ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠯᠪᠠᠨ ᠨᠡᠶ᠋ᠢᠲᠡᠯᠡᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠢ ᠰᠢᠭᠤᠶ ᠵᠢᠨ ᠲᠢᠩᠬᠢᠮ᠎ᠤᠨ ᠤᠢ ᠰᠢᠭᠤᠶ ᠵᠢᠨ ᠠᠮᠢ ᠠᠬᠤᠶ ᠵᠢ ᠬᠠᠮᠠᠭ᠋ᠠᠯᠠᠬᠤ᠎ᠪᠠᠷ ᠶᠠᠳᠠᠭᠤ ᠵᠢ ᠲᠡᠳᠬᠦᠬᠦ᠎ᠳᠤ ᠪᠠᠶ᠋ᠢᠴᠠᠭ᠋ᠠᠨ ᠰᠤᠳᠤᠯᠤᠯᠲᠠ ᠬᠢᠵᠦ ᠰᠢᠮᠳᠠᠭᠤᠯᠤᠨ ᠵᠢᠯᠣᠭᠣᠳᠬᠤ ᠠᠵᠢᠯ᠎ᠢ ᠦᠷᠨᠢᠬᠦᠯᠬᠦ ᠲᠤᠬᠠᠶ ᠮᠡᠳᠡᠭᠳᠡᠯ
ᠨᠡᠶ᠋ᠢᠲᠡᠯᠡᠭᠰᠡᠨ ᠴᠠᠭ᠄ 2018-06-25

      ᠢᠯᠡ ᠨᠢᠭᠡᠴᠢ᠄ ᠤᠢ ᠰᠢᠭᠤᠶ ᠵᠢᠨ ᠲᠢᠩᠬᠢᠮ᠂
      ᠠᠵᠢᠯᠯᠠᠬᠤ ᠬᠠᠶᠢᠭ᠄ ᠬᠥᠬᠡᠬᠣᠲᠠ ᠵᠢᠨ ᠰᠠᠶ᠋ᠢᠬᠠᠨ ᠲᠣᠭᠣᠷᠢᠭ᠎ᠤᠨ ᠰᠢᠤᠸᠠᠢ ᠶᠤᠸᠠᠨ ᠵᠡᠭᠦᠨ ᠵᠡᠭᠡᠯᠢ 23 ᠳ᠋ᠤᠭ᠋ᠠᠷ;
      ᠬᠠᠷᠢᠯᠴᠠᠬᠤ ᠤᠲᠠᠰᠤ᠄   0471-2280222
      ᠬᠡᠯᠬᠢᠶᠡᠰᠦᠯᠡᠬᠦ ᠲᠣᠭ᠎ᠠ    01151242-3/2018-00013
      ᠮᠡᠳᠡᠭᠡ ᠵᠠᠩᠭᠢ ᠵᠢ ᠲᠥᠷᠥᠯ     ᠲᠤᠬᠠᠶ᠋ᠢᠯᠠᠭᠰᠠᠨ ᠠᠵᠢᠯ / ᠮᠡᠳᠡᠭᠳᠡᠯ
      ᠠᠯᠪᠠᠨ ᠪᠢᠴᠢᠭ ᠲᠠᠷᠬᠠᠭ᠋ᠠᠭᠰᠠᠨ ᠪᠠᠶ᠋ᠢᠭᠤᠯᠭ᠎ᠠ     ᠤᠢ ᠰᠢᠭᠤᠶ ᠵᠢᠨ ᠲᠢᠩᠬᠢᠮ
      ᠭᠠᠷᠴᠠᠭ   ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠢ ᠰᠢᠭᠤᠶ ᠵᠢᠨ ᠲᠢᠩᠬᠢᠮ᠎ᠤᠨ ᠤᠢ ᠰᠢᠭᠤᠶ ᠵᠢᠨ ᠠᠮᠢ ᠠᠬᠤᠶ ᠵᠢ ᠬᠠᠮᠠᠭ᠋ᠠᠯᠠᠬᠤ᠎ᠪᠠᠷ ᠶᠠᠳᠠᠭᠤ ᠵᠢ ᠲᠡᠳᠬᠦᠬᠦ ᠪᠠᠶ᠋ᠢᠴᠠᠭ᠋ᠠᠨ ᠰᠤᠳᠤᠯᠤᠯᠲᠠ ᠬᠢᠵᠦ ᠰᠢᠮᠳᠠᠭᠤᠯᠤᠨ ᠵᠢᠯᠣᠭᠣᠳᠬᠤ ᠠᠵᠢᠯ᠎ᠢ ᠥᠷᠨᠢᠭᠦᠯᠬᠦ ᠲᠤᠬᠠᠶ ᠮᠡᠳᠡᠭᠳᠡᠯ
      ᠠᠯᠪᠠᠨ ᠪᠢᠴᠢᠭ ᠲᠠᠷᠬᠠᠭ᠋ᠠᠬᠤ ᠦᠰᠦᠭ᠎ᠤᠨ ᠳ᠋ᠤᠭ᠋ᠠᠷ     ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠤᠢ ᠰᠢᠭᠤᠢ ᠵᠢᠨ ᠲᠢᠩᠬᠢᠮ᠎ᠠᠴᠠ ᠲᠦᠯᠦᠪᠯᠡᠨ ᠳᠠᠷᠬᠠᠭ᠋ᠠᠭᠰᠠᠨ [2018]186 ᠳ᠋ᠤᠭ᠋ᠠᠷ ᠲᠣᠭ᠋ᠠᠲᠤ
      ᠪᠢᠴᠢᠭᠯᠡᠭᠰᠡᠨ ᠡᠳᠦᠷ ᠬᠤᠭᠤᠴᠠᠭ᠎ᠠ    2018-06-20

      ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠢ ᠰᠢᠭᠤᠶ ᠵᠢᠨ ᠲᠢᠩᠬᠢᠮ᠎ᠤᠨ ᠤᠢ ᠰᠢᠭᠤᠶ ᠵᠢᠨ ᠠᠮᠢ ᠠᠬᠤᠶ ᠵᠢ ᠬᠠᠮᠠᠭ᠋ᠠᠯᠠᠬᠤ᠎ᠪᠠᠷ ᠶᠠᠳᠠᠭᠤ ᠵᠢ ᠲᠡᠳᠬᠦᠬᠦ᠎ᠳᠤ ᠪᠠᠶ᠋ᠢᠴᠠᠭ᠋ᠠᠨ ᠰᠤᠳᠤᠯᠤᠯᠲᠠ ᠬᠢᠵᠦ ᠰᠢᠮᠳᠠᠭᠤᠯᠤᠨ ᠵᠢᠯᠣᠭᠣᠳᠬᠤ ᠠᠵᠢᠯ᠎ᠢ ᠦᠷᠨᠢᠬᠦᠯᠬᠦ ᠲᠤᠬᠠᠶ ᠮᠡᠳᠡᠭᠳᠡᠯ

      ᠶᠡᠷᠦᠩᠬᠡᠶ ᠱᠦᠵᠢ ᠰᠢ ᠵᠢᠨ ᠫᠢᠩ᠎ᠤᠨ ᠶᠠᠳᠠᠭᠤ ᠵᠢ ᠲᠡᠳᠬᠦᠵᠦ ᠨᠡᠭᠡᠭᠡᠨ ᠬᠥᠭᠵᠢᠭᠦᠯᠬᠦ ᠪᠠᠶ᠋ᠢᠯᠳᠤᠬᠤ ᠪᠤᠳᠤᠯᠭ᠎ᠠ ᠵᠢᠨ ᠴᠢᠬᠤᠯᠠ ᠦᠵᠡᠯ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠠᠰᠠᠭ᠎ᠤᠨ ᠣᠷᠳᠣᠨ᠎ᠤ ᠤᠢ ᠰᠢᠭᠤᠶ ᠵᠢᠨ ᠠᠮᠢ ᠠᠬᠤᠶ ᠵᠢ ᠬᠠᠮᠠᠭ᠋ᠠᠯᠠᠬᠤ᠎ᠪᠠᠷ ᠶᠠᠳᠠᠭᠤ ᠵᠢ ᠲᠡᠳᠬᠦᠬᠦ ᠠᠵᠢᠯ᠎ᠤᠨ ᠲᠤᠬᠠᠶ ᠰᠢᠢᠳᠪᠦᠷᠢᠲᠦ ᠪᠣᠳᠣᠯᠭ᠎ᠠ ᠵᠢᠨ ᠪᠠᠶ᠋ᠢᠷᠢᠯᠠᠭᠤᠯᠤᠯᠲᠠ ᠵᠢ ᠭᠦᠨᠵᠡᠭᠡᠶ ᠲᠤᠤᠱᠯᠠᠭᠤᠯᠤᠨ ᠨᠠᠶ᠋ᠢᠳᠠᠪᠤᠷᠢᠵᠢᠭᠤᠯᠵᠤ᠂ ᠤᠢ ᠰᠢᠭᠤᠶ ᠵᠢᠨ ᠠᠮᠢ ᠠᠬᠤᠶ ᠵᠢ ᠬᠠᠮᠠᠭ᠋ᠠᠯᠠᠬᠤ᠎ᠪᠠᠷ ᠶᠠᠳᠠᠭᠤ ᠵᠢ ᠲᠡᠳᠬᠦᠬᠦ ᠠᠵᠢᠯ᠎ᠢ ᠦᠨᠡᠨ ᠬᠦ᠌ ᠰᠠᠶ᠋ᠢᠲᠤᠷ ᠬᠢᠵᠦ᠂ ᠪᠥᠬᠥ ᠣᠷᠣᠨ᠎ᠤ ᠶᠠᠳᠠᠭᠤ᠎ᠠᠴᠠ ᠠᠩᠭᠢᠵᠢᠷᠠᠭᠤᠯᠬᠤ ᠪᠡᠷᠬᠡ ᠰᠡᠳᠦᠪ᠎ᠢ ᠰᠢᠢᠳᠪᠦᠷᠢᠯᠡᠬᠦ᠎ᠳᠤ ᠲᠤᠰᠠᠯᠠᠬᠤ ᠵᠢᠨ ᠲᠤᠰᠠᠳᠠ᠂ ᠥᠪᠡᠷᠲᠡᠭᠡᠨ ᠵᠠᠰᠠᠬᠤ ᠣᠷᠣᠨ᠎ᠤ ᠤᠢ ᠰᠢᠭᠤᠶ ᠵᠢᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠠᠴᠠ ᠤᠢ ᠰᠢᠭᠤᠶ ᠵᠢᠨ ᠠᠮᠢ ᠠᠬᠤᠶ ᠵᠢ ᠬᠠᠮᠠᠭ᠋ᠠᠯᠠᠨ ᠶᠠᠳᠠᠭᠤ ᠵᠢ ᠲᠡᠳᠬᠦᠬᠦ᠎ᠳᠤ ᠪᠠᠶ᠋ᠢᠴᠠᠭ᠋ᠠᠨ ᠰᠤᠳᠤᠯᠤᠯᠲᠠ ᠬᠢᠵᠦ ᠰᠢᠮᠳᠠᠭᠤᠯᠤᠨ ᠵᠢᠯᠣᠭᠣᠳᠬᠤ ᠠᠵᠢᠯ᠎ᠢ ᠦᠷᠨᠢᠬᠦᠯᠬᠦ ᠵᠢ ᠲᠤᠭᠳᠠᠪᠠ᠃ ᠡᠳᠦᠭᠡ ᠬᠣᠯᠪᠣᠭᠳᠠᠯ ᠪᠦᠬᠦᠢ ᠤᠴᠢᠷ᠎ᠢ ᠳᠣᠣᠷᠠᠬᠢ ᠮᠡᠲᠦ ᠮᠡᠳᠡᠭᠳᠡᠶ᠎ᠡ᠄
ᠨᠢᠭᠡ᠂ ᠪᠠᠶ᠋ᠢᠴᠠᠭ᠋ᠠᠨ ᠰᠤᠳᠤᠯᠤᠯᠲᠠ ᠬᠢᠬᠦ ᠠᠭᠤᠯᠭ᠎ᠠ
     1. ᠡᠯ᠎ᠡ ᠠᠶ᠋ᠢᠮᠠᠭ ᠬᠣᠲᠠ᠂ ᠶᠠᠳᠠᠭᠤ ᠬᠦᠴᠢᠷᠳᠡᠯ᠎ᠲᠠᠢ ᠬᠣᠰᠢᠭᠤ ᠰᠢᠶᠠᠨ ᠱᠠᠭ᠋ᠠᠷᠳᠠᠯᠭ᠎ᠠ ᠶᠤᠰᠤᠭ᠋ᠠᠷ ᠶᠠᠳᠠᠭᠤ ᠵᠢ ᠲᠡᠳᠬᠦᠬᠦ ᠵᠢ ᠠᠬᠢᠭᠤᠯᠬᠤ ᠳᠤᠭᠤᠶ᠋ᠢᠯᠠᠩ᠎ᠢ ᠪᠠᠢ᠌ᠭᠤᠯᠤᠭᠰᠠᠨ ᠡᠰᠡᠬᠦ᠂ ᠤᠢ ᠰᠢᠭᠤᠢ ᠵᠢᠨ ᠠᠮᠢ ᠠᠬᠤᠢ ᠵᠢ ᠬᠠᠮᠠᠭ᠋ᠠᠯᠠᠬᠤ᠎ᠪᠠᠷ ᠶᠠᠳᠠᠭᠤ ᠵᠢ ᠲᠡᠳᠬᠦᠬᠦ ᠠᠵᠢᠯ᠎ᠤᠨ ᠲᠣᠭᠲᠠᠴᠠ ᠵᠢ ᠪᠠᠢ᠌ᠭᠤᠯᠤᠭᠰᠠᠨ ᠡᠰᠡᠬᠦ᠂ ᠤᠢ ᠰᠢᠭᠤᠶ ᠵᠢᠨ ᠠᠮᠢ ᠠᠬᠤᠶ ᠵᠢ ᠬᠠᠮᠠᠭ᠋ᠠᠯᠠᠨ ᠶᠠᠳᠠᠭᠤ ᠵᠢ ᠲᠡᠳᠬᠦᠬᠦ ᠠᠵᠢᠯ᠎ᠢ ᠤᠢ ᠰᠢᠭᠤᠶ ᠵᠢᠨ ᠲᠤᠰᠬᠠᠶ ᠬᠥᠮᠦᠨ ᠵᠶ᠋ᠠᠷ ᠬᠠᠷᠢᠭᠤᠴᠠᠭᠤᠯᠤᠭᠰᠠᠨ ᠡᠰᠡᠬᠦ᠃
     2. ᠤᠢ ᠰᠢᠭᠤᠶ ᠵᠢᠨ ᠠᠮᠢ ᠠᠬᠤᠶ ᠵᠢ ᠬᠠᠮᠠᠭ᠋ᠠᠯᠠᠬᠤ᠎ᠪᠠᠷ ᠶᠠᠳᠠᠭᠤ ᠵᠢ ᠲᠡᠳᠬᠦᠬᠦ ᠲᠦᠷᠦ ᠵᠢᠨ ᠪᠤᠳᠤᠯᠭ᠎ᠠ ᠵᠢ ᠨᠠᠢ᠌ᠳᠠᠪᠤᠷᠢᠵᠢᠭᠤᠯᠤᠭᠰᠠᠨ ᠪᠠᠶ᠋ᠢᠳᠠᠯ᠃
     3. ᠤᠢ ᠰᠢᠭᠤᠶ ᠵᠢᠨ ᠠᠮᠢ ᠠᠬᠤᠶ ᠵᠢ ᠬᠠᠮᠠᠭ᠋ᠠᠯᠠᠬᠤ᠎ᠪᠠᠷ ᠶᠠᠳᠠᠭᠤ ᠵᠢ ᠲᠡᠳᠬᠦᠬᠦ ᠭᠤᠷᠪᠠᠨ ᠵᠢᠯ᠎ᠤᠨ ᠲᠥᠯᠥᠪᠵᠢᠭᠦᠯᠭᠡ ᠪᠠ ᠣᠨ᠎ᠤ ᠬᠡᠷᠡᠭᠵᠢᠭᠦᠯᠬᠦ ᠲᠥᠰᠦᠯ᠎ᠢ ᠨᠠᠶ᠋ᠢᠷᠠᠭᠤᠯᠤᠨ ᠵᠤᠬᠢᠶᠠᠭᠰᠠᠨ ᠪᠠᠶ᠋ᠢᠳᠠᠯ᠂ ᠣᠶ ᠰᠢᠭᠤᠶ ᠵᠢᠨ ᠠᠮᠢ ᠠᠬᠤᠶ ᠵᠢᠨ ᠶᠠᠳᠠᠭᠤ ᠵᠢ ᠲᠡᠳᠬᠦᠬᠦ ᠡᠭᠦᠷᠭᠡ ᠬᠠᠷᠢᠭᠤᠴᠠᠯᠭ᠎ᠠ ᠵᠢᠨ ᠨᠠᠷᠢᠨ ᠲᠦᠰᠦᠪ᠎ᠢ ᠲᠤᠭᠳᠠᠭ᠋ᠠᠭᠰᠠᠨ ᠪᠠ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠵᠢ ᠨᠠᠶ᠋ᠢᠳᠠᠪᠤᠷᠢᠵᠢᠭᠤᠯᠵᠤ ᠪᠠᠶ᠋ᠢᠭ᠎ᠠ ᠪᠠᠶ᠋ᠢᠳᠠᠯ᠃
     4. ᠤᠢ ᠰᠢᠭᠤᠶ ᠵᠢᠨ ᠠᠵᠤ ᠦᠢ᠍ᠯᠡᠰ᠎ᠤᠨ ᠬᠥᠭᠵᠢᠯᠲᠡ ᠵᠢᠨ ᠪᠠᠶ᠋ᠢᠳᠠᠯ᠂ ᠡᠭᠦᠨ᠎ᠤ ᠭᠣᠣᠯᠳᠠᠯᠭ᠎ᠠ᠎ᠨᠢ ᠤᠢ ᠰᠢᠭᠤᠶ ᠵᠢᠨ ᠠᠮᠢ ᠠᠬᠤᠶ ᠵᠢᠨ ᠵᠢᠭᠤᠯᠴᠢᠯᠠᠯ᠂ ᠤᠢ ᠲᠤᠳᠤᠷᠠᠬᠢ ᠠᠵᠤ ᠠᠬᠤᠶ᠂ ᠣᠨᠴᠠᠯᠢᠭ ᠪᠦᠬᠦᠢ ᠣᠶ ᠵᠢᠮᠢᠰ᠎ᠤᠨ ᠦᠢᠯᠡᠰ᠎ᠢ ᠲᠠᠷᠢᠵᠦ ᠤᠢ᠌ᠵᠢᠭᠤᠯᠬᠤ᠎ᠨᠢ ᠶᠠᠳᠠᠭᠤ ᠬᠦᠴᠢᠷᠳᠡᠯ᠎ᠲᠠᠢ ᠡᠷᠦᠬᠡ ᠵᠢᠨ ᠣᠷᠣᠯᠭ᠎ᠠ ᠵᠢ ᠨᠡᠮᠡᠭᠳᠡᠭᠦᠯᠦᠭᠰᠡᠨ ᠪᠠᠶ᠋ᠢᠳᠠᠯ᠃

     5. ᠤᠢ ᠰᠢᠭᠤᠶ ᠵᠢᠨ ᠦᠢ᠍ᠯᠡᠰ᠎ᠤᠨ ᠲᠤᠰᠬᠠᠶ ᠠᠵᠢᠯ᠎ᠤᠨ ᠬᠤᠷᠰᠢᠶ᠎ᠠ ᠵᠢᠨ ᠬᠥᠭᠵᠢᠯᠲᠡ ᠵᠢᠨ ᠪᠠᠶ᠋ᠢᠳᠠᠯ᠂ ᠶᠠᠳᠠᠭᠤ ᠵᠢ ᠲᠡᠳᠬᠦᠬᠦ ᠪᠡᠷᠬᠡ ᠰᠡᠳᠦᠪ᠎ᠢ ᠰᠢᠢᠳᠪᠦᠷᠢᠯᠡᠬᠦ ᠲᠠᠷᠢᠵᠦ ᠤᠢ᠌ᠵᠢᠭᠤᠯᠬᠤ ᠬᠤᠷᠰᠢᠶᠠᠵᠢᠯ᠎ᠤᠨ ᠠᠮᠢ ᠠᠬᠤᠢ ᠵᠢᠨ ᠪᠦᠲᠦᠭᠡᠨ ᠪᠠᠢ᠌ᠭᠤᠯᠤᠯᠳᠠ ᠵᠢᠨ ᠲᠤᠭᠳᠠᠴᠠ᠎ᠳᠤ ᠣᠷᠣᠯᠴᠠᠬᠤ ᠵᠢ ᠬᠠᠢ᠌ᠨ ᠰᠦᠪᠡᠭᠴᠢᠯᠡᠬᠦ᠃
     6. ᠤᠢ ᠰᠢᠭᠤᠶ ᠵᠢᠨ ᠠᠵᠢᠯ ᠲᠥᠷᠥᠯ ᠵᠶ᠋ᠠᠷ ᠶᠠᠳᠠᠭᠤ ᠵᠢ ᠲᠡᠳᠬᠦᠬᠦ ᠲᠤᠰᠬᠠᠶ ᠠᠵᠢᠯᠯᠠᠭ᠎ᠠ ᠥᠷᠨᠢᠭᠦᠯᠬᠦ ᠵᠢ ᠲᠥᠪᠯᠡᠷᠡᠭᠦᠯᠦᠨ ᠴᠡᠭᠴᠡᠯᠡᠨ ᠵᠠᠰᠠᠬᠤ ᠪᠠ ᠣᠷᠣᠰᠢᠵᠤ ᠪᠠᠶ᠋ᠢᠭ᠎ᠠ ᠠᠰᠠᠭᠤᠳᠠᠯ᠎ᠢ ᠴᠡᠭᠴᠡᠯᠡᠨ ᠥᠭᠡᠷᠡᠴᠢᠯᠡᠬᠦ ᠵᠢ ᠨᠠᠶ᠋ᠢᠳᠠᠪᠤᠷᠢᠵᠢᠭᠤᠯᠤᠭᠰᠠᠨ ᠪᠠᠶ᠋ᠢᠳᠠᠯ᠃
ᠬᠣᠶᠠᠷ᠂ ᠪᠠᠶ᠋ᠢᠴᠠᠭ᠋ᠠᠨ ᠰᠤᠳᠤᠯᠤᠯᠲᠠ ᠬᠢᠵᠦ ᠰᠢᠮᠳᠠᠭᠤᠯᠤᠨ ᠵᠢᠯᠣᠭᠣᠳᠬᠤ ᠠᠷᠭ᠎ᠠ
      ᠶᠠᠷᠢᠯᠴᠠᠬᠤ ᠬᠤᠷᠠᠯ ᠬᠢᠬᠦ ᠪᠠ ᠤᠢ ᠰᠢᠭᠤᠶ ᠵᠢᠨ ᠠᠮᠢ ᠠᠬᠤᠶ ᠵᠢ ᠬᠠᠮᠠᠭ᠋ᠠᠯᠠᠬᠤ᠎ᠪᠠᠷ ᠶᠠᠳᠠᠭᠤ ᠵᠢ ᠲᠡᠳᠬᠦᠬᠦ ᠲᠤᠬᠠᠶ ᠵᠢᠨ ᠲᠠᠯᠠᠪᠠᠢ᠎ᠳᠤ ᠬᠦᠨᠵᠡᠭᠡᠢ᠌ᠷᠡᠬᠦ ᠵᠡᠷᠭᠡ ᠠᠷᠭ᠎ᠠ ᠮᠠᠶᠢᠭ ᠵᠶ᠋ᠡᠷ ᠪᠠᠢ᠌ᠴᠠᠭ᠋ᠠᠨ ᠰᠤᠳᠤᠯᠬᠤ ᠠᠵᠢᠯ᠎ᠢ ᠦᠷᠨᠢᠬᠦᠯᠵᠦ᠂ ᠪᠠᠶ᠋ᠢᠴᠠᠭ᠋ᠠᠨ ᠰᠤᠳᠤᠯᠬᠤ ᠳᠤᠭᠤᠶ᠋ᠢᠯᠠᠩ᠎ᠠᠴᠠ ᠲᠣᠬᠢᠶᠠᠯᠳᠤᠯ ᠵᠶ᠋ᠠᠷ ᠰᠣᠩᠭᠣᠨ ᠪᠠᠢ᠌ᠴᠠᠭ᠋ᠠᠬᠤ ᠠᠷᠭ᠎ᠠ ᠮᠠᠶᠢᠭ ᠵᠶ᠋ᠡᠷ ᠳᠠᠮᠵᠢᠨ᠂ ᠬᠣᠰᠢᠭᠤ ᠰᠢᠶᠠᠨ ᠨᠢᠭᠡᠪᠦᠷᠢ᠎ᠳᠤ ᠡᠷᠦᠬᠡ᠎ᠳᠤ ᠬᠦᠷᠴᠦ ᠪᠠᠶ᠋ᠢᠴᠠᠭ᠋ᠠᠯᠲᠠ ᠬᠢᠬᠦ ᠵᠢ ᠥᠷᠨᠢᠭᠦᠯᠵᠦ᠂ ᠤᠨᠴᠠᠭ᠋ᠠᠢ᠌ᠯᠠᠨ ᠶᠠᠳᠠᠭᠤ ᠬᠦᠴᠢᠷᠳᠡᠯ᠎ᠲᠠᠢ ᠡᠷᠦᠬᠡ᠂ ᠲᠤᠰᠬᠠᠶ ᠠᠵᠢᠯ᠎ᠤᠨ ᠬᠤᠷᠰᠢᠶ᠎ᠠ᠂ ᠤᠢ ᠰᠢᠭᠤᠶ ᠵᠢᠨ ᠠᠵᠤ ᠦᠢ᠍ᠯᠡᠰ᠎ᠤᠨ ᠰᠠᠭᠤᠷᠢᠨ ᠭᠠᠵᠠᠷ᠎ᠲᠤ ᠬᠦᠨᠵᠡᠬᠡᠢ᠌ᠷᠡᠨ᠂ ᠶᠠᠳᠠᠭᠤ   ᠬᠦᠴᠢᠷᠳᠡᠯ᠎ᠲᠠᠢ ᠬᠣᠰᠢᠭᠤ ᠰᠢᠶᠠᠨ᠎ᠢ ᠪᠦᠷᠬᠦᠭᠰᠡᠨ ᠪᠠᠶ᠋ᠢᠴᠠᠭ᠋ᠠᠨ ᠰᠤᠳᠤᠯᠤᠯᠲᠠ ᠬᠢᠬᠦ ᠵᠢ ᠪᠡᠶᠡᠯᠡᠭᠦᠯᠦᠨ᠎ᠡ᠃
ᠭᠤᠷᠪᠠ᠂ ᠪᠠᠶ᠋ᠢᠴᠠᠭ᠋ᠠᠨ ᠰᠤᠳᠤᠯᠤᠯᠲᠠ ᠬᠢᠬᠦ ᠴᠠᠭ
     2018 ᠤᠨ᠎ᠤ 6 ᠳ᠋ᠤᠭ᠋ᠠᠷ ᠰᠠᠷ᠎ᠠ ᠵᠢᠨ ᠲᠤᠮᠳᠠᠴᠢ᠎ᠠᠴᠠ 7 ᠳ᠋ᠤᠭ᠋ᠠᠷ ᠰᠠᠷ᠎ᠠ ᠵᠢᠨ ᠰᠡᠬᠦᠯᠴᠢ᠎ᠳᠤ ᠳᠠᠭᠤᠰᠤᠨ᠎ᠠ᠃
ᠲᠦᠷᠪᠡ᠂ ᠬᠠᠮᠢᠶ᠎ᠠ ᠪᠦᠬᠦᠢ ᠱᠠᠭ᠋ᠠᠷᠳᠠᠯᠭ᠎ᠠ
     1. ᠡᠯ᠎ᠡ ᠠᠶ᠋ᠢᠮᠠᠭ ᠬᠤᠳᠠ᠎ᠨᠤᠭᠤᠳ ᠤᠢ ᠰᠢᠭᠤᠢ ᠵᠢ ᠬᠠᠮᠠᠭ᠋ᠠᠯᠠᠬᠤ᠎ᠪᠠᠷ ᠶᠠᠳᠠᠭᠤ ᠵᠢ ᠲᠡᠳᠬᠦᠬᠦ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠨ ᠦᠵᠡᠵᠦ᠂ ᠬᠠᠩᠭ᠋ᠠᠭᠰᠠᠨ ᠬᠣᠯᠪᠣᠭᠳᠠᠯ ᠪᠦᠬᠦᠢ ᠮᠠᠲ᠋ᠧᠷᠢᠶᠠᠯ᠎ᠨᠢ ᠨᠠᠷᠢᠨ ᠣᠨᠣᠪᠴᠢᠲᠠᠶ ᠪᠠᠶ᠋ᠢᠬᠤ ᠬᠡᠷᠡᠭᠲᠡᠶ᠂ ᠠᠯᠪᠠ ᠬᠠᠰᠢᠵᠤ ᠠᠮᠠ ᠪᠦᠭᠯᠡᠬᠦ ᠪᠤᠶᠤ ᠬᠤᠯᠤ ᠳᠠᠷᠢᠵᠤ ᠬᠤᠳᠠᠯ ᠬᠡᠯᠡᠵᠦ ᠪᠤᠯᠬᠤ ᠦᠭᠡᠢ᠃
     2. ᠡᠯ᠎ᠡ ᠪᠠᠶ᠋ᠢᠴᠠᠭ᠋ᠠᠨ ᠰᠤᠳᠤᠯᠤᠯᠲᠠ ᠬᠢᠵᠦ᠂ ᠰᠢᠮᠳᠠᠭᠤᠯᠤᠨ ᠵᠢᠯᠣᠭᠣᠳᠬᠤ ᠳᠤᠭᠤᠶ᠋ᠢᠯᠠᠩ ᠲᠥᠪ ᠬᠣᠷᠢᠶᠠᠨ᠎ᠤ ᠨᠠᠢ᠍ᠮᠠᠨ ᠵᠤᠷᠪᠤᠰ ᠲᠣᠭᠲᠠᠭ᠋ᠠᠯ᠎ᠤᠨ ᠱᠠᠭ᠋ᠠᠷᠳᠠᠯᠭ᠎ᠠ ᠵᠢ ᠴᠢᠩᠭ᠎ᠠ ᠬᠡᠷᠡᠭᠵᠢᠭᠦᠯᠵᠦ᠂ ᠰᠠᠢ᠌ᠨ ᠰᠠᠶ᠋ᠢᠬᠠᠨ ᠲᠦᠷᠢ ᠲᠦᠷᠬᠦ᠂ ᠪᠣᠳᠠᠲᠤ ᠠᠵᠢᠯᠯᠠᠭ᠎ᠠ ᠵᠢ ᠡᠷᠬᠢᠮᠯᠡᠬᠦ ᠰᠤᠷᠲᠠᠯ ᠵᠶ᠋ᠡᠷ ᠪᠠᠶ᠋ᠢᠴᠠᠭ᠋ᠠᠨ ᠰᠤᠳᠤᠯᠬᠤ ᠠᠵᠢᠯ᠎ᠢ ᠦᠨᠡᠨ ᠬᠦ᠌ ᠰᠠᠶ᠋ᠢᠲᠤᠷ ᠬᠢᠬᠦ ᠬᠡᠷᠡᠭᠲᠡᠶ᠃

                                                 
              ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠢ ᠰᠢᠭᠤᠶ ᠵᠢᠨ ᠲᠢᠩᠬᠢᠮ
             2018 ᠤᠨ᠎ᠤ 6 ᠳ᠋ᠤᠭ᠋ᠠᠷ ᠰᠠᠷ᠎ᠠ ᠵᠢᠨ 20᠎ᠤ ᠡᠳᠦᠷ


ᠢᠷᠡᠯᠲᠡ᠄ ᠦᠪᠦᠷ ᠮᠤᠩᠭᠤᠯ᠎ᠤᠨ ᠦᠪᠡᠷᠳᠡᠬᠡᠨ ᠵᠠᠰᠠᠬᠤ ᠤᠷᠤᠨ᠎ᠤ ᠤᠢ ᠰᠢᠭᠤᠢ ᠵᠢᠨ ᠲᠢᠩᠬᠢᠮ᠎ᠤᠨ ᠠᠯᠪᠠᠨ ᠬᠡᠷ
          
ᠬᠠᠮᠢᠶ᠎ᠡ ᠪᠦᠬᠦᠢ ᠰᠣᠨᠢᠨ
《ᠳᠤᠮᠳᠠᠳᠤ ᠤᠯᠤᠰ᠎ᠤᠨ ᠰᠦᠯᠵᠢᠶᠡᠨ᠎ᠤ ᠰᠤᠨᠤᠰᠬᠠᠯ · ᠥᠪᠥᠷ ᠮᠣᠩᠭᠣᠯ᠎ᠢ ᠳᠣᠭᠳᠣᠯᠤᠭᠤᠯᠤᠭᠰᠠᠨ》 2018 ᠰᠦᠯᠵᠢᠶᠡᠨ ᠰᠤᠳᠤᠴᠤᠤᠯ᠎ᠢ ᠰᠢᠯᠭ᠋ᠠᠷᠠᠭᠤᠯᠬᠤ ᠠᠵᠢᠯᠯᠠᠭ᠎ᠠ ᠵᠢ ᠵᠣᠬᠢᠶᠠᠨ ᠪᠠᠢ᠌ᠭᠤᠯᠵᠦ ᠦᠷᠨᠢᠬᠦᠯᠬᠦ ᠲᠤᠬᠠᠶ ᠮᠡᠳᠡᠭᠳᠡᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠵᠢᠯ ᠮᠡᠷᠭᠡᠵᠢᠯ᠎ᠤᠨ ᠶᠣᠰᠣ ᠮᠣᠷᠠᠯ᠎ᠤᠨ ᠪᠠᠶ᠋ᠢᠭᠤᠯᠤᠯᠲᠠ ᠵᠢᠨ ᠠᠷᠪᠠᠨ ᠰᠢᠯᠢᠳᠡᠭ ᠵᠢᠱ᠌ᠢᠶᠡᠴᠢ ᠨᠢᠭᠡᠴᠡ ᠵᠢ ᠰᠣᠩᠭᠣᠨ ᠲᠠᠨᠢᠯᠴᠠᠭᠤᠯᠤᠭᠰᠠᠨ ᠦᠷ᠎ᠡ ᠳ᠋ᠦᠩ᠎ᠤᠨ ᠲᠤᠬᠠᠢ ᠵᠠᠷᠯᠠᠯ
2018 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠱᠠᠩᠨᠠᠯ᠎ᠢ ᠰᠤᠩᠭᠤᠨ ᠲᠠᠨᠢᠯᠴᠠᠭᠤᠯᠬᠤ ᠲᠤᠬᠠᠢ ᠵᠠᠷᠯᠠᠯ
2018 ᠣᠨ᠎ᠤ ᠰᠣᠨᠢᠨ ᠮᠡᠳᠡᠭᠡᠨ᠎ᠤ ᠰᠤᠷᠪᠤᠯᠵᠢᠯᠠᠭᠴᠢ ᠵᠢᠨ ᠦᠨᠡᠮᠯᠡᠯ᠎ᠢ ᠭᠤᠶᠤᠴᠢᠯᠠᠨ ᠠᠪᠬᠤ ᠭᠡᠵᠦ ᠪᠠᠶ᠋ᠢᠭ᠎ᠠ ᠨᠡᠷᠡᠰ᠎ᠤᠨ ᠢᠯᠡ ᠨᠡᠶ᠋ᠢᠲᠡᠯᠡᠯ
ᠶᠡᠷᠤᠩᠬᠡᠢ ᠱᠦᠵᠢ ᠰᠢ ᠵᠢᠨ ᠫᠢᠩ᠎ᠤᠨ ᠠᠷᠠᠳ᠎ᠤᠨ ᠡᠵᠡᠩᠨᠡᠯᠳᠡ ᠵᠢᠨ ᠠᠵᠥ ᠠᠬᠤᠢ᠌ᠯᠠᠯ᠎ᠤᠨ ᠶᠠᠷᠢᠯᠴᠠᠬᠤ ᠬᠤᠷᠡᠯ ᠳᠡᠭᠡᠷᠡᠬᠢ ᠴᠢᠬᠤᠯᠠ ᠶᠠᠷᠢᠶᠠᠨ᠎ᠤ ᠵᠤᠷᠢᠭ ᠰᠠᠨᠠᠭ᠎ᠠ ᠵᠢ ᠨᠠᠷᠢᠨ ᠬᠢᠨᠠᠮᠠᠭ᠋ᠠᠢ ᠰᠤᠷᠤᠯᠴᠠᠵᠤ ᠤᠬᠠᠭᠤᠯᠤᠨ ᠲᠤᠭᠤᠰᠢᠯᠠᠭᠤᠯᠬᠤ ᠲᠤᠬᠠᠢ ᠦᠪᠤᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠨᠠᠮ᠎ᠤᠨ ᠬᠤᠷᠢᠶᠠᠨ᠎ᠤ ᠠᠯᠪᠡᠨ ᠲᠢᠩᠬᠢᠮ᠎ᠤᠨ ᠮᠡᠳᠡᠭᠳᠡᠯ
 
             蒙ICP备05000248号