠎ᠡ ᠡᠨᠧᠷᠭᠢ ᠵᠢᠨ ᠲᠣᠮᠣ ᠰᠠᠭᠤᠷᠢᠨ ᠭᠠᠵᠠᠷ᠎ᠤᠨ ᠪᠦᠲᠦᠭᠡᠨ ᠪᠠᠶ᠋ᠢᠭᠤᠯᠤᠯᠲᠠ ᠵᠢᠨ ᠲᠤᠬᠠᠢ ᠵᠢᠨ ᠲᠠᠯᠠᠪᠠᠶ᠎ᠳᠤ᠂ 260 ᠭᠠᠷᠤᠢ ᠰᠢᠷᠣᠢ ᠲᠦᠯᠬᠢᠬᠦ ᠲᠣᠮᠣ ᠬᠡᠯᠪᠡᠷᠢ ᠵᠢᠨ ᠮᠠᠰᠢᠨ ᠨᠠᠭ᠋ᠠᠰᠢ ᠴᠠᠭ᠋ᠠᠰᠢ ᠰᠦᠯᠵᠢᠯᠳᠦᠨ᠂ ᠶᠠᠭ᠋ᠠᠷᠠᠯᠲᠠᠶ᠋ᠢᠬᠠᠨ ᠠᠵᠢᠯᠯᠠᠵᠤ ᠪᠠᠶ᠋ᠢᠨ᠎ᠠ᠃
《ᠣᠳᠣ ᠲᠠᠯᠠᠪᠤᠷ ᠭᠠᠵᠠᠷ᠎ᠢ ᠲᠡᠭᠰᠢᠯᠡᠵᠦ ᠳᠠᠭᠤᠰᠬᠠᠭ᠋ᠠᠳ ᠪᠤᠢ᠂ ᠳᠠᠷᠠᠭ᠋ᠠᠴᠢ ᠵᠢᠨ ᠠᠯᠬᠤᠮ᠎ᠳᠤ 〈ᠪᠠᠷᠢᠮᠵᠢᠶᠠᠲᠤ ᠭᠠᠵᠠᠷ〉᠎ᠤᠨ ᠪᠦᠲᠦᠭᠡᠨ ᠪᠠᠶ᠋ᠢᠭᠤᠯᠤᠯᠲᠠ ᠵᠢ ᠦᠷᠭᠦᠯᠵᠢᠯᠡᠨ ᠠᠬᠢᠭᠤᠯᠬᠤ ᠵᠢᠨ ᠬᠠᠮᠲᠤ᠂ ᠠᠮᠢ ᠠᠬᠤᠢ ᠵᠢᠨ ᠶᠡᠷᠦᠩᠬᠡᠶ᠋ᠢᠯᠡᠭᠰᠡᠨ ᠵᠠᠰᠠᠯᠲᠠ ᠵᠢ ᠵᠡᠷᠭᠡ᠎ᠳᠤ᠎ᠨᠢ ᠬᠡᠷᠡᠭᠵᠢᠭᠦᠯᠬᠦ ᠪᠣᠯᠣᠨ᠎ᠠ》᠃ ᠬᠠᠩᠭᠢᠨ ᠬᠤᠰᠢᠭᠤᠨ᠎ᠤ ᠡᠯᠡᠰᠦᠷᠬᠡᠭᠵᠢᠯ᠎ᠢ ᠰᠡᠷᠭᠡᠶ᠋ᠢᠯᠡᠨ ᠡᠯᠡᠰᠦ ᠵᠢ ᠵᠠᠰᠠᠬᠤ 110 ᠲᠦᠮᠡᠨ ᠺᠢᠯᠣᠸᠠᠲ᠎ᠤᠨ ᠰᠠᠯᠬᠢᠨ ᠬᠦᠴᠦᠨ᠎ᠤ ᠴᠠᠬᠢᠯᠭ᠋ᠠᠨ ᠭᠡᠷᠡᠯᠴᠢ ᠴᠡᠨᠡᠭ᠎ᠢ ᠨᠢᠭᠡ ᠴᠣᠭᠴᠠᠵᠢᠭᠤᠯᠬᠤ ᠨᠢᠭᠡᠳᠦᠭᠡᠷ ᠬᠤᠭᠤᠴᠠᠭ᠋ᠠᠨ᠎ᠤ ᠲᠦᠷᠦᠯ ᠵᠦᠢ᠍ᠯ᠎ᠤᠨ ᠪᠠᠷᠢᠯᠭ᠎ᠠ ᠵᠢᠨ ᠠᠵᠢᠯ᠎ᠤᠨ ᠬᠠᠷᠢᠭᠤᠴᠠᠯᠭ᠋ᠠᠲᠠᠨ ᠸᠠᠩ ᠷᠦᠢ ᠹᠧᠩ᠎ᠤᠨ ᠲᠠᠨᠢᠯᠴᠠᠭᠤᠯᠤᠭᠰᠠᠨ ᠵᠶ᠋ᠠᠷ᠂ ᠲᠣᠰ ᠲᠥᠷᠥᠯ ᠵᠦᠢ᠍ᠯ᠎ᠨᠢ ᠡᠨᠡ ᠵᠢᠯ᠎ᠤᠨ ᠳᠣᠣᠷ᠎ᠠ ᠬᠠᠭ᠋ᠠᠰ ᠵᠢᠯ᠎ᠳᠤ ᠴᠠᠬᠢᠯᠭ᠋ᠠᠨ ᠬᠦᠴᠦᠨ᠎ᠤ ᠲᠣᠣᠷ᠎ᠲᠤ ᠨᠡᠶ᠋ᠢᠯᠡᠭᠦᠯᠦᠨ ᠴᠠᠬᠢᠯᠭ᠋ᠠᠨ ᠭᠠᠷᠭ᠋ᠠᠬᠤ᠎ᠪᠠᠷ ᠲᠥᠯᠥᠪᠯᠡᠵᠦ ᠪᠤᠢ᠂ ᠵᠢᠱ᠌ᠢᠯᠲᠡ᠎ᠪᠠᠷ ᠭᠡᠷᠡᠯᠴᠢ ᠴᠡᠨᠡᠭ ᠪᠠ ᠰᠠᠯᠬᠢᠨ ᠬᠦᠴᠦᠨ᠎ᠤ ᠵᠢᠯ᠎ᠤᠨ ᠴᠠᠬᠢᠯᠭ᠋ᠠᠨ ᠭᠠᠷᠭ᠋ᠠᠬᠤ ᠬᠡᠮᠵᠢᠶ᠎ᠡ᠎ᠨᠢ ᠨᠡᠶ᠋ᠢᠯᠡᠭᠡᠳ 25 ᠳ᠋ᠦᠩᠰᠢᠭᠤᠷ ᠺᠢᠯᠣᠸᠠᠲ ᠴᠠᠭ᠎ᠲᠤ ᠬᠦᠷᠴᠦ᠂ ᠪᠠᠷᠢᠮᠵᠢᠶᠠᠲᠤ ᠨᠡᠭᠦᠷᠡᠰᠦ ᠵᠢ 74 ᠲᠦᠮᠡᠨ ᠲᠣᠨ ᠠᠷᠪᠢᠯᠠᠬᠤ ᠪᠣᠯᠣᠨ᠎ᠠ᠃
ᠶᠡᠷᠦᠩᠬᠡᠢ ᠱᠦᠵᠢ ᠰᠢ ᠵᠢᠨ ᠫᠢᠩ ᠡᠨᠡ ᠵᠢᠯ᠎ᠤᠨ ᠪᠥᠬᠦ ᠤᠯᠤᠰ᠎ᠤᠨ ᠬᠤᠶᠠᠷ ᠬᠤᠷᠠᠯ᠎ᠤᠨ ᠬᠤᠭᠤᠴᠠᠭ᠋ᠠᠨ᠎ᠳᠤ ᠴᠢᠬᠤᠯᠠᠴᠢᠯᠠᠬᠤ᠎ᠳᠤ᠎ᠪᠠᠨ᠄ 《ᠬᠦᠴᠦᠨ ᠵᠦᠢ᠍ᠯ ᠵᠶ᠋ᠠᠨ ᠵᠠᠬ᠎ᠠ ᠳᠡᠯᠭᠡᠭᠦᠷᠴᠢᠯᠡᠨ ᠲᠣᠬᠢᠷᠠᠭᠤᠯᠬᠤ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠵᠦ᠂ ᠣᠷᠣᠨ ᠨᠤᠲᠤᠭ᠎ᠤᠨ ᠬᠠᠮᠠᠭ᠋ᠠᠯᠠᠯᠲᠠ᠂ ᠵᠠᠬ᠎ᠠ ᠳᠡᠯᠭᠡᠭᠦᠷ᠎ᠤᠨ ᠬᠡᠰᠡᠭᠯᠡᠯ ᠪᠠ 〈ᠬᠤᠮᠢᠷᠠᠭ᠎ᠠ〉 ᠥᠷᠢᠰᠦᠯᠳᠦᠭᠡᠨ᠎ᠢ ᠰᠠᠨᠠᠭ᠋ᠠᠴᠢᠯᠠᠭ᠎ᠠ᠎ᠠᠴᠠ᠎ᠪᠠᠨ ᠠᠷᠢᠯᠭ᠋ᠠᠬᠤ ᠬᠡᠷᠡᠭᠲᠡᠢ᠂ ᠠᠷᠠᠳ᠎ᠠᠴᠠ ᠡᠵᠡᠩᠨᠡᠭᠰᠡᠨ ᠠᠵᠤ ᠠᠬᠤᠶ᠋ᠢᠯᠠᠯ᠎ᠤᠨ ᠰᠠᠭᠤᠳᠠᠯ᠎ᠤᠨ ᠬᠤᠷᠠᠯ᠎ᠤᠨ ᠵᠣᠷᠢᠭ ᠰᠠᠨᠠᠭ᠎ᠠ ᠵᠢ ᠪᠥᠬᠦ ᠲᠠᠯ᠎ᠠ᠎ᠪᠠᠷ ᠨᠠᠶ᠋ᠢᠳᠠᠪᠤᠷᠢᠵᠢᠭᠤᠯᠵᠤ᠂ ᠡᠯ᠎ᠡ ᠵᠦᠢ᠍ᠯ᠎ᠤᠨ ᠦᠮᠴᠢᠯᠡᠯᠲᠦ ᠠᠵᠤ ᠠᠬᠤᠶ᠋ᠢᠯᠠᠯ᠎ᠳᠤ ᠠᠳᠠᠯᠢ ᠲᠡᠭᠰᠢ᠎ᠪᠠᠷ ᠬᠠᠨᠳᠤᠨ᠂ ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠦᠴᠡᠯ᠎ᠢ ᠦᠷᠭᠦᠯᠵᠢᠯᠡᠨ ᠰᠢᠯᠢᠳᠡᠭᠵᠢᠭᠦᠯᠬᠦ ᠬᠡᠷᠡᠭᠲᠡᠢ》 ᠭᠡᠵᠡᠢ᠃
ᠥᠪᠥᠷ ᠮᠣᠩᠭᠤᠯ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠬᠦᠴᠦᠨ ᠵᠦᠢ᠍ᠯ᠎ᠢ ᠵᠠᠬ᠎ᠠ ᠳᠡᠯᠭᠡᠭᠦᠷᠴᠢᠯᠡᠨ ᠲᠣᠬᠢᠷᠠᠭᠤᠯᠬᠤ ᠥᠭᠡᠷᠡᠴᠢᠯᠡᠯᠲᠡ᠎ᠪᠠᠨ ᠭᠦᠨᠵᠡᠭᠡᠶ᠋ᠢᠷᠡᠭᠦᠯᠦᠨ᠂ ᠡᠵᠡᠩᠨᠡᠨ ᠬᠤᠳᠠᠯᠳᠤᠭ᠋ᠠᠯᠠᠬᠤ ᠣᠷᠴᠢᠨ ᠨᠦᠬᠦᠴᠡᠯ᠎ᠢ ᠦᠷᠭᠦᠯᠵᠢᠯᠡᠨ ᠰᠢᠯᠢᠳᠡᠭᠵᠢᠭᠦᠯᠵᠦ᠂ ᠴᠠᠭ᠎ᠢ ᠵᠠᠪᠳᠤᠨ᠂ ᠠᠬᠢᠴᠠ ᠵᠢ ᠠᠳᠬᠤᠵᠤ᠂ ᠦᠷ᠎ᠡ ᠪᠦᠲᠦᠮᠵᠢ᠎ᠪᠠᠨ ᠳᠡᠭᠡᠭᠰᠢᠯᠡᠭᠦᠯᠦᠨ᠂ ᠬᠢᠨᠠᠨ ᠵᠥᠪᠰᠢᠶᠡᠷᠡᠬᠦ ᠭᠤᠭᠴᠤᠭ᠎ᠠ ᠪᠠ ᠴᠣᠪᠤᠷᠠᠯ᠎ᠢ ᠴᠣᠮᠬᠠᠳᠬᠠᠵᠤ᠂ ᠲᠦᠷᠦᠯ ᠵᠦᠢ᠍ᠯ᠎ᠤᠨ ᠪᠦᠲᠦᠭᠡᠨ ᠪᠠᠶ᠋ᠢᠭᠤᠯᠬᠤ ᠬᠦᠴᠦᠨ ᠵᠦᠢ᠍ᠯ᠎ᠤᠨ ᠪᠠᠲᠤᠯᠠᠭ᠎ᠠ ᠵᠢ ᠤᠷᠢᠳᠴᠢᠯᠠᠨ ᠰᠠᠶ᠋ᠢᠲᠤᠷ ᠬᠢᠵᠦ᠂ ᠲᠦᠷᠦᠯ ᠵᠦᠢ᠍ᠯ᠎ᠤᠨ ᠪᠦᠲᠦᠭᠡᠨ ᠪᠠᠶ᠋ᠢᠭᠤᠯᠤᠯᠲᠠ ᠵᠢᠨ ᠠᠬᠢᠴᠠ ᠵᠢ ᠲᠦᠷᠭᠡᠳᠬᠡᠪᠡ᠃
ᠣᠳᠣ᠂ ᠪᠤᠭᠤᠲᠤ ᠵᠢᠨ ᠬᠤᠪᠣᠷ ᠰᠢᠷᠣᠢ ᠵᠢᠨ ᠳᠡᠭᠡᠳᠦ ᠰᠢᠨ᠎ᠡ ᠮᠡᠷᠭᠡᠵᠢᠯ᠎ᠤᠨ ᠠᠵᠤ ᠦᠢ᠍ᠯᠡᠰ᠎ᠤᠨ ᠨᠡᠭᠡᠭᠡᠯᠲᠡ ᠵᠢᠨ ᠲᠣᠭᠤᠷᠢᠭ᠎ᠲᠤ᠂ ᠸᠧ ᠯᠦᠩ ᠪᠤᠭᠤᠲᠤ ᠵᠢᠨ ᠪᠠᠶ᠋ᠢᠩᠭᠤ ᠰᠣᠷᠢᠨᠵᠢᠨᠲᠤ ᠴᠠᠬᠢᠯᠭ᠋ᠠᠨ ᠮᠠᠰᠢᠨ᠎ᠤ ᠠᠵᠤ ᠦᠢ᠍ᠯᠡᠰ᠎ᠤᠨ ᠬᠦᠷᠢᠶᠡᠯᠡᠩ᠎ᠤᠨ ᠲᠦᠷᠦᠯ ᠵᠦᠢ᠍ᠯ᠎ᠤᠨ ᠪᠦᠲᠦᠭᠡᠨ ᠪᠠᠶ᠋ᠢᠭᠤᠯᠤᠯᠲᠠ ᠵᠢᠨ ᠲᠤᠬᠠᠢ ᠵᠢᠨ ᠲᠠᠯᠠᠪᠠᠢ ᠬᠥᠭᠵᠢᠶᠡᠨᠲᠡᠢ ᠪᠠᠶ᠋ᠢᠵᠤ᠂ ᠲᠦᠷᠦᠯ ᠵᠦᠢ᠍ᠯ᠎ᠤᠨ ᠪᠦᠯᠬᠦᠮ᠎ᠤᠨ᠎ᠬᠢᠨ ᠶᠠᠭ᠋ᠠᠷᠠᠯᠲᠠᠶ᠋ᠢᠬᠠᠨ ᠠᠵᠢᠯᠯᠠᠨ᠂ ᠲᠥᠬᠦᠭᠡᠷᠦᠮᠵᠢ᠎ᠪᠠᠨ ᠨᠢᠭᠡᠨᠲᠡ ᠪᠦᠬᠦᠨ᠎ᠢ ᠪᠠᠶ᠋ᠢᠴᠠᠭ᠋ᠠᠨ ᠵᠠᠰᠠᠵᠤ ᠳᠠᠭᠤᠰᠬᠠᠵᠠᠢ᠂ ᠦᠢ᠍ᠯᠡᠳᠪᠦᠷᠢᠯᠡᠯ ᠲᠣᠬᠢᠷᠠᠭᠤᠯᠬᠤ ᠲᠥᠯᠥᠪᠯᠡᠭᠡ᠎ᠪᠠᠨ ᠶᠠᠭ ᠵᠠᠯᠭ᠋ᠠᠭ᠎ᠠ᠎ᠪᠠᠷ ᠲᠣᠭᠲᠠᠭ᠋ᠠᠵᠤ ᠪᠤᠢ᠃ 《ᠬᠢᠨᠠᠨ ᠵᠥᠪᠰᠢᠶᠡᠷᠡᠬᠦ ᠭᠤᠭᠴᠤᠭ᠎ᠠ ᠵᠢᠨ ᠤᠷᠢᠳᠠᠴᠢ ᠲᠣᠬᠢᠷᠠᠭᠤᠯᠤᠯᠲᠠ ᠵᠢᠨ ᠰᠠᠶ᠋ᠢᠨ ᠵᠶ᠋ᠠᠷ᠂ ᠨᠢᠭᠡ ᠵᠢᠯ ᠪᠣᠯᠣᠭ᠋ᠠᠳᠤᠢ᠎ᠪᠠᠷ ᠭᠡᠷ᠎ᠡ ᠲᠣᠭᠲᠠᠬᠤ᠂ ᠪᠦᠲᠦᠭᠡᠨ ᠪᠠᠶ᠋ᠢᠭᠤᠯᠬᠤ᠂ ᠪᠠᠷᠢᠯᠭ᠎ᠠ ᠳᠠᠭᠤᠰᠬᠠᠬᠤ᠂ ᠠᠰᠢᠭᠯᠠᠯᠲᠠ᠎ᠳᠤ ᠣᠷᠣᠭᠤᠯᠬᠤ ᠵᠢ ᠪᠡᠶᠡᠯᠡᠭᠦᠯᠵᠡᠢ》 ᠭᠡᠵᠦ ᠲᠦᠷᠦᠯ ᠵᠦᠢ᠍ᠯ᠎ᠤᠨ ᠬᠠᠷᠢᠭᠤᠴᠠᠯᠭ᠋ᠠᠲᠠᠨ ᠯᠧᠦ ᠵᠢᠶᠠᠨ ᠹᠧᠩ ᠬᠡᠯᠡᠪᠡ᠃
ᠥᠪᠥᠷ ᠮᠣᠩᠭᠤᠯ᠎ᠤᠨ ᠬᠤᠷᠠᠯᠳᠤᠭᠤᠯᠤᠭᠰᠠᠨ ᠪᠥᠬᠦ ᠣᠷᠣᠨ᠎ᠤ ᠠᠵᠤ ᠠᠬᠤᠢ ᠨᠡᠶ᠋ᠢᠭᠡᠮ᠎ᠤᠨ ᠬᠥᠭᠵᠢᠯᠲᠡ ᠵᠢ ᠠᠬᠢᠭᠤᠯᠬᠤ ᠳᠠᠶ᠋ᠢᠴᠢᠯᠠᠯᠲᠠ ᠪᠠᠶ᠋ᠢᠷᠢᠯᠠᠭᠤᠯᠤᠯᠲᠠ ᠵᠢᠨ ᠬᠤᠷᠠᠯ ᠵᠶ᠋ᠠᠷ᠂ ᠲᠥᠷᠥᠯ ᠵᠦᠢ᠍ᠯ᠎ᠤᠨ ᠪᠦᠲᠦᠭᠡᠨ ᠪᠠᠶ᠋ᠢᠭᠤᠯᠤᠯᠲᠠ ᠬᠡᠮᠡᠬᠦ ᠡᠨᠡ ᠬᠦ᠌ ᠵᠠᠩᠭᠢᠯᠠᠭ᠎ᠠ ᠵᠢ ᠡᠷᠬᠡᠪᠰᠢ ᠴᠢᠩᠭ᠎ᠠ ᠠᠳᠬᠤᠬᠤ ᠬᠡᠷᠡᠭᠲᠡᠢ ᠭᠡᠵᠦ ᠳᠤᠷᠠᠳᠤᠨ ᠭᠠᠷᠭ᠋ᠠᠪᠠ᠃ 《ᠪᠢᠳᠡ ᠡᠯ᠎ᠡ ᠬᠢᠨᠠᠨ ᠵᠥᠪᠰᠢᠶᠡᠷᠡᠬᠦ ᠰᠠᠯᠠᠭ᠎ᠠ ᠮᠥᠴᠢᠷ᠎ᠤᠨ᠎ᠬᠢᠨ᠎ᠤ ᠲᠦᠷᠦᠯ ᠵᠦᠢ᠍ᠯ᠎ᠤᠨ ᠡᠬᠢᠨ᠎ᠤ ᠬᠤᠭᠤᠴᠠᠭ᠋ᠠᠨ᠎ᠤ ᠠᠵᠢᠯ᠎ᠢ ᠢᠳᠡᠪᠬᠢᠲᠡᠢ᠎ᠪᠠᠷ ᠲᠦᠯᠬᠢᠨ ᠠᠬᠢᠭᠤᠯᠵᠤ ᠪᠤᠢ》 ᠭᠡᠵᠦ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠎ᠤᠨ ᠡᠷᠬᠢᠯᠡᠭᠴᠢ ᠬᠥᠩ ᠮᠢᠩ ᠵᠦ᠍ ᠢᠯᠡᠳᠬᠡᠪᠡ᠃ ᠡᠨᠡ ᠵᠢᠯ᠂ ᠥᠪᠥᠷ ᠮᠣᠩᠭᠤᠯ ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ ᠵᠢ 5000 ᠲᠦᠮᠡᠨ ᠲᠥᠭᠦᠷᠢᠭ᠎ᠠᠴᠠ ᠳᠡᠭᠡᠭᠰᠢ᠂ ᠠᠵᠤ ᠠᠬᠤᠶ᠋ᠢᠯᠠᠯ᠎ᠤᠨ ᠪᠡᠯᠡ ᠣᠷᠣᠭᠤᠯᠤᠯᠲᠠ᠎ᠲᠠᠢ ᠳ᠋ᠦᠩᠰᠢᠭᠤᠷ ᠲᠥᠭᠦᠷᠢᠭ᠎ᠠᠴᠠ ᠳᠡᠭᠡᠭᠰᠢᠬᠢ ᠲᠥᠷᠥᠯ ᠵᠦᠢ᠍ᠯ᠎ᠢ 3336 ᠬᠡᠷᠡᠭᠵᠢᠭᠦᠯᠬᠦ᠎ᠪᠠᠷ ᠲᠥᠯᠥᠪᠯᠡᠵᠦ᠂ ᠶᠡᠷᠦᠩᠬᠡᠢ ᠪᠡᠯᠡ ᠣᠷᠣᠭᠤᠯᠤᠯᠲᠠ᠎ᠨᠢ 3.7 ᠲᠦᠮᠡᠨ ᠳ᠋ᠦᠩᠰᠢᠭᠤᠷ ᠲᠥᠭᠦᠷᠢᠭ ᠪᠠᠶ᠋ᠢᠵᠤ᠂ 9611 ᠳ᠋ᠦᠩᠰᠢᠭᠤᠷ ᠲᠥᠭᠦᠷᠢᠭ᠎ᠤᠨ ᠪᠡᠯᠡ ᠣᠷᠣᠭᠤᠯᠤᠯᠲᠠ ᠵᠢ ᠪᠡᠶᠡᠯᠡᠭᠦᠯᠬᠦ᠎ᠪᠠᠷ ᠲᠥᠯᠥᠪᠯᠡᠵᠦ ᠪᠣᠶ᠃
ᠬᠥᠬᠡᠬᠤᠲᠠ ᠵᠢᠨ᠎ᠬᠢᠨ ᠵᠠᠰᠠᠭ᠎ᠢ ᠴᠣᠮᠬᠠᠳᠬᠠᠨ ᠡᠷᠬᠡ ᠵᠢ ᠳᠣᠷᠣᠭᠰᠢ ᠪᠠᠭᠤᠯᠭ᠋ᠠᠬᠤ᠎ᠪᠠᠨ ᠲᠠᠰᠤᠷᠠᠯᠲᠠ ᠦᠭᠡᠢ ᠭᠦᠨᠵᠡᠭᠡᠶ᠋ᠢᠷᠡᠭᠦᠯᠵᠦ᠂ ᠪᠥᠬᠦ ᠬᠤᠲᠠ ᠵᠢᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠵᠦᠢ᠍ᠯᠡᠰ ᠵᠶ᠋ᠠᠨ 1296 ᠵᠦᠢ᠍ᠯ ᠪᠠᠶ᠋ᠢᠭᠰᠠᠨ᠎ᠢ 405 ᠵᠦᠢ᠍ᠯ ᠪᠣᠯᠭ᠋ᠠᠨ ᠴᠣᠮᠬᠠᠳᠬᠠᠪᠠ; ᠣᠷᠳᠣᠰ ᠬᠤᠲᠠ ᠵᠢᠨ᠎ᠬᠢᠨ ᠡᠵᠡᠩᠨᠡᠨ ᠬᠤᠳᠠᠯᠳᠤᠭ᠋ᠠᠯᠠᠬᠤ ᠣᠷᠴᠢᠨ ᠨᠥᠬᠦᠴᠡᠯ ᠵᠶ᠋ᠠᠨ ᠦᠷᠭᠦᠯᠵᠢᠯᠡᠨ ᠰᠢᠯᠢᠳᠡᠭᠵᠢᠭᠦᠯᠵᠦ᠂ ᠬᠤᠲᠠ ᠵᠢᠨ ᠶᠠᠪᠤᠳᠠᠯ᠎ᠤᠨ ᠨᠡᠶ᠋ᠢᠲᠡ ᠵᠢᠨ ᠦᠢ᠍ᠯᠡᠴᠢᠯᠡᠭᠡᠨ᠎ᠤ 《ᠲᠥᠷᠥᠯ ᠵᠦᠢ᠍ᠯ᠎ᠤᠨ ᠬᠠᠮᠢᠶᠠᠷᠤᠭᠴᠢ》 ᠵᠢᠨ ᠲᠣᠭᠲᠠᠴᠠ ᠵᠢ ᠬᠡᠷᠡᠭᠵᠢᠭᠦᠯᠪᠡ; ᠲᠦᠩᠯᠢᠶᠣᠣ ᠬᠤᠳᠠ ᠵᠢᠨ᠎ᠬᠢᠨ ᠠᠵᠤ ᠠᠬᠤᠶ᠋ᠢᠯᠠᠯ᠎ᠤᠨ ᠬᠦᠰᠡᠯ ᠱᠠᠭ᠋ᠠᠷᠳᠠᠯᠭ᠎ᠠ ᠵᠢ ᠠᠩᠬᠠᠷᠴᠤ᠂ ᠠᠵᠤ ᠦᠢ᠍ᠯᠡᠰ᠎ᠯᠦᠭᠡ ᠵᠢᠨ ᠬᠤᠯᠪᠣᠭᠳᠠᠯ᠎ᠢ ᠭᠦᠨᠵᠡᠭᠡᠶ᠋ᠢᠷᠡᠭᠦᠯᠦᠨ᠂ 300 ᠭᠠᠷᠤᠢ ᠵᠦᠢ᠍ᠯ᠎ᠤᠨ ᠭᠤᠣᠯᠳᠠᠯᠭ᠎ᠠ ᠪᠣᠯᠬᠤ ᠡᠭᠦᠷᠭᠡ ᠵᠢ ᠲᠣᠭᠲᠠᠭ᠋ᠠᠵᠠᠢ ᠁ 《ᠡᠨᠡ ᠵᠢᠯ ᠠᠵᠤ ᠠᠬᠤᠶ᠋ᠢᠯᠠᠯ᠎ᠤᠨ ᠬᠠᠨᠤᠮᠵᠢ ᠵᠢᠨ ᠬᠡᠮᠵᠢᠶ᠎ᠡ ᠵᠢ ᠦᠷᠭᠦᠯᠵᠢᠯᠡᠨ ᠳᠡᠭᠡᠭᠰᠢᠯᠡᠭᠦᠯᠵᠦ᠂ ᠪᠦᠬᠦ ᠵᠢᠯ᠎ᠤᠨ ᠬᠤᠳᠠᠯᠳᠤᠭ᠋ᠠᠴᠢᠨ ᠤᠷᠢᠵᠤ ᠪᠡᠯᠡ ᠣᠷᠣᠭᠤᠯᠬᠤ ᠬᠠᠷᠠᠯᠲᠠ ᠵᠢᠨ ᠡᠭᠦᠷᠭᠡ᠎ᠪᠠᠨ ᠪᠡᠶᠡᠯᠡᠭᠦᠯᠬᠦ᠎ᠳᠤ ᠬᠦᠴᠦᠨ ᠨᠡᠮᠡᠷᠢᠯᠡᠨ᠎ᠡ》 ᠭᠡᠵᠦ ᠭᠦᠩ ᠮᠢᠩ ᠵᠦ᠍ ᠬᠡᠯᠡᠪᠡ᠃
ᠣᠯᠠᠨ ᠡᠰᠢᠲᠦ ᠮᠠᠶᠢᠭ ᠵᠶ᠋ᠠᠷ ᠪᠡᠯᠡ ᠣᠷᠣᠭᠤᠯᠤᠨ᠂ ᠡᠳ᠋᠎ᠤᠨ ᠵᠠᠰᠠᠭ᠎ᠤᠨ ᠪᠡᠯᠡ ᠮᠥᠩᠭᠦᠨ᠎ᠤ 《ᠬᠦᠰᠢᠭᠦᠷᠭᠡ》 ᠵᠢᠨ ᠦᠢ᠍ᠯᠡᠳᠦᠯ᠎ᠢ ᠪᠠᠳᠠᠷᠠᠭᠤᠯᠤᠨ᠎ᠠ᠃ 《ᠪᠢᠳᠡ ᠣᠳᠣ ᠶᠠᠭ ᠥᠪᠡᠷ᠎ᠤᠨ ᠡᠳ᠋᠎ᠤᠨ ᠬᠦᠴᠦᠨ ᠵᠶ᠋ᠠᠨ ᠨᠢᠭᠡᠳᠦᠯᠲᠡᠢ ᠲᠥᠯᠥᠪᠯᠡᠬᠦ᠎ᠪᠠᠷ ᠳᠠᠮᠵᠢᠭᠤᠯᠤᠨ᠂ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠵᠢᠭᠡᠯᠡᠯᠭᠡ ᠵᠢᠨ ᠲᠡᠮᠳᠡᠭᠲᠦ ᠵᠢᠨ ᠪᠡᠯᠡ ᠮᠥᠩᠭᠦ ᠵᠢ ᠰᠠᠶ᠋ᠢᠲᠤᠷ ᠬᠡᠷᠡᠭᠯᠡᠵᠦ᠂ ᠴᠢᠬᠤᠯᠠ ᠶᠡᠭᠡ ᠲᠦᠷᠦᠯ ᠵᠦᠢ᠍ᠯ᠎ᠤᠨ ᠬᠡᠷᠡᠭᠵᠢᠭᠦᠯᠦᠯᠲᠡ ᠵᠢ ᠳᠡᠮᠵᠢᠵᠦ ᠪᠤᠢ᠃ ᠡᠭᠦᠨ᠎ᠤ ᠬᠠᠮᠲᠤ ᠪᠡᠯᠡ ᠮᠥᠩᠭᠦᠨ᠎ᠤ ᠣᠯᠠᠨ ᠡᠰᠢᠲᠦ ᠣᠷᠣᠭᠤᠯᠤᠯᠲᠠ ᠵᠢᠨ ᠠᠷᠭ᠎ᠠ ᠵᠠᠮ᠎ᠢ ᠲᠠᠰᠤᠷᠠᠯᠲᠠ ᠦᠭᠡᠢ ᠦᠷᠭᠡᠳᠬᠡᠨ᠂ ᠨᠡᠶ᠋ᠢᠭᠡᠮ᠎ᠤᠨ ᠬᠥᠷᠥᠩᠭᠡ ᠵᠢᠨ ᠣᠷᠣᠭᠤᠯᠤᠯᠲᠠ ᠵᠢ ᠬᠦᠲᠦᠯᠦᠨ ᠳᠠᠭ᠋ᠠᠭᠤᠯᠵᠤ ᠪᠤᠢ》 ᠭᠡᠵᠦ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ᠎ᠤᠨ ᠳᠠᠷᠤᠭ᠎ᠠ ᠵᠢᠦᠢ ᠱᠤ᠌ ᠸᠧᠨ ᠢᠯᠡᠳᠬᠡᠪᠡ᠃
ᠣᠳᠣᠬᠠᠨ᠎ᠳᠤ᠂ ᠥᠪᠥᠷ ᠮᠣᠩᠭᠤᠯ ᠨᠢᠭᠡᠨᠲᠡ ᠵᠠᠰᠠᠭ᠎ᠤᠨ ᠣᠷᠳᠣᠨ᠎ᠤ ᠪᠡᠯᠡ ᠣᠷᠣᠭᠤᠯᠤᠯᠲᠠ ᠵᠢᠨ ᠲᠥᠷᠥᠯ ᠵᠦᠢ᠍ᠯ᠎ᠢ 934 ᠨᠥᠭᠡᠴᠡᠯᠡᠵᠦ᠂ ᠶᠡᠷᠦᠩᠬᠡᠢ ᠪᠡᠯᠡ ᠣᠷᠣᠭᠤᠯᠤᠯᠲᠠ᠎ᠨᠢ 6000 ᠳ᠋ᠦᠩᠰᠢᠭᠤᠷ ᠲᠥᠭᠦᠷᠢᠭ ᠪᠠᠶ᠋ᠢᠵᠤ᠂ ᠵᠢᠱ᠌ᠢᠯᠲᠡ᠎ᠪᠠᠷ ᠠᠵᠤ ᠠᠬᠤᠶ᠋ᠢᠯᠠᠯ᠎ᠤᠨ ᠪᠡᠯᠡ ᠣᠷᠣᠭᠤᠯᠤᠯᠲᠠ ᠵᠢᠨ ᠲᠥᠷᠥᠯ ᠵᠦᠢ᠍ᠯ᠎ᠢ 2398 ᠳᠠᠶ᠋ᠢᠴᠢᠯᠠᠵᠤ᠂ ᠶᠡᠷᠦᠩᠬᠡᠢ ᠪᠡᠯᠡ ᠣᠷᠣᠭᠤᠯᠤᠯᠲᠠ᠎ᠨᠢ 3.1 ᠲᠦᠮᠡᠨ ᠳ᠋ᠦᠩᠰᠢᠭᠤᠷ ᠲᠥᠭᠦᠷᠢᠭ᠎ᠲᠤ ᠬᠦᠷᠬᠦ ᠪᠣᠯᠣᠨ᠎ᠠ᠃ ᠣᠳᠣᠬᠠᠨ᠎ᠳᠤ᠂ ᠡᠯ᠎ᠡ ᠲᠦᠷᠦᠯ᠎ᠤᠨ ᠲᠦᠷᠦᠯ ᠵᠦᠢ᠍ᠯ᠎ᠤᠨ ᠪᠦᠲᠦᠭᠡᠨ ᠪᠠᠶ᠋ᠢᠭᠤᠯᠤᠯᠲᠠ ᠵᠢ ᠯᠠᠪᠳᠠᠭᠤᠨ ᠵᠶ᠋ᠠᠷ ᠠᠬᠢᠭᠤᠯᠵᠤ᠂ ᠠᠵᠤ ᠠᠬᠤᠢ ᠨᠡᠶ᠋ᠢᠭᠡᠮ᠎ᠤᠨ ᠴᠢᠨᠠᠷ ᠰᠠᠶ᠋ᠢᠲᠠᠢ ᠬᠥᠭᠵᠢᠯᠲᠡ᠎ᠳᠤ ᠲᠠᠰᠤᠷᠠᠯᠳᠡ ᠦᠭᠡᠢ ᠰᠢᠨ᠎ᠡ ᠬᠦᠳᠡᠯᠭᠡᠭᠴᠢ ᠡᠨᠧᠷᠭᠢ ᠨᠡᠮᠡᠷᠢᠯᠡᠵᠦ ᠪᠠᠶ᠋ᠢᠨ᠎ᠠ᠃ 《ᠥᠪᠥᠷ ᠮᠣᠩᠭᠤᠯ ᠪᠦᠬᠦ ᠬᠦᠴᠦᠨ ᠵᠶ᠋ᠠᠷ ᠵᠶ᠋ᠠᠨ ᠬᠥᠭᠵᠢᠯᠲᠡ ᠵᠢ ᠡᠷᠢᠯᠬᠢᠯᠡᠨ ᠬᠥᠭᠵᠢᠯᠲᠡ ᠵᠢ ᠠᠳᠬᠤᠵᠤ᠂ ᠡᠯ᠎ᠡ ᠵᠦᠢ᠍ᠯ᠎ᠤᠨ ᠠᠵᠢᠯ ᠦᠢ᠍ᠯᠡᠰ᠎ᠲᠤ᠎ᠪᠠᠨ ᠨᠡᠩ ᠶᠡᠭᠡ ᠰᠢᠨ᠎ᠡ ᠦᠷ᠎ᠡ ᠪᠦᠲᠦᠮᠵᠢ ᠣᠯᠬᠤ᠎ᠪᠠᠷ ᠠᠰᠢᠭᠲᠠᠢ ᠨᠦᠬᠦᠴᠡᠯ ᠪᠠᠶ᠋ᠢᠳᠠᠯ ᠳᠣᠬᠢᠶᠠᠯ ᠪᠦᠬᠦᠨ᠎ᠢ ᠠᠰᠢᠭᠯᠠᠨ ᠠᠬᠢᠭᠤᠯᠵᠤ ᠪᠠᠶ᠋ᠢᠨ᠎ᠠ》 ᠭᠡᠵᠦ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠭᠤᠣᠯ ᠪᠣᠯᠬᠤ ᠬᠠᠷᠢᠭᠤᠴᠠᠯᠭ᠋ᠠᠲᠠᠨ ᠨᠦᠬᠦᠷ ᠢᠯᠡᠳᠬᠡᠪᠡ᠃