ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠳᠤᠰᠬᠠᠢ ᠮᠡᠳᠡᠭᠡᠯᠡᠯ
ᠰᠦᠨ ᠱᠤᠤ ᠴᠧᠩ ᠲᠦᠩᠯᠢᠶᠣᠣ ᠬᠤᠲᠠ᠎ᠳᠤ ᠲᠥᠪ᠎ᠤᠨ ᠠᠮᠢ ᠠᠬᠤᠢ ᠣᠷᠴᠢᠨ ᠲᠣᠭᠤᠷᠢᠨ᠎ᠤ ᠬᠠᠮᠠᠭ᠋ᠠᠯᠠᠯᠲᠠ ᠵᠢᠨ ᠬᠢᠨᠠᠨ ᠪᠠᠶ᠋ᠢᠴᠠᠭ᠋ᠠᠯᠲᠠ᠎ᠠᠴᠠ ᠵᠠᠷᠯᠠᠨ ᠨᠡᠶ᠋ᠢᠲᠡᠯᠡᠭᠰᠡᠨ ᠨᠡᠶ᠋ᠢᠲᠡᠯᠢᠭ ᠬᠡᠷᠡᠭ᠎ᠢ ᠴᠡᠭᠴᠡᠯᠡᠨ ᠰᠠᠶ᠋ᠢᠵᠢᠷᠠᠭᠤᠯᠬᠤ ᠠᠵᠢᠯ᠎ᠢ ᠲᠤᠬᠠᠢ ᠵᠢᠨ ᠲᠠᠯᠠᠪᠠᠶ᠎ᠠᠴᠠ ᠬᠢᠨᠠᠨ ᠵᠢᠯᠣᠭᠤᠳᠪᠠ
ᠨᠡᠶ᠋ᠢᠲᠡᠯᠡᠭᠰᠡᠨ ᠴᠠᠭ᠄ 2025-06-24

  

     ᠲᠥᠪ᠎ᠤᠨ ᠠᠮᠢ ᠠᠬᠤᠢ ᠣᠷᠴᠢᠨ ᠲᠣᠭᠤᠷᠢᠨ᠎ᠤ ᠬᠠᠮᠠᠭ᠋ᠠᠯᠠᠯᠲᠠ ᠵᠢᠨ ᠬᠢᠨᠠᠨ ᠪᠠᠶ᠋ᠢᠴᠠᠭ᠋ᠠᠬᠤ ᠳᠤᠭᠤᠶ᠋ᠢᠯᠠᠩ᠎ᠠᠴᠠ ᠮᠠᠨ᠎ᠤ ᠣᠷᠣᠨ᠎ᠳᠤ ᠲᠦᠩᠯᠢᠶᠣᠣ ᠬᠤᠳᠠ ᠵᠢᠨ ᠤᠢ ᠰᠢᠭᠤᠢ ᠨᠤᠲᠤᠭ ᠪᠡᠯᠴᠢᠭᠡᠷ᠎ᠢ ᠡᠪᠳᠡᠨ ᠰᠦᠢ᠍ᠳᠬᠡᠭᠰᠡᠨ ᠠᠰᠠᠭᠤᠳᠠᠯ ᠬᠦᠨᠳᠦ ᠨᠣᠴᠢᠲᠠᠢ ᠪᠠᠶ᠋ᠢᠬᠤ ᠵᠢ ᠵᠠᠷᠯᠠᠨ ᠨᠡᠶ᠋ᠢᠲᠡᠯᠡᠭᠰᠡᠨ᠎ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠪᠣᠯᠣᠨ ᠵᠠᠰᠠᠭ᠎ᠤᠨ ᠣᠷᠳᠣᠨ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ 6 ᠰᠠᠷ᠎ᠠ ᠵᠢᠨ 20᠎ᠤ ᠡᠳᠦᠷ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠪᠠᠶ᠋ᠢᠩᠭᠤ ᠵᠢᠨ ᠬᠤᠷᠢᠶ᠎ᠠ ᠬᠤᠷᠠᠯ ᠬᠤᠷᠠᠯᠳᠤᠭᠤᠯᠵᠤ ᠴᠡᠭᠴᠡᠯᠡᠨ ᠰᠠᠶ᠋ᠢᠵᠢᠷᠠᠭᠤᠯᠬᠤ ᠠᠵᠢᠯ᠎ᠢ ᠰᠤᠳᠤᠯᠤᠨ ᠪᠠᠶ᠋ᠢᠷᠢᠯᠠᠭᠤᠯᠵᠤ᠂ 21᠎ᠤ ᠡᠳᠦᠷ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠱᠦᠵᠢ ᠰᠦᠨ ᠱᠤᠤ ᠴᠧᠩ ᠲᠦᠩᠯᠢᠶᠣᠣ ᠬᠤᠳᠠ᠎ᠳᠤ ᠬᠦᠷᠴᠦ᠂ ᠠᠰᠠᠭᠤᠳᠠᠯ᠎ᠢ ᠴᠡᠭᠴᠡᠯᠡᠨ ᠰᠠᠶ᠋ᠢᠵᠢᠷᠠᠭᠤᠯᠬᠤ ᠠᠵᠢᠯ᠎ᠢ ᠲᠤᠬᠠᠢ ᠵᠢᠨ ᠲᠠᠯᠠᠪᠠᠢ᠎ᠠᠴᠠ ᠬᠢᠨᠠᠨ ᠵᠢᠯᠣᠭᠤᠳᠪᠠ᠃
     ᠰᠦᠨ ᠱᠤᠤ ᠴᠧᠩ ᠲᠦᠩᠯᠢᠶᠣᠣ᠎ᠳᠤ ᠭᠦᠷᠦᠮᠡᠭᠴᠡ ᠰᠢᠭᠤᠳ ᠬᠤᠷᠴᠢᠨ ᠲᠣᠭᠤᠷᠢᠭ᠎ᠤᠨ ᠲᠠᠯᠠᠩ ᠪᠠᠯᠭ᠋ᠠᠰᠤ ᠵᠢᠨ ᠵᠣ᠋ ᠵᠢᠨ ᠠᠶ᠋ᠢᠯ ᠨᠢᠭᠡᠳᠦᠭᠡᠷ ᠲᠣᠰᠬᠤᠨ᠎ᠳᠤ ᠬᠦᠷᠴᠦ᠂ ᠣᠶ᠋ᠢᠲᠤ ᠭᠠᠵᠠᠷ᠎ᠤᠨ ᠡᠪᠳᠡᠭᠳᠡᠯ᠂ ᠤᠷᠭᠤᠮᠠᠯ᠎ᠤᠨ ᠬᠤᠴᠢᠯᠭ᠎ᠠ ᠵᠢᠨ ᠰᠡᠷᠭᠦᠯᠲᠡ ᠵᠢᠨ ᠪᠠᠶ᠋ᠢᠳᠠᠯ᠎ᠢ ᠪᠠᠶ᠋ᠢᠴᠠᠭ᠋ᠠᠨ ᠦᠵᠡᠵᠦ᠂ ᠤᠴᠢᠷ ᠰᠢᠯᠲᠠᠭ᠋ᠠᠨ᠎ᠢ᠎ᠨᠢ ᠣᠶ᠋ᠢᠯᠠᠭ᠋ᠠᠪᠠ᠃ ᠲᠡᠷᠡ᠂ ᠭᠦᠨᠵᠡᠭᠡᠢ ᠰᠤᠷᠭ᠋ᠠᠮᠵᠢ ᠠᠪᠴᠤ᠂ ᠱᠠᠭ᠋ᠠᠷᠳᠠᠯᠭ᠎ᠠ ᠵᠢ ᠴᠢᠩᠭ᠎ᠠ ᠬᠡᠷᠡᠭᠵᠢᠭᠦᠯᠵᠦ ᠠᠰᠠᠭᠤᠳᠠᠯ᠎ᠢ ᠴᠡᠭᠴᠡᠯᠡᠨ ᠰᠠᠶ᠋ᠢᠵᠢᠷᠠᠭᠤᠯᠬᠤ ᠵᠢ ᠠᠬᠢᠭᠤᠯᠵᠤ᠂ ᠲᠣᠭᠲᠠᠭᠰᠠᠨ ᠴᠠᠭ᠎ᠲᠤ ᠳᠠᠩᠰᠠ ᠲᠤᠰᠢᠶᠠᠬᠤ ᠵᠢ ᠪᠠᠲᠤᠯᠠᠬᠤ ᠬᠡᠷᠡᠭᠲᠡᠢ᠃ ᠡᠭᠦᠨ᠎ᠤ ᠬᠠᠮᠲᠤ᠂ ᠠᠰᠠᠭᠤᠳᠠᠯ᠎ᠤᠨ ᠡᠭᠦᠰᠦᠭᠰᠡᠨ ᠭᠦᠨ ᠳᠠᠪᠬᠤᠷᠭ᠎ᠠ ᠵᠢᠨ ᠰᠢᠯᠲᠠᠭ᠋ᠠᠨ᠎ᠢ ᠵᠠᠳᠠᠯᠵᠤ᠂ ᠲᠣᠰᠬᠤᠨ᠎ᠤ ᠬᠠᠮᠲᠤ ᠵᠢᠨ ᠣᠶ᠋ᠢᠲᠤ ᠭᠠᠵᠠᠷ᠎ᠢ ᠰᠢᠯᠵᠢᠭᠦᠯᠦᠨ ᠳᠠᠭ᠋ᠠᠭ᠋ᠠᠴᠢᠯᠠᠭᠤᠯᠤᠭᠰᠠᠨ᠂ ᠳᠤᠷ᠎ᠠ᠎ᠪᠠᠷ ᠵᠶ᠋ᠠᠨ ᠬᠡᠷᠡᠭᠴᠡᠭᠡ ᠵᠢ᠎ᠨᠢ ᠬᠤᠪᠢᠷᠠᠭᠤᠯᠤᠭᠰᠠᠨ᠎ᠠᠴᠠ ᠪᠣᠯᠵᠤ ᠡᠪᠳᠡᠭᠳᠡᠭᠰᠡᠨ ᠵᠡᠷᠭᠡ ᠠᠰᠠᠭᠤᠳᠠᠯ᠎ᠤᠨ 《ᠦᠨᠳᠦᠰᠦ》᠎ᠨᠢ ᠴᠣᠬᠤᠮ ᠬᠠᠮᠢᠭ᠎ᠠ ᠣᠷᠣᠰᠢᠵᠤ ᠪᠠᠶ᠋ᠢᠬᠤ ᠵᠢ ᠡᠷᠬᠡᠪᠰᠢ ᠭᠦᠨᠵᠡᠭᠡᠢ ᠵᠠᠳᠠᠯᠵᠤ᠂ ᠵᠠᠩᠭᠢᠯᠠᠭ᠎ᠠ ᠵᠢ᠎ᠨᠢ ᠠᠳᠬᠤᠵᠤ᠂ ᠭᠠᠵᠠᠷ ᠰᠢᠷᠣᠢ ᠵᠢᠨ ᠡᠵᠡᠩᠨᠡᠯᠲᠡ ᠵᠢᠨ ᠡᠷᠬᠡ ᠵᠢ ᠭᠦᠢ᠍ᠯᠭᠡᠭᠡᠬᠦ ᠵᠢ ᠵᠢᠷᠤᠮᠵᠢᠭᠤᠯᠬᠤ᠂ ᠭᠠᠵᠠᠷ ᠰᠢᠷᠣᠢ ᠵᠢᠨ ᠬᠡᠷᠡᠭᠴᠡᠭᠡ ᠵᠢ ᠬᠠᠮᠢᠶᠠᠷᠬᠤ ᠵᠢ ᠴᠢᠩᠭ᠋ᠠᠳᠬᠠᠬᠤ ᠵᠡᠷᠭᠡ ᠲᠠᠯ᠎ᠠ᠎ᠠᠴᠠ ᠦᠨᠳᠦᠰᠦ᠎ᠠᠴᠠ᠎ᠨᠢ ᠵᠠᠰᠠᠬᠤ ᠠᠷᠭ᠎ᠠ ᠪᠣᠳᠣᠯᠭ᠎ᠠ ᠵᠢ ᠢᠯᠡᠭᠦᠬᠡᠨ ᠰᠤᠳᠤᠯᠵᠤ᠂ ᠲᠦᠷ ᠴᠠᠭ᠎ᠤᠨ ᠠᠰᠢᠭ ᠲᠤᠰᠠ ᠵᠢᠨ ᠲᠥᠯᠥᠭᠡ ᠣᠶ᠋ᠢᠲᠤ ᠭᠠᠵᠠᠷ᠎ᠤᠨ ᠬᠡᠷᠡᠭᠴᠡᠭᠡ ᠵᠢ ᠳᠤᠷ᠎ᠠ᠎ᠪᠠᠷ ᠵᠶ᠋ᠠᠨ ᠬᠤᠪᠢᠷᠠᠭᠤᠯᠵᠤ᠂ ᠠᠮᠢ ᠠᠬᠤᠢ ᠣᠷᠴᠢᠨ ᠲᠣᠭᠤᠷᠢᠨ᠎ᠢ ᠡᠪᠳᠡᠬᠦ᠎ᠠᠴᠠ ᠰᠡᠷᠭᠡᠶ᠋ᠢᠯᠡᠬᠦ ᠬᠡᠷᠡᠭᠲᠡᠢ ᠭᠡᠵᠡᠢ᠃ ᠳᠠᠷᠠᠭ᠎ᠠ᠎ᠨᠢ᠂ ᠰᠦᠨ ᠱᠤᠤ ᠴᠧᠩ ᠬᠤᠷᠴᠢᠨ ᠵᠡᠭᠦᠨ ᠭᠠᠷᠤᠨ ᠳᠤᠮᠳᠠᠳᠤ ᠬᠤᠰᠢᠭᠤᠨ᠎ᠤ ᠵᠢᠷᠦᠬᠡ ᠵᠢᠭᠤᠯᠴᠢᠯᠠᠯ᠎ᠤᠨ ᠣᠷᠣᠨ᠎ᠤ ᠨᠤᠲᠤᠭ ᠪᠡᠯᠴᠢᠭᠡᠷ᠎ᠢ ᠡᠵᠡᠯᠡᠭᠰᠡᠨ ᠲᠤᠬᠠᠢ ᠵᠢᠨ ᠲᠠᠯᠠᠪᠠᠶ᠎ᠳᠤ ᠬᠦᠷᠴᠦ᠂ ᠠᠰᠠᠭᠤᠳᠠᠯ᠎ᠢ ᠴᠡᠭᠴᠡᠯᠡᠨ ᠰᠠᠶ᠋ᠢᠵᠢᠷᠠᠭᠤᠯᠬᠤ ᠠᠷᠭ᠎ᠠ ᠬᠡᠮᠵᠢᠶ᠎ᠡ ᠪᠣᠯᠣᠨ ᠠᠬᠢᠴᠠ ᠵᠢ ᠣᠶ᠋ᠢᠯᠠᠭ᠋ᠠᠪᠠ᠃ ᠲᠡᠷᠡ᠂ ᠠᠷᠬᠠᠭ ᠭᠡᠮ ᠦᠯᠡᠳᠡᠭᠡᠬᠦ ᠦᠭᠡᠢ ᠪᠠᠶ᠋ᠢᠬᠤ ᠣᠪᠣᠷ ᠵᠶ᠋ᠠᠷ᠂ ᠡᠯ᠎ᠡ ᠲᠠᠯ᠎ᠠ ᠵᠢᠨ ᠬᠦᠴᠦᠨ ᠵᠦᠢ᠍ᠯ᠂ ᠡᠯ᠎ᠡ ᠭᠤᠭᠴᠤᠭ᠎ᠠ ᠵᠢᠨ ᠠᠵᠢᠯ᠎ᠢ ᠭᠦᠢ᠍ᠴᠡᠳ ᠪᠣᠳᠣᠯᠬᠢᠯᠠᠵᠤ᠂ ᠠᠰᠠᠭᠤᠳᠠᠯ᠎ᠢ ᠴᠡᠭᠴᠡᠯᠡᠨ ᠰᠠᠶ᠋ᠢᠵᠢᠷᠠᠭᠤᠯᠬᠤ ᠵᠢ ᠯᠠᠪᠳᠠᠭᠤᠨ ᠪᠠᠲᠤᠲᠠᠢ ᠠᠬᠢᠭᠤᠯᠵᠤ᠂ ᠰᠢᠯᠭ᠋ᠠᠯᠲᠠ ᠵᠢ ᠳᠠᠭ᠋ᠠᠭ᠋ᠠᠵᠤ ᠳᠡᠶ᠋ᠢᠯᠭᠦ ᠵᠢ ᠪᠠᠲᠤᠯᠠᠬᠤ ᠬᠡᠷᠡᠭᠲᠡᠢ ᠭᠡᠵᠡᠢ᠃
     ᠬᠢᠨᠠᠨ ᠵᠢᠯᠤᠭᠤᠳᠬᠤ ᠳᠤᠮᠳᠠ᠂ ᠰᠦᠨ ᠱᠤᠤ ᠴᠧᠩ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠤᠨ᠎ᠬᠢᠨ ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠤᠯᠤᠰ ᠲᠦᠷᠦ ᠵᠢᠨ ᠵᠣᠭᠰᠣᠴᠠ᠎ᠪᠠᠨ ᠳᠡᠭᠡᠭᠰᠢᠯᠡᠭᠦᠯᠵᠦ᠂ 《ᠤᠯᠤᠰ᠎ᠤᠨ ᠶᠡᠭᠡ ᠶᠠᠪᠤᠳᠠᠯ》᠎ᠢ ᠪᠠᠲᠤ ᠴᠡᠭᠡᠵᠢᠯᠡᠵᠦ᠂ ᠨᠡᠶ᠋ᠢᠲᠡᠯᠢᠭ ᠬᠡᠷᠡᠭ᠎ᠠᠴᠠ ᠭᠦᠨᠵᠡᠭᠡᠢ ᠰᠤᠷᠭ᠋ᠠᠮᠵᠢ ᠠᠪᠴᠤ᠂ ᠲᠥᠪ᠎ᠤᠨ ᠠᠮᠢ ᠠᠬᠤᠢ ᠣᠷᠴᠢᠨ ᠲᠣᠭᠤᠷᠢᠨ᠎ᠤ ᠬᠠᠮᠠᠭ᠋ᠠᠯᠠᠯᠲᠠ ᠵᠢᠨ ᠬᠢᠨᠠᠨ ᠪᠠᠶ᠋ᠢᠴᠠᠭ᠋ᠠᠬᠤ ᠳᠤᠭᠤᠶ᠋ᠢᠯᠠᠩ᠎ᠤᠨ ᠲᠤᠰᠢᠶᠠᠨ ᠰᠢᠢ᠍ᠳᠪᠦᠷᠢᠯᠡᠭᠦᠯᠦᠭᠰᠡᠨ ᠠᠰᠠᠭᠤᠳᠠᠯ᠎ᠢ ᠴᠢᠨᠠᠷ ᠰᠠᠶ᠋ᠢᠲᠠᠢ ᠥᠨᠳᠥᠷ ᠪᠦᠲᠦᠮᠵᠢᠲᠡᠢ ᠰᠠᠶ᠋ᠢᠲᠤᠷ ᠰᠢᠢ᠍ᠳᠪᠦᠷᠢᠯᠡᠵᠦ᠂ ᠦᠨᠡᠨ ᠪᠣᠳᠠᠲᠠᠢ ᠴᠡᠭᠴᠡᠯᠡᠨ ᠰᠠᠶ᠋ᠢᠵᠢᠷᠠᠭᠤᠯᠤᠭᠰᠠᠨ ᠦᠷ᠎ᠡ ᠪᠦᠲᠦᠮᠵᠢ᠎ᠪᠠᠷ ᠠᠮᠢ ᠠᠬᠤᠢ ᠣᠷᠴᠢᠨ ᠲᠣᠭᠤᠷᠢᠨ᠎ᠤ ᠦᠷᠭᠦᠯᠵᠢᠯᠡᠨ ᠰᠠᠶ᠋ᠢᠵᠢᠷᠠᠬᠤ ᠵᠢ ᠠᠬᠢᠭᠤᠯᠬᠤ ᠬᠡᠷᠡᠭᠲᠡᠢ᠃ ᠠᠰᠠᠭᠤᠳᠠᠯ᠎ᠢ ᠢᠯᠡᠷᠡᠭᠦᠯᠪᠡᠯ ᠡᠷᠲᠡᠬᠡᠨ ᠴᠡᠭᠴᠡᠯᠡᠨ ᠰᠠᠶ᠋ᠢᠵᠢᠷᠠᠭᠤᠯᠵᠤ᠂ ᠲᠦᠷᠭᠡᠨ ᠴᠡᠭᠴᠡᠯᠡᠨ ᠵᠠᠰᠠᠬᠤ ᠬᠡᠷᠡᠭᠲᠡᠢ᠂ ᠶᠠᠭ᠋ᠠᠬᠢᠭᠰᠠᠨ ᠴᠤ᠌ ᠤᠳᠠᠭ᠋ᠠᠰᠢᠷᠠᠭᠤᠯᠬᠤ ᠵᠢᠨ ᠬᠤᠣᠷ᠎ᠢ ᠠᠮᠰᠠᠵᠤ ᠪᠤᠯᠬᠤ ᠦᠭᠡᠢ᠂ ᠨᠡᠩ ᠴᠤ᠌ ᠬᠤᠳᠠᠯ ᠬᠠᠭᠤᠷᠮᠠᠭ ᠵᠶ᠋ᠠᠷ ᠴᠡᠭᠴᠡᠯᠡᠨ ᠰᠠᠶ᠋ᠢᠵᠢᠷᠠᠭᠤᠯᠵᠤ᠂ ᠬᠠᠰᠢ ᠶᠠᠰᠢ ᠴᠡᠭᠴᠡᠯᠡᠨ ᠰᠠᠶ᠋ᠢᠵᠢᠷᠠᠭᠤᠯᠵᠤ ᠪᠤᠯᠬᠤ ᠦᠭᠡᠢ᠂ ᠠᠮᠢ ᠠᠬᠤᠢ ᠣᠷᠴᠢᠨ ᠲᠣᠭᠤᠷᠢᠨ᠎ᠤ ᠰᠠᠯᠠᠭ᠎ᠠ ᠮᠥᠴᠢᠷ᠎ᠤᠨ᠎ᠬᠢᠨ ᠨᠢᠭᠲᠠ ᠮᠦᠷᠳᠡᠨ ᠴᠢᠩᠭ᠎ᠠ ᠠᠩᠬᠠᠷᠴᠤ᠂ ᠡᠴᠦᠰ᠎ᠲᠤᠨᠢ ᠲᠤᠯᠲᠠᠯ᠎ᠠ ᠲᠠᠭ᠋ᠠᠬᠤ ᠬᠡᠷᠡᠭᠲᠡᠢ᠃ ᠨᠤᠲᠤᠭ ᠪᠡᠯᠴᠢᠭᠡᠷ ᠪᠠ ᠣᠶ ᠰᠢᠭᠤᠢ ᠵᠢ ᠬᠠᠮᠠᠭ᠋ᠠᠯᠠᠬᠤ ᠪᠣᠯ ᠮᠠᠨ᠎ᠤ ᠣᠷᠣᠨ᠎ᠤ ᠠᠮᠢ ᠠᠬᠤᠢ ᠵᠢᠨ ᠰᠢᠰᠲ᠋ᠧᠮ᠎ᠤᠨ ᠬᠠᠮᠠᠭ᠋ᠠᠯᠠᠯᠲᠠ ᠵᠢᠨ ᠲᠡᠷᠢᠭᠦᠨ ᠴᠢᠬᠤᠯᠠ ᠡᠭᠦᠷᠭᠡ ᠮᠥᠨ᠂ ᠡᠨᠡ ᠬᠤᠶᠠᠷ ᠵᠢᠯ᠎ᠳᠤ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠣᠶ ᠰᠢᠭᠤᠢ ᠨᠤᠲᠤᠭ ᠪᠡᠯᠴᠢᠭᠡᠷ᠎ᠢ ᠡᠪᠳᠡᠨ ᠰᠦᠢ᠍ᠳᠬᠡᠬᠦ ᠠᠰᠠᠭᠤᠳᠠᠯ᠎ᠳᠤ ᠴᠢᠭᠯᠡᠭᠦᠯᠦᠨ ᠲᠥᠪᠯᠡᠷᠡᠭᠦᠯᠦᠨ ᠴᠡᠭᠴᠡᠯᠡᠨ ᠵᠠᠰᠠᠯᠲᠠ ᠬᠢᠪᠡ᠂ ᠪᠣᠭᠤᠮᠲᠠ ᠰᠢᠪᠲᠤᠯᠬᠤ ᠪᠠᠶ᠋ᠢᠳᠠᠯ ᠵᠶ᠋ᠠᠨ ᠪᠠᠲᠤᠯᠠᠨ᠂ ᠳᠠᠷᠤᠯᠲᠠ᠎ᠪᠠᠨ ᠨᠡᠮᠡᠭᠳᠡᠭᠦᠯᠵᠦ ᠬᠦᠴᠦᠯᠡᠨ ᠠᠬᠢᠭᠤᠯᠵᠤ᠂ ᠭᠢᠯᠪᠠᠷ ᠪᠤᠰᠤ᠎ᠪᠠᠷ ᠣᠯᠣᠭᠰᠠᠨ ᠠᠮᠢ ᠠᠬᠤᠢ ᠵᠢᠨ ᠪᠦᠲᠦᠭᠡᠨ ᠪᠠᠶ᠋ᠢᠭᠤᠯᠤᠯᠲᠠ ᠵᠢᠨ ᠦᠷ᠎ᠡ ᠪᠦᠲᠦᠭᠡᠯ᠎ᠢ ᠦᠨᠡᠨ ᠬᠦ᠌ ᠰᠠᠶ᠋ᠢᠲᠤᠷ ᠰᠠᠬᠢᠨ ᠬᠠᠮᠠᠭ᠋ᠠᠯᠠᠬᠤ ᠬᠡᠷᠡᠭᠲᠡᠢ᠃ ᠢᠯᠡᠷᠡᠭᠦᠯᠦᠭᠰᠡᠨ ᠣᠶ ᠰᠢᠭᠤᠢ ᠡᠪᠡᠰᠦ ᠪᠡᠯᠴᠢᠭᠡᠷ᠎ᠢ ᠡᠪᠳᠡᠨ ᠰᠦᠢ᠍ᠳᠬᠡᠭᠰᠡᠨ ᠠᠰᠠᠭᠤᠳᠠᠯ᠎ᠢ ᠴᠤᠬᠤᠶ᠋ᠢᠮᠠᠬ᠍ᠴᠠ ᠴᠣᠬᠢᠯᠲᠠ ᠥᠭᠴᠦ᠂ ᠬᠠᠤᠯᠢ ᠶᠣᠰᠣᠭ᠋ᠠᠷ ᠬᠦᠴᠦᠲᠡᠢ ᠴᠣᠬᠢᠯᠲᠠ ᠥᠭᠬᠦ ᠵᠢ ᠪᠠᠷᠢᠮᠲᠠᠯᠠᠵᠤ᠂ ᠭᠠᠴᠠᠭ᠎ᠠ ᠲᠣᠰᠬᠤᠨ᠎ᠤ 《ᠬᠤᠶᠠᠷ ᠵᠥᠪᠯᠡᠯ》 ᠴᠠᠭ ᠲᠤᠬᠠᠢ᠎ᠳᠤᠨᠢ ᠠᠰᠠᠭᠤᠳᠠᠯ᠎ᠢ ᠢᠯᠡᠷᠡᠭᠦᠯᠦᠨ ᠮᠡᠳᠡᠭᠦᠯᠵᠦ᠂ ᠠᠵᠢᠯ᠎ᠤᠨ ᠬᠠᠷᠢᠭᠤᠴᠠᠯᠭ᠎ᠠ᠎ᠪᠠᠨ ᠪᠠᠷᠢᠮᠲᠠᠯᠠᠨ᠂ ᠠᠵᠢᠯ᠎ᠤᠨ ᠬᠠᠷᠢᠭᠤᠴᠠᠯᠭ᠎ᠠ᠎ᠪᠠᠨ ᠭᠦᠢ᠍ᠴᠡᠳᠬᠡᠬᠦ ᠵᠢ ᠪᠡᠶᠡᠯᠡᠭᠦᠯᠬᠦ ᠬᠡᠷᠡᠭᠲᠡᠢ᠃ ᠬᠠᠤᠯᠢ ᠬᠡᠷᠡᠭᠵᠢᠭᠦᠯᠦᠯᠲᠡ ᠵᠢᠨ ᠪᠠᠶ᠋ᠢᠴᠠᠭ᠋ᠠᠯᠲᠠ ᠵᠢ ᠴᠢᠩᠭ᠋ᠠᠳᠬᠠᠵᠤ᠂ ᠰᠡᠷᠡᠮᠵᠢᠯᠡᠭᠦᠯᠦᠨ ᠰᠦᠷᠳᠡᠭᠦᠯᠬᠦ ᠵᠢ ᠴᠢᠩᠭ᠋ᠠᠳᠬᠠᠵᠤ᠂ ᠬᠥᠮᠥᠨ ᠪᠦᠭᠦᠨ ᠳᠤᠷ᠎ᠠ᠎ᠪᠠᠷ ᠵᠶ᠋ᠠᠨ ᠤᠢ ᠰᠢᠭᠤᠢ᠂ ᠨᠤᠲᠤᠭ ᠪᠡᠯᠴᠢᠭᠡᠷ᠎ᠲᠤ ᠬᠠᠯᠳᠠᠨ ᠡᠪᠳᠡᠵᠦ ᠰᠦᠢ᠍ᠳᠬᠡᠬᠦ ᠵᠣᠷᠢᠭ ᠦᠭᠡᠢ ᠪᠠᠶ᠋ᠢᠬᠤ ᠠᠭᠤᠷ ᠠᠮᠢᠰᠬᠤᠯ᠎ᠢ ᠪᠤᠢ ᠪᠤᠯᠭ᠋ᠠᠬᠤ ᠵᠢ ᠠᠬᠢᠭᠤᠯᠵᠤ᠂ ᠡᠨᠡ ᠬᠦ᠌ ᠭᠠᠵᠢᠭᠤ ᠰᠤᠷᠲᠠᠯ᠎ᠢ ᠲᠠᠰᠤ ᠬᠤᠷᠢᠭᠯᠠᠬᠤ ᠬᠡᠷᠡᠭᠲᠡᠢ ᠭᠡᠵᠡᠢ᠃
     ᠮᠧᠩ ᠰᠢᠶᠠᠨ ᠳ᠋ᠦᠩ᠂ ᠢᠦᠢ ᠯᠢ ᠰᠢᠨ ᠠᠵᠢᠯᠯᠠᠭ᠎ᠠ᠎ᠳᠤ ᠣᠷᠣᠯᠴᠠᠵᠠᠢ᠃
    

 

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠤᠢ ᠰᠢᠭᠤᠢ ᠪᠠ ᠨᠤᠳᠤᠭ ᠪᠡᠯᠴᠢᠭᠡᠷ᠎ᠤᠨ ᠲᠤᠪᠴᠢᠶ᠎ᠠ
          
ᠬᠠᠮᠢᠶ᠎ᠡ ᠪᠦᠬᠦᠢ ᠰᠣᠨᠢᠨ
ᠰᠢ ᠵᠢᠨ ᠫᠢᠩ ᠬᠤᠤᠷ ᠴᠠᠭ᠋ᠠᠵᠠᠯᠠᠬᠤ ᠠᠵᠢᠯ᠎ᠳᠤ ᠴᠢᠬᠤᠯᠠ ᠵᠢᠭ᠋ᠠᠪᠤᠷᠢ ᠦᠭᠴᠤ ᠬᠤᠤᠷ ᠴᠠᠭ᠋ᠠᠵᠠᠯᠠᠬᠤ ᠴᠢᠭᠯᠡᠯᠲᠡ ᠵᠢ ᠴᠢᠩᠭ᠎ᠠ ᠬᠡᠷᠡᠭᠵᠢᠭᠦᠯᠬᠦ ᠵᠢ ᠪᠠᠷᠢᠮᠳᠠᠯᠠᠵᠦ ᠬᠤᠤᠷ ᠴᠠᠭ᠋ᠠᠵᠠᠯᠠᠬᠤ ᠠᠷᠠᠳ᠎ᠤᠨ ᠳᠠᠶ᠋ᠢᠨ᠎ᠢ ᠰᠠᠶ᠋ᠢᠳᠤᠷ ᠬᠢᠵᠦ ᠬᠤᠤᠷ ᠴᠠᠭ᠋ᠠᠵᠠᠯᠠᠬᠤ ᠠᠵᠢᠯ᠎ᠤᠨ ᠲᠠᠰᠤᠷᠠᠯᠲᠠ ᠦᠭᠡᠢ ᠰᠢᠨ᠎ᠡ ᠦᠷ᠎ᠡ ᠪᠦᠲᠦᠮᠵᠢ ᠣᠯᠬᠤ ᠵᠢ ᠠᠬᠢᠭᠤᠯᠬᠤ ᠬᠡᠷᠡᠭᠳᠡᠢ ᠭᠡᠵᠦ ᠴᠢᠬᠤᠯᠠᠴᠢᠯᠠᠪᠠ
ᠤᠯᠤᠰ᠎ᠤᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠣᠶ ᠰᠢᠭᠤᠶ ᠨᠤᠳᠤᠭ ᠪᠡᠯᠴᠢᠭᠡᠷ᠎ᠤᠨ ᠭᠠᠮᠰᠢᠭ᠎ᠢ ᠰᠡᠷᠭᠡᠢ᠌ᠯᠡᠨ ᠪᠠᠭ᠋ᠠᠰᠬᠠᠬᠤ ᠠᠵᠢᠯ᠎ᠢ ᠪᠠᠶ᠋ᠢᠷᠢᠯᠠᠭᠤᠯᠪᠠ
ᠤᠷᠠᠳ᠎ᠤᠨ ᠬᠣᠶ᠋ᠢᠲᠤ ᠬᠣᠰᠢᠭᠤᠨ᠎ᠤ ᠬᠢᠯᠢ ᠳᠣᠲᠣᠷ᠎ᠠ ᠳᠡᠯᠡᠬᠡᠶ ᠵᠢᠨ ᠮᠥᠬᠥᠬᠦ ᠰᠢᠬᠠᠭᠰᠠᠨ ᠬᠡᠭᠡᠷ᠎ᠡ ᠵᠢᠨ ᠤᠷᠭᠤᠮᠠᠯ — ᠨᠢᠴᠦᠭᠦᠨ ᠵᠢᠮᠢᠰᠲᠤ ᠮᠤᠳᠤ ᠵᠢ ᠢᠯᠡᠷᠡᠬᠦᠯᠪᠡ
ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠣᠯᠠᠨ ᠤᠯᠤᠰ᠎ᠤᠨ ᠬᠣᠯᠪᠣᠭ᠋ᠠᠲᠤ ᠪᠠᠶ᠋ᠢᠭᠤᠯᠤᠯᠭ᠎ᠠ ᠵᠢᠨ ᠴᠦᠯᠯᠡᠷᠭᠡᠭᠵᠢᠯ᠎ᠢ ᠰᠡᠷᠭᠡᠶ᠋ᠢᠯᠡᠨ ᠵᠠᠰᠠᠬᠤ ᠨᠡᠶ᠋ᠢᠲᠡ ᠵᠢᠨ ᠭᠡᠷ᠎ᠡ ᠵᠢᠨ ᠭᠡᠷ᠎ᠡ ᠭᠦᠢ᠍ᠴᠡᠳᠬᠡᠬᠦ ᠠᠯᠪᠠᠨ ᠬᠡᠷ ᠪᠠᠢ᠌ᠭᠤᠯᠤᠭᠳᠠᠪᠠ
ᠰᠢ ᠵᠢᠨ ᠫᠢᠩ ᠤᠷᠤᠰ᠎ᠤᠨ ᠶᠡᠷᠤᠩᠬᠡᠶ᠋ᠢᠯᠡᠭᠴᠢ ᠫᠦᠲ᠋ᠢᠨ᠎ᠲᠠᠢ ᠤᠳᠠᠰᠤ᠎ᠪᠠᠷ ᠶᠠᠷᠢᠯᠴᠠᠪᠠ
 
             蒙ICP备05000248号