ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠯᠪᠠᠨ ᠨᠡᠶ᠋ᠢᠲᠡᠯᠡᠯ
ᠦᠪᠤᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ ᠲᠦᠪ᠎ᠤᠨ ᠤᠷᠴᠢᠨ ᠲᠤᠭᠤᠷᠢᠨ᠎ᠤ ᠬᠠᠮᠠᠭ᠋ᠠᠯᠠᠯᠳᠠ ᠵᠢᠨ ᠱᠠᠯᠠᠪᠳᠠᠭᠤᠯᠤᠨ ᠪᠠᠶ᠋ᠢᠴᠠᠭ᠋ᠠᠵᠥ 《ᠡᠷᠬᠢᠨ ᠬᠠᠷᠠᠬᠤ》 ᠵᠢᠴᠢ ᠨᠤᠳᠤᠭ ᠪᠡᠯᠴᠢᠬᠡᠷ᠎ᠤᠨ ᠠᠮᠢ ᠠᠬᠤᠢ ᠤᠷᠴᠢᠨ ᠲᠤᠭᠤᠷᠢᠨ᠎ᠤ ᠠᠰᠠᠭᠤᠳᠠᠯ᠎ᠢ ᠲᠤᠰᠬᠠᠢ ᠱᠠᠯᠠᠪᠳᠠᠭᠤᠯᠤᠨ ᠪᠠᠶ᠋ᠢᠴᠠᠭ᠋ᠠᠵᠥ ᠬᠠᠷᠢᠭᠤ ᠲᠣᠰᠬᠠᠭᠰᠠᠨ ᠰᠠᠨᠠᠯ ᠵᠶ᠋ᠠᠷ ᠴᠡᠭᠴᠡᠯᠡᠨ ᠰᠠᠶ᠋ᠢᠵᠢᠷᠠᠭᠤᠯᠬᠤ ᠲᠣᠬᠠᠢ ᠲᠦᠰᠦᠯ ᠵᠶ᠋ᠠᠨ ᠢᠯᠡ ᠨᠡᠶ᠋ᠢᠳᠡᠯᠡᠪᠡ
ᠨᠡᠶ᠋ᠢᠲᠡᠯᠡᠭᠰᠡᠨ ᠴᠠᠭ᠄ 2019-04-24

     2018 ᠤᠨ᠎ᠤ 6 ᠰᠠᠷ᠎ᠠ ᠵᠢᠨ 6᠎ᠤ ᠡᠳᠤᠷ᠎ᠠᠴᠠ 7 ᠰᠠᠷ᠎ᠠ ᠵᠢᠨ 6᠎ᠤ ᠡᠳᠤᠷ ᠪᠤᠯᠳᠠᠯ᠎ᠠ᠂ ᠲᠦᠪ᠎ᠤᠨ ᠤᠷᠴᠢᠨ ᠲᠤᠭᠤᠷᠢᠨ᠎ᠤ ᠬᠠᠮᠠᠭ᠋ᠠᠯᠠᠯᠳᠠ ᠵᠢᠨ ᠬᠤᠶᠠᠳᠤᠭ᠋ᠠᠷ ᠱᠠᠯᠠᠪᠳᠠᠭᠤᠯᠤᠨ ᠪᠠᠶ᠋ᠢᠴᠠᠭ᠋ᠠᠬᠤ ᠲᠤᠭᠤᠢ᠌ᠢ᠍ᠯᠠᠩ ᠮᠠᠨ᠎ᠤ ᠤᠷᠤᠨ᠎ᠤ ᠨᠢᠬᠡᠳᠤᠭᠡᠷ ᠡᠬᠡᠯᠵᠢ ᠵᠢᠨ ᠲᠦᠪ᠎ᠤᠨ ᠤᠷᠴᠢᠨ ᠲᠤᠭᠤᠷᠢᠨ᠎ᠤ ᠬᠠᠮᠠᠭ᠋ᠠᠯᠠᠯᠳᠠ ᠵᠢᠨ ᠱᠠᠯᠠᠪᠳᠠᠭᠤᠯᠤᠨ ᠪᠠᠶ᠋ᠢᠴᠠᠭ᠋ᠠᠵᠥ ᠴᠡᠭᠴᠡᠯᠡᠨ ᠰᠠᠶ᠋ᠢᠵᠢᠷᠠᠭᠤᠯᠤᠭᠰᠠᠠ ᠠᠵᠢᠯ᠎ᠳᠤ 《ᠡᠷᠬᠢᠨ ᠬᠠᠷᠠᠬᠤ》 ᠠᠵᠢᠯ ᠦᠷᠨᠢᠬᠦᠯᠵᠥ᠂ ᠨᠤᠳᠤᠭ ᠪᠡᠯᠴᠢᠬᠡᠷ᠎ᠤᠨ ᠠᠮᠢ ᠠᠬᠤᠢ ᠤᠷᠴᠢᠨ ᠲᠤᠭᠤᠷᠢᠨ᠎ᠤ ᠠᠰᠠᠭᠤᠳᠠᠯ᠎ᠳᠤ ᠴᠢᠭᠯᠡᠬᠦᠯᠥᠨ ᠨᠢᠬᠡᠳᠤᠯᠳᠡᠢ᠎ᠪᠠᠷ ᠲᠤᠰᠬᠠᠢ ᠱᠠᠯᠠᠪᠳᠠᠭᠤᠯᠤᠨ ᠪᠠᠶ᠋ᠢᠴᠠᠭ᠋ᠠᠯᠳᠡ ᠬᠢᠪᠡ᠃ 10 ᠰᠠᠷ᠎ᠠ ᠵᠢᠨ 17᠎ᠤ ᠡᠳᠤᠷ᠂ ᠱᠠᠯᠠᠪᠳᠠᠭᠤᠯᠤᠨ ᠪᠠᠶ᠋ᠢᠴᠠᠭ᠋ᠠᠬᠤ ᠲᠤᠭᠤᠢ᠌ᠢ᠍ᠯᠠᠩ᠎ᠤᠨ᠎ᠬᠢᠨ ᠮᠠᠨ᠎ᠤ ᠤᠷᠤᠨ᠎ᠳᠤ ᠱᠠᠯᠠᠪᠳᠠᠭᠤᠯᠤᠨ ᠪᠠᠶ᠋ᠢᠴᠠᠭ᠋ᠠᠭᠰᠠᠠ ᠰᠠᠨᠠᠯ ᠵᠶ᠋ᠠᠨ ᠬᠠᠷᠢᠭᠤ ᠲᠤᠰᠬᠠᠵᠠᠢ᠃ ᠦᠪᠡᠷᠳᠡᠭᠡᠨ ᠵᠠᠰᠠᠬᠤ ᠤᠷᠤᠨ᠎ᠤ ᠨᠠᠮ᠎ᠤᠨ ᠬᠤᠷᠢᠶ᠎ᠠ᠂ ᠵᠠᠰᠠᠭ᠎ᠤᠨ ᠤᠷᠳᠤᠨ ᠲᠡᠬᠡᠳᠤ ᠬᠡᠮᠵᠢᠶ᠎ᠡ᠎ᠪᠠᠷ ᠴᠢᠬᠤᠯᠠᠴᠢᠯᠠᠨ ᠦᠵᠡᠵᠥ᠂ ᠴᠢᠩ ᠦᠨᠡᠨᠴᠢ᠎ᠪᠠᠷ ᠬᠦᠯᠢᠶᠡᠨ ᠠᠪᠴᠦ᠂ ᠲᠡᠷᠡ ᠴᠡᠭ ᠵᠶ᠋ᠠᠷ᠎ᠨᠢ ᠪᠦᠬᠦᠨ᠎ᠢ ᠬᠦᠯᠢᠶᠡᠨ ᠠᠪᠴᠦ᠂ ᠴᠡᠭᠴᠡᠯᠡᠨ ᠰᠠᠶ᠋ᠢᠵᠢᠷᠠᠭᠤᠯᠬᠤ ᠠᠵᠢᠯ᠎ᠤᠨ ᠤᠳᠤᠷᠢᠳᠬᠤ ᠲᠤᠭᠤᠢ᠌ᠢ᠍ᠯᠠᠩ ᠪᠠᠶ᠋ᠢᠭᠤᠯᠤᠨ᠂ ᠪᠦᠬᠦ ᠤᠷᠤᠨ᠎ᠤ ᠱᠠᠯᠠᠪᠳᠠᠭᠤᠯᠤᠨ ᠪᠠᠶ᠋ᠢᠴᠠᠭ᠋ᠠᠵᠥ ᠴᠡᠭᠴᠡᠯᠡᠨ ᠰᠠᠶ᠋ᠢᠵᠢᠷᠠᠭᠤᠯᠬᠤ ᠠᠵᠢᠯ᠎ᠢ ᠨᠢᠬᠡᠳᠤᠯᠳᠡᠢ ᠲᠦᠯᠥᠪᠵᠢᠬᠦᠯᠥᠨ ᠠᠬᠢᠭᠤᠯᠪᠠ᠂ ᠯᠢ ᠵᠢᠢ ᠡᡁᠧᠩ ᠱᠦᠵᠢ ᠡᠯ᠎ᠡ ᠱᠠᠳᠤ ᠡᠯ᠎ᠡ ᠰᠠᠯᠠᠭ᠎ᠠ ᠮᠦᠴᠢᠷ᠎ᠤᠨ᠎ᠬᠢᠨ᠎ᠢ 《ᠲᠦᠷᠪᠡᠨ ᠤᠬᠠᠮᠰᠠᠷ》 ᠵᠶ᠋ᠠᠨ ᠴᠢᠨᠠᠬᠰᠢᠳᠠ ᠪᠠᠳᠤᠵᠢᠭᠤᠯᠵᠤ᠂ 《ᠬᠤᠶᠠᠷ᠎ᠢ ᠬᠠᠮᠠᠭ᠋ᠠᠯᠠᠬᠤ》 ᠵᠢ ᠦᠢ᠍ᠯᠡᠳᠦᠯᠬᠡᠵᠢᠬᠦᠯᠵᠤ ᠤᠯᠤᠰ ᠲᠦᠷᠦ ᠵᠢᠨ ᠰᠠᠬᠢᠯᠭ᠎ᠠ ᠪᠠᠳᠤ ᠪᠤᠯᠤᠨ ᠤᠯᠤᠰ ᠲᠦᠷᠦ ᠵᠢᠨ ᠶᠤᠰᠤ ᠲᠦᠷᠢᠮ᠎ᠢ ᠵᠢᠷᠤᠮᠯᠠᠨ ᠰᠠᠬᠢᠬᠤ ᠦᠨᠳᠦᠷᠴᠡ᠎ᠠᠴᠠ ᠱᠠᠯᠠᠪᠳᠠᠭᠤᠯᠤᠨ ᠪᠠᠶ᠋ᠢᠴᠠᠭ᠋ᠠᠵᠥ ᠴᠡᠭᠴᠡᠯᠡᠨ ᠰᠠᠶ᠋ᠢᠵᠢᠷᠠᠭᠤᠯᠬᠤ ᠤᠬᠠᠮᠰᠠᠷ ᠵᠶ᠋ᠠᠨ ᠴᠢᠨᠠᠬᠰᠢᠳᠠ ᠴᠢᠩᠭ᠋ᠠᠳᠬᠠᠵᠥ᠂ ᠲᠦᠪ᠎ᠤᠨ ᠤᠷᠴᠢᠨ ᠲᠤᠭᠤᠷᠢᠨ᠎ᠤ ᠬᠠᠮᠠᠭ᠋ᠠᠯᠠᠯᠳᠠ ᠵᠢᠨ ᠱᠠᠯᠠᠪᠳᠠᠭᠤᠯᠤᠨ ᠪᠠᠶ᠋ᠢᠴᠠᠭ᠋ᠠᠵᠥ ᠬᠠᠷᠢᠭᠤ ᠲᠤᠰᠬᠠᠭᠰᠠᠠ ᠰᠠᠨᠠᠯ᠎ᠲᠠᠢ ᠪᠦᠬᠦ ᠲᠡᠯ᠎ᠡ᠎ᠪᠠᠷ ᠬᠠᠷᠢᠴᠠᠭᠤᠯᠵᠤ᠂ ᠰᠢᠨ᠎ᠡ ᠬᠦᠭᠵᠢᠯᠳᠡ ᠵᠢᠨ ᠤᠢ᠌ᠢ᠍ᠯᠠᠭ᠋ᠠᠬᠳᠠᠬᠤᠨ᠎ᠢ ᠲᠤᠭᠤᠰᠢᠯᠠᠭᠤᠯᠤᠬᠰᠠᠠ ᠡᠷᠴᠢᠮ ᠪᠠ ᠦᠷ᠎ᠡ ᠪᠥᠲᠥᠮᠵᠢ ᠵᠢ ᠬᠦᠨᠵᠡᠬᠡᠢ ᠰᠢᠯᠭ᠋ᠠᠨ ᠦᠵᠡᠵᠥ᠂ ᠬᠦᠭᠵᠢᠯᠳᠡ ᠵᠢᠨ ᠤᠢ᠌ᠢ᠍ᠯᠠᠭ᠋ᠠᠬᠳᠠᠬᠤᠨ᠂ ᠬᠦᠭᠵᠢᠯᠳᠡ ᠵᠢᠨ ᠠᠷᠭ᠎ᠠ ᠬᠡᠯᠪᠡᠷᠢ ᠵᠢᠨ ᠲᠡᠯ᠎ᠡ᠎ᠪᠠᠷ ᠤᠷᠤᠰᠢᠵᠥ ᠪᠠᠶ᠋ᠢᠭ᠎ᠠ ᠵᠦᠷᠢᠶ᠎ᠡ ᠪᠠ ᠬᠦᠷᠦᠯᠴᠡᠬᠦ ᠦᠭᠡᠢ ᠲᠡᠯ᠎ᠡ᠎ᠪᠠᠨ ᠬᠦᠨᠵᠡᠬᠡᠢ ᠡᠷᠬᠢᠴᠡᠬᠦᠯᠥᠨ ᠪᠤᠳᠤᠵᠥ᠂ ᠦᠵᠡᠯ ᠰᠠᠨᠠᠭ᠎ᠠ ᠤᠪᠤᠷ ᠰᠤᠷᠳᠠᠯ᠂ ᠠᠵᠢᠯ᠎ᠤᠨ ᠰᠤᠷᠳᠠᠯ᠎ᠤᠨ ᠲᠡᠯ᠎ᠡ᠎ᠪᠠᠷ ᠤᠷᠤᠰᠢᠵᠥ ᠪᠠᠶ᠋ᠢᠭ᠎ᠠ ᠬᠡᠮ ᠠᠷᠬᠠᠭ ᠵᠶ᠋ᠠᠨ ᠡᠷᠬᠢᠴᠡᠬᠦᠯᠥᠨ ᠪᠤᠳᠤᠵᠥ᠂ ᠱᠠᠯᠠᠪᠳᠠᠭᠤᠯᠤᠨ ᠪᠠᠶ᠋ᠢᠴᠠᠭ᠋ᠠᠵᠥ ᠴᠡᠭᠴᠡᠯᠡᠨ ᠰᠠᠶ᠋ᠢᠵᠢᠷᠠᠭᠤᠯᠬᠤ ᠠᠵᠢᠯ᠎ᠢ ᠦᠷᠬᠡᠵᠢᠬᠦᠯᠵᠤ ᠬᠦᠨᠵᠡᠬᠡᠶ᠋ᠢᠷᠡᠬᠦᠯᠬᠦ ᠵᠢ ᠠᠬᠢᠭᠤᠯᠵᠥ᠂ ᠴᠡᠭᠴᠡᠯᠡᠨ ᠰᠠᠶ᠋ᠢᠵᠢᠷᠠᠭᠤᠯᠬᠤ ᠠᠵᠢᠯ᠎ᠢ ᠴᠢᠬᠤᠯᠠ ᠶᠡᠭᠡ ᠤᠯᠤᠰ ᠲᠦᠷᠦ ᠵᠢᠨ ᠡᠬᠦᠷᠬᠡ᠂ ᠠᠷᠠᠳ᠎ᠤᠨ ᠠᠮᠢᠳᠤᠷᠠᠯ᠎ᠤᠨ ᠢᠨᠵᠧᠨᠧᠷᠢᠩ ᠪᠤᠯᠤᠨ ᠬᠦᠭᠵᠢᠯᠳᠡ ᠵᠢᠨ ᠠᠵᠠ ᠲᠤᠬᠢᠶᠠᠯ ᠪᠤᠯᠭ᠋ᠠᠨ᠂ ᠴᠡᠭᠴᠡᠯᠡᠨ ᠰᠠᠶ᠋ᠢᠵᠢᠷᠠᠭᠤᠯᠵᠥ ᠨᠠᠶ᠋ᠢᠳᠠᠪᠤᠷᠢᠵᠢᠭᠤᠯᠬᠤ ᠵᠢ ᠴᠢᠩᠭ᠎ᠠ ᠪᠤᠳᠠᠳᠠᠢ᠂ ᠪᠦᠬᠦ ᠰᠡᠳᠬᠢᠯ ᠪᠦᠬᠦ ᠬᠦᠴᠦ᠎ᠪᠠᠷ ᠵᠶ᠋ᠠᠨ ᠠᠬᠢᠭᠤᠯᠬᠤ ᠬᠡᠷᠡᠭᠳᠡᠢ ᠬᠡᠵᠥ ᠱᠠᠭ᠋ᠠᠷᠳᠠᠪᠠ᠃ ᠤᠳᠤᠬᠠᠨ᠎ᠳᠤ 《ᠦᠪᠤᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠲᠦᠪ᠎ᠤᠨ ᠤᠷᠴᠢᠨ ᠲᠤᠭᠤᠷᠢᠨ᠎ᠤ ᠬᠠᠮᠠᠭ᠋ᠠᠯᠠᠯᠳᠠ ᠵᠢᠨ ᠱᠠᠯᠠᠪᠳᠠᠭᠤᠯᠤᠨ ᠪᠠᠶ᠋ᠢᠴᠠᠭ᠋ᠠᠵᠥ 〈ᠡᠷᠬᠢᠨ ᠬᠠᠷᠠᠬᠤ〉 ᠵᠢᠴᠢ ᠨᠤᠳᠤᠭ ᠪᠡᠯᠴᠢᠬᠡᠷ᠎ᠤᠨ ᠠᠮᠢ ᠠᠬᠤᠢ ᠤᠷᠴᠢᠨ ᠲᠤᠭᠤᠷᠢᠨ᠎ᠤ ᠠᠰᠠᠭᠤᠳᠠᠯ᠎ᠢ ᠲᠤᠰᠬᠠᠢ ᠱᠠᠯᠠᠪᠳᠠᠭᠤᠯᠤᠨ ᠪᠠᠶ᠋ᠢᠴᠠᠭ᠋ᠠᠵᠥ ᠬᠠᠷᠢᠭᠤ ᠲᠤᠰᠬᠠᠭᠰᠠᠠ ᠰᠠᠨᠠᠯ ᠵᠶ᠋ᠠᠷ ᠴᠡᠭᠴᠡᠯᠡᠨ ᠰᠠᠶ᠋ᠢᠵᠢᠷᠠᠭᠤᠯᠬᠤ ᠲᠦᠰᠦᠯ》 (ᠲᠤᠷᠤᠭᠰᠢ 《ᠴᠡᠭᠴᠡᠯᠡᠨ ᠰᠠᠶ᠋ᠢᠵᠢᠷᠠᠭᠤᠯᠬᠤ ᠲᠦᠰᠦᠯ》 ᠬᠡᠵᠥ ᠲᠦᠬᠦᠮᠴᠢᠯᠡᠨ᠎ᠠ)᠎ᠢ ᠨᠠᠮ᠎ᠤᠨ ᠲᠦᠪ ᠬᠤᠷᠢᠶ᠎ᠠ᠂ ᠲᠦᠷᠦ ᠵᠢᠨ ᠶᠠᠪᠤᠳᠠᠯ᠎ᠤᠨ ᠬᠤᠷᠢᠶ᠎ᠠ ᠨᠢᠬᠡᠨᠳᠡ ᠬᠢᠨᠠᠨ ᠬᠠᠷᠭᠤᠭᠤᠯᠤᠨ ᠵᠦᠪᠰᠢᠶᠡᠷᠡᠵᠥ᠂ ᠪᠦᠬᠦ ᠠᠭᠤᠯᠭ᠎ᠠ ᠵᠢ ᠦᠪᠤᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠤᠷᠳᠤᠨ ᠪᠤᠯᠤᠨ ᠦᠪᠤᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ᠎ᠤᠨ ᠰᠦᠯᠵᠢᠶᠡᠨ᠎ᠳᠤ ᠨᠡᠶ᠋ᠢᠳᠡᠯᠡᠪᠡ᠃
     《ᠴᠡᠭᠴᠡᠯᠡᠨ ᠰᠠᠶ᠋ᠢᠵᠢᠷᠠᠭᠤᠯᠬᠤ ᠲᠦᠰᠦᠯ》᠎ᠳᠤ᠂ ᠰᠢ ᠵᠢᠨ ᠫᠢᠩ᠎ᠤᠨ ᠠᠮᠢ ᠠᠬᠤᠢ ᠵᠢᠨ ᠪᠤᠯᠪᠠᠰᠤᠨ᠎ᠤ ᠦᠵᠡᠯ ᠰᠠᠨᠠᠭ᠎ᠠ ᠵᠢ ᠬᠦᠨᠵᠡᠬᠡᠢ ᠲᠤᠭᠤᠰᠢᠯᠠᠭᠤᠯᠵᠥ᠂ ᠶᠡᠷᠤᠩᠬᠡᠢ ᠱᠦᠵᠢ ᠰᠢ ᠵᠢᠨ ᠫᠢᠩ᠎ᠤᠨ ᠦᠪᠤᠷ ᠮᠤᠩᠭᠤᠯ᠎ᠳᠤ ᠰᠢᠨᠵᠢᠯᠡᠨ ᠪᠠᠶ᠋ᠢᠴᠠᠭ᠋ᠠᠬᠤ ᠦᠶ᠎ᠡ ᠵᠢᠨ ᠪᠠ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠪᠦᠬᠦ ᠤᠯᠤᠰ᠎ᠤᠨ ᠠᠷᠠᠳ᠎ᠤᠨ ᠲᠦᠯᠥᠬᠡᠯᠡᠭᠴᠢᠳ᠎ᠤᠨ ᠶᠡᠭᠡ ᠬᠤᠷᠡᠯ᠎ᠤᠨ ᠠᠩᠬᠠᠳᠤᠭ᠋ᠠᠷ ᠬᠤᠷᠡᠯ᠎ᠤᠨ ᠦᠪᠤᠷ ᠮᠤᠩᠭᠤᠯ᠎ᠤᠨ ᠲᠦᠯᠥᠬᠡᠯᠡᠭᠴᠢᠳ᠎ᠤᠨ ᠪᠦᠯᠬᠦᠮ᠎ᠤᠨ ᠬᠢᠨᠠᠨ ᠵᠦᠪᠯᠡᠬᠦ᠎ᠳᠤ ᠤᠷᠤᠯᠴᠠᠬᠤ ᠦᠶ᠎ᠡ ᠵᠢᠨ ᠴᠢᠬᠤᠯᠠ ᠶᠠᠷᠢᠶᠠᠨ᠎ᠤ ᠵᠤᠷᠢᠭ ᠰᠠᠨᠠᠭ᠎ᠠ ᠵᠢ ᠪᠦᠬᠦ ᠲᠡᠯ᠎ᠡ᠎ᠪᠠᠷ ᠨᠠᠶ᠋ᠢᠳᠠᠪᠤᠷᠢᠵᠢᠭᠤᠯᠵᠥ᠂ 《ᠲᠠᠪᠤ ᠵᠢ ᠨᠢᠬᠡ ᠴᠤᠭᠴᠠᠵᠢᠭᠤᠯᠬᠤ》 ᠶᠡᠷᠤᠩᠬᠡᠢ ᠪᠠᠶ᠋ᠢᠷᠢᠰᠢᠭᠤᠯᠤᠯᠳᠠ ᠵᠢ ᠨᠢᠬᠡᠳᠤᠯᠳᠡᠢ ᠲᠦᠯᠥᠪᠵᠢᠬᠦᠯᠥᠨ ᠠᠬᠢᠭᠤᠯᠬᠤ ᠪᠠ 《ᠲᠦᠷᠪᠡᠨ ᠪᠦᠬᠦ ᠲᠡᠯ᠎ᠡ》 ᠵᠢᠨ ᠪᠠᠶ᠋ᠢᠯᠳᠤᠬᠤ ᠪᠤᠳᠤᠯᠭ᠎ᠠ ᠵᠢᠨ ᠪᠠᠶ᠋ᠢᠷᠢᠰᠢᠭᠤᠯᠤᠯᠳᠠ ᠵᠢ ᠵᠤᠬᠢᠴᠠᠭᠤᠯᠤᠨ ᠠᠬᠢᠭᠤᠯᠬᠤ ᠲᠤᠭᠤᠷᠢᠨ᠎ᠳᠤ ᠰᠢᠨ᠎ᠡ ᠬᠦᠭᠵᠢᠯᠳᠡ ᠵᠢᠨ ᠤᠢ᠌ᠢ᠍ᠯᠠᠭ᠋ᠠᠬᠳᠠᠬᠤᠨ᠎ᠢ ᠪᠠᠳᠤ ᠪᠤᠢ ᠪᠤᠯᠭ᠋ᠠᠵᠥ᠂ ᠬᠦᠭᠵᠢᠯᠲᠡ᠂ ᠠᠮᠢ ᠠᠬᠤᠢ ᠪᠠ ᠠᠷᠠᠳ᠎ᠤᠨ ᠠᠮᠢᠳᠤᠷᠠᠯ᠎ᠤᠨ ᠬᠤᠷᠢᠭ᠎ᠠ ᠱᠤᠭᠤᠮ᠎ᠢ ᠪᠠᠲᠤ ᠰᠠᠬᠢᠨ᠂ ᠠᠮᠢ ᠠᠬᠤᠢ ᠵᠢᠨ ᠪᠤᠯᠪᠠᠰᠤᠨ᠎ᠤ ᠪᠠᠶ᠋ᠢᠭᠤᠯᠤᠯᠲᠠ ᠪᠠ ᠠᠮᠢ ᠠᠬᠤᠢ ᠤᠷᠴᠢᠨ ᠲᠤᠭᠤᠷᠢᠨ᠎ᠤ ᠬᠠᠮᠠᠭ᠋ᠠᠯᠠᠯᠲᠠ ᠵᠢ ᠨᠡᠩ ᠳᠤᠪᠤᠶ᠋ᠢᠮ᠎ᠠ ᠪᠠᠶ᠋ᠢᠷᠢᠨ᠎ᠳᠤ ᠲᠠᠯᠪᠢᠬᠤ ᠵᠢ ᠪᠠᠷᠢᠮᠲᠠᠯᠠᠵᠤ᠂ ᠪᠤᠬᠢᠷᠳᠤᠯ᠎ᠢ ᠰᠡᠷᠭᠡᠶ᠋ᠢᠯᠡᠨ ᠵᠠᠰᠠᠬᠤ ᠪᠤᠭᠤᠮᠲᠠ ᠰᠢᠪᠲᠤᠯᠬᠤ ᠳᠠᠶ᠋ᠢᠯᠠᠯᠳᠤᠭ᠋ᠠᠨ᠎ᠢ ᠪᠦᠬᠦ ᠬᠦᠴᠦ᠎ᠪᠠᠷ ᠵᠶ᠋ᠠᠨ ᠰᠠᠶ᠋ᠢᠳᠤᠷ ᠬᠢᠬᠦ ᠬᠡᠷᠡᠭᠳᠠᠢ᠃ ᠰᠢ ᠵᠢᠨ ᠫᠢᠩ᠎ᠤᠨ ᠠᠮᠢ ᠠᠬᠤᠢ ᠵᠢᠨ ᠪᠤᠯᠪᠠᠰᠤᠨ᠎ᠤ ᠦᠵᠡᠯ ᠰᠠᠨᠠᠭ᠎ᠠ ᠵᠢ ᠨᠡᠩ ᠡᠷᠡᠰ ᠪᠠᠲᠤ ᠤᠬᠠᠮᠰᠠᠷ᠎ᠠᠴᠠ᠎ᠪᠠᠨ ᠰᠠᠶ᠋ᠢᠳᠤᠷ ᠰᠤᠷᠤᠯᠴᠠᠨ ᠤᠢ᠌ᠢ᠍ᠯᠠᠭ᠋ᠠᠵᠤ᠂ ᠶᠡᠷᠦᠩᠬᠡᠢ ᠱᠦᠵᠢ ᠰᠢ ᠵᠢᠨ ᠫᠢᠩ᠎ᠤᠨ ᠦᠪᠦᠷ ᠮᠤᠩᠭᠤᠯ᠎ᠤᠨ ᠠᠮᠢ ᠠᠬᠤᠢ ᠵᠢᠨ ᠪᠤᠯᠪᠠᠰᠤᠨ᠎ᠤ ᠪᠠᠶ᠋ᠢᠭᠤᠯᠤᠯᠲᠠ ᠵᠢᠨ ᠲᠤᠬᠠᠢ ᠴᠢᠩ ᠰᠡᠳᠬᠢᠯ᠎ᠤᠨ ᠨᠠᠶ᠋ᠢᠳᠠᠯᠭ᠎ᠠ ᠵᠢ ᠨᠡᠩ ᠯᠠᠪᠳᠠᠭᠤᠨ ᠪᠠᠲᠤᠲᠠᠢ ᠪᠦᠭᠡᠳ ᠬᠦᠴᠦᠲᠡᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠤᠷᠤᠨ ᠲᠠᠶᠠᠭ᠋ᠠᠷ᠎ᠤᠨ ᠦᠵᠡᠯ ᠰᠠᠨᠠᠭ᠎ᠠ ᠪᠠ ᠦᠢ᠍ᠯᠡ ᠠᠵᠢᠯᠯᠠᠭ᠎ᠠ᠎ᠪᠠᠨ ᠨᠠᠮ᠎ᠤᠨ ᠲᠦᠪ ᠬᠤᠷᠢᠶᠠᠨ᠎ᠤ ᠠᠮᠢ ᠠᠬᠤᠢ ᠵᠢᠨ ᠪᠤᠯᠪᠠᠰᠤᠨ᠎ᠤ ᠪᠠᠶ᠋ᠢᠭᠤᠯᠤᠯᠲᠠ ᠵᠢᠨ ᠲᠤᠬᠠᠢ ᠰᠢᠢ᠍ᠳᠪᠦᠷᠢᠲᠤ ᠪᠤᠳᠤᠯᠭ᠎ᠠ ᠪᠠᠶ᠋ᠢᠷᠢᠯᠠᠭᠤᠯᠤᠯᠲᠠ ᠳᠡᠭᠡᠷ᠎ᠡ ᠨᠢᠭᠡᠳᠬᠡᠬᠦ ᠵᠢ ᠳᠠᠶ᠋ᠢᠴᠢᠯᠠᠬᠤ ᠬᠡᠷᠡᠭᠳᠡᠢ ᠬᠡᠵᠥ ᠲᠤᠳᠤᠷᠬᠠᠢ ᠱᠠᠭ᠋ᠠᠷᠳᠠᠪᠠ᠃
     《ᠴᠡᠭᠴᠡᠯᠡᠨ ᠰᠠᠶ᠋ᠢᠵᠢᠷᠠᠭᠤᠯᠬᠤ ᠲᠦᠰᠦᠯ》᠎ᠨᠢ ᠬᠠᠷᠢᠭᠤᠴᠠᠯᠭ᠎ᠠ ᠵᠢ ᠪᠤᠲᠠᠲᠠᠶ᠋ᠢᠵᠢᠭᠤᠯᠬᠤ᠂ ᠠᠰᠠᠭᠤᠳᠠᠯ᠎ᠢ ᠰᠢᠢ᠍ᠳᠪᠦᠷᠢᠯᠡᠬᠦ᠂ ᠯᠠᠪᠳᠠᠭᠤᠨ ᠲᠤᠬᠲᠠᠭᠤᠨ ᠵᠶ᠋ᠠᠷ ᠠᠵᠢᠯᠯᠠᠬᠤ᠂ ᠦᠷ᠎ᠡ ᠪᠦᠳᠦᠮᠵᠢ ᠵᠢ ᠳᠤᠪᠤᠶ᠋ᠢᠯᠭ᠋ᠠᠬᠤ᠂ ᠤᠳᠤ ᠪᠠ ᠠᠯᠤᠰ ᠬᠤᠯᠠ ᠵᠢ ᠤᠶᠠᠯᠳᠤᠭᠤᠯᠬᠤ᠂ ᠦᠩᠭᠡᠨ ᠲᠠᠯ᠎ᠠ ᠪᠠ ᠡᠬᠢ ᠦᠨᠳᠦᠰᠦ᠎ᠠᠴᠠ᠎ᠨᠢ ᠬᠠᠮᠲᠤ ᠵᠠᠰᠠᠬᠤ ᠵᠠᠷᠴᠢᠮ᠎ᠢ ᠪᠠᠷᠢᠮᠲᠠᠯᠠᠨ 3 ᠲᠠᠯ᠎ᠠ ᠵᠢᠨ ᠴᠡᠭᠴᠡᠯᠡᠨ ᠰᠠᠶ᠋ᠢᠵᠢᠷᠠᠭᠤᠯᠬᠤ ᠬᠠᠷᠠᠯᠲᠠ ᠵᠢ ᠲᠤᠳᠤᠷᠬᠠᠢ᠌ᠢ᠍ᠯᠠᠵᠠᠢ᠃ ᠨᠢᠭᠡ᠎ᠳᠤ᠂ ᠠᠮᠢ ᠠᠬᠤᠢ ᠤᠷᠴᠢᠨ ᠲᠤᠭᠤᠷᠢᠨ᠎ᠤ ᠶᠠᠰᠤ ᠴᠢᠨᠠᠷ᠎ᠢ ᠢᠯᠡᠳᠲᠡ ᠰᠠᠶ᠋ᠢᠵᠢᠷᠠᠭᠤᠯᠤᠨ᠎ᠠ᠃ 2020 ᠤᠨ ᠪᠤᠯᠲᠠᠯ᠎ᠠ᠂ ᠭᠤᠤᠯ ᠪᠤᠯᠬᠤ ᠪᠤᠬᠢᠷᠳᠤᠯ ᠪᠤᠳᠠᠰ ᠭᠠᠳᠠᠬᠰᠢᠯᠠᠭᠤᠯᠬᠤ ᠶᠡᠷᠦᠩᠬᠡᠢ ᠬᠡᠮᠵᠢᠶ᠎ᠡ ᠵᠢ ᠶᠡᠭᠡ᠎ᠪᠠᠷ ᠪᠠᠭ᠋ᠠᠰᠬᠠᠵᠤ᠂ ᠤᠷᠴᠢᠨ ᠲᠤᠭᠤᠷᠢᠨ᠎ᠤ ᠠᠶᠤᠯ ᠲᠦᠭᠰᠢᠭᠦᠷᠢ ᠵᠢ ᠪᠦᠲᠦᠮᠵᠢᠲᠡᠢ᠎ᠪᠠᠷ ᠬᠠᠮᠢᠶᠠᠷᠤᠨ ᠬᠢᠵᠠᠭ᠋ᠠᠷᠯᠠᠵᠤ᠂ ᠠᠮᠢ ᠠᠬᠤᠢ ᠤᠷᠴᠢᠨ ᠲᠤᠭᠤᠷᠢᠨ᠎ᠤ ᠬᠠᠮᠠᠭ᠋ᠠᠯᠠᠯᠲᠠ ᠵᠢᠨ ᠲᠦᠪᠰᠢᠨ᠎ᠢ ᠴᠢᠨᠡᠭᠡᠯᠢᠭ ᠨᠡᠶ᠋ᠢᠭᠡᠮ᠎ᠢ ᠪᠦᠬᠦ ᠲᠠᠯ᠎ᠠ᠎ᠪᠠᠷ ᠪᠡᠶᠡᠯᠡᠭᠦᠯᠬᠦ ᠬᠠᠷᠠᠯᠲᠠ᠎ᠲᠠᠢ ᠬᠠᠷᠢᠯᠴᠠᠨ ᠳᠤᠬᠢᠷᠠᠯᠴᠠᠭᠤᠯᠤᠨ᠎ᠠ᠃ ᠪᠦᠬᠦ ᠤᠷᠤᠨ᠎ᠤ ᠠᠭ᠋ᠠᠷ᠎ᠤᠨ ᠶᠠᠰᠤ ᠴᠢᠨᠠᠷ ᠰᠢᠯᠢᠳᠡᠭ ᠰᠠᠶ᠋ᠢᠨ ᠡᠳᠦᠷ᠎ᠤᠨ ᠲᠤᠭ᠎ᠠ ᠵᠢᠨ ᠬᠠᠷᠢᠴᠠᠯ᠎ᠢ 83.8%᠎ᠠᠴᠠ ᠳᠡᠭᠡᠭᠰᠢ ᠬᠦᠷᠬᠡᠵᠤ᠂ ᠪᠠᠷᠢᠮᠵᠢᠶ᠎ᠠ᠎ᠳᠤ ᠦᠯᠦ ᠬᠦᠷᠬᠦ ᠲᠤᠰᠬᠠᠢ ᠤᠷᠤᠨ᠎ᠤ ᠲᠡᠰ᠎ᠤᠨ ᠬᠤᠲᠠ ᠵᠢᠨ ᠵᠢᠵᠢᠭ ᠮᠦᠬᠦᠯᠢᠭᠳᠦ ᠪᠤᠳᠠᠰ (PM 2.5)᠎ᠤᠨ ᠦᠳᠬᠡᠴᠡ ᠵᠢ 2015 ᠤᠨ᠎ᠤ᠎ᠬᠢ᠎ᠠᠴᠠ 12%᠎ᠠᠴᠠ ᠳᠡᠭᠡᠭᠰᠢ ᠪᠠᠭᠤᠷᠠᠭᠤᠯᠤᠨ᠎ᠠ; ᠭᠠᠵᠠᠷ ᠳᠡᠭᠡᠷᠡᠬᠢ ᠤᠰᠤ ᠵᠢᠨ Ⅰ — Ⅲ ᠲᠦᠷᠦᠯ᠎ᠤᠨ ᠤᠰᠤᠨ᠎ᠤ ᠬᠠᠷᠢᠴᠠᠯ᠎ᠢ 59.6%᠎ᠠᠴᠠ ᠳᠡᠭᠡᠭᠰᠢ ᠬᠦᠷᠬᠡᠵᠤ᠂ ᠠᠨᠠᠢ Ⅴ ᠲᠦᠷᠦᠯ᠎ᠤᠨ ᠤᠰᠤᠨ᠎ᠤ ᠬᠠᠷᠢᠴᠠᠯ᠎ᠢ 3.8% ᠵᠢᠨ ᠲᠤᠳᠤᠷ᠎ᠠ ᠡᠵᠡᠮᠳᠡᠨ᠂ ᠲᠤᠰᠬᠠᠢ ᠤᠷᠤᠨ᠎ᠤ ᠲᠡᠰ᠎ᠤᠨ ᠬᠤᠲᠠ ᠵᠢᠨ ᠲᠦᠪᠯᠡᠷᠡᠭᠰᠡᠨ ᠬᠡᠯᠪᠡᠷᠢ ᠵᠢᠨ ᠤᠤᠭᠤᠬᠤ ᠤᠰᠤᠨ᠎ᠤ ᠡᠬᠢ ᠰᠤᠷᠪᠤᠯᠵᠢ ᠵᠢᠨ ᠤᠰᠤᠨ᠎ᠤ ᠴᠢᠨᠠᠷ ᠰᠢᠯᠢᠳᠡᠭ ᠰᠠᠶ᠋ᠢᠨ ᠪᠠᠶ᠋ᠢᠬᠤ ᠬᠠᠷᠢᠴᠠᠯ᠎ᠢ 81%᠎ᠠᠴᠠ ᠳᠡᠭᠡᠭᠰᠢ ᠬᠦᠷᠬᠡᠨ᠎ᠠ; ᠤᠢ ᠰᠢᠭᠤᠢ ᠵᠢᠨ ᠪᠦᠷᠬᠦᠴᠡ ᠵᠢ 23%᠎ᠳᠤ ᠬᠦᠷᠬᠡᠵᠤ᠂ ᠨᠤᠲᠤᠬ ᠪᠡᠯᠴᠢᠬᠡᠷ᠎ᠤᠨ ᠤᠷᠭᠤᠮᠠᠯ᠎ᠤᠨ ᠪᠦᠷᠬᠦᠴᠡ ᠵᠢᠨ ᠳᠤᠮᠳᠠᠴᠢ ᠬᠡᠮᠵᠢᠶ᠎ᠡ ᠵᠢ 45%᠎ᠠᠴᠠ ᠳᠡᠭᠡᠭᠰᠢ ᠬᠦᠷᠬᠡᠵᠤ᠂ ᠭᠤᠤᠯ ᠪᠤᠯᠬᠤ ᠠᠮᠢ ᠠᠬᠤᠢ ᠵᠢᠨ ᠰᠢᠰᠲ᠋ᠧᠮ᠎ᠢ ᠰᠠᠶ᠋ᠢᠨ ᠡᠷᠬᠢᠯᠲᠡ᠎ᠳᠤ ᠤᠷᠤᠭᠤᠯᠤᠨ᠎ᠠ᠃ ᠬᠤᠶᠠᠷ᠎ᠲᠤ ᠱᠠᠯᠠᠪᠳᠠᠭᠤᠯᠤᠨ ᠪᠠᠶ᠋ᠢᠴᠠᠭ᠋ᠠᠵᠤ ᠲᠤᠰᠬᠠᠬᠰᠠᠨ ᠠᠰᠠᠭᠤᠳᠠᠯ᠎ᠢ ᠲᠦᠢ᠍ᠯᠪᠤᠷᠢᠲᠡᠢ ᠴᠡᠭᠴᠡᠯᠡᠨ ᠰᠠᠶ᠋ᠢᠵᠢᠷᠠᠭᠤᠯᠤᠨ᠎ᠠ᠃ ᠲᠡᠮᠦᠷ ᠮᠡᠲᠤ ᠬᠠᠳᠠᠨ ᠵᠤᠷᠢᠬ᠂ ᠲᠡᠮᠦᠷ ᠮᠡᠲᠤ ᠬᠠᠳᠠᠭᠤ ᠠᠷᠭ᠎ᠠ᠂ ᠲᠡᠮᠦᠷ ᠮᠡᠲᠤ ᠴᠢᠩᠭ᠎ᠠ ᠰᠠᠬᠢᠯᠭ᠎ᠠ᠎ᠪᠠᠷ ᠡᠷᠡᠰ ᠴᠡᠭᠴᠡᠯᠡᠨ ᠰᠠᠶ᠋ᠢᠵᠢᠷᠠᠭᠤᠯᠵᠤ ᠲᠤᠭᠤᠰᠢᠲᠠᠢ ᠴᠡᠭᠴᠡᠯᠡᠨ ᠰᠠᠶ᠋ᠢᠵᠢᠷᠠᠭᠤᠯᠵᠤ᠂ ᠠᠰᠠᠭᠤᠳᠠᠯ᠎ᠢ ᠪᠠᠶ᠋ᠢᠴᠠᠭ᠋ᠠᠨ ᠲᠤᠳᠤᠯᠠᠬᠤ ᠦᠭᠡᠢ ᠪᠤᠯ ᠦᠩᠭᠡᠷᠡᠭᠦᠯᠬᠦ ᠦᠭᠡᠢ᠂ ᠲᠦᠢ᠍ᠯᠪᠤᠷᠢᠲᠠᠢ ᠴᠡᠭᠴᠡᠯᠡᠨ ᠰᠠᠶ᠋ᠢᠵᠢᠷᠠᠭᠤᠯᠬᠤ ᠦᠭᠡᠢ ᠪᠤᠯ ᠦᠩᠭᠡᠷᠡᠭᠦᠯᠬᠦ ᠦᠭᠡᠢ᠂ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠬᠤ ᠦᠭᠡᠢ ᠪᠤᠯ ᠦᠩᠬᠡᠷᠡᠭᠦᠯᠬᠦ ᠦᠭᠡᠢ᠂ ᠤᠯᠠᠨ ᠲᠦᠮᠡᠨ ᠰᠡᠳᠬᠢᠯ ᠬᠠᠨᠤᠮᠵᠢ ᠦᠭᠡᠢ ᠪᠤᠯ ᠦᠩᠭᠡᠷᠡᠭᠦᠯᠬᠦ ᠦᠭᠡᠢ ᠪᠠᠶ᠋ᠢᠵᠤ᠂ ᠶᠠᠪᠤᠳᠠᠯ ᠪᠤᠯᠭ᠋ᠠᠨ᠎ᠳᠤ ᠬᠠᠷᠢᠭᠤᠯᠳᠠ ᠦᠭᠴᠦ ᠠᠰᠠᠭᠤᠳᠠᠯ ᠪᠤᠯᠭ᠋ᠠᠨ᠎ᠢ ᠲᠦᠢ᠍ᠯᠪᠤᠷᠢᠲᠡᠢ ᠰᠠᠶ᠋ᠢᠵᠢᠷᠠᠭᠤᠯᠬᠤ ᠵᠢ ᠪᠠᠲᠤᠯᠠᠨ᠎ᠠ᠃ ᠲᠦᠪ᠎ᠤᠨ ᠤᠷᠴᠢᠨ ᠲᠤᠭᠤᠷᠢᠨ᠎ᠤ ᠬᠠᠮᠠᠭ᠋ᠠᠯᠠᠯᠲᠠ ᠵᠢᠨ ᠱᠠᠯᠠᠪᠳᠠᠭᠤᠯᠤᠨ ᠪᠠᠶ᠋ᠢᠴᠠᠭ᠋ᠠᠵᠥ 《ᠡᠷᠭᠢᠨ ᠬᠠᠷᠠᠬᠤ》 ᠪᠠ ᠨᠤᠲᠤᠭ ᠪᠡᠯᠴᠢᠭᠡᠷ᠎ᠤᠨ ᠠᠮᠢ ᠠᠬᠤᠢ ᠵᠢ ᠲᠤᠰᠬᠠᠢ ᠱᠠᠯᠠᠪᠳᠠᠭᠤᠯᠤᠨ ᠪᠠᠶ᠋ᠢᠴᠠᠭ᠋ᠠᠵᠤ ᠬᠠᠷᠢᠭᠤ ᠲᠤᠰᠬᠠᠬᠰᠠᠨ ᠰᠠᠨᠠᠯ᠎ᠳᠤ ᠡᠮᠬᠢᠯᠡᠨ ᠭᠠᠷᠭ᠋ᠠᠭᠰᠠᠨ 100 ᠠᠰᠠᠭᠤᠳᠠᠯ᠎ᠢ ᠳᠠᠷᠦ᠋ᠢ᠍ᠬᠠᠨ ᠴᠡᠭᠴᠡᠯᠡᠨ ᠰᠠᠶ᠋ᠢᠵᠢᠷᠠᠭᠤᠯᠵᠤ ᠳᠡᠶ᠋ᠢᠯᠬᠦ ᠵᠢ᠎ᠨᠢ ᠳᠠᠷᠤᠢ ᠳᠦᠷᠭᠡᠨ ᠬᠦᠳᠡᠯᠦᠯᠴᠡᠵᠦ ᠪᠠᠶ᠋ᠢᠭ᠋ᠠᠳ ᠴᠡᠭᠴᠡᠯᠡᠨ ᠰᠠᠶ᠋ᠢᠵᠢᠷᠠᠭᠤᠯᠵᠤ᠂ ᠵᠤᠬᠢᠬᠤ ᠴᠠᠭ᠎ᠤᠨ ᠬᠢᠵᠠᠭ᠋ᠠᠷᠯᠠᠯ᠎ᠤᠨ ᠳᠤᠲᠤᠷ᠎ᠠ ᠪᠡᠶᠡᠯᠡᠭᠦᠯᠬᠦ ᠴᠢᠬᠤᠯᠠ᠎ᠲᠠᠢ ᠵᠢ᠎ᠨᠢ ᠡᠷᠬᠡᠪᠰᠢ ᠬᠤᠭᠤᠴᠠᠭ᠎ᠠ ᠬᠢᠵᠠᠭ᠋ᠠᠷᠯᠠᠨ ᠴᠡᠭᠴᠡᠯᠡᠨ ᠰᠠᠶ᠋ᠢᠵᠢᠷᠠᠭᠤᠯᠬᠤ ᠵᠢ ᠪᠡᠶᠡᠯᠡᠭᠦᠯᠵᠦ᠂ ᠠᠯᠢᠪᠠ ᠠᠰᠠᠭᠤᠳᠠᠯ᠎ᠢ 2020 ᠤᠨ ᠪᠤᠯᠲᠠᠯ᠎ᠠ ᠴᠠᠭ᠎ᠤᠨ ᠳᠠᠷᠠᠭ᠋ᠠᠯᠠᠯ᠎ᠤᠨ ᠠᠬᠢᠴᠠ ᠶᠤᠰᠤᠭ᠋ᠠᠷ ᠴᠡᠭᠴᠡᠯᠡᠨ ᠰᠠᠶ᠋ᠢᠵᠢᠷᠠᠭᠤᠯᠵᠤ ᠲᠠᠭᠤᠰᠬᠠᠬᠤ ᠵᠢ ᠪᠠᠲᠤᠯᠠᠨ᠎ᠠ᠃ ᠭᠤᠷᠪᠠ᠎ᠳᠤ᠂ ᠠᠮᠢ ᠠᠬᠤᠢ ᠵᠢᠨ ᠪᠤᠯᠪᠠᠰᠤᠨ᠎ᠤ ᠳᠦᠷᠢᠮ᠎ᠢ ᠪᠦᠷᠢᠨᠰᠢᠭᠦᠯᠦᠨ ᠲᠡᠭᠦᠯᠳᠡᠷᠵᠢᠭᠦᠯᠦᠨ᠎ᠠ᠃ ᠠᠮᠢ ᠠᠬᠤᠢ ᠤᠷᠴᠢᠨ ᠲᠤᠭᠤᠷᠢᠨ᠎ᠤ ᠬᠠᠮᠠᠭ᠋ᠠᠯᠠᠯᠲᠠ ᠪᠤᠯᠤᠨ ᠪᠤᠬᠢᠷᠲᠤᠯ ᠦᠭᠡᠢ ᠬᠦᠭᠵᠢᠯᠲᠡ ᠵᠢᠨ ᠪᠤᠭᠤᠮᠢ ᠬᠦᠯᠢᠶᠡᠰᠦ᠎ᠳᠤ ᠴᠢᠭᠯᠡᠬᠦᠯᠵᠤ᠂ ᠪᠤᠳᠠᠲᠠᠢ ᠠᠰᠠᠭᠤᠳᠠᠯ ᠬᠢᠬᠡᠳ ᠨᠡᠶ᠋ᠢᠲᠡᠴᠢ ᠴᠢᠨᠠᠷᠲᠢ ᠠᠰᠠᠭᠤᠳᠠᠯ᠎ᠢ ᠰᠢᠢ᠍ᠳᠪᠦᠷᠢᠯᠡᠬᠦ᠂ ᠤᠳᠤᠬᠠᠨ᠎ᠤ ᠠᠰᠠᠭᠤᠳᠠᠯ ᠬᠢᠬᠡᠳ ᠠᠯᠤᠰ ᠬᠤᠯᠠ ᠵᠢᠨ ᠠᠰᠠᠭᠤᠳᠠᠯ᠎ᠢ ᠰᠢᠢ᠍ᠳᠪᠦᠷᠢᠯᠡᠬᠦ ᠵᠢ ᠤᠷᠭ᠋ᠠᠨᠢᠭ ᠵᠶ᠋ᠠᠷ ᠤᠶᠠᠯᠳᠤᠭᠤᠯᠵᠤ᠂ ᠠᠮᠢ ᠠᠬᠤᠢ ᠤᠷᠴᠢᠨ ᠲᠤᠭᠤᠷᠢᠨ᠎ᠤ ᠠᠰᠠᠭᠤᠳᠠᠯ᠎ᠤᠨ ᠠᠷᠤ᠎ᠳᠠᠬᠢ ᠭᠦᠨ ᠳᠠᠪᠬᠤᠷᠭ᠎ᠠ ᠵᠢᠨ ᠰᠢᠯᠲᠠᠭ᠋ᠠᠨ᠎ᠢ ᠭᠦᠨᠵᠡᠭᠡᠢ ᠠᠭᠤᠳᠠᠯᠵᠤ᠂ ᠠᠮᠢ ᠠᠬᠤᠢ ᠤᠷᠴᠢᠨ ᠲᠤᠭᠤᠷᠢᠨ᠎ᠤ ᠳᠦᠷᠢᠮ᠎ᠤᠨ ᠰᠢᠰᠲᠸᠮ ᠪᠤᠯᠤᠨ ᠪᠤᠬᠢᠷᠲᠤᠯ᠎ᠢ ᠰᠡᠷᠭᠡᠶ᠋ᠢᠯᠡᠨ ᠵᠠᠰᠠᠬᠤ ᠤᠷᠲᠤ ᠬᠤᠭᠤᠴᠠᠭ᠋ᠠᠨ᠎ᠤ ᠪᠦᠲᠦᠮᠵᠢᠲᠡᠢ ᠲᠤᠬᠲᠠᠴᠠ ᠵᠢ ᠲᠠᠰᠤᠷᠠᠯᠲᠠ ᠦᠭᠡᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠠᠮᠢ ᠠᠬᠤᠢ ᠤᠷᠴᠢᠨ ᠲᠤᠭᠤᠷᠢᠨ᠎ᠤ ᠬᠠᠮᠠᠭ᠋ᠠᠯᠠᠯᠲᠠ ᠵᠢᠨ ᠬᠠᠷᠢᠭᠤᠴᠠᠯᠭ᠎ᠠ ᠵᠢᠨ ᠰᠢᠰᠲᠧᠮ᠎ᠢ ᠨᠠᠶ᠋ᠢᠳᠠᠪᠤᠷᠢᠵᠢᠭᠤᠯᠤᠨ᠂ ᠠᠮᠢ ᠠᠬᠤᠢ ᠤᠷᠴᠢᠨ ᠲᠤᠭᠤᠷᠢᠨ᠎ᠤ ᠬᠠᠮᠠᠭ᠋ᠠᠯᠠᠯᠲᠠ ᠵᠢᠨ ᠬᠠᠤᠯᠢ ᠲᠤᠬᠲᠠᠭ᠋ᠠᠯ ᠲᠦᠷᠦ ᠵᠢᠨ ᠪᠤᠳᠤᠯᠭ᠎ᠠ ᠵᠢ ᠲᠠᠰᠤᠷᠠᠯᠲᠠ ᠦᠭᠡᠢ ᠲᠡᠭᠦᠯᠳᠡᠷᠵᠢᠭᠦᠯᠤᠨ ᠴᠢᠩᠭ᠎ᠠ ᠬᠡᠷᠡᠭᠵᠢᠭᠦᠯᠵᠦ᠂ ᠬᠠᠮᠤᠭ᠎ᠤᠨ ᠲᠦᠪ ᠴᠢᠩᠭ᠎ᠠ ᠳᠦᠷᠢᠮ ᠪᠤᠯᠤᠨ ᠬᠠᠮᠤᠭ᠎ᠤᠨ ᠨᠠᠷᠢᠨ ᠴᠢᠩᠭ᠎ᠠ ᠬᠠᠤᠯᠢᠵᠢᠯ ᠵᠶ᠋ᠠᠷ ᠠᠮᠢ ᠠᠬᠤᠢ ᠤᠷᠴᠢᠨ ᠲᠤᠭᠤᠷᠢᠨ᠎ᠢ ᠬᠠᠮᠠᠭ᠋ᠠᠯᠠᠵᠤ᠂ ᠠᠮᠢ ᠠᠬᠤᠢ ᠤᠷᠴᠢᠨ ᠲᠤᠭᠤᠷᠢᠨ᠎ᠤ ᠵᠠᠰᠠᠯᠲᠠ ᠵᠢᠨ ᠰᠢᠰᠲᠧᠮ ᠪᠤᠯᠤᠨ ᠵᠠᠰᠠᠯᠲᠠ ᠵᠢᠨ ᠴᠢᠳᠠᠪᠤᠷᠢ ᠵᠢᠨ ᠤᠳᠤᠬᠢᠴᠢᠯᠠᠯᠲᠠ ᠵᠢ ᠠᠬᠢᠭᠤᠯᠤᠨ᠎ᠠ᠃
     《ᠴᠡᠭᠴᠡᠯᠡᠨ ᠰᠠᠶ᠋ᠢᠵᠢᠷᠠᠭᠤᠯᠬᠤ ᠲᠦᠰᠦᠯ》᠎ᠳᠤ ᠲᠦᠪ᠎ᠤᠨ ᠤᠷᠴᠢᠨ ᠲᠤᠭᠤᠷᠢᠨ᠎ᠤ ᠬᠠᠮᠠᠭ᠋ᠠᠯᠠᠯᠲᠠ ᠵᠢ ᠱᠠᠯᠠᠪᠳᠠᠭᠤᠯᠤᠨ ᠪᠠᠶ᠋ᠢᠴᠠᠭ᠋ᠠᠵᠤ 《ᠡᠷᠭᠢᠨ ᠬᠠᠷᠠᠬᠤ》 ᠪᠠ ᠨᠤᠲᠤᠭ ᠪᠡᠯᠴᠢᠭᠡᠷ᠎ᠤᠨ ᠠᠮᠢ ᠠᠬᠤᠢ ᠤᠷᠴᠢᠨ ᠲᠤᠭᠤᠷᠢᠨ᠎ᠢ ᠲᠤᠰᠬᠠᠢ ᠱᠠᠯᠠᠪᠳᠠᠭᠤᠯᠤᠨ ᠪᠠᠶ᠋ᠢᠴᠠᠭ᠋ᠠᠵᠤ ᠬᠠᠷᠢᠭᠤ ᠲᠤᠰᠬᠠᠬᠰᠠᠨ ᠰᠠᠨᠠᠯ᠎ᠢ 100 ᠲᠦᠷᠦᠯ᠎ᠤᠨ ᠴᠡᠭᠴᠡᠯᠡᠨ ᠰᠠᠶ᠋ᠢᠵᠢᠷᠠᠭᠤᠯᠬᠤ ᠡᠭᠦᠷᠭᠡ ᠪᠤᠯᠭ᠋ᠠᠨ ᠡᠮᠬᠢᠯᠡᠨ ᠨᠠᠷᠢᠰᠬᠠᠵᠤ᠂ ᠲᠦᠷᠦᠯ ᠲᠠᠷᠠᠭ᠋ᠠᠯᠠᠨ ᠬᠠᠷᠢᠭᠤᠴᠠᠯᠭ᠎ᠠ ᠵᠢᠨ ᠨᠢᠭᠡᠴᠢ᠂ ᠬᠢᠨᠠᠨ ᠬᠠᠮᠢᠶᠠᠷᠬᠤ ᠨᠢᠭᠡᠴᠢ᠂ ᠴᠡᠭᠴᠡᠯᠡᠨ ᠰᠠᠶ᠋ᠢᠵᠢᠷᠠᠭᠤᠯᠬᠤ ᠴᠠᠭ᠎ᠤᠨ ᠬᠢᠵᠠᠭ᠋ᠠᠷᠯᠠᠯ᠂ ᠴᠡᠭᠴᠡᠯᠡᠨ ᠰᠠᠶ᠋ᠢᠵᠢᠷᠠᠭᠤᠯᠬᠤ ᠬᠠᠷᠠᠯᠲᠠ᠂ ᠴᠡᠭᠴᠡᠯᠡᠨ ᠰᠠᠶ᠋ᠢᠵᠢᠷᠠᠭᠤᠯᠬᠤ ᠠᠷᠭ᠎ᠠ ᠬᠡᠮᠵᠢᠶ᠎ᠠ ᠪᠤᠯᠤᠨ ᠬᠢᠨᠠᠨ ᠬᠠᠮᠢᠶᠠᠷᠬᠤ ᠠᠷᠭ᠎ᠠ ᠬᠡᠮᠵᠢᠶ᠎ᠠ ᠵᠢ ᠲᠤᠲᠤᠷᠬᠠᠢ᠌ᠢ᠍ᠯᠠᠵᠤ᠂ 6 ᠲᠠᠯ᠎ᠠ ᠵᠢᠨ ᠭᠤᠤᠯᠳᠠᠯᠭ᠋ᠠᠲᠤ ᠠᠷᠭ᠎ᠠ ᠬᠡᠮᠵᠢᠶ᠎ᠠ ᠵᠢ ᠲᠤᠬᠲᠠᠭ᠋ᠠᠪᠠ᠄ ᠨᠢᠭᠡ᠎ᠳᠤ᠂ ᠤᠯᠤᠰ ᠲᠦᠷᠦ ᠵᠢᠨ ᠵᠤᠬᠰᠤᠴᠡ᠎ᠪᠠᠨ ᠳᠡᠭᠡᠭᠰᠢᠯᠡᠭᠦᠯᠵᠦ᠂ ᠰᠢ ᠵᠢᠨ ᠫᠢᠩ᠎ᠤᠨ ᠠᠮᠢ ᠠᠬᠤᠢ ᠵᠢᠨ ᠪᠤᠯᠪᠠᠰᠤᠨ᠎ᠤ ᠦᠵᠡᠯ ᠰᠠᠨᠠᠭ᠎ᠠ ᠵᠢ ᠡᠷᠡᠰ ᠭᠤᠶ᠋ᠢᠪᠢᠰᠢ ᠦᠭᠡᠢ᠎ᠪᠠᠷ ᠲᠤᠭᠤᠰᠢᠯᠠᠭᠤᠯᠤᠨ ᠨᠠᠶ᠋ᠢᠳᠠᠪᠤᠷᠢᠵᠢᠭᠤᠯᠤᠨ᠎ᠠ᠃ ᠰᠢ ᠵᠢᠨ ᠫᠢᠩ᠎ᠤᠨ ᠠᠮᠢ ᠠᠬᠤᠢ ᠵᠢᠨ ᠪᠤᠯᠪᠠᠰᠤᠨ᠎ᠤ ᠦᠵᠡᠯ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠰᠢ ᠵᠢᠨ ᠫᠢᠩ᠎ᠤᠨ ᠠᠮᠢ ᠠᠬᠤᠢ ᠵᠢᠨ ᠪᠤᠯᠪᠠᠰᠤᠨ᠎ᠤ ᠦᠵᠡᠯ ᠰᠠᠨᠠᠭ᠎ᠠ ᠵᠢ ᠰᠤᠷᠤᠯᠴᠠᠠ ᠤᠬᠠᠭᠤᠯᠵᠤ ᠲᠤᠭᠤᠰᠢᠯᠠᠭᠤᠯᠬᠤ ᠵᠢ ᠴᠢᠬᠤᠯᠠ ᠶᠡᠭᠡ ᠤᠯᠤᠰ ᠲᠦᠷᠦ ᠵᠢᠨ ᠡᠭᠦᠷᠭᠡ ᠪᠤᠯᠭ᠋ᠠᠨ᠂ ᠰᠢ ᠵᠢᠨ ᠫᠢᠩ᠎ᠤᠨ ᠠᠮᠢ ᠠᠬᠤᠢ ᠵᠢᠨ ᠪᠤᠯᠪᠠᠰᠤᠨ᠎ᠤ ᠦᠵᠡᠯ ᠰᠠᠨᠠᠭ᠎ᠠ᠎ᠪᠠᠷ ᠦᠨᠡᠨ ᠬᠦ᠌ ᠲᠠᠷᠢᠬᠢ ᠲᠤᠯᠤᠭ᠋ᠠᠢ᠎ᠪᠠᠨ ᠵᠡᠪᠰᠡᠭᠯᠡᠨ ᠦᠢ᠍ᠯᠡᠳᠦᠯᠭᠡ᠎ᠪᠠᠨ ᠵᠢᠯᠤᠭᠤᠳᠤᠭᠤᠯᠵᠤ ᠠᠵᠢᠯ ᠵᠶ᠋ᠠᠨ ᠠᠬᠢᠭᠤᠯᠤᠨ᠎ᠠ᠃ ᠰᠢᠨ᠎ᠠ ᠬᠦᠭᠵᠢᠯᠲᠡ ᠵᠢᠨ ᠤᠢ᠌ᠢ᠍ᠯᠠᠭ᠋ᠠᠬᠳᠠᠬᠤᠨ᠎ᠢ ᠡᠷᠡᠰ ᠭᠤᠶ᠋ᠢᠪᠢᠰᠢ ᠦᠭᠡᠢ᠎ᠪᠠᠷ ᠲᠤᠭᠤᠰᠢᠯᠠᠭᠤᠯᠵᠤ᠂ ᠰᠢᠨ᠎ᠠ ᠵᠢ ᠡᠭᠦᠳᠬᠦ᠂ ᠵᠤᠬᠢᠴᠠᠩᠭᠤᠢ᠂ ᠪᠤᠬᠢᠷᠲᠤᠯ ᠦᠭᠡᠢ᠂ ᠨᠡᠭᠡᠬᠡᠯᠲᠡᠳᠤ᠂ ᠬᠠᠮᠲᠤ᠎ᠪᠠᠷ ᠡᠳ᠋ᠯᠡᠬᠦ ᠬᠦᠭᠵᠢᠯᠲᠡ ᠵᠢᠨ ᠤᠢ᠌ᠢ᠍ᠯᠠᠭ᠋ᠠᠬᠳᠠᠬᠤᠨ᠎ᠢ ᠡᠷᠡᠰ ᠲᠤᠭᠤᠰᠢᠯᠠᠭᠤᠯᠵᠤ᠂ ᠪᠤᠬᠢᠷᠲᠤᠯ ᠦᠭᠡᠢ ᠬᠦᠭᠵᠢᠯᠲᠡ᠎ᠪᠠᠷ ᠠᠮᠢ ᠠᠬᠤᠢ ᠤᠷᠴᠢᠨ ᠲᠤᠭᠤᠷᠢᠨ᠎ᠤ ᠠᠰᠠᠭᠤᠳᠠᠯ᠎ᠢ ᠰᠢᠢ᠍ᠳᠪᠦᠷᠢᠯᠡᠬᠦ ᠦᠨᠳᠦᠰᠦᠨ ᠠᠷᠭ᠎ᠠ ᠪᠤᠳᠤᠯᠭ᠎ᠠ᠎ᠪᠠᠨ ᠪᠤᠯᠭ᠋ᠠᠬᠤ ᠵᠢ ᠪᠠᠷᠢᠮᠲᠠᠯᠠᠨ᠂ ᠨᠤᠭᠤᠭ᠋ᠠᠨ ᠦᠡᠭᠭᠡ ᠵᠢ ᠢᠮᠠᠬᠲᠠ ᠦᠪᠦᠷ ᠮᠤᠩᠭᠤᠯ᠎ᠤᠨ ᠦᠪᠡᠷᠮᠢᠴᠡ ᠲᠠᠪᠠᠭᠤᠯᠢᠭ ᠪᠠ ᠦᠨ᠎ᠠ ᠦᠷᠲᠡᠭ ᠪᠤᠯᠭ᠋ᠠᠨ᠎ᠠ᠃ ᠠᠵᠥ ᠠᠬᠤᠢ ᠵᠢᠨ ᠴᠢᠨᠠᠷ ᠰᠠᠶ᠋ᠢᠳᠠᠢ ᠬᠦᠭᠵᠢᠯᠳᠡ ᠬᠢᠬᠡᠳ ᠠᠮᠢ ᠠᠬᠤᠢ ᠤᠷᠴᠢᠨ ᠳᠤᠭᠤᠷᠢᠨ᠎ᠤ ᠦᠨᠳᠦᠷ ᠳᠦᠪᠰᠢᠨ ᠪᠦᠬᠦᠢ ᠬᠠᠮᠠᠭ᠋ᠠᠯᠠᠯᠳᠠ ᠵᠢ ᠵᠤᠬᠢᠴᠠᠭᠤᠯᠤᠨ ᠬᠦᠭᠵᠢᠬᠦᠯᠵᠤ᠂ ᠠᠵᠥ ᠠᠬᠤᠢ ᠵᠢᠨ ᠴᠢᠨᠠᠷ ᠰᠠᠶ᠋ᠢᠳᠠᠢ ᠬᠦᠭᠵᠢᠯᠳᠡ ᠵᠢ ᠯᠠᠪᠳᠠᠭᠤᠨ ᠪᠠᠳᠤᠳᠠᠢ ᠠᠬᠢᠭᠤᠯᠤᠨ᠂ ᠬᠦᠭᠵᠢᠯᠳᠡ ᠵᠢᠨ ᠶᠠᠰᠤ ᠴᠢᠨᠠᠷ ᠪᠤᠯᠤᠨ ᠦᠷ᠎ᠡ ᠠᠰᠢᠬ᠎ᠢ ᠨᠡᠮᠡᠭᠳᠡᠬᠦᠯᠵᠥ᠂ ᠠᠮᠢ ᠠᠬᠤᠢ ᠤᠷᠴᠢᠨ ᠳᠤᠭᠤᠷᠢᠨ᠎ᠤ ᠠᠰᠠᠭᠤᠳᠠᠯ᠎ᠢ ᠡᠬᠢ ᠥᠨᠲᠥᠰᠥ᠎ᠠᠴᠠ᠎ᠨᠢ ᠰᠢᠢ᠍ᠳᠪᠦᠷᠢᠯᠡᠨ᠎ᠠ᠃ ᠦᠪᠡᠷᠳᠡᠬᠡᠨ ᠵᠠᠰᠠᠬᠤ ᠤᠷᠤᠨ᠎ᠤ ᠠᠮᠢ ᠠᠬᠤᠢ ᠵᠢᠨ ᠬᠠᠮᠠᠭ᠋ᠠᠯᠠᠯᠳᠠ ᠵᠢᠨ ᠤᠯᠠᠭ᠋ᠠᠨ ᠱᠤᠭᠤᠮ᠎ᠢ ᠳᠦᠷᠬᠡᠳᠬᠡᠨ ᠳᠤᠬᠳᠠᠭ᠋ᠠᠵᠥ᠂ 《ᠭᠤᠷᠪᠠᠨ ᠱᠤᠭᠤᠮ ᠨᠢᠬᠡ ᠳᠠᠩᠰᠠ》 ᠵᠢᠨ ᠬᠠᠳᠠᠭᠤ ᠬᠢᠵᠠᠭ᠋ᠠᠷᠯᠠᠯ᠎ᠢ ᠨᠠᠶ᠋ᠢᠳᠠᠪᠤᠷᠢᠵᠢᠭᠤᠯᠵᠥ᠂ ᠠᠵᠥ ᠠᠬᠤᠢ ᠵᠢᠨ ᠪᠦᠳᠦᠴᠡ ᠵᠢᠨ ᠬᠡᠯᠪᠡᠷᠢ ᠵᠢ ᠬᠤᠪᠢᠷᠠᠭᠤᠯᠤᠨ ᠳᠡᠰ ᠳᠡᠪᠰᠢᠬᠦᠯᠬᠦ ᠪᠠ ᠰᠢᠨ᠎ᠡ ᠬᠠᠭᠤᠴᠢᠨ ᠬᠦᠳᠡᠯᠬᠡᠬᠦ ᠡᠨᠧᠷᠬᠢ ᠵᠢᠨ ᠦᠷᠬᠦᠯᠵᠢᠯᠡᠨ ᠰᠤᠯᠢᠭᠳᠠᠬᠤ ᠵᠢ ᠠᠬᠢᠭᠤᠯᠤᠨ᠎ᠠ᠃ ᠬᠤᠶᠠᠷ᠎ᠲᠤ 《ᠳᠦᠷᠪᠡᠨ ᠤᠬᠠᠮᠰᠠᠷ》᠎ᠢ ᠪᠠᠳᠤ ᠪᠤᠢ ᠪᠤᠯᠭ᠋ᠠᠵᠥ᠂ ᠠᠮᠢ ᠠᠬᠤᠢ ᠵᠢᠨ ᠪᠤᠯᠪᠠᠰᠤᠨ᠎ᠤ ᠪᠠᠶ᠋ᠢᠭᠤᠯᠤᠯᠳᠠ ᠪᠤᠯᠤᠨ ᠠᠮᠢ ᠠᠬᠤᠢ ᠤᠷᠴᠢᠨ ᠳᠤᠭᠤᠷᠢᠨ᠎ᠤ ᠬᠠᠮᠠᠭ᠋ᠠᠯᠠᠯᠳᠠ ᠵᠢᠨ ᠤᠯᠤᠰ ᠳᠦᠷᠦ ᠵᠢᠨ ᠡᠬᠦᠷᠬᠡ ᠵᠢ ᠦᠨᠡᠨ ᠬᠦ᠌ ᠡᠬᠦᠷᠬᠡᠯᠡᠨ᠎ᠠ᠃ ᠨᠠᠮ᠎ᠤᠨ ᠳᠦᠪ ᠬᠤᠷᠢᠶ᠎ᠠ᠂ ᠳᠦᠷᠦ ᠵᠢᠨ ᠶᠠᠪᠤᠳᠠᠯ᠎ᠤᠨ ᠬᠤᠷᠢᠶᠠᠨ᠎ᠤ ᠰᠢᠢ᠍ᠳᠪᠦᠷᠢᠳᠤ ᠪᠤᠳᠤᠯᠭ᠎ᠠ ᠪᠠᠶ᠋ᠢᠷᠢᠯᠠᠭᠤᠯᠤᠯᠳᠠ ᠵᠢ ᠡᠷᠡᠰ ᠳᠤᠭᠤᠰᠢᠯᠠᠭᠤᠯᠵᠥ᠂ 《ᠬᠤᠶᠠᠷ᠎ᠢ ᠬᠠᠮᠠᠭ᠋ᠠᠯᠠᠬᠤ》 ᠵᠢ ᠦᠢ᠍ᠯᠡᠳᠦᠯᠬᠡᠵᠢᠬᠦᠯᠵᠤ ᠤᠯᠤᠰ ᠳᠦᠷᠦ ᠵᠢᠨ ᠰᠠᠬᠢᠯᠭ᠎ᠠ ᠪᠠᠳᠤ ᠪᠤᠯᠤᠨ ᠤᠯᠤᠰ ᠳᠦᠷᠦ ᠵᠢᠨ ᠶᠤᠰᠤ ᠳᠦᠷᠢᠮ᠎ᠢ ᠵᠢᠷᠤᠮᠯᠠᠨ ᠰᠠᠬᠢᠬᠤ ᠦᠨᠳᠤᠷᠴᠡ᠎ᠠᠴᠠ ᠶᠡᠷᠦᠩᠬᠡᠢ ᠱᠦᠵᠢ ᠰᠢ ᠵᠢᠨ ᠫᠢᠩ᠎ᠤᠨ 《ᠦᠪᠦᠷ ᠮᠤᠩᠭᠤᠯ᠎ᠢ ᠮᠠᠨ᠎ᠤ ᠤᠯᠤᠰ᠎ᠤᠨ ᠤᠮᠠᠷᠠᠳᠤ ᠵᠢᠨ ᠴᠢᠬᠤᠯᠠ ᠠᠮᠢ ᠠᠬᠤᠢ ᠵᠢᠨ ᠠᠮᠤᠷ ᠳᠦᠪᠰᠢᠨ᠎ᠤ ᠬᠠᠯᠬᠠᠪᠴᠢ ᠪᠤᠯᠭ᠋ᠠᠨ ᠪᠦᠳᠦᠬᠡᠨ ᠪᠠᠶ᠋ᠢᠭᠤᠯᠬᠤ᠎ᠪᠠᠷ ᠴᠢᠷᠮᠠᠶ᠋ᠢᠬᠤ ᠬᠡᠷᠡᠭᠳᠡᠢ》᠂ 《ᠡᠬᠡ ᠤᠯᠤᠰ᠎ᠤᠨ ᠤᠮᠠᠷᠠᠳᠤ ᠵᠢᠨ ᠳᠦᠮᠡᠨ ᠭᠠᠵᠠᠷ᠎ᠤᠨ ᠨᠤᠮᠢᠨ ᠨᠤᠭᠤᠭ᠋ᠠᠨ ᠤᠷᠳᠤ ᠴᠠᠭ᠋ᠠᠨ ᠬᠡᠷᠡᠮ᠎ᠢ ᠴᠤᠬ᠍ᠴᠠᠯᠠᠬᠤ ᠬᠡᠷᠡᠭᠳᠡᠢ》 ᠬᠡᠰᠡᠨ ᠴᠢᠩ ᠰᠡᠳᠬᠢᠯ᠎ᠤᠨ ᠨᠠᠶ᠋ᠢᠳᠠᠯᠭ᠎ᠠ ᠵᠢ ᠨᠡᠩ ᠯᠠᠪᠳᠠᠭᠤᠨ ᠪᠠᠳᠤᠳᠠᠢ ᠪᠦᠬᠡᠳ ᠬᠦᠴᠤᠳᠠᠢ ᠲᠤᠭᠤᠰᠢᠯᠠᠭᠤᠯᠤᠨ᠎ᠠ᠃ 《ᠨᠠᠮ ᠵᠠᠰᠠᠬ ᠬᠠᠮᠳᠤ᠎ᠪᠠᠷ ᠬᠠᠷᠢᠭᠤᠴᠠᠯᠭ᠎ᠠ ᠡᠬᠦᠷᠬᠡᠯᠡᠬᠦ》᠂ 《ᠨᠢᠭᠡ ᠠᠵᠢᠯ᠎ᠤᠨ ᠪᠠᠶ᠋ᠢᠷᠢ᠎ᠳᠤ ᠬᠤᠤᠰ ᠬᠠᠷᠢᠭᠤᠴᠠᠯᠭ᠎ᠠ᠎ᠲᠠᠢ ᠪᠠᠶ᠋ᠢᠬᠤ》 ᠵᠢ ᠴᠢᠩᠭ᠎ᠠ ᠨᠠᠶ᠋ᠢᠳᠠᠪᠤᠷᠢᠵᠢᠭᠤᠯᠵᠥ᠂ ᠡᠯ᠎ᠡ ᠱᠠᠳᠤᠨ᠎ᠤ ᠨᠠᠮ᠎ᠤᠨ ᠬᠤᠷᠢᠶ᠎ᠠ᠂ ᠵᠠᠰᠠᠬ᠎ᠤᠨ ᠤᠷᠳᠤᠨ᠎ᠠᠴᠠ ᠳᠤᠰ ᠵᠠᠰᠠᠬ ᠵᠠᠬᠢᠷᠭ᠋ᠠᠨ᠎ᠤ ᠤᠷᠤᠨ᠎ᠳᠠᠬᠢ ᠠᠮᠢ ᠠᠬᠤᠢ ᠤᠷᠴᠢᠨ ᠳᠤᠭᠤᠷᠢᠨ᠎ᠤ ᠶᠠᠰᠤ ᠴᠢᠨᠠᠷ᠎ᠲᠤ ᠶᠡᠷᠦᠩᠬᠡᠢ ᠬᠠᠷᠢᠭᠤᠴᠠᠯᠭ᠎ᠠ ᠵᠢ ᠡᠬᠦᠷᠬᠡᠯᠡᠵᠥ᠂ 《ᠨᠠᠮ ᠵᠠᠰᠠᠬ ᠬᠠᠮᠳᠤ᠎ᠪᠠᠷ ᠬᠠᠷᠢᠭᠤᠴᠠᠯᠭ᠎ᠠ ᠡᠬᠦᠷᠬᠡᠯᠡᠬᠦ᠂ ᠨᠢᠭᠡ ᠠᠵᠢᠯ᠎ᠤᠨ ᠪᠠᠶ᠋ᠢᠷᠢ᠎ᠳᠤ ᠬᠤᠤᠰ ᠬᠠᠷᠢᠭᠤᠴᠠᠯᠭ᠎ᠠ᠎ᠲᠠᠢ ᠪᠠᠶ᠋ᠢᠬᠤ᠂ ᠬᠠᠷᠢᠭᠤᠴᠠᠯᠭ᠎ᠠ ᠠᠯᠳᠠᠪᠠᠯ ᠨᠡᠬᠡᠮᠵᠢᠯᠡᠬᠦ》 ᠵᠢ ᠴᠢᠩᠭ᠋ᠠᠳᠬᠠᠵᠥ᠂ ᠬᠦᠭᠵᠢᠯᠳᠡ ᠵᠢ ᠬᠠᠮᠢᠶᠠᠷᠬᠤ᠎ᠳᠤ ᠡᠷᠬᠡᠪᠰᠢ ᠤᠷᠴᠢᠨ ᠳᠤᠭᠤᠷᠢᠨ᠎ᠤ ᠬᠠᠮᠠᠭ᠋ᠠᠯᠠᠯᠳᠠ ᠵᠢ ᠬᠠᠮᠢᠶᠠᠷᠬᠤ᠂ ᠦᠢ᠍ᠯᠡᠳᠪᠦᠷᠢᠯᠡᠯ᠎ᠢ ᠬᠠᠮᠢᠶᠠᠷᠬᠤ᠎ᠳᠤ ᠡᠷᠬᠡᠪᠰᠢ ᠤᠷᠴᠢᠨ ᠳᠤᠭᠤᠷᠢᠨ᠎ᠤ ᠬᠠᠮᠠᠭ᠋ᠠᠯᠠᠯᠳᠠ ᠵᠢ ᠬᠠᠮᠢᠶᠠᠷᠬᠤ᠂ ᠠᠵᠢᠯ ᠳᠦᠷᠦᠯ᠎ᠢ ᠬᠠᠮᠢᠶᠠᠷᠬᠤ᠎ᠳᠤ ᠡᠷᠬᠡᠪᠰᠢ ᠤᠷᠴᠢᠨ ᠳᠤᠭᠤᠷᠢᠨ᠎ᠤ ᠬᠠᠮᠠᠭ᠋ᠠᠯᠠᠯᠳᠠ ᠵᠢ ᠬᠠᠮᠢᠶᠠᠷᠬᠤ ᠠᠮᠢ ᠠᠬᠤᠢ ᠤᠷᠴᠢᠨ ᠳᠤᠭᠤᠷᠢᠨ᠎ᠤ ᠬᠠᠮᠠᠭ᠋ᠠᠯᠠᠯᠳᠠ ᠵᠢᠨ ᠠᠵᠢᠯ᠎ᠤᠨ ᠬᠠᠷᠢᠭᠤᠴᠠᠯᠭ᠎ᠠ ᠵᠢᠨ ᠰᠢᠰᠲ᠋ᠧᠮ᠎ᠢ ᠳᠤᠬᠳᠠᠭ᠋ᠠᠨ᠎ᠠ᠃ ᠱᠠᠯᠠᠪᠳᠠᠭᠤᠯᠤᠨ ᠪᠠᠶ᠋ᠢᠴᠠᠭ᠋ᠠᠵᠥ ᠴᠡᠭᠴᠡᠯᠡᠨ ᠰᠠᠶ᠋ᠢᠵᠢᠷᠠᠭᠤᠯᠬᠤ ᠦᠵᠡᠯ ᠰᠠᠨᠠᠭ᠋ᠠᠨ᠎ᠤ ᠤᠬᠠᠮᠰᠠᠷ ᠪᠤᠯᠤᠨ ᠦᠢ᠍ᠯᠡ ᠠᠵᠢᠯᠯᠠᠭ᠎ᠠ ᠵᠢᠨ ᠤᠬᠠᠮᠰᠠᠷ ᠵᠶ᠋ᠠᠨ ᠦᠨᠡᠨ ᠬᠦ᠌ ᠴᠢᠩᠭ᠋ᠠᠳᠬᠠᠵᠥ᠂ ᠴᠡᠭᠴᠡᠯᠡᠨ ᠰᠠᠶ᠋ᠢᠵᠢᠷᠠᠭᠤᠯᠬᠤ ᠠᠵᠢᠯ᠎ᠢ ᠢᠮᠠᠬᠳᠠ ᠴᠢᠬᠤᠯᠠ ᠶᠡᠭᠡ ᠤᠯᠤᠰ ᠳᠦᠷᠦ ᠵᠢᠨ ᠡᠬᠦᠷᠬᠡ᠂ ᠠᠷᠠᠳ᠎ᠤᠨ ᠠᠮᠢᠳᠤᠷᠠᠯ᠎ᠤᠨ ᠢᠨᠵᠧᠨᠧᠷᠢᠩ ᠪᠠ ᠬᠦᠭᠵᠢᠯᠳᠡ ᠵᠢᠨ ᠠᠵᠠ ᠳᠤᠬᠢᠶᠠᠯ ᠵᠶ᠋ᠠᠨ ᠪᠤᠯᠭ᠋ᠠᠨ᠂ ᠱᠠᠯᠠᠪᠳᠠᠭᠤᠯᠤᠨ ᠪᠠᠶ᠋ᠢᠴᠠᠭ᠋ᠠᠵᠥ ᠬᠠᠷᠢᠭᠤ ᠳᠤᠰᠬᠠᠬᠰᠠᠨ ᠰᠠᠨᠠᠯ᠎ᠢ ᠠᠵᠢᠯ ᠵᠶ᠋ᠠᠨ ᠰᠠᠶ᠋ᠢᠵᠢᠷᠠᠭᠤᠯᠬᠤ ᠴᠢᠩᠭ᠎ᠠ ᠶᠡᠭᠡ ᠬᠦᠳᠡᠯᠬᠡᠬᠦ ᠬᠦᠴᠦᠨ ᠪᠤᠯᠭ᠋ᠠᠨ ᠬᠤᠪᠢᠷᠠᠭᠤᠯᠵᠥ᠂ ᠠᠰᠠᠭᠤᠳᠠᠯ᠎ᠢ ᠰᠢᠢ᠍ᠳᠪᠦᠷᠢᠯᠡᠬᠦ ᠪᠦᠳᠦᠮᠵᠢᠳᠡᠢ ᠠᠷᠭ᠎ᠠ ᠪᠤᠳᠤᠯᠭ᠎ᠠ ᠪᠤᠯᠭ᠋ᠠᠨ ᠬᠤᠪᠢᠷᠠᠭᠤᠯᠵᠥ᠂ ᠠᠮᠢ ᠠᠬᠤᠢ ᠤᠷᠴᠢᠨ ᠳᠤᠭᠤᠷᠢᠨ᠎ᠤ ᠶᠠᠰᠤ ᠴᠢᠨᠠᠷ᠎ᠢ ᠰᠠᠶ᠋ᠢᠵᠢᠷᠠᠭᠤᠯᠬᠤ ᠪᠤᠳᠠᠳᠤ ᠦᠷ᠎ᠡ ᠪᠦᠳᠦᠮᠵᠢ ᠪᠤᠯᠭ᠋ᠠᠨ ᠬᠤᠪᠢᠷᠠᠭᠤᠯᠵᠥ᠂ ᠱᠠᠯᠠᠪᠳᠠᠭᠤᠯᠤᠨ ᠪᠠᠶ᠋ᠢᠴᠠᠭ᠋ᠠᠵᠥ ᠴᠡᠭᠴᠡᠯᠡᠨ ᠰᠠᠶ᠋ᠢᠵᠢᠷᠠᠭᠤᠯᠬᠤ ᠪᠤᠳᠠᠳᠠᠢ ᠠᠵᠢᠯᠯᠠᠭ᠎ᠠ᠎ᠪᠠᠷ ᠵᠶ᠋ᠠᠨ ᠤᠯᠤᠰ ᠳᠦᠷᠦ ᠵᠢᠨ ᠦᠨᠡᠨᠴᠢ ᠰᠢᠳᠤᠷᠭᠤ᠎ᠪᠠᠨ ᠲᠤᠳᠤᠷᠠᠭᠤᠯᠤᠨ᠎ᠠ᠃ ᠭᠤᠷᠪᠠ᠎ᠳᠤ᠂ ᠭᠤᠤᠯᠲᠠᠯᠭ᠎ᠠ᠎ᠲᠠᠢ ᠪᠠ ᠲᠦᠪᠡᠭᠳᠡᠢ ᠠᠰᠠᠭᠤᠲᠠᠯ᠎ᠳᠤ ᠴᠢᠭᠯᠡᠭᠦᠯᠵᠦ᠂ ᠠᠮᠢ ᠠᠬᠤᠢ ᠤᠷᠴᠢᠨ ᠲᠤᠭᠤᠷᠢᠨ᠎ᠤ ᠲᠤᠪᠤᠶ᠋ᠢᠮ᠎ᠠ ᠠᠰᠠᠭᠤᠲᠠᠯ᠎ᠢ ᠲᠦᠷᠭᠡᠡ ᠰᠢᠢ᠍ᠳᠪᠦᠷᠢᠯᠡᠨ᠎ᠠ᠃ ᠬᠦᠯᠦᠨ ᠨᠠᠭᠤᠷ᠂ ᠲᠠᠭ᠎ᠠ ᠵᠢᠨ ᠨᠠᠭᠤᠷ ᠪᠠ ᠤᠯᠠᠭ᠋ᠠᠨᠰᠤᠬᠠᠢ ᠵᠢᠨ ᠠᠮᠢ ᠠᠬᠤᠢ ᠤᠷᠴᠢᠨ ᠲᠤᠭᠤᠷᠢᠨ᠎ᠤ ᠶᠡᠷᠦᠩᠭᠡᠶ᠋ᠢᠯᠡᠭᠰᠡᠨ ᠵᠠᠰᠠᠯᠲᠠ ᠵᠢ ᠲᠦᠷᠭᠡᠳᠬᠡᠨ ᠠᠬᠢᠭᠤᠯᠵᠦ᠂ ᠵᠠᠰᠠᠯᠲᠠ ᠵᠢᠨ ᠲᠦᠯᠦᠪᠵᠢᠭᠦᠯᠭᠡ ᠵᠢ ᠲᠦᠷᠭᠡᠡ ᠵᠠᠰᠠᠠ ᠨᠠᠶ᠋ᠢᠷᠠᠭᠤᠯᠵᠦ᠂ ᠪᠡᠯᠡ ᠤᠷᠤᠭᠤᠯᠤᠯᠲᠠ ᠵᠢᠨ ᠡᠷᠴᠢᠮ ᠵᠶ᠋ᠠᠨ ᠴᠢᠩᠭ᠋ᠠᠷᠠᠭᠤᠯᠤᠨ᠂ ᠠᠮᠢ ᠠᠬᠤᠢ ᠪᠤᠯᠤᠨ ᠤᠷᠴᠢᠨ ᠲᠤᠭᠤᠷᠢᠨ᠎ᠢ ᠶᠡᠷᠦᠩᠭᠡᠶ᠋ᠢᠯᠡᠡ ᠵᠠᠰᠠᠬᠤ ᠢᠨᠵᠧᠨᠧᠷᠢᠩ᠎ᠢ ᠲᠦᠷᠭᠡᠡ ᠭᠡᠷᠡᠭᠵᠢᠭᠦᠯᠦᠨ᠎ᠠ᠃ ᠨᠤᠭᠤ ᠭᠠᠵᠠᠷ᠎ᠤᠨ ᠠᠮᠢ ᠠᠬᠤᠢ ᠵᠢ ᠰᠡᠷᠭᠦᠭᠡᠬᠦ ᠪᠠ ᠬᠠᠮᠠᠭ᠋ᠠᠯᠠᠬᠤ ᠵᠢ ᠴᠢᠩᠭ᠋ᠠᠳᠬᠠᠵᠦ᠂ ᠤᠤᠯ᠎ᠤᠨ ᠨᠤᠭᠤ ᠭᠠᠵᠠᠷ᠎ᠤᠨ ᠰᠢᠰᠲ᠋ᠧᠮ ᠪᠤᠶᠤ ᠰᠢᠨ᠎ᠠ᠎ᠪᠠᠷ ᠨᠡᠮᠡᠭᠲᠡᠭᠰᠡᠡ ᠵᠤᠬᠢᠶᠠᠮᠠᠯ ᠨᠤᠭᠤ ᠭᠠᠵᠠᠷ᠎ᠢ ᠠᠯᠬᠤᠮ ᠠᠯᠬᠤᠮ ᠵᠶ᠋ᠠᠷ ᠰᠡᠷᠭᠦᠭᠡᠵᠦ᠂ ᠤᠷᠴᠢᠨ ᠲᠤᠭᠤᠷᠢᠨ᠎ᠤ ᠪᠠᠭᠲᠠᠭ᠋ᠠᠮᠵᠢ ᠵᠢᠨ ᠭᠡᠮᠵᠢᠶ᠎ᠠ ᠵᠢ᠎ᠨᠢ ᠨᠡᠮᠡᠭᠲᠡᠭᠦᠯᠦᠨ᠎ᠠ᠃ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠤᠷᠤᠨ᠎ᠤ ᠬᠢᠨᠠᠯᠲᠠ ᠬᠠᠮᠢᠶᠠᠷᠤᠯᠲᠠ ᠵᠢ ᠪᠦᠬᠦ ᠲᠠᠯ᠎ᠠ᠎ᠪᠠᠷ ᠴᠢᠩᠭ᠋ᠠᠳᠬᠠᠠ᠂ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠤᠷᠤᠨ᠎ᠤ ᠲᠤᠲᠤᠷᠠᠬᠢ ᠦᠢ᠍ᠯᠡᠳᠪᠦᠷᠢ ᠠᠭᠤᠷᠬᠠᠢ ᠠᠵᠦ ᠠᠬᠤᠢ᠌ᠢ᠍ᠯᠠᠯ᠎ᠢ ᠤᠬᠤᠷᠢᠭᠤᠯᠤᠨ ᠭᠠᠷᠭ᠋ᠠᠬᠤ ᠪᠠ ᠠᠭᠤᠷᠬᠠᠢ ᠵᠢᠨ ᠭᠠᠵᠠᠷ ᠰᠢᠨᠵᠢᠯᠡᠭᠡᠡ᠎ᠤ ᠤᠷᠴᠢᠨ ᠲᠤᠭᠤᠷᠢᠨ᠎ᠢ ᠰᠡᠷᠭᠦᠭᠡᠠ ᠵᠠᠰᠠᠬᠤ ᠡᠬᠦᠷᠭᠡ ᠬᠠᠷᠠᠯᠲᠠ ᠵᠢ ᠲᠤᠭᠲᠠᠭᠰᠠᠠ ᠴᠠᠭ᠎ᠲᠠᠭᠠᠨ ᠪᠡᠶᠡᠯᠡᠭᠦᠯᠵᠦ᠂ ᠤᠯᠤᠰ᠎ᠤᠨ ᠴᠡᠴᠡᠷᠯᠢᠭ ᠵᠶ᠋ᠠᠷ ᠭᠤᠤᠯ ᠴᠤᠭᠴᠠ ᠪᠤᠯᠭ᠋ᠠᠭᠰᠠᠠ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠭᠠᠵᠠᠷ᠎ᠤᠨ ᠰᠢᠰᠲ᠋ᠧᠮ᠎ᠤᠨ ᠪᠠᠶ᠋ᠢᠭᠤᠯᠤᠯᠲᠠ ᠵᠢ ᠠᠬᠢᠭᠤᠯᠵᠦ᠂ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠭᠠᠵᠠᠷ᠎ᠤᠨ ᠬᠤᠯᠪᠤᠭᠲᠠᠯ ᠪᠦᠬᠦᠢ ᠬᠠᠤᠯᠢ ᠲᠤᠭᠲᠠᠭ᠋ᠠᠯ ᠪᠠ ᠬᠠᠮᠢᠶᠠᠷᠤᠯᠲᠠ ᠵᠢᠨ ᠲᠦᠷᠢᠮ᠎ᠢ ᠪᠠᠶ᠋ᠢᠭᠤᠯᠤᠨ ᠲᠡᠭᠦᠯᠲᠡᠷᠵᠢᠭᠦᠯᠦᠨ᠎ᠠ᠃ ᠤᠰᠤᠨ᠎ᠤ ᠡᠬᠢ ᠪᠠᠶᠠᠯᠢᠭ᠎ᠤᠨ ᠤᠷᠴᠢᠨ ᠲᠤᠭᠤᠷᠢᠨ᠎ᠤ ᠬᠠᠮᠠᠭ᠋ᠠᠯᠠᠯᠲᠠ ᠵᠢ ᠴᠢᠩᠭ᠋ᠠᠳᠬᠠᠠ᠂ ᠭᠤᠤᠯ᠎ᠤᠨ ᠲᠠᠷᠤᠭ᠎ᠠ ᠵᠢᠨ ᠲᠦᠷᠢᠮ᠂ ᠨᠠᠭᠤᠷ᠎ᠤᠨ ᠲᠠᠷᠤᠭ᠎ᠠ ᠵᠢᠨ ᠲᠦᠷᠢᠮ᠎ᠢ ᠪᠦᠬᠦ ᠲᠠᠯ᠎ᠠ᠎ᠪᠠᠷ ᠨᠠᠶ᠋ᠢᠲᠠᠪᠤᠷᠢᠵᠢᠭᠤᠯᠤᠨ᠂ ᠬᠠᠮᠤᠭ᠎ᠤᠨ ᠴᠢᠩᠭ᠎ᠠ ᠤᠰᠤᠨ᠎ᠤ ᠡᠬᠢ ᠪᠠᠶᠠᠯᠢᠭ᠎ᠤᠨ ᠬᠠᠮᠢᠶᠠᠷᠤᠯᠲᠠ ᠵᠢ ᠭᠡᠷᠡᠭᠵᠢᠭᠦᠯᠵᠦ᠂ ᠠᠵᠦ ᠦᠢ᠍ᠯᠡᠳᠪᠦᠷᠢ ᠵᠢᠨ ᠠᠵᠦ ᠠᠬᠤᠢ᠌ᠢ᠍ᠯᠠᠯ᠎ᠤᠨ ᠭᠠᠵᠠᠷ ᠲᠤᠤᠷᠠᠬᠢ ᠤᠰᠤ ᠵᠢ ᠲᠦᠷᠢᠮ᠎ᠠᠴᠠ ᠵᠦᠷᠢᠴᠡᠡ ᠭᠡᠷᠡᠭᠯᠡᠬᠦ ᠵᠢ ᠴᠠᠭ᠋ᠠᠵᠠᠯᠠᠨ᠎ᠠ᠃ ᠪᠤᠵᠠᠷ ᠤᠰᠤ ᠬᠤᠷᠢᠶᠠᠬᠤ ᠨᠤᠷᠮ᠎ᠠ ᠪᠤᠯᠤᠨ ᠪᠤᠵᠠᠷ ᠤᠰᠤ ᠵᠢ ᠰᠢᠢ᠍ᠳᠪᠦᠷᠢᠯᠡᠬᠦ ᠦᠢ᠍ᠯᠡᠳᠪᠦᠷᠢ ᠵᠢᠨ ᠡᠷᠬᠢᠯᠳᠡ ᠵᠢᠨ ᠲᠠᠭ᠋ᠠᠭ᠋ᠠᠴᠠ ᠵᠢ ᠪᠦᠬᠦ ᠲᠠᠯ᠎ᠠ᠎ᠪᠠᠷ ᠲᠡᠭᠡᠭᠰᠢᠯᠡᠭᠦᠯᠵᠤ᠂ ᠰᠠᠭᠤᠭ᠋ᠠᠯᠢ ᠠᠷᠠᠳ᠎ᠤᠨ ᠬᠡᠷᠡᠭᠯᠡᠭᠰᠡᠨ᠎ᠤ ᠲᠠᠷᠠᠭ᠋ᠠᠬᠢ ᠬᠠᠶᠠᠭᠳᠠᠮᠠᠯ ᠪᠠ ᠪᠤᠬᠢᠷ ᠤᠰᠤ ᠵᠢ ᠲᠠᠬᠢᠨ ᠭᠡᠷᠡᠭᠯᠡᠬᠦ ᠨᠤᠷᠮ᠎ᠠ ᠵᠢ ᠠᠯᠬᠤᠮ ᠠᠯᠬᠤᠮ ᠵᠶ᠋ᠠᠷ ᠲᠡᠭᠡᠭᠰᠢᠯᠡᠭᠦᠯᠦᠨ᠎ᠠ᠃ ᠠᠭ᠋ᠠᠷ ᠮᠠᠠᠲᠠᠯ᠎ᠤᠨ ᠪᠤᠬᠢᠷᠲᠤᠯ᠎ᠢ ᠰᠡᠷᠭᠡᠶ᠋ᠢᠯᠡᠡ ᠵᠠᠰᠠᠬᠤ ᠲᠤᠪᠤᠶ᠋ᠢᠮ᠎ᠠ ᠠᠰᠠᠭᠤᠲᠠᠯ᠎ᠢ ᠪᠦᠲᠦᠮᠵᠢᠲᠠᠢ ᠰᠢᠢ᠍ᠳᠪᠦᠷᠢᠯᠡᠵᠤ᠂ ᠰᠢᠲᠠᠭ᠋ᠠᠯᠭ᠎ᠠ ᠵᠢᠨ ᠨᠡᠭᠦᠷᠡᠰᠦᠨ᠎ᠤ ᠪᠤᠬᠢᠷᠲᠤᠯ᠎ᠢ ᠶᠠᠷᠦᠩᠬᠡᠶ᠋ᠢᠯᠡᠨ ᠴᠡᠭᠴᠡᠯᠡᠡ ᠵᠠᠰᠠᠬᠤ ᠵᠢ ᠠᠬᠢᠭᠤᠯᠵᠦ᠂ ᠬᠤᠲᠠ ᠵᠢᠨ ᠢᠯᠴᠢ ᠬᠠᠩᠭ᠋ᠠᠯᠭ᠎ᠠ ᠵᠢᠨ ᠪᠦᠲᠦᠴᠡ ᠵᠢ ᠰᠢᠯᠢᠲᠡᠭᠵᠢᠬᠦᠯᠦᠨ᠂ ᠠᠵᠦ ᠦᠢ᠍ᠯᠡᠳᠪᠦᠷᠢ ᠵᠢᠨ ᠠᠵᠦ ᠠᠬᠤᠢ᠌ᠢ᠍ᠯᠠᠯ᠎ᠤᠨ ᠦᠯᠡᠭᠦᠴᠡ ᠢᠯᠴᠢ ᠵᠢ ᠠᠰᠢᠠᠠᠯᠠᠬᠤ ᠵᠢ ᠠᠬᠢᠭᠤᠯᠵᠦ᠂ ᠬᠤᠲᠠ ᠬᠦᠲᠡᠭᠡ ᠵᠢᠨ ᠰᠢᠲᠠᠭ᠋ᠠᠯᠭ᠎ᠠ ᠵᠢᠨ ᠨᠡᠭᠦᠷᠡᠰᠦᠨ᠎ᠤ ᠦᠭᠡᠷᠡᠴᠢᠯᠡᠠ ᠪᠠᠶ᠋ᠢᠭᠤᠯᠤᠯᠲᠠ ᠵᠢ ᠲᠦᠷᠭᠡᠳᠭᠡᠵᠦ᠂ ᠬᠤᠲᠠ ᠵᠢᠨ ᠪᠦᠲᠦᠭᠡᠡ ᠪᠠᠶ᠋ᠢᠭᠤᠯᠤᠯᠲᠠ ᠵᠢᠨ ᠲᠤᠭᠤᠷᠢᠭ᠎ᠲᠠᠬᠢ ᠴᠠᠭ ᠪᠦᠷᠢ᠎ᠳᠤ 10 ᠠᠭᠤᠷᠰᠢᠯ ᠲᠤᠨ ᠵᠢᠴᠢ ᠡᠭᠦᠨ᠎ᠠᠴᠠ ᠲᠤᠷᠤᠭᠰᠢᠬᠢ ᠨᠡᠭᠦᠷᠡᠰᠦ ᠰᠢᠲᠠᠭ᠋ᠠᠬᠤ ᠬᠦᠸᠧᠯᠦ ᠵᠢ ᠪᠦᠬᠦ ᠲᠠᠯ᠎ᠠ᠎ᠪᠠᠷ ᠰᠢᠭᠰᠢᠭᠲᠡᠭᠦᠯᠦᠨ᠂ ᠠᠭ᠋ᠠᠷ ᠮᠠᠠᠲᠠᠯ᠎ᠤᠨ ᠶᠠᠰᠤ ᠴᠢᠨᠠᠷ᠎ᠢ ᠴᠢᠨᠠᠭᠰᠢᠲᠠ ᠰᠠᠶ᠋ᠢᠵᠢᠷᠠᠭᠤᠯᠤᠨ᠎ᠠ᠃ ᠠᠵᠦ ᠦᠢ᠍ᠯᠡᠳᠪᠦᠷᠢ ᠵᠢᠨ ᠬᠦᠷᠢᠶᠡᠯᠡᠩ ᠲᠤᠭᠤᠷᠢᠭ᠎ᠤᠨ ᠤᠷᠴᠢᠨ ᠲᠤᠭᠤᠷᠢᠨ᠎ᠤ ᠰᠠᠭᠤᠷᠢ ᠲᠦᠬᠦᠭᠡᠷᠦᠮᠵᠢ ᠵᠢᠨ ᠲᠤᠲᠠᠭᠤᠲᠠᠯ ᠵᠶ᠋ᠠᠨ ᠲᠦᠷᠭᠡᠡ ᠨᠦᠬᠦᠪᠦᠷᠢᠯᠡᠵᠦ᠂ ᠬᠦᠷᠢᠶᠡᠯᠡᠩ ᠲᠤᠭᠤᠷᠢᠭ᠎ᠤᠨ ᠲᠦᠪᠯᠡᠷᠡᠩᠬᠦᠢ ᠬᠡᠯᠪᠡᠷᠢ ᠵᠢᠨ ᠪᠤᠵᠠᠷ ᠤᠰᠤ ᠰᠢᠢ᠍ᠳᠪᠦᠷᠢᠯᠡᠬᠦ ᠲᠦᠬᠦᠭᠡᠷᠦᠮᠵᠢ᠂ ᠬᠠᠲᠠᠭᠤ ᠪᠡᠶᠡᠲᠦ ᠬᠠᠢᠬᠠᠲᠠᠮᠠᠯ ᠪᠤᠲᠠᠰ᠎ᠤᠨ ᠲᠠᠯᠠᠪᠠᠢ ᠵᠡᠷᠭᠡ ᠤᠷᠴᠢᠨ ᠲᠤᠭᠤᠷᠢᠨ᠎ᠤ ᠰᠠᠭᠤᠷᠢ ᠲᠦᠬᠦᠭᠡᠷᠦᠮᠵᠢ ᠵᠢᠨ ᠪᠦᠲᠦᠭᠡᠡ ᠪᠠᠶ᠋ᠢᠭᠤᠯᠤᠯᠲᠠ ᠵᠢ ᠲᠦᠷᠭᠡᠳᠭᠡᠵᠦ᠂ ᠦᠪᠡᠷᠲᠡᠭᠡᠡ ᠵᠠᠰᠬᠠᠤ ᠤᠷᠤᠨ᠎ᠤ ᠲᠡᠰ ᠵᠢᠴᠢ ᠡᠭᠦᠨ᠎ᠠᠴᠠ ᠲᠡᠭᠡᠭᠰᠢᠬᠢ ᠠᠵᠦ ᠦᠢ᠍ᠯᠡᠳᠪᠦᠷᠢ ᠵᠢᠨ ᠬᠦᠷᠢᠶᠡᠯᠡᠩ ᠲᠤᠭᠤᠷᠢᠭ᠎ᠤᠨ ᠲᠦᠪᠯᠡᠷᠡᠩᠬᠦᠢ ᠬᠡᠯᠪᠡᠷᠢ ᠵᠢᠨ ᠪᠤᠵᠠᠷ ᠤᠰᠤ ᠰᠢᠢ᠍ᠳᠪᠦᠷᠢᠯᠡᠬᠦ ᠦᠢ᠍ᠯᠡᠳᠪᠦᠷᠢ ᠪᠠ ᠬᠠᠶᠠᠭᠳᠠᠮᠠᠯ ᠪᠤᠲᠠᠰ᠎ᠤᠨ ᠲᠠᠯᠠᠪᠠᠢ ᠵᠢᠨ ᠪᠦᠲᠦᠭᠡᠡ ᠪᠠᠶ᠋ᠢᠭᠤᠯᠤᠯᠲᠠ ᠵᠢᠨ ᠡᠬᠦᠷᠭᠡ ᠵᠢ ᠪᠦᠬᠦ ᠲᠠᠯ᠎ᠠ᠎ᠪᠠᠷ ᠪᠡᠶᠡᠯᠡᠭᠦᠯᠤᠨ᠎ᠠ᠃ ᠬᠠᠲᠠᠭᠤ ᠪᠡᠶᠡᠲᠦ ᠬᠠᠢᠬᠠᠲᠠᠮᠠᠯ ᠪᠤᠲᠠᠰ᠎ᠤᠨ ᠵᠢᠷᠤᠮᠵᠢᠭᠰᠠᠠ ᠬᠠᠮᠢᠶᠠᠷᠤᠯᠲᠠ ᠵᠢ ᠦᠨᠡᠡ ᠬᠦ᠌ ᠴᠢᠩᠭ᠋ᠠᠳᠬᠠᠠ᠂ ᠠᠵᠦ ᠦᠢ᠍ᠯᠡᠳᠪᠦᠷᠢ ᠵᠢᠨ ᠬᠠᠲᠠᠭᠤ ᠪᠡᠶᠡᠲᠦ ᠬᠠᠢᠬᠠᠲᠠᠮᠠᠯ ᠪᠤᠲᠠᠰ᠎ᠢ ᠡᠬᠢ ᠥᠨᠲᠥᠰᠥ᠎ᠠᠴᠠ᠎ᠨᠢ ᠪᠠᠭ᠋ᠠᠰᠬᠠᠬᠤ ᠪᠠ ᠶᠡᠷᠦᠩᠭᠡᠶ᠋ᠢᠯᠡᠡ ᠠᠰᠢᠠᠠᠯᠠᠬᠤ ᠵᠢ ᠴᠢᠩᠭ᠋ᠠᠳᠬᠠᠵᠦ᠂ ᠠᠵᠦ ᠠᠬᠤᠢ᠌ᠢ᠍ᠯᠠᠯ᠎ᠤᠨ ᠡᠷᠬᠢᠯᠲᠠᠳᠤ ᠦᠢ᠍ᠯᠡᠳᠪᠦᠷᠢᠯᠡᠯ᠂ ᠬᠦᠷᠢᠶᠡᠯᠡᠩ ᠲᠤᠭᠤᠷᠢᠭ᠎ᠤᠨ ᠡᠷᠬᠢᠯᠲᠠᠳᠤ ᠬᠦᠭᠵᠢᠯᠲᠠ᠂ ᠠᠵᠦ ᠦᠢ᠍ᠯᠡᠰ᠎ᠤᠨ ᠡᠷᠬᠢᠯᠲᠠᠳᠤ ᠬᠤᠯᠪᠤᠯᠳᠠ ᠵᠢ ᠠᠬᠢᠭᠤᠯᠵᠦ᠂ ᠬᠠᠲᠠᠭᠤ ᠪᠡᠶᠡᠲᠦ ᠬᠠᠢᠬᠠᠲᠠᠮᠠᠯ ᠪᠤᠲᠠᠰ᠎ᠢ ᠶᠡᠷᠦᠩᠭᠡᠶ᠋ᠢᠯᠡᠡ ᠠᠰᠢᠠᠠᠯᠠᠬᠤ ᠲᠦᠪᠰᠢᠨ᠎ᠢ ᠲᠡᠭᠡᠭᠰᠢᠯᠡᠭᠦᠯᠦᠨ᠎ᠠ᠃ ᠲᠦᠷᠪᠡ᠎ᠳᠤ᠂ ᠴᠢᠩᠭ᠎ᠠ ᠪᠤᠳᠠᠳᠠᠢ ᠪᠠᠶ᠋ᠢᠬᠤ ᠵᠢ ᠪᠠᠷᠢᠮᠳᠠᠯᠠᠵᠤ᠂ ᠱᠠᠯᠠᠪᠳᠠᠭᠤᠯᠤᠨ ᠪᠠᠶ᠋ᠢᠴᠠᠭ᠋ᠠᠵᠦ ᠴᠡᠭᠴᠡᠯᠡᠨ ᠰᠠᠶ᠋ᠢᠵᠢᠷᠠᠭᠤᠯᠬᠤ ᠠᠵᠢᠯ᠎ᠢ ᠪᠤᠳᠠᠳᠠᠢ᠎ᠳᠤ ᠨᠠᠶ᠋ᠢᠳᠠᠪᠤᠷᠢᠵᠢᠭᠤᠯᠵᠦ ᠦᠷ᠎ᠠ ᠪᠦᠲᠦᠮᠵᠢ ᠭᠠᠷᠭ᠋ᠠᠬᠤ ᠵᠢ ᠪᠠᠳᠤᠯᠠᠨ᠎ᠠ᠃ ᠴᠡᠭᠴᠡᠯᠡᠨ ᠰᠠᠶ᠋ᠢᠵᠢᠷᠠᠭᠤᠯᠬᠤ ᠪᠠᠷᠢᠮᠵᠢᠶ᠎ᠠ ᠵᠢ ᠴᠢᠩᠳᠠᠯᠠᠨ᠎ᠠ᠃ ᠴᠡᠭᠴᠡᠯᠡᠨ ᠰᠠᠶ᠋ᠢᠵᠢᠷᠠᠭᠤᠯᠬᠤ ᠡᠬᠦᠷᠬᠡ ᠵᠢᠨ ᠨᠠᠷᠢᠨ ᠲᠠᠩᠰᠠ᠎ᠲᠠᠢ ᠨᠠᠷᠢᠨ ᠬᠢᠨᠠᠮᠠᠭ᠋ᠠᠢ ᠬᠠᠷᠢᠴᠠᠭᠤᠯᠵᠤ᠂ ᠴᠡᠭᠴᠡᠯᠡᠨ ᠰᠠᠶ᠋ᠢᠵᠢᠷᠠᠭᠤᠯᠬᠤ ᠲᠠᠩᠰᠠ ᠵᠤᠬᠢᠶᠠᠨ᠂ ᠴᠡᠭᠴᠡᠯᠡᠨ ᠰᠠᠶ᠋ᠢᠵᠢᠷᠠᠭᠤᠯᠬᠤ ᠡᠬᠦᠷᠬᠡ ᠵᠢᠨ ᠪᠢᠴᠢᠭ᠂ ᠬᠠᠷᠢᠭᠤᠴᠠᠯᠭ᠎ᠠ ᠵᠢᠨ ᠲᠦᠷᠢᠮ᠂ ᠴᠠᠬ᠎ᠤᠨ ᠬᠦᠰᠦᠨᠦᠭ᠎ᠢ ᠨᠢᠬᠡ ᠨᠢᠬᠡ ᠵᠤᠷᠪᠤᠰ ᠨᠢᠬᠡ ᠨᠢᠬᠡ ᠲᠦᠷᠦᠯ ᠵᠶ᠋ᠠᠷ ᠲᠤᠳᠤᠷᠬᠠᠢ᠌ᠢ᠍ᠯᠠᠵᠤ᠂ ᠠᠰᠠᠭᠤᠳᠠᠯ᠎ᠤᠨ ᠴᠡᠭᠴᠡᠯᠡᠨ ᠰᠠᠶ᠋ᠢᠵᠢᠷᠠᠭᠤᠯᠤᠯᠳᠠ᠎ᠨᠢ ᠬᠢᠨᠠᠨ ᠪᠠᠶ᠋ᠢᠴᠠᠭ᠋ᠠᠯᠳᠠ ᠵᠢ ᠲᠠᠭ᠋ᠠᠭ᠋ᠠᠵᠦ ᠲᠡᠶ᠋ᠢᠯᠬᠦ᠂ ᠰᠢᠯᠭ᠋ᠠᠨ ᠪᠠᠶ᠋ᠢᠴᠠᠭ᠋ᠠᠯᠳᠠ ᠵᠢ ᠲᠠᠭ᠋ᠠᠭ᠋ᠠᠵᠦ ᠲᠡᠶ᠋ᠢᠯᠬᠦ ᠵᠢ ᠪᠠᠳᠤᠯᠠᠨ᠎ᠠ᠃ ᠴᠡᠭᠴᠡᠯᠡᠨ ᠰᠠᠶ᠋ᠢᠵᠢᠷᠠᠭᠤᠯᠬᠤ ᠰᠠᠬᠢᠯᠭ᠎ᠠ ᠪᠠᠳᠤ ᠵᠢ ᠴᠢᠩᠳᠠᠯᠠᠨ ᠲᠤᠳᠤᠷᠬᠠᠢ᠌ᠢ᠍ᠯᠠᠵᠦ᠂ ᠱᠠᠯᠠᠪᠳᠠᠭᠤᠯᠤᠨ ᠪᠠᠶ᠋ᠢᠴᠠᠭ᠋ᠠᠵᠦ ᠴᠡᠭᠴᠡᠯᠡᠨ ᠰᠠᠶ᠋ᠢᠵᠢᠷᠠᠭᠤᠯᠤᠬᠰᠠᠨ᠎ᠨᠢ ᠬᠦᠴᠦᠳᠡᠢ ᠪᠢᠰᠢ᠂ 《ᠦᠩᠬᠡᠨ ᠲᠠᠯ᠎ᠠ ᠲᠡᠭᠡᠷ᠎ᠠ ᠴᠡᠭᠴᠡᠯᠡᠨ ᠰᠠᠶ᠋ᠢᠵᠢᠷᠠᠭᠤᠯᠬᠤ》᠂ 《ᠬᠠᠭᠤᠷᠮᠠᠬ ᠵᠶ᠋ᠠᠷ ᠴᠡᠭᠴᠡᠯᠡᠨ ᠰᠠᠶ᠋ᠢᠵᠢᠷᠠᠭᠤᠯᠬᠤ》᠂ 《ᠠᠷᠭ᠋ᠠᠴᠠᠭ᠋ᠠᠵᠦ ᠴᠡᠭᠴᠡᠯᠡᠨ ᠰᠠᠶ᠋ᠢᠵᠢᠷᠠᠭᠤᠯᠬᠤ》᠂ 《ᠪᠠᠴᠢᠮ ᠲᠠᠪᠴᠢᠭᠤ᠎ᠪᠠᠷ ᠴᠡᠭᠴᠡᠯᠡᠨ ᠰᠠᠶ᠋ᠢᠵᠢᠷᠠᠭᠤᠯᠬᠤ》 ᠵᠡᠷᠬᠡ ᠠᠮᠢ ᠠᠬᠤᠢ ᠤᠷᠴᠢᠨ ᠲᠤᠭᠤᠷᠢᠨ᠎ᠤ ᠬᠠᠮᠠᠭ᠋ᠠᠯᠠᠯᠳᠠ ᠵᠢᠨ ᠬᠦᠷᠢᠶ᠎ᠠ ᠴᠠᠷᠠᠭ᠎ᠠ᠎ᠳᠠᠬᠢ ᠬᠡᠯᠪᠡᠷᠢᠴᠢ ᠦᠵᠡᠯ ᠪᠠ ᠨᠤᠶᠠᠨᠴᠢ ᠰᠤᠷᠳᠠᠯ᠎ᠤᠨ ᠠᠰᠠᠭᠤᠳᠠᠯ᠎ᠢ ᠡᠷᠡᠰ ᠴᠡᠭᠴᠡᠯᠡᠨ ᠵᠠᠰᠠᠵᠦ᠂ ᠬᠠᠤᠯᠢ ᠶᠤᠰᠤᠭ᠋ᠠᠷ ᠬᠠᠮᠢᠶ᠎ᠠ ᠪᠦᠬᠦᠢ ᠬᠦᠮᠦᠨ᠎ᠠᠴᠠ ᠬᠠᠷᠢᠭᠤᠴᠠᠯᠭ᠎ᠠ ᠵᠢ ᠴᠢᠩᠭ᠎ᠠ ᠨᠡᠬᠡᠮᠵᠢᠯᠡᠨ᠂ ᠬᠠᠷᠢᠭᠤᠴᠠᠯᠭ᠎ᠠ ᠲᠤᠯᠭ᠋ᠠᠬᠤ ᠵᠢᠨ ᠵᠢᠷᠦᠬᠡᠰᠢᠶᠡᠬᠦᠯᠬᠦ ᠦᠢ᠍ᠯᠡᠳᠦᠯ ᠪᠠ ᠲᠦᠷᠢᠮ᠎ᠤᠨ ᠡᠬᠢ ᠦᠨᠳᠦᠰᠦ᠎ᠠᠴᠠ᠎ᠨᠢ ᠵᠠᠰᠠᠬᠤ ᠦᠢ᠍ᠯᠡᠳᠦᠯ᠎ᠢ ᠪᠠᠳᠠᠷᠠᠭᠤᠯᠤᠨ᠎ᠠ᠃ 《ᠨᠢᠬᠡ ᠯᠡ ᠪᠠᠷᠢᠮᠵᠢᠶ᠎ᠠ᠎ᠪᠠᠷ ᠪᠠᠷᠢᠮᠵᠢᠶᠠᠯᠠᠬᠤ》᠂ 《ᠪᠦᠬᠦᠨ᠎ᠢ ᠬᠠᠭ᠋ᠠᠵᠦ ᠵᠤᠬᠰᠤᠭ᠋ᠠᠬᠤ》 ᠵᠢ ᠴᠢᠩᠭ᠎ᠠ ᠴᠠᠭ᠋ᠠᠵᠠᠯᠠᠵᠤ᠂ 《ᠤᠷᠢᠳ ᠵᠶ᠋ᠠᠷ ᠵᠤᠬᠰᠤᠭ᠋ᠠᠵᠦ ᠪᠠᠶ᠋ᠢᠭ᠋ᠠᠳ ᠮᠡᠳᠡᠬᠦ》 ᠵᠡᠷᠬᠡ ᠠᠷᠭ᠋ᠠᠴᠠᠭ᠋ᠠᠬᠤ ᠬᠢᠳᠡᠯ᠎ᠢ ᠴᠢᠩᠭ᠎ᠠ ᠴᠠᠭ᠋ᠠᠵᠠᠯᠠᠨ᠂ ᠠᠮᠢ ᠠᠬᠤᠢ ᠤᠷᠴᠢᠨ ᠲᠤᠭᠤᠷᠢᠨ᠎ᠤ ᠬᠠᠮᠠᠭ᠋ᠠᠯᠠᠯᠳᠠ᠎ᠪᠠᠷ ᠰᠢᠯᠳᠠᠬᠯᠠᠵᠦ ᠪᠠᠴᠢᠮ ᠶᠠᠭ᠋ᠠᠷᠠᠯᠳᠠᠢ᠎ᠪᠠᠷ ᠪᠠᠷᠢᠯᠭ᠎ᠠ ᠵᠢ ᠵᠤᠬᠰᠤᠭ᠋ᠠᠬᠤ᠂ ᠠᠵᠢᠯ᠎ᠢ ᠵᠤᠬᠰᠤᠭ᠋ᠠᠬᠤ᠂ ᠦᠢ᠍ᠯᠡᠳᠪᠦᠷᠢᠯᠡᠯ᠎ᠢ ᠵᠤᠬᠰᠤᠭ᠋ᠠᠬᠤ ᠵᠡᠷᠬᠡ ᠲᠦᠬᠦᠮ ᠪᠦᠳᠦᠬᠦᠯᠢᠭ ᠠᠵᠢᠯᠯᠠᠭ᠎ᠠ ᠬᠢᠬᠦ᠎ᠠᠴᠠ ᠡᠷᠡᠰ ᠵᠠᠶ᠋ᠢᠯᠠᠰᠬᠢᠵᠦ᠂ ᠠᠮᠢ ᠠᠬᠤᠢ ᠤᠷᠴᠢᠨ ᠲᠤᠭᠤᠷᠢᠨ᠎ᠤ ᠬᠠᠮᠠᠭ᠋ᠠᠯᠠᠯᠳᠠ ᠵᠢ ᠱᠠᠯᠠᠪᠳᠠᠭᠤᠯᠤᠨ ᠪᠠᠶ᠋ᠢᠴᠠᠭ᠋ᠠᠬᠤ ᠵᠡᠷᠬᠡ ᠨᠡᠷ᠎ᠠ᠎ᠪᠠᠷ ᠬᠤᠳᠠᠯ ᠬᠠᠭᠤᠷᠮᠠᠭ ᠵᠶ᠋ᠠᠷ ᠰᠢᠯᠳᠠᠬᠯᠠᠵᠦ ᠬᠠᠤᠯᠢ ᠲᠦᠷᠢᠮ᠎ᠠᠴᠠ ᠵᠦᠷᠢᠴᠡᠭᠰᠡᠨ ᠠᠵᠢᠯᠯᠠᠭ᠎ᠠ ᠦᠷᠨᠢᠬᠦᠯᠬᠦ ᠵᠢ ᠡᠷᠡᠰ ᠬᠤᠷᠢᠬᠯᠠᠨ᠎ᠠ᠃ ᠲᠠᠪᠤ᠎ᠳᠤ᠂ ᠵᠠᠰᠠᠯᠳᠠ ᠵᠢᠨ ᠡᠷᠴᠢᠮ ᠵᠶ᠋ᠠᠨ ᠴᠢᠩᠭ᠋ᠠᠷᠡᠭᠤᠯᠵᠤ᠂ ᠨᠤᠳᠤᠬ ᠪᠡᠯᠴᠢᠬᠡᠷ᠎ᠤᠨ ᠠᠮᠢ ᠠᠬᠤᠢ ᠵᠢᠨ ᠬᠠᠮᠠᠭ᠋ᠠᠯᠠᠯᠳᠠ ᠬᠢᠬᠡᠳ ᠪᠦᠲᠦᠬᠡᠨ ᠪᠠᠶ᠋ᠢᠭᠤᠯᠤᠯᠳᠠ ᠵᠢ ᠬᠦᠨᠵᠡᠬᠡᠢ ᠦᠷᠨᠢᠬᠦᠯᠤᠨ᠎ᠠ᠃ ᠨᠤᠳᠤᠬ ᠪᠡᠯᠴᠢᠬᠡᠷ᠎ᠤᠨ ᠠᠮᠢ ᠠᠬᠤᠢ ᠵᠢᠨ ᠰᠢᠰᠲ᠋ᠧᠮ᠎ᠢ ᠬᠠᠮᠠᠭ᠋ᠠᠯᠠᠵᠤ ᠰᠡᠷᠬᠦᠬᠡᠬᠦ ᠵᠢ ᠴᠢᠩᠭ᠋ᠠᠳᠬᠠᠨ᠂ ᠦᠨᠳᠦᠰᠦᠨ ᠨᠤᠳᠤᠬ ᠪᠡᠯᠴᠢᠬᠡᠷ᠎ᠢ ᠬᠠᠮᠠᠭ᠋ᠠᠯᠠᠬᠤ ᠲᠦᠷᠢᠮ᠎ᠢ ᠪᠦᠬᠦ ᠲᠠᠯ᠎ᠠ᠎ᠪᠠᠷ ᠨᠠᠶ᠋ᠢᠳᠠᠪᠤᠷᠢᠵᠢᠭᠤᠯᠵᠤ᠂ ᠦᠨᠳᠦᠰᠦᠨ ᠨᠤᠳᠤᠬ ᠪᠡᠯᠴᠢᠬᠡᠷ᠎ᠤᠨ ᠲᠠᠯᠠᠪᠠᠢ ᠵᠢ ᠪᠠᠭ᠋ᠠᠰᠬᠠᠬᠤ ᠦᠬᠡᠢ᠂ ᠬᠡᠷᠡᠭᠯᠡᠯᠳᠡ ᠵᠢ ᠬᠤᠪᠢᠷᠠᠭᠤᠯᠬᠤ ᠦᠬᠡᠢ᠂ ᠶᠠᠰᠤ ᠴᠢᠨᠠᠷ᠎ᠢ ᠪᠠᠭᠤᠷᠠᠭᠤᠯᠬᠤ ᠦᠬᠡᠢ ᠪᠠᠶ᠋ᠢᠬᠤ ᠵᠢ ᠪᠠᠳᠤᠯᠠᠨ᠎ᠠ᠃ ᠪᠡᠯᠴᠢᠬᠡᠷᠯᠡᠬᠦᠯᠬᠦ ᠵᠢ ᠵᠤᠬᠰᠤᠭ᠋ᠠᠵᠦ ᠪᠡᠯᠴᠢᠬᠡᠷ᠎ᠢ ᠰᠡᠷᠬᠦᠬᠡᠬᠦ ᠪᠠ ᠮᠠᠯ ᠪᠡᠯᠴᠢᠬᠡᠷ᠎ᠤᠨ ᠲᠡᠩᠴᠡᠬᠦᠷᠢ ᠵᠢ ᠪᠠᠳᠤᠯᠠᠬᠤ ᠲᠦᠷᠢᠮ᠎ᠢ ᠴᠢᠩᠭ᠎ᠠ ᠬᠡᠷᠡᠭᠵᠢᠬᠦᠯᠵᠤ᠂ ᠨᠤᠳᠤᠬ ᠪᠡᠯᠴᠢᠬᠡᠷ᠎ᠤᠨ ᠡᠬᠢ ᠪᠠᠶᠠᠯᠢᠬ᠎ᠢ ᠵᠦᠢ ᠵᠤᠬᠢᠰᠳᠠᠢ᠎ᠪᠠᠷ ᠦᠷᠬᠦᠯᠵᠢᠯᠡᠨ ᠠᠰᠢᠬᠯᠠᠬᠤ᠂ ᠰᠡᠷᠬᠦᠬᠡᠨ ᠰᠠᠶ᠋ᠢᠵᠢᠷᠠᠭᠤᠯᠬᠤ ᠵᠢ ᠪᠡᠶᠡᠯᠡᠬᠦᠯᠤᠨ᠎ᠠ᠃ ᠨᠤᠳᠤᠬ ᠪᠡᠯᠴᠢᠬᠡᠷ᠎ᠢ ᠪᠦᠲᠦᠬᠡᠨ ᠪᠠᠶ᠋ᠢᠭᠤᠯᠬᠤ ᠬᠢᠬᠡᠳ ᠰᠡᠷᠬᠦᠬᠡᠬᠦ ᠡᠷᠴᠢᠮ ᠵᠶ᠋ᠠᠨ ᠴᠢᠩᠭ᠋ᠠᠷᠠᠭᠤᠯᠵᠤ᠂ ᠲᠠᠴᠢᠷᠰᠢᠵᠦ ᠡᠯᠡᠰᠦᠷᠭᠡᠭᠵᠢᠭᠰᠡᠨ ᠨᠤᠳᠤᠬ ᠪᠡᠯᠴᠢᠬᠡᠷ᠎ᠢ ᠵᠠᠰᠠᠨ᠎ᠠ᠃ ᠨᠤᠳᠤᠬ ᠪᠡᠯᠴᠢᠬᠡᠷ᠎ᠤᠨ ᠠᠮᠢ ᠠᠬᠤᠢ ᠵᠢ ᠡᠪᠳᠡᠬᠦ ᠠᠵᠢᠯᠯᠠᠭ᠎ᠠ᠎ᠳᠤ ᠴᠤᠬᠢᠯᠳᠠ ᠦᠭᠬᠦ ᠡᠷᠴᠢᠮ ᠵᠶ᠋ᠠᠨ ᠴᠢᠩᠭ᠋ᠠᠷᠠᠭᠤᠯᠵᠤ᠂ ᠨᠤᠳᠤᠬ ᠪᠡᠯᠴᠢᠬᠡᠷ᠎ᠢ ᠲᠠᠳᠠᠪᠤᠷᠢᠯᠠᠨ ᠡᠵᠡᠯᠡᠵᠦ ᠬᠡᠷᠡᠭᠯᠡᠬᠦ ᠬᠠᠮᠢᠶᠠᠷᠤᠯᠳᠠ ᠵᠢᠨ ᠲᠦᠷᠢᠮ᠎ᠢ ᠨᠠᠷᠢᠨ ᠬᠢᠨᠠᠮᠠᠭ᠋ᠠᠢ ᠨᠠᠶ᠋ᠢᠳᠠᠪᠤᠷᠢᠵᠢᠭᠤᠯᠤᠨ᠂ ᠨᠤᠳᠤᠬ ᠪᠡᠯᠴᠢᠬᠡᠷ᠎ᠢ ᠲᠠᠳᠠᠪᠤᠷᠢᠯᠠᠨ ᠡᠵᠡᠯᠡᠵᠦ ᠬᠡᠷᠡᠭᠯᠡᠬᠦ ᠵᠢ ᠬᠢᠨᠠᠨ ᠵᠦᠪᠰᠢᠶᠡᠷᠡᠬᠦ ᠲᠡᠰ ᠲᠠᠷᠠᠭ᠋ᠠᠯᠠᠯ᠎ᠢ ᠴᠢᠩᠳᠠᠯᠠᠵᠦ᠂ ᠨᠤᠳᠤᠬ ᠪᠡᠯᠴᠢᠬᠡᠷ᠎ᠤᠨ ᠬᠠᠤᠯᠢ ᠬᠡᠷᠡᠭᠵᠢᠬᠦᠯᠦᠯᠳᠡ ᠵᠢᠨ ᠡᠷᠴᠢᠮ ᠵᠶ᠋ᠠᠨ ᠴᠢᠩᠭ᠋ᠠᠷᠠᠭᠤᠯᠵᠤ᠂ ᠤᠨᠴᠠᠭ᠋ᠠᠢ᠌ᠢ᠍ᠯᠠᠨ ᠠᠮᠢ ᠠᠬᠤᠢ ᠵᠢᠨ ᠬᠦᠨᠳᠡᠬᠦᠷᠳᠤ ᠤᠷᠤᠨ᠎ᠤ ᠨᠤᠳᠤᠬ ᠪᠡᠯᠴᠢᠬᠡᠷ᠎ᠢ ᠲᠠᠳᠠᠪᠤᠷᠢᠯᠠᠨ ᠡᠵᠡᠯᠡᠵᠦ ᠬᠡᠷᠡᠭᠯᠡᠬᠦ ᠬᠠᠮᠢᠶᠠᠷᠤᠯᠳᠠ ᠵᠢ ᠴᠢᠩᠭ᠋ᠠᠳᠬᠠᠨ᠂ ᠨᠤᠳᠤᠬ ᠪᠡᠯᠴᠢᠬᠡᠷ᠎ᠢ ᠲᠤᠷ᠎ᠠ᠎ᠪᠠᠷ ᠲᠠᠳᠠᠪᠤᠷᠢᠯᠠᠨ ᠡᠵᠡᠯᠡᠬᠦ ᠠᠵᠢᠯᠯᠠᠭ᠎ᠠ ᠵᠢ ᠡᠬᠢ ᠦᠨᠳᠤᠰᠤ᠎ᠠᠴᠠ᠎ᠨᠢ ᠡᠵᠡᠮᠳᠡᠵᠦ᠂ ᠨᠤᠳᠤᠬ ᠪᠡᠯᠴᠢᠬᠡᠷ᠎ᠤᠨ ᠡᠬᠢ ᠪᠠᠶᠠᠯᠢᠬ᠎ᠢ ᠪᠦᠲᠦᠮᠵᠢᠳᠡᠢ ᠬᠠᠮᠠᠭ᠋ᠠᠯᠠᠬᠤ ᠪᠠ ᠠᠷᠪᠢᠳᠠᠢ᠎ᠪᠠᠷ ᠬᠡᠷᠡᠭᠯᠡᠨ᠎ᠠ᠃ ᠵᠢᠭᠤᠯᠴᠢᠯᠠᠯ᠎ᠳᠤ ᠡᠮᠬᠢ ᠵᠢᠷᠤᠮ ᠦᠬᠡᠢ᠎ᠪᠠᠷ ᠨᠤᠳᠤᠬ ᠪᠡᠯᠴᠢᠬᠡᠷ᠎ᠢ ᠨᠡᠬᠡᠬᠡᠨ ᠡᠵᠡᠯᠡᠬᠦ ᠠᠰᠠᠭᠤᠳᠠᠯ᠎ᠢ ᠡᠷᠡᠰ ᠴᠡᠭᠴᠡᠯᠡᠨ ᠵᠠᠰᠠᠵᠦ᠂ ᠪᠦᠬᠦ ᠤᠷᠤᠨ᠎ᠤ ᠵᠢᠭᠤᠯᠴᠢᠯᠠᠯ᠎ᠤᠨ ᠨᠡᠬᠡᠬᠡᠨ ᠬᠦᠭᠵᠢᠬᠦᠯᠦᠯᠳᠡ᠎ᠳᠤ ᠨᠤᠳᠤᠬ ᠪᠡᠯᠴᠢᠬᠡᠷ᠎ᠢ ᠡᠪᠳᠡᠭᠰᠡᠨ ᠪᠠᠶ᠋ᠢᠳᠠᠯ᠎ᠢ ᠪᠦᠬᠦ ᠬᠦᠴᠦ᠎ᠪᠠᠷ ᠵᠶ᠋ᠠᠨ ᠪᠤᠳᠠᠳᠠᠢ ᠬᠠᠷᠭᠤᠭᠤᠯᠵᠦ᠂ ᠬᠦᠯᠦᠨ ᠪᠤᠶ᠋ᠢᠷ ᠬᠤᠳᠠ᠂ ᠰᠢᠯᠢ ᠵᠢᠨ ᠭᠤᠤᠯ ᠠᠶ᠋ᠢᠮᠠᠬ᠂ ᠤᠯᠠᠭ᠋ᠠᠨᠬᠠᠳᠠ ᠬᠤᠳᠠ᠂ ᠤᠯᠠᠭ᠋ᠠᠨᠴᠠᠪ ᠬᠤᠳᠠ ᠵᠡᠷᠬᠡ ᠠᠶ᠋ᠢᠮᠠᠬ ᠬᠤᠳᠠ᠎ᠨᠢ ᠨᠤᠳᠤᠬ ᠪᠡᠯᠴᠢᠬᠡᠷ᠎ᠤᠨ ᠵᠢᠭᠤᠯᠴᠢᠯᠠᠯ᠎ᠤᠨ ᠬᠦᠭᠵᠢᠬᠦᠯᠦᠯᠳᠡ ᠵᠢᠨ ᠲᠤᠰᠬᠠᠢ ᠲᠦᠷᠦᠯ᠎ᠤᠨ ᠲᠦᠯᠦᠪᠵᠢᠬᠦᠯᠬᠡ ᠲᠤᠬᠳᠠᠭ᠋ᠠᠵᠦ᠂ ᠨᠤᠳᠤᠬ ᠪᠡᠯᠴᠢᠬᠡᠷ᠎ᠤᠨ ᠵᠢᠭᠤᠯᠴᠢᠯᠠᠯ᠎ᠤᠨ ᠡᠷᠡᠬᠦᠯ᠂ ᠡᠮᠬᠢ ᠵᠢᠷᠤᠮ᠎ᠲᠠᠢ᠎ᠪᠠᠷ ᠬᠦᠭᠵᠢᠬᠦ ᠵᠢ ᠲᠦᠷᠢᠮᠵᠢᠬᠦᠯᠤᠨ᠎ᠠ᠃ ᠨᠤᠳᠤᠬ ᠪᠡᠯᠴᠢᠬᠡᠷ᠎ᠲᠤ ᠬᠡᠲᠦᠷᠡᠳᠡᠯ᠎ᠠ ᠮᠠᠯ ᠮᠠᠯᠵᠢᠬᠰᠠᠨ ᠠᠰᠠᠭᠤᠳᠠᠯ᠎ᠢ ᠦᠨᠡᠨ ᠬᠦ᠌ ᠰᠢᠢ᠍ᠳᠪᠦᠷᠢᠯᠡᠵᠤ᠂ 33 ᠮᠠᠯᠵᠢᠬᠤ ᠬᠤᠰᠢᠭᠤ ᠰᠢᠶᠠᠨ᠎ᠤ ᠪᠠᠶ᠋ᠢᠭ᠋ᠠᠯᠢ ᠵᠢᠨ ᠨᠤᠳᠤᠬ ᠪᠡᠯᠴᠢᠬᠡᠷ᠎ᠤᠨ ᠬᠦᠢ᠍ᠳᠡᠨ ᠲᠤᠯᠠᠭ᠋ᠠᠨ ᠤᠯᠠᠷᠢᠯ᠎ᠳᠠᠬᠢ ᠪᠡᠯᠴᠢᠬᠡᠷ᠎ᠤᠨ ᠲᠠᠭ᠋ᠠᠭ᠋ᠠᠴᠠ ᠵᠢ ᠰᠢᠨᠵᠢᠯᠡᠬᠦ ᠤᠬᠠᠭ᠋ᠠᠨᠴᠢ᠎ᠪᠠᠷ ᠬᠠᠷᠭᠤᠭᠤᠯᠤᠨ ᠲᠤᠭᠳᠠᠭ᠋ᠠᠵᠦ᠂ ᠪᠡᠯᠴᠢᠬᠡᠷ᠎ᠤᠨ ᠲᠠᠷᠤᠭ᠋ᠠᠰᠤ ᠵᠢ ᠪᠠᠭᠤᠷᠠᠭᠤᠯᠤᠨ ᠬᠡᠳᠦᠷᠡᠲᠡᠯ᠎ᠠ ᠮᠠᠯ ᠮᠠᠯᠵᠢᠬᠤ ᠪᠠᠶ᠋ᠢᠳᠠᠯ᠎ᠢ ᠪᠦᠲᠦᠮᠵᠢᠳᠡᠢ ᠬᠤᠷᠢᠬᠯᠠᠨ᠎ᠠ᠃ ᠪᠡᠯᠴᠢᠭᠡᠷᠯᠡᠬᠦᠯᠬᠦ ᠵᠢ ᠵᠤᠬᠰᠤᠭ᠋ᠠᠬᠤ ᠤᠷᠤᠨ᠎ᠳᠤ ᠪᠡᠯᠴᠢᠬᠡᠷᠯᠡᠬᠦᠯᠬᠦ ᠵᠢ ᠵᠤᠬᠰᠤᠭ᠋ᠠᠬᠤ ᠵᠢ ᠴᠢᠩᠭ᠎ᠠ ᠬᠡᠷᠡᠭᠵᠢᠬᠦᠯᠵᠤ᠂ ᠪᠡᠯᠴᠢᠭᠡᠷᠯᠡᠬᠦᠯᠬᠦ ᠵᠢ ᠵᠤᠬᠰᠤᠭ᠋ᠠᠬᠤ ᠤᠷᠤᠨ᠎ᠳᠤ ᠮᠠᠯ ᠪᠡᠯᠴᠢᠭᠡᠷᠯᠡᠬᠦᠯᠬᠦ ᠪᠤᠶᠤ ᠮᠠᠯ ᠪᠡᠯᠴᠢᠬᠡᠷ᠎ᠤᠨ ᠲᠡᠩᠴᠡᠬᠦᠷᠢ ᠵᠢ ᠪᠠᠳᠤᠯᠠᠬᠤ ᠲᠤᠬᠳᠠᠭ᠋ᠠᠯ᠎ᠠᠴᠠ ᠵᠦᠷᠢᠴᠡᠨ ᠬᠡᠲᠦᠷᠡᠳᠡᠯ᠎ᠠ ᠮᠠᠯ ᠮᠠᠯᠵᠢᠬᠤ ᠵᠢ ᠰᠢᠢ᠍ᠳᠬᠡᠵᠦ ᠲᠤᠷᠭ᠋ᠠᠬᠤ ᠡᠷᠴᠢᠮ᠎ᠢ ᠴᠢᠩᠭ᠋ᠠᠷᠠᠭᠤᠯᠤᠨ᠎ᠠ᠃ ᠵᠢᠷᠭᠤᠭ᠎ᠠ᠎ᠳᠤ᠂ ᠦᠩᠬᠡᠨ ᠲᠠᠯ᠎ᠠ ᠪᠠ ᠡᠬᠢ ᠦᠨᠳᠦᠰᠤ᠎ᠠᠴᠠ᠎ᠨᠢ ᠵᠠᠰᠠᠬᠤ ᠵᠢ ᠴᠢᠩᠭ᠋ᠠᠳᠬᠠᠵᠤ᠂ ᠠᠮᠢ ᠠᠬᠤᠢ ᠤᠷᠴᠢᠨ ᠲᠤᠭᠤᠷᠢᠨ᠎ᠤ ᠬᠠᠮᠠᠭ᠋ᠠᠯᠠᠯᠳᠠ ᠵᠢᠨ ᠤᠷᠳᠤ ᠬᠤᠭᠤᠴᠠᠭ᠋ᠠᠨ᠎ᠤ ᠪᠦᠲᠦᠮᠵᠢᠳᠠᠢ ᠲᠤᠬᠳᠠᠴᠠ ᠵᠢ ᠪᠠᠶ᠋ᠢᠭᠤᠯᠤᠨ ᠪᠦᠷᠢᠨᠰᠢᠬᠦᠯᠤᠨ᠎ᠠ᠃ ᠠᠮᠢ ᠠᠬᠤᠢ ᠣᠷᠴᠢᠨ ᠲᠣᠭᠤᠷᠢᠨ᠎ᠤ ᠬᠦᠷᠢᠶ᠎ᠡ ᠴᠠᠷᠠᠭ᠋ᠠᠨ᠎ᠳᠠᠬᠢ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠵᠦ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠤᠷᠢᠨ᠎ᠤ ᠪᠠᠶ᠋ᠢᠭᠤᠯᠤᠮᠵᠢ ᠵᠢᠨ ᠬᠢᠨᠠᠨ ᠬᠡᠮᠵᠢᠯᠳᠠ ᠬᠢᠨᠠᠨ ᠪᠠᠶ᠋ᠢᠴᠠᠭ᠋ᠠᠯᠳᠠ ᠬᠠᠤᠯᠢ ᠬᠡᠷᠡᠭᠵᠢᠭᠦᠯᠦᠯᠳᠡ ᠵᠢᠨ ᠰᠢᠭᠤᠳ ᠬᠠᠮᠢᠶᠠᠷᠤᠯᠲᠠ ᠵᠢᠨ ᠳᠦᠷᠢᠮ᠎ᠤᠨ ᠥᠭᠡᠷᠡᠴᠢᠯᠡᠯᠲᠡ᠎ᠲᠠᠢ ᠤᠶᠠᠯᠳᠤᠭᠤᠯᠤᠨ᠂ ᠡᠯ᠎ᠡ ᠱᠠᠲᠤᠨ᠎ᠤ ᠠᠮᠢ ᠠᠬᠤᠢ ᠣᠷᠴᠢᠨ ᠲᠣᠭᠤᠷᠢᠨ᠎ᠤ ᠰᠠᠯᠠᠭ᠎ᠠ ᠮᠥᠴᠢᠷ᠎ᠤᠨ ᠠᠵᠢᠯ ᠶᠠᠪᠤᠳᠠᠯ᠎ᠤᠨ ᠡᠷᠬᠡ ᠵᠢᠨ ᠬᠤᠪᠢᠶᠠᠷᠢᠯᠠᠯ ᠪᠠ ᠪᠠᠶ᠋ᠢᠭᠤᠯᠤᠮᠵᠢ ᠵᠢᠨ ᠪᠠᠶ᠋ᠢᠷᠢᠯᠠᠭᠤᠯᠤᠯᠲᠠ ᠵᠢ ᠲᠣᠬᠢᠷᠠᠭᠤᠯᠤᠨ ᠰᠢᠯᠢᠳᠡᠭᠵᠢᠭᠦᠯᠵᠦ᠂ ᠠᠮᠢ ᠠᠬᠤᠢ ᠣᠷᠴᠢᠨ ᠲᠣᠭᠤᠷᠢᠨ᠎ᠤ ᠬᠠᠮᠠᠭ᠋ᠠᠯᠠᠯᠲᠠ ᠵᠢᠨ ᠶᠡᠷᠦᠩᠬᠡᠶ᠋ᠢᠯᠡᠭᠰᠡᠨ ᠬᠠᠤᠯᠢ ᠬᠡᠷᠡᠭᠵᠢᠭᠦᠯᠤᠯᠳᠡ ᠵᠢᠨ ᠡᠩᠨᠡᠭᠡ ᠵᠢ ᠨᠡᠶ᠋ᠢᠳᠭᠡᠨ ᠪᠠᠶ᠋ᠢᠭᠤᠯᠵᠤ᠂ ᠣᠷᠴᠢᠨ ᠲᠣᠭᠤᠷᠢᠨ᠎ᠤ ᠬᠠᠮᠠᠭ᠋ᠠᠯᠠᠯᠲᠠ ᠵᠢᠨ ᠱᠠᠯᠠᠪᠳᠠᠭᠤᠯᠤᠨ ᠪᠠᠶ᠋ᠢᠴᠠᠭ᠋ᠠᠬᠤ ᠲᠣᠭᠲᠠᠴᠠ ᠵᠢ ᠴᠢᠨᠠᠭᠰᠢᠳᠠ ᠲᠡᠭᠦᠯᠳᠡᠷᠵᠢᠭᠦᠯᠤᠨ᠎ᠠ᠃ ᠠᠮᠢ ᠠᠬᠤᠢ ᠣᠷᠴᠢᠨ ᠲᠣᠭᠤᠷᠢᠨ᠎ᠤ ᠵᠠᠰᠠᠯᠳᠠ ᠵᠢᠨ ᠰᠢᠰᠲ᠋ᠧᠮ᠎ᠢ ᠪᠦᠷᠢᠨᠰᠢᠭᠦᠯᠵᠦ᠂ ᠠᠮᠢ ᠠᠬᠤᠢ ᠣᠷᠴᠢᠨ ᠲᠣᠭᠤᠷᠢᠨ᠎ᠤ ᠬᠠᠮᠠᠭ᠋ᠠᠯᠠᠯᠳᠠ ᠵᠢᠨ ᠲᠠᠷᠠᠬᠠᠶ ᠪᠤᠲᠠᠷᠬᠠᠶ ᠡᠭᠦᠷᠭᠡ ᠬᠠᠷᠢᠭᠤᠴᠠᠯᠭ᠎ᠠ ᠵᠢ ᠨᠡᠶ᠋ᠢᠳᠭᠡᠨ᠂ ᠠᠮᠢ ᠠᠬᠤᠢ ᠵᠢ ᠬᠠᠮᠠᠭ᠋ᠠᠯᠠᠵᠤ ᠰᠡᠷᠭᠦᠭᠡᠬᠦ ᠪᠠ ᠪᠣᠬᠢᠷᠲᠤᠯ᠎ᠢ ᠰᠡᠷᠭᠡᠶ᠋ᠢᠯᠡᠨ ᠵᠠᠰᠠᠬᠤ ᠵᠢ ᠨᠢᠭᠡᠳᠦᠯᠲᠡᠢ ᠬᠢᠨᠠᠨ ᠬᠠᠮᠢᠶᠠᠷᠬᠤ ᠵᠢ ᠴᠢᠩᠭ᠋ᠠᠳᠬᠠᠵᠤ᠂ ᠠᠮᠢ ᠠᠬᠤᠢ ᠣᠷᠴᠢᠨ ᠲᠣᠭᠤᠷᠢᠨ᠎ᠤ ᠬᠠᠮᠠᠭ᠋ᠠᠯᠠᠯᠳᠠ ᠵᠢᠨ ᠤᠳᠤᠷᠢᠳᠤᠯᠭ᠎ᠠ ᠪᠠ ᠬᠠᠮᠢᠶᠠᠷᠤᠯᠲᠠ ᠵᠢᠨ ᠪᠠᠶ᠋ᠢᠭᠤᠯᠤᠮᠵᠢ᠂ ᠤᠷᠮᠠᠰᠢᠭᠤᠯᠤᠨ ᠵᠤᠷᠢᠬ᠍ᠵᠢᠭᠤᠯᠬᠤ ᠪᠠ ᠬᠦᠯᠢᠶᠡᠰᠦᠯᠡᠭᠦ ᠵᠢ ᠵᠡᠷᠭᠡ᠎ᠪᠠᠷ ᠠᠳᠬᠤᠬᠤ ᠳᠦᠷᠢᠮ᠎ᠤᠨ ᠰᠢᠰᠲ᠋ᠧᠮ᠂ ᠵᠠᠰᠠᠭ᠎ᠤᠨ ᠣᠷᠳᠣᠨ ᠠᠵᠤ ᠠᠬᠤᠢ᠌ᠢ᠍ᠯᠠᠯ ᠤᠯᠠᠨ ᠨᠡᠶ᠋ᠢᠲᠡ ᠵᠢᠨ ᠬᠠᠮᠲᠤ ᠵᠢᠨ ᠵᠠᠰᠠᠯᠳᠠ ᠵᠢᠨ ᠰᠢᠰᠲ᠋ᠧᠮ᠎ᠢ ᠪᠠᠶ᠋ᠢᠭᠤᠯᠤᠨ ᠪᠦᠷᠢᠨᠰᠢᠭᠦᠯᠦᠨ᠎ᠡ᠃ ᠱᠠᠯᠠᠪᠳᠠᠭᠤᠯᠤᠨ ᠪᠠᠶ᠋ᠢᠴᠠᠭ᠋ᠠᠵᠤ ᠴᠡᠭᠴᠡᠯᠡᠨ ᠰᠠᠶ᠋ᠢᠵᠢᠷᠠᠭᠤᠯᠤᠭᠰᠠᠨ ᠦᠷ᠎ᠡ ᠪᠦᠳᠦᠮᠵᠢ᠎ᠪᠠᠨ ᠪᠠᠬᠢᠵᠢᠭᠦᠯᠵᠤ ᠥᠷᠭᠡᠳᠬᠡᠨ᠂ ᠪᠣᠬᠢᠷᠲᠤᠯ ᠭᠠᠳᠠᠭᠰᠢᠯᠠᠭᠤᠯᠬᠤ ᠵᠥᠪᠰᠢᠶᠡᠷᠡᠯ᠎ᠤᠨ ᠳᠦᠷᠢᠮ᠎ᠢ ᠪᠦᠬᠦ ᠲᠠᠯ᠎ᠠ᠎ᠪᠠᠷ ᠬᠡᠷᠡᠭᠵᠢᠭᠦᠯᠵᠦ᠂ ᠠᠮᠢ ᠠᠬᠤᠢ ᠵᠢᠨ ᠬᠤᠬᠢᠷᠠᠯ᠎ᠢ ᠲᠥᠯᠥᠪᠦᠷᠢᠯᠡᠭᠦ ᠳᠦᠷᠢᠮ᠎ᠢ ᠲᠤᠷᠰᠢᠨ ᠬᠡᠷᠡᠭᠵᠢᠭᠦᠯᠵᠦ᠂ ᠣᠷᠴᠢᠨ ᠲᠣᠭᠤᠷᠢᠨ᠎ᠤ ᠦᠨᠡᠨᠴᠢ ᠢᠲᠡᠭᠡᠮᠵᠢ ᠵᠢ ᠰᠢᠯᠭ᠋ᠠᠨ ᠦᠨᠡᠯᠡᠬᠦ᠂ ᠮᠡᠳᠡᠭᠡ ᠵᠠᠩᠭᠢ ᠵᠢ ᠠᠯᠪᠠᠳᠠᠯᠭ᠎ᠠ ᠵᠢᠨ ᠴᠢᠨᠠᠷᠲᠠᠢ᠎ᠪᠠᠷ ᠵᠠᠷᠯᠠᠨ ᠨᠡᠶ᠋ᠢᠳᠡᠯᠡᠬᠦ᠂ ᠴᠢᠩᠭ᠎ᠠ ᠰᠢᠢ᠍ᠳᠬᠡᠵᠦ ᠬᠦᠨᠳᠦ᠎ᠪᠠᠷ ᠲᠣᠷᠭ᠋ᠠᠬᠤ ᠵᠡᠷᠭᠡ ᠳᠦᠷᠢᠮ᠎ᠢ ᠪᠦᠷᠢᠨᠰᠢᠭᠦᠯᠵᠦ᠂ ᠱᠠᠯᠠᠪᠳᠠᠭᠤᠯᠤᠨ ᠪᠠᠶ᠋ᠢᠴᠠᠭ᠋ᠠᠬᠤ᠂ ᠲᠤᠰᠢᠶᠠᠨ ᠥᠭᠴᠦ ᠰᠢᠢ᠍ᠳᠪᠦᠷᠢᠯᠡᠭᠦᠯᠬᠦ᠂ ᠲᠣᠭᠤᠷᠢᠨ ᠪᠠᠶ᠋ᠢᠴᠠᠭ᠋ᠠᠬᠤ᠂ ᠪᠣᠯᠵᠣᠨ ᠶᠠᠷᠢᠯᠴᠠᠬᠤ᠂ ᠲᠤᠰᠬᠠᠢ ᠵᠦᠢ᠍ᠯ ᠵᠶ᠋ᠠᠷ ᠱᠠᠯᠠᠪᠳᠠᠭᠤᠯᠤᠨ ᠪᠠᠶ᠋ᠢᠴᠠᠭ᠋ᠠᠬᠤ ᠠᠵᠢᠯ᠎ᠤᠨ ᠲᠣᠭᠲᠠᠴᠠ ᠵᠢ ᠪᠠᠶ᠋ᠢᠭᠤᠯᠤᠨ ᠪᠦᠷᠢᠨᠰᠢᠭᠦᠯᠤᠨ᠎ᠠ᠃
      ᠴᠡᠭᠴᠡᠯᠡᠨ ᠰᠠᠶ᠋ᠢᠵᠢᠷᠠᠭᠤᠯᠬᠤ ᠠᠵᠢᠯ᠎ᠤᠨ ᠤᠷᠤᠭᠰᠢᠲᠠᠢ ᠶᠠᠪᠤᠭᠳᠠᠬᠤ ᠵᠢ ᠠᠬᠢᠭᠤᠯᠬᠤ ᠵᠢᠨ ᠲᠦᠯᠦᠬᠡ᠂ 《ᠴᠡᠭᠴᠡᠯᠡᠨ ᠰᠠᠶ᠋ᠢᠵᠢᠷᠠᠭᠤᠯᠬᠤ ᠲᠥᠰᠦᠯ》᠎ᠳᠤ 5 ᠲᠠᠯ᠎ᠠ᠎ᠪᠠᠷ ᠵᠣᠬᠢᠶᠠᠨ ᠪᠠᠶ᠋ᠢᠭᠤᠯᠤᠯᠲᠠ ᠵᠢᠨ ᠪᠠᠲᠤᠯᠠᠭ᠎ᠠ ᠵᠢ ᠴᠢᠩᠭ᠋ᠠᠳᠬᠠᠵᠠᠢ᠄ ᠨᠢᠭᠡ᠎ᠳᠤ᠂ ᠵᠣᠬᠢᠶᠠᠨ ᠪᠠᠶ᠋ᠢᠭᠤᠯᠤᠯᠲᠠ ᠵᠢᠨ ᠤᠳᠤᠷᠢᠳᠤᠯᠭ᠎ᠠ ᠵᠢ ᠴᠢᠩᠭ᠋ᠠᠳᠬᠠᠪᠠ᠃ ᠥᠪᠡᠷᠲᠡᠭᠡᠨ ᠵᠠᠰᠠᠬᠤ ᠣᠷᠣᠨ᠎ᠤ ᠴᠡᠭᠴᠡᠯᠡᠨ ᠰᠠᠶ᠋ᠢᠵᠢᠷᠠᠭᠤᠯᠬᠤ ᠠᠵᠢᠯ᠎ᠤᠨ ᠤᠳᠤᠷᠢᠳᠬᠤ ᠳᠤᠭᠤᠶ᠋ᠢᠯᠠᠩ᠎ᠢ ᠲᠣᠬᠢᠷᠠᠭᠤᠯᠤᠨ ᠲᠡᠭᠦᠯᠳᠡᠷᠵᠢᠭᠦᠯᠵᠦ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠱᠦᠵᠢ ᠳᠤᠭᠤᠢ᠌ᠢ᠍ᠯᠠᠩ᠎ᠤᠨ ᠳᠠᠷᠤᠭ᠎ᠠ ᠪᠣᠯᠵᠤ᠂ ᠵᠠᠰᠠᠭ᠎ᠤᠨ ᠣᠷᠳᠣᠨ᠎ᠤ ᠲᠡᠷᠢᠭᠦᠯᠡᠭᠴᠢ ᠳᠤᠭᠤᠢ᠌ᠢ᠍ᠯᠠᠩ᠎ᠤᠨ ᠨᠢᠭᠡᠳᠦᠭᠡᠷ ᠳᠡᠳ᠋ ᠳᠠᠷᠤᠭ᠎ᠠ ᠪᠣᠯᠵᠤ᠂ ᠥᠪᠡᠷᠲᠡᠭᠡᠨ ᠵᠠᠰᠠᠬᠤ ᠣᠷᠣᠨ᠎ᠤ ᠬᠤᠯᠪᠣᠭᠳᠠᠯ ᠪᠦᠬᠦᠢ ᠤᠳᠤᠷᠢᠳᠬᠤ ᠨᠥᠬᠦᠳ ᠳᠤᠭᠤᠢ᠌ᠢ᠍ᠯᠠᠩ᠎ᠤᠨ ᠳᠡᠳ᠋ ᠳᠠᠷᠤᠭ᠎ᠠ ᠪᠣᠯᠵᠤ᠂ ᠡᠭᠦᠷᠭᠡ ᠬᠤᠪᠢᠶᠠᠷᠢᠯᠠᠨ ᠬᠠᠷᠢᠭᠤᠴᠠᠵᠦ ᠠᠵᠢᠯ ᠡᠭᠦᠷᠭᠡ᠎ᠪᠠᠨ ᠪᠠᠳᠤ ᠰᠠᠬᠢᠵᠤ᠂ ᠪᠥᠬᠦ ᠣᠷᠣᠨ᠎ᠤ ᠱᠠᠯᠠᠪᠳᠠᠭᠤᠯᠤᠨ ᠪᠠᠶ᠋ᠢᠴᠠᠭ᠋ᠠᠵᠤ ᠴᠡᠭᠴᠡᠯᠡᠨ ᠰᠠᠶ᠋ᠢᠵᠢᠷᠠᠭᠤᠯᠬᠤ ᠠᠵᠢᠯ᠎ᠢ ᠨᠢᠭᠡᠳᠦᠯᠲᠡᠶ ᠲᠥᠯᠥᠪᠵᠢᠭᠦᠯᠦᠨ ᠠᠬᠢᠭᠤᠯᠤᠨ᠎ᠠ᠃ ᠡᠯ᠎ᠡ ᠱᠠᠲᠤ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ᠎ᠤᠳ ᠬᠠᠷᠠᠭ᠋ᠠᠯᠵᠠᠭᠰᠠᠨ ᠤᠳᠤᠷᠢᠳᠬᠤ ᠪᠠᠶ᠋ᠢᠭᠤᠯᠤᠮᠵᠢ ᠪᠠᠶ᠋ᠢᠭᠤᠯᠵᠤ᠂ ᠭᠤᠣᠯ ᠬᠠᠷᠢᠭᠤᠴᠠᠯᠭ᠋ᠠᠲᠠᠨ᠎ᠨᠢ ᠨᠢᠭᠡᠳᠦᠭᠡᠷ ᠬᠠᠷᠢᠭᠤᠴᠠᠯᠭ᠋ᠠᠲᠠᠨ᠎ᠤ ᠡᠭᠦᠷᠭᠡ ᠬᠠᠷᠢᠭᠤᠴᠠᠯᠭ᠎ᠠ ᠵᠢ ᠡᠭᠦᠷᠭᠡᠯᠡᠨ᠂ ᠪᠡᠶ᠎ᠡ᠎ᠪᠠᠷ ᠵᠶ᠋ᠠᠨ ᠤᠷᠤᠯᠴᠠᠵᠤ ᠡᠴᠦᠰ᠎ᠲᠤᠨᠢ ᠲᠤᠯᠲᠠᠯ᠎ᠠ ᠠᠳᠬᠤᠨ᠎ᠠ᠃ ᠬᠤᠶᠠᠷ᠎ᠲᠤ᠂ ᠴᠡᠭᠴᠡᠯᠡᠨ ᠰᠠᠶ᠋ᠢᠵᠢᠷᠠᠭᠤᠯᠬᠤ ᠡᠭᠦᠷᠭᠡ ᠬᠠᠷᠢᠭᠤᠴᠠᠯᠭ᠎ᠠ ᠵᠢ ᠪᠣᠳᠠᠲᠠᠶ᠋ᠢᠵᠢᠭᠤᠯᠪᠠ᠃ ᠡᠯ᠎ᠡ ᠠᠶ᠋ᠢᠮᠠᠭ ᠬᠤᠲᠠ ᠵᠢᠨ ᠨᠠᠮ᠎ᠤᠨ ᠬᠤᠷᠢᠶ᠎ᠠ᠂ ᠵᠠᠰᠠᠭ᠎ᠤᠨ ᠣᠷᠳᠣᠨ ᠴᠡᠭᠴᠡᠯᠡᠨ ᠰᠠᠶ᠋ᠢᠵᠢᠷᠠᠭᠤᠯᠬᠤ ᠭᠤᠤᠯ ᠴᠣᠭᠴᠠ ᠵᠢᠨ ᠬᠠᠷᠢᠭᠤᠴᠠᠯᠭ᠎ᠠ ᠵᠢ ᠡᠭᠦᠷᠭᠡᠯᠡᠵᠦ᠂ ᠥᠪᠡᠷᠲᠡᠭᠡᠨ ᠵᠠᠰᠠᠬᠤ ᠣᠷᠣᠨ᠎ᠤ ᠬᠠᠮᠢᠶ᠎ᠠ ᠪᠦᠬᠦᠢ ᠰᠠᠯᠠᠭ᠎ᠠ ᠮᠥᠴᠢᠷ᠎ᠤᠳ ᠠᠵᠢᠯ ᠲᠥᠷᠥᠯ᠎ᠤᠨ ᠬᠢᠨᠠᠯᠲᠠ ᠬᠠᠮᠢᠶᠠᠷᠤᠯᠲᠠ ᠵᠢᠨ ᠬᠠᠷᠢᠭᠤᠴᠠᠯᠭ᠎ᠠ ᠪᠠ ᠬᠠᠮᠵᠢᠯᠴᠠᠬᠤ ᠬᠠᠷᠢᠭᠤᠴᠠᠯᠭ᠎ᠠ ᠵᠢ ᠡᠭᠦᠷᠭᠡᠯᠡᠵᠦ᠂ ᠬᠠᠷᠢᠭᠤᠴᠠᠯᠭ᠎ᠠ ᠵᠢ ᠠᠵᠢᠯ᠎ᠤᠨ ᠪᠠᠶ᠋ᠢᠷᠢ᠎ᠳᠤ ᠬᠦᠷᠳᠡᠯ᠎ᠡ ᠬᠥᠮᠦᠨ᠎ᠳᠤ ᠬᠦᠷᠲᠡᠯ᠎ᠡ ᠰᠠᠯᠭ᠋ᠠᠨ ᠡᠭᠦᠷᠭᠡᠯᠡᠭᠦᠯᠪᠡ᠃ ᠭᠤᠷᠪᠠ᠎ᠳᠤ᠂ ᠱᠠᠯᠠᠪᠳᠠᠭᠤᠯᠤᠨ ᠪᠠᠶ᠋ᠢᠴᠠᠭ᠋ᠠᠬᠤ ᠵᠢ ᠴᠢᠩᠭ᠋ᠠᠳᠬᠠᠪᠠ᠃ ᠲᠤᠰᠬᠠᠶ ᠱᠠᠯᠠᠪᠳᠠᠭᠤᠯᠤᠨ ᠪᠠᠶ᠋ᠢᠴᠠᠭ᠋ᠠᠬᠤ᠂ ᠬᠠᠮᠲᠤᠷᠠᠵᠦ ᠱᠠᠯᠠᠪᠳᠠᠭᠤᠯᠤᠨ ᠪᠠᠶ᠋ᠢᠴᠠᠭ᠋ᠠᠬᠤ᠂ ᠰᠤᠭᠤᠴᠢᠨ ᠪᠠᠶ᠋ᠢᠴᠠᠭ᠋ᠠᠵᠤ ᠨᠢᠭᠤᠴᠠ᠎ᠪᠠᠷ ᠰᠤᠷᠪᠤᠯᠵᠢᠯᠠᠬᠤ ᠵᠡᠷᠭᠡ ᠠᠷᠭ᠎ᠠ ᠬᠡᠯᠪᠡᠷᠢ᠎ᠪᠠᠷ ᠬᠠᠮᠢᠶ᠎ᠠ ᠪᠦᠬᠦᠢ ᠠᠶ᠋ᠢᠮᠠᠭ ᠬᠤᠲᠠ᠂ ᠥᠪᠡᠷᠲᠡᠭᠡᠨ ᠵᠠᠰᠠᠬᠤ ᠣᠷᠣᠨ᠎ᠤ ᠰᠠᠯᠠᠭ᠎ᠠ ᠮᠥᠴᠢᠷ ᠨᠢᠭᠡᠴᠢ ᠵᠢ ᠱᠠᠯᠠᠪᠳᠠᠭᠤᠯᠤᠨ ᠭᠤᠤᠯ ᠴᠣᠭᠴᠠ ᠵᠢᠨ ᠬᠠᠷᠢᠭᠤᠴᠠᠯᠭ᠎ᠠ᠂ ᠬᠢᠨᠠᠯᠲᠠ ᠬᠠᠮᠢᠶᠠᠷᠤᠯᠲᠠ ᠵᠢᠨ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠵᠤ᠂ ᠴᠡᠭᠴᠡᠯᠡᠨ ᠰᠠᠶ᠋ᠢᠵᠢᠷᠠᠭᠤᠯᠬᠤ ᠠᠷᠭ᠎ᠠ ᠬᠡᠮᠵᠢᠶ᠎ᠡ ᠵᠢᠨ ᠨᠠᠶ᠋ᠢᠳᠠᠪᠤᠷᠢᠵᠢᠭᠤᠯᠤᠯᠲᠠ ᠵᠢ ᠯᠠᠪᠳᠠᠭᠤᠨ ᠵᠶ᠋ᠠᠷ ᠠᠬᠢᠭᠤᠯᠤᠨ᠎ᠠ᠃ ᠱᠠᠯᠠᠪᠳᠠᠭᠤᠯᠤᠨ ᠪᠠᠶ᠋ᠢᠴᠠᠭ᠋ᠠᠵᠤ ᠦᠷ᠎ᠡ ᠪᠦᠲᠦᠮᠵᠢ ᠵᠢ᠎ᠨᠢ ᠮᠥᠷᠳᠡᠨ ᠲᠤᠯᠭ᠋ᠠᠬᠤ ᠵᠢ ᠴᠢᠩᠭ᠋ᠠᠳᠬᠠᠵᠤ᠂ ᠴᠡᠭᠴᠡᠯᠡᠨ ᠰᠠᠶ᠋ᠢᠵᠢᠷᠠᠭᠤᠯᠬᠤ ᠠᠵᠢᠯ᠎ᠢ ᠠᠬᠢᠭᠤᠯᠤᠭᠰᠠᠨ᠎ᠨᠢ ᠬᠦᠴᠦᠳᠡᠢ ᠪᠢᠰᠢ᠂ ᠠᠬᠢᠴᠠ᠎ᠨᠢ ᠢᠯᠡᠳᠲᠡ ᠬᠤᠴᠣᠷᠤᠩᠭᠤᠢ ᠪᠠᠶ᠋ᠢᠭ᠎ᠠ ᠭᠠᠵᠠᠷ ᠣᠷᠣᠨ ᠪᠠ ᠰᠠᠯᠠᠭ᠎ᠠ ᠮᠥᠴᠢᠷ ᠨᠢᠭᠡᠴᠢ ᠵᠢ ᠵᠠᠷᠯᠠᠨ ᠮᠡᠳᠡᠭᠳᠡᠵᠤ᠂ ᠪᠣᠯᠵᠣᠨ ᠶᠠᠷᠢᠯᠴᠠᠵᠤ᠂ ᠫᠠᠶ᠋ᠢᠰᠠ ᠡᠯᠭᠦᠨ ᠱᠠᠯᠠᠪᠳᠠᠭᠤᠯᠤᠨ ᠰᠢᠢ᠍ᠳᠪᠦᠷᠢᠯᠡᠭᠦᠯᠵᠦ᠂ ᠴᠡᠭᠴᠡᠯᠡᠨ ᠰᠠᠶ᠋ᠢᠵᠢᠷᠠᠭᠤᠯᠬᠤ ᠠᠵᠢᠯ᠎ᠢ ᠨᠠᠶ᠋ᠢᠳᠠᠪᠤᠷᠢᠵᠢᠭᠤᠯᠬᠤ ᠵᠢ ᠬᠡᠳᠡᠷᠬᠦ ᠰᠢᠬᠠᠮᠳᠠᠭᠤᠯᠤᠨ᠎ᠠ᠃ ᠲᠦᠷᠪᠡ᠎ᠳᠤ᠂ ᠬᠠᠷᠢᠭᠤᠴᠠᠯᠭ᠎ᠠ ᠨᠡᠬᠡᠮᠵᠢᠯᠡᠬᠦ ᠵᠢ ᠴᠢᠩᠭ᠋ᠠᠳᠬᠠᠪᠠ᠃ ᠡᠯ᠎ᠡ ᠭᠠᠵᠠᠷ ᠡᠯ᠎ᠡ ᠰᠠᠯᠠᠭ᠎ᠠ ᠮᠥᠴᠢᠷ᠎ᠤᠨ᠎ᠬᠢᠨ ᠴᠡᠭᠴᠡᠯᠡᠨ ᠰᠠᠶ᠋ᠢᠵᠢᠷᠠᠭᠤᠯᠬᠤ ᠲᠥᠰᠦᠯ ᠪᠣᠯᠤᠨ ᠠᠵᠢᠯ᠎ᠤᠨ ᠳᠠᠩᠰᠠ᠎ᠲᠠᠢ᠎ᠪᠠᠨ ᠬᠠᠷᠢᠴᠠᠭᠤᠯᠵᠦ᠂ ᠲᠣᠭᠲᠠᠮᠠᠯ ᠬᠤᠭᠤᠴᠠᠭ᠎ᠠ᠎ᠲᠠᠢ᠎ᠪᠠᠷ ᠲᠣᠬᠢᠷᠠᠭᠤᠯᠤᠨ ᠵᠠᠳᠠᠯᠵᠤ᠂ ᠲᠣᠭᠲᠠᠮᠠᠯ ᠬᠤᠭᠤᠴᠠᠭ᠎ᠠ᠎ᠲᠠᠢ᠎ᠪᠠᠷ ᠱᠠᠯᠠᠪᠳᠠᠭᠤᠯᠤᠨ ᠪᠠᠶ᠋ᠢᠴᠠᠭ᠋ᠠᠵᠤ ᠦᠷ᠎ᠡ ᠪᠦᠲᠦᠮᠵᠢ ᠵᠢ ᠠᠰᠠᠭᠤᠵᠤ᠂ ᠲᠣᠭᠲᠠᠮᠠᠯ ᠬᠤᠭᠤᠴᠠᠭ᠎ᠠ᠎ᠲᠠᠢ᠎ᠪᠠᠷ ᠪᠠᠶ᠋ᠢᠳᠠᠯ ᠵᠶ᠋ᠠᠨ ᠮᠡᠳᠡᠭᠳᠡᠨ᠎ᠠ᠃ ᠴᠡᠭᠴᠡᠯᠡᠨ ᠰᠠᠶ᠋ᠢᠵᠢᠷᠠᠭᠤᠯᠬᠤ ᠠᠵᠢᠯ᠎ᠨᠢ ᠬᠦᠴᠦᠳᠡᠢ ᠪᠢᠰᠢ᠂ ᠬᠤᠭᠤᠴᠠᠭ᠎ᠠ ᠶᠣᠰᠣᠭ᠋ᠠᠷ ᠴᠡᠭᠴᠡᠯᠡᠨ ᠰᠠᠶ᠋ᠢᠵᠢᠷᠠᠭᠤᠯᠬᠤ ᠡᠭᠦᠷᠭᠡ᠎ᠪᠠᠨ ᠪᠡᠶᠡᠯᠡᠭᠦᠯᠦᠭᠰᠡᠨ ᠥᠬᠡᠶ ᠵᠢᠴᠢ ᠴᠡᠭᠴᠡᠯᠡᠨ ᠰᠠᠶ᠋ᠢᠵᠢᠷᠠᠭᠤᠯᠬᠤ ᠶᠠᠪᠤᠴᠠ᠎ᠳᠤ ᠬᠠᠷᠢᠯᠴᠠᠨ ᠲᠦᠯᠬᠢᠵᠦ᠂ ᠬᠤᠳᠠᠯ ᠬᠡᠯᠡᠵᠦ ᠬᠠᠭᠤᠷᠮᠠᠭᠯᠠᠨ ᠵᠣᠬᠢᠶᠠᠭᠰᠠᠨ ᠭᠠᠵᠠᠷ ᠣᠷᠣᠨ᠂ ᠨᠢᠭᠡᠴᠢ ᠪᠠ ᠬᠤᠪᠢ ᠬᠥᠮᠦᠨ᠎ᠠᠴᠠ ᠬᠠᠷᠢᠭᠤᠴᠠᠯᠭ᠎ᠠ ᠵᠢ ᠴᠢᠩᠭ᠎ᠠ ᠨᠡᠬᠡᠮᠵᠢᠯᠡᠵᠦ᠂ ᠬᠠᠷᠢᠭᠤᠴᠠᠯᠭ᠎ᠠ᠎ᠲᠠᠢ ᠪᠣᠯ ᠵᠠᠪᠠᠯ ᠲᠤᠯᠭ᠋ᠠᠵᠦ ᠬᠠᠷᠢᠭᠤᠴᠠᠯᠭ᠎ᠠ ᠨᠡᠬᠡᠮᠵᠢᠯᠡᠪᠡᠯ ᠵᠠᠪᠠᠯ ᠴᠢᠩᠭ᠎ᠠ ᠪᠠᠶ᠋ᠢᠬᠤ ᠵᠢ ᠪᠠᠶᠡᠯᠡᠬᠦᠯᠦᠨ᠎ᠠ᠃ ᠳᠠᠪᠤ᠎ᠳᠤ᠂ ᠮᠡᠳᠡᠭᠡ ᠵᠠᠩᠭᠢ ᠵᠢ ᠢᠯᠠ ᠪᠣᠯᠭ᠋ᠠᠬᠤ ᠵᠢ ᠴᠢᠩᠭ᠋ᠠᠳᠬᠠᠪᠠ᠃ ᠦᠪᠡᠷᠳᠡᠭᠡᠨ ᠵᠠᠰᠠᠬᠤ ᠤᠷᠤᠨ᠎ᠤ 《ᠷᠠᠳᠢᠣ᠋ ᠲᠧᠯᠸᠢᠰ ᠰᠤᠨᠢᠨ ᠰᠦᠯᠵᠢᠶ᠎ᠡ》 ᠵᠡᠷᠭᠡ ᠭᠤᠤᠯ ᠵᠠᠭᠤᠴᠢᠯᠠᠭᠤᠷ᠎ᠲᠤ ᠴᠡᠭᠴᠡᠯᠡᠨ ᠰᠠᠶ᠋ᠢᠵᠢᠷᠠᠭᠤᠯᠬᠤ ᠠᠵᠢᠯ᠎ᠤᠨ ᠠᠬᠢᠴᠠ ᠵᠢᠨ ᠪᠠᠶ᠋ᠢᠳᠠᠯ᠎ᠢ ᠨᠡᠶ᠋ᠢᠳᠡᠯᠡᠵᠦ᠂ ᠴᠠᠭ ᠲᠤᠬᠠᠢ᠎ᠳᠤᠨᠢ ᠪᠤᠰᠤᠳᠴᠢ᠎ᠪᠠᠷ ᠦᠷᠬᠦᠯᠵᠢᠩᠬᠦᠢ᠎ᠪᠠᠷ ᠮᠡᠳᠡᠭᠡ ᠵᠠᠩᠭᠢ ᠨᠡᠶ᠋ᠢᠳᠡᠯᠡᠬᠦ ᠪᠠ ᠤᠬᠠᠭᠤᠯᠤᠨ ᠮᠡᠳᠡᠭᠡᠯᠡᠬᠦ ᠵᠢ ᠴᠢᠩᠭ᠋ᠠᠳᠬᠠᠵᠤ᠂ ᠨᠡᠶ᠋ᠢᠭᠡᠮ᠎ᠤᠨ ᠬᠢᠨᠠᠯᠲᠠ ᠲᠠᠯᠪᠢᠬᠤ ᠵᠢ ᠴᠢᠩᠭ᠋ᠠᠳᠬᠠᠨ᠂ ᠰᠠᠶ᠋ᠢᠨ ᠰᠠᠶ᠋ᠢᠬᠠᠨ ᠠᠭᠤᠷ ᠠᠮᠢᠰᠬᠤᠯ᠎ᠢ ᠪᠤᠢ ᠪᠤᠯᠭ᠋ᠠᠵᠤ᠂ ᠨᠡᠶ᠋ᠢᠭᠡᠮ᠎ᠤᠨ ᠡᠯ᠎ᠡ ᠡᠳᠡᠭᠡᠳ᠎ᠤᠨ᠎ᠬᠢᠨ᠎ᠢ ᠬᠦᠳᠦᠯᠦᠨ ᠵᠢᠯᠤᠭᠤᠳᠴᠤ ᠪᠠᠶ᠋ᠢᠭ᠋ᠠᠳ ᠠᠮᠢ ᠠᠬᠤᠢ ᠤᠷᠴᠢᠨ ᠲᠤᠭᠤᠷᠢᠨ᠎ᠢ ᠬᠠᠮᠠᠭ᠋ᠠᠯᠠᠬᠤ ᠠᠵᠢᠯ᠎ᠳᠤ ᠢᠳᠡᠪᠬᠢᠳᠡᠢ ᠤᠷᠤᠯᠴᠠᠭᠤᠯᠤᠨ᠎ᠠ᠃
      ᠳᠠᠷᠠᠭ᠋ᠠᠴᠢ ᠵᠢᠨ ᠠᠯᠬᠤᠮ᠎ᠳᠤ᠂ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠨᠢ ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ᠎ᠪᠠᠷ ᠵᠢᠯᠣᠭᠤᠳᠤᠯᠭ᠎ᠠ ᠪᠣᠯᠭ᠋ᠠᠨ᠂ ᠪᠦᠬᠦ ᠤᠯᠤᠰ᠎ᠤᠨ ᠠᠮᠢ ᠠᠬᠤᠢ ᠣᠷᠴᠢᠨ ᠲᠣᠭᠤᠷᠢᠨ᠎ᠤ ᠬᠠᠮᠠᠭ᠋ᠠᠯᠠᠯᠲᠠ ᠵᠢᠨ ᠶᠡᠭᠡ ᠬᠤᠷᠠᠯ᠎ᠤᠨ ᠵᠣᠷᠢᠭ ᠰᠠᠨᠠᠭ᠎ᠠ ᠵᠢ ᠨᠠᠷᠢᠨ ᠬᠢᠨᠠᠮᠠᠭ᠋ᠠᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ 《ᠬᠥᠬᠡᠮᠳᠦᠭ ᠨᠤᠭᠤᠭ᠋ᠠᠨ ᠠᠭᠤᠯᠠ ᠤᠰᠤ ᠪᠣᠯ ᠳᠠᠷᠤᠢ ᠠᠯᠲᠠ ᠮᠥᠩᠭᠦᠨ ᠠᠭᠤᠯᠠ》 ᠭᠡᠬᠦ ᠬᠥᠭᠵᠢᠯᠲᠡ ᠵᠢᠨ ᠣᠢ᠌ᠢ᠍ᠯᠠᠭ᠋ᠠᠭᠳᠠᠬᠤᠨ᠎ᠢ ᠪᠠᠳᠤ ᠪᠠᠷᠢᠮᠲᠠᠯᠠᠨ᠂ ᠠᠮᠢ ᠠᠬᠤᠢ ᠵᠢᠨ ᠪᠣᠯᠪᠠᠰᠤᠨ᠎ᠤ ᠰᠢᠰᠲ᠋ᠧᠮ᠎ᠤᠨ ᠪᠠᠶ᠋ᠢᠭᠤᠯᠤᠯᠲᠠ ᠵᠢ ᠲᠦᠷᠭᠡᠳᠭᠡᠨ ᠴᠤᠭᠴᠠᠯᠠᠵᠤ᠂ ᠠᠵᠤ ᠦᠢ᠍ᠯᠡᠰ᠎ᠤᠨ ᠪᠦᠲᠦᠴᠡ ᠵᠢᠨ ᠬᠡᠯᠪᠡᠷᠢ ᠵᠢ ᠬᠤᠪᠢᠷᠠᠭᠤᠯᠤᠨ ᠳᠡᠰ ᠳᠡᠪᠰᠢᠭᠦᠯᠬᠦ ᠪᠠ ᠰᠢᠨ᠎ᠡ ᠬᠠᠭᠤᠴᠢᠨ ᠬᠦᠳᠡᠯᠭᠡᠬᠦ ᠡᠨᠧᠷᠬᠢ ᠵᠢᠨ ᠦᠷᠭᠦᠯᠵᠢᠯᠡᠨ ᠰᠣᠯᠢᠭᠳᠠᠬᠤ ᠵᠢ ᠶᠡᠭᠡ᠎ᠪᠠᠷ ᠠᠬᠢᠭᠤᠯᠵᠤ᠂ ᠠᠮᠢ ᠠᠬᠤᠢ ᠤᠷᠴᠢᠨ ᠲᠤᠭᠤᠷᠢᠨ᠎ᠤ ᠲᠤᠳᠠᠭᠤᠳᠠᠯ ᠵᠶ᠋ᠠᠨ ᠬᠦᠴᠦᠯᠡᠨ ᠬᠦᠢ᠍ᠴᠡᠳ ᠨᠦᠬᠦᠪᠤᠷᠢᠯᠡᠵᠤ᠂ ᠠᠮᠢ ᠠᠬᠤᠢ ᠣᠷᠴᠢᠨ ᠲᠣᠭᠤᠷᠢᠨ᠎ᠤ ᠶᠠᠰᠤ ᠴᠢᠨᠠᠷ᠎ᠢ ᠲᠠᠰᠤᠷᠠᠯᠲᠠ ᠦᠭᠡᠢ ᠰᠠᠶ᠋ᠢᠵᠢᠷᠠᠭᠤᠯᠤᠨ᠂ ᠠᠷᠠᠳ ᠣᠯᠠᠨ᠎ᠤ ᠠᠮᠢ ᠠᠬᠤᠢ ᠊ᠣᠷᠴᠢᠨ ᠲᠣᠭᠤᠷᠢᠨ᠎ᠤ ᠬᠦᠷᠳᠡᠮᠵᠢ ᠵᠢᠨ ᠲᠦᠷᠦᠭᠳᠡᠯ᠂ ᠵᠢᠷᠭ᠋ᠠᠯᠳᠤ ᠲᠦᠷᠦᠭᠳᠡᠯ᠂ ᠠᠮᠤᠷ ᠲᠦᠪᠰᠢᠨ᠎ᠤ ᠲᠦᠷᠦᠭᠳᠡᠯ᠎ᠢ ᠦᠨᠡᠨ ᠬᠦ᠌ ᠨᠡᠮᠡᠭᠳᠡᠬᠦᠯᠵᠤ᠂ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠪᠠᠳᠤ ᠪᠠᠬᠢ ᠴᠤᠬ᠍ᠴᠠᠯᠠᠵᠦ᠂ ᠡᠬᠡ ᠤᠯᠤᠰ᠎ᠤᠨ ᠤᠮᠠᠷᠠᠳᠤ ᠵᠢᠨ ᠲᠦᠮᠡᠨ ᠭᠠᠵᠠᠷ᠎ᠤᠨ ᠨᠤᠮᠢᠨ ᠨᠤᠭᠤᠭ᠋ᠠᠨ ᠤᠷᠳᠤ ᠴᠠᠭ᠋ᠠᠨ ᠬᠡᠷᠡᠮ᠎ᠢ ᠴᠤᠭᠴᠠᠯᠠᠨ᠂ ᠰᠢᠨ᠎ᠡ ᠴᠠᠭ ᠦᠶ᠎ᠡ᠎ᠳᠤ ᠦᠵᠡᠰᠭᠦᠯᠡᠩᠲᠦ ᠰᠠᠶ᠋ᠢᠬᠠᠨ ᠦᠪᠦᠷ ᠮᠤᠩᠭᠤᠯ᠎ᠢ ᠪᠦᠳᠦᠬᠡᠨ ᠪᠠᠶ᠋ᠢᠭᠤᠯᠬᠤ ᠰᠢᠨ᠎ᠡ ᠬᠠᠭᠤᠳᠠᠰᠤ ᠵᠢ ᠴᠢᠷᠮᠠᠶ᠋ᠢᠨ ᠪᠢᠴᠢᠭᠯᠡᠨ᠎ᠠ᠃

ᠢᠷᠡᠯᠲᠡ᠄ ᠳᠣᠮᠳᠠᠳᠣ ᠣᠯᠣᠰ᠎ᠤᠨ ᠮᠣᠩᠭᠣᠯ ᠬᠡᠯᠡᠨ᠎ᠤ ᠰᠣᠨᠢᠨ ᠮᠡᠳᠡᠭᠡ ᠵᠢᠨ ᠰᠦᠯᠵᠢᠶ᠎ᠡ
          
ᠬᠠᠮᠢᠶ᠎ᠡ ᠪᠦᠬᠦᠢ ᠰᠣᠨᠢᠨ
ᠰᠢ ᠵᠢᠨ ᠫᠢᠩ ᠴᠠᠬᠢᠯᠭ᠋ᠠᠨ ᠴᠢᠮᠡᠭᠡ ᠢᠯᠡᠭᠡᠵᠦ ᠮᠢᠰᠢᠶᠠᠷ᠎ᠤᠨ ᠡᠧᠦ᠋ᠷᠦᠫᠠ ᠲᠢᠪ᠎ᠤᠨ ᠤᠯᠤᠰ᠎ᠤᠳ᠎ᠤᠨ ᠭᠡᠷᠡᠭ ᠡᠷᠬᠢᠯᠡᠭᠴᠢᠳ᠎ᠤᠨ ᠬᠤᠷᠠᠯ᠎ᠤᠨ ᠲᠡᠷᠢᠬᠦᠯᠡᠭᠴᠢ᠎ᠪᠠᠷ ᠰᠤᠩᠭᠤᠭᠳᠠᠭᠰᠠᠨ᠎ᠳᠤ ᠪᠠᠶᠠᠷ ᠬᠦᠷᠭᠡᠪᠡ
ᠤᠯᠤᠰ᠎ᠤᠨ ᠣᠢ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠤᠯᠤᠰ᠎ᠤᠨ ᠣᠢ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠠᠯᠪᠠᠨ ᠭᠡᠷ᠎ᠤᠨ ᠪᠠᠢ᠌ᠭ᠋ᠠᠯᠢᠯᠢᠭ ᠤᠢ ᠵᠢ ᠬᠠᠮᠠᠭ᠋ᠠᠯᠠᠬᠤ ᠠᠵᠢᠯ᠎ᠤᠨ ᠤᠳᠤᠷᠢᠳᠬᠤ ᠳᠤᠭᠤᠶ᠋ᠢᠯᠠᠩ ᠪᠠᠶ᠋ᠢᠭᠤᠯᠬᠤ ᠲᠤᠬᠠᠶ ᠮᠡᠳᠡᠭᠳᠡᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠢ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ 《ᠣᠢ ᠮᠣᠳᠣ ᠣᠭᠲᠣᠯᠬᠤ ᠭᠤᠶᠤᠴᠢᠯᠠᠯ᠎ᠤᠨ ᠬᠦᠰᠦᠨᠦᠭᠲᠦ》 ᠵᠢ ᠡᠬᠢᠯᠡᠨ ᠬᠡᠷᠡᠭᠯᠡᠬᠦ ᠲᠤᠬᠠᠶ ᠮᠡᠳᠡᠭᠳᠡᠯ
《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠲᠤᠮᠤ ᠬᠡᠷᠡᠭ ᠶᠠᠪᠤᠳᠠᠯ᠎ᠤᠳ᠎ᠤᠨ ᠳᠡᠮᠳᠡᠭᠯᠡᠯ (1949 ᠤᠨ᠎ᠤ 10 ᠰᠠᠷ᠎ᠠ — 2019 ᠤᠨ᠎ᠤ 9 ᠰᠠᠷ᠎ᠠ)》᠎ᠢ ᠬᠡᠪᠯᠡᠪᠡ
ᠵᠢᠷᠭᠤᠳᠤᠭ᠋ᠠᠷ ᠬᠤᠭᠤᠴᠠᠭ᠋ᠠᠨ᠎ᠤ ᠪᠦᠬᠦ ᠤᠷᠤᠨ᠎ᠤ ᠶᠤᠰᠤ ᠰᠤᠷᠳᠠᠬᠤᠨ᠎ᠤ ᠵᠢᠱ᠌ᠢᠶᠡᠴᠢ ᠵᠢ ᠢᠯᠡ ᠨᠡᠶ᠋ᠢᠲᠡᠯᠡᠬᠦ ᠠᠯᠪᠠᠨ ᠵᠠᠷᠯᠠᠯ
 
             蒙ICP备05000248号