ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠯᠪᠠᠨ ᠨᠡᠶ᠋ᠢᠲᠡᠯᠡᠯ
ᠤᠯᠤᠰ᠎ᠤᠨ ᠣᠢ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠤᠯᠤᠰ᠎ᠤᠨ ᠣᠢ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠠᠯᠪᠠᠨ ᠭᠡᠷ᠎ᠤᠨ ᠪᠠᠢ᠌ᠭ᠋ᠠᠯᠢᠯᠢᠭ ᠤᠢ ᠵᠢ ᠬᠠᠮᠠᠭ᠋ᠠᠯᠠᠬᠤ ᠠᠵᠢᠯ᠎ᠤᠨ ᠤᠳᠤᠷᠢᠳᠬᠤ ᠳᠤᠭᠤᠶ᠋ᠢᠯᠠᠩ ᠪᠠᠶ᠋ᠢᠭᠤᠯᠬᠤ ᠲᠤᠬᠠᠶ ᠮᠡᠳᠡᠭᠳᠡᠯ
ᠨᠡᠶ᠋ᠢᠲᠡᠯᠡᠭᠰᠡᠨ ᠴᠠᠭ᠄ 2019-09-11

      ᠤᠯᠤᠰ᠎ᠤᠨ ᠣᠢ ᠰᠢᠭᠤᠶ ᠪᠠ ᠨᠤᠲᠤᠭ ᠪᠡᠯᠴᠢᠭᠡᠷ᠎ᠤᠨ ᠲᠤᠪᠴᠢᠶ᠎ᠠ ᠵᠢᠨ ᠠᠯᠪᠠᠨ ᠭᠡᠷ᠎ᠤᠨ ᠤᠯᠤᠰ᠎ᠤᠨ ᠣᠢ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠪᠠᠢ᠌ᠭ᠋ᠠᠯᠢᠯᠢᠭ ᠤᠢ ᠵᠢ ᠬᠠᠮᠠᠭ᠋ᠠᠯᠠᠬᠤ ᠠᠵᠢᠯ᠎ᠤᠨ ᠤᠳᠤᠷᠢᠳᠬᠤ ᠳᠤᠭᠤᠶ᠋ᠢᠯᠠᠩ ᠪᠠᠢ᠌ᠭᠤᠯᠬᠤ ᠲᠤᠬᠠᠢ ᠮᠡᠳᠡᠭᠳᠡᠯ
      ᠡᠯ᠎ᠡ ᠮᠣᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠨ ᠣᠢ ᠰᠢᠭᠤᠶ ᠪᠣᠯᠤᠨ ᠨᠤᠲᠤᠭ ᠪᠡᠯᠴᠢᠭᠡᠷ᠎ᠤᠨ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠥᠪᠥᠷ ᠮᠣᠩᠭᠣᠯ᠂ ᠶᠡᠬᠡ ᠬᠢᠩᠭ᠋ᠠᠨ ᠳᠠᠪᠠᠭ᠋ᠠᠨ᠎ᠤ ᠣᠢ ᠰᠢᠭᠤᠶ ᠵᠢᠨ ᠠᠵᠤ ᠦᠢᠯᠡᠳᠪᠦᠷᠢ (ᠣᠢ ᠰᠢᠭᠤᠶ ᠵᠢᠨ ᠦᠢ᠍ᠯᠡᠰ) ᠵᠢᠨ ᠪᠦᠯᠦᠭᠯᠡᠯᠲᠦ ᠺᠣᠮᠫᠠᠨᠢ᠂ ᠰᠢᠨᠵᠢᠶᠡᠠᠩ᠎ᠤᠨ ᠦᠢ᠍ᠯᠡᠳᠪᠤᠷᠢᠯᠡᠯ ᠪᠠᠢ᠌ᠭᠤᠯᠤᠯᠳᠠ ᠵᠢᠨ ᠴᠡᠷᠢᠭ᠎ᠤᠨ ᠪᠦᠯᠦᠭᠯᠡᠯ᠎ᠤᠨ ᠣᠢ ᠰᠢᠭᠤᠶ ᠪᠣᠯᠤᠨ ᠨᠤᠲᠤᠭ ᠪᠡᠯᠴᠢᠭᠡᠷ᠎ᠤᠨ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠤᠯᠤᠰ᠎ᠤᠨ ᠣᠢ ᠰᠢᠭᠤᠶ ᠪᠣᠯᠤᠨ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠡᠯ᠎ᠡ ᠵᠤᠷᠭ᠋ᠠᠨ ᠲᠣᠪᠴᠢᠶ᠎ᠠ᠂ ᠡᠯ᠎ᠡ ᠲᠣᠮᠢᠯᠠᠭᠰᠠᠨ ᠪᠠᠢ᠌ᠭᠤᠯᠤᠮᠵᠢ᠂ ᠡᠯ᠎ᠡ ᠰᠢᠭᠤᠳ ᠬᠠᠷᠢᠶ᠎ᠠ ᠨᠢᠭᠡᠴᠡ᠎ᠳᠤ᠄
      ᠨᠠᠮ᠎ᠤᠨ ᠲᠥᠪ ᠬᠣᠷᠢᠶᠠᠨ᠎ᠤ ᠠᠯᠪᠠᠨ ᠲᠢᠩᠬᠢᠮ᠂ ᠲᠥᠷᠦ ᠵᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ᠎ᠤᠨ ᠳᠠᠷᠤᠮᠠᠯᠯᠠᠨ ᠲᠠᠷᠬᠠᠭ᠋ᠠᠭᠰᠠᠨ 《ᠪᠠᠢ᠌ᠭ᠋ᠠᠯᠢᠯᠢᠭ ᠤᠢ ᠵᠢ ᠬᠠᠮᠠᠭ᠋ᠠᠯᠠᠨ ᠰᠡᠷᠭᠦᠭᠡᠬᠦ ᠳᠦᠷᠢᠮ᠎ᠤᠨ ᠲᠥᠰᠦᠯ》᠎ᠢ ᠨᠠᠷᠢᠨ ᠬᠢᠨᠠᠮᠠᠭ᠋ᠠᠶ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠪᠠᠢ᠌ᠭ᠋ᠠᠯᠢᠯᠢᠭ ᠤᠢ ᠵᠢ ᠬᠠᠮᠠᠭ᠋ᠠᠯᠠᠨ ᠰᠡᠷᠭᠦᠭᠡᠬᠦ ᠠᠵᠢᠯ᠎ᠤᠨ ᠵᠣᠬᠢᠶᠠᠨ ᠪᠠᠶ᠋ᠢᠭᠤᠯᠤᠯᠲᠠ ᠵᠢᠨ ᠤᠳᠤᠷᠢᠳᠤᠯᠭ᠎ᠠ ᠵᠢ ᠴᠢᠩᠭ᠋ᠠᠳᠬᠠᠵᠤ᠂ ᠪᠠᠢ᠌ᠭ᠋ᠠᠯᠢᠯᠢᠭ ᠤᠢ ᠵᠢ ᠬᠠᠮᠠᠭ᠋ᠠᠯᠠᠬᠤ ᠦᠢ᠍ᠯᠡᠰ᠎ᠤᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠬᠤ ᠵᠢᠨ ᠲᠥᠯᠥᠭᠡ᠂ ᠰᠤᠳᠤᠯᠤᠯᠳᠠ᠎ᠪᠠᠷ ᠳᠠᠮᠵᠢᠨ᠂ ᠮᠠᠨ᠎ᠤ ᠲᠣᠪᠴᠢᠶ᠎ᠠ 《ᠤᠯᠤᠰ᠎ᠤᠨ ᠣᠢ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠪᠠᠢ᠌ᠭ᠋ᠠᠯᠢᠯᠢᠭ ᠣᠢ ᠵᠢ ᠬᠠᠮᠠᠭ᠋ᠠᠯᠠᠬᠤ ᠠᠵᠢᠯ᠎ᠤᠨ ᠤᠳᠤᠷᠢᠳᠬᠤ ᠳᠤᠭᠤᠢ᠌ᠯᠠᠩ》 (ᠳᠣᠷᠣᠭᠰᠢ 《ᠤᠳᠤᠷᠢᠳᠬᠤ ᠳᠤᠭᠤᠢ᠌ᠯᠠᠩ》 ᠭᠡᠵᠦ ᠳᠥᠭᠥᠮᠴᠢᠯᠡᠨ᠎ᠡ)᠎ᠢ ᠪᠠᠢ᠌ᠭᠤᠯᠬᠤ᠎ᠪᠠᠷ ᠲᠣᠭᠲᠠᠪᠠ᠃ ᠡᠳᠦᠭᠡ ᠬᠣᠯᠪᠣᠭᠳᠠᠯ ᠪᠦᠬᠦᠢ ᠤᠴᠢᠷ᠎ᠢ ᠳᠣᠤᠷᠠᠬᠢ ᠮᠡᠲᠦ ᠮᠡᠳᠡᠭᠳᠡᠶ᠎ᠡ᠄
      ᠳᠤᠭᠤᠶ᠋ᠢᠯᠠᠩ᠎ᠤᠨ ᠳᠠᠷᠤᠭ᠎ᠠ᠄ ᠵᠠᠩ ᠵᠢᠶᠠᠨ ᠯᠦᠩ   ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠣᠪᠴᠢᠶᠠᠨ ᠳᠠᠷᠤᠭ᠎ᠠ
      ᠳᠡᠳ᠋ ᠲᠤᠭᠤᠢ᠌ᠯᠠᠩ᠎ᠤᠨ ᠳᠠᠷᠤᠭ᠎ᠠ   ᠯᠢ ᠱᠣ᠌ ᠮᠢᠩ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠬᠦᠨ᠂ ᠳᠡᠳ᠋ ᠲᠣᠪᠴᠢᠶᠠᠨ ᠳᠠᠷᠤᠭ᠎ᠠ
      ᠭᠡᠰᠢᠭᠦᠨ᠄

      ᠯᠢ ᠵᠢᠨ ᠬᠤᠸᠠ   ᠠᠯᠪᠠᠨ ᠭᠡᠷ᠎ᠤᠨ ᠡᠷᠬᠢᠯᠡᠭᠴᠢ
      ᠵᠤᠤ ᠯᠢᠶᠠᠩ ᠫᠢᠩ   ᠠᠮᠢ ᠠᠬᠤᠢ ᠵᠢᠨ ᠵᠤᠷᠭ᠋ᠠᠨ᠎ᠤ ᠵᠤᠷᠭ᠋ᠠᠨ᠎ᠤ ᠳᠠᠷᠤᠭ᠎ᠠ
      ᠰᠢᠤᠶ ᠵᠢᠶ ᠳ᠋ᠧ   ᠡᠬᠢ ᠪᠠᠶᠠᠯᠢᠭ᠎ᠤᠨ ᠵᠤᠷᠭ᠋ᠠᠨ᠎ᠤ ᠵᠤᠷᠭ᠋ᠠᠨ᠎ᠤ ᠳᠠᠷᠤᠭ᠎ᠠ
      ᠵᠠᠩ ᡁᠢ ᠵᠦᠩ   ᠠᠮᠢᠲᠠᠨ ᠤᠷᠭᠤᠮᠠᠯ᠎ᠤᠨ ᠵᠤᠷᠭ᠋ᠠᠨ᠎ᠤ ᠬᠠᠷᠢᠭᠤᠴᠠᠯᠭ᠋ᠠᠲᠠᠨ
      ᠸᠠᠩ ᡁᠢ ᠭᠤᠤ   ᠭᠠᠵᠠᠷ ᠨᠤᠳᠤᠭ᠎ᠢ ᠬᠠᠮᠠᠭ᠋ᠠᠯᠠᠬᠤ ᠵᠤᠷᠭ᠋ᠠᠨ᠎ᠤ ᠵᠤᠷᠭ᠋ᠠᠨ᠎ᠤ ᠳᠠᠷᠤᠭ᠎ᠠ
      ᠯᠢᠦ ᠲᠦᠸᠸ     ᠬᠦᠭᠵᠢᠬᠦᠯᠦᠯᠳᠡ ᠪᠤᠯᠤᠨ ᠦᠭᠡᠷᠡᠴᠢᠯᠠᠯᠳᠠ ᠵᠢᠨ ᠵᠤᠷᠭ᠋ᠠᠨ᠎ᠤ ᠵᠤᠷᠭ᠋ᠠᠨ᠎ᠤ ᠳᠠᠷᠤᠭ᠎ᠠ
      ᠴᠧᠩ ᠬᠣᠩ   ᠣᠢ ᠰᠢᠭᠤᠶ ᠵᠢᠨ ᠲᠠᠯᠠᠪᠠᠢ ᠵᠢᠨ ᠦᠷ᠎ᠡ ᠴᠢᠬᠢ ᠵᠢᠨ ᠵᠤᠷᠭ᠋ᠠᠨ᠎ᠤ ᠵᠤᠷᠭ᠋ᠠᠨ᠎ᠤ ᠳᠠᠷᠤᠭ᠎ᠠ
      ᠸᠠᠩ ᠬᠠᠢ ᠵᠦᠩ   ᠳᠣᠲᠣᠭ᠋ᠠᠳᠤ ᠵᠢ ᠬᠠᠮᠠᠭ᠋ᠠᠯᠠᠬᠤ ᠲᠣᠪᠴᠢᠶᠠᠨ᠎ᠤ ᠲᠤᠪᠴᠢᠶᠠᠨ ᠳᠠᠷᠤᠭ᠎ᠠ
      ᠶᠠᠨ ᠵᠧᠨ     ᠲᠦᠯᠦᠪᠵᠢᠬᠦᠯᠭᠡ ᠪᠠ ᠡᠳ᠋᠎ᠤᠨ ᠶᠠᠪᠤᠳᠠᠯ᠎ᠤᠨ ᠵᠤᠷᠭ᠋ᠠᠨ᠎ᠤ ᠵᠤᠷᠭ᠋ᠠᠨ᠎ᠤ ᠳᠠᠷᠤᠭ᠎ᠠ
      ᠬᠤᠤ ᠢᠦᠶ ᠵᠢᠶᠦ᠋ᠨ   ᠰᠢᠨᠵᠢᠯᠡᠬᠦ ᠤᠬᠠᠭ᠋ᠠᠨ ᠮᠡᠷᠭᠡᠵᠢᠯ᠎ᠤᠨ ᠵᠤᠷᠭ᠋ᠠᠨ᠎ᠤ ᠵᠤᠷᠭ᠋ᠠᠨ᠎ᠤ ᠳᠠᠷᠤᠭ᠎ᠠ
      ᠮᠸᠡᠭ ᠰᠢᠶᠠᠨ ᠯᠢᠨ   ᠣᠯᠠᠨ ᠤᠯᠤᠰ᠎ᠤᠨ ᠶᠠᠪᠤᠳᠠᠯ᠎ᠤᠨ ᠵᠤᠷᠭ᠋ᠠᠨ᠎ᠤ ᠵᠤᠷᠭ᠋ᠠᠨ᠎ᠤ ᠳᠠᠷᠤᠭ᠎ᠠ
      ᠳ᠋ᠢᠩ ᠯᠢ ᠰᠢᠨ   ᠠᠵᠢᠯᠲᠠᠨ᠎ᠤ ᠶᠠᠪᠤᠳᠠᠯ᠎ᠤᠨ ᠵᠤᠷᠭ᠋ᠠᠨ᠎ᠤ ᠲᠣᠭᠣᠷᠢᠨ ᠪᠠᠶ᠋ᠢᠴᠠᠭ᠋ᠠᠭᠴᠢ
      ᠲᠢᠶᠠᠨ ᠶᠦᠩ ᠴᠧᠨ   ᠴᠡᠴᠡᠷᠯᠢᠭ᠎ᠤᠨ ᠠᠯᠪᠠᠨ ᠭᠡᠷ᠎ᠤᠨ ᠳᠡᠳ᠋ ᠡᠷᠬᠢᠯᠡᠭᠴᠢ
      ᠫᠠᠨ ᠱ᠌ᠢ ᠰᠢᠤᠸᠠᠢ   ᠶᠡᠷᠦᠩᠬᠡᠶ ᠥᠷᠲᠡᠭᠡᠨ᠎ᠤ ᠶᠡᠷᠦᠩᠬᠡᠶ ᠦᠷᠳᠡᠭᠡᠨ ᠳᠠᠷᠤᠭ᠎ᠠ
      ᠵᠠᠩ ᠶᠠᠨ ᠬᠣᠩ   ᠰᠠᠭᠤᠷᠢ ᠮᠥᠩᠭᠥᠨ᠎ᠤ ᠶᠡᠷᠦᠩᠬᠡᠶ ᠥᠷᠲᠡᠭᠡᠨ᠎ᠤ ᠶᠡᠷᠦᠩᠬᠡᠶ ᠦᠷᠳᠡᠭᠡᠨ ᠳᠠᠷᠤᠭ᠎ᠠ
      ᠬᠤᠸᠠᠩ ᠼᠠᠢ ᠢ   ᠤᠬᠠᠭᠤᠯᠭ᠎ᠠ ᠵᠢᠨ ᠲᠥᠪ᠎ᠤᠨ ᠡᠷᠬᠢᠯᠡᠭᠴᠢ
      ᠵᠢᠨ ᠮᠢᠨ   ᠪᠠᠢ᠌ᠭ᠋ᠠᠯᠢᠯᠢᠭ ᠤᠢ ᠵᠢ ᠬᠠᠮᠠᠭ᠋ᠠᠯᠠᠬᠤ ᠲᠥᠪ᠎ᠤᠨ ᠡᠷᠬᠢᠯᠡᠭᠴᠢ
      ᠯᠢ ᠪᠢᠩ   ᠠᠵᠤ ᠠᠬᠤᠶ ᠵᠢᠨ ᠰᠤᠳᠤᠯᠭ᠋ᠠᠨ᠎ᠤ ᠲᠥᠪ᠎ᠤᠨ ᠡᠷᠬᠢᠯᠡᠭᠴᠢ
      ᠯᠢᠦ ᠱ᠌ᠢ ᠷᠦᠩ   ᠤᠢ ᠰᠢᠭᠤᠢ ᠵᠢᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ ᠳᠠᠷᠤᠭ᠎ᠠ
      ᠯᠢᠦ ᠭᠦᠸᠧ ᠴᠢᠶᠠᠩ   ᠲᠦᠯᠦᠪᠵᠢᠬᠦᠯᠭᠡ ᠵᠢᠨ ᠬᠦᠷᠢᠶᠡᠯᠡᠩ᠎ᠤᠨ ᠬᠦᠷᠢᠶᠡᠯᠡᠩ᠎ᠤᠨ ᠳᠠᠷᠤᠭ᠎ᠠ
      ᠤᠳᠤᠷᠢᠳᠬᠤ ᠳᠤᠭᠤᠶ᠋ᠢᠯᠠᠩ᠎ᠨᠢ ᠭᠣᠤᠯᠳᠠᠭᠤ ᠪᠦᠬᠦ ᠤᠯᠤᠰ᠎ᠤᠨ ᠪᠠᠢ᠌ᠭ᠋ᠠᠯᠢᠯᠢᠭ ᠤᠢ ᠵᠢ   ᠬᠠᠮᠠᠭ᠋ᠠᠯᠠᠨ ᠰᠡᠷᠭᠦᠭᠡᠬᠦ ᠠᠵᠢᠯ᠎ᠢ ᠵᠣᠬᠢᠶᠠᠨ ᠪᠠᠶ᠋ᠢᠭᠤᠯᠤᠨ ᠵᠢᠯᠣᠭᠣᠳᠴᠤ᠂ ᠪᠠᠢ᠌ᠭ᠋ᠠᠯᠢᠯᠢᠭ ᠤᠢ ᠵᠢ ᠬᠠᠮᠠᠭ᠋ᠠᠯᠠᠨ ᠰᠡᠷᠭᠦᠭᠡᠬᠦ ᠴᠢᠬᠤᠯᠠ ᠶᠡᠬᠡ ᠴᠢᠭᠯᠡᠯᠲᠡ ᠲᠥᠷᠥ ᠵᠢᠨ ᠪᠣᠳᠣᠯᠭ᠎ᠠ ᠪᠠ ᠬᠥᠭᠵᠢᠯᠲᠡ ᠵᠢᠨ ᠲᠥᠯᠥᠪᠵᠢᠭᠦᠯᠭᠡ ᠵᠢ ᠰᠤᠳᠤᠯᠤᠨ ᠬᠢᠨᠠᠨ ᠶᠠᠷᠢᠯᠴᠠᠵᠤ᠂ ᠪᠠᠢ᠌ᠭ᠋ᠠᠯᠢᠯᠢᠭ ᠤᠢ ᠵᠢ ᠬᠠᠮᠠᠭ᠋ᠠᠯᠠᠨ ᠰᠡᠷᠭᠦᠭᠡᠬᠦ ᠠᠵᠢᠯ᠎ᠤᠨ ᠳᠤᠮᠳᠠᠬᠢ ᠴᠢᠬᠤᠯᠠ ᠶᠡᠬᠡ ᠠᠰᠠᠭᠤᠳᠠᠯ᠎ᠢ ᠵᠣᠬᠢᠴᠠᠭᠤᠯᠤᠨ ᠰᠢᠢᠳᠪᠦᠷᠢᠯᠡᠬᠦ ᠵᠡᠷᠭᠡ ᠵᠢ ᠬᠠᠷᠢᠭᠤᠴᠠᠨ᠎ᠠ᠃ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠬᠦᠨ᠎ᠨᠢ ᠠᠵᠢᠯ᠎ᠤᠨ ᠬᠤᠪᠢᠷᠠᠯᠲᠠ᠎ᠠᠴᠠ ᠪᠣᠯᠵᠤ ᠲᠣᠬᠢᠷᠠᠭᠤᠯᠤᠯᠲᠠ ᠬᠢᠬᠦ ᠴᠢᠬᠤᠯᠠ᠎ᠲᠠᠢ ᠪᠣᠯ ᠪᠠᠢ᠌ᠭ᠎ᠠ ᠨᠢᠭᠡᠴᠡ᠎ᠠᠴᠠ᠎ᠨᠢ ᠤᠳᠤᠷᠢᠳᠬᠤ ᠳᠤᠭᠤᠶ᠋ᠢᠯᠠᠩ᠎ᠤᠨ ᠠᠯᠪᠠᠨ ᠭᠡᠷ᠎ᠲᠤ ᠲᠤᠷᠠᠳᠴᠤ᠂ ᠲᠤᠭᠳᠠᠭ᠋ᠠᠯ ᠶᠣᠰᠣᠭ᠋ᠠᠷ ᠤᠳᠤᠷᠢᠳᠬᠤ ᠳᠤᠭᠤᠶ᠋ᠢᠯᠠᠩ᠎ᠤᠨ ᠳᠠᠷᠤᠭ᠎ᠠ᠎ᠳᠤ ᠮᠡᠳᠡᠭᠦᠯᠦᠨ ᠵᠥᠪᠰᠢᠶᠡᠷᠡᠭᠦᠯᠬᠦ ᠬᠡᠷᠡᠭᠲᠡᠶ᠃
      ᠤᠳᠤᠷᠢᠳᠬᠤ ᠳᠤᠭᠤᠶ᠋ᠢᠯᠠᠩ᠎ᠠᠴᠠ 《ᠤᠯᠤᠰ᠎ᠤᠨ ᠣᠢ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠪᠠᠢ᠌ᠭ᠋ᠠᠯᠢᠯᠢᠭ ᠤᠢ ᠵᠢ ᠬᠠᠮᠠᠭ᠋ᠠᠯᠠᠬᠤ ᠠᠯᠪᠠᠨ ᠭᠡᠷ》᠎ᠢ ᠪᠠᠢ᠌ᠭᠤᠯᠵᠤ᠂ ᠲᠣᠪᠴᠢᠶ᠎ᠠ ᠵᠢᠨ ᠪᠠᠢ᠌ᠭ᠋ᠠᠯᠢᠯᠢᠭ ᠣᠢ ᠵᠢᠨ ᠲᠤᠪᠴᠢᠶᠠᠨ᠎ᠤ ᠲᠥᠪ᠎ᠲᠤ ᠲᠤᠬᠢᠷᠠᠭᠤᠯᠤᠨ᠂ ᠤᠳᠤᠷᠢᠳᠬᠤ ᠳᠤᠭᠤᠶ᠋ᠢᠯᠠᠩ᠎ᠤᠨ ᠡᠳᠦᠷ ᠲᠤᠲᠤᠮ᠎ᠤᠨ ᠠᠵᠢᠯ᠎ᠢ ᠡᠭᠦᠷᠭᠡᠯᠡᠨ᠎ᠡ᠃ ᠭᠣᠤᠯᠳᠠᠭᠤ ᠤᠳᠤᠷᠢᠳᠬᠤ ᠳᠤᠭᠤᠶ᠋ᠢᠯᠠᠩ᠎ᠤᠨ ᠵᠥᠪᠯᠡᠨ ᠲᠣᠭᠲᠠᠭ᠋ᠠᠭᠰᠠᠨ ᠵᠦᠢᠯᠡᠰ᠎ᠢ ᠰᠢᠮᠳᠠᠭᠤᠯᠤᠨ ᠨᠠᠢ᠌ᠳᠠᠪᠤᠷᠢᠵᠢᠭᠤᠯᠵᠤ᠂   ᠪᠠᠢ᠌ᠭ᠋ᠠᠯᠢᠯᠢᠭ ᠤᠢ ᠵᠢ ᠬᠠᠮᠠᠭ᠋ᠠᠯᠠᠨ ᠰᠡᠷᠭᠦᠭᠡᠬᠦ ᠬᠠᠮᠢᠶ᠎ᠠ ᠪᠦᠬᠦᠢ ᠠᠵᠢᠯ᠎ᠢ ᠵᠣᠬᠢᠴᠠᠭᠤᠯᠤᠨ ᠠᠬᠢᠭᠤᠯᠵᠤ᠂ ᠤᠳᠤᠷᠢᠳᠬᠤ ᠳᠤᠭᠤᠶ᠋ᠢᠯᠠᠩ᠎ᠤᠨ ᠲᠤᠰᠢᠶᠠᠭᠰᠠᠨ ᠬᠠᠮᠢᠶ᠎ᠠ ᠪᠦᠬᠦᠢ ᠵᠦᠢ᠍ᠯᠡᠰ ᠵᠢ ᠬᠠᠷᠢᠭᠤᠴᠠᠨ᠎ᠠ᠃ ᠠᠯᠪᠠᠨ ᠭᠡᠷ᠎ᠤᠨ ᠡᠷᠬᠢᠯᠡᠭᠴᠢ ᠵᠢᠨ ᠲᠤᠰᠢᠶᠠᠯ᠎ᠢ ᠲᠣᠪᠴᠢᠶ᠎ᠠ ᠵᠢᠨ ᠪᠠᠢ᠌ᠭ᠋ᠠᠯᠢᠯᠢᠭ ᠤᠢ ᠵᠢ ᠬᠠᠮᠠᠭ᠋ᠠᠯᠠᠬᠤ ᠲᠥᠪ᠎ᠤᠨ ᠡᠷᠬᠢᠯᠡᠭᠴᠢ ᠬᠠᠪᠰᠤᠷᠭ᠋ᠠᠨ ᠡᠭᠦᠷᠭᠡᠯᠡᠵᠦ᠂ ᠠᠯᠪᠠᠨ ᠭᠡᠷ᠎ᠤᠨ ᠳᠡᠳ᠋ ᠡᠷᠬᠢᠯᠡᠭᠴᠢ ᠵᠢᠨ ᠲᠤᠰᠢᠶᠠᠯ᠎ᠢ ᠲᠣᠪᠴᠢᠶ᠎ᠠ ᠵᠢᠨ ᠪᠠᠢ᠌ᠭ᠋ᠠᠯᠢᠯᠢᠭ ᠤᠢ ᠵᠢ ᠬᠠᠮᠠᠭ᠋ᠠᠯᠠᠬᠤ ᠲᠥᠪ᠎ᠤᠨ ᠪᠤᠰᠤᠳ ᠪᠠᠭ᠎ᠤᠨ ᠪᠦᠷᠢᠯᠳᠦᠬᠦᠨ ᠡᠭᠦᠷᠭᠡᠯᠡᠨ᠎ᠡ᠃
    ᠡᠭᠦᠨ᠎ᠤ ᠲᠤᠯᠠ ᠮᠡᠳᠡᠭᠳᠡᠪᠡ᠃

           

              ᠤᠯᠤᠰ᠎ᠤᠨ ᠤᠢ ᠰᠢᠭᠤᠢ ᠪᠠ ᠨᠤᠳᠤᠭ ᠪᠡᠯᠴᠢᠭᠡᠷ᠎ᠤᠨ ᠲᠤᠪᠴᠢᠶ᠎ᠠ ᠵᠢᠨ ᠠᠯᠪᠠᠨ ᠬᠡᠷ                  
              2019 ᠣᠨ 9 ᠰᠠᠷ᠎ᠠ ᠵᠢᠨ 3᠎ᠤ ᠡᠳᠦᠷ

ᠢᠷᠡᠯᠲᠡ᠄ ᠳᠤᠮᠳᠠᠳᠤ ᠤᠯᠤᠰ᠎ᠤᠨ ᠣᠢ ᠰᠢᠭᠤᠶ ᠵᠢᠨ ᠰᠦᠯᠵᠢᠶ᠎ᠡ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠢ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ 《ᠣᠢ ᠮᠣᠳᠣ ᠣᠭᠲᠣᠯᠬᠤ ᠭᠤᠶᠤᠴᠢᠯᠠᠯ᠎ᠤᠨ ᠬᠦᠰᠦᠨᠦᠭᠲᠦ》 ᠵᠢ ᠡᠬᠢᠯᠡᠨ ᠬᠡᠷᠡᠭᠯᠡᠬᠦ ᠲᠤᠬᠠᠶ ᠮᠡᠳᠡᠭᠳᠡᠯ
《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠲᠤᠮᠤ ᠬᠡᠷᠡᠭ ᠶᠠᠪᠤᠳᠠᠯ᠎ᠤᠳ᠎ᠤᠨ ᠳᠡᠮᠳᠡᠭᠯᠡᠯ (1949 ᠤᠨ᠎ᠤ 10 ᠰᠠᠷ᠎ᠠ — 2019 ᠤᠨ᠎ᠤ 9 ᠰᠠᠷ᠎ᠠ)》᠎ᠢ ᠬᠡᠪᠯᠡᠪᠡ
ᠵᠢᠷᠭᠤᠳᠤᠭ᠋ᠠᠷ ᠬᠤᠭᠤᠴᠠᠭ᠋ᠠᠨ᠎ᠤ ᠪᠦᠬᠦ ᠤᠷᠤᠨ᠎ᠤ ᠶᠤᠰᠤ ᠰᠤᠷᠳᠠᠬᠤᠨ᠎ᠤ ᠵᠢᠱ᠌ᠢᠶᠡᠴᠢ ᠵᠢ ᠢᠯᠡ ᠨᠡᠶ᠋ᠢᠲᠡᠯᠡᠬᠦ ᠠᠯᠪᠠᠨ ᠵᠠᠷᠯᠠᠯ
 ᠪᠦᠬᠦ ᠤᠯᠤᠰ᠎ᠤᠨ ᠤᠯᠤᠰ ᠲᠦᠷᠦ ᠵᠢᠨ ᠵᠦᠪᠯᠡᠯᠭᠡᠨ᠎ᠤ ᠭᠠᠳᠠᠭ᠋ᠠᠳᠤ ᠶᠠᠪᠤᠳᠠᠯ᠎ᠤᠨ ᠵᠦᠪᠯᠡᠯ᠎ᠠᠴᠠ ᠠᠮᠧᠷᠢᠺᠠ ᠵᠢᠨ ᠤᠯᠤᠰ᠎ᠤᠨ ᠬᠤᠷᠠᠯ᠎ᠤᠨ ᠳᠤᠤᠷᠠᠳᠤ ᠵᠦᠪᠯᠡᠯ᠎ᠤᠨ 《2019 ᠤᠨ᠎ᠤ ᠤᠢ᠌ᠢ᠍ᠭᠤᠷᠴᠤᠳ᠎ᠤᠨ ᠬᠦᠮᠦᠨ᠎ᠤ ᠡᠷᠬᠡ ᠵᠢᠨ ᠲᠦᠷᠦ ᠵᠢᠨ ᠪᠤᠳᠤᠯᠭ᠎ᠠ ᠵᠢᠨ ᠬᠠᠤᠯᠢ ᠵᠢᠨ ᠲᠦᠰᠦᠯ》᠎ᠢ ᠪᠠᠳᠤᠯᠠᠭᠰᠠᠨ ᠲᠤᠬᠠᠢ ᠢᠯᠡᠷᠭᠡᠶ᠋ᠢᠯᠡᠯᠳᠡ ᠨᠡᠶ᠋ᠢᠳᠡᠯᠡᠪᠡ
ᠨᠠᠮ᠎ᠤᠨ ᠲᠦᠪ ᠬᠤᠷᠢᠶᠠᠨ᠎ᠤ ᠠᠯᠪᠠᠨ ᠲᠢᠩᠭᠢᠮ ᠲᠦᠷᠦ ᠵᠢᠨ ᠶᠠᠪᠤᠳᠠᠯ᠎ᠤᠨ ᠬᠤᠷᠢᠶᠠᠨ᠎ᠤ ᠠᠯᠪᠠᠨ ᠲᠢᠩᠭᠢᠮ 《ᠤᠷᠳᠤ ᠴᠠᠭ᠋ᠠᠨ ᠬᠡᠷᠡᠮ ᠶᠡᠭᠡ ᠳᠠᠳᠠᠮᠠᠯ ᠭᠤᠤᠯ ᠤᠷᠳᠤ ᠵᠠᠮ᠎ᠤᠨ ᠠᠶᠠᠨ ᠳᠠᠶ᠋ᠢᠨ᠎ᠤ ᠤᠯᠤᠰ᠎ᠤᠨ ᠰᠤᠶᠤᠯ᠎ᠤᠨ ᠴᠡᠴᠡᠷᠯᠢᠭ᠎ᠤᠨ ᠪᠦᠲᠦᠭᠡᠨ ᠪᠠᠶ᠋ᠢᠭᠤᠯᠤᠯᠳᠠ ᠵᠢᠨ ᠲᠦᠰᠦᠯ》᠎ᠢ ᠳᠠᠷᠤᠮᠠᠯᠯᠠᠨ ᠲᠠᠷᠬᠠᠭ᠋ᠠᠪᠠ
 
             蒙ICP备05000248号