ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠯᠪᠠᠨ ᠨᠡᠶ᠋ᠢᠲᠡᠯᠡᠯ
ᠰᠦ ᠴᠠᠭ᠋ᠠᠨ ᠢᠳᠡᠭᠡᠨ᠎ᠤ ᠦᠢ᠍ᠯᠡᠰ᠎ᠤᠨ ᠥᠷᠨᠢᠨ ᠬᠥᠭᠵᠢᠬᠦ ᠵᠢ ᠠᠬᠢᠭᠤᠯᠬᠤ ᠲᠣᠬᠠᠢ
ᠨᠡᠶ᠋ᠢᠲᠡᠯᠡᠭᠰᠡᠨ ᠴᠠᠭ᠄ 2020-01-13

      ᠥᠪᠥᠷ ᠵᠠᠰᠠᠭ ᠠᠯᠪᠠᠨ ᠲᠠᠷᠬᠠᠭ᠋ᠠᠭᠰᠠᠨ [2019] 20 ᠳ᠋ᠤᠭ᠋ᠠᠷ ᠲᠤᠭ᠋ᠠᠳᠤ ᠡᠯ᠎ᠡ ᠠᠶ᠋ᠢᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠂ ᠦᠪᠡᠷᠲᠡᠭᠡᠨ ᠵᠠᠰᠠᠬᠤ ᠣᠷᠣᠨ᠎ᠤ ᠡᠯ᠎ᠡ ᠵᠦᠪᠯᠡᠯ᠂ ᠠᠯᠪᠠᠨ ᠭᠡᠷ᠂ ᠲᠢᠩᠭᠢᠮ᠂ ᠲᠣᠪᠴᠢᠶ᠎ᠠ᠂ ᠡᠯ᠎ᠡ ᠲᠤᠮᠤ ᠠᠵᠤ ᠠᠬᠤᠶ᠋ᠢᠯᠠᠯ᠂ ᠠᠵᠢᠯ ᠦᠢ᠍ᠯᠡᠰ᠎ᠤᠨ ᠨᠢᠭᠡᠴᠢ᠎ᠳᠤ᠄

     《ᠰᠦ ᠴᠠᠭ᠋ᠠᠨ ᠢᠳᠡᠭᠡᠨ᠎ᠤ ᠦᠢ᠍ᠯᠡᠰ᠎ᠤᠨ ᠥᠷᠨᠢᠨ ᠬᠥᠭᠵᠢᠬᠦ ᠵᠢ ᠠᠬᠢᠭᠤᠯᠵᠤ ᠴᠠᠭ᠋ᠠᠨ ᠢᠳᠡᠭᠡᠨ᠎ᠤ ᠶᠠᠰᠤ ᠴᠢᠨᠠᠷ᠎ᠤᠨ ᠠᠮᠦᠷ ᠲᠥᠪᠰᠢᠨ᠎ᠢ ᠪᠠᠲᠤᠯᠠᠬᠤ ᠲᠣᠬᠠᠢ ᠲᠥᠷᠥ ᠵᠢᠨ ᠶᠠᠪᠤᠳᠠᠯ᠎ᠤᠨ ᠬᠤᠷᠢᠶᠠᠨ᠎ᠤ ᠠᠯᠪᠠᠨ ᠲᠢᠩᠭᠢᠮ᠎ᠤᠨ ᠰᠠᠨᠠᠯ》 (ᠲᠥᠷᠥ ᠠᠯᠪᠠᠨ ᠲᠠᠷᠬᠠᠭ᠋ᠠᠭᠰᠠᠨ [2018] 43 ᠳ᠋ᠤᠭ᠋ᠠᠷ ᠲᠣᠭ᠋ᠠᠲᠤ)᠎ᠤᠨ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠮᠠᠨ᠎ᠤ ᠣᠷᠣᠨ᠎ᠳᠤ ᠡᠭᠦᠯᠳᠡᠷ᠎ᠤᠨ ᠢᠷᠡᠯᠲᠡ᠂ ᠲᠡᠵᠢᠭᠡᠯ ᠡᠪᠡᠰᠦ ᠪᠣᠷᠳᠤᠭ᠎ᠠ᠂ ᠰᠦ ᠰᠠᠭ᠋ᠠᠯᠢ ᠵᠢᠨ ᠢᠷᠡᠯᠲᠡ ᠵᠢᠨ ᠲᠡᠷᠢᠭᠦᠨ ᠵᠡᠷᠭᠡ ᠵᠢᠨ ᠰᠠᠭᠤᠷᠢᠨ ᠭᠠᠵᠠᠷ᠎ᠤᠨ ᠪᠦᠲᠦᠭᠡᠨ ᠪᠠᠶ᠋ᠢᠭᠤᠯᠤᠯᠲᠠ ᠵᠢ ᠠᠬᠢᠭᠤᠯᠵᠤ᠂ ᠲᠡᠷᠢᠭᠦᠨ ᠵᠡᠷᠭᠡ ᠵᠢᠨ ᠪᠣᠯᠪᠠᠰᠤᠷᠠᠭᠤᠯᠬᠤ ᠠᠵᠤ ᠠᠬᠤᠶ᠋ᠢᠯᠠᠯ᠎ᠢ ᠪᠠᠶ᠋ᠢᠭᠤᠯᠤᠨ᠂ ᠲᠡᠷᠢᠭᠦᠨ ᠵᠡᠷᠭᠡ ᠵᠢᠨ ᠨᠡᠷᠡᠲᠦ ᠲᠦᠷᠦᠯ ᠲᠡᠮᠲᠡᠭᠲᠦ ᠵᠢ ᠡᠭᠦᠳᠴᠦ᠂ ᠲᠡᠷᠢᠭᠦᠨ ᠵᠡᠷᠭᠡ ᠵᠢᠨ ᠶᠠᠰᠤ ᠴᠢᠨᠠᠷ᠎ᠢ ᠪᠦᠷᠢᠯᠳᠦᠭᠦᠯᠵᠦ᠂ ᠪᠦᠬᠦ ᠤᠯᠤᠰ᠎ᠤᠨ ᠰᠦ ᠴᠠᠭ᠋ᠠᠨ ᠢᠳᠡᠭᠡᠨ᠎ᠤ ᠦᠢ᠍ᠯᠡᠰ᠎ᠤᠨ ᠬᠥᠭᠵᠢᠯᠲᠡ ᠵᠢ ᠬᠦᠲᠦᠯᠦᠨ ᠳᠠᠭ᠋ᠠᠭᠤᠯᠬᠤ ᠵᠢ ᠠᠬᠢᠭᠤᠯᠬᠤ ᠵᠢᠨ ᠲᠤᠰᠠᠳᠠ᠂ ᠦᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠵᠶ᠋ᠠᠷ ᠵᠥᠪᠰᠢᠶᠡᠷᠡᠭᠦᠯᠦᠭᠡᠳ᠂ ᠡᠳᠦᠭᠡ ᠳᠣᠣᠷᠠᠬᠢ ᠮᠡᠲᠦ ᠰᠠᠨᠠᠯ᠎ᠢ ᠳᠤᠷᠠᠳᠪᠠ᠃

      ᠨᠢᠭᠡ᠂ ᠬᠥᠭᠵᠢᠯᠲᠡ ᠵᠢᠨ ᠬᠠᠷᠠᠯᠲᠠ

      ᠴᠢᠷᠮᠠᠶ᠋ᠢᠵᠤ ᠪᠠᠶ᠋ᠢᠭ᠋ᠠᠳ 2025 ᠣᠨ ᠪᠣᠯᠬᠤ᠎ᠳᠤ᠂ ᠪᠦᠬᠦ ᠣᠷᠣᠨ᠎ᠤ ᠰᠠᠭ᠋ᠠᠯᠢ ᠵᠢᠨ ᠮᠠᠯ᠎ᠤᠨ ᠲᠤᠭ᠎ᠠ ᠲᠤᠯᠤᠭ᠋ᠠᠢ ᠵᠢ 350 ᠲᠦᠮᠡ᠎ᠳᠤ ᠬᠦᠷᠦᠭᠦᠯᠵᠦ᠂ ᠰᠦ ᠴᠠᠭ᠋ᠠᠨ ᠢᠳᠡᠭᠡᠨ᠎ᠤ ᠲᠦᠷᠦᠯ᠎ᠤᠨ ᠭᠠᠷᠤᠯᠲᠠ ᠵᠢ 1000 ᠲᠦᠮᠡᠨ ᠲᠤᠨ᠎ᠳᠤ ᠬᠦᠷᠦᠭᠦᠯᠦᠨ᠎ᠡ; ᠴᠠᠭ᠋ᠠᠨ ᠢᠳᠡᠭᠡ ᠪᠣᠯᠪᠠᠰᠤᠷᠠᠭᠤᠯᠬᠤ ᠠᠵᠤ ᠠᠬᠤᠶ᠋ᠢᠯᠠᠯ᠎ᠤᠨ ᠦᠢ᠍ᠯᠡᠳᠭᠦᠨ᠎ᠤ ᠥᠷᠲᠡᠭ᠎ᠢ 3000 ᠳ᠋ᠦᠩᠰᠢᠭᠤᠷ ᠲᠦᠭᠦᠷᠢᠭ ᠪᠣᠯᠭ᠋ᠠᠨ᠎ᠠ᠃

      ᠬᠤᠶᠠᠷ᠂ ᠭᠤᠣᠯᠳᠠᠯᠭ᠎ᠠ᠎ᠲᠠᠢ ᠠᠵᠢᠯ

     (ᠨᠢᠭᠡ) ᠰᠦ ᠰᠠᠭ᠋ᠠᠯᠢ ᠵᠢᠨ ᠢᠷᠡᠯᠲᠡ ᠵᠢᠨ ᠳᠠᠪᠠᠭᠤᠯᠢᠭ ᠰᠠᠭᠤᠷᠢᠨ ᠭᠠᠵᠠᠷ᠎ᠤᠨ ᠪᠦᠲᠦᠭᠡᠨ ᠪᠠᠶ᠋ᠢᠭᠤᠯᠤᠯᠲᠠ ᠵᠢ ᠴᠢᠩᠭ᠋ᠠᠳᠬᠠᠨ᠎ᠠ᠃

     1. ᠰᠦ ᠰᠠᠭ᠋ᠠᠯᠢ ᠵᠢᠨ ᠢᠷᠡᠯᠲᠡ ᠵᠢᠨ ᠪᠠᠶ᠋ᠢᠷᠢᠰᠢᠭᠤᠯᠤᠯ᠎ᠢ ᠰᠢᠯᠢᠳᠡᠭᠵᠢᠭᠦᠯᠦᠨ᠎ᠡ᠃ ᠰᠢᠵᠢᠷ ᠠᠯᠲᠠᠨ ᠰᠦ ᠰᠠᠭ᠋ᠠᠯᠢ ᠵᠢᠨ ᠢᠷᠡᠯᠲᠡ ᠵᠢᠨ ᠪᠦᠰᠡ᠂ ᠰᠢᠵᠢᠷ ᠠᠯᠲᠠᠨ ᠬᠡᠭᠡᠷ᠎ᠡ ᠲᠠᠯ᠎ᠠ ᠵᠢᠨ ᠪᠦᠰᠡ᠂ ᠰᠢᠵᠢᠷ ᠠᠯᠲᠠᠨ ᠡᠷᠳᠡᠨᠢ ᠰᠢᠰᠢ ᠵᠢᠨ ᠪᠦᠰᠡ ᠵᠢᠨ ᠳᠠᠪᠠᠭᠤᠯᠢᠭ᠎ᠢ ᠪᠠᠳᠠᠷᠠᠭᠤᠯᠵᠤ᠂ ᠬᠠᠲᠤᠨ ᠭᠤᠣᠯ᠂ ᠨᠤᠨ ᠮᠦᠷᠡᠨ᠂ ᠪᠠᠷᠠᠭᠤᠨ ᠯᠢᠶᠣᠤ ᠾᠧ ᠭᠤᠣᠯ᠎ᠤᠨ ᠰᠠᠪᠠ ᠭᠠᠵᠠᠷ ᠪᠣᠯᠣᠨ ᠬᠦᠯᠦᠨ ᠪᠤᠶ᠋ᠢᠷ᠂ ᠰᠢᠯᠢ ᠵᠢᠨ ᠭᠤᠣᠯ᠎ᠤᠨ ᠲᠠᠯ᠎ᠠ ᠨᠤᠲᠤᠭ᠎ᠤᠨ ᠲᠠᠪᠤᠨ ᠲᠤᠮᠤ ᠰᠦ ᠰᠠᠭ᠋ᠠᠯᠢ ᠵᠢᠨ ᠢᠷᠡᠯᠲᠡ ᠵᠢᠨ ᠰᠠᠭᠤᠷᠢᠨ ᠭᠠᠵᠠᠷ᠎ᠢ ᠪᠦᠲᠦᠭᠡᠨ ᠪᠠᠶ᠋ᠢᠭᠤᠯᠤᠨ᠎ᠠ᠃ ᠬᠦᠬᠡᠬᠤᠲᠠ᠎ᠪᠠᠷ ᠭᠤᠣᠯ ᠪᠣᠯᠭ᠋ᠠᠭᠰᠠᠨ ᠬᠠᠲᠤᠨ ᠭᠤᠣᠯ᠎ᠤᠨ ᠳᠠᠭ᠋ᠠᠤ ᠭᠠᠵᠠᠷ ᠣᠷᠣᠨ᠎ᠳᠤ ᠬᠤᠯᠰᠲ᠋ᠧᠶ᠋ᠢᠨ ᠰᠠᠭ᠋ᠠᠯᠢ ᠵᠢᠨ ᠦᠨᠢᠶᠡᠨ᠎ᠤ ᠲᠤᠭ᠎ᠠ ᠲᠤᠯᠤᠭ᠋ᠠᠢ ᠵᠢ 125 ᠲᠦᠮᠡ᠎ᠳᠤ ᠬᠦᠷᠦᠭᠦᠯᠵᠦ᠂ ᠴᠢᠨᠠᠷ ᠰᠠᠶ᠋ᠢᠲᠠᠢ ᠪᠦᠭᠡᠳ ᠦᠨᠳᠦᠷ ᠭᠠᠷᠤᠯᠲᠠ᠎ᠲᠠᠢ ᠰᠦ ᠰᠠᠭ᠋ᠠᠯᠢ ᠵᠢᠨ ᠢᠷᠡᠯᠲᠡ ᠵᠢᠨ ᠰᠠᠭᠤᠷᠢᠨ ᠭᠠᠵᠠᠷ᠎ᠢ ᠪᠦᠲᠦᠭᠡᠨ ᠪᠠᠶ᠋ᠢᠭᠤᠯᠤᠨ᠎ᠠ᠃ ᠬᠦᠯᠦᠨ ᠪᠤᠶ᠋ᠢᠷ ᠬᠤᠲᠠ ᠵᠢᠨ ᠬᠢᠩᠭ᠋ᠠᠨ ᠳᠠᠪᠠᠭ᠎ᠠ᠎ᠠᠴᠠ ᠵᠡᠭᠦᠨᠰᠢᠬᠢ ᠭᠠᠵᠠᠷ ᠪᠣᠯᠣᠨ ᠬᠢᠩᠭ᠋ᠠᠨ ᠠᠶ᠋ᠢᠮᠠᠭ ᠵᠡᠷᠭᠡ ᠨᠤᠨ ᠮᠦᠷᠡᠨ᠎ᠤ ᠰᠠᠪᠠ ᠭᠠᠵᠠᠷ ᠵᠢᠴᠢ ᠲᠦᠩᠯᠢᠶᠣᠣ ᠬᠤᠲᠠ᠂ ᠤᠯᠠᠭ᠋ᠠᠨᠬᠠᠳᠠ ᠬᠤᠲᠠ ᠵᠡᠷᠭᠡ ᠪᠠᠷᠠᠭᠤᠨ ᠯᠢᠶᠣᠤ ᠾᠧ ᠭᠤᠣᠯ᠎ᠤᠨ ᠰᠠᠪᠠ ᠭᠠᠵᠠᠷ᠎ᠲᠤ ᠬᠤᠯᠰᠲ᠋ᠧᠶ᠋ᠢᠨ ᠰᠠᠭ᠋ᠠᠯᠢ ᠵᠢᠨ ᠦᠨᠢᠶ᠎ᠡ᠎ᠪᠠᠷ ᠭᠤᠣᠯ ᠪᠣᠯᠭ᠋ᠠᠵᠤ᠂ ᠰᠠᠭ᠋ᠠᠯᠢ ᠵᠢᠨ ᠪᠠ ᠠᠯᠠᠰᠢᠨ᠎ᠳᠤ ᠴᠦᠮ ᠵᠠᠷᠤᠵᠤ ᠪᠣᠯᠬᠤ ᠦᠬᠡᠷ᠎ᠤᠨ ᠬᠥᠭᠵᠢᠯᠲᠡ ᠵᠢ ᠠᠬᠢᠭᠤᠯᠵᠤ᠂ ᠬᠤᠯᠰᠲ᠋ᠧᠶ᠋ᠢᠨ ᠰᠠᠭ᠋ᠠᠯᠢ ᠵᠢᠨ ᠦᠨᠢᠶ᠎ᠡ᠂ ᠰᠠᠭ᠋ᠠᠯᠢ ᠵᠢᠨ ᠪᠠ ᠠᠯᠠᠰᠢᠨ᠎ᠳᠤ ᠴᠦᠮ ᠵᠠᠷᠤᠵᠤ ᠪᠣᠯᠬᠤ ᠦᠬᠡᠷ᠎ᠤᠨ ᠲᠤᠭ᠎ᠠ ᠲᠤᠯᠤᠭ᠋ᠠᠢ ᠵᠢ ᠲᠤᠰ ᠲᠤᠰ 75 ᠲᠦᠮᠡ ᠪᠠ 50 ᠲᠦᠮᠡ᠎ᠳᠤ ᠬᠦᠷᠦᠭᠦᠯᠵᠦ᠂ ᠦᠨᠳᠦᠷ ᠪᠠᠷᠢᠮᠵᠢᠶᠠᠲᠦ ᠪᠦᠭᠡᠳ ᠴᠢᠨᠠᠷ ᠰᠠᠶ᠋ᠢᠲᠠᠢ ᠰᠦ ᠰᠠᠭ᠋ᠠᠯᠢ ᠵᠢᠨ ᠢᠷᠡᠯᠲᠡ ᠵᠢᠨ ᠰᠠᠭᠤᠷᠢᠨ ᠭᠠᠵᠠᠷ᠎ᠢ ᠪᠦᠲᠦᠭᠡᠨ ᠪᠠᠶ᠋ᠢᠭᠤᠯᠤᠨ᠎ᠠ᠃ ᠬᠦᠯᠦᠨ ᠪᠤᠶ᠋ᠢᠷ᠂ ᠰᠢᠯᠢ ᠵᠢᠨ ᠭᠤᠣᠯ᠎ᠤᠨ ᠮᠠᠯᠵᠢᠬᠤ ᠣᠷᠣᠨ᠎ᠳᠤ ᠰᠠᠨ ᠾᠧ ᠦᠬᠡᠷ᠂ ᠰᠢᠮᠡᠧᠨ᠋ᠲ᠋ᠠᠯ ᠦᠬᠡᠷ ᠵᠡᠷᠭᠡ ᠰᠠᠭ᠋ᠠᠯᠢ ᠵᠢᠨ ᠪᠠ ᠠᠯᠠᠰᠢᠨ᠎ᠳᠤ ᠴᠦᠮ ᠵᠠᠷᠤᠵᠤ ᠪᠣᠯᠬᠤ ᠦᠬᠡᠷ᠎ᠤᠨ ᠡᠭᠦᠯᠳᠡᠷ ᠵᠶ᠋ᠠᠷ ᠭᠤᠣᠯ ᠪᠣᠯᠭ᠋ᠠᠭᠰᠠᠨ ᠮᠠᠯ᠎ᠤᠨ ᠲᠤᠭ᠎ᠠ ᠲᠤᠯᠤᠭ᠋ᠠᠢ ᠵᠢ 50 ᠲᠦᠮᠡ᠎ᠳᠤ ᠬᠦᠷᠦᠭᠦᠯᠵᠦ᠂ ᠣᠨᠴᠠᠯᠢᠭ᠎ᠲᠠᠢ ᠪᠣᠬᠢᠷᠳᠤᠯ ᠦᠭᠡᠢ ᠪᠦᠭᠡᠳ ᠤᠷᠭ᠋ᠠᠨᠢᠭ ᠰᠦ ᠰᠠᠭ᠋ᠠᠯᠢ ᠵᠢᠨ ᠢᠷᠡᠯᠲᠡ ᠵᠢᠨ ᠰᠠᠭᠤᠷᠢᠨ ᠭᠠᠵᠠᠷ᠎ᠢ ᠪᠦᠲᠦᠭᠡᠨ ᠪᠠᠶ᠋ᠢᠭᠤᠯᠤᠨ᠎ᠠ᠃ ᠳᠤᠮᠳᠠ ᠪᠠᠷᠠᠭᠤᠨ ᠬᠡᠰᠡᠭ᠎ᠤᠨ ᠭᠠᠵᠠᠷ ᠣᠷᠣᠨ᠎ᠢ ᠵᠣᠷᠢᠬ᠍ᠵᠢᠭᠤᠯᠵᠤ ᠪᠠᠶ᠋ᠢᠭ᠋ᠠᠳ ᠰᠠᠨᠸᠡᠭ ᠪᠣᠯᠣᠨ ᠵᠡᠭᠦᠨ ᠹᠷᠢᠰᠤᠨ ᠵᠡᠷᠭᠡ ᠡᠭᠦᠯᠳᠡᠷ᠎ᠤᠨ ᠰᠦᠨ᠎ᠤ ᠢᠮᠠᠭ᠎ᠠ ᠲᠡᠵᠢᠭᠡᠨ ᠦᠷᠡᠵᠢᠭᠦᠯᠬᠦ ᠵᠢ ᠬᠥᠭᠵᠢᠭᠦᠯᠵᠦ᠂ ᠮᠠᠯ᠎ᠤᠨ ᠲᠤᠭ᠎ᠠ ᠲᠤᠯᠤᠭ᠋ᠠᠢ ᠵᠢ᠎ᠨᠢ 50 ᠲᠦᠮᠡ᠎ᠳᠤ ᠬᠦᠷᠦᠭᠦᠯᠵᠦ᠂ ᠴᠢᠨᠠᠷᠯᠢᠭ ᠰᠠᠶ᠋ᠢᠨ ᠰᠦ ᠰᠠᠭ᠋ᠠᠯᠢ ᠵᠢᠨ ᠢᠷᠡᠯᠲᠡ ᠵᠢᠨ ᠰᠠᠭᠤᠷᠢᠨ ᠭᠠᠵᠠᠷ᠎ᠢ ᠪᠦᠲᠦᠭᠡᠨ ᠪᠠᠶ᠋ᠢᠭᠤᠯᠤᠨ᠎ᠠ᠃ ᠲᠠᠯ᠎ᠠ ᠨᠤᠲᠤᠭ᠎ᠤᠨ ᠮᠠᠯᠵᠢᠬᠤ ᠣᠷᠣᠨ᠎ᠤ ᠠᠳᠤᠭᠤ᠂ ᠲᠡᠮᠡᠭᠡ ᠵᠡᠷᠭᠡ ᠵᠢᠨ ᠲᠤᠭ᠎ᠠ ᠲᠤᠯᠤᠭ᠋ᠠᠢ ᠵᠢᠨ ᠲᠣᠭᠲᠠᠭᠤᠨ ᠪᠠᠶ᠋ᠢᠬᠤ ᠵᠢ ᠪᠠᠲᠤᠯᠠᠵᠤ᠂ ᠴᠡᠭᠡ᠂ ᠢᠩᠭᠡᠨ᠎ᠤ ᠰᠦ ᠵᠡᠷᠭᠡ ᠣᠨᠴᠠᠯᠢᠭᠲᠣ ᠰᠦ ᠰᠠᠭ᠋ᠠᠯᠢ ᠵᠢᠨ ᠢᠷᠡᠯᠲᠡ ᠵᠢᠨ ᠰᠠᠭᠤᠷᠢᠨ ᠭᠠᠵᠠᠷ᠎ᠢ ᠪᠤᠶ᠋ᠢᠵᠢᠭᠤᠯᠤᠨ ᠬᠥᠭᠵᠢᠭᠦᠯᠦᠨ᠎ᠡ᠃

     2. ᠪᠠᠷᠢᠮᠵᠢᠶᠠᠵᠢᠭᠤᠯᠤᠭᠰᠠᠨ ᠬᠡᠪᠴᠢᠶᠡᠵᠢᠯᠲᠦ ᠲᠡᠵᠢᠭᠡᠨ ᠦᠷᠡᠵᠢᠭᠦᠯᠬᠦ ᠵᠢ ᠳᠡᠭᠡᠭᠰᠢᠯᠡᠭᠦᠯᠬᠦ ᠢᠨᠵᠧᠨᠧᠷᠢᠩ᠎ᠢ ᠬᠡᠷᠡᠭᠵᠢᠭᠦᠯᠦᠨ᠎ᠡ᠃ ᠭᠡᠷ ᠪᠦᠯᠢ ᠵᠢᠨ ᠰᠠᠭ᠋ᠠᠯᠢ ᠵᠢᠨ ᠦᠨᠢᠶ᠎ᠡ ᠲᠡᠵᠢᠭᠡᠨ ᠦᠷᠡᠵᠢᠭᠦᠯᠬᠦ ᠲᠠᠯᠠᠪᠠᠢ ᠵᠢᠨ ᠬᠡᠪᠴᠢᠶᠡᠵᠢᠯᠲᠦ ᠡᠵᠡᠩᠨᠡᠯᠲᠡ ᠵᠢ ᠤᠷᠢᠳ ᠵᠶ᠋ᠠᠷ ᠳᠡᠮᠵᠢᠵᠦ᠂ ᠰᠠᠭ᠋ᠠᠯᠢᠴᠢᠨ᠎ᠤ ᠬᠡᠪᠴᠢᠶᠡᠵᠢᠭᠦᠯᠦᠨ ᠲᠡᠵᠢᠭᠡᠨ ᠦᠷᠡᠵᠢᠭᠦᠯᠬᠦ᠎ᠪᠠᠷ ᠰᠠᠭᠤᠷᠢ ᠪᠣᠯᠭ᠋ᠠᠭᠰᠠᠨ ᠦᠢ᠍ᠯᠡᠳᠪᠦᠷᠢᠯᠡᠯ ᠡᠵᠡᠩᠨᠡᠯᠲᠡ ᠵᠢᠨ ᠰᠢᠰᠲ᠋ᠧᠮᠵᠢ ᠵᠢ ᠲᠦᠷᠭᠡᠳᠭᠡᠨ ᠪᠣᠢ ᠪᠣᠯᠭ᠋ᠠᠨ᠎ᠠ᠃ ᠵᠠᠰᠠᠭ᠎ᠤᠨ ᠣᠷᠳᠣᠨ ᠲᠤᠰᠠᠯᠠᠨ ᠲᠡᠳᠭᠦᠵᠦ ᠬᠦᠲᠦᠯᠦᠨ ᠵᠢᠯᠤᠭᠤᠳᠬᠤ ᠪᠠ ᠴᠠᠭ᠋ᠠᠨ ᠢᠳᠡᠭᠡ ᠪᠣᠯᠪᠠᠰᠤᠷᠠᠭᠤᠯᠬᠤ ᠠᠵᠤ ᠠᠬᠤᠶ᠋ᠢᠯᠠᠯ᠂ ᠲᠡᠵᠢᠭᠡᠨ ᠦᠷᠡᠵᠢᠭᠦᠯᠬᠦ ᠲᠠᠯᠠᠪᠠᠢ᠎ᠳᠤ ᠣᠷᠤᠭᠤᠯᠤᠯᠲᠠ ᠬᠢᠬᠦ ᠵᠢ ᠬᠠᠷᠢᠯᠴᠠᠨ ᠤᠶᠠᠯᠳᠤᠭᠤᠯᠵᠤ᠂ ᠳᠤᠮᠳᠠ ᠵᠢᠵᠢᠭ ᠮᠠᠯᠵᠢᠯ᠎ᠤᠨ ᠲᠠᠯᠠᠪᠠᠢ ᠵᠢ ᠡᠮᠬᠢᠯᠡᠨ ᠨᠡᠶ᠋ᠢᠯᠡᠭᠦᠯᠵᠦ᠂ ᠰᠠᠭᠤᠷᠢᠨ ᠭᠠᠵᠠᠷ᠎ᠤᠨ ᠪᠠᠷᠢᠮᠵᠢᠶᠠᠵᠢᠭᠤᠯᠤᠭᠰᠠᠨ ᠬᠢᠷᠢ ᠬᠡᠮᠵᠢᠶ᠎ᠡ ᠵᠢ ᠳᠡᠭᠡᠭᠰᠢᠯᠡᠭᠦᠯᠦᠨ᠎ᠡ᠃ ᠪᠠᠷᠢᠮᠵᠢᠶᠠᠵᠢᠭᠤᠯᠤᠭᠰᠠᠨ ᠵᠢᠱ᠌ᠢᠶ᠎ᠡ ᠦᠵᠡᠭᠦᠯᠬᠦ ᠵᠢ ᠡᠭᠦᠳᠦᠨ ᠪᠠᠶ᠋ᠢᠭᠤᠯᠬᠤ᠎ᠪᠠᠷ ᠠᠴᠢᠶᠠᠯᠠᠪᠤᠷᠢ ᠪᠣᠯᠭ᠋ᠠᠵᠤ᠂ ᠲᠡᠵᠢᠭᠡᠨ ᠦᠷᠡᠵᠢᠭᠦᠯᠬᠦ ᠠᠵᠤ ᠠᠬᠤᠶ᠋ᠢᠯᠠᠯ᠂ ᠴᠠᠭ᠋ᠠᠨ ᠢᠳᠡᠭᠡᠨ᠎ᠤ ᠠᠵᠤ ᠠᠬᠤᠶ᠋ᠢᠯᠠᠯ᠎ᠤᠨ ᠦᠪᠡᠰᠦᠪᠡᠨ ᠪᠠᠶ᠋ᠢᠭᠤᠯᠤᠭᠰᠠᠨ ᠮᠠᠯᠵᠢᠯ᠎ᠤᠨ ᠲᠠᠯᠠᠪᠠᠢ ᠪᠠ ᠬᠤᠷᠰᠢᠭᠰᠠᠨ ᠮᠠᠯᠵᠢᠯ᠎ᠤᠨ ᠲᠠᠯᠠᠪᠠᠢ᠎ᠨᠢ 《ᠲᠣᠭ᠋ᠠᠴᠠᠯᠠᠭᠰᠠᠨ ᠮᠠᠯᠵᠢᠯ᠎ᠤᠨ ᠲᠠᠯᠠᠪᠠᠢ》 ᠵᠢᠨ ᠪᠦᠲᠦᠭᠡᠨ ᠪᠠᠶ᠋ᠢᠭᠤᠯᠤᠯᠲᠠ ᠦᠷᠨᠢᠭᠦᠯᠬᠦ ᠵᠢ ᠳᠡᠮᠵᠢᠵᠦ᠂ ᠤᠶᠤᠨᠴᠢᠯᠠᠭᠰᠠᠨ ᠬᠢᠷᠢ ᠲᠥᠪᠰᠢᠨ᠎ᠢ ᠳᠡᠭᠡᠭᠰᠢᠯᠡᠭᠦᠯᠦᠨ᠎ᠡ᠃

     3. ᠣᠳᠣ ᠦᠶ᠎ᠡ ᠵᠢᠨ ᠡᠭᠦᠯᠳᠡᠷ᠎ᠤᠨ ᠢᠷᠡᠯᠲᠡ ᠵᠢᠨ ᠰᠠᠭᠤᠷᠢᠨ ᠭᠠᠵᠠᠷ᠎ᠢ ᠪᠦᠲᠦᠭᠡᠨ ᠪᠠᠶ᠋ᠢᠭᠤᠯᠤᠨ᠎ᠠ᠃ ᠶᠡᠭᠡ ᠳᠡᠭᠡᠳᠦ ᠰᠤᠷᠭ᠋ᠠᠭᠤᠯᠢ᠂ ᠡᠷᠳᠡᠮ ᠰᠢᠨᠵᠢᠯᠡᠭᠡᠨ᠎ᠤ ᠬᠦᠷᠢᠶᠡᠯᠡᠩ ᠭᠠᠵᠠᠷ᠂ ᠢᠨᠵᠧᠨᠧᠷᠢᠩ᠎ᠤᠨ ᠲᠣᠷᠰᠢᠯᠲᠠ ᠵᠢᠨ ᠲᠠᠰᠤᠭ᠂ ᠠᠺᠠᠳᠧᠮᠢᠴᠢ ᠵᠢᠨ ᠠᠵᠢᠯᠯᠠᠬᠤ ᠥᠷᠲᠡᠭᠡ᠎ᠳᠤ ᠲᠦᠰᠢᠭᠯᠡᠵᠦ᠂ ᠡᠭᠦᠯᠳᠡᠷ᠎ᠤᠨ ᠦᠬᠡᠷ᠎ᠤᠨ ᠥᠷᠲᠡᠭᠡ ᠬᠢᠭᠡᠳ ᠡᠭᠦᠯᠳᠡᠷ᠎ᠤᠨ ᠦᠨᠢᠶᠡᠨ᠎ᠤ ᠲᠠᠯᠠᠪᠠᠢ ᠵᠢᠨ ᠬᠠᠮᠲᠤᠷᠠᠨ ᠡᠭᠦᠯᠳᠡᠷ ᠪᠤᠶ᠋ᠢᠵᠢᠭᠤᠯᠬᠤ ᠵᠢ ᠳᠡᠮᠵᠢᠵᠦ᠂ ᠰᠢᠯᠢᠳᠡᠭ ᠰᠠᠶ᠋ᠢᠨ ᠡᠭᠦᠯᠳᠡᠷ᠎ᠤᠨ ᠦᠬᠡᠷ᠎ᠢ ᠪᠤᠶ᠋ᠢᠵᠢᠭᠤᠯᠤᠨ᠎ᠠ᠃ ᠬᠤᠯᠰᠲ᠋ᠧᠶ᠋ᠢᠨ ᠰᠠᠭ᠋ᠠᠯᠢ ᠵᠢᠨ ᠦᠨᠢᠶᠡᠨ᠎ᠤ ᠡᠭᠦᠯᠳᠡᠷ ᠪᠤᠶ᠋ᠢᠵᠢᠭᠤᠯᠬᠤ ᠭᠤᠣᠯ ᠲᠠᠯᠠᠪᠠᠢ᠎ᠳᠤ 2000 ᠭᠠᠷᠤᠢ ᠪᠤᠬ᠎ᠠ ᠪᠤᠶ᠋ᠢᠵᠢᠭᠤᠯᠬᠤ᠎ᠪᠠᠷ ᠪᠡᠯᠡᠳᠭᠡᠵᠦ᠂ ᠳᠡᠯᠡᠬᠡᠢ ᠳᠡᠭᠡᠷ᠎ᠡ ᠡᠮᠦᠨ᠎ᠡ 100 ᠨᠡᠷᠡᠰ᠎ᠲᠤ ᠵᠢᠭᠰᠠᠭ᠋ᠠᠭᠳᠠᠬᠤ ᠪᠤᠬ᠎ᠠ ᠵᠢ 5 — 7 ᠲᠤᠯᠤᠭ᠋ᠠᠢ᠂ ᠤᠯᠤᠰ᠎ᠤᠨ ᠲᠤᠳᠤᠭ᠋ᠠᠲᠤ᠎ᠳᠤ ᠡᠮᠦᠨ᠎ᠡ 100 ᠨᠡᠷᠡᠰ᠎ᠲᠤ ᠵᠢᠭᠰᠠᠭ᠋ᠠᠭᠳᠠᠬᠤ ᠪᠤᠬ᠎ᠠ ᠵᠢ 30 ᠭᠠᠷᠤᠢ ᠪᠤᠶ᠋ᠢᠵᠢᠭᠤᠯᠤᠨ᠎ᠠ᠃ ᠰᠠᠭ᠋ᠠᠯᠢ ᠵᠢᠨ ᠪᠠ ᠠᠯᠠᠰᠢᠨ᠎ᠳᠤ ᠴᠦᠮ ᠵᠠᠷᠤᠵᠤ ᠪᠣᠯᠬᠤ ᠰᠢᠮᠡᠧᠨ᠋ᠲ᠋ᠠᠯ ᠦᠬᠡᠷ ᠪᠣᠯᠣᠨ ᠰᠠᠨ ᠾᠧ ᠦᠬᠡᠷ᠎ᠤᠨ ᠡᠭᠦᠯᠳᠡᠷ ᠪᠤᠶ᠋ᠢᠵᠢᠭᠤᠯᠬᠤ ᠭᠤᠣᠯ ᠲᠠᠯᠠᠪᠠᠢ᠎ᠳᠤ ᠲᠤᠰ ᠲᠤᠰ 1000 ᠪᠤᠬ᠎ᠠ ᠪᠤᠶ᠋ᠢᠵᠢᠭᠤᠯᠬᠤ᠎ᠪᠠᠷ ᠪᠡᠯᠡᠳᠭᠡᠵᠦ᠂ ᠰᠠᠶ᠋ᠢᠨ ᠡᠭᠦᠯᠳᠡᠷ᠎ᠤᠨ ᠪᠤᠬ᠎ᠠ ᠵᠢ ᠲᠤᠰ ᠲᠤᠰ 100 ᠬᠠᠩᠭ᠋ᠠᠨ᠎ᠠ᠃ ᠮᠤᠩᠭᠤᠯ ᠮᠤᠷᠢ ᠪᠣᠯᠣᠨ ᠬᠤᠤᠰ ᠪᠦᠬᠦᠲᠦ ᠲᠡᠮᠡᠭᠡᠨ᠎ᠤ ᠤᠭ ᠡᠭᠦᠯᠳᠡᠷ ᠰᠤᠩᠭᠤᠬᠤ᠎ᠳᠤ ᠰᠠᠭᠤᠷᠢᠯᠠᠵᠤ᠂ ᠰᠦᠨ᠎ᠤ ᠢᠮᠠᠭ᠋ᠠᠨ᠎ᠤ ᠭᠠᠳᠠᠭ᠋ᠠᠲᠤ᠎ᠠᠴᠠ ᠣᠷᠤᠭᠤᠯᠬᠤ ᠲᠦᠷᠦᠯ᠎ᠢ ᠣᠷᠣᠨ ᠨᠤᠲᠤᠭᠵᠢᠭᠤᠯᠤᠨ ᠪᠤᠶ᠋ᠢᠵᠢᠭᠤᠯᠬᠤ ᠵᠢ ᠦᠷᠨᠢᠭᠦᠯᠦᠨ᠎ᠡ᠃ ᠡᠭᠦᠯᠳᠡᠷ ᠪᠤᠶ᠋ᠢᠵᠢᠭᠤᠯᠬᠤ ᠠᠵᠤ ᠠᠬᠤᠶ᠋ᠢᠯᠠᠯ᠎ᠤᠨ᠎ᠬᠢᠨ᠎ᠤ ᠡᠭᠦᠯᠳᠡᠷ᠎ᠤᠨ ᠦᠢ᠍ᠯᠡᠰ᠎ᠤᠨ ᠪᠦᠯᠦᠭᠯᠡᠯ᠎ᠢ ᠵᠠᠬ᠎ᠠ ᠳᠡᠯᠭᠡᠭᠦᠷᠴᠢᠯᠡᠬᠦ ᠠᠷᠭ᠎ᠠ ᠬᠡᠯᠪᠡᠷᠢ᠎ᠪᠠᠷ ᠵᠣᠬᠢᠶᠠᠨ ᠪᠠᠶ᠋ᠢᠭᠤᠯᠵᠤ᠂ ᠡᠭᠦᠯᠳᠡᠷ᠎ᠤᠨ ᠢᠷᠡᠯᠲᠡ ᠵᠢᠨ ᠡᠷᠳᠡᠮ ᠰᠢᠨᠵᠢᠯᠡᠭᠡᠨ ᠦᠢ᠍ᠯᠡᠳᠪᠦᠷᠢᠯᠡᠯ ᠡᠵᠡᠩᠨᠡᠯᠲᠡ ᠵᠢ ᠨᠢᠭᠡ ᠴᠤᠭᠴᠠᠵᠢᠭᠤᠯᠤᠭᠰᠠᠨ ᠰᠠᠭᠤᠷᠢᠨ ᠭᠠᠵᠠᠷ᠎ᠢ ᠪᠦᠲᠦᠭᠡᠨ ᠪᠠᠶ᠋ᠢᠭᠤᠯᠬᠤ ᠵᠢ᠎ᠨᠢ ᠵᠣᠷᠢᠬ᠍ᠵᠢᠭᠤᠯᠤᠨ᠎ᠠ᠃

     4. ᠴᠢᠨᠠᠷ ᠰᠠᠶ᠋ᠢᠲᠠᠢ ᠲᠡᠵᠢᠭᠡᠯ ᠡᠪᠡᠰᠦ ᠪᠣᠷᠳᠤᠭ᠎ᠠ ᠦᠢ᠍ᠯᠡᠳᠪᠦᠷᠢᠯᠡᠬᠦ ᠴᠢᠳᠠᠪᠤᠷᠢ ᠵᠢ ᠳᠡᠭᠡᠭᠰᠢᠯᠡᠭᠦᠯᠦᠨ᠎ᠡ᠃ ᠠᠮᠤ ᠪᠤᠳᠠᠭ᠎ᠠ ᠵᠢ ᠲᠡᠵᠢᠭᠡᠯ ᠪᠤᠷᠳᠤᠭ᠎ᠠ ᠪᠣᠯᠭ᠋ᠠᠨ ᠦᠭᠡᠷᠡᠴᠢᠯᠡᠬᠦ᠂ ᠦᠨᠳᠦᠷ ᠤᠨᠠᠯᠲᠠ᠎ᠲᠠᠢ ᠴᠢᠨᠠᠷ ᠰᠠᠶ᠋ᠢᠲᠠᠢ ᠴᠠᠷᠭ᠋ᠠᠰᠤ ᠵᠡᠷᠭᠡ ᠲᠦᠷᠦᠯ ᠵᠦᠢ᠍ᠯ᠎ᠳᠤ ᠲᠦᠰᠢᠭᠯᠡᠵᠦ᠂ ᠲᠡᠵᠢᠭᠡᠯ ᠡᠪᠡᠰᠦ ᠪᠤᠷᠳᠤᠭ᠎ᠠ ᠵᠢᠨ ᠪᠠᠲᠤᠯᠠᠭ᠎ᠠ ᠵᠢᠨ ᠴᠢᠳᠠᠪᠤᠷᠢ ᠵᠢ ᠳᠡᠭᠡᠭᠰᠢᠯᠡᠭᠦᠯᠬᠦ ᠢᠨᠵᠧᠨᠧᠷᠢᠩ᠎ᠢ ᠬᠡᠷᠡᠭᠵᠢᠭᠦᠯᠦᠨ᠂ ᠬᠠᠲᠤᠨ ᠭᠤᠣᠯ᠂ ᠨᠤᠨ ᠮᠦᠷᠡᠨ᠂ ᠪᠠᠷᠠᠭᠤᠨ ᠯᠢᠶᠣᠤ ᠾᠧ ᠭᠤᠣᠯ᠎ᠤᠨ ᠰᠠᠪᠠ ᠭᠠᠵᠠᠷ ᠪᠣᠯᠣᠨ ᠬᠦᠯᠦᠨ ᠪᠤᠶ᠋ᠢᠷ᠂ ᠰᠢᠯᠢ ᠵᠢᠨ ᠭᠤᠣᠯ᠎ᠤᠨ ᠲᠠᠯ᠎ᠠ ᠨᠤᠲᠤᠭ᠎ᠤᠨ ᠲᠠᠪᠤᠨ ᠲᠤᠮᠤ ᠰᠦ ᠰᠠᠭ᠋ᠠᠯᠢ ᠵᠢᠨ ᠢᠷᠡᠯᠲᠡ ᠵᠢᠨ ᠰᠠᠭᠤᠷᠢᠨ ᠭᠠᠵᠠᠷ᠎ᠲᠤ ᠬᠥᠬᠡ ᠳᠠᠷᠤᠰᠢᠭᠤᠯᠤᠭᠰᠠᠨ ᠡᠷᠳᠡᠨᠢ ᠰᠢᠰᠢ᠂ ᠴᠠᠷᠭ᠋ᠠᠰᠤ ᠲᠠᠷᠢᠬᠤ ᠰᠠᠭᠤᠷᠢᠨ ᠭᠠᠵᠠᠷ᠎ᠢ ᠲᠤᠰ ᠲᠤᠰ 700 ᠲᠦᠮᠡᠨ ᠮᠦ᠍ ᠳᠦᠬᠦᠷᠵᠢᠭᠦᠯᠦᠨ ᠪᠠᠶ᠋ᠢᠭᠤᠯᠵᠤ᠂ ᠲᠠᠷᠢᠵᠤ ᠲᠡᠵᠢᠭᠡᠬᠦ ᠵᠢ ᠤᠶᠠᠯᠳᠤᠭᠤᠯᠤᠨ ᠲᠣᠬᠠᠢ ᠵᠢᠨ ᠭᠠᠵᠠᠷ ᠪᠣᠯᠣᠨ ᠣᠶ᠋ᠢᠷ᠎ᠠ ᠬᠠᠪᠢ᠎ᠳᠤ᠎ᠨᠢ ᠲᠡᠵᠢᠭᠡᠯ ᠡᠪᠡᠰᠦ ᠪᠤᠷᠳᠤᠭ᠎ᠠ ᠬᠠᠩᠭ᠋ᠠᠬᠤ ᠵᠢ ᠪᠠᠲᠤᠯᠠᠨ᠎ᠠ᠃ ᠴᠠᠷᠭ᠋ᠠᠰᠤ᠂ ᠬᠥᠬᠡ ᠳᠠᠷᠤᠰᠢᠭᠤᠯᠤᠭᠰᠠᠨ ᠡᠷᠳᠡᠨᠢ ᠰᠢᠰᠢ ᠵᠢᠨ ᠦᠢ᠍ᠯᠡᠳᠪᠦᠷᠢᠯᠡᠯ᠎ᠤᠨ ᠮᠠᠰᠢᠨᠴᠢᠯᠠᠬᠤ ᠵᠢ ᠳᠡᠭᠡᠭᠰᠢᠯᠡᠭᠦᠯᠬᠦ ᠠᠵᠢᠯᠯᠠᠭ᠋ᠠᠨ᠎ᠢ ᠬᠡᠷᠡᠭᠵᠢᠭᠦᠯᠵᠦ᠂ ᠨᠡᠶ᠋ᠢᠭᠡᠮ᠎ᠤᠨ ᠬᠦᠷᠦᠩᠭᠡ ᠮᠦᠩᠭᠦ ᠵᠢᠨ᠎ᠬᠢᠨ᠎ᠤ ᠲᠤᠮᠤ ᠬᠡᠯᠪᠡᠷᠢ ᠵᠢᠨ ᠬᠠᠳᠠᠵᠤ ᠬᠤᠷᠢᠶᠠᠬᠤ ᠮᠠᠰᠢᠨ ᠬᠤᠳᠠᠯᠳᠤᠨ ᠠᠪᠬᠤ ᠵᠢ ᠵᠣᠷᠢᠬ᠍ᠵᠢᠭᠤᠯᠵᠤ᠂ ᠳᠦᠷᠢᠶᠡᠰᠦᠯᠡᠭᠦᠯᠬᠦ ᠦᠢ᠍ᠯᠡᠴᠢᠯᠡᠭᠡ ᠵᠢ ᠬᠠᠩᠭ᠋ᠠᠨ᠂ ᠲᠡᠵᠢᠭᠡᠯ ᠡᠪᠡᠰᠦ ᠪᠤᠷᠳᠤᠭ᠋ᠠᠨ᠎ᠤ ᠴᠢᠨᠠᠷ ᠴᠢᠨᠰᠠᠭ᠎ᠠ ᠵᠢ ᠪᠠᠲᠤᠯᠠᠨ᠎ᠠ᠃

     5. ᠰᠢᠭᠢᠭ ᠰᠠᠩᠭ᠋ᠠᠰᠤ ᠵᠢ ᠡᠬᠢ ᠪᠠᠶᠠᠯᠢᠬ᠍ᠵᠢᠭᠤᠯᠤᠨ ᠠᠰᠢᠭᠯᠠᠬᠤ ᠵᠢ ᠴᠢᠩᠭ᠋ᠠᠳᠬᠠᠨ᠎ᠠ᠃ ᠰᠠᠭ᠋ᠠᠯᠢ ᠵᠢᠨ ᠦᠨᠢᠶ᠎ᠡ ᠲᠡᠵᠢᠭᠡᠨ ᠦᠷᠡᠵᠢᠭᠦᠯᠬᠦ ᠲᠤᠮᠤ ᠰᠢᠶᠠᠨ᠎ᠤ ᠰᠢᠭᠢᠭ ᠰᠠᠩᠭ᠋ᠠᠰᠤ ᠵᠢ ᠡᠬᠢ ᠪᠠᠶᠠᠯᠢᠬ᠍ᠵᠢᠭᠤᠯᠤᠨ ᠠᠰᠢᠭᠯᠠᠬᠤ ᠵᠢ ᠳᠡᠮᠵᠢᠵᠦ᠂ ᠰᠠᠭ᠋ᠠᠯᠢ ᠵᠢᠨ ᠦᠨᠢᠶ᠎ᠡ ᠲᠡᠵᠢᠭᠡᠨ ᠦᠷᠡᠵᠢᠭᠦᠯᠬᠦ ᠲᠠᠯᠠᠪᠠᠢ ᠵᠢᠨ ᠰᠢᠭᠢᠭ ᠰᠠᠩᠭ᠋ᠠᠰᠤ ᠰᠢᠢ᠍ᠳᠪᠦᠷᠢᠯᠡᠬᠦ ᠪᠡᠯᠡᠳᠭᠡᠮᠵᠢ ᠲᠥᠭᠦᠭᠡᠷᠦᠮᠵᠢ᠎ᠪᠠᠨ ᠰᠠᠶ᠋ᠢᠵᠢᠷᠠᠭᠤᠯᠤᠨ ᠳᠡᠰ ᠳᠡᠪᠰᠢᠭᠦᠯᠬᠦ ᠵᠢ ᠠᠬᠢᠭᠤᠯᠵᠤ᠂ ᠵᠠᠬ᠎ᠠ ᠳᠡᠯᠭᠡᠭᠦᠷᠴᠢᠯᠡᠨ ᠡᠵᠡᠩᠨᠡᠬᠦ ᠪᠦᠬᠦᠢ ᠰᠢᠭᠢᠭ ᠰᠠᠩᠭ᠋ᠠᠰᠤ ᠵᠢᠨ ᠲᠥᠪᠯᠡᠷᠡᠭᠦᠯᠦᠨ ᠰᠢᠢ᠍ᠳᠪᠦᠷᠢᠯᠡᠬᠦ ᠭᠠᠵᠠᠷ᠎ᠢ ᠪᠤᠶ᠋ᠢᠵᠢᠭᠤᠯᠤᠨ᠂ ᠬᠢᠮᠢ ᠵᠢᠨ ᠪᠤᠷᠳᠤᠭᠤᠷ᠎ᠢ ᠳᠤᠲᠠᠭᠤ ᠬᠡᠷᠡᠭᠯᠡᠬᠦ ᠠᠵᠢᠯᠯᠠᠭ᠋ᠠᠨ᠎ᠲᠠᠢ ᠤᠶᠠᠯᠳᠤᠭᠤᠯᠵᠤ᠂ ᠰᠢᠭᠢᠭ ᠪᠣᠷᠳᠤᠭᠤᠷ᠎ᠢ ᠲᠠᠷᠢᠶᠠᠨ᠎ᠳᠤ ᠠᠰᠢᠭᠯᠠᠬᠤ ᠵᠢ ᠠᠬᠢᠭᠤᠯᠤᠨ᠂ ᠲᠠᠷᠢᠵᠤ ᠲᠡᠵᠢᠭᠡᠬᠦ ᠵᠢ ᠤᠶᠠᠯᠳᠤᠭᠤᠯᠤᠭᠰᠠᠨ ᠪᠤᠬᠢᠷᠳᠤᠯ ᠦᠭᠡᠢ ᠣᠷᠴᠢᠯ ᠬᠥᠭᠵᠢᠯᠲᠡ ᠵᠢ ᠠᠬᠢᠭᠤᠯᠤᠨ᠎ᠠ᠃

     6. ᠰᠠᠭ᠋ᠠᠯᠢ ᠵᠢᠨ ᠦᠨᠢᠶᠡᠨ᠎ᠤ ᠲᠣᠷᠨᠢᠭᠤᠨ ᠦᠰᠦᠯᠲᠡ ᠵᠢᠨ ᠬᠠᠮᠢᠶᠠᠷᠤᠯᠲᠠ ᠵᠢ ᠴᠢᠩᠭ᠋ᠠᠷᠠᠭᠤᠯᠤᠨ᠎ᠠ᠃ ᠠᠮᠢᠲᠠᠨ᠎ᠤ ᠬᠢᠵᠢᠭ ᠰᠡᠷᠭᠡᠶ᠋ᠢᠯᠡᠬᠦ ᠨᠦᠬᠦᠴᠡᠯ᠎ᠢ ᠬᠢᠨᠠᠨ ᠪᠠᠶ᠋ᠢᠴᠠᠭ᠋ᠠᠬᠤ᠎ᠪᠠᠨ ᠴᠢᠩᠳᠠᠯᠠᠵᠤ᠂ ᠬᠢᠵᠢᠭ ᠡᠪᠡᠳᠴᠢᠨ᠎ᠢ ᠡᠭᠡᠯᠢᠯᠡᠬᠦ᠂ ᠡᠪᠡᠳᠴᠢᠨ᠎ᠤ ᠡᠬᠢ ᠢᠷᠡᠯᠲᠡ ᠵᠢ ᠬᠢᠨᠠᠨ ᠰᠢᠨᠵᠢᠬᠦ᠂ ᠬᠢᠵᠢᠭ ᠪᠠᠶ᠋ᠢᠴᠠᠭ᠋ᠠᠨ ᠬᠢᠨᠠᠨ ᠬᠠᠮᠢᠶᠠᠷᠬᠤ᠂ ᠬᠤᠣᠷ ᠦᠭᠡᠢ ᠪᠣᠯᠭ᠋ᠠᠨ ᠰᠢᠢ᠍ᠳᠪᠦᠷᠢᠯᠡᠬᠦ ᠪᠠ ᠪᠠᠴᠢᠮ ᠪᠠᠶ᠋ᠢᠳᠠᠯ᠎ᠢ ᠠᠷᠭ᠋ᠠᠴᠠᠭ᠋ᠠᠨ ᠰᠢᠢ᠍ᠳᠪᠦᠷᠢᠯᠡᠬᠦ ᠵᠡᠷᠭᠡ ᠰᠡᠷᠭᠡᠶ᠋ᠢᠯᠡᠨ ᠡᠵᠡᠮᠳᠡᠬᠦ ᠠᠷᠭ᠎ᠠ ᠬᠡᠮᠵᠢᠶ᠎ᠡ ᠵᠢ ᠨᠠᠶ᠋ᠢᠳᠠᠪᠤᠷᠢᠵᠢᠭᠤᠯᠵᠤ᠂ ᠲᠣᠷᠨᠢᠭᠤᠨ ᠦᠰᠦᠯᠲᠡ ᠵᠢᠨ ᠳᠠᠩᠰᠠ ᠡᠪᠬᠡᠮᠡᠯ ᠪᠠᠶ᠋ᠢᠭᠤᠯᠤᠨ ᠥᠭᠴᠦ᠂ ᠲᠡᠵᠢᠭᠡᠨ ᠦᠷᠡᠵᠢᠭᠦᠯᠬᠦ ᠲᠠᠯᠠᠪᠠᠢ ᠵᠢᠨ ᠪᠢᠤᠯᠤᠬᠢ ᠵᠢᠨ ᠠᠮᠦᠷ ᠲᠥᠪᠰᠢᠨ᠎ᠢ ᠦᠨᠡᠨ ᠬᠦ᠌ ᠪᠠᠲᠤᠯᠠᠨ᠎ᠠ᠃ ᠬᠢᠵᠢᠭ ᠡᠪᠡᠳᠴᠢᠨ᠎ᠢ ᠰᠡᠷᠭᠡᠶ᠋ᠢᠯᠡᠨ ᠡᠵᠡᠮᠳᠡᠬᠦ ᠡᠷᠴᠢᠮ᠎ᠢ ᠴᠢᠩᠭ᠋ᠠᠷᠠᠭᠤᠯᠵᠤ᠂ ᠪᠠᠶ᠋ᠢᠩᠭᠤ ᠳᠣᠬᠢᠶᠠᠯᠳᠤᠳᠠᠭ ᠡᠪᠡᠳᠴᠢᠨ᠎ᠢ ᠶᠡᠷᠦᠩᠬᠡᠶ᠋ᠢᠯᠡᠨ ᠰᠡᠷᠭᠡᠶ᠋ᠢᠯᠡᠨ ᠡᠵᠡᠮᠳᠡᠬᠦ ᠵᠢ ᠰᠠᠶ᠋ᠢᠲᠤᠷ ᠠᠳᠬᠤᠵᠤ᠂ ᠰᠠᠪᠬᠠᠨᠴᠢᠷ ᠪᠠᠺᠲ᠋ᠧᠷᠢ ᠪᠠ ᠰᠦᠷᠢᠶ᠎ᠡ ᠡᠪᠡᠳᠴᠢᠨ᠎ᠢ ᠨᠠᠮᠳᠠᠭ᠋ᠠᠬᠤ ᠵᠢ ᠠᠬᠢᠭᠤᠯᠵᠤ᠂ 2025 ᠣᠨ ᠪᠣᠯᠲᠠᠯ᠎ᠠ ᠰᠠᠭ᠋ᠠᠯᠢ ᠵᠢᠨ ᠦᠨᠢᠶᠡᠨ᠎ᠤ ᠰᠠᠪᠬᠠᠨᠴᠢᠷ ᠪᠠᠺᠲ᠋ᠧᠷᠢ᠂ ᠰᠦᠷᠢᠶ᠎ᠡ ᠡᠪᠡᠳᠴᠢᠨ᠎ᠢ ᠡᠵᠡᠮᠰᠢᠬᠦ ᠪᠠᠷᠢᠮᠵᠢᠶ᠎ᠠ᠎ᠳᠤ ᠬᠦᠷᠦᠭᠦᠯᠦᠨ᠎ᠡ᠃

     (ᠬᠤᠶᠠᠷ) ᠪᠣᠯᠪᠠᠰᠤᠷᠠᠭᠤᠯᠬᠤ ᠠᠵᠤ ᠠᠬᠤᠶ᠋ᠢᠯᠠᠯ᠎ᠤᠨ ᠪᠦᠯᠦᠭᠯᠡᠯ᠎ᠢ ᠪᠣᠢ ᠪᠣᠯᠭ᠋ᠠᠨ᠎ᠠ᠃

     1. ᠴᠠᠭ᠋ᠠᠨ ᠢᠳᠡᠭᠡᠨ᠎ᠤ ᠠᠵᠤ ᠠᠬᠤᠶ᠋ᠢᠯᠠᠯ᠎ᠢ ᠵᠣᠷᠢᠬ᠍ᠵᠢᠭᠤᠯᠤᠨ ᠳᠡᠮᠵᠢᠵᠦ ᠪᠠᠶ᠋ᠢᠭ᠋ᠠᠳ ᠰᠢᠯᠢᠳᠡᠭᠵᠢᠭᠦᠯᠦᠨ ᠬᠦᠴᠦᠷᠭᠡᠭᠵᠢᠭᠦᠯᠦᠨ᠎ᠡ᠃ ᠴᠠᠭ᠋ᠠᠨ ᠢᠳᠡᠭᠡᠨ᠎ᠤ ᠬᠦᠲᠦᠴᠢ ᠠᠵᠤ ᠠᠬᠤᠶ᠋ᠢᠯᠠᠯ᠎ᠤᠨ ᠬᠦᠲᠦᠯᠦᠨ ᠳᠠᠭ᠋ᠠᠭᠤᠯᠬᠤ ᠦᠢ᠍ᠯᠡᠳᠦᠯ᠎ᠢ ᠪᠠᠳᠠᠷᠠᠭᠤᠯᠵᠤ᠂ ᠴᠠᠭ᠋ᠠᠨ ᠢᠳᠡᠭᠡᠨ᠎ᠤ ᠠᠵᠤ ᠠᠬᠤᠶ᠋ᠢᠯᠠᠯ᠎ᠤᠨ᠎ᠬᠢᠨ᠎ᠤ ᠲᠠᠪᠤᠨ ᠲᠤᠮᠤ ᠳᠠᠪᠠᠭᠤᠯᠢᠭ ᠣᠷᠣᠨ ᠪᠦᠰᠡ᠎ᠳᠤ ᠬᠤᠪᠢᠨ᠎ᠤ ᠰᠦ ᠰᠠᠭ᠋ᠠᠯᠢ ᠵᠢᠨ ᠢᠷᠡᠯᠲᠡ ᠪᠣᠯᠣᠨ ᠪᠣᠯᠪᠠᠰᠤᠷᠠᠭᠤᠯᠬᠤ ᠰᠠᠭᠤᠷᠢᠨ ᠭᠠᠵᠠᠷ ᠵᠶ᠋ᠠᠨ ᠪᠠᠶ᠋ᠢᠷᠢᠰᠢᠭᠤᠯᠬᠤ ᠵᠢ ᠠᠬᠢᠭᠤᠯᠤᠨ᠎ᠠ᠃ ᠴᠠᠭ᠋ᠠᠨ ᠢᠳᠡᠭᠡᠨ᠎ᠤ ᠲᠤᠮᠤ ᠠᠵᠤ ᠠᠬᠤᠶ᠋ᠢᠯᠠᠯ᠎ᠤᠨ ᠰᠦ ᠴᠠᠭ᠋ᠠᠨ ᠢᠳᠡᠭᠡᠨ᠎ᠤ ᠦᠢ᠍ᠯᠡᠰ᠎ᠤᠨ ᠰᠢᠨ᠎ᠡ ᠵᠢ ᠡᠭᠦᠳᠬᠦ ᠬᠦᠷᠢᠶᠡᠯᠡᠩ ᠲᠣᠭᠤᠷᠢᠭ ᠪᠦᠲᠦᠭᠡᠨ ᠪᠠᠶ᠋ᠢᠭᠤᠯᠬᠤ ᠵᠢ ᠳᠡᠮᠵᠢᠵᠦ᠂ ᠰᠢᠮ᠎ᠡ ᠲᠡᠵᠢᠭᠡᠯ ᠡᠷᠡᠭᠦᠯ ᠮᠡᠨᠳᠦ᠂ ᠪᠣᠯᠪᠠᠰᠤᠷᠠᠭᠤᠯᠬᠤ ᠮᠡᠷᠭᠡᠵᠢᠯ᠂ ᠪᠤᠭᠤᠳᠠᠯᠯᠠᠬᠤ ᠮᠡᠷᠭᠡᠵᠢᠯ᠂ ᠢᠳᠡᠭᠡᠨ᠎ᠤ ᠠᠮᠦᠷ ᠲᠥᠪᠰᠢᠨ᠎ᠤ ᠲᠥᠭᠰᠢᠭᠦᠷᠢ᠂ ᠳᠡᠭᠡᠳᠦ ᠳᠡᠰ᠎ᠤᠨ ᠪᠦᠲᠦᠭᠡᠭᠳᠡᠭᠦᠨ᠂ ᠵᠢᠷᠤᠭ ᠲᠦᠯᠦᠪᠯᠡᠭᠡ ᠵᠡᠷᠭᠡ ᠵᠢ ᠰᠤᠳᠤᠯᠤᠨ ᠬᠡᠷᠡᠭᠯᠡᠬᠦ ᠵᠢ ᠦᠷᠨᠢᠭᠦᠯᠦᠨ᠎ᠡ᠃ ᠴᠠᠭ᠋ᠠᠨ ᠢᠳᠡᠭᠡᠨ᠎ᠤ ᠠᠵᠤ ᠠᠬᠤᠶ᠋ᠢᠯᠠᠯ᠎ᠤᠨ ᠪᠦᠲᠦᠭᠡᠭᠳᠡᠭᠦᠨ᠎ᠤ ᠪᠦᠲᠦᠴᠡ᠎ᠪᠠᠨ ᠲᠣᠬᠢᠷᠠᠭᠤᠯᠤᠨ ᠰᠢᠯᠢᠳᠡᠭᠵᠢᠭᠦᠯᠬᠦ ᠵᠢ ᠠᠬᠢᠭᠤᠯᠵᠤ᠂ ᠨᠢᠯᠬ᠎ᠠ ᠨᠢᠷᠠᠢ ᠬᠡᠦᠬᠡᠳ᠎ᠢ ᠤᠭᠵᠢᠵᠤ ᠪᠣᠯᠬᠤ ᠨᠠᠶ᠋ᠢᠷᠠᠯᠭ᠎ᠠ᠎ᠲᠠᠢ ᠰᠦᠨ ᠲᠠᠯᠬ᠎ᠠ᠂ ᠬᠤᠷᠤᠳ ᠵᠡᠷᠭᠡ ᠬᠠᠭᠤᠷᠠᠢ ᠰᠦᠨ ᠪᠦᠲᠦᠭᠡᠭᠳᠡᠭᠦᠨ ᠦᠢ᠍ᠯᠡᠳᠪᠦᠷᠢᠯᠡᠬᠦ ᠵᠢ ᠵᠣᠷᠢᠬ᠍ᠵᠢᠭᠤᠯᠤᠨ᠂ ᠬᠤᠲᠠ ᠬᠦᠳᠡᠭᠡ ᠵᠢᠨ ᠠᠳᠠᠯᠢ ᠪᠤᠰᠤ ᠬᠡᠷᠡᠭᠯᠡᠭᠴᠢᠳ᠎ᠲᠤ ᠲᠣᠬᠢᠷᠠᠭᠰᠠᠨ ᠴᠠᠭ᠋ᠠᠨ ᠢᠳᠡᠭᠡᠨ᠎ᠢ ᠰᠤᠳᠤᠯᠤᠨ ᠨᠡᠭᠡᠭᠡᠵᠦ ᠬᠥᠭᠵᠢᠭᠦᠯᠦᠨ᠎ᠡ᠃ ᠴᠠᠭ᠋ᠠᠨ ᠢᠳᠡᠭᠡᠨ᠎ᠤ ᠲᠤᠮᠤ ᠠᠵᠤ ᠠᠬᠤᠶ᠋ᠢᠯᠠᠯ᠎ᠤᠨ ᠣᠯᠠᠨ ᠤᠯᠤᠰᠴᠢᠯᠠᠨ ᠬᠥᠭᠵᠢᠬᠦ ᠵᠢ ᠳᠡᠮᠵᠢᠵᠦ᠂ ᠳᠡᠯᠡᠬᠡᠢ ᠵᠢᠨ ᠳᠡᠰ᠎ᠤᠨ ᠠᠵᠤ ᠠᠬᠤᠶ᠋ᠢᠯᠠᠯ ᠪᠣᠯᠣᠨ ᠣᠯᠠᠨ ᠤᠯᠤᠰ᠎ᠤᠨ ᠨᠡᠷᠡᠲᠦ ᠲᠦᠷᠦᠯ ᠲᠡᠮᠲᠡᠭᠲᠦ ᠵᠢ ᠪᠣᠢ ᠪᠣᠯᠭ᠋ᠠᠵᠤ᠂ ᠲᠡᠷᠢᠭᠦᠨ ᠵᠡᠷᠭᠡ ᠵᠢᠨ ᠪᠦᠲᠦᠭᠡᠭᠳᠡᠭᠦᠨ ᠪᠣᠯᠣᠨ ᠦᠢ᠍ᠯᠡᠴᠢᠯᠡᠭᠡ ᠵᠢ ᠬᠠᠩᠭ᠋ᠠᠨ᠎ᠠ᠃

     2. ᠴᠠᠭ᠋ᠠᠨ ᠢᠳᠡᠭᠡᠨ᠎ᠤ ᠳᠤᠮᠳᠠ ᠵᠢᠵᠢᠭ ᠠᠵᠤ ᠠᠬᠤᠶ᠋ᠢᠯᠠᠯ᠎ᠤᠨ ᠵᠦᠷᠢᠶᠡᠴᠢᠯᠡᠭᠰᠡᠨ ᠬᠥᠭᠵᠢᠯᠲᠡ ᠵᠢ ᠠᠬᠢᠭᠤᠯᠤᠨ᠎ᠠ᠃ ᠴᠠᠭ᠋ᠠᠨ ᠢᠳᠡᠭᠡ ᠪᠣᠯᠪᠠᠰᠤᠷᠠᠭᠤᠯᠬᠤ ᠳᠤᠮᠳᠠ ᠵᠢᠵᠢᠭ ᠠᠵᠤ ᠠᠬᠤᠶ᠋ᠢᠯᠠᠯ᠎ᠤᠨ ᠢᠳᠡᠭᠡᠨ᠎ᠤ ᠠᠵᠤ ᠦᠢ᠍ᠯᠡᠰ᠎ᠤᠨ ᠬᠦᠷᠢᠶᠡᠯᠡᠩ᠎ᠳᠤ ᠣᠷᠤᠬᠤ ᠵᠢ ᠳᠡᠮᠵᠢᠵᠦ᠂ ᠳᠡᠭᠡᠳᠦ ᠳᠣᠣᠷᠠᠳᠤ ᠲᠠᠯ᠎ᠠ ᠵᠢᠨ ᠳᠤᠮᠳᠠ ᠵᠢᠵᠢᠭ ᠠᠵᠤ ᠠᠬᠤᠶ᠋ᠢᠯᠠᠯ᠎ᠯᠤᠭ᠎ᠠ ᠳᠦᠬᠦᠷᠵᠢᠭᠦᠯᠦᠨ ᠬᠠᠮᠲᠤᠷᠠᠯᠴᠠᠬᠤ ᠵᠢ ᠴᠢᠩᠭ᠋ᠠᠳᠬᠠᠵᠤ᠂ ᠪᠠᠷᠢᠮᠵᠢᠶᠠᠵᠢᠭᠤᠯᠤᠭᠰᠠᠨ ᠦᠢ᠍ᠯᠡᠳᠪᠦᠷᠢᠯᠡᠯ᠎ᠢ ᠬᠡᠷᠡᠭᠵᠢᠭᠦᠯᠦᠨ᠂ 《ᠲᠤᠰᠬᠠᠢ ᠤᠬᠢ ᠣᠨᠴᠠᠭ᠋ᠠᠢ ᠰᠢᠨ᠎ᠡ》 ᠬᠥᠭᠵᠢᠯᠲᠡ ᠵᠢᠨ ᠵᠠᠮ ᠵᠶ᠋ᠠᠷ ᠵᠠᠮᠨᠠᠭᠤᠯᠤᠨ᠎ᠠ᠃ ᠬᠤᠲᠠ ᠪᠣᠯᠣᠨ ᠬᠦᠮᠦᠠ ᠠᠮᠠ ᠨᠢᠭᠲᠠᠷᠠᠭᠰᠠᠨ ᠣᠷᠣᠨ᠎ᠳᠤ ᠫᠠᠰᠲ᠋ᠧᠷ ᠰᠦ ᠵᠢᠨ ᠦᠢ᠍ᠯᠡᠳᠪᠦᠷᠢᠯᠡᠯ᠎ᠢ ᠦᠷᠨᠢᠭᠦᠯᠵᠦ᠂ 《ᠬᠤᠪᠢᠨ᠎ᠤ ᠮᠠᠯᠵᠢᠯ᠎ᠤᠨ ᠲᠠᠯᠠᠪᠠᠢ + ᠰᠦ ᠰᠠᠭ᠋ᠠᠯᠢ ᠵᠢᠨ ᠪᠠᠭ᠋ᠠᠷ》 ᠵᠡᠷᠭᠡ ᠦᠢ᠍ᠯᠡᠳᠪᠦᠷᠢᠯᠡᠵᠦ ᠪᠣᠷᠤᠯᠠᠭᠤᠯᠬᠤ ᠵᠠᠭᠪᠤᠷ᠎ᠢ ᠬᠥᠭᠵᠢᠭᠦᠯᠵᠦ᠂ ᠫᠠᠰᠲ᠋ᠧᠷ᠎ᠤᠨ ᠰᠦᠨ᠎ᠤ ᠬᠡᠷᠡᠭᠯᠡᠭᠴᠢᠳ᠎ᠢ ᠪᠤᠶ᠋ᠢᠵᠢᠭᠤᠯᠤᠨ᠎ᠠ᠃ ᠢᠮᠠᠭ᠋ᠠᠨ᠎ᠤ ᠰᠦ ᠵᠡᠷᠭᠡ ᠣᠨᠴᠠᠯᠢᠭᠲᠤ ᠰᠦ ᠴᠠᠭ᠋ᠠᠨ ᠢᠳᠡᠭᠡᠨ᠎ᠤ ᠦᠢ᠍ᠯᠡᠳᠪᠦᠷᠢᠯᠡᠯ᠎ᠢ ᠨᠡᠭᠡᠭᠡᠨ ᠬᠥᠭᠵᠢᠭᠦᠯᠵᠦ᠂ ᠴᠠᠭ᠋ᠠᠨ ᠢᠳᠡᠭᠡᠨ᠎ᠤ ᠳᠤᠮᠳᠠ ᠵᠢᠵᠢᠭ ᠠᠵᠤ ᠠᠬᠤᠶ᠋ᠢᠯᠠᠯ᠎ᠤᠨ ᠵᠦᠷᠢᠶᠡᠴᠢᠯᠡᠭᠰᠡᠨ ᠬᠥᠭᠵᠢᠯᠲᠡ ᠵᠢ ᠠᠬᠢᠭᠤᠯᠤᠨ᠎ᠠ᠃

     3. ᠦᠨᠳᠦᠰᠦᠲᠡᠨ᠎ᠤ ᠴᠠᠭ᠋ᠠᠨ ᠢᠳᠡᠭᠡᠨ᠎ᠤ ᠣᠨᠴᠠᠯᠢᠭᠲᠣ ᠬᠥᠭᠵᠢᠯᠲᠡ ᠵᠢ ᠵᠣᠷᠢᠬ᠍ᠵᠢᠭᠤᠯᠤᠨ᠎ᠠ᠃ ᠰᠢᠯᠢ ᠵᠢᠨ ᠭᠤᠣᠯ ᠠᠶ᠋ᠢᠮᠠᠭ᠂ ᠬᠦᠯᠦᠨ ᠪᠤᠶ᠋ᠢᠷ ᠬᠤᠲᠠ ᠵᠡᠷᠭᠡ ᠮᠠᠯᠵᠢᠬᠤ ᠣᠷᠣᠨ᠎ᠳᠤ ᠦᠨᠳᠦᠰᠦᠲᠡᠨ᠎ᠤ ᠣᠨᠴᠠᠯᠢᠭᠲᠣ ᠴᠠᠭ᠋ᠠᠨ ᠢᠳᠡᠭᠡᠨ᠎ᠤ ᠠᠵᠤ ᠦᠢ᠍ᠯᠡᠳᠪᠦᠷᠢᠵᠢᠭᠦᠯᠦᠭᠰᠡᠨ ᠦᠢ᠍ᠯᠡᠳᠪᠦᠷᠢᠯᠡᠯ᠎ᠤᠨ ᠲᠣᠷᠰᠢᠯᠲᠠ ᠵᠢᠨ ᠴᠡᠭ᠎ᠢ ᠨᠡᠭᠡᠭᠡᠨ ᠡᠷᠬᠢᠯᠡᠵᠦ᠂ ᠦᠨᠳᠦᠰᠦᠲᠡᠨ᠎ᠤ ᠣᠨᠴᠠᠯᠢᠭᠲᠣ ᠴᠠᠭ᠋ᠠᠨ ᠢᠳᠡᠭᠡᠨ᠎ᠤ ᠰᠦᠨ᠎ᠤ ᠢᠷᠡᠯᠲᠡ᠂ ᠪᠣᠯᠪᠠᠰᠤᠷᠠᠭᠤᠯᠬᠤ ᠤᠷ᠎ᠠ ᠮᠡᠷᠭᠡᠵᠢᠯ᠂ ᠪᠦᠲᠦᠭᠡᠭᠳᠡᠭᠦᠨ᠎ᠤ ᠪᠠᠷᠢᠮᠵᠢᠶᠠᠲᠤ ᠰᠢᠰᠲ᠋ᠧᠮᠵᠢ ᠪᠣᠯᠣᠨ SC ᠨᠤᠲᠠᠯᠠᠯᠲᠠ ᠭᠡᠷᠡᠴᠢᠯᠡᠭᠡ ᠵᠢ ᠲᠡᠭᠦᠯᠳᠡᠷᠵᠢᠭᠦᠯᠦᠨ᠂ ᠴᠠᠭ᠋ᠠᠨ ᠢᠳᠡᠭᠡ ᠵᠢ ᠪᠠᠷᠢᠮᠵᠢᠶ᠎ᠠ ᠶᠤᠰᠤᠭ᠋ᠠᠷ ᠦᠢ᠍ᠯᠡᠳᠪᠦᠷᠢᠯᠡᠬᠦ ᠪᠠ ᠵᠡᠷᠭᠡ ᠳᠡᠰ᠎ᠢ᠎ᠨᠢ ᠳᠡᠪᠰᠢᠭᠦᠯᠬᠦ ᠵᠢ ᠠᠬᠢᠭᠤᠯᠤᠨ᠎ᠠ᠃ ᠬᠦᠯᠦᠨ ᠪᠤᠶ᠋ᠢᠷ ᠬᠤᠲᠠ ᠵᠢᠨ᠎ᠬᠢᠨ᠎ᠤ ᠣᠷᠣᠰ᠂ ᠡᠸᠦ᠋ᠷᠦᠫᠡ ᠠᠮᠧᠷᠢᠺᠠ ᠵᠢᠨ ᠦᠨᠦᠷ ᠠᠮᠲᠠ᠎ᠲᠠᠢ ᠣᠨᠴᠠᠯᠢᠭᠲᠣ ᠬᠤᠷᠤᠳ ᠵᠡᠷᠭᠡ ᠳᠡᠭᠡᠳᠦ ᠳᠡᠰ᠎ᠤᠨ ᠴᠠᠭ᠋ᠠᠨ ᠢᠳᠡᠭᠡ ᠦᠢ᠍ᠯᠡᠳᠪᠦᠷᠢᠯᠡᠬᠦ ᠵᠢ ᠳᠡᠮᠵᠢᠵᠦ᠂ ᠬᠦᠯᠦᠨ ᠪᠤᠶ᠋ᠢᠷ᠎ᠤᠨ ᠴᠠᠭ᠋ᠠᠨ ᠢᠳᠡᠭᠡᠨ᠎ᠤ ᠣᠷᠣᠨ ᠪᠦᠰᠡ ᠵᠢᠨ ᠨᠡᠶ᠋ᠢᠲᠡ᠎ᠪᠠᠷ ᠬᠡᠷᠡᠭᠯᠡᠬᠦ ᠨᠡᠷᠡᠲᠦ ᠲᠦᠷᠦᠯ ᠲᠡᠮᠲᠡᠭᠲᠦ ᠵᠢ ᠪᠤᠶ᠋ᠢᠵᠢᠭᠤᠯᠤᠨ᠂ ᠤᠷᠭ᠋ᠠᠨᠢᠭ ᠪᠣᠬᠢᠷᠳᠤᠯ ᠦᠭᠡᠢ ᠳᠡᠭᠡᠳᠦ ᠳᠡᠰ᠎ᠤᠨ ᠴᠠᠭ᠋ᠠᠨ ᠢᠳᠡᠭᠡᠨ᠎ᠤ ᠵᠠᠬ᠎ᠠ ᠳᠡᠯᠭᠡᠭᠦᠷ᠎ᠤᠨ ᠲᠠᠨᠢᠵᠦ ᠮᠡᠳᠡᠭᠦᠯᠬᠦ ᠬᠡᠮᠵᠢᠶ᠎ᠡ ᠵᠢ ᠳᠡᠭᠡᠭᠰᠢᠯᠡᠭᠦᠯᠦᠨ᠎ᠡ᠃ ᠰᠢᠯᠢ ᠵᠢᠨ ᠭᠤᠣᠯ ᠠᠶ᠋ᠢᠮᠠᠭ᠂ ᠬᠦᠯᠦᠨ ᠪᠤᠶ᠋ᠢᠷ ᠬᠤᠲᠠ᠂ ᠲᠦᠩᠯᠢᠶᠣᠣ ᠬᠤᠲᠠ᠂ ᠤᠯᠠᠭ᠋ᠠᠨᠬᠠᠳᠠ ᠬᠤᠲᠠ᠂ ᠣᠷᠳᠣᠰ ᠬᠤᠲᠠ᠂ ᠠᠯᠠᠱ᠌ᠠ ᠠᠶ᠋ᠢᠮᠠᠭ ᠪᠣᠯᠣᠨ ᠪᠠᠶᠠᠨᠨᠠᠭᠤᠷ ᠬᠤᠲᠠ ᠵᠡᠷᠭᠡ ᠵᠢᠨ ᠮᠠᠯᠵᠢᠬᠤ ᠣᠷᠣᠨ᠎ᠤ᠎ᠬᠢᠨ᠎ᠤ ᠪᠡᠶ᠎ᠡ ᠰᠣᠪᠢᠯᠠᠬᠤ ᠲᠠᠯ᠎ᠠ᠎ᠪᠠᠷ᠎ᠬᠢ ᠠᠯᠢ ᠣᠯᠠᠨ ᠠᠳᠤᠭᠤ ᠲᠡᠮᠡᠭᠡ ᠵᠢᠨ ᠳᠡᠭᠡᠳᠦ ᠳᠡᠰ᠎ᠤᠨ ᠪᠦᠲᠦᠭᠡᠭᠳᠡᠭᠦᠨ ᠰᠤᠳᠤᠯᠤᠨ ᠨᠡᠭᠡᠭᠡᠬᠦ ᠵᠢ ᠵᠣᠷᠢᠬ᠍ᠵᠢᠭᠤᠯᠵᠤ᠂ ᠴᠡᠭᠡ᠂ ᠢᠩᠭᠡᠨ᠎ᠤ ᠰᠦ ᠵᠢᠨ ᠡᠷᠡᠭᠦᠯᠵᠢᠯ᠎ᠤᠨ ᠦᠨ᠎ᠡ ᠥᠷᠲᠡᠭ᠎ᠢ ᠠᠭᠤᠳᠠᠯᠯᠠᠨ᠂ ᠴᠡᠭᠡ᠂ ᠢᠩᠭᠡᠨ᠎ᠤ ᠰᠦ ᠵᠡᠷᠭᠡ ᠪᠦᠲᠦᠭᠡᠭᠳᠡᠭᠦᠨ᠎ᠤ ᠮᠣᠩᠭᠤᠯ ᠡᠮ ᠡᠮᠨᠡᠯᠭᠡ ᠵᠢᠨ ᠬᠦᠷᠢᠶ᠎ᠡ ᠴᠠᠷᠠᠭ᠋ᠠᠨ᠎ᠳᠠᠬᠢ ᠬᠡᠷᠡᠭᠯᠡᠭᠡᠨ᠎ᠢ ᠳᠡᠯᠭᠡᠷᠡᠭᠦᠯᠵᠦ᠂ ᠠᠵᠤ ᠦᠢ᠍ᠯᠡᠰ᠎ᠤᠨ ᠬᠡᠯᠬᠢᠶ᠎ᠡ ᠵᠢ ᠤᠷᠲᠤᠳᠬᠠᠨ᠂ ᠨᠡᠮᠡᠭᠳᠡᠯ ᠥᠷᠲᠡᠭ᠎ᠢ᠎ᠨᠢ ᠳᠡᠭᠡᠭᠰᠢᠯᠡᠭᠦᠯᠦᠨ᠎ᠡ᠃

     (ᠭᠤᠷᠪᠠ) ᠠᠰᠢᠭ ᠲᠤᠰᠠ ᠵᠢ᠎ᠨᠢ ᠬᠤᠯᠪᠣᠭᠳᠠᠭᠤᠯᠬᠤ ᠲᠣᠭᠲᠠᠴᠠ ᠵᠢ ᠲᠡᠭᠦᠯᠳᠡᠷᠵᠢᠭᠦᠯᠦᠨ᠎ᠡ᠃

     1. ᠬᠤᠳᠠᠯᠳᠤᠵᠤ ᠪᠣᠷᠤᠯᠠᠭᠤᠯᠬᠤ ᠭᠡᠷ᠎ᠡ ᠵᠢ ᠴᠢᠩᠳᠠ ᠨᠠᠶ᠋ᠢᠳᠠᠪᠤᠷᠢᠵᠢᠭᠤᠯᠤᠨ᠎ᠠ᠃ ᠲᠦᠭᠦᠬᠡᠢ ᠰᠦ ᠬᠤᠳᠠᠯᠳᠤᠨ ᠠᠪᠬᠤ ᠪᠠ ᠪᠤᠷᠤᠯᠠᠭᠤᠯᠬᠤ ᠠᠵᠢᠯᠯᠠᠭ᠎ᠠ ᠵᠢ ᠵᠢᠷᠤᠮᠵᠢᠭᠤᠯᠵᠤ᠂ ᠴᠠᠭ᠋ᠠᠨ ᠢᠳᠡᠭᠡ ᠪᠣᠯᠪᠠᠰᠤᠷᠠᠭᠤᠯᠬᠤ ᠠᠵᠤ ᠠᠬᠤᠶ᠋ᠢᠯᠠᠯ ᠬᠢᠭᠡᠳ ᠲᠡᠵᠢᠭᠡᠨ ᠦᠷᠡᠵᠢᠭᠦᠯᠬᠦ ᠲᠠᠯᠠᠪᠠᠢ (ᠡᠷᠦᠬᠡ) ᠵᠢᠨ ᠤᠷᠲᠤ ᠬᠤᠭᠤᠴᠠᠭ᠋ᠠᠨ᠎ᠤ ᠲᠣᠭᠲᠠᠩᠭᠤᠢ᠎ᠪᠠᠷ ᠬᠤᠳᠠᠯᠳᠤᠵᠤ ᠪᠣᠷᠤᠯᠠᠭᠤᠯᠬᠤ ᠭᠡᠷ᠎ᠡ ᠲᠣᠭᠲᠠᠬᠤ᠎ᠳᠤ ᠬᠢᠨᠠᠯᠲᠠ ᠲᠠᠯᠪᠢᠵᠤ᠂ ᠲᠥᠭᠦᠬᠡᠢ ᠰᠦ ᠬᠤᠳᠠᠯᠳᠤᠨ ᠠᠪᠬᠤ ᠡᠮᠬᠢ ᠲᠢᠭᠯᠢᠮ᠎ᠢ ᠬᠠᠮᠠᠭ᠋ᠠᠯᠠᠨ᠎ᠠ᠃ ᠬᠢᠷᠢ ᠲᠡᠩᠴᠡᠭᠰᠡᠨ ᠲᠥᠭᠦᠬᠡᠢ ᠰᠦ ᠵᠢ ᠬᠤᠷᠢᠶᠠᠬᠤ ᠦᠭᠡᠢ᠂ ᠬᠡᠮᠵᠢᠶ᠎ᠠ᠎ᠲᠠᠢ ᠬᠤᠷᠢᠶᠠᠬᠤ ᠵᠡᠷᠭᠡ ᠬᠤᠳᠠᠯᠳᠤᠨ ᠠᠪᠬᠤ ᠪᠠ ᠪᠣᠷᠤᠯᠠᠭᠤᠯᠬᠤ ᠭᠡᠷ᠎ᠡ ᠵᠢ ᠭᠦᠢ᠍ᠴᠡᠳᠭᠡᠭᠰᠡᠨ ᠦᠭᠡᠢ᠂ ᠵᠢᠴᠢ ᠬᠤᠳᠠᠯᠳᠤᠨ ᠠᠪᠬᠤ ᠪᠠ ᠪᠣᠷᠤᠯᠠᠭᠤᠯᠬᠤ ᠬᠠᠷᠢᠴᠠᠭ᠎ᠠ᠎ᠳᠤ᠎ᠪᠠᠨ ᠲᠦᠰᠢᠭᠯᠡᠨ᠂ ᠮᠠᠯ᠎ᠤᠨ ᠡᠮ᠂ ᠲᠡᠵᠢᠭᠡᠯ ᠡᠪᠡᠰᠦ ᠪᠣᠷᠳᠤᠭ᠎ᠠ᠂ ᠲᠡᠵᠢᠭᠡᠨ ᠦᠷᠡᠵᠢᠭᠦᠯᠬᠦ ᠵᠢᠨ ᠲᠦᠭᠦᠭᠡᠷᠦᠮᠵᠢ ᠵᠡᠷᠭᠡ ᠵᠢ ᠠᠯᠪᠠᠳᠠᠨ ᠲᠦᠯᠬᠢᠵᠦ ᠥᠭᠬᠦ ᠠᠯᠪᠠᠳᠠᠨ ᠬᠤᠳᠠᠯᠳᠤᠬᠤ ᠵᠡᠷᠭᠡ ᠦᠢ᠍ᠯᠡ ᠠᠵᠢᠯᠯᠠᠭ᠎ᠠ ᠵᠢ ᠬᠠᠤᠯᠢ ᠶᠤᠰᠤᠭ᠋ᠠᠷ ᠪᠠᠶ᠋ᠢᠴᠠᠭ᠋ᠠᠨ ᠰᠢᠢ᠍ᠳᠪᠦᠷᠢᠯᠡᠬᠦ ᠪᠠ ᠢᠯᠡ ᠨᠡᠶ᠋ᠢᠲᠡᠯᠡᠨ᠎ᠡ᠃ ᠤᠯᠤᠰ᠎ᠤᠨ ᠠᠵᠤ ᠠᠬᠤᠶ᠋ᠢᠯᠠᠯ᠎ᠤᠨ ᠢᠲᠡᠭᠡᠮᠵᠢ ᠵᠢᠨ ᠮᠡᠳᠡᠭᠡ ᠵᠠᠩᠭᠢ ᠵᠢᠨ ᠢᠯᠡ᠎ᠪᠠᠷ ᠨᠡᠶ᠋ᠢᠲᠡᠯᠡᠬᠦ ᠰᠢᠰᠲ᠋ᠧᠮ᠎ᠳᠤ ᠲᠦᠰᠢᠭᠯᠡᠵᠦ᠂ ᠴᠠᠭ᠋ᠠᠨ ᠢᠳᠡᠭᠡᠨ᠎ᠤ ᠠᠵᠤ ᠠᠬᠤᠶ᠋ᠢᠯᠠᠯ᠎ᠤᠨ ᠦᠨᠡᠨᠴᠢ ᠢᠲᠡᠭᠡᠮᠵᠢ ᠵᠢᠨ ᠲᠡᠮᠲᠡᠭᠯᠡᠯ᠎ᠢ ᠪᠠᠶ᠋ᠢᠭᠤᠯᠤᠨ᠂ 《ᠬᠠᠷ᠎ᠠ ᠳᠠᠩᠰᠠ》 ᠵᠢᠨ ᠳᠦᠷᠢᠮ᠎ᠢ ᠬᠡᠷᠡᠭᠵᠢᠭᠦᠯᠦᠨ᠎ᠡ᠃

     2. ᠰᠦ ᠰᠠᠭ᠋ᠠᠯᠢ ᠵᠢᠨ ᠦᠨ᠎ᠡ ᠬᠠᠩᠰᠢ ᠵᠢᠨ ᠵᠦᠪᠳᠡᠯᠴᠡᠬᠦ ᠲᠣᠭᠲᠠᠴᠠ ᠵᠢ ᠪᠠᠶ᠋ᠢᠭᠤᠯᠤᠨ᠎ᠠ᠃ ᠡᠯ᠎ᠡ ᠠᠶ᠋ᠢᠮᠠᠭ ᠬᠤᠲᠠ᠂ ᠬᠤᠰᠢᠭᠤ ᠰᠢᠶᠠᠨ (ᠬᠤᠲᠠ᠂ ᠲᠣᠭᠤᠷᠢᠭ)᠎ᠨᠢ ᠴᠠᠭ᠋ᠠᠨ ᠢᠳᠡᠭᠡᠨ᠎ᠤ ᠠᠵᠤ ᠠᠬᠤᠶ᠋ᠢᠯᠠᠯ᠂ ᠲᠡᠵᠢᠭᠡᠭᠴᠢ᠂ ᠠᠵᠢᠯ ᠲᠦᠷᠦᠯ᠎ᠤᠨ ᠨᠡᠶ᠋ᠢᠭᠡᠮᠯᠢᠭ᠎ᠤᠨ ᠣᠷᠤᠯᠴᠠᠭᠰᠠᠨ ᠲᠦᠭᠦᠬᠡᠢ ᠰᠦᠨ᠎ᠤ ᠦᠨ᠎ᠡ ᠬᠠᠩᠰᠢ ᠵᠢᠨ ᠵᠦᠪᠳᠡᠯᠴᠡᠬᠦ ᠵᠦᠪᠯᠡᠯ᠎ᠢ ᠪᠠᠶ᠋ᠢᠭᠤᠯᠵᠤ᠂ ᠲᠡᠵᠢᠭᠡᠨ ᠦᠷᠡᠵᠢᠭᠦᠯᠬᠦ ᠦᠪᠡᠷ᠎ᠤᠨ ᠥᠷᠲᠡᠭ᠎ᠢ ᠲᠣᠭᠲᠠᠮᠠᠯ ᠬᠤᠭᠤᠴᠠᠭ᠎ᠠ᠎ᠲᠠᠢ᠎ᠪᠠᠷ ᠬᠢᠨᠠᠨ ᠰᠢᠨᠵᠢᠵᠦ᠂ ᠲᠥᠭᠦᠬᠡᠢ ᠰᠦ ᠬᠢᠭᠡᠳ ᠪᠦᠲᠦᠭᠡᠭᠳᠡᠭᠦᠨ᠎ᠤ ᠦᠨ᠎ᠡ ᠬᠠᠩᠰᠢ ᠵᠢᠨ ᠵᠣᠬᠢᠰᠲᠠᠢ ᠬᠠᠷᠢᠴᠠᠯ ᠵᠶ᠋ᠠᠷ ᠯᠠᠪᠯᠠᠯᠲᠠ ᠪᠣᠯᠭ᠋ᠠᠵᠤ᠂ ᠲᠥᠭᠦᠬᠡᠢ ᠰᠦ ᠬᠤᠳᠠᠯᠳᠤᠨ ᠠᠪᠬᠤ᠎ᠳᠤ ᠯᠠᠪᠯᠠᠯᠲᠠ ᠪᠣᠯᠭ᠋ᠠᠬᠤ ᠦᠨ᠎ᠡ ᠬᠠᠩᠰᠢ ᠵᠢ ᠬᠠᠩᠭ᠋ᠠᠵᠤ᠂ ᠪᠣᠯᠪᠠᠰᠤᠷᠠᠭᠤᠯᠬᠤ ᠠᠵᠤ ᠠᠬᠤᠶ᠋ᠢᠯᠠᠯ᠎ᠢ ᠬᠦᠲᠦᠯᠦᠨ ᠵᠢᠯᠤᠭᠤᠳᠴᠤ ᠪᠠᠶ᠋ᠢᠭ᠋ᠠᠳ ᠬᠤᠳᠠᠯᠳᠤᠨ ᠠᠪᠬᠤ ᠵᠣᠬᠢᠰᠲᠠᠢ ᠦᠨ᠎ᠡ ᠬᠠᠩᠰᠢ ᠵᠢ ᠲᠣᠭᠲᠠᠭ᠋ᠠᠯᠭ᠋ᠠᠨ᠎ᠠ᠃

     3. ᠲᠡᠵᠢᠭᠡᠨ ᠦᠷᠡᠵᠢᠭᠦᠯᠬᠦ ᠪᠠ ᠪᠤᠯᠪᠠᠰᠤᠷᠠᠭᠤᠯᠬᠤ ᠵᠢ ᠨᠢᠭᠡ ᠴᠤᠭᠴᠠᠵᠢᠭᠤᠯᠤᠭᠰᠠᠨ ᠬᠥᠭᠵᠢᠯᠲᠡ ᠵᠢ ᠠᠬᠢᠭᠤᠯᠤᠨ᠎ᠠ᠃ ᠴᠠᠭ᠋ᠠᠨ ᠢᠳᠡᠭᠡ ᠪᠣᠯᠪᠠᠰᠤᠷᠠᠭᠤᠯᠬᠤ ᠠᠵᠤ ᠠᠬᠤᠶ᠋ᠢᠯᠠᠯ ᠬᠢᠭᠡᠳ ᠬᠤᠷᠰᠢᠭᠰᠠᠨ ᠮᠠᠯᠵᠢᠯ᠎ᠤᠨ ᠲᠠᠯᠠᠪᠠᠢ᠎ᠨᠢ ᠬᠠᠷᠢᠯᠴᠠᠨ ᠬᠤᠪᠢᠴᠠᠭ᠎ᠠ ᠣᠷᠤᠭᠤᠯᠬᠤ᠂ ᠪᠡᠯᠡ ᠲᠣᠬᠢᠷᠠᠭᠤᠯᠬᠤ᠂ ᠳᠠᠬᠢᠨ ᠵᠣᠬᠢᠶᠠᠨ ᠪᠠᠶ᠋ᠢᠭᠤᠯᠬᠤ ᠵᠡᠷᠭᠡ ᠬᠡᠯᠪᠡᠷᠢ᠎ᠪᠠᠷ ᠠᠰᠢᠭ ᠲᠤᠰᠠ᠎ᠪᠠᠨ ᠬᠠᠮᠲᠤ᠎ᠪᠠᠷ ᠬᠦᠷᠲᠡᠬᠦ ᠵᠢ ᠠᠬᠢᠭᠤᠯᠤᠨ᠎ᠠ᠃ ᠬᠡᠪᠴᠢᠶᠡᠵᠢᠯᠲᠦ ᠲᠡᠵᠢᠭᠡᠨ ᠦᠷᠡᠵᠢᠭᠦᠯᠬᠦ ᠲᠠᠯᠠᠪᠠᠢ᠂ ᠰᠠᠭ᠋ᠠᠯᠢᠴᠢᠳ᠎ᠤᠨ ᠬᠤᠷᠰᠢᠶᠠᠵᠢᠯ᠎ᠤᠨ᠎ᠬᠢᠨ ᠣᠨᠴᠠᠯᠢᠭ᠎ᠲᠠᠢ ᠴᠠᠭ᠋ᠠᠨ ᠢᠳᠡᠭᠡ ᠪᠣᠯᠪᠠᠰᠤᠷᠠᠭᠤᠯᠬᠤ ᠠᠵᠤ ᠠᠬᠤᠶ᠋ᠢᠯᠠᠯ᠎ᠢ ᠦᠪᠡᠰᠦᠪᠡᠨ ᠪᠠᠶ᠋ᠢᠭᠤᠯᠬᠤ ᠪᠣᠶᠣ ᠬᠠᠮᠲᠤᠷᠠᠨ ᠪᠠᠶ᠋ᠢᠭᠤᠯᠬᠤ ᠵᠢ ᠲᠡᠳᠭᠦᠵᠦ᠂ 《ᠰᠠᠭ᠋ᠠᠯᠢᠴᠢᠳ + ᠬᠤᠷᠰᠢᠶᠠᠵᠢᠯ + ᠮᠠᠯᠵᠢᠯ᠎ᠤᠨ ᠲᠠᠯᠠᠪᠠᠢ + ᠠᠵᠤ ᠦᠢ᠍ᠯᠡᠳᠪᠦᠷᠢ》 ᠭᠡᠬᠦ ᠰᠢᠨ᠎ᠡ ᠬᠡᠯᠪᠡᠷᠢ ᠪᠦᠬᠦᠢ ᠠᠰᠢᠭ ᠲᠤᠰᠠ ᠵᠢᠨ ᠬᠠᠮᠲᠤ ᠵᠢᠨ ᠴᠤᠭᠴᠠ ᠵᠢ ᠪᠠᠶ᠋ᠢᠭᠤᠯᠤᠨ᠎ᠠ᠃ ᠤᠯᠤᠰ᠎ᠤᠨ ᠦᠮᠴᠢᠯᠡᠯ᠎ᠤᠨ ᠲᠠᠷᠢᠶᠠᠯᠠᠩ ᠮᠠᠯᠵᠢᠯ᠎ᠤᠨ ᠲᠠᠯᠠᠪᠠᠢ ᠬᠢᠭᠡᠳ ᠴᠠᠭ᠋ᠠᠨ ᠢᠳᠡᠭᠡ ᠪᠣᠯᠪᠠᠰᠤᠷᠠᠭᠤᠯᠬᠤ ᠠᠵᠤ ᠠᠬᠤᠶ᠋ᠢᠯᠠᠯ᠎ᠤᠨ ᠬᠠᠮᠲᠤᠷᠠᠯᠴᠠᠭ᠎ᠠ ᠵᠢ ᠠᠬᠢᠭᠤᠯᠵᠤ᠂ 《ᠬᠡᠪᠴᠢᠶᠡᠵᠢᠯ + ᠠᠵᠤ ᠦᠢ᠍ᠯᠡᠰ᠎ᠤᠨ ᠬᠡᠯᠬᠢᠶ᠎ᠡ》 ᠵᠢᠨ ᠨᠢᠭᠡ ᠴᠤᠭᠴᠠᠵᠢᠭᠤᠯᠤᠭᠰᠠᠨ ᠵᠠᠭᠪᠤᠷ ᠵᠶ᠋ᠠᠷ ᠪᠡᠯᠡ ᠮᠦᠩᠭᠦ᠂ ᠡᠬᠢ ᠪᠠᠶᠠᠯᠢᠭ᠂ ᠮᠡᠷᠭᠡᠵᠢᠯ᠂ ᠬᠠᠮᠢᠶᠠᠷᠤᠯᠲᠠ ᠵᠡᠷᠭᠡ ᠬᠦᠴᠦᠨ ᠵᠦᠢ᠍ᠯ᠎ᠢ ᠡᠮᠬᠢᠯᠡᠨ ᠨᠡᠶ᠋ᠢᠯᠡᠭᠦᠯᠵᠦ᠂ ᠪᠦᠬᠦ ᠠᠵᠤ ᠦᠢ᠍ᠯᠡᠰ᠎ᠤᠨ ᠬᠡᠯᠬᠢᠶᠡᠨ᠎ᠤ ᠨᠢᠭᠡ ᠴᠤᠭᠴᠠᠵᠢᠭᠤᠯᠤᠨ ᠬᠥᠭᠵᠢᠭᠦᠯᠦᠭᠰᠡᠨ ᠤᠳᠣ ᠦᠶ᠎ᠡ ᠵᠢᠨ ᠠᠵᠤ ᠠᠬᠤᠶ᠋ᠢᠯᠠᠯ᠎ᠢ ᠪᠦᠲᠦᠭᠡᠨ ᠪᠠᠶ᠋ᠢᠭᠤᠯᠤᠨ᠎ᠠ᠃

     (ᠳᠥᠷᠪᠡ) ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠤᠯᠭ᠋ᠠᠭᠤᠷᠢᠯᠠᠯ ᠬᠢᠭᠡᠳ ᠦᠢ᠍ᠯᠡᠴᠢᠯᠡᠭᠡ ᠵᠢ ᠴᠢᠩᠭ᠋ᠠᠷᠠᠭᠤᠯᠤᠨ᠎ᠠ᠃

     1. ᠰᠦ ᠴᠠᠭ᠋ᠠᠨ ᠢᠳᠡᠭᠡᠨ᠎ᠤ ᠦᠢ᠍ᠯᠡᠰ᠎ᠤᠨ ᠰᠠᠭᠤᠷᠢ ᠰᠤᠳᠤᠯᠭ᠋ᠠᠨ᠎ᠢ ᠴᠢᠩᠭ᠋ᠠᠳᠬᠠᠨ᠎ᠠ᠃ ᠶᠡᠭᠡ ᠳᠡᠭᠡᠳᠦ ᠰᠤᠷᠭ᠋ᠠᠭᠤᠯᠢ ᠪᠣᠯᠣᠨ ᠡᠷᠳᠡᠮ ᠰᠢᠨᠵᠢᠯᠡᠭᠡᠨ᠎ᠤ ᠬᠦᠷᠢᠶᠡᠯᠡᠩ ᠭᠠᠵᠠᠷ᠎ᠤᠨ᠎ᠬᠢᠨ᠎ᠤ ᠰᠦ ᠴᠠᠭ᠋ᠠᠨ ᠢᠳᠡᠭᠡᠨ᠎ᠤ ᠰᠤᠳᠤᠯᠭ᠋ᠠᠨ᠎ᠤ ᠰᠢᠨᠵᠢᠯᠡᠭᠡᠨ ᠪᠣᠯᠣᠨ ᠭᠤᠣᠯᠳᠠᠯᠭ᠎ᠠ᠎ᠲᠠᠢ ᠲᠣᠷᠰᠢᠯᠲᠠ ᠵᠢᠨ ᠲᠠᠰᠤᠭ ᠪᠠᠶ᠋ᠢᠭᠤᠯᠬᠤ ᠵᠢ ᠳᠡᠮᠵᠢᠵᠦ᠂ ᠡᠭᠦᠯᠳᠡᠷ ᠪᠤᠶ᠋ᠢᠵᠢᠭᠤᠯᠬᠤ᠂ ᠲᠡᠵᠢᠭᠡᠯ ᠡᠪᠡᠰᠤ ᠪᠤᠷᠳᠤᠭ᠎ᠠ᠂ ᠬᠠᠮᠢᠶᠠᠷᠤᠯᠲᠠ᠂ ᠬᠢᠵᠢᠭ ᠡᠪᠡᠳᠴᠢᠨ᠂ ᠮᠢᠺᠷᠤᠪ᠎ᠤᠨ ᠢᠰᠭᠡᠯᠲᠡ ᠪᠣᠯᠣᠨ ᠸᠠᠺᠼᠢᠨ᠎ᠢ ᠰᠤᠳᠤᠯᠤᠨ ᠨᠡᠭᠡᠭᠡᠬᠦ ᠵᠡᠷᠭᠡ ᠰᠠᠭᠤᠷᠢ ᠰᠤᠳᠤᠯᠭ᠋ᠠᠨ᠎ᠢ ᠦᠷᠨᠢᠭᠦᠯᠵᠦ᠂ ᠰᠦ ᠴᠠᠭ᠋ᠠᠨ ᠢᠳᠡᠭᠡᠨ᠎ᠤ ᠦᠢ᠍ᠯᠡᠰ᠎ᠤᠨ ᠳᠡᠭᠡᠳᠦ ᠳᠡᠰ᠎ᠤᠨ ᠴᠢᠳᠠᠪᠤᠷᠢᠲᠠᠨ᠎ᠢ ᠬᠦᠮᠦᠵᠢᠭᠦᠯᠵᠦ᠂ ᠰᠦ ᠴᠠᠭ᠋ᠠᠨ ᠢᠳᠡᠭᠡᠨ᠎ᠤ ᠦᠢ᠍ᠯᠡᠰ᠎ᠤᠨ ᠬᠥᠭᠵᠢᠯᠲᠡ᠎ᠳᠤ ᠰᠠᠭᠤᠷᠢ ᠪᠠᠲᠤᠯᠠᠭ᠎ᠠ ᠵᠢ ᠬᠠᠩᠭ᠋ᠠᠨ᠎ᠠ᠃ ᠴᠠᠭ᠋ᠠᠨ ᠢᠳᠡᠭᠡᠨ᠎ᠤ ᠠᠵᠤ ᠠᠬᠤᠶ᠋ᠢᠯᠠᠯ᠎ᠤᠨ ᠨᠢᠭᠡᠨᠲᠡ ᠪᠠᠶ᠋ᠢᠭ᠎ᠠ ᠭᠤᠣᠯᠳᠠᠯᠭ᠎ᠠ᠎ᠲᠠᠢ ᠲᠣᠷᠰᠢᠯᠲᠠ ᠵᠢᠨ ᠲᠠᠰᠤᠭ᠎ᠲᠤ᠎ᠪᠠᠨ ᠲᠦᠰᠢᠭᠯᠡᠵᠦ᠂ ᠠᠵᠤ ᠠᠬᠤᠶ᠋ᠢᠯᠠᠯ᠎ᠤᠨ ᠪᠡᠶ᠎ᠡ᠎ᠪᠠᠨ ᠳᠠᠭ᠋ᠠᠵᠤ ᠰᠢᠨ᠎ᠡ ᠵᠢ ᠡᠭᠦᠳᠬᠦ ᠴᠢᠳᠠᠪᠤᠷᠢ᠎ᠪᠠᠨ ᠳᠡᠭᠡᠭᠰᠢᠯᠡᠭᠦᠯᠦᠨ᠂ ᠠᠵᠢᠯ ᠲᠦᠷᠦᠯ᠎ᠤᠨ ᠮᠡᠷᠭᠡᠵᠢᠯ᠎ᠤᠨ ᠳᠠᠪᠰᠢᠯᠲᠠ ᠵᠢ ᠬᠦᠲᠦᠯᠦᠨ ᠳᠠᠭ᠋ᠠᠭᠤᠯᠬᠤ ᠵᠢ ᠵᠣᠷᠢᠬ᠍ᠵᠢᠭᠤᠯᠤᠨ᠎ᠠ᠃

     2. ᠮᠡᠷᠭᠡᠵᠢᠯ ᠳᠡᠯᠭᠡᠷᠡᠭᠦᠯᠬᠦ ᠪᠠ ᠦᠢ᠍ᠯᠡᠴᠢᠯᠡᠭᠡ ᠵᠢ ᠴᠢᠩᠭ᠋ᠠᠷᠠᠭᠤᠯᠤᠨ᠎ᠠ᠃ ᠰᠠᠭ᠋ᠠᠯᠢ ᠵᠢᠨ ᠦᠨᠢᠶᠡᠨ᠎ᠤ ᠠᠵᠤ ᠦᠢ᠍ᠯᠡᠰ᠎ᠤᠨ ᠮᠡᠷᠭᠡᠵᠢᠯ᠎ᠤᠨ ᠰᠢᠰᠲ᠋ᠧᠮᠵᠢ ᠵᠢᠴᠢ ᠮᠠᠯ ᠠᠵᠤ ᠠᠬᠤᠢ ᠮᠠᠯ᠎ᠤᠨ ᠡᠮᠴᠢ ᠵᠢᠨ ᠳᠡᠯᠭᠡᠷᠡᠭᠦᠯᠬᠦ ᠪᠠᠶ᠋ᠢᠭᠤᠯᠤᠮᠵᠢ᠎ᠳᠤ ᠲᠦᠰᠢᠭᠯᠡᠵᠦ᠂ ᠵᠠᠩᠬᠢᠯᠠᠭ᠎ᠠ ᠵᠢᠨ ᠮᠡᠷᠭᠡᠵᠢᠯ᠎ᠤᠨ ᠬᠤᠷᠠᠮᠠᠯ ᠵᠢᠱ᠌ᠢᠶ᠎ᠡ ᠦᠵᠡᠭᠦᠯᠬᠦ ᠪᠠ ᠳᠡᠯᠭᠡᠷᠡᠭᠦᠯᠬᠦ ᠡᠷᠴᠢᠮ ᠵᠶ᠋ᠠᠨ ᠴᠢᠩᠭ᠋ᠠᠷᠠᠭᠤᠯᠤᠨ᠂ ᠰᠠᠭ᠋ᠠᠯᠢ ᠵᠢᠨ ᠦᠨᠢᠶᠡᠨ᠎ᠤ ᠨᠢᠭᠡᠴᠢ ᠭᠠᠷᠤᠯᠲᠠ ᠵᠢᠨ ᠬᠢᠷᠢ ᠬᠡᠮᠵᠢᠶ᠎ᠡ ᠪᠣᠯᠣᠨ ᠦᠢ᠍ᠯᠡᠳᠪᠦᠷᠢᠯᠡᠯ᠎ᠤᠨ ᠦᠷ᠎ᠡ ᠪᠦᠲᠦᠮᠵᠢ ᠵᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠮᠡᠷᠭᠡᠵᠢᠯ ᠴᠢᠳᠠᠪᠤᠷᠢ ᠵᠢᠨ ᠦᠢ᠍ᠯᠡᠴᠢᠯᠡᠬᠦ ᠬᠡᠯᠪᠡᠷᠢ ᠵᠢᠨ ᠴᠢᠳᠠᠪᠤᠷᠢᠲᠠᠨ ᠪᠣᠯᠣᠨ ᠮᠠᠯᠵᠢᠯ᠎ᠤᠨ ᠲᠠᠯᠠᠪᠠᠢ ᠵᠢᠨ ᠡᠵᠡᠨᠲᠡᠨ᠎ᠤ ᠪᠣᠯᠪᠠᠰᠤᠷᠠᠭᠤᠯᠤᠯ᠎ᠢ ᠴᠢᠩᠭ᠋ᠠᠳᠬᠠᠵᠤ᠂ ᠦᠨᠳᠦᠰᠦᠨ ᠱᠠᠲᠤᠨ᠎ᠤ ᠮᠡᠷᠭᠡᠵᠢᠯ ᠳᠡᠯᠭᠡᠷᠡᠭᠦᠯᠬᠦ ᠨᠢᠷᠤᠭᠤᠪᠴᠢ ᠬᠦᠴᠦᠨ᠎ᠤ ᠦᠢ᠍ᠯᠡᠴᠢᠯᠡᠬᠦ ᠴᠢᠳᠠᠪᠤᠷᠢ ᠪᠣᠯᠣᠨ ᠰᠦ ᠴᠠᠭ᠋ᠠᠨ ᠢᠳᠡᠭᠡᠨ᠎ᠤ ᠦᠢ᠍ᠯᠡᠰ᠎ᠤᠨ ᠠᠵᠢᠯ ᠡᠷᠬᠢᠯᠡᠭᠰᠡᠳ᠎ᠤᠨ ᠪᠦᠬᠦ᠋ᠢ᠍ᠯᠡ ᠬᠡᠪ ᠴᠢᠨᠠᠷ᠎ᠢ᠎ᠨᠢ ᠳᠡᠭᠡᠭᠰᠢᠯᠡᠭᠦᠯᠦᠨ᠎ᠡ᠃

     3. ᠨᠡᠶ᠋ᠢᠭᠡᠮᠴᠢᠯᠡᠭᠰᠡᠨ ᠦᠢ᠍ᠯᠡᠴᠢᠯᠡᠭᠡᠨ᠎ᠤ ᠰᠢᠰᠲ᠋ᠧᠮᠵᠢ ᠵᠢ ᠪᠦᠷᠢᠨᠰᠢᠭᠦᠯᠦᠨ᠎ᠡ᠃ ᠭᠡᠷ ᠪᠦᠯᠢ ᠵᠢᠨ ᠮᠠᠯᠵᠢᠯ᠎ᠤᠨ ᠲᠠᠯᠠᠪᠠᠢ ᠵᠢᠨ ᠨᠡᠶ᠋ᠢᠭᠡᠮ᠎ᠤᠨ ᠦᠢ᠍ᠯᠡᠴᠢᠯᠡᠭᠡᠨ᠎ᠤ ᠰᠢᠰᠲ᠋ᠧᠮᠵᠢ ᠵᠢᠨ ᠲᠣᠷᠰᠢᠯᠲᠠ ᠵᠢᠨ ᠴᠡᠭ᠎ᠤᠨ ᠪᠦᠲᠦᠭᠡᠨ ᠪᠠᠶ᠋ᠢᠭᠤᠯᠤᠯᠲᠠ ᠵᠢ ᠳᠡᠮᠵᠢᠵᠦ᠂ ᠮᠡᠷᠭᠡᠵᠢᠯ᠂ ᠬᠠᠮᠢᠶᠠᠷᠤᠯᠲᠠ᠂ ᠡᠵᠡᠩᠨᠡᠨ ᠬᠤᠳᠠᠯᠳᠤᠭ᠋ᠠᠯᠠᠬᠤ ᠵᠡᠷᠭᠡ ᠪᠦᠬᠦᠨ᠎ᠢ ᠬᠠᠮᠤᠷᠤᠭᠰᠠᠨ ᠪᠤᠯᠪᠠᠰᠤᠷᠠᠭᠤᠯᠤᠯ ᠪᠣᠯᠣᠨ ᠦᠢ᠍ᠯᠡᠴᠢᠯᠡᠭᠡ ᠵᠢ ᠦᠷᠨᠢᠭᠦᠯᠦᠨ᠎ᠡ᠃ ᠰᠠᠭ᠋ᠠᠯᠢᠴᠢᠳ᠎ᠤᠨ ᠦᠢ᠍ᠯᠡᠴᠢᠯᠡᠭᠡᠨ᠎ᠤ ᠲᠠᠪᠴᠠᠩ᠎ᠢ ᠪᠠᠶ᠋ᠢᠭᠤᠯᠵᠤ᠂ ᠭᠡᠷ ᠪᠦᠯᠢ ᠵᠢᠨ ᠮᠠᠯᠵᠢᠯ᠎ᠤᠨ ᠲᠠᠯᠠᠪᠠᠢ ᠵᠢᠨ ᠲᠣᠭ᠋ᠠᠴᠠᠯᠠᠭᠰᠠᠨ᠂ ᠮᠡᠳᠡᠭᠡ ᠵᠠᠩᠬᠢᠵᠢᠭᠤᠯᠤᠭᠰᠠᠨ ᠬᠠᠮᠢᠶᠠᠷᠤᠯᠲᠠ ᠵᠢ ᠠᠬᠢᠭᠤᠯᠤᠨ᠂ ᠦᠢ᠍ᠯᠡᠳᠪᠦᠷᠢᠯᠡᠯ᠎ᠤᠨ ᠳ᠋ᠡᠶ᠋ᠢᠲ᠋ᠠ ᠵᠢ ᠬᠤᠷᠢᠶᠠᠩᠭᠤᠶ᠋ᠢᠯᠠᠨ ᠵᠠᠳᠠᠯᠬᠤ᠂ ᠶᠠᠰᠤ ᠴᠢᠨᠠᠷ᠎ᠢ᠎ᠨᠢ ᠮᠦᠷᠳᠡᠨ ᠪᠠᠶ᠋ᠢᠴᠠᠭ᠋ᠠᠬᠤ ᠪᠠ ᠠᠷᠠᠴᠢᠯᠠᠨ ᠬᠠᠮᠢᠶᠠᠷᠬᠤ ᠦᠢ᠍ᠯᠡᠴᠢᠯᠡᠭᠡ ᠵᠡᠷᠭᠡ ᠴᠢᠳᠠᠮᠵᠢ ᠵᠢ ᠴᠢᠩᠭ᠋ᠠᠷᠠᠭᠤᠯᠤᠨ᠎ᠠ᠃

     4. 《ᠢᠨᠲ᠋ᠧᠷ ᠰᠦᠯᠵᠢᠶ᠎ᠡ +》 ᠵᠢ ᠢᠳᠡᠪᠬᠢᠲᠡᠢ ᠳᠡᠯᠭᠡᠷᠡᠭᠦᠯᠦᠨ᠎ᠡ᠃ 《ᠢᠨᠲ᠋ᠧᠷ ᠰᠦᠯᠵᠢᠶ᠎ᠡ +》 ᠠᠵᠢᠯᠯᠠᠭ᠋ᠠᠨ᠎ᠤ ᠲᠦᠯᠦᠪᠯᠡᠭᠡ ᠵᠢ ᠬᠡᠷᠡᠭᠵᠢᠭᠦᠯᠵᠦ᠂ ᠡᠯᠧᠺᠳ᠋ᠷᠣᠨ ᠬᠤᠳᠠᠯᠳᠤᠭ᠋ᠠᠨ᠎ᠤ ᠵᠠᠬ᠎ᠠ ᠳᠡᠯᠭᠡᠭᠦᠷ᠎ᠤᠨ ᠭᠤᠣᠯ ᠴᠤᠭᠴᠠ ᠵᠢ ᠪᠤᠶ᠋ᠢᠵᠢᠭᠤᠯᠤᠨ᠎ᠠ᠃ ᠰᠦ ᠰᠠᠭ᠋ᠠᠯᠢ ᠵᠢᠨ ᠪᠦᠲᠦᠭᠡᠭᠳᠡᠭᠦᠨ᠎ᠢ ᠰᠦᠯᠵᠢᠶ᠎ᠡ᠎ᠪᠠᠷ ᠪᠤᠷᠤᠯᠠᠭᠤᠯᠬᠤ ᠵᠢ ᠠᠬᠢᠭᠤᠯᠵᠤ᠂ ᠵᠢᠵᠢᠭᠯᠡᠨ ᠬᠤᠳᠠᠯᠳᠤᠬᠤ ᠪᠡᠶᠡᠴᠢ ᠣᠶ᠋ᠢᠯᠠᠭ᠋ᠠᠯᠲᠠ᠂ ᠨᠡᠷᠡᠲᠦ ᠲᠦᠷᠦᠯ ᠲᠡᠮᠲᠡᠭᠲᠦ ᠵᠢᠨ ᠬᠡᠯᠬᠢᠶ᠎ᠡ᠂ ᠡᠯᠧᠺᠳ᠋ᠷᠣᠨ ᠬᠤᠳᠠᠯᠳᠤᠭ᠎ᠠ ᠵᠡᠷᠭᠡ ᠣᠯᠠᠨ ᠵᠦᠢ᠍ᠯ᠎ᠤᠨ ᠬᠡᠯᠪᠡᠷᠢ ᠵᠢ ᠨᠢᠭᠡ ᠴᠤᠭᠴᠠᠵᠢᠭᠤᠯᠤᠭᠰᠠᠨ ᠪᠣᠷᠤᠯᠠᠭᠤᠯᠭ᠎ᠠ ᠵᠢᠨ ᠰᠢᠨ᠎ᠡ ᠵᠠᠭᠪᠤᠷ᠎ᠢ ᠪᠣᠢ ᠪᠣᠯᠭ᠋ᠠᠵᠤ᠂ ᠨᠢᠭᠡ ᠪᠦᠯᠦᠭ ᠡᠯᠧᠺᠳ᠋ᠷᠣᠨ ᠬᠤᠳᠠᠯᠳᠤᠭ᠋ᠠᠨ᠎ᠤ ᠬᠦᠲᠦᠴᠢ ᠠᠵᠤ ᠠᠬᠤᠶ᠋ᠢᠯᠠᠯ᠎ᠢ ᠪᠦᠷᠢᠯᠳᠦᠭᠦᠯᠦᠨ᠂ ᠪᠤᠬᠢᠷᠳᠤᠯ ᠦᠭᠡᠢ ᠪᠥᠭᠡᠳ ᠤᠷᠭ᠋ᠠᠨᠢᠭ ᠰᠦ ᠰᠠᠭ᠋ᠠᠯᠢ ᠵᠢᠨ ᠪᠦᠲᠦᠭᠡᠭᠳᠡᠭᠦᠨ᠎ᠢ ᠤᠯᠤᠰ ᠳᠠᠶᠠᠭ᠋ᠠᠷ᠎ᠲᠤ ᠲᠦᠯᠬᠢᠨ ᠠᠬᠢᠭᠤᠯᠵᠤ᠂ ᠳᠡᠯᠡᠬᠡᠢ ᠳ᠋ᠠᠬᠢᠨ᠎ᠳᠤ ᠬᠠᠨᠳᠤᠭᠤᠯᠤᠨ᠂ ᠣᠯᠠᠨ ᠤᠯᠤᠰ᠎ᠤᠨ ᠨᠡᠷᠡᠲᠦ ᠲᠦᠷᠦᠯ ᠲᠡᠮᠲᠡᠭᠲᠦ ᠵᠢ ᠪᠣᠢ ᠪᠣᠯᠭ᠋ᠠᠨ᠎ᠠ᠃

      ᠭᠤᠷᠪᠠ᠂ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ

     (ᠨᠢᠭᠡ) ᠡᠳ᠋᠎ᠤᠨ ᠵᠠᠰᠠᠭ ᠭᠠᠶ᠋ᠢᠯᠢ ᠵᠢᠨ ᠶᠠᠪᠤᠳᠠᠯ᠎ᠤᠨ ᠲᠥᠷᠥ ᠵᠢᠨ ᠪᠣᠳᠣᠯᠭ᠎ᠠ ᠵᠢᠨ ᠳᠡᠮᠵᠢᠯᠭᠡ ᠵᠢ ᠴᠢᠩᠭ᠋ᠠᠳᠬᠠᠨ᠎ᠠ᠃ ᠦᠪᠡᠷᠲᠡᠭᠡᠨ ᠵᠠᠰᠠᠬᠤ ᠣᠷᠣᠨ᠎ᠠᠴᠠ ᠰᠦ ᠴᠠᠭ᠋ᠠᠨ ᠢᠳᠡᠭᠡᠨ᠎ᠤ ᠦᠢ᠍ᠯᠡᠰ᠎ᠤᠨ ᠬᠥᠭᠵᠢᠯᠲᠡ ᠵᠢᠨ ᠲᠤᠰᠬᠠᠢ ᠪᠡᠯᠡ ᠮᠦᠩᠭᠦ᠎ᠪᠠᠷ ᠳᠡᠮᠵᠢᠬᠦ ᠡᠷᠴᠢᠮ ᠵᠶ᠋ᠠᠨ ᠴᠢᠩᠭ᠋ᠠᠷᠠᠭᠤᠯᠵᠤ᠂ ᠰᠠᠶ᠋ᠢᠨ ᠡᠭᠦᠯᠳᠡᠷ᠎ᠤᠨ ᠰᠠᠭ᠋ᠠᠯᠢ ᠵᠢᠨ ᠦᠨᠢᠶ᠎ᠡ ᠵᠢ ᠭᠠᠳᠠᠭ᠋ᠠᠲᠤ᠎ᠠᠴᠠ ᠣᠷᠤᠭᠤᠯᠬᠤ᠂ ᠪᠡᠯᠭᠡ ᠡᠵᠡᠮᠰᠢᠯᠲᠦ ᠢᠴᠡᠬᠡᠯ ᠦᠷ᠎ᠡ ᠵᠢᠨ ᠨᠦᠬᠦᠪᠦᠷᠢ ᠥᠭᠬᠦ᠂ ᠪᠤᠬ᠎ᠠ ᠵᠢ ᠪᠤᠶ᠋ᠢᠵᠢᠭᠤᠯᠬᠤ᠂ ᠣᠨᠴᠠᠯᠢᠭᠲᠣ ᠴᠠᠭ᠋ᠠᠨ ᠢᠳᠡᠭᠡ ᠪᠣᠯᠪᠠᠰᠤᠷᠠᠭᠤᠯᠬᠤ᠂ ᠰᠠᠭ᠋ᠠᠯᠢ ᠵᠢᠨ ᠦᠨᠢᠶᠡᠨ᠎ᠤ ᠦᠢ᠍ᠯᠡᠳᠪᠦᠷᠢᠯᠡᠯ᠎ᠤᠨ ᠴᠢᠨᠰᠠᠭ᠎ᠠ ᠵᠢ ᠬᠡᠮᠵᠢᠨ ᠲᠣᠭᠲᠠᠭ᠋ᠠᠬᠤ ᠪᠠ ᠦᠨᠳᠦᠷ ᠤᠨᠠᠯᠲᠠ᠎ᠲᠠᠢ ᠴᠠᠷᠭ᠋ᠠᠰᠤ ᠲᠠᠷᠢᠬᠤ ᠵᠡᠷᠭᠡ ᠵᠢ ᠳᠡᠮᠵᠢᠨ᠎ᠡ᠃ ᠲᠠᠷᠢᠶᠠᠯᠠᠩ ᠮᠠᠯ ᠠᠵᠤ ᠠᠬᠤᠢ ᠵᠢᠨ ᠠᠵᠤ ᠦᠢ᠍ᠯᠡᠰᠵᠢᠭᠦᠯᠦᠨ ᠶᠠᠳᠠᠭᠤ ᠵᠢ ᠲᠡᠳᠭᠦᠬᠦ ᠰᠠᠭᠤᠷᠢ ᠮᠦᠩᠭᠦ᠎ᠪᠠᠷ ᠰᠦ ᠴᠠᠭ᠋ᠠᠨ ᠢᠳᠡᠭᠡᠨ᠎ᠤ ᠦᠢ᠍ᠯᠡᠰ᠎ᠤᠨ ᠦᠷᠨᠢᠨ ᠬᠥᠭᠵᠢᠬᠦ ᠵᠢ ᠭᠤᠣᠯᠳᠠᠯᠭ᠎ᠠ᠎ᠲᠠᠢ ᠲᠤᠰᠠᠯᠠᠨ ᠲᠡᠳᠭᠦᠨ᠎ᠡ᠃ ᠰᠤᠷᠤᠭᠴᠢᠳ᠎ᠤᠨ ᠢᠳᠡᠬᠦ ᠰᠦ ᠵᠢᠨ ᠲᠦᠯᠦᠪᠯᠡᠭᠡ ᠵᠢ ᠬᠡᠷᠡᠭᠵᠢᠭᠦᠯᠦᠨ᠎ᠡ᠃ ᠡᠯ᠎ᠡ ᠭᠠᠵᠠᠷ ᠣᠷᠣᠨ᠎ᠨᠢ ᠡᠳ᠋᠎ᠤᠨ ᠵᠠᠰᠠᠭ᠎ᠤᠨ ᠳᠡᠮᠵᠢᠬᠦ ᠡᠷᠴᠢᠮ ᠵᠶ᠋ᠠᠨ ᠴᠢᠩᠭ᠋ᠠᠷᠠᠭᠤᠯᠵᠤ᠂ ᠬᠠᠮᠢᠶ᠎ᠠ ᠪᠦᠬᠦᠢ ᠪᠡᠯᠡ ᠮᠦᠩᠭᠦ ᠵᠢ ᠨᠢᠭᠡᠲᠦᠯᠲᠡᠢ ᠲᠦᠯᠦᠪᠯᠡᠵᠦ ᠰᠦ ᠴᠠᠭ᠋ᠠᠨ ᠢᠳᠡᠭᠡᠨ᠎ᠤ ᠦᠢ᠍ᠯᠡᠰ᠎ᠢ ᠦᠷᠨᠢᠨ ᠬᠥᠭᠵᠢᠭᠦᠯᠬᠦ ᠡᠯ᠎ᠡ ᠵᠦᠢ᠍ᠯ᠎ᠤᠨ ᠠᠵᠢᠯ᠎ᠢ ᠳᠡᠮᠵᠢᠨ᠎ᠡ᠃ ᠰᠦ ᠴᠠᠭ᠋ᠠᠨ ᠢᠳᠡᠭᠡᠨ᠎ᠤ ᠦᠢ᠍ᠯᠡᠰ᠎ᠤᠨ ᠬᠥᠭᠵᠢᠯᠲᠡ ᠵᠢ ᠳᠡᠮᠵᠢᠬᠦ ᠤᠯᠤᠰ᠎ᠤᠨ᠂ ᠦᠪᠡᠷᠲᠡᠭᠡᠨ ᠵᠠᠰᠠᠬᠤ ᠣᠷᠣᠨ᠎ᠤ ᠭᠠᠶ᠋ᠢᠯᠢ ᠲᠠᠲᠠᠪᠤᠷᠢ ᠵᠢᠨ ᠬᠠᠷᠠᠭ᠋ᠠᠯᠵᠠᠯᠲᠤ ᠲᠥᠷᠥ ᠵᠢᠨ ᠪᠣᠳᠣᠯᠭ᠎ᠠ ᠵᠢ ᠪᠦᠬᠦ ᠲᠠᠯ᠎ᠠ᠎ᠪᠠᠷ ᠨᠠᠶ᠋ᠢᠳᠠᠪᠤᠷᠢᠵᠢᠭᠤᠯᠵᠤ᠂ ᠮᠠᠨ᠎ᠤ ᠣᠷᠣᠨ᠎ᠤ ᠰᠦ ᠴᠠᠭ᠋ᠠᠨ ᠢᠳᠡᠭᠡᠨ᠎ᠤ ᠦᠢ᠍ᠯᠡᠰ᠎ᠤᠨ ᠦᠷᠨᠢᠨ ᠬᠥᠭᠵᠢᠬᠦ ᠵᠢ ᠳᠡᠮᠵᠢᠨ᠎ᠡ᠃

     (ᠬᠤᠶᠠᠷ) ᠮᠦᠩᠭᠦᠨ ᠭᠦᠢ᠍ᠯᠭᠡᠭᠡᠨ᠎ᠤ ᠳᠠᠭ᠋ᠠᠳᠬᠠᠯ᠎ᠤᠨ ᠳᠡᠮᠵᠢᠯᠭᠡ ᠵᠢ ᠴᠢᠩᠭ᠋ᠠᠷᠠᠭᠤᠯᠤᠨ᠎ᠠ᠃ ᠬᠦᠲᠦᠴᠢ ᠠᠵᠤ ᠠᠬᠤᠶ᠋ᠢᠯᠠᠯ᠎ᠤᠨ ᠰᠢᠭᠤᠳ ᠪᠡᠯᠡ ᠲᠣᠬᠢᠷᠠᠭᠤᠯᠬᠤ ᠪᠠ ᠰᠦ ᠴᠠᠭ᠋ᠠᠨ ᠢᠳᠡᠭᠡᠨ᠎ᠤ ᠦᠢ᠍ᠯᠡᠰ᠎ᠤᠨ ᠵᠢᠵᠢᠭ ᠪᠢᠴᠢᠯ ᠠᠵᠤ ᠠᠬᠤᠶ᠋ᠢᠯᠠᠯ᠎ᠤᠨ ᠬᠤᠷᠢᠶᠠᠪᠠᠰᠤ ᠵᠣᠬᠢᠬᠤ ᠠᠪᠴᠠᠭ᠋ᠠᠨ᠎ᠤ ᠵᠤᠭᠤᠰ ᠵᠶ᠋ᠠᠷ ᠪᠡᠯᠡ ᠲᠣᠬᠢᠷᠠᠭᠤᠯᠬᠤ ᠵᠢ ᠳᠡᠮᠵᠢᠵᠦ᠂ ᠵᠢᠭᠡᠯᠡᠯᠭᠡ ᠪᠤᠶᠤ ᠢᠲᠡᠭᠡᠮᠵᠢ ᠣᠯᠬᠤ ᠲᠤᠭ᠎ᠠ ᠬᠡᠮᠵᠢᠶ᠎ᠡ ᠵᠢ ᠵᠣᠬᠢᠬᠤ ᠬᠡᠮᠵᠢᠶ᠎ᠡ᠎ᠪᠠᠷ ᠳᠡᠭᠡᠭᠰᠢᠯᠡᠭᠦᠯᠦᠨ᠂ ᠵᠢᠵᠢᠭ ᠠᠵᠤ ᠠᠬᠤᠶ᠋ᠢᠯᠠᠯ᠎ᠢ ᠳᠡᠮᠵᠢᠬᠦ ᠳᠠᠬᠢᠨ ᠵᠢᠭᠡᠯᠡᠯᠭᠡ ᠵᠢ ᠰᠢᠨ᠎ᠡ᠎ᠪᠠᠷ ᠨᠡᠮᠡᠭᠳᠡᠭᠦᠯᠬᠦ ᠵᠡᠷᠭᠡ᠎ᠪᠠᠷ ᠰᠦ ᠴᠠᠭ᠋ᠠᠨ ᠢᠳᠡᠭᠡᠨ᠎ᠤ ᠵᠢᠵᠢᠭ ᠪᠢᠴᠢᠯ ᠠᠵᠤ ᠠᠬᠤᠶ᠋ᠢᠯᠠᠯ᠎ᠢ ᠤᠷᠢᠳ ᠵᠶ᠋ᠠᠷ ᠳᠡᠮᠵᠢᠨ᠎ᠡ᠃ ᠵᠠᠬ᠎ᠠ ᠳᠡᠯᠭᠡᠭᠦᠷ᠎ᠤᠨ ᠬᠡᠷᠡᠭᠴᠡᠭᠡ ᠱᠠᠭ᠋ᠠᠷᠳᠠᠯᠭ᠎ᠠ᠎ᠳᠤ ᠵᠣᠬᠢᠴᠠᠭᠰᠠᠨ ᠪᠠᠲᠤᠯᠠᠭ᠋ᠠᠲᠤ ᠲᠣᠭ᠋ᠠᠨ᠎ᠤ ᠨᠦᠬᠦᠪᠦᠷᠢᠯᠡᠬᠦ ᠬᠡᠯᠪᠡᠷᠢ ᠵᠢᠨ ᠬᠤᠳᠠᠯᠳᠤᠭ᠋ᠠᠨ᠎ᠤ ᠳᠠᠭ᠋ᠠᠳᠬᠠᠯ᠂ ᠣᠷᠣᠯᠭ᠎ᠠ ᠵᠢᠨ ᠳᠠᠭ᠋ᠠᠳᠬᠠᠯ᠂ ᠦᠨ᠎ᠡ ᠬᠠᠩᠰᠢ ᠵᠢᠨ ᠭᠦᠢ᠍ᠴᠡᠳᠭᠡᠯ ᠲᠣᠭ᠋ᠠᠨ᠎ᠤ ᠳᠠᠭ᠋ᠠᠳᠬᠠᠯ ᠵᠡᠷᠭᠡ ᠰᠢᠨ᠎ᠡ ᠨᠡᠷᠡᠳᠭᠦᠨ᠎ᠢ ᠨᠡᠭᠡᠭᠡᠨ ᠬᠥᠭᠵᠢᠭᠦᠯᠵᠦ᠂ ᠰᠢᠨ᠎ᠡ ᠬᠡᠯᠪᠡᠷᠢ ᠵᠢᠨ ᠡᠵᠡᠩᠨᠡᠯᠲᠡ ᠵᠢᠨ ᠭᠤᠣᠯ ᠴᠤᠭᠴᠠ ᠵᠢᠨ ᠳᠠᠭ᠋ᠠᠳᠬᠠᠯ᠎ᠤᠨ ᠬᠡᠷᠡᠭᠴᠡᠭᠡ ᠱᠠᠭ᠋ᠠᠷᠳᠠᠯᠭ᠎ᠠ ᠵᠢ ᠬᠠᠩᠭ᠋ᠠᠨ᠎ᠠ᠃ ᠰᠠᠭ᠋ᠠᠯᠢ ᠵᠢᠨ ᠦᠨᠢᠶᠡᠨ᠎ᠤ ᠠᠮᠢᠳᠤ ᠴᠤᠭᠴᠠ ᠵᠢᠨ ᠪᠠᠷᠢᠴᠠᠭ᠋ᠠᠲᠣ ᠵᠢᠭᠡᠯᠡᠯᠭᠡ᠂ ᠲᠡᠵᠢᠭᠡᠨ ᠦᠷᠡᠵᠢᠭᠦᠯᠬᠦ ᠲᠠᠯᠠᠪᠠᠢ ᠵᠢᠨ ᠪᠠᠷᠢᠴᠠᠭ᠋ᠠᠲᠣ ᠵᠢᠭᠡᠯᠡᠯᠭᠡ ᠵᠢ ᠦᠷᠨᠢᠭᠦᠯᠵᠦ᠂ ᠨᠦᠬᠦᠴᠡᠯ᠎ᠳᠤ ᠨᠡᠶ᠋ᠢᠴᠡᠬᠦ ᠳᠤᠮᠳᠠ ᠵᠢᠵᠢᠭ ᠮᠠᠯᠵᠢᠯ᠎ᠤᠨ ᠲᠠᠯᠠᠪᠠᠢ ᠵᠢᠨ ᠵᠢᠭᠡᠯᠡᠯᠭᠡ ᠵᠢ ᠲᠠᠷᠢᠶᠠᠯᠠᠩ᠎ᠤᠨ ᠢᠲᠡᠭᠡᠮᠵᠢᠲᠦ ᠵᠢᠭᠡᠯᠡᠯᠭᠡ ᠵᠢᠨ ᠳᠠᠭ᠋ᠠᠭ᠋ᠠᠯᠲᠠ ᠵᠢᠨ ᠰᠢᠰᠲ᠋ᠧᠮᠵᠢ᠎ᠳᠤ ᠣᠷᠤᠭᠤᠯᠬᠤ ᠵᠢ ᠳᠡᠮᠵᠢᠨ᠎ᠡ᠃

     (ᠭᠤᠷᠪᠠ) ᠭᠠᠵᠠᠷ ᠰᠢᠷᠤᠢ ᠬᠡᠷᠡᠭᠯᠡᠬᠦ ᠲᠥᠷᠥ ᠵᠢᠨ ᠪᠣᠳᠣᠯᠭ᠎ᠠ ᠵᠢᠨ ᠳᠡᠮᠵᠢᠯᠭᠡ ᠵᠢ ᠬᠠᠩᠭ᠋ᠠᠨ᠎ᠠ᠃ ᠰᠦ ᠴᠠᠭ᠋ᠠᠨ ᠢᠳᠡᠭᠡᠨ᠎ᠤ ᠦᠢ᠍ᠯᠡᠰ᠎ᠤᠨ ᠪᠣᠯᠪᠠᠰᠤᠷᠠᠭᠤᠯᠬᠤ ᠠᠵᠤ ᠠᠬᠤᠶ᠋ᠢᠯᠠᠯ᠎ᠤᠨ ᠪᠦᠲᠦᠭᠡᠨ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ᠎ᠢ ᠭᠠᠵᠠᠷ ᠰᠢᠷᠤᠢ ᠠᠰᠢᠭᠯᠠᠬᠤ ᠵᠢᠯ᠎ᠤᠨ ᠲᠦᠯᠦᠪᠯᠡᠭᠡ᠎ᠳᠤ ᠡᠩ ᠲᠡᠷᠢᠭᠦᠨ᠎ᠳᠤ ᠣᠷᠤᠭᠤᠯᠬᠤ ᠵᠢᠨ ᠬᠠᠮᠲᠤ ᠭᠤᠣᠯᠳᠠᠯᠭ᠎ᠠ᠎ᠲᠠᠢ ᠬᠠᠷᠠᠭ᠋ᠠᠯᠵᠠᠨ᠎ᠠ᠃ ᠤᠯᠤᠰ᠎ᠤᠨ ᠦᠮᠴᠢᠯᠡᠯ᠎ᠤᠨ ᠪᠦᠲᠦᠭᠡᠨ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ᠎ᠢ ᠬᠡᠷᠡᠭᠯᠡᠬᠦ᠎ᠳᠤ ᠦᠨᠡᠨ ᠬᠦ᠌ ᠰᠢᠯᠵᠢᠭᠦᠯᠦᠨ ᠠᠪᠬᠤ ᠴᠢᠬᠤᠯᠠᠲᠠᠢ ᠪᠠᠶ᠋ᠢᠪᠠᠯ᠂ ᠤᠯᠤᠰ᠎ᠤᠨ ᠬᠠᠮᠤᠭ᠎ᠤᠨ ᠳᠣᠣᠷ᠎ᠠ ᠦᠨ᠎ᠡ ᠬᠠᠩᠰᠢ ᠵᠢᠨ ᠪᠠᠷᠢᠮᠵᠢᠶ᠎ᠠ᠎ᠠᠴᠠ ᠳᠣᠣᠷ᠎ᠠ ᠪᠠᠶ᠋ᠢᠯᠭ᠋ᠠᠬᠤ ᠦᠭᠡᠢ ᠤᠷᠢᠳᠠᠯ ᠳᠣᠣᠷ᠎ᠠ ᠬᠢᠮᠲᠠ᠎ᠪᠠᠷ ᠬᠤᠳᠠᠯᠳᠤᠬᠤ ᠰᠠᠭᠤᠷᠢ ᠦᠨ᠎ᠡ ᠵᠢ ᠲᠣᠭᠲᠠᠭ᠋ᠠᠵᠤ ᠪᠣᠯᠣᠨ᠎ᠠ᠃ ᠰᠦ ᠴᠠᠭ᠋ᠠᠨ ᠢᠳᠡᠭᠡᠨ᠎ᠤ ᠦᠢ᠍ᠯᠡᠰ᠎ᠤᠨ ᠪᠦᠲᠦᠭᠡᠨ ᠪᠠᠶ᠋ᠢᠭᠤᠯᠤᠯᠲᠠ᠎ᠳᠤ ᠬᠡᠷᠡᠭᠯᠡᠬᠦ ᠬᠠᠳᠠᠭ᠋ᠠᠯᠠᠵᠤ ᠪᠠᠶ᠋ᠢᠭ᠎ᠠ ᠭᠠᠵᠠᠷ᠎ᠨᠢ ᠲᠦᠯᠦᠪᠵᠢᠭᠦᠯᠭᠡ᠎ᠳᠤ ᠨᠡᠶ᠋ᠢᠴᠡᠭᠰᠡᠨ᠂ ᠣᠣᠯ᠎ᠤᠨ ᠬᠡᠷᠡᠭᠴᠡᠭᠡ ᠵᠢ᠎ᠨᠢ ᠬᠤᠪᠢᠷᠠᠭᠤᠯᠬᠤ ᠦᠭᠡᠢ ᠤᠷᠢᠳᠠᠯ ᠳᠣᠣᠷ᠎ᠠ᠂ ᠦᠭᠡᠷᠡᠴᠢᠯᠡᠨ ᠪᠠᠶ᠋ᠢᠭᠤᠯᠬᠤ᠂ ᠦᠷᠭᠡᠳᠭᠡᠨ ᠪᠠᠶ᠋ᠢᠭᠤᠯᠬᠤ᠂ ᠮᠡᠷᠭᠡᠵᠢᠯ᠎ᠤᠨ ᠦᠭᠡᠷᠡᠴᠢᠯᠡᠯᠲᠡ ᠬᠢᠬᠦ ᠵᠡᠷᠭᠡ ᠪᠦᠲᠦᠭᠡᠨ ᠪᠠᠶ᠋ᠢᠭᠤᠯᠤᠯᠲᠠ᠎ᠠᠴᠠ ᠪᠣᠯᠵᠤ ᠡᠵᠡᠯᠡᠭᠦᠨ᠎ᠤ ᠨᠤᠷᠮ᠎ᠠ ᠵᠢ ᠨᠡᠮᠡᠭᠳᠡᠭᠦᠯᠦᠭᠰᠡᠨ ᠪᠠᠶ᠋ᠢᠪᠠᠯ᠂ 5 ᠵᠢᠯ᠎ᠤᠨ ᠰᠢᠯᠵᠢᠯᠲᠡ ᠵᠢᠨ ᠬᠤᠭᠤᠴᠠᠭ᠋ᠠᠨ᠎ᠳᠤ ᠭᠠᠵᠠᠷ ᠰᠢᠷᠤᠢ ᠵᠢ ᠬᠢᠮᠳᠠ᠎ᠪᠠᠷ ᠬᠤᠳᠠᠯᠳᠤᠭᠰᠠᠨ ᠦᠨ᠎ᠡ ᠵᠢᠨ ᠵᠤᠭᠤᠰ᠎ᠢ ᠨᠡᠮᠡᠵᠦ ᠬᠤᠷᠢᠶᠠᠬᠤ ᠦᠭᠡᠢ᠃ ᠠᠰᠢᠭᠯᠠᠭ᠋ᠠᠳᠤᠢ ᠭᠠᠵᠠᠷ ᠰᠢᠷᠤᠢ ᠵᠢ ᠰᠦ ᠴᠠᠭ᠋ᠠᠨ ᠢᠳᠡᠭᠡᠨ᠎ᠤ ᠦᠢ᠍ᠯᠡᠰ᠎ᠤᠨ ᠲᠦᠷᠦᠯ ᠵᠦᠢ᠍ᠯ᠎ᠤᠨ ᠪᠦᠲᠦᠭᠡᠨ ᠪᠠᠶ᠋ᠢᠭᠤᠯᠤᠯᠲᠠ᠎ᠳᠤ ᠠᠰᠢᠭᠯᠠᠪᠠᠯ᠂ ᠤᠯᠤᠰ᠎ᠤᠨ ᠬᠤᠯᠪᠣᠭᠳᠠᠯ ᠪᠦᠬᠦᠢ ᠳᠡᠮᠵᠢᠯᠭᠡ ᠵᠢᠨ ᠲᠥᠷᠥ ᠵᠢᠨ ᠪᠣᠳᠣᠯᠭ᠎ᠠ ᠵᠢ ᠬᠦᠷᠲᠡᠭᠡᠨ᠎ᠡ᠃ ᠰᠦ ᠴᠠᠭ᠋ᠠᠨ ᠢᠳᠡᠭᠡᠨ᠎ᠤ ᠦᠢ᠍ᠯᠡᠰ᠎ᠤᠨ ᠪᠦᠲᠦᠭᠡᠨ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ᠎ᠢ ᠤᠷᠲᠤ ᠬᠤᠭᠤᠴᠠᠭ᠎ᠠ᠎ᠪᠠᠷ ᠳᠦᠷᠢᠶᠡᠰᠦᠯᠡᠬᠦ᠂ ᠤᠷᠢᠳ ᠵᠶ᠋ᠠᠷ ᠳᠦᠷᠢᠶᠡᠰᠦᠯᠡᠨ ᠳᠠᠷᠠᠭ᠎ᠠ᠎ᠨᠢ ᠰᠢᠯᠵᠢᠭᠦᠯᠬᠦ᠂ ᠳᠦᠷᠢᠶᠡᠰᠦᠯᠡᠬᠦ ᠪᠠ ᠰᠢᠯᠵᠢᠭᠦᠯᠬᠦ ᠵᠢ ᠤᠶᠠᠯᠳᠤᠭᠤᠯᠬᠤ ᠵᠡᠷᠭᠡ ᠠᠷᠭ᠎ᠠ ᠬᠡᠯᠪᠡᠷᠢ᠎ᠪᠠᠷ ᠬᠠᠩᠭ᠋ᠠᠵᠤ ᠪᠣᠯᠣᠨ᠎ᠠ᠂ ᠵᠢᠯ ᠵᠶ᠋ᠠᠷ ᠭᠠᠵᠠᠷ᠎ᠢ ᠤᠶᠠᠨ ᠬᠠᠷᠢᠮᠠᠬᠠᠢ᠎ᠪᠠᠷ ᠬᠢᠮᠳᠠ᠎ᠪᠠᠷ ᠬᠤᠳᠠᠯᠳᠤᠵᠤ ᠬᠠᠩᠭ᠋ᠠᠬᠤ ᠪᠣᠯᠣᠨ᠎ᠠ᠃ ᠪᠡᠯᠡᠳᠭᠡᠮᠵᠢᠲᠦ ᠲᠠᠷᠢᠶᠠᠯᠠᠩ᠎ᠤᠨ ᠲᠣᠭᠲᠠᠭ᠋ᠠᠯ᠎ᠤᠨ ᠪᠠᠷᠢᠮᠵᠢᠶ᠎ᠠ᠎ᠳᠤ ᠨᠡᠶ᠋ᠢᠴᠡᠭᠰᠡᠨ ᠲᠡᠵᠢᠭᠡᠨ ᠦᠷᠡᠵᠢᠭᠦᠯᠬᠦ ᠲᠠᠯᠠᠪᠠᠢ ᠵᠢᠴᠢ ᠬᠥᠬᠡ᠎ᠪᠠᠷ ᠳᠠᠷᠤᠰᠢᠭᠤᠯᠬᠤ ᠵᠤᠭᠤᠷᠢ (ᠴᠦᠬᠦᠷᠦᠮ)᠂ ᠲᠡᠵᠢᠭᠡᠯ ᠡᠪᠡᠰᠦᠨ᠎ᠤ ᠲᠠᠯᠠᠪᠠᠢ᠂ ᠮᠠᠰᠢᠨ᠎ᠤ ᠪᠦᠷᠬᠦᠭ ᠵᠡᠷᠭᠡ ᠳᠠᠭ᠋ᠠᠯᠳᠤᠭᠤᠯᠤᠯ ᠪᠡᠯᠡᠳᠭᠡᠮᠵᠢ ᠵᠢ ᠲᠠᠷᠢᠶᠠᠯᠠᠩ᠎ᠳᠤ ᠬᠡᠷᠡᠭᠯᠡᠬᠦ ᠭᠠᠵᠠᠷ᠎ᠤᠨ ᠬᠠᠮᠢᠶᠠᠷᠤᠯᠲᠠ᠎ᠳᠤ ᠣᠷᠤᠭᠤᠯᠤᠨ᠎ᠠ᠃ ᠣᠶ᠋ᠢᠵᠢᠭᠤᠯᠬᠤ᠎ᠳᠤ ᠲᠣᠬᠢᠷᠠᠮᠵᠢᠲᠠᠢ ᠭᠠᠵᠠᠷ᠎ᠤᠨ ᠬᠡᠷᠡᠭᠴᠡᠭᠡ ᠵᠢ ᠬᠤᠪᠢᠷᠠᠭᠤᠯᠬᠤ ᠦᠭᠡᠢ᠂ ᠣᠣᠯ᠎ᠤᠨ ᠴᠢᠳᠠᠮᠵᠢ ᠵᠢ ᠪᠠᠭᠤᠷᠠᠭᠤᠯᠬᠤ ᠦᠭᠡᠢ ᠨᠦᠬᠦᠴᠡᠯ ᠳᠣᠣᠷ᠎ᠠ᠂ ᠲᠡᠵᠢᠭᠡᠨ ᠦᠷᠡᠵᠢᠭᠦᠯᠬᠦ ᠲᠠᠯᠠᠪᠠᠢ ᠵᠢᠨ ᠲᠦᠷᠢᠶᠡᠰᠦᠯᠡᠭᠦᠯᠬᠦ ᠵᠡᠷᠭᠡ ᠠᠷᠭ᠎ᠠ ᠬᠡᠯᠪᠡᠷᠢ᠎ᠪᠠᠷ ᠣᠢ᠎ᠲᠠᠢ ᠭᠠᠵᠠᠷ᠎ᠢ ᠬᠡᠷᠡᠭᠯᠡᠬᠦ ᠵᠢ᠎ᠨᠢ ᠵᠥᠪᠰᠢᠶᠡᠷᠡᠨ᠎ᠡ᠃

     (ᠳᠥᠷᠪᠡ) ᠠᠵᠤ ᠠᠬᠤᠶ᠋ᠢᠯᠠᠯ᠎ᠤᠨ ᠵᠠᠬ᠎ᠠ ᠳᠡᠯᠭᠡᠭᠦᠷ᠎ᠲᠤ ᠭᠠᠷᠬᠤ ᠵᠢ ᠢᠳᠡᠪᠬᠢᠲᠡᠢ ᠠᠬᠢᠭᠤᠯᠤᠨ᠎ᠠ᠃ ᠰᠦ ᠴᠠᠭ᠋ᠠᠨ ᠢᠳᠡᠭᠡᠨ᠎ᠤ ᠦᠢ᠍ᠯᠡᠰ᠎ᠤᠨ ᠪᠡᠯᠡ ᠲᠣᠬᠢᠷᠠᠭᠤᠯᠬᠤ ᠣᠯᠠᠨ ᠡᠰᠢᠲᠦ ᠠᠷᠭ᠎ᠠ ᠵᠠᠮ᠎ᠢ ᠪᠠᠶ᠋ᠢᠭᠤᠯᠵᠤ᠂ ᠣᠷᠣᠨ᠎ᠤ ᠲᠤᠳᠤᠨ᠎ᠠ ᠭᠠᠳᠠᠨᠠᠬᠢ ᠴᠠᠭ᠋ᠠᠨ ᠢᠳᠡᠭᠡᠨ᠎ᠤ ᠲᠤᠮᠤ ᠠᠵᠤ ᠠᠬᠤᠶ᠋ᠢᠯᠠᠯ᠂ ᠲᠡᠵᠢᠭᠡᠨ ᠦᠷᠡᠵᠢᠭᠦᠯᠬᠦ ᠠᠵᠤ ᠠᠬᠤᠶ᠋ᠢᠯᠠᠯ᠂ ᠠᠷᠠᠳ᠎ᠤᠨ ᠬᠦᠷᠦᠩᠭᠡ ᠵᠡᠷᠭᠡ ᠵᠢ ᠵᠣᠷᠢᠬ᠍ᠵᠢᠭᠤᠯᠵᠤ ᠪᠠᠶ᠋ᠢᠭ᠋ᠠᠳ ᠰᠦ ᠴᠠᠭ᠋ᠠᠨ ᠢᠳᠡᠭᠡᠨ᠎ᠤ ᠬᠥᠭᠵᠢᠯᠲᠡ᠎ᠳᠤ ᠣᠷᠤᠭᠤᠯᠤᠯᠲᠠ ᠬᠢᠯᠭᠡᠨ᠎ᠡ᠃ ᠲᠡᠵᠢᠭᠡᠨ ᠦᠷᠡᠵᠢᠭᠦᠯᠬᠦ ᠠᠵᠤ ᠠᠬᠤᠶ᠋ᠢᠯᠠᠯ᠂ ᠪᠣᠯᠪᠠᠰᠤᠷᠠᠭᠤᠯᠬᠤ ᠠᠵᠤ ᠠᠬᠤᠶ᠋ᠢᠯᠠᠯ᠎ᠤᠨ ᠵᠠᠬ᠎ᠠ ᠳᠡᠯᠭᠡᠭᠦᠷ᠎ᠲᠤ ᠭᠠᠷᠬᠤ ᠪᠡᠯᠡᠳᠭᠡᠯ ᠡᠬᠢ ᠪᠠᠶᠠᠯᠢᠭ᠎ᠢ ᠪᠤᠶ᠋ᠢᠵᠢᠭᠤᠯᠬᠤ ᠠᠵᠢᠯ᠎ᠢ ᠢᠳᠡᠪᠬᠢᠲᠡᠢ ᠰᠠᠶ᠋ᠢᠲᠤᠷ ᠬᠢᠵᠦ᠂ ᠣᠷᠣᠨ᠎ᠤ ᠲᠤᠳᠤᠷᠠᠬᠢ ᠠᠵᠤ ᠠᠬᠤᠶ᠋ᠢᠯᠠᠯ᠎ᠤᠨ᠎ᠬᠢᠨ᠎ᠤ ᠭᠤᠣᠯ ᠰᠠᠮᠪᠠᠷ᠎ᠠ᠂ ᠦᠢ᠍ᠯᠡᠰ ᠴᠤᠭᠴᠠᠯᠠᠬᠤ ᠰᠠᠮᠪᠠᠷ᠎ᠠ ᠪᠣᠯᠣᠨ ᠰᠢᠨ᠎ᠡ ᠭᠤᠷᠪᠠᠳᠤᠭ᠋ᠠᠷ ᠰᠠᠮᠪᠠᠷ᠎ᠠ ᠵᠡᠷᠭᠡ ᠡᠯ᠎ᠡ ᠲᠦᠷᠦᠯ᠎ᠤᠨ ᠬᠦᠷᠦᠩᠭᠡ ᠵᠢᠨ ᠵᠠᠬ᠎ᠠ ᠳᠡᠯᠭᠡᠭᠦᠷ᠎ᠲᠤ ᠰᠢᠭᠤᠳ ᠪᠡᠯᠡ ᠲᠣᠬᠢᠷᠠᠭᠤᠯᠬᠤ ᠵᠢ ᠳᠡᠮᠵᠢᠵᠦ᠂ ᠰᠲ᠋ᠥᠺ᠎ᠤᠨ ᠡᠷᠬᠡ ᠵᠢᠨ ᠠᠷᠠᠯᠵᠢᠶᠠᠨ᠎ᠤ ᠲᠥᠪ᠎ᠲᠤ ᠰᠠᠭ᠋ᠠᠳ ᠦᠭᠡᠢ ᠰᠢᠯᠤᠭᠤᠬᠠᠨ ᠨᠡᠪᠲᠡᠷᠡᠬᠦ ᠵᠠᠮ᠎ᠢ ᠪᠠᠶ᠋ᠢᠭᠤᠯᠵᠤ᠂ ᠠᠵᠤ ᠠᠬᠤᠶ᠋ᠢᠯᠠᠯ᠎ᠤᠨ ᠵᠠᠬ᠎ᠠ ᠳᠡᠯᠭᠡᠭᠦᠷ᠎ᠲᠤ ᠭᠠᠷᠬᠤ ᠠᠯᠬᠤᠴᠠ ᠵᠢ ᠲᠦᠷᠭᠡᠳᠭᠡᠨ᠎ᠡ᠃

     (ᠲᠠᠪᠤ) ᠰᠦ ᠴᠠᠭ᠋ᠠᠨ ᠢᠳᠡᠭᠡᠨ᠎ᠤ ᠦᠢ᠍ᠯᠡᠰ᠎ᠤᠨ ᠶᠠᠰᠤ ᠴᠢᠨᠠᠷ᠎ᠤᠨ ᠠᠮᠦᠷ ᠲᠥᠪᠰᠢᠨ᠎ᠤ ᠬᠤᠷᠢᠭ᠎ᠠ ᠱᠤᠭᠤᠮ᠎ᠢ ᠡᠷᠡᠰ ᠰᠠᠬᠢᠨ᠎ᠠ᠃ ᠴᠠᠭ᠋ᠠᠨ ᠢᠳᠡᠭᠡᠨ᠎ᠤ ᠦᠢ᠍ᠯᠡᠳᠪᠦᠷᠢᠯᠡᠯ᠎ᠤᠨ ᠪᠦᠬᠦ ᠶᠠᠪᠤᠴᠠ᠎ᠳᠠᠬᠢ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠵᠤ᠂ ᠲᠡᠵᠢᠭᠡᠨ ᠦᠷᠡᠵᠢᠭᠦᠯᠬᠦ ᠭᠤᠭᠴᠤᠭ᠋ᠠᠨ᠎ᠳᠠᠬᠢ ᠲᠡᠵᠢᠭᠡᠯ ᠪᠤᠷᠳᠤᠭ᠎ᠠ᠂ ᠮᠠᠯ᠎ᠤᠨ ᠡᠮ ᠵᠡᠷᠭᠡ ᠣᠷᠤᠭᠤᠯᠤᠭᠰᠠᠨ ᠡᠳ᠋᠎ᠢ ᠬᠢᠨᠠᠨ ᠬᠠᠮᠢᠶᠠᠷᠬᠤ᠎ᠪᠠᠨ ᠴᠢᠩᠭ᠋ᠠᠷᠠᠭᠤᠯᠵᠤ᠂ ᠲᠥᠭᠦᠬᠡᠢ ᠰᠦᠨ᠎ᠤ ᠶᠠᠰᠤ ᠴᠢᠨᠠᠷ᠎ᠤᠨ ᠠᠮᠦᠷ ᠲᠥᠪᠰᠢᠨ᠎ᠢ ᠡᠬᠢ ᠢᠷᠡᠯᠲᠡ᠎ᠠᠴᠠ᠎ᠨᠢ ᠪᠠᠲᠤᠯᠠᠨ᠎ᠠ᠃ ᠲᠥᠭᠦᠬᠡᠢ ᠰᠦᠨ᠎ᠤ ᠬᠤᠳᠠᠯᠳᠤᠨ ᠠᠪᠬᠤ ᠥᠷᠲᠡᠭᠡ᠂ ᠲᠡᠭᠡᠭᠡᠪᠦᠷᠢᠯᠡᠬᠦ ᠲᠡᠷᠭᠡ᠂ ᠴᠠᠭ᠋ᠠᠨ ᠢᠳᠡᠭᠡᠨ᠎ᠤ ᠠᠵᠤ ᠠᠬᠤᠶ᠋ᠢᠯᠠᠯ᠎ᠳᠤ ᠣᠨᠣᠪᠴᠢᠲᠠᠢ ᠪᠦᠭᠡᠳ ᠪᠦᠬᠦ ᠶᠠᠪᠤᠴᠠ᠎ᠳᠠᠬᠢ ᠬᠠᠮᠢᠶᠠᠷᠤᠯᠲᠠ ᠵᠢ ᠬᠡᠷᠡᠭᠵᠢᠭᠦᠯᠵᠦ᠂ ᠬᠢᠷᠢ ᠲᠡᠩᠴᠡᠬᠦ ᠦᠭᠡᠢ ᠦᠢ᠍ᠯᠡᠳᠪᠦᠷᠢᠯᠡᠯ ᠡᠵᠡᠩᠨᠡᠯᠲᠡ ᠵᠢᠨ ᠭᠤᠣᠯ ᠴᠤᠭᠴᠠ ᠵᠢ ᠬᠠᠤᠯᠢ ᠶᠤᠰᠤᠭ᠋ᠠᠷ ᠴᠠᠭ᠋ᠠᠵᠠᠯᠠᠨ᠎ᠠ᠃ ᠴᠠᠭ᠋ᠠᠨ ᠢᠳᠡᠭᠡᠨ᠎ᠤ ᠶᠠᠰᠤ ᠴᠢᠨᠠᠷ᠎ᠤᠨ ᠠᠮᠦᠷ ᠲᠥᠪᠰᠢᠨ᠎ᠢ ᠪᠠᠶ᠋ᠢᠴᠠᠭ᠋ᠠᠨ ᠰᠢᠨᠵᠢᠬᠦ ᠲᠦᠯᠦᠪᠯᠡᠭᠡ ᠵᠢ ᠬᠡᠷᠡᠭᠵᠢᠭᠦᠯᠵᠦ᠂ ᠪᠠᠶ᠋ᠢᠴᠠᠭ᠋ᠠᠨ ᠰᠢᠨᠵᠢᠬᠦ ᠲᠦᠷᠦᠯ ᠵᠦᠢ᠍ᠯ᠎ᠢ ᠰᠢᠨᠵᠢᠯᠡᠬᠦ ᠤᠬᠠᠭ᠋ᠠᠨᠴᠢ ᠪᠦᠭᠡᠳ ᠵᠦᠢ ᠵᠣᠬᠢᠰᠲᠠᠢ᠎ᠪᠠᠷ ᠲᠣᠭᠲᠠᠭ᠋ᠠᠵᠤ᠂ ᠭᠤᠷᠪᠠᠳᠡᠬᠢ ᠡᠲᠡᠭᠡᠳ᠎ᠤᠨ ᠪᠠᠶ᠋ᠢᠴᠠᠭ᠋ᠠᠨ ᠰᠢᠨᠵᠢᠬᠦ ᠪᠠᠶ᠋ᠢᠭᠤᠯᠤᠮᠵᠢ ᠵᠢᠨ᠎ᠬᠢᠨ᠎ᠤ ᠶᠠᠰᠤ ᠴᠢᠨᠠᠷ᠎ᠤᠨ ᠠᠮᠦᠷ ᠲᠥᠪᠰᠢᠨ᠎ᠢ ᠪᠠᠶ᠋ᠢᠴᠠᠭ᠋ᠠᠨ ᠰᠢᠨᠵᠢᠬᠦ ᠵᠢ ᠳᠡᠮᠵᠢᠨ᠎ᠡ᠃ ᠬᠠᠤᠯᠢ ᠬᠡᠷᠡᠭᠵᠢᠭᠦᠯᠦᠨ ᠪᠠᠶ᠋ᠢᠴᠠᠭ᠋ᠠᠯᠲᠠ ᠬᠢᠬᠦ ᠪᠠ ᠬᠢᠨᠠᠯᠲᠠ ᠲᠠᠯᠪᠢᠵᠤ ᠪᠠᠶ᠋ᠢᠴᠠᠭ᠋ᠠᠨ ᠰᠢᠨᠵᠢᠬᠦ ᠵᠢ ᠬᠤᠯᠪᠤᠯᠳᠤᠭᠤᠯᠤᠨ ᠶᠠᠪᠤᠭᠳᠠᠭᠤᠯᠬᠤ ᠵᠢ ᠪᠠᠷᠢᠮᠲᠠᠯᠠᠵᠤ᠂ ᠵᠠᠰᠠᠭ ᠵᠠᠬᠢᠷᠭ᠎ᠠ ᠬᠢᠭᠡᠳ ᠬᠠᠤᠯᠢ ᠴᠠᠭ᠋ᠠᠵᠠ ᠵᠢ ᠵᠤᠯᠭ᠋ᠠᠭᠤᠯᠤᠨ᠂ ᠬᠠᠤᠯᠢ ᠵᠢ ᠵᠦᠷᠢᠴᠡᠨ ᠨᠡᠮᠡᠯᠲᠡ ᠡᠳ᠋ ᠬᠢᠬᠦ ᠦᠢ᠍ᠯᠡ ᠠᠵᠢᠯᠯᠠᠭ᠎ᠠ᠎ᠳᠤ ᠴᠢᠩᠭ᠎ᠠ ᠴᠤᠬᠢᠯᠲᠠ ᠥᠭᠭᠦᠨ᠎ᠡ᠃ ᠠᠭᠤᠰᠬᠠᠮᠠᠯ ᠰᠦ ᠵᠢᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠵᠤ᠂ ᠢᠯᠭ᠋ᠠᠬᠤ ᠲᠡᠮᠲᠡᠭ ᠬᠡᠷᠡᠭᠯᠡᠭᠦᠯᠬᠦ ᠳᠦᠷᠢᠮ᠎ᠢ ᠴᠢᠩᠳᠠ ᠬᠢᠨᠠᠯᠲᠠ ᠲᠠᠯᠪᠢᠵᠤ ᠨᠠᠶ᠋ᠢᠳᠠᠪᠤᠷᠢᠵᠢᠭᠤᠯᠤᠨ᠎ᠠ᠃ ᠴᠠᠭ᠋ᠠᠨ ᠢᠳᠡᠭᠡᠨ᠎ᠤ ᠨᠢᠭᠤᠴᠠ᠎ᠪᠠᠷ ᠠᠷᠠᠯᠵᠢᠶᠠᠯᠠᠬᠤ ᠦᠢ᠍ᠯᠡ ᠠᠵᠢᠯᠯᠠᠭ᠎ᠠ᠎ᠳᠤ ᠴᠢᠩᠭ᠎ᠠ ᠴᠤᠬᠢᠯᠲᠠ ᠥᠭᠬᠦᠨ᠎ᠡ᠃

     (ᠵᠢᠷᠭᠤᠭ᠎ᠠ) ᠰᠦ ᠴᠠᠭ᠋ᠠᠨ ᠢᠳᠡᠭᠡᠨ᠎ᠤ ᠬᠥᠭᠵᠢᠯᠲᠡ ᠵᠢ ᠵᠣᠬᠢᠶᠠᠨ ᠪᠠᠶ᠋ᠢᠭᠤᠯᠵᠤ ᠤᠳᠤᠷᠢᠳᠬᠤ᠎ᠪᠠᠨ ᠴᠢᠩᠭ᠋ᠠᠳᠬᠠᠨ᠎ᠠ᠃ ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠦᠴᠢᠷ᠎ᠨᠢ ᠲᠤᠰ ᠲᠤᠰ᠎ᠤᠨ ᠡᠭᠦᠷᠭᠡ ᠲᠤᠰᠢᠶᠠᠯ ᠵᠶ᠋ᠠᠨ ᠭᠦᠢ᠍ᠴᠡᠳᠭᠡᠵᠦ᠂ ᠵᠣᠬᠢᠴᠠᠭᠤᠯᠤᠨ ᠬᠠᠮᠵᠢᠯᠴᠠᠵᠤ᠂ ᠳᠦᠬᠦᠷ ᠲᠥᠷᠥ ᠵᠢᠨ ᠪᠣᠳᠣᠯᠭ᠎ᠠ ᠪᠣᠯᠣᠨ ᠬᠠᠮᠢᠶ᠎ᠠ ᠪᠦᠬᠦᠢ ᠠᠷᠭ᠎ᠠ ᠬᠡᠮᠵᠢᠶ᠎ᠡ ᠵᠢ ᠲᠣᠭᠲᠠᠭ᠋ᠠᠨ᠂ ᠴᠠᠭ᠋ᠠᠨ ᠢᠳᠡᠭᠡᠨ᠎ᠤ ᠬᠡᠷᠡᠭᠯᠡᠭᠡ ᠵᠢ ᠢᠳᠡᠪᠬᠢᠲᠡᠢ᠎ᠪᠠᠷ ᠬᠦᠲᠦᠯᠦᠨ ᠵᠢᠯᠤᠭᠤᠳᠴᠤ᠂ ᠰᠦ ᠴᠠᠭ᠋ᠠᠨ ᠢᠳᠡᠭᠡᠨ᠎ᠤ ᠦᠢ᠍ᠯᠡᠰ᠎ᠤᠨ ᠵᠠᠬ᠎ᠠ ᠳᠡᠯᠭᠡᠭᠦᠷ᠎ᠢ ᠥᠷᠭᠡᠳᠭᠡᠨ ᠨᠡᠭᠡᠭᠡᠵᠦ᠂ ᠰᠦ ᠴᠠᠭ᠋ᠠᠨ ᠢᠳᠡᠭᠡᠨ᠎ᠤ ᠦᠢ᠍ᠯᠡᠰ᠎ᠤᠨ ᠬᠡᠯᠪᠡᠷᠢ᠎ᠪᠠᠨ ᠬᠤᠪᠢᠷᠠᠭᠤᠯᠤᠨ ᠳᠡᠰ ᠳᠡᠪᠰᠢᠬᠦ ᠵᠢ ᠠᠬᠢᠭᠤᠯᠬᠤ ᠬᠦᠴᠦᠷᠬᠡᠭ ᠶᠡᠭᠡ ᠨᠡᠶ᠋ᠢᠯᠡᠮᠡᠯ ᠬᠦᠴᠦᠨ᠎ᠢ ᠪᠣᠢ ᠪᠣᠯᠭ᠋ᠠᠬᠤ ᠬᠡᠷᠡᠭᠲᠡᠢ᠃ ᠬᠢᠨᠠᠯᠲᠠ ᠲᠠᠯᠪᠢᠵᠤ ᠰᠢᠯᠭ᠋ᠠᠨ ᠬᠢᠨᠠᠬᠤ᠎ᠪᠠᠨ ᠴᠢᠩᠭ᠋ᠠᠷᠠᠭᠤᠯᠵᠤ᠂ ᠱᠠᠩᠨᠠᠵᠤ ᠵᠠᠯᠬᠠᠭ᠋ᠠᠬᠤ ᠲᠣᠭᠲᠠᠴᠠ ᠵᠢ ᠪᠠᠶ᠋ᠢᠭᠤᠯᠤᠨ᠂ ᠡᠯ᠎ᠡ ᠵᠦᠢ᠍ᠯ᠎ᠤᠨ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢᠨ ᠪᠣᠲᠠᠲᠠᠶ᠋ᠢᠵᠢᠭᠤᠯᠬᠤ ᠵᠢ ᠦᠨᠡᠨ ᠬᠦ᠌ ᠪᠠᠲᠤᠯᠠᠵᠤ᠂ ᠮᠠᠨ᠎ᠤ ᠣᠷᠣᠨ᠎ᠤ ᠰᠦ ᠴᠠᠭ᠋ᠠᠨ ᠢᠳᠡᠭᠡᠨ᠎ᠤ ᠦᠢ᠍ᠯᠡᠰ᠎ᠤᠨ ᠪᠦᠬᠦ ᠲᠠᠯ᠎ᠠ᠎ᠪᠠᠷ ᠦᠷᠨᠢᠨ ᠬᠥᠭᠵᠢᠬᠦ ᠵᠢ ᠠᠬᠢᠭᠤᠯᠤᠨ᠎ᠠ᠃

ᠢᠷᠡᠯᠲᠡ᠄ ᠦᠪᠦᠷ ᠮᠣᠩᠭᠣᠯ᠎ᠤᠨ ᠦᠪᠡᠷᠲᠡᠭᠡᠨ ᠵᠠᠰᠠᠬᠣ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠰᠦᠯᠵᠢᠶ᠎ᠡ
          
ᠬᠠᠮᠢᠶ᠎ᠡ ᠪᠦᠬᠦᠢ ᠰᠣᠨᠢᠨ
ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠭᠤᠤᠯᠳᠠᠯᠭ᠎ᠠ᠎ᠲᠠᠢ ᠪᠠᠳᠤᠯᠠᠭ᠋ᠠᠨ᠎ᠤ ᠠᠵᠦ ᠠᠬᠤᠶ᠋ᠢᠯᠠᠯ ᠪᠤᠯᠤᠨ ᠬᠢᠵᠢᠭ᠎ᠤᠨ ᠪᠠᠶ᠋ᠢᠳᠠᠯ᠎ᠳᠤ ᠨᠦᠯᠦᠭᠡᠯᠡᠭᠳᠡᠭᠰᠡᠨ ᠦᠢ᠍ᠯᠡᠳᠪᠦᠷᠢᠯᠡᠯ ᠡᠵᠡᠩᠨᠡᠯᠳᠡ᠎ᠨᠢ ᠬᠦᠴᠢᠷᠳᠡᠯᠳᠡᠢ ᠲᠤᠮᠳᠠ ᠪᠠᠭ᠎ᠠ ᠠᠵᠦ ᠠᠬᠤᠶ᠋ᠢᠯᠠᠯ᠎ᠤᠨ ᠡᠷᠡᠭᠦᠯ ᠵᠶ᠋ᠠᠷ ᠬᠦᠭᠵᠢᠬᠦ ᠵᠢ ᠳᠡᠮᠵᠢᠬᠦ ᠲᠦᠷᠥ ᠵᠢᠨ ᠪᠤᠳᠣᠯᠭ᠎ᠠ ᠠᠷᠭ᠎ᠠ ᠬᠡᠮᠵᠢᠶ᠎ᠡ ᠵᠢᠨ ᠲᠤᠬᠠᠢ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠤᠷᠳᠤᠨ᠎ᠤ ᠮᠡᠳᠡᠭᠳᠡᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠡᠭᠡᠷ᠎ᠡ ᠵᠢᠨ ᠠᠮᠢᠲᠠᠨ ᠤᠷᠭᠤᠮᠠᠯ ᠬᠢᠭᠡᠳ ᠴᠢᠭᠢᠭᠯᠢᠭ ᠭᠠᠵᠠᠷ᠎ᠢ ᠬᠠᠮᠠᠭ᠋ᠠᠯᠠᠬᠤ ᠨᠡᠶ᠋ᠢᠭᠡᠮᠯᠢᠭ᠎ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠶ᠋ᠢᠳᠠᠯ᠎ᠢ ᠡᠰᠡᠷᠭᠦᠴᠡᠬᠦ ᠰᠠᠨᠠᠭ᠋ᠠᠴᠢᠯᠠᠭ᠎ᠠ ᠵᠢᠨ ᠪᠢᠴᠢᠭ
ᠲᠠᠷᠢᠶᠠᠯᠠᠩ᠎ᠤᠨ ᠦᠷ᠎ᠡ ᠡᠳ᠋᠎ᠤᠨ ᠡᠬᠢ ᠪᠠᠶᠠᠯᠢᠭ᠎ᠢ ᠬᠠᠮᠠᠭ᠋ᠠᠯᠠᠵᠤ ᠠᠰᠢᠭᠯᠠᠬᠤ ᠵᠢ ᠴᠢᠩᠭ᠋ᠠᠳᠬᠠᠨ᠎ᠠ
《ᠦᠵᠡᠰᠬᠦᠯᠡᠩᠲᠦ ᠰᠠᠶ᠋ᠢᠬᠠᠨ ᠳᠤᠮᠳᠠᠳᠤ ᠤᠯᠤᠰ᠎ᠤᠨ ᠪᠥᠲᠥᠭᠡᠨ ᠪᠠᠶ᠋ᠢᠭᠤᠯᠤᠯᠲᠠ ᠵᠢ ᠦᠨᠡᠯᠡᠨ ᠵᠢᠱ᠌ᠢᠬᠦ ᠭᠦᠢᠴᠡᠳᠬᠡᠯ ᠲᠤᠭ᠎ᠠ ᠵᠢᠨ ᠰᠢᠰᠲ᠋ᠧᠮ ᠵᠢᠴᠢ ᠬᠡᠷᠡᠭᠵᠢᠭᠦᠯᠬᠦ ᠲᠥᠰᠦᠯ》᠎ᠢ ᠳᠠᠷᠤᠮᠠᠯᠯᠠᠨ ᠲᠠᠷᠬᠠᠭ᠋ᠠᠪᠠ
ᠬᠡᠭᠡᠷ᠎ᠡ ᠵᠢᠨ ᠰᠢᠪᠠᠭᠤᠳ᠎ᠢ ᠬᠠᠮᠠᠭ᠋ᠠᠯᠠᠬᠤ ᠲᠤᠬᠠᠶ ᠳᠤᠮᠳᠠᠳᠤ ᠤᠯᠤᠰ᠎ᠤᠨ ᠬᠡᠭᠡᠷ᠎ᠡ ᠵᠢᠨ ᠠᠮᠢᠲᠠᠨ᠎ᠤ ᠬᠠᠮᠠᠭ᠋ᠠᠯᠠᠯᠲᠠ ᠵᠢᠨ ᠨᠡᠢ᠌ᠭᠡᠮᠯᠢᠭ᠎ᠤᠨ ᠰᠠᠨᠠᠭ᠋ᠠᠴᠢᠯᠠᠭ᠎ᠠ
 
             蒙ICP备05000248号