ᠰᠢᠨᠬᠤᠸᠠ ᠬᠤᠷᠢᠶᠠᠨ᠎ᠤ ᠪᠡᠭᠡᠵᠢᠩ᠎ᠤᠨ 12 ᠰᠠᠷ᠎ᠠ ᠵᠢᠨ 4᠎ᠤ ᠴᠠᠬᠢᠯᠭ᠋ᠠᠨ ᠮᠡᠳᠡᠭᠡ ᠪᠦᠬᠦ ᠤᠯᠤᠰ᠎ᠤᠨ ᠤᠯᠤᠰ ᠲᠦᠷᠦ ᠵᠢᠨ ᠵᠦᠪᠯᠡᠯᠭᠡᠨ᠎ᠤ ᠭᠠᠳᠠᠭ᠋ᠠᠳᠤ ᠶᠠᠪᠤᠳᠠᠯ᠎ᠤᠨ ᠵᠦᠪᠯᠡᠯ 4᠎ᠤ ᠡᠳᠦᠷ ᠠᠮᠧᠷᠢᠺᠠ ᠵᠢᠨ ᠤᠯᠤᠰ᠎ᠤᠨ ᠬᠤᠷᠠᠯ᠎ᠤᠨ ᠳᠤᠤᠷᠠᠳᠤ ᠵᠦᠪᠯᠡᠯ᠎ᠠᠴᠠ 《2019 ᠤᠨ᠎ᠤ ᠤᠢ᠌ᠢ᠍ᠭᠤᠷᠴᠤᠳᠤᠨ ᠬᠦᠮᠦᠨ᠎ᠤ ᠡᠷᠬᠡ ᠵᠢᠨ ᠲᠦᠷᠦ ᠵᠢᠨ ᠪᠤᠳᠤᠯᠭ᠎ᠠ ᠵᠢᠨ ᠬᠠᠤᠯᠢ ᠵᠢᠨ ᠲᠦᠰᠦᠯ》᠎ᠢ ᠪᠠᠳᠤᠯᠠᠭᠰᠠᠨ ᠲᠤᠬᠠᠢ ᠢᠯᠡᠷᠬᠡᠶ᠋ᠢᠯᠡᠯᠲᠡ ᠨᠡᠶ᠋ᠢᠲᠡᠯᠡᠪᠡ᠂ ᠢᠯᠡᠷᠬᠡᠶ᠋ᠢᠯᠡᠯᠲᠡ᠎ᠨᠢ ᠳᠤᠤᠷᠠᠬᠢ ᠮᠡᠲᠦ᠄
ᠲᠤᠬᠠᠢ ᠵᠢᠨ ᠭᠠᠵᠠᠷ᠎ᠤᠨ ᠴᠠᠭ ᠵᠶ᠋ᠠᠷ 12 ᠰᠠᠷ᠎ᠠ ᠵᠢᠨ 3᠎ᠤ ᠡᠳᠦᠷ᠂ ᠠᠮᠧᠷᠢᠺᠠ ᠵᠢᠨ ᠤᠯᠤᠰ᠎ᠤᠨ ᠬᠤᠷᠠᠯ᠎ᠤᠨ ᠳᠤᠤᠷᠠᠳᠤ ᠵᠦᠪᠯᠡᠯ ᠳᠤᠮᠳᠠᠳᠤ ᠵᠢᠨ ᠲᠠᠯ᠎ᠠ ᠵᠢᠨ ᠡᠷᠡᠰ ᠴᠢᠩᠭ᠎ᠠ ᠡᠰᠡᠷᠭᠦᠴᠡᠯ᠎ᠢ ᠬᠠᠶ᠋ᠢᠬᠤᠷᠬᠤ ᠦᠭᠡᠢ᠎ᠪᠠᠷ᠂ 《2019 ᠤᠨ᠎ᠤ ᠤᠢ᠌ᠢ᠍ᠭᠤᠷᠴᠤᠳᠤᠨ ᠬᠦᠮᠦᠨ᠎ᠤ ᠡᠷᠬᠡ ᠵᠢᠨ ᠲᠦᠷᠦ ᠵᠢᠨ ᠪᠤᠳᠤᠯᠭ᠎ᠠ ᠵᠢᠨ ᠬᠠᠤᠯᠢ ᠵᠢᠨ ᠲᠦᠰᠦᠯ》᠎ᠢ ᠪᠠᠲᠤᠯᠠᠵᠤ᠂ ᠳᠤᠮᠳᠠᠳᠤ ᠤᠯᠤᠰ᠎ᠤᠨ ᠳᠤᠲᠤᠭ᠋ᠠᠲᠤ ᠶᠠᠪᠤᠳᠠᠯ᠎ᠳᠤ ᠪᠦᠳᠦᠬᠦᠯᠢᠭ ᠵᠶ᠋ᠠᠷ ᠭᠠᠷ ᠳᠦᠷᠦᠵᠦ᠂ ᠤᠯᠠᠨ ᠤᠯᠤᠰ᠎ᠤᠨ ᠬᠠᠷᠢᠯᠴᠠᠭ᠎ᠠ ᠵᠢᠨ ᠦᠨᠳᠦᠰᠦᠨ ᠲᠦᠷᠢᠮ᠎ᠢ ᠬᠦᠨᠳᠦ ᠨᠤᠴᠢᠲᠠᠢ ᠵᠦᠷᠢᠴᠡᠪᠡ᠃ ᠳᠤᠮᠳᠠᠳᠤ ᠤᠯᠤᠰ᠎ᠤᠨ ᠪᠦᠬᠦ ᠤᠯᠤᠰ᠎ᠤᠨ ᠤᠯᠤᠰ ᠲᠦᠷᠦ ᠵᠢᠨ ᠵᠦᠪᠯᠡᠯᠭᠡᠨ᠎ᠤ ᠭᠠᠳᠠᠭ᠋ᠠᠳᠤ ᠶᠠᠪᠤᠳᠠᠯ᠎ᠤᠨ ᠵᠦᠪᠯᠡᠯ᠎ᠠᠴᠠ ᠡᠭᠦᠨ᠎ᠢ ᠴᠢᠩᠭ᠎ᠠ ᠵᠢᠮᠡᠯᠡᠵᠦ᠂ ᠲᠦᠢ᠍ᠯ ᠵᠶ᠋ᠠᠷ ᠬᠢᠯᠢᠩᠨᠡᠵᠦ ᠪᠠᠶ᠋ᠢᠬᠤ ᠪᠠ ᠡᠷᠡᠰ ᠡᠰᠡᠷᠭᠦᠴᠡᠵᠦ ᠪᠠᠶ᠋ᠢᠭ᠎ᠠ᠎ᠪᠠᠨ ᠢᠯᠡᠳᠭᠡᠵᠦ ᠪᠠᠶ᠋ᠢᠨ᠎ᠠ᠃
ᠰᠢᠨᠵᠢᠶᠠᠩ ᠪᠤᠯ ᠳᠤᠮᠳᠠᠳᠤ ᠤᠯᠤᠰ᠎ᠤᠨ ᠰᠦᠷᠳᠡᠭᠦᠯᠦᠯ᠎ᠢ ᠡᠰᠡᠷᠭᠦᠴᠡᠬᠦ᠂ ᠬᠡᠲᠦᠷᠡᠮᠡᠭᠡᠢ ᠦᠵᠡᠯ᠎ᠢ ᠠᠷᠢᠯᠭ᠋ᠠᠬᠤ ᠲᠡᠮᠡᠴᠡᠯ᠎ᠤᠨ ᠭᠤᠤᠯ ᠳᠠᠶ᠋ᠢᠨ᠎ᠤ ᠲᠠᠯᠠᠪᠤᠷ ᠪᠤᠯᠤᠨ᠎ᠠ᠃ ᠨᠢᠭᠡ ᠬᠡᠰᠡᠭ ᠬᠤᠭᠤᠴᠠᠭ᠋ᠠᠨ᠎ᠳᠤ᠂ ᠰᠢᠨᠵᠢᠶᠠᠩ ᠰᠦᠷᠳᠡᠭᠦᠯᠦᠯ᠎ᠤᠨ ᠦᠵᠡᠯ᠂ ᠱᠠᠰᠢᠨ ᠰᠤᠷᠲᠠᠬᠤᠨ᠎ᠤ ᠬᠡᠲᠦᠷᠡᠮᠡᠭᠡᠢ ᠦᠵᠡᠯ᠎ᠤᠨ ᠬᠤᠤᠷ ᠬᠦᠨᠦᠭᠡᠯ᠎ᠢ ᠭᠦᠨ ᠠᠮᠰᠠᠵᠤ᠂ ᠠᠷᠠᠳ ᠲᠦᠮᠡᠨ᠎ᠤ ᠠᠮᠢ ᠨᠠᠰᠤᠨ᠎ᠤ ᠠᠮᠤᠷ ᠲᠦᠪᠰᠢᠨ ᠬᠦᠨᠳᠦ ᠨᠤᠴᠢᠲᠠᠢ ᠰᠦᠷᠳᠡᠭᠦᠯᠦᠯ᠎ᠳᠤ ᠤᠴᠠᠷᠠᠪᠠ᠃ ᠰᠢᠨᠵᠢᠶᠠᠩ᠎ᠳᠤ ᠪᠠᠶ᠋ᠢᠭᠤᠯᠤᠬᠰᠠᠨ ᠬᠦᠮᠦᠵᠢᠯ ᠪᠤᠯᠪᠠᠰᠤᠷᠠᠯ᠎ᠤᠨ ᠲᠦᠪ ᠪᠤᠯ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠬᠦᠮᠦᠵᠢᠯ ᠪᠤᠯᠪᠠᠰᠤᠷᠠᠯ᠎ᠤᠨ ᠰᠤᠷᠭ᠋ᠠᠭᠤᠯᠢ ᠪᠠᠶ᠋ᠢᠵᠤ᠂ ᠬᠦᠴᠦᠷᠬᠡᠭᠯᠡᠯ ᠰᠦᠷᠳᠡᠭᠦᠯᠦᠯ ᠬᠡᠲᠦᠷᠡᠮᠡᠭᠡᠢ ᠦᠵᠡᠯ᠎ᠳᠤ 《ᠲᠡᠷᠢᠬᠢ᠎ᠪᠠᠨ ᠤᠬᠢᠶᠠᠯᠭ᠋ᠠᠭᠰᠠᠨ》 ᠬᠦᠮᠦᠰ᠎ᠢ ᠬᠠᠪᠰᠤᠷᠤᠨ ᠬᠡᠲᠦᠷᠡᠮᠡᠭᠡᠢ ᠦᠵᠡᠯ ᠰᠠᠨᠠᠭ᠋ᠠᠨ᠎ᠤ ᠬᠦᠯᠢᠶᠡᠰᠦᠯᠡᠯ᠎ᠠᠴᠠ ᠠᠩᠭᠢᠵᠢᠷᠠᠭᠤᠯᠵᠤ᠂ ᠬᠠᠤᠯᠢ ᠴᠠᠭ᠋ᠠᠵᠠ ᠵᠢᠨ ᠤᠬᠠᠮᠰᠠᠷ᠎ᠢ᠎ᠨᠢ ᠴᠢᠩᠭ᠋ᠠᠳᠬᠠᠵᠤ᠂ ᠦᠢ᠍ᠯᠡᠳᠪᠦᠷᠢᠯᠡᠯ ᠪᠤᠯᠤᠨ ᠠᠮᠢᠳᠤᠷᠠᠯ᠎ᠤᠨ ᠴᠢᠳᠠᠪᠤᠷᠢ ᠵᠢ ᠡᠵᠡᠮᠰᠢᠭᠦᠯᠬᠦ ᠵᠢᠨ ᠲᠦᠯᠦᠭᠡ ᠶᠤᠮ᠃ ᠰᠢᠨᠵᠢᠶᠠᠩ ᠬᠠᠤᠯᠢ ᠶᠤᠰᠤᠭ᠋ᠠᠷ ᠤᠷᠢᠳᠴᠢᠯᠠᠨ ᠰᠡᠷᠭᠡᠶ᠋ᠢᠯᠡᠬᠦ ᠴᠢᠨᠠᠷᠲᠠᠢ ᠰᠦᠷᠳᠡᠭᠦᠯᠦᠯ᠎ᠢ ᠡᠰᠡᠷᠭᠦᠴᠡᠬᠦ ᠪᠠ ᠬᠡᠲᠦᠷᠡᠮᠡᠭᠡᠢ ᠦᠵᠡᠯ᠎ᠢ ᠠᠷᠢᠯᠭ᠋ᠠᠬᠤ ᠠᠯᠢ ᠤᠯᠠᠨ ᠠᠷᠭ᠎ᠠ ᠬᠡᠮᠵᠢᠶ᠎ᠠ ᠠᠪᠤᠬᠰᠠᠨ᠎ᠠᠴᠠ ᠨᠠᠭ᠋ᠠᠰᠢ᠂ 3 ᠵᠢᠯ ᠳᠠᠷᠠᠭ᠋ᠠᠯᠠᠨ ᠨᠢᠭᠡ ᠤᠳᠠᠭ᠎ᠠ ᠴᠦ᠍ ᠬᠦᠴᠦᠷᠬᠡᠭᠯᠡᠯ ᠰᠦᠷᠳᠡᠭᠦᠯᠦᠯ᠎ᠤᠨ ᠬᠡᠷᠡᠭ ᠡᠭᠦᠰᠦᠭᠰᠡᠨ ᠦᠭᠡᠢ ᠪᠠᠶ᠋ᠢᠵᠤ᠂ ᠴᠡᠴᠡᠭᠯᠡᠯ ᠲᠤᠬᠲᠠᠭᠤᠨ ᠪᠠᠶ᠋ᠢᠬᠤ᠂ ᠦᠨᠳᠦᠰᠦᠲᠡᠨ ᠪᠦᠯᠬᠦᠮᠳᠡᠭᠰᠡᠨ᠂ ᠨᠡᠶ᠋ᠢᠭᠡᠮ ᠡᠶ᠎ᠡ ᠵᠤᠬᠢᠴᠠᠩᠭᠤᠢ ᠰᠠᠶ᠋ᠢᠨ ᠰᠠᠶ᠋ᠢᠬᠠᠨ ᠪᠠᠶ᠋ᠢᠳᠠᠯ ᠢᠯᠡᠷᠡᠪᠡ᠃ ᠡᠨᠡ ᠪᠤᠯ ᠳᠤᠮᠳᠠᠳᠤ ᠤᠯᠤᠰ᠎ᠤᠨ ᠤᠯᠠᠨ ᠤᠯᠤᠰ᠎ᠤᠨ ᠰᠦᠷᠳᠡᠭᠦᠯᠦᠯ᠎ᠢ ᠡᠰᠡᠷᠭᠦᠴᠡᠬᠦ ᠦᠢ᠍ᠯᠡᠰ᠎ᠲᠠᠬᠢ ᠴᠢᠬᠤᠯᠠ ᠬᠤᠪᠢ ᠨᠡᠮᠡᠷᠢ ᠪᠤᠯᠤᠨ᠎ᠠ᠃ ᠠᠮᠧᠷᠢᠺᠠ ᠡᠨᠡ ᠬᠦ᠌ ᠬᠠᠤᠯᠢ ᠵᠢᠨ ᠲᠦᠰᠦᠯ᠎ᠢ ᠪᠠᠲᠤᠯᠠᠬᠰᠠᠨ᠎ᠨᠢ ᠰᠦᠷᠳᠡᠭᠦᠯᠦᠯ᠎ᠤᠨ ᠦᠵᠡᠯ᠎ᠢ ᠳᠡᠮᠵᠢᠵᠦ᠂ ᠬᠠᠷᠬᠢᠰᠢ ᠳᠡᠮᠵᠢᠵᠦ ᠬᠡᠷᠴᠡᠭᠡᠢ ᠶᠠᠪᠤᠵᠤ ᠪᠠᠶ᠋ᠢᠬᠤ ᠪᠠᠯᠠᠮᠠᠳ ᠠᠵᠢᠯᠯᠠᠭ᠎ᠠ᠂ ᠰᠢᠨᠵᠢᠶᠠᠩ᠎ᠤᠨ ᠰᠦᠷᠳᠡᠭᠦᠯᠦᠯ᠎ᠢ ᠡᠰᠡᠷᠭᠦᠴᠡᠬᠦ ᠦᠷ᠎ᠠ ᠪᠦᠲᠦᠭᠡᠯ᠎ᠢ ᠦᠭᠡᠶ᠋ᠢᠰᠭᠡᠨ ᠪᠠᠯᠠᠯᠵᠤ ᠪᠠᠶ᠋ᠢᠬᠤ ᠠᠵᠢᠯᠯᠠᠭ᠎ᠠ᠂ ᠤᠯᠠᠨ ᠤᠯᠤᠰ᠎ᠤᠨ ᠰᠦᠷᠳᠡᠭᠦᠯᠦᠯ᠎ᠢ ᠡᠰᠡᠷᠭᠦᠴᠡᠬᠦ ᠬᠠᠮᠲᠤᠷᠠᠯᠴᠠᠭ᠎ᠠ ᠵᠢ ᠬᠦᠨᠳᠦ ᠨᠤᠴᠢᠲᠠᠢ ᠡᠪᠳᠡᠵᠦ ᠪᠠᠶ᠋ᠢᠬᠤ ᠠᠵᠢᠯᠯᠠᠭ᠎ᠠ ᠪᠤᠯᠤᠨ᠎ᠠ᠃
ᠳᠤᠮᠳᠠᠳᠤ ᠤᠯᠤᠰ᠎ᠤᠨ ᠵᠠᠰᠠᠭ᠎ᠤᠨ ᠤᠷᠳᠤᠨ ᠰᠢᠨᠵᠢᠶᠠᠩ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠬᠦᠮᠦᠨ᠎ᠤ ᠡᠷᠬᠡ ᠪᠤᠯᠤᠨ ᠦᠨᠳᠦᠰᠦᠨ ᠡᠷᠬᠡ ᠴᠢᠯᠦᠭᠡ ᠵᠢ ᠬᠠᠤᠯᠢ ᠶᠤᠰᠤᠭ᠋ᠠᠷ ᠬᠠᠮᠠᠭ᠋ᠠᠯᠠᠵᠤ᠂ ᠰᠢᠨᠵᠢᠶᠠᠩ᠎ᠤᠨ 2500 ᠲᠦᠮᠡᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠤᠷᠤᠰᠢᠨ ᠲᠤᠬᠲᠠᠨᠢᠬᠤ ᠡᠷᠬᠡ᠂ ᠬᠦᠭᠵᠢᠯᠲᠡ ᠵᠢᠨ ᠡᠷᠬᠡ ᠵᠢ ᠬᠠᠮᠤᠭ ᠶᠡᠭᠡ ᠬᠡᠮᠵᠢᠶ᠎ᠠ᠎ᠪᠠᠷ ᠪᠠᠲᠤᠯᠠᠪᠠ᠃ ᠰᠢᠨᠵᠢᠶᠠᠩ᠎ᠤᠨ ᠤᠢ᠌ᠢ᠍ᠭᠤᠷᠤᠨ ᠦᠪᠡᠷᠲᠡᠭᠡᠨ ᠵᠠᠰᠠᠬᠤ ᠤᠷᠤᠨ ᠪᠠᠶ᠋ᠢᠭᠤᠯᠤᠬᠳᠠᠬᠰᠠᠨ 64 ᠵᠢᠯ᠎ᠤᠨ ᠲᠤᠷᠰᠢ᠂ ᠠᠵᠤ ᠠᠬᠤᠢ ᠵᠢᠨ ᠶᠡᠷᠦᠩᠬᠡᠢ ᠬᠡᠮᠵᠢᠶ᠎ᠠ 80 ᠳᠠᠬᠢᠨ ᠵᠶ᠋ᠠᠷ ᠨᠡᠮᠡᠭᠲᠡᠵᠦ᠂ 2014 ᠤᠨ᠎ᠠᠴᠠ ᠨᠠᠭ᠋ᠠᠰᠢ ᠳᠠᠷᠤᠢ 300 ᠲᠦᠮᠡ ᠰᠢᠬᠠᠮ ᠶᠠᠳᠠᠭᠤ ᠬᠦᠴᠢᠷᠳᠡᠯᠲᠡᠢ ᠬᠦᠮᠦᠨ ᠠᠮᠠ ᠶᠠᠳᠠᠭᠤ᠎ᠠᠴᠠ ᠠᠩᠬᠢᠵᠢᠷᠠᠪᠠ᠃ ᠰᠢᠨᠵᠢᠶᠠᠩ᠎ᠳᠤ ᠤᠳᠤᠬᠠᠨ᠎ᠳᠤ 28000 ᠭᠠᠷᠤᠢ ᠱᠠᠰᠢᠨ ᠰᠤᠷᠳᠠᠬᠤᠨ᠎ᠤ ᠲᠠᠯᠠᠪᠤᠷ ᠪᠠᠶ᠋ᠢᠵᠤ᠂ ᠡᠭᠦᠨ᠎ᠳᠤ 24000 ᠭᠠᠷᠤᠢ ᠯᠠᠯᠤ ᠵᠢᠨ ᠰᠦᠮ᠎ᠠ ᠪᠠᠶ᠋ᠢᠵᠤ᠂ ᠲᠡᠭᠰᠢᠳᠭᠡᠭᠡᠳ 530 ᠮᠦᠰᠯᠢᠮ᠎ᠤᠨ ᠠᠷᠠᠳ ᠤᠯᠠᠨ᠎ᠳᠤ ᠳᠠᠷᠤᠢ ᠨᠢᠭᠡ ᠯᠠᠯᠤ ᠵᠢᠨ ᠰᠦᠮ᠎ᠠ ᠪᠤᠢ᠃ ᠰᠢᠨᠵᠢᠶᠠᠩ᠎ᠤᠨ ᠬᠠᠤᠯᠢ ᠶᠤᠰᠤᠭ᠋ᠠᠷ ᠠᠪᠤᠬᠰᠠᠨ ᠠᠯᠢ ᠤᠯᠠᠨ ᠤᠷᠢᠳᠴᠢᠯᠠᠨ ᠰᠡᠷᠭᠡᠶ᠋ᠢᠯᠡᠬᠦ ᠴᠢᠨᠠᠷᠲᠠᠢ ᠰᠦᠷᠳᠡᠭᠦᠯᠦᠯ᠎ᠢ ᠡᠰᠡᠷᠭᠦᠴᠡᠬᠦ ᠪᠠ ᠬᠡᠲᠦᠷᠡᠮᠡᠬᠡᠢ ᠦᠵᠡᠯ᠎ᠢ ᠠᠷᠢᠯᠭ᠋ᠠᠬᠤ ᠠᠷᠭ᠎ᠠ ᠬᠡᠮᠵᠢᠶ᠎ᠠ᠎ᠨᠢ ᠳᠠᠷᠤᠢ ᠰᠢᠨᠵᠢᠶᠠᠩ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠠᠮᠤᠷ ᠲᠦᠪᠰᠢᠨ ᠪᠤᠯᠤᠨ ᠬᠦᠮᠦᠨ᠎ᠤ ᠡᠷᠬᠡ ᠵᠢ ᠬᠠᠮᠠᠭ᠋ᠠᠯᠠᠬᠤ ᠵᠢᠨ ᠲᠦᠯᠦᠭᠡ ᠶᠤᠮ᠃ ᠠᠮᠧᠷᠢᠺᠠ ᠵᠢᠨ ᠡᠨᠡ ᠬᠦ᠌ ᠬᠠᠤᠯᠢ ᠵᠢᠨ ᠲᠦᠰᠦᠯ᠎ᠨᠢ ᠪᠤᠳᠠᠲᠤ ᠶᠠᠪᠤᠳᠠᠯ᠎ᠢ ᠬᠠᠶ᠋ᠢᠬᠤᠷᠬᠤ ᠦᠭᠡᠢ᠂ ᠵᠦᠪ ᠪᠤᠷᠤᠭᠤ ᠵᠢ ᠭᠠᠵᠢᠭᠤᠳᠠᠭᠤᠯᠵᠤ᠂ ᠬᠦᠮᠦᠨ᠎ᠤ ᠡᠷᠬᠡ ᠵᠢ ᠬᠠᠮᠠᠭ᠋ᠠᠯᠠᠬᠤ ᠨᠡᠷ᠎ᠠ᠎ᠪᠠᠷ᠂ ᠰᠢᠨᠵᠢᠶᠠᠩ᠎ᠤᠨ ᠲᠤᠬᠲᠠᠭᠤᠨᠢ ᠡᠪᠳᠡᠬᠦ᠂ ᠳᠤᠮᠳᠠᠳᠤ ᠤᠯᠤᠰ᠎ᠤᠨ ᠬᠦᠭᠵᠢᠯᠲᠡ ᠵᠢ ᠬᠤᠷᠢᠬᠯᠠᠬᠤ ᠠᠵᠢᠯᠯᠠᠭ᠎ᠠ ᠶᠠᠪᠤᠬᠳᠠᠭᠤᠯᠵᠤ ᠪᠤᠢ᠃
ᠰᠢ ᠵᠢᠨ ᠫᠢᠩ ᠨᠦᠬᠦᠷ ᠵᠶ᠋ᠠᠷ ᠭᠤᠤᠯ ᠪᠤᠯᠭ᠋ᠠᠬᠰᠠᠨ ᠨᠠᠮ᠎ᠤᠨ ᠲᠦᠪ ᠬᠤᠷᠢᠶᠠᠨ᠎ᠤ ᠡᠷᠡᠰ ᠴᠢᠩᠭ᠎ᠠ ᠤᠳᠤᠷᠢᠳᠤᠯᠭ᠎ᠠ ᠳᠤᠤᠷ᠎ᠠ᠂ ᠰᠢᠨᠵᠢᠶᠠᠩ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠢ ᠪᠠᠭᠲᠠᠭ᠋ᠠᠬᠰᠠᠨ ᠪᠦᠬᠦ ᠳᠤᠮᠳᠠᠳᠤ ᠤᠯᠤᠰ᠎ᠤᠨ ᠠᠷᠠᠳ ᠲᠦᠮᠡᠨ᠎ᠤ ᠨᠢᠬᠲᠠ ᠪᠦᠯᠬᠦᠮᠳᠡᠯ ᠪᠠᠶ᠋ᠢᠪᠠᠯ᠂ ᠠᠯᠢᠪᠠ ᠰᠢᠨᠵᠢᠶᠠᠩ᠎ᠤᠨ ᠴᠡᠴᠡᠭᠯᠡᠯ ᠲᠤᠬᠲᠠᠭᠤᠨᠢ ᠡᠪᠳᠡᠬᠦ᠂ ᠳᠤᠮᠳᠠᠳᠤ ᠤᠯᠤᠰ᠎ᠤᠨ ᠬᠦᠭᠵᠢᠯᠲᠡ ᠵᠢ ᠬᠤᠷᠢᠬᠯᠠᠬᠤ ᠭᠤᠷᠢᠳᠠᠯᠭ᠎ᠠ ᠯᠠᠪᠲᠠᠢ ᠪᠡᠶᠡᠯᠡᠭᠳᠡᠵᠤ ᠴᠢᠲᠠᠬᠤ ᠦᠭᠡᠢ ᠶᠤᠮ᠃ ᠠᠮᠧᠷᠢᠺᠠ ᠵᠢᠨ ᠲᠠᠯ ᠠ ᠵᠦᠪ ᠪᠤᠷᠤᠭᠤ ᠵᠢ ᠢᠯᠭ᠋ᠠᠵᠤ᠂ ᠪᠤᠳᠠᠲᠤ ᠶᠠᠪᠤᠳᠠᠯ᠎ᠢ ᠲᠠᠨᠢᠵᠤ᠂ ᠰᠢᠨᠵᠢᠶᠠᠩ᠎ᠤᠨ ᠠᠰᠠᠭᠤᠳᠠᠯ᠎ᠳᠤ ᠭᠠᠷ ᠳᠦᠷᠦᠬᠦ᠎ᠪᠠᠷ ᠳᠤᠮᠳᠠᠳᠤ ᠤᠯᠤᠰ᠎ᠤᠨ ᠳᠤᠲᠤᠭ᠋ᠠᠳᠤ ᠶᠠᠪᠤᠳᠠᠯ᠎ᠳᠤ ᠭᠠᠷ ᠳᠦᠷᠦᠬᠦ ᠠᠵᠢᠯᠯᠠᠭ᠎ᠠ᠎ᠪᠠᠨ ᠳᠠᠷᠦ᠋ᠢ᠍ᠬᠠᠨ ᠵᠤᠬᠰᠤᠭ᠋ᠠᠵᠤ᠂ ᠳᠤᠮᠳᠠᠳᠤ ᠠᠮᠧᠷᠢᠺᠠ ᠵᠢᠨ ᠬᠠᠷᠢᠯᠴᠠᠭ᠋ᠠᠨ᠎ᠤ ᠶᠡᠭᠡ ᠲᠠᠯ ᠠ ᠵᠢ ᠬᠠᠮᠠᠭ᠋ᠠᠯᠠᠬᠤ᠎ᠪᠠᠷ ᠭᠤᠤᠯ ᠪᠤᠯᠭ᠋ᠠᠵᠤ᠂ ᠳᠤᠮᠳᠠᠳᠤ ᠠᠮᠧᠷᠢᠺᠠ ᠵᠢᠨ ᠢᠲᠡᠭᠡᠯᠴᠡᠭᠡ ᠪᠠ ᠬᠠᠮᠲᠤᠷᠠᠯᠴᠠᠭ᠎ᠠ᠎ᠳᠤ ᠠᠰᠢᠬᠲᠠᠢ ᠶᠠᠪᠤᠳᠠᠯ᠎ᠢ ᠢᠯᠡᠭᠦᠦ ᠬᠢᠵᠦ᠂ ᠤᠯᠠᠨ ᠤᠯᠤᠰ᠎ᠤᠨ ᠰᠦᠷᠳᠡᠭᠦᠯᠦᠯ᠎ᠢ ᠡᠰᠡᠷᠭᠦᠴᠡᠬᠦ ᠬᠠᠮᠲᠤᠷᠠᠯᠴᠠᠭ᠎ᠠ ᠵᠢ ᠬᠠᠮᠲᠤ᠎ᠪᠠᠷ ᠴᠢᠩᠭ᠋ᠠᠳᠬᠠᠵᠤ᠂ ᠳᠡᠯᠡᠬᠡᠢ ᠳ᠋ᠠᠬᠢᠨ ᠪᠠ ᠭᠠᠵᠠᠷ ᠤᠷᠤᠨ᠎ᠤ ᠡᠩᠬᠡ ᠲᠠᠶ᠋ᠢᠪᠤᠩ ᠪᠤᠯᠤᠨ ᠲᠤᠬᠲᠠᠭᠤᠨᠢ ᠬᠠᠮᠠᠭ᠋ᠠᠯᠠᠪᠠᠯ ᠵᠤᠬᠢᠨ᠎ᠠ᠃