ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠯᠪᠠᠨ ᠨᠡᠶ᠋ᠢᠲᠡᠯᠡᠯ
ᠨᠠᠮ᠎ᠤᠨ ᠲᠦᠪ ᠬᠤᠷᠢᠶᠠᠨ᠎ᠤ ᠠᠯᠪᠠᠨ ᠲᠢᠩᠭᠢᠮ ᠲᠦᠷᠦ ᠵᠢᠨ ᠶᠠᠪᠤᠳᠠᠯ᠎ᠤᠨ ᠬᠤᠷᠢᠶᠠᠨ᠎ᠤ ᠠᠯᠪᠠᠨ ᠲᠢᠩᠭᠢᠮ 《ᠤᠷᠳᠤ ᠴᠠᠭ᠋ᠠᠨ ᠬᠡᠷᠡᠮ ᠶᠡᠭᠡ ᠳᠠᠳᠠᠮᠠᠯ ᠭᠤᠤᠯ ᠤᠷᠳᠤ ᠵᠠᠮ᠎ᠤᠨ ᠠᠶᠠᠨ ᠳᠠᠶ᠋ᠢᠨ᠎ᠤ ᠤᠯᠤᠰ᠎ᠤᠨ ᠰᠤᠶᠤᠯ᠎ᠤᠨ ᠴᠡᠴᠡᠷᠯᠢᠭ᠎ᠤᠨ ᠪᠦᠲᠦᠭᠡᠨ ᠪᠠᠶ᠋ᠢᠭᠤᠯᠤᠯᠳᠠ ᠵᠢᠨ ᠲᠦᠰᠦᠯ》᠎ᠢ ᠳᠠᠷᠤᠮᠠᠯᠯᠠᠨ ᠲᠠᠷᠬᠠᠭ᠋ᠠᠪᠠ
ᠨᠡᠶ᠋ᠢᠲᠡᠯᠡᠭᠰᠡᠨ ᠴᠠᠭ᠄ 2019-12-06

     2019 ᠤᠨ᠎ᠤ 7 ᠰᠠᠷ᠎ᠠ ᠵᠢᠨ 24᠎ᠤ ᠡᠳᠦᠷ᠂ ᠨᠠᠮ᠎ᠤᠨ ᠲᠦᠪ ᠬᠤᠷᠢᠶᠠᠨ᠎ᠤ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭᠴᠢ᠂ ᠲᠦᠪ᠎ᠤᠨ ᠴᠡᠷᠢᠭ᠎ᠤᠨ ᠶᠠᠪᠤᠳᠠᠯ᠎ᠤᠨ ᠬᠤᠷᠢᠶᠠᠨ᠎ᠤ ᠲᠡᠷᠢᠭᠦᠯᠡᠭᠴᠢ ᠰᠢ ᠵᠢᠨ ᠫᠢᠩ ᠲᠦᠪ᠎ᠤᠨ ᠦᠭᠡᠷᠡᠴᠢᠯᠡᠯᠳᠡ ᠵᠢ ᠪᠦᠬᠦ ᠲᠠᠯ᠎ᠠ᠎ᠪᠠᠷ ᠭᠦᠨᠵᠡᠭᠡᠶ᠋ᠢᠷᠡᠭᠦᠯᠬᠦ ᠵᠦᠪᠯᠡᠯ᠎ᠤᠨ ᠬᠤᠷᠠᠯ᠎ᠢ ᠡᠷᠬᠢᠯᠡᠨ ᠬᠤᠷᠠᠯᠳᠤᠭᠤᠯᠵᠤ᠂ 《ᠤᠷᠳᠤ ᠴᠠᠭ᠋ᠠᠨ ᠬᠡᠷᠡᠮ᠂ ᠶᠡᠭᠡ ᠳᠠᠳᠠᠮᠠᠯ ᠭᠤᠤᠯ᠂ ᠤᠷᠳᠤ ᠵᠠᠮ᠎ᠤᠨ ᠠᠶᠠᠨ ᠳᠠᠶ᠋ᠢᠨ᠎ᠤ ᠤᠯᠤᠰ᠎ᠤᠨ ᠰᠤᠶᠤᠯ᠎ᠤᠨ ᠴᠡᠴᠡᠷᠯᠢᠭ᠎ᠤᠨ ᠪᠦᠲᠦᠭᠡᠨ ᠪᠠᠶ᠋ᠢᠭᠤᠯᠤᠯᠳᠠ ᠵᠢᠨ ᠲᠦᠰᠦᠯ》 (ᠳᠤᠷᠤᠭᠰᠢ 《ᠲᠦᠰᠦᠯ》 ᠭᠡᠵᠤ ᠳᠦᠭᠦᠮᠴᠢᠯᠡᠨ᠎ᠠ)᠎ᠢ ᠬᠢᠨᠠᠨ ᠵᠦᠪᠯᠡᠨ ᠪᠠᠳᠤᠯᠠᠵᠠᠢ᠃ ᠤᠢ᠌ᠢ᠍ᠷ᠎ᠠ᠎ᠳᠤ᠂ ᠨᠠᠮ᠎ᠤᠨ ᠲᠦᠪ ᠬᠤᠷᠢᠶᠠᠨ᠎ᠤ ᠠᠯᠪᠠᠨ ᠲᠢᠩᠭᠢᠮ᠂ ᠲᠦᠷᠦ ᠵᠢᠨ ᠶᠠᠪᠤᠳᠠᠯ᠎ᠤᠨ ᠬᠤᠷᠢᠶᠠᠨ᠎ᠤ ᠠᠯᠪᠠᠨ ᠲᠢᠩᠭᠢᠮ 《ᠲᠦᠰᠦᠯ》᠎ᠢ ᠳᠠᠷᠤᠮᠠᠯᠯᠠᠨ ᠲᠠᠷᠬᠠᠭ᠋ᠠᠭᠰᠠᠨ ᠪᠦᠭᠡᠳ ᠮᠡᠳᠡᠭᠳᠡᠯ ᠪᠠᠭᠤᠯᠭ᠋ᠠᠵᠤ᠂ ᠡᠯ᠎ᠠ ᠭᠠᠵᠠᠷ ᠤᠷᠤᠨ ᠡᠯ᠎ᠠ ᠰᠠᠯᠠᠭ᠎ᠠ ᠮᠦᠴᠢᠷ᠎ᠤᠨ᠎ᠬᠢᠨ ᠪᠤᠳᠠᠳᠠᠢ ᠪᠠᠶ᠋ᠢᠳᠠᠯ᠎ᠲᠠᠢ᠎ᠪᠠᠨ ᠤᠶᠠᠯᠳᠤᠭᠤᠯᠤᠨ ᠨᠠᠷᠢᠨ ᠬᠢᠨᠠᠮᠠᠭ᠋ᠠᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠬᠡᠷᠡᠭᠳᠠᠢ ᠭᠡᠵᠤ ᠱᠠᠭ᠋ᠠᠷᠳᠠᠵᠠᠢ᠃
     《ᠲᠦᠰᠦᠯ》᠎ᠳᠤ᠂ ᠰᠢ ᠵᠢᠨ ᠫᠢᠩ᠎ᠤᠨ ᠰᠢᠨ᠎ᠠ ᠴᠠᠭ ᠦᠶ᠎ᠠ ᠵᠢᠨ ᠳᠤᠮᠳᠠᠳᠤ ᠤᠯᠤᠰ᠎ᠤᠨ ᠤᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠤᠯᠭ᠋ᠠᠵᠤ᠂ ᠨᠠᠮ᠎ᠤᠨ ᠠᠷᠪᠠ ᠶᠢᠰᠦᠳᠦᠭᠡᠷ ᠶᠡᠭᠡ ᠬᠤᠷᠠᠯ᠎ᠤᠨ ᠵᠤᠷᠢᠭ ᠰᠠᠨᠠᠭ᠎ᠠ ᠵᠢ ᠪᠦᠬᠦ ᠲᠠᠯ᠎ᠠ᠎ᠪᠠᠷ ᠲᠤᠭᠤᠰᠢᠯᠠᠭᠤᠯᠵᠤ᠂ ᠤᠷᠳᠤ ᠴᠠᠭ᠋ᠠᠨ ᠬᠡᠷᠡᠮ᠂ ᠶᠡᠭᠡ ᠳᠠᠳᠠᠮᠠᠯ ᠭᠤᠤᠯ᠂ ᠤᠷᠳᠤ ᠵᠠᠮ᠎ᠤᠨ ᠠᠶᠠᠨ ᠳᠠᠶ᠋ᠢᠨ᠎ᠤ ᠱᠤᠭᠤᠮ ᠳᠠᠭ᠋ᠠᠤ ᠵᠢᠨ ᠭᠤᠤᠯ ᠰᠡᠳᠦᠪ ᠳᠤᠳᠤᠷᠬᠠᠢ᠂ ᠠᠭᠤᠯᠤᠭᠳᠠᠬᠤᠨ ᠳᠤᠳᠤ᠂ ᠳᠤᠪᠤᠶ᠋ᠢᠮ᠎ᠠ ᠨᠦᠯᠦᠭᠡ᠎ᠲᠠᠢ ᠲᠡᠤᠬᠡᠨ ᠳᠤᠷᠠᠰᠬᠠᠯᠳᠤ ᠵᠦᠢ᠍ᠯ ᠪᠤᠯᠤᠨ ᠰᠤᠶᠤᠯ᠎ᠤᠨ ᠡᠬᠢ ᠪᠠᠶᠠᠯᠢᠭ ᠵᠶ᠋ᠠᠷ ᠭᠤᠤᠯ ᠰᠢᠵᠢᠮ ᠪᠤᠯᠭ᠋ᠠᠵᠤ᠂ ᠳᠤᠮᠳᠠᠳᠤ ᠵᠢᠨ ᠰᠤᠶᠤᠯ᠎ᠤᠨ ᠦᠪᠡᠷᠮᠢᠴᠡ ᠡᠭᠦᠳᠦᠯᠳᠡ᠂ ᠦᠷᠳᠡᠭ᠎ᠤᠨ ᠤᠢ᠌ᠢ᠍ᠯᠠᠭ᠋ᠠᠭᠳᠠᠬᠤᠨ ᠪᠤᠯᠤᠨ ᠢᠯᠡ ᠳᠤᠳᠤ ᠤᠨᠴᠠᠯᠢᠭ᠎ᠢ ᠠᠮᠢᠳᠤᠯᠢᠭ ᠵᠶ᠋ᠠᠷ ᠢᠯᠡᠷᠡᠭᠦᠯᠵᠤ᠂ ᠰᠢᠨᠵᠢᠯᠡᠬᠦ ᠤᠬᠠᠭ᠋ᠠᠨᠴᠢ᠎ᠪᠠᠷ ᠬᠠᠮᠠᠭ᠋ᠠᠯᠠᠬᠤ᠂ ᠦᠶ᠎ᠠ ᠳᠠᠮᠵᠢᠨ ᠤᠯᠠᠮᠵᠢᠯᠠᠬᠤ᠂ ᠵᠤᠬᠢᠰᠳᠠᠢ᠎ᠪᠠᠷ ᠠᠰᠢᠬᠯᠠᠬᠤ ᠵᠢ ᠠᠬᠢᠭᠤᠯᠵᠤ᠂ ᠢᠳᠡᠪᠬᠢᠳᠠᠢ᠎ᠪᠠᠷ ᠰᠡᠳᠭᠢᠮᠵᠢ᠎ᠪᠠᠨ ᠦᠷᠭᠡᠳᠭᠡᠨ᠂ ᠠᠷᠭ᠎ᠠ᠎ᠪᠠᠨ ᠰᠢᠨᠡᠳᠭᠡᠵᠤ᠂ ᠲᠤᠭᠳᠠᠴᠠ᠎ᠪᠠᠨ ᠲᠡᠭᠦᠯᠳᠡᠷᠵᠢᠭᠦᠯᠵᠤ᠂ 2023 ᠤᠨ᠎ᠤ ᠰᠡᠭᠦᠯᠴᠢ ᠪᠤᠯᠳᠠᠯ᠎ᠠ ᠪᠦᠲᠦᠭᠡᠨ ᠪᠠᠶ᠋ᠢᠭᠤᠯᠬᠤ ᠡᠭᠦᠷᠭᠡ ᠵᠢ ᠦᠨᠳᠦᠰᠦᠨ᠎ᠳᠡᠭᠡᠨ ᠪᠡᠶᠡᠯᠡᠭᠦᠯᠵᠤ᠂ ᠤᠷᠳᠤ ᠴᠠᠭ᠋ᠠᠨ ᠬᠡᠷᠡᠮ᠂ ᠶᠡᠭᠡ ᠳᠠᠳᠠᠮᠠᠯ ᠭᠤᠤᠯ᠂ ᠤᠷᠳᠤ ᠵᠠᠮ᠎ᠤᠨ ᠠᠶᠠᠨ ᠳᠠᠶ᠋ᠢᠨ᠎ᠤ ᠱᠤᠭᠤᠮ ᠳᠠᠭ᠋ᠠᠤ ᠵᠢᠨ ᠲᠡᠤᠬᠡᠨ ᠳᠤᠷᠠᠰᠬᠠᠯᠳᠤ ᠵᠦᠢ᠍ᠯ ᠪᠤᠯᠤᠨ ᠰᠤᠶᠤᠯ᠎ᠤᠨ ᠡᠬᠢ ᠪᠠᠶᠠᠯᠢᠭ᠎ᠢ ᠬᠠᠮᠠᠭ᠋ᠠᠯᠠᠬᠤ ᠤᠯᠠᠮᠵᠢᠯᠠᠬᠤ ᠠᠰᠢᠬᠯᠠᠬᠤ ᠵᠢ ᠵᠤᠬᠢᠰᠳᠠᠢ ᠠᠬᠢᠭᠤᠯᠬᠤ ᠪᠠᠶ᠋ᠢᠳᠠᠯ᠎ᠢ ᠠᠩᠬ᠎ᠠ ᠠᠯᠬᠤᠮ ᠪᠦᠷᠢᠯᠳᠦᠭᠦᠯᠵᠤ᠂ ᠡᠷᠬᠡ ᠬᠠᠷᠢᠭᠤᠴᠠᠯᠭ᠎ᠠ᠎ᠨᠢ ᠳᠤᠳᠤᠷᠬᠠᠢ᠂ ᠡᠵᠡᠩᠨᠡᠯᠳᠡ᠎ᠨᠢ ᠦᠨᠳᠦᠷ ᠪᠦᠲᠦᠮᠵᠢᠳᠠᠢ᠂ ᠬᠢᠨᠠᠯᠳᠠ᠎ᠨᠢ ᠵᠢᠷᠤᠮᠵᠢᠯ᠎ᠲᠠᠢ ᠬᠠᠮᠢᠶᠠᠷᠤᠯᠳᠠ ᠵᠢᠨ ᠵᠠᠭᠪᠤᠷ᠎ᠢ ᠠᠩᠬ᠎ᠠ ᠠᠯᠬᠤᠮ ᠪᠦᠷᠢᠯᠳᠦᠭᠦᠯᠵᠤ᠂ ᠬᠠᠭᠤᠯᠪᠤᠷᠢᠯᠠᠨ ᠳᠡᠯᠭᠡᠷᠡᠭᠦᠯᠵᠤ ᠪᠤᠯᠬᠤ ᠦᠷ᠎ᠠ ᠪᠦᠲᠦᠭᠡᠯ᠎ᠤᠨ ᠲᠤᠷᠰᠢᠯᠭ᠎ᠠ ᠵᠢ ᠪᠦᠷᠢᠯᠳᠦᠭᠦᠯᠵᠤ᠂ ᠤᠯᠤᠰ᠎ᠤᠨ ᠰᠤᠶᠤᠯ᠎ᠤᠨ ᠴᠡᠴᠡᠷᠯᠢᠭ᠎ᠤᠨ ᠪᠦᠲᠦᠭᠡᠨ ᠪᠠᠶ᠋ᠢᠭᠤᠯᠤᠯᠳᠠ ᠵᠢ ᠪᠦᠬᠦ ᠲᠠᠯ᠎ᠠ᠎ᠪᠠᠷ ᠠᠬᠢᠭᠤᠯᠬᠤ᠎ᠳᠤ ᠰᠠᠶ᠋ᠢᠨ ᠰᠠᠶ᠋ᠢᠬᠠᠨ ᠨᠦᠬᠦᠴᠡᠯ ᠪᠦᠷᠢᠯᠳᠦᠭᠦᠯᠦᠨ ᠦᠭᠬᠦ ᠬᠡᠷᠡᠭᠳᠠᠢ ᠭᠡᠵᠤ ᠴᠢᠬᠤᠯᠠᠴᠢᠯᠠᠵᠠᠢ᠃
     《ᠳᠦᠰᠦᠯ》᠎ᠳᠤ᠂ ᠬᠠᠮᠠᠭ᠋ᠠᠯᠠᠬᠤ ᠵᠢ ᠳᠡᠷᠢᠬᠦᠨ᠎ᠳᠤ ᠳᠠᠯᠪᠢᠬᠤ᠂ ᠤᠯᠠᠮᠵᠢᠯᠠᠬᠤ ᠵᠢ ᠴᠢᠩᠭ᠋ᠠᠳᠬᠠᠬᠤ᠂ ᠰᠤᠶᠤᠯ ᠵᠶ᠋ᠠᠷ ᠬᠦᠳᠦᠯᠤᠮᠵᠢ ᠪᠤᠯᠭ᠋ᠠᠬᠤ᠂ ᠤᠨᠴᠠᠯᠢᠬ᠎ᠢ ᠢᠯᠡᠷᠡᠬᠦᠯᠬᠦ ᠵᠢ ᠪᠠᠷᠢᠮᠳᠠᠯᠠᠵᠦ᠂ ᠪᠦᠬᠦᠯᠢ ᠴᠤᠭᠴᠠ᠎ᠪᠠᠷ ᠵᠢᠷᠤᠬᠯᠠᠨ ᠳᠦᠯᠦᠪᠯᠡᠵᠦ᠂ ᠨᠢᠬᠡᠳᠦᠯᠳᠡᠢ ᠳᠦᠯᠦᠪᠵᠢᠬᠦᠯᠵᠦ᠂ ᠢᠳᠡᠪᠬᠢᠳᠡᠢ ᠪᠦᠬᠡᠳ ᠯᠠᠪᠳᠠᠭᠤᠨ ᠪᠠᠲᠤᠲᠠᠢ ᠬᠢᠵᠤ᠂ ᠦᠬᠡᠷᠡᠴᠢᠯᠡᠯᠳᠡ ᠬᠢᠵᠦ ᠰᠢᠨ᠎ᠠ ᠵᠢ ᠡᠬᠦᠳᠴᠤ᠂ ᠭᠠᠵᠠᠷ ᠤᠷᠤᠨ᠎ᠤ ᠪᠠᠶ᠋ᠢᠳᠠᠯ᠎ᠳᠤ ᠳᠤᠬᠢᠷᠠᠭᠤᠯᠤᠨ᠂ ᠳᠦᠷᠦᠯ ᠬᠤᠪᠢᠶᠠᠨ ᠵᠢᠯᠤᠭᠤᠳᠴᠤ᠂ ᠳᠡᠤᠬᠡ ᠵᠢᠨ ᠳᠤᠷᠠᠰᠬᠠᠯᠳᠤ ᠵᠦᠢ᠍ᠯ ᠪᠤᠯᠤᠨ ᠰᠤᠶᠤᠯ᠎ᠤᠨ ᠡᠬᠢ ᠪᠡᠶᠡᠯᠢᠬ᠎ᠤᠨ ᠪᠦᠬᠦᠯᠢ ᠴᠤᠬ᠍ᠴᠠ ᠵᠢᠨ ᠪᠠᠶ᠋ᠢᠷᠢᠰᠢᠭᠤᠯᠤᠯ᠂ ᠳᠦᠷᠦᠯᠬᠢ ᠵᠦᠷᠢᠶ᠎ᠡ ᠵᠢᠴᠢ ᠬᠠᠪᠢ ᠳᠦᠰᠦᠷ᠎ᠤᠨ ᠬᠦᠮᠦᠨ ᠰᠠᠭᠤᠷᠢᠰᠢᠬᠤ ᠤᠷᠴᠢᠨ ᠳᠤᠭᠤᠷᠢᠨ᠂ ᠪᠠᠶ᠋ᠢᠭ᠋ᠠᠯᠢ ᠵᠢᠨ ᠨᠦᠬᠦᠴᠡᠯ᠂ ᠢᠵᠢ ᠪᠦᠷᠢᠳᠦᠬᠦᠯᠬᠦ ᠳᠦᠬᠦᠬᠡᠷᠦᠮᠵᠢ ᠵᠡᠷᠬᠡ ᠪᠠᠶ᠋ᠢᠳᠠᠯ᠎ᠢ ᠦᠨᠳᠦᠰᠦᠯᠡᠨ᠂ ᠬᠠᠮᠢᠶᠠᠷᠬᠤ ᠡᠵᠡᠮᠳᠡᠬᠦ ᠬᠠᠮᠠᠭ᠋ᠠᠯᠠᠬᠤ᠂ ᠭᠤᠤᠯ ᠰᠡᠳᠦᠪ᠎ᠢ ᠢᠯᠡᠷᠡᠬᠦᠯᠬᠦ᠂ ᠰᠤᠶᠤᠯ ᠵᠢᠭᠤᠯᠴᠢᠯᠠᠯ᠎ᠢ ᠠᠭᠤᠰᠤᠯᠴᠠᠭᠤᠯᠬᠤ᠂ ᠤᠯᠠᠮᠵᠢᠯᠠᠯ᠎ᠢ ᠠᠰᠢᠬᠯᠠᠬᠤ 4 ᠳᠦᠷᠦᠯ᠎ᠤᠨ ᠭᠤᠤᠯ ᠴᠤᠬ᠍ᠴᠠᠳᠤ ᠴᠢᠳᠡᠮᠵᠢ ᠵᠢᠨ ᠤᠷᠤᠨ᠎ᠢ ᠭᠤᠤᠯᠳᠠᠯᠭ᠎ᠠ᠎ᠲᠠᠢ ᠪᠦᠳᠦᠬᠡᠨ ᠪᠠᠶ᠋ᠢᠭᠤᠯᠬᠤ ᠬᠡᠷᠡᠭᠳᠡᠢ ᠬᠡᠵᠦ ᠳᠤᠳᠤᠷᠬᠠᠢ᠌ᠢ᠍ᠯᠠᠪᠠ᠃
     《ᠳᠦᠰᠦᠯ》᠎ᠳᠤ᠂ ᠬᠠᠤᠯᠢ ᠴᠠᠭ᠋ᠠᠵᠠ ᠬᠠᠤᠯᠢ ᠳᠦᠷᠢᠮ᠎ᠢ ᠵᠠᠰᠠᠪᠤᠷᠢ ᠤᠷᠤᠭᠤᠯᠬᠤ ᠪᠠ ᠳᠤᠬᠳᠠᠭ᠋ᠠᠵᠦ᠂ ᠬᠠᠮᠠᠭ᠋ᠠᠯᠠᠬᠤ ᠤᠯᠠᠮᠵᠢᠯᠠᠬᠤ ᠠᠰᠢᠬᠯᠠᠬᠤ ᠵᠤᠬᠢᠴᠠᠭᠤᠯᠬᠤ ᠠᠬᠢᠭᠤᠯᠬᠤ ᠤᠢ᠌ᠢ᠍ᠯᠠᠭ᠋ᠠᠬᠳᠠᠬᠤᠨ᠎ᠢ ᠬᠠᠤᠯᠢ ᠳᠦᠷᠢᠮ᠎ᠳᠤ ᠤᠷᠤᠭᠤᠯᠬᠤ ᠵᠢ ᠠᠬᠢᠭᠤᠯᠬᠤ ᠬᠡᠷᠡᠭᠳᠡᠢ; ᠤᠯᠠᠨ ᠳᠤᠬᠳᠠᠭ᠋ᠠᠯ᠎ᠢ ᠨᠡᠶ᠋ᠢᠳᠬᠡᠬᠦ ᠱᠠᠭ᠋ᠠᠷᠳᠠᠯᠭ᠎ᠠ ᠶᠤᠰᠤᠭ᠋ᠠᠷ᠂ ᠤᠯᠤᠰ᠎ᠤᠨ ᠨᠤᠳᠤᠬ ᠳᠠᠪᠢᠰᠭᠡᠷ᠎ᠤᠨ ᠤᠷᠤᠨ ᠵᠠᠢ ᠵᠢᠨ ᠳᠦᠯᠦᠪᠵᠢᠬᠦᠯᠬᠡ᠎ᠯᠦᠭᠡ ᠤᠶᠠᠯᠳᠤᠭᠤᠯᠤᠨ᠂ ᠤᠷᠳᠤ ᠴᠠᠭ᠋ᠠᠨ ᠬᠡᠷᠡᠮ᠂ ᠶᠡᠭᠡ ᠳᠠᠳᠠᠮᠠᠯ ᠭᠤᠤᠯ᠂ ᠤᠷᠳᠤ ᠵᠠᠮ᠎ᠤᠨ ᠠᠶᠠᠨ ᠳᠠᠶ᠋ᠢᠨ᠎ᠤ ᠤᠯᠤᠰ᠎ᠤᠨ ᠰᠤᠶᠤᠯ᠎ᠤᠨ ᠴᠡᠴᠡᠷᠯᠢᠭ᠎ᠤᠨ ᠪᠦᠳᠦᠬᠡᠨ ᠪᠠᠶ᠋ᠢᠭᠤᠯᠤᠯᠳᠠ ᠬᠠᠮᠠᠭ᠋ᠠᠯᠠᠯᠳᠠ ᠳᠦᠯᠦᠪᠵᠢᠬᠦᠯᠬᠡ ᠵᠢ ᠳᠤᠰ ᠪᠦᠷᠢ ᠨᠡᠶ᠋ᠢᠷᠡᠭᠤᠯᠤᠨ ᠳᠤᠬᠳᠠᠭ᠋ᠠᠬᠤ ᠬᠡᠷᠡᠭᠳᠡᠢ; ᠳᠡᠤᠬᠡ ᠵᠢᠨ ᠳᠤᠷᠠᠰᠬᠠᠯᠳᠤ ᠵᠦᠢ᠍ᠯᠡᠰ ᠪᠤᠯᠤᠨ ᠰᠤᠶᠤᠯ᠎ᠤᠨ ᠡᠬᠢ ᠪᠠᠶᠠᠯᠢᠬ᠎ᠢ ᠬᠠᠮᠠᠭ᠋ᠠᠯᠠᠬᠤ ᠤᠯᠠᠮᠵᠢᠯᠠᠬᠤ ᠠᠰᠢᠬᠯᠠᠬᠤ ᠵᠢ ᠵᠤᠬᠢᠴᠠᠩᠭᠤᠢ᠎ᠪᠠᠷ ᠠᠬᠢᠭᠤᠯᠵᠦ᠂ ᠬᠠᠮᠠᠭ᠋ᠠᠯᠠᠵᠦ ᠤᠯᠠᠮᠵᠢᠯᠠᠬᠤ᠂ ᠰᠤᠳᠤᠯᠵᠦ ᠠᠭᠤᠳᠠᠯᠬᠤ᠂ ᠤᠷᠴᠢᠨ ᠳᠤᠭᠤᠷᠢᠨ᠎ᠢ ᠢᠵᠢ ᠪᠦᠷᠢᠳᠦᠬᠦᠯᠬᠦ᠂ ᠰᠤᠶᠤᠯ ᠵᠢᠭᠤᠯᠴᠢᠯᠠᠯ᠎ᠢ ᠠᠭᠤᠰᠤᠯᠴᠠᠭᠤᠯᠬᠤ᠂ ᠳᠤᠭ᠋ᠠᠴᠢᠯᠠᠯᠳᠠ᠎ᠪᠠᠷ ᠳᠠᠬᠢᠨ ᠢᠯᠡᠷᠡᠬᠦᠯᠬᠦ ᠵᠡᠷᠬᠡ ᠭᠤᠤᠯᠳᠠᠯᠭ᠎ᠠ᠎ᠲᠠᠢ ᠰᠠᠭᠤᠷᠢ ᠢᠨᠵᠧᠨᠧᠷᠢᠩ᠎ᠤᠨ ᠪᠦᠳᠦᠬᠡᠨ ᠪᠠᠶ᠋ᠢᠭᠤᠯᠤᠯᠳᠠ ᠵᠢ ᠰᠢᠰᠲ᠋ᠧᠮ᠎ᠲᠠᠢ ᠠᠬᠢᠭᠤᠯᠬᠤ ᠬᠡᠷᠡᠭᠳᠡᠢ; ᠤᠯᠤᠰ᠎ᠤᠨ ᠰᠤᠶᠤᠯ᠎ᠤᠨ ᠴᠡᠴᠡᠷᠯᠢᠭ᠎ᠤᠨ ᠪᠦᠳᠦᠬᠡᠨ ᠪᠠᠶ᠋ᠢᠭᠤᠯᠤᠯᠳᠠ ᠬᠠᠮᠢᠶᠠᠷᠤᠯᠳᠠ ᠵᠢᠨ ᠪᠠᠶ᠋ᠢᠭᠤᠯᠤᠮᠵᠢ ᠳᠤᠬᠳᠠᠴᠠ ᠵᠢ ᠳᠡᠬᠦᠯᠳᠡᠷᠵᠢᠬᠦᠯᠵᠦ᠂ ᠳᠦᠪ᠎ᠠᠴᠠ ᠨᠢᠬᠡᠳᠦᠯᠳᠡᠢ ᠳᠦᠯᠦᠪᠵᠢᠬᠦᠯᠬᠦ᠂ ᠮᠤᠵᠢ᠎ᠠᠴᠠ ᠶᠡᠷᠦᠩᠬᠡᠢ ᠬᠠᠷᠢᠭᠤᠴᠠᠯᠭ᠎ᠠ ᠵᠢ ᠡᠬᠦᠷᠬᠡᠯᠡᠬᠦ᠂ ᠳᠡᠰ ᠬᠤᠪᠢᠶᠠᠨ ᠬᠠᠮᠢᠶᠠᠷᠤᠯᠳᠠ ᠬᠢᠬᠦ᠂ ᠬᠡᠰᠡᠭ ᠬᠤᠪᠢᠶᠠᠨ ᠬᠠᠷᠢᠭᠤᠴᠠᠬᠤ ᠠᠵᠢᠯ᠎ᠤᠨ ᠪᠠᠶ᠋ᠢᠷᠢᠰᠢᠯ᠎ᠢ ᠴᠤᠬ᠍ᠴᠠᠯᠠᠨ ᠪᠠᠶ᠋ᠢᠭᠤᠯᠵᠦ᠂ ᠦᠵᠦ ᠳᠦᠯᠦᠪᠯᠡᠭᠡ ᠵᠢ ᠴᠢᠩᠭ᠋ᠠᠳᠬᠠᠵᠦ᠂ ᠤᠷᠤᠨ ᠪᠦᠰᠡ ᠠᠯᠤᠰᠯᠠᠨ ᠨᠢᠬᠡᠳᠦᠯᠳᠡᠢ ᠳᠦᠯᠦᠪᠵᠢᠬᠦᠯᠦᠨ ᠵᠤᠬᠢᠴᠠᠭᠤᠯᠵᠦ᠂ ᠳᠦᠷᠦ ᠵᠢᠨ ᠪᠤᠳᠤᠯᠭ᠎ᠠ᠂ ᠪᠡᠯᠡ ᠮᠦᠩᠬᠦ ᠵᠡᠷᠬᠡ ᠳᠠᠯ᠎ᠠ᠎ᠪᠠᠷ ᠤᠷᠤᠨ ᠨᠤᠳᠤᠬ᠎ᠲᠤ ᠨᠦᠬᠦᠴᠡᠯ ᠡᠬᠦᠳᠴᠤ ᠦᠭᠬᠦ ᠬᠡᠷᠡᠭᠳᠡᠢ᠃ ᠵᠤᠬᠢᠶᠠᠨ ᠪᠠᠶ᠋ᠢᠭᠤᠯᠤᠯᠳᠠ ᠵᠢᠨ ᠤᠳᠤᠷᠢᠳᠤᠯᠭ᠎ᠠ ᠪᠤᠯᠤᠨ ᠤᠯᠤᠰ ᠳᠦᠷᠦ ᠵᠢᠨ ᠪᠠᠳᠤᠯᠠᠭ᠎ᠠ ᠵᠢ ᠴᠢᠩᠭ᠋ᠠᠳᠬᠠᠵᠦ᠂ ᠦᠷᠬᠡᠨ ᠵᠶ᠋ᠠᠷ ᠤᠬᠠᠭᠤᠯᠤᠨ ᠵᠢᠯᠤᠭᠤᠳᠴᠤ᠂ ᠱᠠᠯᠠᠪᠳᠠᠭᠤᠯᠤᠨ ᠨᠠᠶ᠋ᠢᠳᠠᠪᠤᠷᠢᠵᠢᠭᠤᠯᠬᠤ ᠵᠢ ᠴᠢᠩᠭ᠋ᠠᠳᠬᠠᠵᠦ᠂ 《ᠳᠦᠰᠦᠯ》᠎ᠤᠨ ᠪᠠᠶ᠋ᠢᠷᠢᠯᠠᠭᠤᠯᠤᠯᠳᠠ ᠵᠢᠨ ᠡᠯ᠎ᠠ ᠳᠦᠷᠦᠯ᠎ᠤᠨ ᠪᠦᠳᠦᠬᠡᠨ ᠪᠠᠶ᠋ᠢᠭᠤᠯᠤᠯᠳᠠ ᠵᠢᠨ ᠡᠬᠦᠷᠬᠡ ᠵᠢ ᠦᠨᠡᠨ ᠪᠤᠳᠠᠳᠠᠢ ᠨᠠᠶ᠋ᠢᠳᠠᠪᠤᠷᠢᠵᠢᠭᠤᠯᠬᠤ ᠵᠢ ᠦᠨᠡᠨ ᠬᠦ᠌ ᠪᠠᠳᠤᠯᠠᠬᠤ ᠬᠡᠷᠡᠭᠳᠡᠢ ᠬᠡᠵᠦ ᠱᠠᠭ᠋ᠠᠷᠳᠠᠪᠠ᠃


ᠢᠷᠡᠯᠲᠡ᠄ ᠳᠣᠮᠳᠠᠳᠣ ᠣᠯᠣᠰ᠎ᠤᠨ ᠮᠣᠩᠭᠣᠯ ᠬᠡᠯᠡᠨ᠎ᠤ ᠰᠣᠨᠢᠨ ᠮᠡᠳᠡᠭᠡ ᠵᠢᠨ ᠰᠦᠯᠵᠢᠶ᠎ᠡ
          
ᠬᠠᠮᠢᠶ᠎ᠡ ᠪᠦᠬᠦᠢ ᠰᠣᠨᠢᠨ
ᠤᠯᠤᠰ᠎ᠤᠨ ᠳᠡᠷᠢᠬᠦᠯᠡᠭᠴᠢ ᠰᠢ ᠵᠢᠨ ᠫᠢᠩ 2020 ᠤᠨ᠎ᠤ ᠰᠢᠨ᠎ᠡ ᠵᠢᠯ᠎ᠤᠨ ᠪᠠᠶᠠᠷ᠎ᠤᠨ ᠦᠬᠡ ᠨᠡᠶ᠋ᠢᠳᠡᠯᠡᠪᠡ
2019 ᠣᠨ᠎ᠤ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠭᠠᠷᠮᠠᠭ᠋ᠠᠢ ᠴᠢᠳᠠᠪᠤᠷᠢᠲᠠᠨ᠎ᠤ ᠱᠠᠩᠨᠠᠯ》 ᠣᠯᠣᠭᠰᠠᠳ᠎ᠢ ᠬᠦᠬᠢᠭᠦᠯᠦᠨ ᠰᠠᠶ᠋ᠢᠰᠢᠶᠠᠬᠤ ᠲᠤᠬᠠᠢ
ᠰᠦ ᠴᠠᠭ᠋ᠠᠨ ᠢᠳᠡᠭᠡᠨ᠎ᠤ ᠦᠢ᠍ᠯᠡᠰ᠎ᠤᠨ ᠥᠷᠨᠢᠨ ᠬᠥᠭᠵᠢᠬᠦ ᠵᠢ ᠠᠬᠢᠭᠤᠯᠬᠤ ᠲᠣᠬᠠᠢ
ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠭᠤᠤᠯᠳᠠᠯᠭ᠎ᠠ᠎ᠲᠠᠢ ᠪᠠᠳᠤᠯᠠᠭ᠋ᠠᠨ᠎ᠤ ᠠᠵᠦ ᠠᠬᠤᠶ᠋ᠢᠯᠠᠯ ᠪᠤᠯᠤᠨ ᠬᠢᠵᠢᠭ᠎ᠤᠨ ᠪᠠᠶ᠋ᠢᠳᠠᠯ᠎ᠳᠤ ᠨᠦᠯᠦᠭᠡᠯᠡᠭᠳᠡᠭᠰᠡᠨ ᠦᠢ᠍ᠯᠡᠳᠪᠦᠷᠢᠯᠡᠯ ᠡᠵᠡᠩᠨᠡᠯᠳᠡ᠎ᠨᠢ ᠬᠦᠴᠢᠷᠳᠡᠯᠳᠡᠢ ᠲᠤᠮᠳᠠ ᠪᠠᠭ᠎ᠠ ᠠᠵᠦ ᠠᠬᠤᠶ᠋ᠢᠯᠠᠯ᠎ᠤᠨ ᠡᠷᠡᠭᠦᠯ ᠵᠶ᠋ᠠᠷ ᠬᠦᠭᠵᠢᠬᠦ ᠵᠢ ᠳᠡᠮᠵᠢᠬᠦ ᠲᠦᠷᠥ ᠵᠢᠨ ᠪᠤᠳᠣᠯᠭ᠎ᠠ ᠠᠷᠭ᠎ᠠ ᠬᠡᠮᠵᠢᠶ᠎ᠡ ᠵᠢᠨ ᠲᠤᠬᠠᠢ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠤᠷᠳᠤᠨ᠎ᠤ ᠮᠡᠳᠡᠭᠳᠡᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠡᠭᠡᠷ᠎ᠡ ᠵᠢᠨ ᠠᠮᠢᠲᠠᠨ ᠤᠷᠭᠤᠮᠠᠯ ᠬᠢᠭᠡᠳ ᠴᠢᠭᠢᠭᠯᠢᠭ ᠭᠠᠵᠠᠷ᠎ᠢ ᠬᠠᠮᠠᠭ᠋ᠠᠯᠠᠬᠤ ᠨᠡᠶ᠋ᠢᠭᠡᠮᠯᠢᠭ᠎ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠶ᠋ᠢᠳᠠᠯ᠎ᠢ ᠡᠰᠡᠷᠭᠦᠴᠡᠬᠦ ᠰᠠᠨᠠᠭ᠋ᠠᠴᠢᠯᠠᠭ᠎ᠠ ᠵᠢᠨ ᠪᠢᠴᠢᠭ
 
             蒙ICP备05000248号