ᠥᠪᠥᠷ ᠵᠠᠰᠠᠭ ᠥᠰᠥᠭ [2019] 75 ᠳ᠋ᠤᠭ᠋ᠠᠷ ᠲᠤᠭ᠋ᠠᠳᠤ ᠡᠯ᠎ᠡ ᠠᠶ᠋ᠢᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠦᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠤ ᠠᠵᠤ ᠠᠬᠤᠶ᠋ᠢᠯᠠᠯ᠂ ᠠᠵᠢᠯ ᠦᠢ᠍ᠯᠡᠰ᠎ᠤᠨ ᠨᠢᠭᠡᠴᠢ᠎ᠳᠤ᠄
ᠴᠢᠳᠠᠪᠤᠷᠢᠲᠠᠨ ᠪᠣᠯ ᠦᠨᠳᠦᠰᠦᠲᠡᠨ᠎ᠤ ᠬᠦᠭᠵᠢᠯᠲᠡ ᠵᠢ ᠪᠡᠶᠡᠯᠡᠭᠦᠯᠬᠦ᠂ ᠣᠯᠠᠨ ᠤᠯᠤᠰ᠎ᠤᠨ ᠦᠷᠢᠰᠦᠯᠳᠦᠭᠡᠨ᠎ᠤ ᠰᠠᠨᠠᠭ᠋ᠠᠴᠢᠯᠭ᠋ᠠᠲᠤ ᠡᠷᠬᠡ ᠵᠢ ᠣᠯᠬᠤ ᠪᠠᠶ᠋ᠢᠯᠳᠤᠬᠤ ᠪᠣᠳᠣᠯᠭ᠎ᠠ ᠵᠢᠨ ᠡᠬᠢ ᠪᠠᠶᠠᠯᠢᠭ᠂ ᠬᠡᠯᠪᠡᠷᠢ᠎ᠪᠠᠨ ᠬᠤᠪᠢᠷᠠᠭᠤᠯᠤᠨ ᠬᠦᠭᠵᠢᠬᠦ ᠵᠢᠨ ᠴᠢᠬᠤᠯᠠ ᠶᠠᠪᠤᠳᠠᠯ᠂ ᠦᠷᠢᠰᠦᠯᠳᠦᠭᠡᠨ᠎ᠳᠤ ᠢᠯᠠᠯᠲᠠ ᠣᠯᠬᠤ ᠵᠢᠨ ᠦᠨᠳᠦᠰᠦ᠂ ᠠᠷᠠᠳ᠎ᠢ ᠪᠠᠶᠠᠯᠢᠬ᠍ᠵᠢᠭᠤᠯᠵᠤ ᠣᠷᠣᠨ ᠵᠶ᠋ᠠᠨ ᠬᠦᠴᠦᠷᠬᠡᠭᠵᠢᠭᠦᠯᠬᠦ ᠵᠢᠨ ᠰᠠᠭᠤᠷᠢ᠂ ᠥᠪᠡᠷᠲᠡᠭᠡᠨ ᠵᠠᠰᠠᠬᠤ ᠣᠷᠣᠨ᠎ᠤ ᠠᠵᠤ ᠠᠬᠤᠢ ᠵᠢᠨ ᠴᠢᠨᠠᠷ ᠰᠠᠶ᠋ᠢᠲᠠᠢ ᠬᠦᠭᠵᠢᠯᠲᠠ ᠵᠢ ᠠᠬᠢᠭᠤᠯᠬᠤ ᠵᠢᠨ ᠴᠢᠬᠤᠯᠠ ᠲᠤᠯᠭ᠋ᠠᠭᠤᠷᠢᠯᠠᠯ ᠪᠣᠯᠣᠨ᠎ᠠ᠃ ᠣᠶ᠋ᠢᠷ᠎ᠠ ᠵᠢᠨ ᠵᠢᠯ᠎ᠤᠨ ᠲᠤᠷᠰᠢ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠦᠴᠢᠷ ᠶᠡᠷᠦᠩᠬᠡᠢ ᠱᠦᠵᠢ ᠰᠢ ᠵᠢᠨ ᠫᠢᠩ᠎ᠤᠨ ᠴᠢᠳᠠᠪᠤᠷᠢᠲᠠᠨ᠎ᠤ ᠠᠵᠢᠯ᠎ᠤᠨ ᠲᠤᠬᠠᠢ ᠴᠢᠬᠤᠯᠠ ᠦᠭᠦᠯᠡᠯᠲᠡ ᠵᠢ ᠭᠦᠨᠵᠡᠭᠡᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ 《ᠴᠢᠳᠠᠪᠤᠷᠢᠲᠠᠨ᠎ᠤ ᠡᠬᠢ ᠪᠠᠶᠠᠯᠢᠭ ᠪᠣᠯ ᠨᠢᠭᠡᠳᠦᠭᠡᠷ ᠡᠬᠢ ᠪᠠᠶᠠᠯᠢᠭ ᠪᠣᠯᠣᠨ᠎ᠠ》 ᠭᠡᠳᠡᠭ ᠣᠨᠣᠯᠵᠢᠬᠤᠨ᠎ᠢ ᠪᠠᠲᠤ ᠪᠠᠬᠢ ᠪᠣᠢ ᠪᠣᠯᠭ᠋ᠠᠨ᠂ ᠰᠢᠨ᠎ᠡ ᠵᠢ ᠡᠭᠦᠳᠬᠦ᠎ᠪᠠᠷ ᠬᠦᠳᠡᠯᠭᠡᠭᠦᠷ ᠪᠣᠯᠭ᠋ᠠᠭᠰᠠᠨ ᠬᠦᠭᠵᠢᠯᠲᠡ ᠵᠢᠨ ᠪᠠᠶ᠋ᠢᠯᠳᠤᠬᠤ ᠪᠣᠳᠣᠯᠭ᠎ᠠ ᠵᠢᠨ ᠲᠣᠭᠤᠷᠢᠨ᠎ᠳᠤ᠂ ᠣᠳᠣᠬᠢᠴᠢᠯᠠᠭᠰᠠᠨ ᠠᠵᠤ ᠠᠬᠤᠢ ᠵᠢᠨ ᠰᠢᠰᠲ᠋ᠧᠮᠵᠢ ᠵᠢᠨ ᠪᠦᠲᠦᠭᠡᠨ ᠪᠠᠶ᠋ᠢᠭᠤᠯᠤᠯᠲᠠ ᠵᠢ ᠰᠠᠨᠠᠭ᠋ᠠᠴᠢᠯᠠᠭ᠎ᠠ᠎ᠠᠴᠠ᠎ᠪᠠᠨ ᠳᠠᠭ᠋ᠠᠬᠤ ᠪᠠ ᠵᠠᠯᠭ᠋ᠠᠯᠳᠤᠭᠤᠯᠵᠤ᠂ ᠴᠢᠳᠠᠪᠤᠷᠢᠲᠠᠨ᠎ᠤ ᠬᠦᠭᠵᠢᠯᠲᠠ ᠵᠢᠨ ᠲᠣᠭᠲᠠᠴᠠ ᠵᠢ ᠪᠦᠷᠢᠨᠰᠢᠭᠦᠯᠦᠨ ᠲᠡᠭᠦᠯᠳᠡᠷᠵᠢᠭᠦᠯᠵᠦ᠂ 《ᠴᠢᠳᠠᠪᠤᠷᠢᠲᠠᠨ ᠵᠶ᠋ᠠᠷ ᠣᠷᠣᠨ ᠵᠶ᠋ᠠᠨ ᠬᠦᠴᠦᠷᠬᠡᠭᠵᠢᠭᠦᠯᠬᠦ ᠢᠨᠵᠧᠨᠧᠷᠢᠩ》᠎ᠢ ᠭᠦᠨᠵᠡᠭᠡᠢ ᠠᠬᠢᠭᠤᠯᠤᠨ᠂ ᠤᠯᠠᠮᠵᠢ ᠤᠯᠠᠨ ᠰᠢᠯᠢᠳᠡᠭ ᠴᠢᠳᠠᠪᠤᠷᠢᠲᠠᠨ ᠴᠤᠯᠭᠤᠷᠠᠨ ᠭᠠᠷᠪᠠ᠃ ᠬᠦᠳᠡᠯᠮᠦᠷᠢ ᠵᠢ ᠬᠦᠨᠳᠦᠳᠭᠡᠬᠦ᠂ ᠮᠡᠳᠡᠯᠭᠡ ᠵᠢ ᠬᠦᠨᠳᠦᠳᠭᠡᠬᠦ᠂ ᠴᠢᠳᠠᠪᠤᠷᠢᠳᠠᠨ᠎ᠢ ᠬᠦᠨᠳᠦᠳᠭᠡᠬᠦ ᠪᠠ ᠡᠭᠦᠳᠦᠯᠲᠡ ᠵᠢ ᠬᠦᠨᠳᠦᠳᠭᠡᠬᠦ ᠨᠡᠶ᠋ᠢᠭᠡᠮ᠎ᠤᠨ ᠰᠠᠶ᠋ᠢᠨ ᠰᠠᠶ᠋ᠢᠬᠠᠨ ᠣᠷᠴᠢᠨ ᠠᠬᠤᠢ ᠵᠢ ᠤᠯᠠᠮ ᠨᠢᠭᠡ ᠠᠯᠬᠤᠮ ᠪᠣᠢ ᠪᠣᠯᠭ᠋ᠠᠵᠤ᠂ ᠡᠯ᠎ᠡ ᠲᠥᠷᠥᠯ᠎ᠤᠨ ᠴᠢᠳᠠᠪᠤᠷᠢᠲᠠᠨ᠎ᠤ ᠰᠢᠨ᠎ᠡ ᠵᠢ ᠡᠭᠦᠳᠦᠨ ᠪᠠᠶ᠋ᠢᠭᠤᠯᠬᠤ ᠠᠮᠢᠵᠢᠷᠠᠯ᠎ᠤᠨ ᠬᠦᠴᠦᠨ᠎ᠢ᠎ᠨᠢ ᠤᠷᠮᠠᠰᠢᠭᠤᠯᠬᠤ ᠵᠢᠨ ᠲᠤᠰᠠᠳᠠ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠠᠴᠠ ᠮᠠᠨ ᠴᠢᠤᠸᠠᠨ ᠵᠡᠷᠭᠡ 10 ᠬᠦᠮᠦᠨ᠎ᠳᠤ 2019 ᠣᠨ᠎ᠤ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠭᠠᠷᠮᠠᠭ᠋ᠠᠢ ᠴᠢᠳᠠᠪᠤᠷᠢᠲᠠᠨ᠎ᠤ ᠱᠠᠩᠨᠠᠯ》 ᠣᠯᠭᠤᠬᠤ᠎ᠪᠠᠷ ᠲᠣᠭᠲᠠᠪᠠ᠃
ᠬᠦᠬᠢᠭᠦᠯᠦᠭᠳᠡᠭᠰᠡᠨ ᠬᠦᠮᠦᠰ᠎ᠨᠢ ᠢᠷᠠᠭᠤ ᠠᠯᠳᠠᠷ ᠵᠶ᠋ᠠᠨ ᠨᠠᠨᠳᠢᠩᠨᠠᠵᠤ᠂ ᠤᠯᠠᠮ᠎ᠠᠴᠠ ᠤᠯᠠᠮ ᠴᠢᠷᠮᠠᠶ᠋ᠢᠵᠤ᠂ ᠳᠠᠬᠢᠨᠲᠠ ᠰᠠᠶ᠋ᠢᠨ ᠠᠮᠵᠢᠯᠲᠠ ᠣᠯᠬᠤ ᠵᠢ ᠬᠦᠰᠡᠵᠦ ᠪᠣᠢ᠃ ᠪᠦᠬᠦ ᠣᠷᠣᠨ᠎ᠤ ᠡᠯ᠎ᠡ ᠹᠷᠤᠨᠲᠳᠤᠬᠢ ᠠᠵᠢᠯᠲᠠᠳ ᠴᠦᠮ ᠬᠦᠬᠢᠭᠦᠯᠦᠨ ᠰᠠᠶ᠋ᠢᠰᠢᠶᠠᠭᠳᠠᠭᠰᠠᠨ ᠬᠦᠮᠦᠰ ᠵᠶ᠋ᠠᠷ ᠳᠠᠭᠤᠷᠢᠶᠠᠯ ᠪᠣᠯᠭ᠋ᠠᠨ᠂ ᠲᠤᠰ ᠠᠵᠢᠯ᠎ᠤᠨ ᠪᠠᠶ᠋ᠢᠷᠢᠨ᠎ᠳᠤ᠎ᠪᠠᠨ ᠰᠠᠭᠤᠷᠢᠯᠠᠵᠤ᠂ ᠵᠣᠷᠢᠭ ᠵᠶ᠋ᠠᠨ ᠬᠦᠪᠴᠢᠯᠡᠨ ᠤᠷᠤᠭᠰᠢᠯᠠᠵᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠵᠢᠨ ᠡᠭᠦᠳᠦᠨ ᠨᠡᠬᠡᠬᠡᠭᠴᠢ᠂ ᠲᠡᠷᠢᠭᠦᠨ᠎ᠤ ᠰᠣᠶᠣᠯ᠎ᠤᠨ ᠳᠠᠭ᠋ᠠᠭᠤᠯᠤᠭᠴᠢ᠂ ᠰᠢᠨᠵᠢᠯᠡᠬᠦ ᠤᠬᠠᠭ᠋ᠠᠨᠴᠢ ᠵᠣᠷᠢᠭ ᠰᠠᠨᠠᠭ᠋ᠠᠨ᠎ᠤ ᠵᠠᠯᠭ᠋ᠠᠮᠵᠢᠯᠠᠭᠴᠢ ᠪᠣᠯᠬᠤ᠎ᠪᠠᠷ ᠴᠢᠷᠮᠠᠶ᠋ᠢᠵᠤ᠂ ᠴᠢᠨᠡᠭᠡᠯᠢᠭ ᠨᠡᠶ᠋ᠢᠭᠡᠮ᠎ᠢ ᠪᠦᠬᠦ ᠲᠠᠯ᠎ᠠ᠎ᠪᠠᠷ ᠪᠠᠶ᠋ᠢᠭᠤᠯᠬᠤ᠎ᠳᠤ ᠣᠶᠣᠨ ᠤᠬᠠᠭ᠋ᠠᠨ ᠪᠣᠯᠣᠨ ᠬᠦᠴᠦᠨ ᠴᠢᠳᠠᠯ ᠵᠶ᠋ᠠᠨ ᠢᠳᠡᠪᠬᠢᠲᠠᠢ ᠨᠡᠮᠡᠷᠢᠯᠡᠬᠦ ᠬᠡᠷᠡᠭᠲᠡᠢ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠦᠴᠢᠷ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠲᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠤᠳᠤᠯᠭ᠎ᠠ ᠪᠣᠯᠭ᠋ᠠᠨ᠂ ᠥᠭᠡᠷᠡᠴᠢᠯᠡᠯᠲᠡ ᠵᠢ ᠲᠠᠰᠤᠷᠠᠯᠲᠠ ᠦᠭᠡᠢ ᠭᠦᠨᠵᠡᠭᠡᠶ᠋ᠢᠷᠡᠭᠦᠯᠦᠨ᠂ ᠲᠣᠭᠲᠠᠴᠠ ᠵᠢᠨ ᠰᠢᠨ᠎ᠡ ᠵᠢ ᠡᠭᠦᠳᠴᠦ᠂ ᠤᠷᠴᠢᠨ ᠠᠬᠤᠢ ᠵᠢ ᠪᠣᠢ ᠪᠣᠯᠭ᠋ᠠᠨ ᠥᠭᠴᠦ᠂ ᠡᠯ᠎ᠡ ᠲᠥᠷᠥᠯ᠎ᠤᠨ ᠴᠢᠳᠠᠪᠤᠷᠢᠲᠡᠨᠤ ᠢᠳᠡᠪᠬᠢ ᠴᠢᠨᠠᠷ᠂ ᠰᠠᠨᠠᠭ᠋ᠠᠴᠢᠯᠠᠭ᠋ᠠᠲᠤ ᠴᠢᠨᠠᠷ ᠪᠠ ᠪᠦᠲᠦᠭᠡᠯᠴᠢ ᠴᠢᠨᠠᠷ᠎ᠢ᠎ᠨᠢ ᠭᠦᠢ᠍ᠴᠡᠳ ᠳᠠᠶ᠋ᠢᠴᠢᠯᠠᠵᠤ᠂ ᠴᠢᠳᠠᠪᠤᠷᠢᠲᠠᠨ᠎ᠤ ᠠᠵᠢᠯ᠎ᠤᠨ ᠰᠢᠨ᠎ᠡ ᠪᠠᠶ᠋ᠢᠳᠠᠯ᠎ᠢ ᠴᠢᠷᠮᠠᠶ᠋ᠢᠨ ᠡᠭᠦᠳᠴᠦ᠂ ᠦᠵᠡᠰᠬᠦᠯᠡᠩᠲᠦ ᠰᠠᠶ᠋ᠢᠬᠠᠨ ᠥᠪᠥᠷ ᠮᠣᠩᠭᠤᠯ᠎ᠢ ᠪᠦᠲᠦᠭᠡᠨ ᠪᠠᠶ᠋ᠢᠭᠤᠯᠬᠤ᠎ᠳᠤ ᠰᠢᠨ᠎ᠡ ᠬᠦᠳᠡᠯᠭᠡᠬᠦ ᠬᠦᠴᠦᠨ ᠪᠣᠯᠣᠨ ᠠᠮᠢᠵᠢᠷᠠᠯ᠎ᠤᠨ ᠬᠦᠴᠦᠨ ᠣᠷᠤᠭᠤᠯᠬᠤ ᠬᠡᠷᠡᠭᠲᠡᠢ!
ᠳᠠᠭ᠋ᠠᠯᠳᠤᠭᠤᠯᠤᠯ᠄ 2019 ᠣᠨ᠎ᠤ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠭᠠᠷᠮᠠᠭ᠋ᠠᠢ ᠴᠢᠳᠠᠪᠤᠷᠢᠲᠠᠨ᠎ᠤ ᠱᠠᠩᠨᠠᠯ》 ᠣᠯᠣᠭᠰᠠᠳ᠎ᠤᠨ ᠨᠡᠷᠡᠰ ᠳᠠᠭ᠋ᠠᠯᠳᠤᠭᠤᠯᠤᠯ 2019 ᠣᠨ᠎ᠤ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠭᠠᠷᠮᠠᠭ᠋ᠠᠢ ᠴᠢᠳᠠᠪᠤᠷᠢᠳᠠᠨ᠎ᠤ ᠱᠠᠩᠨᠠᠯ》 ᠣᠯᠣᠭᠰᠠᠳ᠎ᠤᠨ ᠨᠡᠷᠡᠰ (10 ᠨᠡᠷᠡᠰ)
ᠮᠠᠨ ᠴᠢᠤᠸᠠᠨ ᠥᠪᠥᠷ ᠮᠣᠩᠭᠤᠯ᠎ᠤᠨ ᠪᠠᠭᠰᠢ ᠵᠢᠨ ᠶᠡᠭᠡ ᠰᠤᠷᠭ᠋ᠠᠭᠤᠯᠢ ᠵᠢᠨ ᠫᠷᠣᠹᠧᠰᠰᠣᠷ
ᠣᠳᠣᠨᠲᠣᠭᠲᠠᠬᠤ ᠥᠪᠥᠷ ᠮᠣᠩᠭᠤᠯ᠎ᠤᠨ ᠨᠡᠶ᠋ᠢᠭᠡᠮ᠎ᠤᠨ ᠰᠢᠨᠵᠢᠯᠡᠬᠦ ᠤᠬᠠᠭ᠋ᠠᠨ᠎ᠤ ᠬᠦᠷᠢᠶᠡᠯᠡᠩ᠎ᠤᠨ ᠰᠣᠳᠣᠯᠣᠭᠴᠢ
ᠸᠠᠩ ᠵᠢᠶᠠᠨ ᠭᠦᠸᠧ ᠥᠪᠥᠷ ᠮᠣᠩᠭᠤᠯ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠶᠡᠭᠡ ᠰᠤᠷᠭ᠋ᠠᠭᠤᠯᠢ ᠵᠢᠨ ᠫᠷᠣᠹᠧᠰᠰᠣᠷ
ᠶᠠᠩ ᠵᠢᠤᠢ ᠼᠠᠢ ᠥᠪᠥᠷ ᠮᠣᠩᠭᠤᠯ᠎ᠤᠨ ᠠᠵᠤ ᠦᠢ᠍ᠯᠡᠳᠪᠦᠷᠢ ᠵᠢᠨ ᠶᠡᠭᠡ ᠰᠤᠷᠭ᠋ᠠᠭᠤᠯᠢ ᠵᠢᠨ ᠫᠷᠣᠹᠧᠰᠰᠣᠷ
ᠶᠠᠩ ᠵᠠᠨ ᠹᠧᠩ ᠪᠣᠭᠤᠲᠤ ᠵᠢᠨ ᠬᠤᠪᠣᠷ ᠰᠢᠷᠦᠢ ᠵᠢᠨ ᠰᠣᠳᠣᠯᠭ᠋ᠠᠨ᠎ᠤ ᠬᠦᠷᠢᠶᠡᠯᠡᠩ᠎ᠤᠨ ᠵᠢᠩᠬᠢᠨᠢ ᠳᠡᠭᠡᠲᠦ ᠢᠨᠵᠧᠨᠧᠷ
ᠯᠢᠦ ᠵᠢᠩ ᠡᠾᠦ᠋ᠢ ᠥᠪᠥᠷ ᠮᠣᠩᠭᠤᠯ᠎ᠤᠨ ᠲᠠᠷᠢᠶᠠᠯᠠᠩ᠎ᠤᠨ ᠶᠡᠭᠡ ᠰᠤᠷᠭ᠋ᠠᠭᠤᠯᠢ ᠵᠢᠨ ᠫᠷᠣᠹᠧᠰᠰᠣᠷ
ᠸᠠᠩ ᠶᠦᠩ ᠥᠪᠥᠷ ᠮᠣᠩᠭᠤᠯ᠎ᠤᠨ ᠲᠠᠷᠢᠶᠠᠯᠠᠩ ᠮᠠᠯ ᠠᠵᠤ ᠠᠬᠤᠢ ᠵᠢᠨ ᠰᠢᠨᠵᠢᠯᠡᠬᠦ ᠤᠬᠠᠭ᠋ᠠᠨ᠎ᠤ ᠬᠦᠷᠢᠶᠡᠯᠩ᠎ᠤᠨ ᠰᠣᠳᠣᠯᠣᠭᠴᠢ
ᠵᠣᠣ ᠵᠢᠶᠠᠨ ᠫᠢᠩ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠡᠮᠨᠡᠯᠭᠡ ᠵᠢᠨ ᠬᠤᠷᠢᠶᠠᠨ᠎ᠤ ᠡᠷᠬᠢᠯᠡᠬᠦ ᠰᠢᠯᠭ᠋ᠠᠨ ᠪᠠᠶ᠋ᠢᠴᠠᠭ᠋ᠠᠭᠴᠢ
ᠲᠡᠮᠡᠴᠡᠯ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠣᠯᠠᠨ ᠤᠯᠤᠰ᠎ᠤᠨ ᠮᠣᠩᠭᠤᠯ ᠡᠮᠨᠡᠯᠭᠡ ᠵᠢᠨ ᠬᠤᠷᠢᠶᠠᠨ᠎ᠤ ᠡᠷᠬᠢᠯᠡᠬᠦ ᠡᠮᠴᠢ
ᠳ᠋ᠦᠩ ᠢᠤᠢ ᠥᠪᠥᠷ ᠮᠣᠩᠭᠤᠯ᠎ᠤᠨ ᠠᠨᠠᠭ᠋ᠠᠬᠤ ᠤᠬᠠᠭ᠋ᠠᠨ᠎ᠤ ᠶᠡᠭᠡ ᠰᠤᠷᠭ᠋ᠠᠭᠤᠯᠢ ᠵᠢᠨ ᠫᠷᠣᠹᠧᠰᠰᠣᠷ