ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠯᠪᠠᠨ ᠨᠡᠶ᠋ᠢᠲᠡᠯᠡᠯ
《ᠳᠤᠮᠳᠠᠳᠤ ᠤᠯᠤᠰ᠎ᠤᠨ ᠰᠦᠯᠵᠢᠶᠡᠨ᠎ᠤ ᠰᠤᠨᠤᠰᠬᠠᠯ · ᠥᠪᠥᠷ ᠮᠣᠩᠭᠣᠯ᠎ᠢ ᠳᠣᠭᠳᠣᠯᠤᠭᠤᠯᠤᠭᠰᠠᠨ》 2018 ᠰᠦᠯᠵᠢᠶᠡᠨ ᠰᠤᠳᠤᠴᠤᠤᠯ᠎ᠢ ᠰᠢᠯᠭ᠋ᠠᠷᠠᠭᠤᠯᠬᠤ ᠠᠵᠢᠯᠯᠠᠭ᠎ᠠ ᠵᠢ ᠵᠣᠬᠢᠶᠠᠨ ᠪᠠᠢ᠌ᠭᠤᠯᠵᠦ ᠦᠷᠨᠢᠬᠦᠯᠬᠦ ᠲᠤᠬᠠᠶ ᠮᠡᠳᠡᠭᠳᠡᠯ
ᠨᠡᠶ᠋ᠢᠲᠡᠯᠡᠭᠰᠡᠨ ᠴᠠᠭ᠄ 2018-06-25

      ᠡᠯ᠎ᠡ ᠠᠶ᠋ᠢᠮᠠᠭ ᠬᠤᠳᠠ ᠵᠢᠨ ᠤᠢ ᠰᠢᠭᠤᠶ ᠵᠢᠨ ᠲᠣᠪᠴᠢᠶ᠎ᠠ᠂ ᠮᠠᠨᠵᠤᠤᠷ ᠬᠣᠲᠠ ᠵᠢᠨ ᠲᠠᠷᠢᠶᠠᠯᠠᠩ ᠮᠠᠯ ᠠᠵᠤ ᠠᠬᠤᠶ ᠤᠢ ᠤᠰᠤᠨ᠎ᠤ ᠲᠣᠪᠴᠢᠶ᠎ᠠ᠂ ᠡᠷᠢᠶᠡᠨ ᠬᠤᠳᠠ ᠵᠢᠨ ᠲᠠᠷᠢᠶᠠᠯᠠᠩ ᠮᠠᠯ ᠠᠵᠤ ᠠᠬᠤᠶ ᠤᠢ ᠰᠢᠭᠤᠶ ᠵᠢᠨ ᠲᠣᠪᠴᠢᠶ᠎ᠠ᠂ ᠲᠢᠩᠬᠢᠮ᠎ᠤᠨ ᠪᠠᠶ᠋ᠢᠭᠤᠯᠭ᠎ᠠ ᠵᠢᠨ ᠡᠯ᠎ᠡ ᠲᠠᠰᠤᠭ᠂ ᠨᠢᠭᠡᠴᠡ᠄
      ᠥᠪᠡᠷᠲᠡᠭᠡᠨ ᠵᠠᠰᠠᠬᠤ ᠣᠷᠣᠨ᠎ᠤ ᠢᠨᠲᠸᠷᠨ᠋ᠸᠲ ᠰᠦᠯᠵᠢᠶ᠎ᠠ ᠵᠢᠨ ᠮᠡᠳᠡᠭᠡ ᠵᠠᠩᠭᠢ ᠵᠢᠨ ᠠᠯᠪᠠᠨ ᠭᠡᠷ᠂ ᠰᠢᠨᠬᠤᠸᠠ ᠰᠦᠯᠵᠢᠶ᠎ᠠ ᠭᠣᠣᠯᠯᠠᠨ ᠡᠷᠭᠢᠯᠡᠵᠦ᠂ ᠰᠢᠨᠬᠤᠸᠠ ᠰᠦᠯᠵᠢᠶ᠎ᠠ ᠵᠢᠨ ᠥᠪᠥᠷ ᠮᠣᠩᠭᠣᠯ᠎ᠤᠨ ᠬᠤᠪᠢᠶᠠᠷᠢ ᠺᠣᠮᠫᠠᠨᠢ ᠳᠠᠭ᠋ᠠᠭ᠋ᠠᠴᠢᠯᠠᠨ ᠡᠷᠭᠢᠯᠡᠭᠰᠡᠨ 《ᠳᠤᠮᠳᠠᠳᠤ ᠤᠯᠤᠰ᠎ᠤᠨ ᠰᠦᠯᠵᠢᠶᠡᠨ᠎ᠤ ᠬᠡᠷᠡᠭ · ᠥᠪᠥᠷ ᠮᠣᠩᠭᠣᠯ᠎ᠢ ᠳᠣᠭᠳᠣᠯᠤᠭᠤᠯᠤᠭᠰᠠᠨ》 2018 ᠰᠦᠯᠵᠢᠶᠡᠨ ᠰᠤᠳᠤᠴᠤᠤᠯ᠎ᠢ ᠰᠢᠯᠭ᠋ᠠᠷᠠᠭᠤᠯᠬᠤ ᠠᠵᠢᠯᠯᠠᠭ᠎ᠠ ᠵᠢ 5 ᠰᠠᠷ᠎ᠠ᠎ᠳᠤ ᠵᠢᠩᠬᠢᠨᠢ᠎ᠪᠠᠷ ᠡᠬᠢᠯᠡᠭᠦᠯᠦᠭᠰᠡᠨ ᠪᠠᠶ᠋ᠢᠨ᠎ᠠ᠃ ᠲᠤᠰ ᠤᠳᠠᠭ᠋ᠠᠨ᠎ᠤ ᠰᠢᠯᠭ᠋ᠠᠷᠠᠭᠤᠯᠬᠤ ᠠᠵᠢᠯᠯᠠᠭ᠎ᠠ᠎ᠨᠢ 《ᠡᠭᠡᠯ ᠵᠢᠷ᠎ᠤᠨ ᠦᠯᠢᠭᠡᠷ᠎ᠢ ᠶᠠᠷᠢᠵᠤ · ᠲᠤᠭᠳᠤᠯᠤᠭᠤᠯᠬᠤ ᠬᠦᠴᠦᠨ᠎ᠢ ᠨᠢᠭᠡᠳᠬᠡᠬᠦ》᠎ᠪᠠᠷ ᠭᠣᠣᠯ ᠰᠡᠳᠦᠪ ᠪᠤᠯᠭ᠋ᠠᠪᠠ᠃ ᠡᠭᠦᠨ᠎ᠤ ᠵᠣᠷᠢᠯᠭ᠎ᠠ᠎ᠨᠢ ᠥᠪᠥᠷ ᠮᠣᠩᠭᠣᠯ᠎ᠤᠨ ᠦᠯᠢᠭᠡᠷ᠎ᠢ ᠨᠡᠩ ᠰᠠᠢ᠌ᠨ ᠶᠠᠷᠢᠬᠤ᠂ ᠤᠮᠠᠷᠠᠲᠤ ᠵᠢᠨ ᠵᠦᠪ ᠡᠨᠧᠷᠭᠢ ᠵᠢ ᠤᠯᠠᠮᠵᠢᠯᠠᠨ ᠲᠠᠷᠬᠠᠭ᠋ᠠᠬᠤ᠂ ᠦᠵᠡᠮᠵᠢᠲᠦ ᠰᠠᠶ᠋ᠢᠬᠠᠨ ᠥᠪᠥᠷ ᠮᠣᠩᠭᠣᠯ᠎ᠢ ᠪᠠᠢ᠌ᠭᠤᠯᠬᠤ᠎ᠳᠤ ᠬᠦᠴᠦᠨ ᠨᠡᠮᠡᠨ᠎ᠠ᠃ ᠠᠵᠢᠯᠯᠠᠭ᠎ᠠ᠎ᠨᠢ ᠰᠦᠯᠵᠢᠶᠡᠨ᠎ᠤ ᠬᠦᠴᠦᠨ᠎ᠢ ᠭᠦᠢ᠍ᠴᠡᠳ ᠠᠰᠢᠭᠯᠠᠵᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠭᠡᠯ ᠵᠢᠷ᠎ᠤᠨ ᠠᠷᠠᠳ ᠢᠷᠭᠡᠳ᠎ᠤᠨ ᠰᠦᠯᠵᠢᠶᠠᠨ᠎ᠤ ᠴᠠᠭ ᠦᠶ᠎ᠠ᠎ᠳᠠᠬᠢ 《ᠢᠳᠡᠪᠬᠢᠲᠡᠶ ᠡᠯᠧᠮᠧᠨ᠋ᠲ》᠎ᠢ ᠭᠦᠨ ᠠᠭᠤᠳᠠᠯᠵᠦ᠂ ᠦᠨᠡᠨ ᠪᠣᠳᠠᠲᠠᠶ ᠥᠭᠡᠳᠡᠷᠬᠡᠭ ᠠᠮᠢᠳᠤᠷᠠᠯ᠎ᠤᠨ ᠣᠪᠣᠷ ᠵᠶ᠋ᠡᠷ᠎ᠨᠢ ᠨᠡᠩ ᠣᠯᠠᠨ ᠬᠥᠮᠦᠰ᠎ᠢ ᠤᠷᠢᠶᠠᠯᠠᠨ ᠵᠤᠷᠢᠭᠵᠢᠭᠤᠯᠤᠨ᠎ᠠ᠃ ᠰᠦᠯᠵᠢᠶᠡᠨ ᠳᠡᠭᠡᠷ᠎ᠡ ᠪᠢᠯᠧᠲ ᠥᠭᠬᠦ ᠠᠵᠢᠯᠯᠠᠭ᠎ᠠ᠎ᠪᠠᠷ ᠳᠠᠮᠵᠢᠭᠤᠯᠤᠨ᠂ ᠡᠴᠦᠰ᠎ᠲᠡᠭᠡᠨ ᠰᠡᠳᠬᠢᠯ᠎ᠢ ᠲᠤᠭᠳᠤᠯᠤᠭᠤᠯᠤᠭᠰᠠᠨ ᠬᠥᠮᠦᠨ ᠪᠠ ᠬᠠᠮᠤᠭ ᠠᠩᠬᠠᠷᠤᠭᠳᠠᠵᠤ ᠪᠠᠶ᠋ᠢᠭ᠎ᠠ ᠬᠥᠮᠦᠨ᠎ᠢ ᠰᠣᠩᠭᠣᠨ ᠭᠠᠷᠭ᠋ᠠᠨ᠎ᠠ᠃ ᠲᠤᠰ ᠤᠳᠠᠭ᠋ᠠᠨ᠎ᠤ ᠰᠢᠯᠭ᠋ᠠᠷᠠᠭᠤᠯᠬᠤ ᠠᠵᠢᠯᠯᠠᠭ᠎ᠠ ᠵᠢᠨ ᠬᠣᠯᠪᠣᠭᠳᠠᠯ ᠪᠦᠬᠦᠢ ᠠᠵᠢᠯ᠎ᠢ ᠰᠠᠶ᠋ᠢᠲᠤᠷ ᠬᠢᠬᠦ ᠵᠢᠨ ᠲᠤᠰᠠᠳᠠ᠂ ᠡᠳᠦᠭᠡ ᠬᠣᠯᠪᠣᠭᠳᠠᠯ ᠪᠦᠬᠦᠢ ᠤᠴᠢᠷ᠎ᠢ ᠳᠣᠣᠷᠠᠬᠢ ᠮᠡᠲᠦ ᠮᠡᠳᠡᠭᠳᠡᠶ᠎ᠡ᠄
ᠨᠢᠭᠡ᠂ ᠰᠢᠯᠭ᠋ᠠᠷᠠᠭᠤᠯᠬᠤ ᠠᠵᠢᠯᠯᠠᠭ᠋ᠠᠨ᠎ᠤ ᠴᠠᠭ᠎ᠤᠨ ᠲᠤᠬᠢᠷᠠᠭᠤᠯᠤᠯᠲᠠ
     5 ᠰᠠᠷ᠎ᠠ ᠵᠢᠨ 1᠎ᠠᠴᠠ 9 ᠰᠠᠷ᠎ᠠ ᠵᠢᠨ 30᠎ᠤ ᠡᠳᠦᠷ ᠪᠤᠯᠳᠠᠯ᠎ᠠ᠄ ᠲᠠᠨᠢᠯᠴᠠᠭᠤᠯᠵᠦ ᠪᠤᠯᠬᠤ ᠬᠦᠮᠦᠰ᠎ᠨᠢ ᠰᠦᠯᠵᠢᠶᠡᠨ᠎ᠤ ᠠᠨᠳᠠ᠂ ᠡᠯ᠎ᠡ ᠰᠠᠯᠠᠭ᠎ᠠ ᠮᠥᠴᠢᠷ ᠨᠢᠭᠡᠴᠡ᠂ ᠵᠠᠭᠤᠴᠢᠯᠠᠭᠤᠷ᠎ᠤᠨ ᠵᠢᠱ᠌ᠢᠭᠳᠡᠭᠰᠡᠳ ᠪᠤᠯᠤᠨ᠎ᠠ᠃
     10 ᠰᠠᠷ᠎ᠠ ᠵᠢᠨ 1᠎ᠠᠴᠠ 12 ᠰᠠᠷ᠎ᠠ ᠵᠢᠨ 14᠎ᠤ ᠡᠳᠦᠷ ᠪᠤᠯᠳᠠᠯ᠎ᠠ᠄ ᠰᠢᠭᠰᠢᠯᠳᠡ ᠬᠤᠭᠤᠴᠠᠭ᠋ᠠᠨ᠎ᠳᠤ᠂ ᠡᠷᠭᠢᠯᠡᠭᠰᠡᠨ ᠲᠠᠯ᠎ᠠ᠎ᠠᠴᠠ ᠱᠠᠭ᠋ᠠᠷᠳᠠᠯᠭ᠎ᠠ᠎ᠳᠤ ᠨᠡᠶ᠋ᠢᠴᠡᠬᠦ ᠵᠢᠱ᠌ᠢᠭᠳᠡᠭᠰᠡᠳ᠎ᠢ ᠰᠢᠯᠢᠨ ᠭᠠᠷᠭ᠋ᠠᠵᠦ᠂ ᠰᠦᠯᠵᠢᠶᠡᠨ ᠳᠡᠭᠡᠷ᠎ᠡ ᠬᠦᠮᠦᠰ᠎ᠤᠨ ᠨᠡᠷᠡᠰ ᠪᠠ ᠦᠢ᠍ᠯᠡ ᠶᠠᠪᠤᠳᠠᠯ᠎ᠢ ᠵᠠᠷᠯᠠᠬᠤ ᠬᠡᠷᠡᠭᠳᠡᠢ᠃
     12 ᠰᠠᠷ᠎ᠠ ᠵᠢᠨ 15᠎ᠠᠴᠠ 12 ᠰᠠᠷ᠎ᠠ ᠵᠢᠨ 30᠎ᠤ ᠡᠳᠦᠷ ᠪᠤᠯᠳᠠᠯ᠎ᠠ᠄ ᠰᠦᠯᠵᠢᠶᠡᠨ ᠳᠡᠭᠡᠷ᠎ᠡ ᠪᠢᠯᠧᠲ ᠥᠭᠬᠦ ᠬᠤᠭᠤᠴᠠᠭ᠋ᠠᠨ᠎ᠳᠤ ᠰᠦᠯᠵᠢᠶᠠᠨ ᠠᠨᠳᠠ᠎ᠠᠴᠠ 《ᠳᠤᠮᠳᠠᠳᠤ ᠤᠯᠤᠰ᠎ᠤᠨ ᠰᠦᠯᠵᠢᠶᠡᠨ᠎ᠤ ᠬᠡᠷᠡᠭ · ᠥᠪᠥᠷ ᠮᠣᠩᠭᠣᠯ᠎ᠢ ᠳᠣᠭᠳᠣᠯᠤᠭᠤᠯᠤᠭᠰᠠᠨ》 2018 ᠰᠦᠯᠵᠢᠶᠡᠨ ᠰᠤᠳᠤᠴᠤᠤᠯ᠎ᠢ ᠰᠢᠯᠭ᠋ᠠᠷᠠᠭᠤᠯᠬᠤ ᠠᠵᠢᠯᠯᠠᠭ᠎ᠠ ᠵᠢᠨ ᠲᠤᠰᠬᠠᠶ ᠪᠤᠯᠤᠩ ᠵᠶ᠋ᠡᠷ ᠪᠤᠶᠤ ᠪᠢᠴᠢᠯ ᠵᠠᠬᠢᠳᠠᠯ ᠵᠡᠷᠭᠡ ᠠᠷᠭ᠎ᠠ ᠬᠡᠯᠪᠡᠷᠢ᠎ᠪᠠᠷ ᠵᠢᠱ᠌ᠢᠭᠳᠡᠭᠰᠡᠳ᠎ᠲᠤ ᠪᠢᠯᠧᠲ ᠥᠭᠭᠦᠨ᠎ᠡ᠃
      2019 ᠤᠨ᠎ᠤ 1 ᠳ᠋ᠤᠬᠡᠷ ᠰᠠᠷ᠎ᠠ ᠵᠢᠨ ᠡᠬᠢᠨ᠎ᠳᠤ᠄ ᠲᠤᠰᠬᠠᠶ ᠮᠡᠷᠭᠡᠵᠢᠯᠳᠠᠳ ᠪᠢᠯᠧᠲ ᠦᠭᠭᠦᠨ᠎ᠡ᠃ ᠲᠤᠰᠬᠠᠶ ᠮᠡᠷᠭᠡᠵᠢᠯᠳᠠᠳ᠎ᠤᠨ ᠬᠢᠨᠠᠨ ᠰᠢᠯᠭ᠋ᠠᠬᠤ ᠬᠤᠷᠠᠯ ᠬᠢᠵᠦ᠂ ᠲᠤᠰᠬᠠᠶ ᠮᠡᠷᠭᠡᠵᠢᠯᠳᠠᠳ᠎ᠤᠨ ᠰᠢᠯᠭ᠋ᠠᠷᠠᠭᠤᠯᠬᠤ ᠺᠣᠮᠢᠰ᠎ᠤᠨ ᠭᠡᠰᠢᠭᠦᠨ ᠨᠢᠭᠡᠪᠦᠷᠢ 10 ᠨᠡᠷᠡᠰ ᠰᠣᠩᠭᠣᠭᠳᠠᠬᠤ ᠵᠢᠱ᠌ᠢᠭᠳᠡᠭᠰᠡᠳ᠎ᠢ ᠰᠤᠩᠭᠤᠨ᠎ᠠ᠃
      2019 ᠤᠨ᠎ᠤ 1 ᠳ᠋ᠤᠬᠡᠷ ᠰᠠᠷ᠎ᠠ ᠵᠢᠨ ᠡᠴᠦᠰ᠎ᠲᠤ᠂ ᠱᠠᠩᠨᠠᠯ ᠣᠯᠭᠣᠬᠤ ᠶᠣᠰᠣᠯᠠᠯ ᠶᠠᠪᠤᠭᠳᠠᠭᠤᠯᠤᠨ᠎ᠠ᠃
ᠬᠣᠶᠠᠷ᠂ ᠰᠦᠯᠵᠢᠶᠡᠨ᠎ᠤ ᠰᠣᠩᠭᠣᠨ ᠰᠢᠯᠭ᠋ᠠᠷᠠᠭᠤᠯᠬᠤ ᠠᠵᠢᠯᠯᠠᠭ᠎ᠠ ᠵᠢ ᠤᠬᠠᠭᠤᠯᠵᠤ ᠲᠠᠨᠢᠯᠴᠠᠭᠤᠯᠬᠤ ᠠᠵᠢᠯ᠎ᠢ ᠰᠠᠶ᠋ᠢᠲᠤᠷ ᠬᠢᠬᠦ ᠬᠡᠷᠡᠭᠳᠡᠢ
      ᠡᠯ᠎ᠡ ᠠᠶ᠋ᠢᠮᠠᠭ ᠬᠤᠳᠠ ᠵᠢᠨ ᠤᠢ ᠰᠢᠭᠤᠶ ᠵᠢᠨ ᠲᠣᠪᠴᠢᠶ᠎ᠠ᠂ ᠲᠢᠩᠬᠢᠮ᠎ᠤᠨ ᠪᠠᠶ᠋ᠢᠭᠤᠯᠭ᠎ᠠ ᠵᠢᠨ ᠡᠯ᠎ᠡ ᠲᠠᠰᠤᠭ᠂ ᠨᠢᠭᠡᠴᠡ᠎ᠠᠴᠠ ᠲᠤᠰ ᠪᠠᠢ᠌ᠭᠤᠯᠭ᠎ᠠ᠂ ᠲᠤᠰ ᠰᠢᠰᠲᠸᠮ᠎ᠤᠨ ᠡᠯ᠎ᠡ ᠲᠦᠷᠦᠯ᠎ᠤᠨ ᠤᠬᠠᠭᠤᠯᠭ᠎ᠠ ᠵᠢᠨ ᠲᠠᠪᠴᠠᠩ᠎ᠢ ᠢᠳᠡᠪᠬᠢᠲᠡᠶ᠎ᠪᠠᠷ ᠵᠣᠬᠢᠴᠠᠭᠤᠯᠤᠨ ᠵᠣᠬᠢᠶᠠᠨ ᠪᠠᠶ᠋ᠢᠭᠤᠯᠵᠤ᠂ ᠢᠯᠠᠩᠭᠤᠶ᠎ᠠ ᠲᠣᠣᠷ ᠰᠦᠯᠵᠢᠶᠠᠨ᠎ᠤ ᠰᠢᠨ᠎ᠡ ᠵᠠᠭᠤᠴᠢᠯᠠᠭᠤᠷ᠎ᠤᠨ ᠤᠬᠠᠭᠤᠯᠬᠤ ᠲᠠᠪᠴᠠᠩ᠎ᠠᠴᠠ ᠠᠵᠢᠯᠯᠠᠭ᠎ᠠ ᠵᠢ ᠤᠬᠠᠭᠤᠯᠬᠤ᠎ᠳᠤ ᠢᠳᠡᠪᠬᠢᠲᠡᠶ ᠣᠷᠣᠯᠴᠠᠵᠤ᠂ ᠢᠳᠡᠪᠬᠢ ᠬᠦᠴᠦᠨ᠎ᠢ ᠤᠯᠠᠮᠵᠢᠯᠠᠨ ᠳᠡᠯᠭᠡᠷᠡᠭᠦᠯᠵᠦ᠂ ᠥᠪᠥᠷ ᠮᠣᠩᠭᠣᠯ᠎ᠤᠨ ᠤᠢ ᠰᠢᠭᠤᠶ ᠵᠢᠨ ᠦᠯᠢᠭᠡᠷ᠎ᠢ ᠰᠠᠢ᠌ᠳᠤᠷ ᠶᠠᠷᠢᠬᠤ ᠬᠡᠷᠡᠭᠳᠡᠢ᠃
ᠭᠤᠷᠪᠠ᠂ ᠵᠢᠱ᠌ᠢᠭᠳᠡᠭᠰᠡᠳ᠎ᠢ ᠲᠠᠨᠢᠯᠴᠠᠭᠤᠯᠬᠤ ᠠᠵᠢᠯ᠎ᠢ ᠰᠠᠶ᠋ᠢᠲᠤᠷ ᠬᠢᠬᠦ ᠬᠡᠷᠡᠭᠳᠡᠢ
      ᠡᠯ᠎ᠡ ᠠᠶ᠋ᠢᠮᠠᠭ ᠬᠤᠳᠠ ᠵᠢᠨ ᠤᠢ ᠰᠢᠭᠤᠶ ᠵᠢᠨ ᠲᠣᠪᠴᠢᠶ᠎ᠠ᠂ ᠲᠢᠩᠬᠢᠮ᠎ᠤᠨ ᠪᠠᠶ᠋ᠢᠭᠤᠯᠭ᠎ᠠ ᠵᠢᠨ ᠡᠯ᠎ᠡ ᠲᠠᠰᠤᠭ᠂ ᠨᠢᠭᠡᠴᠡ ᠵᠢᠨ ᠤᠳᠤᠷᠢᠳᠤᠯᠭ᠎ᠠ ᠥᠪᠥᠷ ᠮᠣᠩᠭᠣᠯ᠎ᠢ ᠳᠣᠭᠳᠣᠯᠤᠭᠤᠯᠤᠭᠰᠠᠨ ᠰᠦᠯᠵᠢᠶᠡᠨ ᠰᠤᠳᠤᠴᠤᠤᠯ᠎ᠢ ᠰᠢᠯᠭ᠋ᠠᠷᠠᠭᠤᠯᠬᠤ ᠠᠵᠢᠯ᠎ᠢ ᠳᠡᠭᠡᠳᠦ ᠬᠡᠮᠵᠢᠶ᠎ᠡ᠎ᠪᠠᠷ ᠬᠦᠨᠳᠦᠳᠬᠡᠨ ᠦᠵᠡᠵᠦ᠂ ᠲᠤᠰ ᠭᠠᠵᠠᠷ᠎ᠤᠨ ᠲᠤᠰ ᠰᠠᠯᠠᠭ᠎ᠠ ᠮᠥᠴᠢᠷ ᠨᠢᠭᠡᠴᠡ ᠵᠢᠨ ᠬᠦᠮᠦᠰ᠎ᠢ ᠲᠤᠭᠳᠤᠯᠤᠭᠤᠯᠤᠭᠰᠠᠨ ᠦᠯᠢᠭᠡᠷ᠎ᠢ ᠭᠦᠨᠵᠡᠭᠡᠶ ᠠᠭᠤᠳᠠᠯᠵᠤ᠂ ᠵᠢᠱ᠌ᠢᠭᠳᠡᠭᠰᠡᠳ᠎ᠢ   ᠲᠠᠨᠢᠯᠴᠠᠭᠤᠯᠬᠤ ᠬᠣᠯᠪᠣᠭᠳᠠᠯ ᠪᠦᠬᠦᠢ ᠠᠵᠢᠯ᠎ᠢ ᠬᠢᠨᠠᠮᠠᠭ᠋ᠠᠶ ᠵᠣᠬᠢᠶᠠᠨ ᠪᠠᠶ᠋ᠢᠭᠤᠯᠤᠨ ᠦᠷᠨᠢᠬᠦᠯᠬᠦ ᠬᠡᠷᠡᠭᠳᠡᠢ᠃
      1᠂ ᠵᠢᠱ᠌ᠢᠭᠳᠡᠭᠰᠡᠳ᠎ᠢ ᠲᠠᠨᠢᠯᠴᠠᠭᠤᠯᠬᠤ ᠱᠠᠭ᠋ᠠᠷᠳᠠᠯᠭ᠎ᠠ᠄ ᠨᠢᠭᠡ᠎ᠳᠤ᠂ ᠡᠷᠬᠡᠪᠰᠢ ᠥᠪᠥᠷ ᠮᠣᠩᠭᠣᠯ᠎ᠤᠨ ᠡᠷᠦᠬᠡ ᠠᠮᠠ ᠪᠥᠬᠥᠶ ᠬᠥᠮᠦᠨ ᠪᠤᠶᠤ ᠦᠢ᠍ᠯᠡ ᠶᠠᠪᠤᠳᠠᠯ᠎ᠤᠨ ᠡᠭᠦᠰᠦᠭᠰᠡᠨ ᠤᠷᠴᠢᠨ᠎ᠨᠢ ᠥᠪᠥᠷ ᠮᠣᠩᠭᠣᠯ ᠪᠠᠢ᠌ᠬᠤ ᠬᠡᠷᠡᠭᠳᠡᠢ; ᠬᠣᠶᠠᠷ᠎ᠲᠤ᠂ ᠦᠢ᠍ᠯᠡ ᠶᠠᠪᠤᠳᠠᠯ᠎ᠨᠢ ᠨᠡᠯᠢᠶᠡᠳ ᠶᠡᠬᠡ ᠨᠥᠯᠥᠭᠡ᠎ᠲᠠᠢ; ᠭᠤᠷᠪᠠ᠎ᠳᠤ᠂ ᠵᠢᠱ᠌ᠢᠭᠳᠡᠭᠰᠡᠳ᠎ᠨᠢ ᠬᠤᠪᠢ ᠬᠥᠮᠦᠨ ᠪᠤᠶᠤ ᠪᠦᠯᠬᠦᠮ ᠪᠠᠢ᠌ᠵᠦ ᠪᠣᠯᠤᠨ᠎ᠠ᠃
      2᠂ ᠵᠢᠱ᠌ᠢᠭᠳᠡᠭᠰᠡᠳ᠎ᠢ ᠲᠠᠨᠢᠯᠴᠠᠭᠤᠯᠬᠤ ᠮᠠᠲ᠋ᠧᠷᠢᠶᠠᠯ᠎ᠳᠤ ᠦᠰᠦᠭ ᠪᠢᠴᠢᠭ ᠪᠠ ᠵᠢᠷᠤᠭ ᠪᠠᠭᠳᠠᠨ᠎ᠠ᠃ 60 ᠦᠰᠦᠭ ᠵᠶ᠋ᠡᠷ ᠬᠢᠵᠠᠭ᠋ᠠᠷᠯᠠᠭᠰᠠᠨ ᠲᠣᠪᠴᠢ ᠲᠠᠨᠢᠯᠴᠠᠭᠤᠯᠭ᠎ᠠ ᠪᠠ ᠵᠢᠱ᠌ᠢᠭᠳᠡᠭᠰᠡᠳ ᠨᠢᠭᠡᠪᠦᠷᠢ ᠵᠢᠨ 500 ᠦᠰᠦᠭ ᠵᠶ᠋ᠡᠷ ᠬᠢᠵᠠᠭ᠋ᠠᠷᠯᠠᠭᠰᠠᠨ ᠦᠢ᠍ᠯᠡ ᠶᠠᠪᠤᠳᠠᠯ᠎ᠤᠨ ᠲᠠᠨᠢᠯᠴᠠᠭᠤᠯᠭ᠎ᠠ᠂ 3᠎ᠠᠴᠠ ᠳᠡᠭᠡᠭᠰᠢ ᠲᠣᠳᠣᠷᠬᠠᠶ ᠭᠡᠷᠡᠯ ᠵᠢᠷᠤᠭ (JPG ᠬᠡᠯᠪᠡᠷᠢ); ᠡᠯᠧᠺᠲᠷᠣᠨ ᠬᠡᠪᠯᠡᠯ᠎ᠤᠨ ᠲᠠᠨᠢᠯᠴᠠᠭᠤᠯᠬᠤ ᠬᠦᠰᠦᠨᠦᠭᠲᠦ ᠵᠢ ᠤᠢ ᠰᠢᠭᠤᠶ ᠵᠢᠨ ᠲᠢᠩᠬᠢᠮ᠎ᠤᠨ ᠠᠯᠪᠠᠨ᠎ᠤ ᠰᠦᠯᠵᠢᠶ᠎ᠠ ᠵᠢᠨ 《ᠳᠤᠮᠳᠠᠳᠤ ᠤᠯᠤᠰ᠎ᠤᠨ ᠰᠦᠯᠵᠢᠶᠡᠨ᠎ᠤ ᠬᠡᠷᠡᠭ · ᠥᠪᠥᠷ ᠮᠣᠩᠭᠣᠯ᠎ᠢ ᠳᠣᠭᠳᠣᠯᠤᠭᠤᠯᠤᠭᠰᠠᠨ》 ᠲᠤᠰᠬᠠᠶ ᠪᠤᠯᠤᠩ᠎ᠠᠴᠠ ᠪᠠᠭᠤᠯᠭ᠋ᠠᠵᠦ ᠠᠪᠤᠨ᠎ᠠ᠃
      ᠰᠢᠦᠳᠠᠨ ᠬᠠᠶ᠋ᠢᠷᠴᠠᠭ᠄ lyxcb2015@163.com
      ᠤᠲᠠᠰᠤ᠄ 2280410

ᠳᠠᠭ᠋ᠠᠯᠳᠤᠭᠤᠯᠤᠯ᠄ 《ᠳᠤᠮᠳᠠᠳᠤ ᠤᠯᠤᠰ᠎ᠤᠨ ᠰᠦᠯᠵᠢᠶᠡᠨ᠎ᠤ ᠬᠡᠷᠡᠭ · ᠥᠪᠥᠷ ᠮᠣᠩᠭᠣᠯ᠎ᠢ ᠳᠣᠭᠳᠣᠯᠤᠭᠤᠯᠤᠭᠰᠠᠨ》 ᠰᠦᠯᠵᠢᠶᠡᠨ ᠰᠤᠳᠤᠴᠤᠤᠯ᠎ᠢ ᠲᠠᠨᠢᠯᠴᠠᠭᠤᠯᠬᠤ ᠬᠦᠰᠦᠨᠦᠭᠲᠦ

ᠰᠢᠨᠵᠢᠯᠡᠬᠦ ᠤᠬᠠᠭ᠋ᠠᠨ ᠮᠡᠷᠭᠡᠵᠢᠯ᠎ᠤᠨ ᠶᠠᠪᠤᠳᠠᠯ᠎ᠤᠨ ᠺᠣᠮᠢᠰ᠎ᠤᠨ ᠤᠬᠠᠭᠤᠯᠬᠤ ᠭᠠᠵᠠᠷ᠎ᠤᠨ (ᠤᠬᠠᠭᠤᠯᠭ᠎ᠠ ᠵᠢᠨ ᠠᠯᠪᠠᠨ ᠭᠡᠷ)

ᠢᠷᠡᠯᠲᠡ᠄ ᠰᠢᠨᠵᠢᠯᠡᠬᠦ ᠤᠬᠠᠭ᠋ᠠᠨ ᠮᠡᠷᠭᠡᠵᠢᠯ᠎ᠤᠨ ᠶᠠᠪᠤᠳᠠᠯ᠎ᠤᠨ ᠺᠣᠮᠢᠰ᠎ᠤᠨ ᠤᠬᠠᠭᠤᠯᠬᠤ ᠭᠠᠵᠠᠷ᠎ᠤᠨ (ᠤᠬᠠᠭᠤᠯᠭ᠎ᠠ ᠵᠢᠨ ᠠᠯᠪᠠᠨ ᠭᠡᠷ)
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠵᠢᠯ ᠮᠡᠷᠭᠡᠵᠢᠯ᠎ᠤᠨ ᠶᠣᠰᠣ ᠮᠣᠷᠠᠯ᠎ᠤᠨ ᠪᠠᠶ᠋ᠢᠭᠤᠯᠤᠯᠲᠠ ᠵᠢᠨ ᠠᠷᠪᠠᠨ ᠰᠢᠯᠢᠳᠡᠭ ᠵᠢᠱ᠌ᠢᠶᠡᠴᠢ ᠨᠢᠭᠡᠴᠡ ᠵᠢ ᠰᠣᠩᠭᠣᠨ ᠲᠠᠨᠢᠯᠴᠠᠭᠤᠯᠤᠭᠰᠠᠨ ᠦᠷ᠎ᠡ ᠳ᠋ᠦᠩ᠎ᠤᠨ ᠲᠤᠬᠠᠢ ᠵᠠᠷᠯᠠᠯ
2018 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠱᠠᠩᠨᠠᠯ᠎ᠢ ᠰᠤᠩᠭᠤᠨ ᠲᠠᠨᠢᠯᠴᠠᠭᠤᠯᠬᠤ ᠲᠤᠬᠠᠢ ᠵᠠᠷᠯᠠᠯ
2018 ᠣᠨ᠎ᠤ ᠰᠣᠨᠢᠨ ᠮᠡᠳᠡᠭᠡᠨ᠎ᠤ ᠰᠤᠷᠪᠤᠯᠵᠢᠯᠠᠭᠴᠢ ᠵᠢᠨ ᠦᠨᠡᠮᠯᠡᠯ᠎ᠢ ᠭᠤᠶᠤᠴᠢᠯᠠᠨ ᠠᠪᠬᠤ ᠭᠡᠵᠦ ᠪᠠᠶ᠋ᠢᠭ᠎ᠠ ᠨᠡᠷᠡᠰ᠎ᠤᠨ ᠢᠯᠡ ᠨᠡᠶ᠋ᠢᠲᠡᠯᠡᠯ
ᠶᠡᠷᠤᠩᠬᠡᠢ ᠱᠦᠵᠢ ᠰᠢ ᠵᠢᠨ ᠫᠢᠩ᠎ᠤᠨ ᠠᠷᠠᠳ᠎ᠤᠨ ᠡᠵᠡᠩᠨᠡᠯᠳᠡ ᠵᠢᠨ ᠠᠵᠥ ᠠᠬᠤᠢ᠌ᠯᠠᠯ᠎ᠤᠨ ᠶᠠᠷᠢᠯᠴᠠᠬᠤ ᠬᠤᠷᠡᠯ ᠳᠡᠭᠡᠷᠡᠬᠢ ᠴᠢᠬᠤᠯᠠ ᠶᠠᠷᠢᠶᠠᠨ᠎ᠤ ᠵᠤᠷᠢᠭ ᠰᠠᠨᠠᠭ᠎ᠠ ᠵᠢ ᠨᠠᠷᠢᠨ ᠬᠢᠨᠠᠮᠠᠭ᠋ᠠᠢ ᠰᠤᠷᠤᠯᠴᠠᠵᠤ ᠤᠬᠠᠭᠤᠯᠤᠨ ᠲᠤᠭᠤᠰᠢᠯᠠᠭᠤᠯᠬᠤ ᠲᠤᠬᠠᠢ ᠦᠪᠤᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠨᠠᠮ᠎ᠤᠨ ᠬᠤᠷᠢᠶᠠᠨ᠎ᠤ ᠠᠯᠪᠡᠨ ᠲᠢᠩᠬᠢᠮ᠎ᠤᠨ ᠮᠡᠳᠡᠭᠳᠡᠯ
ᠦᠪᠤᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ ᠲᠦᠪ᠎ᠤᠨ ᠤᠷᠴᠢᠨ ᠲᠤᠭᠤᠷᠢᠨ᠎ᠤ ᠬᠠᠮᠠᠭ᠋ᠠᠯᠠᠯᠳᠠ ᠵᠢᠨ ᠱᠠᠯᠠᠪᠳᠠᠭᠤᠯᠤᠨ ᠪᠠᠶ᠋ᠢᠴᠠᠭ᠋ᠠᠵᠥ 《ᠡᠷᠬᠢᠨ ᠬᠠᠷᠠᠬᠤ》 ᠵᠢᠴᠢ ᠨᠤᠳᠤᠭ ᠪᠡᠯᠴᠢᠬᠡᠷ᠎ᠤᠨ ᠠᠮᠢ ᠠᠬᠤᠢ ᠤᠷᠴᠢᠨ ᠲᠤᠭᠤᠷᠢᠨ᠎ᠤ ᠠᠰᠠᠭᠤᠳᠠᠯ᠎ᠢ ᠲᠤᠰᠬᠠᠢ ᠱᠠᠯᠠᠪᠳᠠᠭᠤᠯᠤᠨ ᠪᠠᠶ᠋ᠢᠴᠠᠭ᠋ᠠᠵᠥ ᠬᠠᠷᠢᠭᠤ ᠲᠣᠰᠬᠠᠭᠰᠠᠨ ᠰᠠᠨᠠᠯ ᠵᠶ᠋ᠠᠷ ᠴᠡᠭᠴᠡᠯᠡᠨ ᠰᠠᠶ᠋ᠢᠵᠢᠷᠠᠭᠤᠯᠬᠤ ᠲᠣᠬᠠᠢ ᠲᠦᠰᠦᠯ ᠵᠶ᠋ᠠᠨ ᠢᠯᠡ ᠨᠡᠶ᠋ᠢᠳᠡᠯᠡᠪᠡ
 
             蒙ICP备05000248号