ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠡᠭᠡᠷ᠎ᠡ ᠵᠢᠨ ᠠᠮᠢᠲᠠᠨ ᠤᠷᠭᠤᠮᠠᠯ ᠬᠢᠭᠡᠳ ᠴᠢᠭᠢᠭᠯᠢᠭ ᠭᠠᠵᠠᠷ᠎ᠢ ᠬᠠᠮᠠᠭ᠋ᠠᠯᠠᠬᠤ ᠨᠡᠶ᠋ᠢᠭᠡᠮᠯᠢᠭ᠎ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠶ᠋ᠢᠳᠠᠯ᠎ᠢ ᠡᠰᠡᠷᠭᠦᠴᠡᠬᠦ ᠰᠠᠨᠠᠭ᠋ᠠᠴᠢᠯᠠᠭ᠎ᠠ ᠵᠢᠨ ᠪᠢᠴᠢᠭ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠡᠭᠡᠷ᠎ᠡ ᠵᠢᠨ ᠠᠮᠢᠲᠠᠨ ᠤᠷᠭᠤᠮᠠᠯ ᠬᠢᠭᠡᠳ ᠴᠢᠭᠢᠭᠯᠢᠭ ᠭᠠᠵᠠᠷ᠎ᠢ ᠬᠠᠮᠠᠭ᠋ᠠᠯᠠᠬᠤ ᠨᠡᠶ᠋ᠢᠭᠡᠮᠯᠢᠭ
ᠡᠯ᠎ᠡ ᠬᠡᠷᠡᠭ ᠡᠷᠬᠢᠯᠡᠭᠴᠢᠳ᠂ ᠭᠡᠰᠢᠭᠦᠨ᠂ ᠰᠠᠶ᠋ᠢᠨ ᠳᠤᠷᠠᠴᠤᠳ᠂ ᠡᠯ᠎ᠡ ᠠᠶ᠋ᠢᠮᠠᠭ ᠬᠣᠲᠠ ᠵᠢᠨ ᠬᠡᠭᠡᠷ᠎ᠡ ᠵᠢᠨ ᠠᠮᠢᠲᠠᠨ ᠤᠷᠭᠤᠮᠠᠯ᠎ᠤᠨ ᠬᠠᠮᠠᠭ᠋ᠠᠯᠠᠯᠲᠠ ᠵᠢᠨ ᠨᠡᠶ᠋ᠢᠭᠡᠮᠯᠢᠭ᠎ᠲᠤ᠄
ᠣᠶ᠋ᠢᠷ᠎ᠠ ᠵᠢᠨ ᠬᠤᠭᠤᠴᠠᠭ᠋ᠠᠨ᠎ᠳᠤ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠨᠢ ᠪᠥᠬᠥ ᠤᠯᠤᠰ᠎ᠤᠨ ᠠᠷᠠᠳ ᠲᠦᠮᠡᠨ᠎ᠤ ᠰᠡᠳᠬᠢᠯ᠎ᠤᠨ ᠳᠠᠷᠤᠭ᠋ᠠᠰᠤ ᠪᠤᠯᠵᠤ ᠪᠤᠢ᠃ ᠶᠡᠷᠦᠩᠬᠡᠶ ᠱᠦᠵᠢ ᠰᠢ ᠵᠢᠨ ᠫᠢᠩ᠎ᠤᠨ ᠴᠢᠬᠤᠯᠠ ᠴᠣᠬᠣᠯᠠᠪᠤᠷᠢ ᠵᠢᠭ᠋ᠠᠪᠤᠷᠢ ᠵᠢᠨ ᠵᠣᠷᠢᠭ ᠰᠠᠨᠠᠭ᠎ᠠ ᠪᠣᠯᠤᠨ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠰᠢᠢᠳᠪᠦᠷᠢᠲᠦ ᠪᠣᠳᠣᠯᠭ᠎ᠠ ᠵᠢᠨ ᠪᠠᠶ᠋ᠢᠷᠢᠯᠠᠭᠤᠯᠤᠯᠲᠠ ᠶᠣᠰᠣᠭ᠋ᠠᠷ᠂ ᠥᠷᠭᠡᠨ ᠣᠯᠠᠨ ᠭᠡᠰᠢᠭᠦᠨ᠂ ᠰᠠᠶ᠋ᠢᠨ ᠲᠤᠷᠠᠴᠤᠳ ᠲᠣᠰ ᠪᠡᠶ᠎ᠡ ᠵᠢᠨ ᠦᠢᠯᠡᠳᠦᠯ ᠵᠶ᠋ᠠᠨ ᠭᠦᠢᠴᠡᠳ ᠪᠠᠳᠠᠷᠠᠭᠤᠯᠵᠤ᠂ ᠪᠦᠯᠬᠦᠮᠳᠡᠨ ᠲᠡᠮᠡᠴᠡᠵᠦ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶ᠋ᠢᠯᠭ᠎ᠠ ᠭᠠᠷᠭ᠋ᠠᠵᠤ ᠬᠢᠵᠢᠭ᠎ᠤᠨ ᠪᠠᠶ᠋ᠢᠳᠠᠯ᠎ᠢ ᠡᠰᠡᠷᠭᠦᠴᠡᠬᠦ ᠪᠠᠶ᠋ᠢᠯᠳᠤᠭ᠋ᠠᠨ᠎ᠳᠤ ᠤᠬᠠᠮᠰᠠᠷ᠎ᠠᠴᠠ᠎ᠪᠠᠨ ᠣᠷᠣᠯᠴᠠᠵᠤ᠂ ᠪᠥᠬᠥ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠰᠢᠰᠲ᠋ᠧᠮ᠎ᠤᠨ ᠡᠨᠡ ᠬᠦ᠌ ᠬᠢᠵᠢᠭ᠎ᠤᠨ ᠪᠠᠶ᠋ᠢᠳᠠᠯ᠎ᠢ ᠡᠰᠡᠷᠭᠦᠴᠡᠬᠦ ᠠᠷᠠᠳ᠎ᠤᠨ ᠲᠡᠶ᠋ᠢᠨ᠎ᠤ ᠢᠯᠠᠯᠲᠠ ᠤᠯᠬᠤ᠎ᠳᠤ ᠬᠦᠴᠦᠨ ᠨᠡᠮᠡᠷᠢᠯᠠᠨ᠎ᠠ!
ᠬᠢᠵᠢᠭ᠎ᠤᠨ ᠪᠠᠶ᠋ᠢᠳᠠᠯ ᠣᠳᠣᠬᠠᠨ᠎ᠳᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠡᠭᠡᠷ᠎ᠡ ᠵᠢᠨ ᠠᠮᠢᠲᠠᠨ ᠤᠷᠭᠤᠮᠠᠯ ᠬᠢᠭᠡᠳ ᠴᠢᠭᠢᠭᠯᠢᠭ ᠭᠠᠵᠠᠷ᠎ᠢ ᠬᠠᠮᠠᠭ᠋ᠠᠯᠠᠬᠤ ᠨᠡᠶ᠋ᠢᠭᠡᠮᠯᠢᠭ᠎ᠠᠴᠠ ᠪᠥᠬᠥ ᠣᠷᠣᠨ᠎ᠤ ᠭᠡᠰᠢᠭᠦᠨ᠂ ᠰᠠᠢ᠌ᠨ ᠳᠤᠷᠠᠴᠤᠳ ᠵᠢᠴᠢ ᠡᠯ᠎ᠡ ᠠᠶ᠋ᠢᠮᠠᠭ ᠬᠣᠲᠠ ᠵᠢᠨ ᠬᠡᠭᠡᠷ᠎ᠡ ᠵᠢᠨ ᠠᠮᠢᠲᠠᠨ ᠤᠷᠭᠤᠮᠠᠯ᠎ᠢ ᠬᠠᠮᠠᠭ᠋ᠠᠯᠠᠬᠤ ᠨᠡᠶ᠋ᠢᠭᠡᠮᠯᠢᠭ᠎ᠲᠤ ᠳᠣᠤᠷᠠᠬᠢ ᠮᠡᠲᠦ ᠰᠠᠨᠠᠭ᠋ᠠᠴᠢᠯᠠᠭ᠎ᠠ ᠳᠤᠷᠠᠳᠪᠠ᠄
ᠨᠢᠭᠡ᠂ ᠭᠡᠰᠢᠭᠦᠳ᠂ ᠰᠠᠢ᠌ᠨ ᠳᠤᠷᠠᠴᠤᠳ ᠶᠠᠷᠢᠶ᠎ᠠ ᠬᠡᠯᠡᠯᠴᠡᠭᠡᠨ᠎ᠤ ᠤᠬᠠᠭᠤᠯᠭ᠎ᠠ ᠵᠢᠨ ᠠᠵᠢᠯ᠎ᠢ ᠦᠷᠭᠡᠨ ᠵᠶ᠋ᠠᠷ ᠰᠠᠶ᠋ᠢᠲᠤᠷ ᠬᠢᠵᠦ᠂ ᠨᠡᠶ᠋ᠢᠭᠡᠮ ᠨᠡᠶ᠋ᠢᠲᠡ ᠵᠢᠨ ᠪᠤᠯᠬᠢ ᠳᠠᠳᠬᠠᠯ᠎ᠢ ᠲᠠᠶᠠᠭᠳᠠᠬᠤ ᠵᠢ ᠬᠥᠲᠥᠯᠥᠨ ᠵᠢᠯᠣᠭᠣᠳᠴᠤ᠂ ᠬᠡᠭᠡᠷ᠎ᠡ ᠵᠢᠨ ᠠᠮᠢᠲᠠᠨ᠎ᠢ ᠢᠳᠡᠬᠦ ᠦᠭᠡᠢ᠂ ᠢᠳᠡᠬᠦ ᠵᠢ ᠲᠡᠪᠴᠢᠵᠦ᠂ ᠬᠡᠭᠡᠷ᠎ᠡ ᠵᠢᠨ ᠠᠮᠢᠲᠠᠨ᠎ᠢ ᠬᠠᠮᠠᠭ᠋ᠠᠯᠠᠨ᠂ ᠬᠡᠭᠡᠷ᠎ᠡ ᠵᠢᠨ ᠠᠮᠢᠲᠠᠨ᠎ᠤ ᠬᠢᠵᠢᠭ᠎ᠤᠨ ᠢᠷᠡᠯᠲᠡ ᠵᠢᠨ ᠬᠢᠵᠢᠭ ᠡᠪᠡᠳᠴᠢᠨ ᠳᠡᠯᠭᠡᠷᠡᠬᠦ ᠠᠷᠭ᠎ᠠ ᠵᠠᠮ᠎ᠢ ᠲᠠᠰᠤᠯᠵᠤ᠂ ᠠᠮᠢ ᠠᠬᠤᠶ ᠵᠢᠨ ᠪᠣᠯᠪᠠᠰᠤᠨ᠎ᠤ ᠰᠢᠨ᠎ᠡ ᠬᠡᠪ ᠰᠤᠷᠲᠠᠯ᠎ᠢ ᠪᠤᠢ ᠪᠣᠯᠭ᠋ᠠᠬᠤ ᠬᠡᠷᠡᠭᠲᠡᠶ᠃
ᠬᠣᠶᠠᠷ᠂ 《ᠬᠡᠭᠡᠷ᠎ᠡ ᠵᠢᠨ ᠠᠮᠢᠲᠠᠨ᠎ᠢ ᠬᠠᠮᠠᠭ᠋ᠠᠯᠠᠬᠤ ᠬᠠᠤᠯᠢ》 ᠵᠡᠷᠭᠡ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠤᠬᠠᠮᠰᠠᠷ᠎ᠠᠴᠠ᠎ᠪᠠᠨ ᠵᠢᠷᠤᠮᠯᠠᠨ ᠰᠠᠬᠢᠨ᠎ᠠ᠃
ᠪᠦᠬᠦ ᠣᠷᠣᠨ᠎ᠤ ᠡᠯ᠎ᠡ ᠱᠠᠲᠤᠨ᠎ᠤ ᠣᠢ ᠰᠢᠭᠤᠶ ᠪᠣᠯᠤᠨ ᠨᠤᠲᠤᠭ ᠪᠡᠯᠴᠢᠭᠡᠷ᠎ᠤᠨ ᠬᠠᠮᠢᠶᠠᠷᠤᠯᠲᠠ ᠵᠢᠨ ᠰᠠᠯᠠᠭ᠎ᠠ ᠮᠦᠴᠢᠷ᠎ᠤᠳ ᠬᠡᠭᠡᠷ᠎ᠡ ᠵᠢᠨ ᠠᠮᠢᠲᠠᠨ᠎ᠢ ᠬᠠᠤᠯᠢ ᠪᠤᠰᠤ᠎ᠪᠠᠷ ᠠᠩᠨᠠᠬᠤ᠂ ᠡᠵᠡᠩᠨᠡᠬᠦ᠂ ᠲᠡᠭᠡᠭᠡᠪᠦᠷᠢᠯᠡᠬᠦ᠂ ᠪᠤᠷᠤᠯᠠᠭᠤᠯᠬᠤ ᠵᠡᠷᠭᠡ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ᠎ᠳᠤ ᠬᠠᠤᠯᠢ ᠶᠣᠰᠣᠭ᠋ᠠᠷ ᠴᠣᠬᠢᠯᠲᠠ ᠥᠭᠴᠦ᠂ ᠬᠠᠤᠯᠢ᠎ᠠᠴᠠ ᠵᠥᠷᠢᠴᠡᠭᠰᠡᠨ ᠰᠦᠪᠡᠭᠴᠢ ᠵᠢ ᠣᠯᠵᠤ ᠮᠡᠳᠡᠪᠡᠯ ᠴᠠᠭ ᠲᠤᠬᠠᠶ᠎ᠳᠤᠨᠢ ᠡᠯ᠎ᠡ ᠭᠠᠵᠠᠷ᠎ᠤᠨ ᠣᠢ ᠰᠢᠭᠤᠶ ᠪᠣᠯᠤᠨ ᠨᠤᠲᠤᠭ ᠪᠡᠯᠴᠢᠭᠡᠷ᠎ᠤᠨ ᠬᠠᠮᠢᠶᠠᠷᠤᠯᠲᠠ ᠵᠢᠨ ᠰᠠᠯᠠᠭ᠎ᠠ ᠮᠥᠴᠢᠷ᠎ᠲᠤ ᠢᠯᠡᠴᠢᠯᠡᠨ ᠮᠡᠳᠡᠭᠦᠯᠬᠦ ᠬᠡᠷᠡᠭᠲᠡᠶ᠃
ᠭᠤᠷᠪᠠ᠂ ᠤᠯᠤᠰ᠎ᠤᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠨᠢᠭᠡᠳᠦᠯᠲᠡᠶ ᠪᠠᠶ᠋ᠢᠷᠢᠯᠠᠭᠤᠯᠤᠯᠲᠠ ᠶᠣᠰᠣᠭ᠋ᠠᠷ᠂ ᠡᠨᠡ ᠵᠢᠯ᠎ᠤᠨ ᠬᠠᠪᠤᠷ᠎ᠤᠨ ᠤᠯᠠᠷᠢᠯ᠎ᠤᠨ ᠨᠡᠭᠦᠳᠡᠯ᠎ᠤᠨ ᠰᠢᠪᠠᠭᠤᠳ᠎ᠢ ᠬᠠᠮᠠᠭ᠋ᠠᠯᠠᠬᠤ ᠠᠵᠢᠯ᠎ᠢ ᠰᠠᠶ᠋ᠢᠲᠤᠷ ᠬᠢᠨ᠎ᠠ᠃ ᠭᠡᠰᠢᠭᠦᠨ᠂ ᠰᠠᠶ᠋ᠢᠨ ᠳᠤᠷᠠᠴᠤᠳ ᠬᠠᠪᠤᠷ᠎ᠤᠨ ᠤᠯᠠᠷᠢᠯ᠎ᠤᠨ ᠬᠡᠭᠡᠷ᠎ᠡ ᠵᠢᠨ ᠠᠮᠢᠳᠠᠨ᠎ᠢ ᠬᠢᠨᠠᠨ ᠬᠡᠮᠵᠢᠬᠦ᠂ ᠲᠣᠭᠣᠷᠢᠨ ᠬᠠᠮᠠᠭ᠋ᠠᠯᠠᠬᠤ᠂ ᠠᠪᠤᠷᠠᠨ ᠠᠷᠠᠴᠢᠯᠠᠬᠤ ᠵᠡᠷᠭᠡ ᠡᠯ᠎ᠡ ᠵᠦᠢᠯ᠎ᠤᠨ ᠠᠵᠢᠯ᠎ᠳᠤ ᠢᠳᠡᠪᠬᠢᠳᠠᠢ ᠪᠥᠭᠡᠳ ᠰᠠᠨᠠᠭ᠋ᠠᠴᠢᠯᠠᠭ᠎ᠠ᠎ᠠᠴᠠ᠎ᠪᠠᠨ ᠣᠷᠣᠯᠴᠠᠬᠤ ᠬᠡᠷᠡᠭᠲᠡᠶ᠃
ᠲᠦᠷᠪᠡ᠂ ᠬᠡᠭᠡᠷ᠎ᠡ ᠭᠠᠳᠠᠨ᠎ᠠ ᠰᠢᠯᠲᠠᠭ᠋ᠠᠨ᠎ᠨᠢ ᠲᠣᠳᠣᠷᠬᠠᠶ ᠦᠭᠡᠢ ᠰᠢᠷᠬᠠᠲᠤᠭᠰᠠᠨ᠂ ᠦᠬᠦᠭᠰᠡᠨ ᠬᠡᠭᠡᠷ᠎ᠡ ᠵᠢᠨ ᠠᠮᠢᠲᠠᠨ᠎ᠢ ᠣᠯᠵᠤ ᠮᠡᠳᠡᠪᠡᠯ᠂ ᠲᠣᠰ ᠪᠡᠶ᠎ᠡ ᠵᠢᠨ ᠠᠮᠤᠷ ᠲᠦᠪᠰᠢᠨ᠎ᠢ ᠰᠠᠶ᠋ᠢᠲᠤᠷ ᠬᠠᠮᠠᠭ᠋ᠠᠯᠠᠬᠤ ᠪᠠ ᠰᠢᠭᠤᠳ ᠣᠶ᠋ᠢᠷᠠᠲᠤᠬᠤ᠎ᠠᠴᠠ ᠵᠠᠶ᠋ᠢᠯᠠᠰᠬᠢᠬᠦ ᠪᠠᠢ᠌ᠳᠠᠯ ᠳᠣᠤᠷ᠎ᠠ᠂ ᠲᠤᠬᠠᠶ ᠵᠢᠨ ᠭᠠᠵᠠᠷ᠎ᠤᠨ ᠣᠢ ᠰᠢᠭᠤᠶ ᠪᠣᠯᠤᠨ ᠨᠤᠲᠤᠭ ᠪᠡᠯᠴᠢᠭᠡᠷ᠎ᠤᠨ ᠬᠠᠮᠢᠶᠠᠷᠤᠯᠳᠠ ᠵᠢᠨ ᠰᠠᠯᠠᠭ᠎ᠠ ᠮᠥᠴᠢᠷ᠎ᠲᠤ ᠳᠠᠷᠤᠶ ᠲᠦᠷᠭᠡᠨ ᠮᠡᠳᠡᠭᠦᠯᠬᠦ ᠬᠡᠷᠡᠭᠲᠡᠶ᠃ ᠬᠢᠵᠢᠭ᠎ᠤᠨ ᠪᠠᠶ᠋ᠢᠳᠠᠯ ᠪᠣᠯ ᠵᠠᠷᠯᠢᠭ ᠮᠥᠨ᠂ ᠰᠡᠷᠭᠡᠶ᠋ᠢᠯᠡᠨ ᠡᠵᠡᠮᠳᠡᠬᠦ ᠪᠣᠯ ᠬᠠᠷᠢᠭᠤᠴᠠᠯᠭ᠎ᠠ ᠮᠥᠨ᠃ ᠥᠷᠭᠡᠨ ᠣᠯᠠᠨ ᠭᠡᠰᠢᠭᠦᠳ᠂ ᠰᠠᠶ᠋ᠢᠨ ᠳᠤᠷᠠᠴᠤᠳ᠂ ᠪᠢᠳᠡ ᠰᠡᠳᠬᠢᠯ ᠨᠢᠭᠡᠳᠦᠨ ᠬᠦᠴᠦ᠎ᠪᠠᠨ ᠬᠠᠮᠲᠤᠳᠬᠠᠵᠤ᠂ ᠡᠨᠡ ᠬᠦ᠌ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠳᠠᠶ᠋ᠢᠯᠠᠯᠳᠤᠭ᠋ᠠᠨ᠎ᠤ ᠢᠯᠠᠯᠲᠠ ᠵᠢ ᠡᠷᠡᠰ ᠲᠡᠮᠡᠴᠡᠨ ᠣᠯᠤᠶ᠎ᠠ!