ᠰᠢᠨᠬᠤᠸᠠ ᠬᠤᠷᠢᠶᠠᠨ᠎ᠤ ᠪᠡᠭᠡᠵᠢᠩ᠎ᠤᠨ 10 ᠰᠠᠷ᠎ᠠ ᠵᠢᠨ 10᠎ᠤ ᠴᠠᠬᠢᠯᠭ᠋ᠠᠨ ᠮᠡᠳᠡᠭᠡ᠎ᠠᠴᠠ (ᠰᠤᠷᠪᠤᠯᠵᠢᠯᠠᠭᠴᠢ ᠱ᠌ᠢ ᠵᠢᠩ ᠨᠠᠨ) ᠨᠠᠮ᠎ᠤᠨ ᠲᠦᠪ ᠬᠤᠷᠢᠶᠠᠨ᠎ᠤ ᠨᠠᠮ᠎ᠤᠨ ᠲᠡᠤᠬᠡ ᠪᠠ ᠲᠤᠯᠭᠤᠷ ᠪᠢᠴᠢᠭ᠎ᠤᠨ ᠰᠤᠳᠤᠯᠭ᠋ᠠᠨ᠎ᠤ ᠬᠦᠷᠢᠶᠡᠯᠡᠩ᠎ᠤᠨ ᠨᠠᠶ᠋ᠢᠷᠠᠭᠤᠯᠤᠨ ᠪᠢᠴᠢᠭᠰᠡᠡ 《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠲᠤᠮᠤ ᠬᠡᠷᠡᠭ ᠶᠠᠪᠤᠳᠠᠯ᠎ᠤᠳ᠎ᠤᠨ ᠳᠡᠮᠳᠡᠭᠯᠡᠯ (1949 ᠤᠨ᠎ᠤ 10 ᠰᠠᠷ᠎ᠠ — 2019 ᠤᠨ᠎ᠤ 9 ᠰᠠᠷ᠎ᠠ)》᠎ᠢ ᠲᠦᠷᠦᠭᠦᠬᠡᠨ ᠠᠷᠠᠳ᠎ᠤᠨ ᠬᠡᠪᠯᠡᠯ᠎ᠤᠨ ᠬᠤᠷᠢᠶ᠎ᠠ᠎ᠠᠴᠠ ᠬᠡᠪᠯᠡᠪᠡ᠃
ᠲᠠᠨᠢᠯᠴᠠᠭᠤᠯᠤᠭᠰᠠᠨ ᠵᠶ᠋ᠠᠷ᠂ ᠲᠤᠰ ᠨᠤᠮ᠎ᠨᠢ ᠰᠢ ᠵᠢᠨ ᠫᠢᠩ᠎ᠤᠨ ᠰᠢᠨ᠎ᠠ ᠴᠠᠭ ᠦᠶ᠎ᠠ ᠵᠢᠨ ᠳᠤᠮᠳᠠᠳᠤ ᠤᠯᠤᠰ᠎ᠤᠨ ᠤᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠤᠯᠭ᠋ᠠᠬᠤ ᠵᠢ ᠪᠠᠷᠢᠮᠳᠠᠯᠠᠵᠤ᠂ ᠰᠢᠨ᠎ᠠ ᠴᠠᠭ ᠦᠶ᠎ᠠ᠎ᠳᠤ ᠰᠠᠭᠤᠷᠢᠯᠠᠵᠤ᠂ ᠨᠠᠮ᠎ᠠᠴᠠ ᠠᠷᠠᠳ ᠲᠦᠮᠡᠨ᠎ᠢ ᠤᠳᠤᠷᠢᠳᠤᠨ ᠳᠤᠮᠳᠠᠳᠤ ᠤᠯᠤᠰ᠎ᠤᠨ ᠤᠨᠴᠠᠯᠢᠭ᠎ᠲᠠᠢ ᠨᠡᠶ᠋ᠢᠭᠡᠮ ᠵᠢᠷᠤᠮ᠎ᠢ ᠬᠠᠶ᠋ᠢᠨ ᠰᠦᠪᠡᠭᠴᠢᠯᠡᠵᠤ᠂ ᠡᠭᠦᠳᠦᠨ ᠨᠡᠬᠡᠬᠡᠵᠤ᠂ ᠪᠠᠷᠢᠮᠳᠠᠯᠠᠨ ᠬᠦᠭᠵᠢᠭᠦᠯᠦᠭᠰᠡᠨ ᠠᠭᠤᠤ ᠶᠡᠭᠡ ᠦᠢ᠍ᠯᠡᠳᠦᠯᠭᠡ ᠵᠢᠴᠢ ᠴᠢᠬᠤᠯᠠ ᠶᠡᠭᠡ ᠤᠨᠤᠯ᠂ ᠲᠦᠷᠢᠮ᠎ᠤᠨ ᠰᠢᠨ᠎ᠠ ᠡᠭᠦᠳᠦᠯᠳᠡ ᠵᠢᠨ ᠦᠷ᠎ᠠ ᠪᠦᠲᠦᠭᠡᠯ᠎ᠢ ᠳᠤᠪᠤᠶ᠋ᠢᠮ᠎ᠠ ᠳᠤᠰᠬᠠᠵᠤ᠂ ᠰᠢᠨ᠎ᠠ ᠳᠤᠮᠳᠠᠳᠤ ᠤᠯᠤᠰ ᠪᠠᠶ᠋ᠢᠭᠤᠯᠤᠭᠳᠠᠭᠰᠠᠨ 70 ᠵᠢᠯ᠎ᠤᠨ ᠲᠤᠷᠰᠢᠬᠢ ᠢᠯᠠᠩᠭᠤᠶ᠎ᠠ ᠨᠠᠮ᠎ᠤᠨ ᠠᠷᠪᠠᠨ ᠨᠠᠢ᠍ᠮᠠᠳᠤᠭ᠋ᠠᠷ ᠶᠡᠭᠡ ᠬᠤᠷᠠᠯ᠎ᠠᠴᠠ ᠨᠠᠭ᠋ᠠᠰᠢᠬᠢ ᠠᠵᠤ ᠠᠬᠤᠢ᠂ ᠤᠯᠤᠰ ᠲᠦᠷᠦ᠂ ᠰᠤᠶᠤᠯ᠂ ᠨᠡᠶ᠋ᠢᠭᠡᠮ᠂ ᠠᠮᠢ ᠠᠬᠤᠢ ᠵᠢᠨ ᠪᠤᠯᠪᠠᠰᠤᠨ᠂ ᠴᠡᠷᠢᠭ ᠠᠩᠭᠢ ᠪᠤᠯᠤᠨ ᠤᠯᠤᠰ᠎ᠤᠨ ᠪᠠᠳᠤᠯᠠᠨ ᠬᠠᠮᠠᠭ᠋ᠠᠯᠠᠯᠳᠠ᠂ 《ᠨᠢᠭᠡ ᠤᠯᠤᠰ ᠬᠤᠶᠠᠷ ᠪᠠᠶ᠋ᠢᠭᠤᠯᠤᠯ》 ᠪᠠ ᠡᠬᠡ ᠤᠯᠤᠰ᠎ᠤᠨ ᠨᠢᠭᠡᠳᠦᠯ᠂ ᠭᠠᠳᠠᠭ᠋ᠠᠳᠤ ᠬᠠᠷᠢᠯᠴᠠᠭ᠎ᠠ᠂ ᠨᠠᠮ᠎ᠤᠨ ᠪᠠᠶ᠋ᠢᠭᠤᠯᠤᠯᠳᠠ ᠵᠡᠷᠭᠡ ᠲᠠᠯ᠎ᠠ᠎ᠪᠠᠷ ᠤᠯᠤᠭᠰᠠᠨ ᠲᠡᠤᠬᠡᠳᠤ ᠴᠢᠨᠠᠷᠳᠠᠢ ᠠᠮᠵᠢᠯᠳᠠ᠂ ᠡᠭᠦᠰᠦᠭᠰᠡᠨ ᠲᠡᠤᠬᠡᠳᠤ ᠴᠢᠨᠠᠷᠳᠠᠢ ᠬᠤᠪᠢᠰᠤᠯᠳᠠ ᠵᠢ ᠪᠦᠬᠦ ᠲᠠᠯ᠎ᠠ᠎ᠪᠠᠷ ᠳᠤᠰᠬᠠᠪᠠ᠃
10᠎ᠤ ᠡᠳᠦᠷ ᠪᠡᠭᠡᠵᠢᠩ᠎ᠳᠤ ᠬᠤᠷᠠᠯᠳᠤᠭᠰᠠᠨ ᠲᠤᠰ ᠨᠤᠮ᠎ᠢ ᠬᠡᠪᠯᠡᠭᠰᠡᠨ ᠶᠠᠷᠢᠯᠴᠠᠬᠤ ᠬᠤᠷᠠᠯ ᠳᠡᠭᠡᠷ᠎ᠠ᠂ ᠨᠠᠮ᠎ᠤᠨ ᠲᠦᠪ ᠬᠤᠷᠢᠶᠠᠨ᠎ᠤ ᠨᠠᠮ᠎ᠤᠨ ᠲᠡᠤᠬᠡ ᠪᠠ ᠲᠤᠯᠭᠤᠷ ᠪᠢᠴᠢᠭ᠎ᠤᠨ ᠰᠤᠳᠤᠯᠭ᠋ᠠᠨ᠎ᠤ ᠬᠦᠷᠢᠶᠡᠯᠡᠩ᠎ᠤᠨ ᠳᠠᠷᠤᠭ᠎ᠠ ᠴᠢᠤᠢ ᠴᠢᠩ ᠱᠠᠨ᠄ ᠲᠤᠮᠤ ᠬᠡᠷᠡᠭ ᠶᠠᠪᠤᠳᠠᠯ᠎ᠤᠳ᠎ᠤᠨ ᠳᠡᠮᠳᠡᠭᠯᠡᠯ᠎ᠳᠤ ᠰᠢᠨ᠎ᠠ ᠳᠤᠮᠳᠠᠳᠤ ᠤᠯᠤᠰ ᠪᠠᠶ᠋ᠢᠭᠤᠯᠤᠭᠳᠠᠭᠰᠠᠨ 70 ᠵᠢᠯ᠎ᠳᠤ ᠡᠭᠦᠰᠦᠭᠰᠡᠨ ᠲᠡᠭᠷᠢ ᠭᠠᠵᠠᠷ᠎ᠢ ᠳᠤᠩᠰᠤᠯᠭ᠋ᠠᠮᠠ ᠶᠡᠭᠡ ᠬᠤᠪᠢᠷᠠᠯᠳᠠ ᠪᠠ ᠤᠯᠤᠭᠰᠠᠨ ᠭᠢᠯᠠᠯᠵᠠᠮ᠎ᠠ ᠠᠮᠵᠢᠯᠳᠠ ᠵᠢ ᠪᠤᠰᠤᠳᠴᠢ᠂ ᠤᠨᠤᠪᠴᠢᠳᠠᠢ᠂ ᠠᠮᠢᠳᠤᠯᠢᠭ ᠵᠶ᠋ᠠᠷ ᠬᠠᠷᠠᠭᠤᠯᠵᠤ᠂ ᠤᠳᠤᠬᠠᠨ᠎ᠳᠤ ᠪᠦᠬᠦ ᠨᠠᠮ᠎ᠳᠤ ᠶᠠᠪᠤᠭᠳᠠᠭᠤᠯᠵᠤ ᠪᠠᠶ᠋ᠢᠭ᠎ᠠ 《ᠤᠭ ᠰᠠᠨᠠᠭ᠎ᠠ᠎ᠪᠠᠨ ᠦᠯᠦ ᠮᠠᠷᠳᠠᠵᠤ ᠡᠭᠦᠷᠭᠡ ᠬᠠᠷᠢᠭᠤᠴᠠᠯᠭ᠎ᠠ᠎ᠪᠠᠨ ᠪᠠᠳᠤ ᠴᠡᠭᠡᠵᠢᠯᠡᠬᠦ》 ᠭᠤᠤᠯ ᠰᠡᠳᠦᠪᠳᠤ ᠬᠦᠮᠦᠵᠢᠯ᠎ᠳᠤ ᠨᠠᠮ᠎ᠤᠨ ᠲᠡᠤᠬᠡ᠂ ᠰᠢᠨ᠎ᠠ ᠳᠤᠮᠳᠠᠳᠤ ᠤᠯᠤᠰ᠎ᠤᠨ ᠲᠡᠤᠬᠡ ᠵᠢ ᠰᠤᠷᠤᠯᠴᠠᠬᠤ ᠴᠢᠬᠤᠯᠠ ᠲᠤᠰᠠᠯᠠᠮᠵᠢ ᠮᠠᠲ᠋ᠧᠷᠢᠶᠠᠯ ᠬᠠᠩᠭ᠋ᠠᠵᠠᠢ ᠭᠡᠵᠤ ᠵᠢᠭ᠋ᠠᠵᠤ ᠭᠠᠷᠭ᠋ᠠᠪᠠ᠃