ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠯᠪᠠᠨ ᠨᠡᠶ᠋ᠢᠲᠡᠯᠡᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠢ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ 《ᠣᠢ ᠮᠣᠳᠣ ᠣᠭᠲᠣᠯᠬᠤ ᠭᠤᠶᠤᠴᠢᠯᠠᠯ᠎ᠤᠨ ᠬᠦᠰᠦᠨᠦᠭᠲᠦ》 ᠵᠢ ᠡᠬᠢᠯᠡᠨ ᠬᠡᠷᠡᠭᠯᠡᠬᠦ ᠲᠤᠬᠠᠶ ᠮᠡᠳᠡᠭᠳᠡᠯ
ᠨᠡᠶ᠋ᠢᠲᠡᠯᠡᠭᠰᠡᠨ ᠴᠠᠭ᠄ 2019-09-30

      ᠬᠥᠬᠡᠬᠣᠲᠠ᠂ ᠬᠥᠯᠥᠨ ᠪᠣᠶ᠋ᠢᠷ ᠬᠣᠲᠠ᠂ ᠤᠯᠠᠭ᠋ᠠᠨᠬᠠᠳᠠ ᠬᠣᠲᠠ᠂ ᠣᠷᠳᠣᠰ ᠬᠣᠲᠠ᠂ ᠪᠠᠶᠠᠨᠨᠠᠭᠤᠷ ᠬᠣᠲᠠ᠂ ᠬᠢᠩᠭ᠋ᠠᠨ ᠠᠢ᠌ᠮᠠᠭ᠎ᠤᠨ ᠣᠢ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ᠎ᠳᠤ᠄
      ᠣᠢ ᠮᠣᠳᠣ ᠣᠭᠲᠣᠯᠬᠤ ᠵᠢ ᠬᠢᠨᠠᠨ ᠵᠥᠪᠰᠢᠶᠡᠷᠡᠬᠦ ᠵᠢ ᠤᠯᠠᠮ ᠨᠢᠭᠡ ᠠᠯᠬᠤᠮ ᠵᠢᠷᠤᠮᠵᠢᠭᠤᠯᠵᠤ᠂ ᠣᠭᠲᠣᠯᠬᠤ ᠵᠢ ᠬᠢᠨᠠᠨ ᠵᠥᠪᠰᠢᠶᠡᠷᠡᠬᠦ ᠦᠷ᠎ᠡ ᠪᠦᠲᠦᠮᠵᠢ ᠵᠢ ᠳᠡᠭᠡᠭᠰᠢᠯᠡᠭᠦᠯᠦᠨ᠂ ᠪᠢᠴᠢᠭ ᠮᠠᠲ᠋ᠧᠷᠢᠶᠠᠯ ᠶᠠᠪᠤᠭᠤᠯᠬᠤ ᠲᠣᠭ᠎ᠠ ᠬᠡᠮᠵᠢᠶ᠎ᠡ ᠵᠢ ᠪᠠᠭ᠋ᠠᠰᠬᠠᠬᠤ ᠵᠢᠨ ᠲᠤᠰᠠᠳᠠ᠂ ᠥᠪᠡᠷᠲᠡᠭᠡᠨ ᠵᠠᠰᠠᠬᠤ ᠣᠷᠣᠨ᠎ᠤ ᠣᠢ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ᠎ᠳᠤ ᠣᠢ ᠮᠣᠳᠣ ᠣᠭᠲᠣᠯᠬᠤ ᠵᠥᠪᠰᠢᠶᠡᠷᠡᠯ᠎ᠤᠨ ᠦᠨᠡᠮᠯᠡᠯ ᠬᠢᠨᠠᠨ ᠣᠯᠭᠣᠬᠤ ᠵᠢ ᠭᠤᠶᠤᠴᠢᠯᠠᠬᠤ ᠴᠢᠬᠤᠯᠠ᠎ᠲᠠᠢ ᠪᠣᠯ ᠴᠥᠮ 《ᠣᠢ ᠮᠣᠳᠣ ᠣᠭᠲᠣᠯᠬᠤ ᠭᠤᠶᠤᠴᠢᠯᠠᠯ᠎ᠤᠨ ᠬᠦᠰᠦᠨᠦᠭᠲᠦ》 ᠵᠢ ᠨᠢᠭᠡᠳᠦᠯᠲᠡᠶ ᠲᠠᠭᠯᠠᠵᠤ᠂ ᠪᠢᠴᠢᠭ ᠮᠠᠲ᠋ᠧᠷᠢᠶᠠᠯ᠎ᠤᠨ ᠬᠡᠯᠪᠡᠷᠢ᠎ᠪᠠᠷ ᠳᠠᠬᠢᠨ ᠮᠡᠳᠡᠭᠦᠯᠬᠦ᠎ᠪᠠᠨ ᠪᠤᠯᠢᠵᠠᠢ᠃ ᠦᠨᠦ ᠬᠣᠯᠪᠣᠭᠳᠠᠯ ᠪᠦᠬᠦᠢ ᠵᠦᠢ᠍ᠯᠡᠰ᠎ᠢ ᠳᠣᠤᠷᠠᠬᠢ ᠮᠡᠲᠦ ᠮᠡᠳᠡᠭᠳᠡᠶ᠎ᠡ᠄
      ᠨᠢᠭᠡ᠂ ᠭᠤᠶᠤᠴᠢᠯᠠᠭᠴᠢ 《ᠣᠢ ᠮᠣᠳᠣ ᠣᠭᠲᠣᠯᠬᠤ ᠭᠤᠶᠤᠴᠢᠯᠠᠯ᠎ᠤᠨ ᠬᠦᠰᠦᠨᠦᠭᠲᠦ》 ᠵᠢ ᠲᠠᠭᠯᠠᠵᠤ᠂ ᠠᠶ᠋ᠢᠮᠠᠭ ᠬᠣᠲᠠ ᠵᠢᠨ ᠣᠢ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ᠎ᠪᠠᠷ ᠬᠢᠨᠠᠭᠤᠯᠤᠭᠰᠠᠨ᠎ᠤ ᠳᠠᠷᠠᠭ᠎ᠠ᠂ ᠲᠤᠰ ᠲᠣᠪᠴᠢᠶ᠎ᠠ᠎ᠳᠤ ᠮᠡᠳᠡᠭᠦᠯᠵᠦ ᠬᠢᠨᠠᠨ ᠵᠥᠪᠰᠢᠶᠡᠷᠡᠭᠦᠯᠦᠨ᠎ᠡ᠃
      ᠬᠣᠶᠠᠷ᠂ ᠭᠤᠶᠤᠴᠢᠯᠠᠭᠴᠢ ᠣᠢ ᠮᠣᠳᠣ ᠣᠭᠲᠣᠯᠬᠤ ᠵᠦᠢᠯᠡᠰ᠎ᠲᠤ 《ᠣᠢ ᠮᠣᠳᠣ ᠣᠭᠲᠣᠯᠬᠤ ᠭᠤᠶᠤᠴᠢᠯᠠᠯ᠎ᠤᠨ ᠬᠦᠰᠦᠨᠦᠭᠲᠦ》 ᠵᠢ ᠲᠠᠭᠯᠠᠨ᠎ᠠ᠃
      ᠭᠤᠷᠪᠠ᠂ ᠣᠢ ᠮᠣᠳᠣ ᠣᠭᠲᠣᠯᠬᠤ ᠭᠤᠶᠤᠴᠢᠯᠠᠯ᠎ᠢ ᠥᠪᠡᠷᠲᠡᠭᠡᠨ ᠵᠠᠰᠠᠬᠤ ᠣᠷᠣᠨ᠎ᠤ ᠣᠢ ᠰᠢᠭᠤᠶ ᠡᠪᠡᠰᠦ ᠪᠡᠯᠴᠢᠭᠡᠷ᠎ᠤᠨ ᠲᠣᠪᠴᠢᠶ᠎ᠠ᠎ᠪᠠᠷ ᠬᠢᠨᠠᠨ ᠵᠥᠪᠰᠢᠶᠡᠷᠡᠭᠦᠯᠦᠭᠰᠡᠨ᠎ᠤ ᠳᠠᠷᠠᠭ᠎ᠠ᠂ ᠭᠤᠶᠤᠴᠢᠯᠠᠭᠴᠢ᠎ᠨᠢ ᠥᠪᠡᠷᠲᠡᠭᠡᠨ ᠵᠠᠰᠠᠬᠤ ᠣᠷᠣᠨ᠎ᠤ ᠣᠢ ᠰᠢᠭᠤᠶ ᠵᠢᠨ ᠶᠠᠪᠤᠳᠠᠯ᠎ᠤᠨ ᠡᠬᠢ ᠪᠠᠶᠠᠯᠢᠭ᠎ᠤᠨ ᠬᠠᠮᠢᠶᠠᠷᠤᠯᠲᠠ ᠵᠢᠨ ᠰᠢᠰᠲ᠋ᠧᠮ᠎ᠤᠨ ᠤᠢ ᠮᠤᠳᠤ ᠣᠭᠲᠣᠯᠬᠤ ᠵᠦᠢᠯᠡᠰ᠎ᠤᠨ ᠡᠯ᠎ᠡ ᠪᠠᠭ᠎ᠠ ᠠᠩᠭᠢ (ᠬᠡᠰᠡᠭ ᠬᠡᠮᠵᠢᠶᠡᠨ᠎ᠤ ᠭᠠᠵᠠᠷ) ᠵᠢᠨ ᠬᠣᠯᠪᠣᠭᠳᠠᠯ ᠪᠦᠬᠦᠢ ᠬᠦᠴᠦᠨ ᠵᠦᠢᠯ᠎ᠢ ᠣᠷᠣᠭᠤᠯᠵᠤ᠂ ᠠᠶ᠋ᠢᠮᠠᠭ ᠬᠣᠲᠠ ᠵᠢᠨ ᠣᠢ ᠰᠢᠭᠤᠶ ᠵᠢᠨ ᠡᠬᠢ ᠪᠠᠶᠠᠯᠢᠭ᠎ᠤᠨ ᠬᠠᠮᠢᠶᠠᠷᠤᠯᠲᠠ ᠵᠢᠨ ᠰᠠᠯᠠᠭ᠎ᠠ ᠮᠥᠴᠢᠷ᠎ᠠᠴᠠ ᠬᠢᠨᠠᠨ ᠬᠠᠷᠭᠤᠭᠤᠯᠵᠤ ᠳᠡᠭᠡᠭᠰᠢ ᠮᠡᠳᠡᠭᠦᠯᠦᠭᠰᠡᠨ᠎ᠤ ᠳᠠᠷᠠᠭ᠎ᠠ᠂ ᠣᠢ ᠮᠣᠳᠣ ᠣᠭᠲᠣᠯᠬᠤ ᠵᠥᠪᠰᠢᠶᠡᠷᠡᠯ᠎ᠤᠨ ᠦᠨᠡᠮᠯᠡᠯ᠎ᠢ ᠬᠢᠨᠠᠨ ᠣᠯᠭᠣᠨ᠎ᠠ᠃
      ᠳᠥᠷᠪᠡ᠂ ᠡᠯ᠎ᠡ ᠠᠶ᠋ᠢᠮᠠᠭ ᠬᠣᠲᠠ ᠵᠢᠨ ᠣᠢ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠣᠢ ᠮᠣᠳᠣ ᠣᠭᠲᠣᠯᠬᠤ᠎ᠪᠠᠷ ᠭᠤᠶᠤᠴᠢᠯᠠᠭᠰᠠᠨ ᠬᠣᠯᠪᠣᠭᠳᠠᠯ ᠪᠦᠬᠦᠢ ᠮᠠᠲ᠋ᠧᠷᠢᠶᠠᠯ᠎ᠢ ᠴᠢᠩᠭ᠎ᠠ ᠬᠢᠨᠠᠨ ᠬᠠᠷᠭᠤᠭᠤᠯᠵᠤ᠂ ᠲᠣᠭᠲᠠᠭ᠋ᠠᠯ᠎ᠳᠤ ᠨᠡᠶ᠋ᠢᠴᠡᠬᠦ ᠦᠭᠡᠢ ᠪᠦᠬᠦᠨ᠎ᠢ ᠴᠥᠮ ᠳᠡᠭᠡᠭᠰᠢ ᠮᠡᠳᠡᠭᠦᠯᠵᠦ ᠪᠣᠯᠬᠤ ᠦᠭᠡᠢ᠃
      ᠲᠣᠰ ᠮᠡᠳᠡᠭᠳᠡᠯ᠎ᠢ ᠲᠠᠷᠬᠠᠭ᠋ᠠᠭᠰᠠᠨ ᠡᠳᠦᠷ᠎ᠠᠴᠠ ᠡᠬᠢᠯᠡᠨ ᠬᠡᠷᠡᠭᠵᠢᠭᠦᠯᠦᠨ᠎ᠡ᠃


         2019 ᠣᠨ 9 ᠰᠠᠷ᠎ᠠ ᠵᠢᠨ 2᠎ᠤ ᠡᠳᠦᠷ




ᠢᠷᠡᠯᠲᠡ᠄ ᠡᠬᠢ ᠪᠠᠶᠠᠯᠢᠭ ᠣᠢ ᠰᠢᠭᠤᠶ ᠵᠢᠨ ᠵᠠᠰᠠᠭ ᠵᠠᠬᠢᠷᠭ᠋ᠠᠨ᠎ᠤ ᠭᠠᠵᠠᠷ
          
ᠬᠠᠮᠢᠶ᠎ᠡ ᠪᠦᠬᠦᠢ ᠰᠣᠨᠢᠨ
《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠲᠤᠮᠤ ᠬᠡᠷᠡᠭ ᠶᠠᠪᠤᠳᠠᠯ᠎ᠤᠳ᠎ᠤᠨ ᠳᠡᠮᠳᠡᠭᠯᠡᠯ (1949 ᠤᠨ᠎ᠤ 10 ᠰᠠᠷ᠎ᠠ — 2019 ᠤᠨ᠎ᠤ 9 ᠰᠠᠷ᠎ᠠ)》᠎ᠢ ᠬᠡᠪᠯᠡᠪᠡ
ᠵᠢᠷᠭᠤᠳᠤᠭ᠋ᠠᠷ ᠬᠤᠭᠤᠴᠠᠭ᠋ᠠᠨ᠎ᠤ ᠪᠦᠬᠦ ᠤᠷᠤᠨ᠎ᠤ ᠶᠤᠰᠤ ᠰᠤᠷᠳᠠᠬᠤᠨ᠎ᠤ ᠵᠢᠱ᠌ᠢᠶᠡᠴᠢ ᠵᠢ ᠢᠯᠡ ᠨᠡᠶ᠋ᠢᠲᠡᠯᠡᠬᠦ ᠠᠯᠪᠠᠨ ᠵᠠᠷᠯᠠᠯ
 ᠪᠦᠬᠦ ᠤᠯᠤᠰ᠎ᠤᠨ ᠤᠯᠤᠰ ᠲᠦᠷᠦ ᠵᠢᠨ ᠵᠦᠪᠯᠡᠯᠭᠡᠨ᠎ᠤ ᠭᠠᠳᠠᠭ᠋ᠠᠳᠤ ᠶᠠᠪᠤᠳᠠᠯ᠎ᠤᠨ ᠵᠦᠪᠯᠡᠯ᠎ᠠᠴᠠ ᠠᠮᠧᠷᠢᠺᠠ ᠵᠢᠨ ᠤᠯᠤᠰ᠎ᠤᠨ ᠬᠤᠷᠠᠯ᠎ᠤᠨ ᠳᠤᠤᠷᠠᠳᠤ ᠵᠦᠪᠯᠡᠯ᠎ᠤᠨ 《2019 ᠤᠨ᠎ᠤ ᠤᠢ᠌ᠢ᠍ᠭᠤᠷᠴᠤᠳ᠎ᠤᠨ ᠬᠦᠮᠦᠨ᠎ᠤ ᠡᠷᠬᠡ ᠵᠢᠨ ᠲᠦᠷᠦ ᠵᠢᠨ ᠪᠤᠳᠤᠯᠭ᠎ᠠ ᠵᠢᠨ ᠬᠠᠤᠯᠢ ᠵᠢᠨ ᠲᠦᠰᠦᠯ》᠎ᠢ ᠪᠠᠳᠤᠯᠠᠭᠰᠠᠨ ᠲᠤᠬᠠᠢ ᠢᠯᠡᠷᠭᠡᠶ᠋ᠢᠯᠡᠯᠳᠡ ᠨᠡᠶ᠋ᠢᠳᠡᠯᠡᠪᠡ
ᠨᠠᠮ᠎ᠤᠨ ᠲᠦᠪ ᠬᠤᠷᠢᠶᠠᠨ᠎ᠤ ᠠᠯᠪᠠᠨ ᠲᠢᠩᠭᠢᠮ ᠲᠦᠷᠦ ᠵᠢᠨ ᠶᠠᠪᠤᠳᠠᠯ᠎ᠤᠨ ᠬᠤᠷᠢᠶᠠᠨ᠎ᠤ ᠠᠯᠪᠠᠨ ᠲᠢᠩᠭᠢᠮ 《ᠤᠷᠳᠤ ᠴᠠᠭ᠋ᠠᠨ ᠬᠡᠷᠡᠮ ᠶᠡᠭᠡ ᠳᠠᠳᠠᠮᠠᠯ ᠭᠤᠤᠯ ᠤᠷᠳᠤ ᠵᠠᠮ᠎ᠤᠨ ᠠᠶᠠᠨ ᠳᠠᠶ᠋ᠢᠨ᠎ᠤ ᠤᠯᠤᠰ᠎ᠤᠨ ᠰᠤᠶᠤᠯ᠎ᠤᠨ ᠴᠡᠴᠡᠷᠯᠢᠭ᠎ᠤᠨ ᠪᠦᠲᠦᠭᠡᠨ ᠪᠠᠶ᠋ᠢᠭᠤᠯᠤᠯᠳᠠ ᠵᠢᠨ ᠲᠦᠰᠦᠯ》᠎ᠢ ᠳᠠᠷᠤᠮᠠᠯᠯᠠᠨ ᠲᠠᠷᠬᠠᠭ᠋ᠠᠪᠠ
ᠤᠯᠤᠰ᠎ᠤᠨ ᠳᠡᠷᠢᠬᠦᠯᠡᠭᠴᠢ ᠰᠢ ᠵᠢᠨ ᠫᠢᠩ 2020 ᠤᠨ᠎ᠤ ᠰᠢᠨ᠎ᠡ ᠵᠢᠯ᠎ᠤᠨ ᠪᠠᠶᠠᠷ᠎ᠤᠨ ᠦᠬᠡ ᠨᠡᠶ᠋ᠢᠳᠡᠯᠡᠪᠡ
 
             蒙ICP备05000248号