ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠠᠯ ᠰᠡᠷᠭᠡᠶ᠋ᠢᠯᠡᠬᠦ ᠵᠢ ᠵᠢᠯᠣᠭᠣᠳᠬᠤ ᠭᠠᠵᠠᠷ᠎ᠠᠴᠠ ᠪᠥᠬᠥ ᠣᠷᠣᠨ᠎ᠤ ᠤᠢ ᠰᠢᠭᠤᠶ ᠨᠤᠲᠤᠭ ᠪᠡᠯᠴᠢᠭᠡᠷ᠎ᠤᠨ ᠭᠠᠯ ᠰᠡᠷᠭᠡᠶ᠋ᠢᠯᠡᠬᠦ ᠠᠵᠢᠯ᠎ᠤᠨ ᠲᠤᠬᠠᠶ ᠲᠧᠯᠸᠢᠰ ᠤᠳᠠᠰᠤᠨ ᠬᠤᠷᠠᠯ ᠬᠤᠷᠠᠯᠳᠤᠭᠤᠯᠵᠤ᠂ 2018 ᠣᠨ᠎ᠤ ᠤᠢ ᠰᠢᠭᠤᠶ ᠨᠤᠲᠤᠭ ᠪᠡᠯᠴᠢᠭᠡᠷ᠎ᠤᠨ ᠭᠠᠯ ᠰᠡᠷᠭᠡᠶ᠋ᠢᠯᠡᠬᠦ ᠠᠵᠢᠯ᠎ᠢ ᠲᠣᠬᠢᠷᠠᠭᠤᠯᠤᠨ ᠪᠠᠢ᠌ᠷᠢᠯᠠᠭᠤᠯᠵᠠᠢ᠃
ᠥᠪᠡᠷᠲᠡᠭᠡᠨ ᠵᠠᠰᠠᠬᠤ ᠣᠷᠣᠨ᠎ᠤ ᠳᠡᠳ᠋ ᠲᠡᠷᠢᠭᠦᠯᠡᠭᠴᠢ ᠯᠢ ᠪᠢᠩ ᠷᠦᠩ ᠬᠤᠷᠠᠯ᠎ᠳᠤ ᠣᠷᠣᠯᠴᠠᠵᠤ ᠶᠠᠷᠢᠶ᠎ᠠ ᠲᠠᠯᠪᠢᠵᠠᠢ᠃
ᠬᠤᠷᠠᠯ ᠳᠡᠭᠡᠷ᠎ᠡ᠂ ᠯᠢ ᠪᠢᠩ ᠷᠦᠩ ᠳᠡᠳ᠋ ᠲᠡᠷᠢᠭᠦᠯᠡᠭᠴᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠲᠦᠯᠦᠭᠡᠯᠡᠨ ᠬᠤᠷᠠᠯ᠎ᠳᠤ ᠣᠷᠣᠯᠴᠠᠭᠰᠠᠨ ᠬᠥᠬᠡᠬᠣᠲᠠ ᠵᠢᠨ ᠵᠠᠰᠠᠭ᠎ᠤᠨ ᠣᠷᠳᠣᠨ ᠪᠤᠯᠤᠨ ᠶᠡᠬᠡ ᠬᠢᠩᠭ᠋ᠠᠨ ᠳᠠᠪᠠᠭ᠎ᠠ ᠵᠢᠨ ᠭᠤᠤᠯᠳᠠᠯᠭ᠎ᠠ᠎ᠲᠠᠢ ᠤᠯᠤᠰ᠎ᠤᠨ ᠦᠮᠴᠢᠯᠠᠯ᠎ᠤᠨ ᠤᠢ ᠰᠢᠭᠤᠢ ᠵᠢᠨ ᠬᠠᠮᠢᠶᠠᠷᠤᠯᠲᠠ ᠵᠢᠨ ᠲᠤᠪᠴᠢᠶ᠎ᠠ ᠵᠢᠨ ᠬᠠᠷᠢᠭᠤᠴᠠᠯᠭ᠋ᠠᠲᠠᠨ᠎ᠲᠠᠢ 2018 ᠣᠨ᠎ᠤ ᠤᠢ ᠰᠢᠭᠤᠶ ᠨᠤᠲᠤᠭ ᠪᠡᠯᠴᠢᠭᠡᠷ᠎ᠤᠨ ᠭᠠᠯ ᠰᠡᠷᠭᠡᠶ᠋ᠢᠯᠡᠬᠦ ᠠᠵᠢᠯ᠎ᠤᠨ ᠬᠠᠷᠢᠭᠤᠴᠠᠯᠭ᠎ᠠ ᠵᠢᠨ ᠪᠢᠴᠢᠭ᠎ᠲᠤ ᠭᠠᠷᠤᠨ ᠦᠰᠦᠭ ᠵᠢᠷᠤᠪᠠ᠃
ᠥᠪᠡᠷᠲᠡᠭᠡᠨ ᠵᠠᠰᠠᠬᠤ ᠣᠷᠣᠨ᠎ᠤ ᠭᠠᠯ ᠰᠡᠷᠭᠡᠶ᠋ᠢᠯᠡᠬᠦ ᠵᠢ ᠵᠢᠯᠣᠭᠣᠳᠬᠤ ᠭᠠᠵᠠᠷ᠎ᠤᠨ ᠳᠡᠳ᠋ ᠶᠡᠷᠦᠩᠬᠡᠶ ᠵᠢᠯᠤᠭᠤᠳᠤᠭᠴᠢ᠂ ᠥᠪᠡᠷᠲᠡᠭᠡᠨ ᠵᠠᠰᠠᠬᠤ ᠣᠷᠣᠨ᠎ᠤ ᠤᠢ ᠰᠢᠭᠤᠢ ᠵᠢᠨ ᠲᠢᠩᠬᠢᠮ᠎ᠤᠨ ᠳᠠᠷᠤᠭ᠎ᠠ ᠮᠤ᠌ ᠶᠤᠸᠠᠨ 2017 ᠣᠨ᠎ᠤ ᠪᠦᠬᠦ ᠣᠷᠣᠨ᠎ᠤ ᠤᠢ ᠰᠢᠭᠤᠶ ᠨᠤᠲᠤᠭ ᠪᠡᠯᠴᠢᠭᠡᠷ᠎ᠤᠨ ᠭᠠᠯ ᠰᠡᠷᠭᠡᠶ᠋ᠢᠯᠡᠬᠦ ᠠᠵᠢᠯ᠎ᠤᠨ ᠪᠠᠶ᠋ᠢᠳᠠᠯ᠎ᠢ ᠵᠠᠷᠯᠠᠪᠠ᠃