ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠯᠪᠠᠨ ᠨᠡᠶ᠋ᠢᠲᠡᠯᠡᠯ
ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠭᠤᠤᠯᠳᠠᠯᠭ᠎ᠠ᠎ᠲᠠᠢ ᠪᠠᠳᠤᠯᠠᠭ᠋ᠠᠨ᠎ᠤ ᠠᠵᠦ ᠠᠬᠤᠶ᠋ᠢᠯᠠᠯ ᠪᠤᠯᠤᠨ ᠬᠢᠵᠢᠭ᠎ᠤᠨ ᠪᠠᠶ᠋ᠢᠳᠠᠯ᠎ᠳᠤ ᠨᠦᠯᠦᠭᠡᠯᠡᠭᠳᠡᠭᠰᠡᠨ ᠦᠢ᠍ᠯᠡᠳᠪᠦᠷᠢᠯᠡᠯ ᠡᠵᠡᠩᠨᠡᠯᠳᠡ᠎ᠨᠢ ᠬᠦᠴᠢᠷᠳᠡᠯᠳᠡᠢ ᠲᠤᠮᠳᠠ ᠪᠠᠭ᠎ᠠ ᠠᠵᠦ ᠠᠬᠤᠶ᠋ᠢᠯᠠᠯ᠎ᠤᠨ ᠡᠷᠡᠭᠦᠯ ᠵᠶ᠋ᠠᠷ ᠬᠦᠭᠵᠢᠬᠦ ᠵᠢ ᠳᠡᠮᠵᠢᠬᠦ ᠲᠦᠷᠥ ᠵᠢᠨ ᠪᠤᠳᠣᠯᠭ᠎ᠠ ᠠᠷᠭ᠎ᠠ ᠬᠡᠮᠵᠢᠶ᠎ᠡ ᠵᠢᠨ ᠲᠤᠬᠠᠢ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠤᠷᠳᠤᠨ᠎ᠤ ᠮᠡᠳᠡᠭᠳᠡᠯ
ᠨᠡᠶ᠋ᠢᠲᠡᠯᠡᠭᠰᠡᠨ ᠴᠠᠭ᠄ 2020-02-14

      ᠡᠯ᠎ᠡ ᠠᠶ᠋ᠢᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶ᠋ᠢᠯᠠᠯ᠂ ᠠᠵᠢᠯ ᠦᠢ᠍ᠯᠡᠰ᠎ᠤᠨ ᠨᠢᠭᠡᠴᠢ᠎ᠳᠤ᠄

      ᠶᠡᠷᠦᠩᠬᠡᠶ ᠱᠦᠵᠢ ᠰᠢ ᠵᠢᠨ ᠫᠢᠩ᠎ᠤᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠵᠦ ᠬᠤᠷᠢᠬᠯᠠᠨ ᠠᠷᠢᠯᠭ᠋ᠠᠬᠤ ᠲᠠᠶ᠋ᠢᠯᠠᠯᠳᠤᠭ᠋ᠠᠨ᠎ᠤ ᠢᠯᠠᠯᠲᠠ ᠵᠢ ᠣᠯᠬᠤ ᠲᠤᠬᠠᠶ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠨᠠᠮ᠎ᠤᠨ ᠲᠥᠪ ᠬᠤᠷᠢᠶ᠎ᠠ᠂ ᠲᠥᠷᠥ ᠵᠢᠨ ᠶᠠᠪᠤᠳᠠᠯ᠎ᠤᠨ ᠬᠤᠷᠢᠶ᠎ᠠ ᠵᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠠᠵᠢᠯ᠎ᠤᠨ ᠪᠠᠶ᠋ᠢᠷᠢᠯᠠᠭᠤᠯᠤᠯᠲᠠ ᠵᠢ ᠪᠦᠬᠦ ᠲᠠᠯ᠎ᠠ᠎ᠪᠠᠷ ᠡᠷᠡᠰ ᠨᠠᠶ᠋ᠢᠳᠠᠪᠤᠷᠢᠵᠢᠭᠤᠯᠤᠨ᠂ ᠪᠦᠬᠦ ᠣᠷᠣᠨ᠎ᠤ ᠰᠡᠷᠭᠡᠶ᠋ᠢᠯᠡᠨ ᠡᠵᠡᠮᠳᠡᠬᠦ ᠴᠢᠳᠠᠪᠤᠷᠢ ᠵᠢᠨ ᠪᠠᠶ᠋ᠢᠭᠤᠯᠤᠯᠲᠠ ᠵᠢ ᠦᠨᠡᠨ ᠬᠦ᠌ ᠴᠢᠩᠭ᠋ᠠᠳᠬᠠᠵᠦ᠂ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠭᠤᠤᠯᠳᠠᠯᠭ᠎ᠠ᠎ᠲᠠᠢ ᠠᠵᠤ ᠠᠬᠤᠶ᠋ᠢᠯᠠᠯ᠎ᠤᠨ ᠦᠢ᠍ᠯᠡᠳᠪᠦᠷᠢᠯᠡᠯ ᠡᠵᠡᠩᠨᠡᠯᠲᠡ ᠵᠢ ᠪᠠᠲᠤᠯᠠᠵᠤ᠂ ᠬᠢᠵᠢᠭ᠎ᠤᠨ ᠪᠠᠶ᠋ᠢᠲᠠᠯ᠎ᠤᠨ ᠨᠥᠯᠥᠭᠡ ᠵᠢ ᠨᠡᠯᠢᠶᠡᠳ ᠶᠡᠭᠡ ᠬᠦᠷᠲᠡᠭᠰᠡᠨ ᠳᠤᠮᠳᠠ ᠪᠠᠭ᠎ᠠ ᠠᠵᠤ ᠠᠬᠤᠶ᠋ᠢᠯᠠᠯ᠎ᠤᠨ ᠦᠢ᠍ᠯᠡᠳᠪᠦᠷᠢᠯᠡᠯ ᠡᠵᠡᠩᠨᠡᠯᠲᠡ ᠵᠢᠨ ᠬᠦᠴᠢᠷᠳᠡᠯ᠎ᠢ ᠰᠢᠢ᠍ᠳᠪᠦᠷᠢᠯᠡᠬᠦ ᠵᠢᠨ ᠲᠦᠯᠦᠭᠡ᠂ ᠥᠪᠡᠷᠲᠡᠭᠡᠨ ᠵᠠᠰᠠᠬᠤ ᠣᠷᠣᠨ᠎ᠤ ᠪᠣᠳᠠᠲᠠᠶ᠎ᠲᠠᠢ ᠤᠶᠠᠯᠳᠤᠭᠤᠯᠤᠨ᠂ ᠳᠣᠤᠷᠠᠬᠢ ᠲᠥᠷᠥ ᠵᠢᠨ ᠪᠣᠳᠣᠯᠭ᠎ᠠ ᠠᠷᠭ᠎ᠠ ᠬᠡᠮᠵᠢᠶ᠎ᠡ ᠵᠢ ᠲᠣᠭᠲᠠᠭ᠋ᠠᠪᠠ᠃

      ᠨᠢᠭᠡ᠂ ᠬᠢᠨᠠᠨ ᠵᠥᠪᠰᠢᠶᠡᠷᠡᠬᠦ ᠦᠢ᠍ᠯᠡᠴᠢᠯᠡᠭᠡ ᠵᠢ ᠤᠯᠠᠮ ᠴᠢᠨᠠᠬᠰᠢᠳᠠ ᠰᠢᠯᠢᠳᠡᠭᠵᠢᠭᠦᠯᠦᠨ᠎ᠡ

     (ᠨᠢᠭᠡ) ᠬᠢᠨᠠᠨ ᠵᠥᠪᠰᠢᠶᠡᠷᠡᠬᠦ ᠰᠠᠭ᠋ᠠᠳ ᠦᠭᠡᠢ ᠵᠠᠮ᠎ᠢ ᠨᠡᠪᠲᠡᠷᠡᠭᠦᠯᠦᠨ᠎ᠡ᠃ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ᠎ᠳᠤ ᠬᠡᠷᠡᠭᠰᠡᠬᠦ ᠡᠳ᠋ ᠪᠤᠳᠠᠰ᠎ᠢ ᠦᠢ᠍ᠯᠡᠳᠪᠦᠷᠢᠯᠡᠬᠦ ᠰᠢᠨ᠎ᠡ᠎ᠪᠠᠷ ᠨᠠᠶ᠋ᠢᠳᠠᠪᠤᠷᠢᠵᠢᠭᠤᠯᠤᠭᠰᠠᠨ ᠲᠥᠷᠥᠯ ᠵᠦᠢ᠍ᠯ᠎ᠳᠤ᠂ ᠠᠳᠠᠯᠢ ᠱᠠᠲᠤᠨ᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠰᠠᠯᠠᠭ᠎ᠠ ᠮᠥᠴᠢᠷ ᠵᠶ᠋ᠠᠷ ᠨᠤᠳᠠᠯᠠᠭᠤᠯᠤᠭ᠋ᠠᠳ 《ᠠᠮᠠᠯᠳᠠᠬᠤ ᠳᠦᠷᠢᠮ》᠎ᠢ ᠪᠦᠬᠦ ᠲᠠᠯ᠎ᠠ᠎ᠪᠠᠷ ᠬᠡᠷᠡᠭᠵᠢᠭᠦᠯᠵᠦ᠂ ᠲᠣᠭᠲᠠᠭ᠋ᠠᠯ ᠶᠣᠰᠣᠭ᠋ᠠᠷ ᠭᠠᠷ ᠭᠦᠢ᠍ᠴᠡᠳᠭᠡᠯ᠎ᠢ ᠨᠦᠬᠦᠵᠤ ᠬᠦᠢ᠍ᠴᠡᠳᠭᠡᠨ᠎ᠡ᠃ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ᠎ᠳᠤ ᠬᠡᠷᠡᠭᠰᠡᠬᠦ ᠡᠳ᠋ ᠪᠣᠳᠠᠰ ᠦᠢ᠍ᠯᠡᠳᠪᠦᠷᠢᠯᠡᠬᠦ ᠠᠵᠤ ᠠᠬᠤᠶ᠋ᠢᠯᠠᠯ᠎ᠤᠨ ᠮᠡᠷᠭᠡᠵᠢᠯ᠎ᠤᠨ ᠥᠭᠡᠷᠡᠴᠢᠯᠡᠯᠲᠡ ᠬᠢᠵᠤ᠂ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠎ᠢ ᠨᠡᠮᠡᠭᠳᠡᠭᠦᠯᠵᠦ ᠦᠢ᠍ᠯᠡᠳᠪᠦᠷᠢᠯᠡᠬᠦ ᠴᠢᠳᠠᠪᠤᠷᠢ᠎ᠪᠠᠨ ᠨᠡᠮᠡᠭᠳᠡᠭᠦᠯᠬᠦ ᠵᠢ ᠳᠡᠮᠵᠢᠨ᠎ᠡ; ᠪᠤᠰᠤᠳ ᠠᠵᠤ ᠠᠬᠤᠶ᠋ᠢᠯᠠᠯ᠎ᠤᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ᠎ᠳᠤ ᠬᠡᠷᠡᠭᠰᠡᠬᠦ ᠡᠳ᠋ ᠪᠤᠳᠠᠰ᠎ᠤᠨ ᠦᠢ᠍ᠯᠡᠳᠪᠦᠷᠢᠯᠡᠯ᠎ᠤᠨ ᠱᠤᠭᠤᠮ᠎ᠢ ᠰᠢᠨ᠎ᠠ᠎ᠪᠠᠷ ᠨᠡᠮᠡᠭᠳᠡᠬᠦᠯᠵᠤ ᠦᠢ᠍ᠯᠡᠳᠪᠦᠷᠢᠯᠡᠬᠦ ᠴᠢᠳᠠᠪᠤᠷᠢ ᠵᠢ ᠲᠦᠷᠭᠡᠨ ᠪᠦᠷᠢᠯᠳᠦᠭᠦᠯᠬᠦ ᠵᠢ ᠳᠠᠮᠵᠢᠨ᠎ᠠ᠃ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠭᠤᠤᠯᠳᠠᠯᠭ᠎ᠠ᠎ᠲᠠᠢ ᠪᠠᠲᠤᠯᠠᠭ᠋ᠠᠨ᠎ᠤ ᠲᠥᠷᠥᠯ ᠵᠦᠢ᠍ᠯ᠎ᠳᠤ᠂ ᠭᠠᠵᠠᠷ ᠰᠢᠷᠣᠶ ᠬᠡᠷᠡᠭᠯᠡᠬᠦ ᠤᠰᠤ ᠬᠡᠷᠡᠭᠯᠡᠬᠦ ᠵᠡᠷᠭᠡ ᠭᠦᠢ᠍ᠴᠡᠳᠬᠡᠯ ᠲᠤᠭ᠎ᠠ ᠵᠢ ᠡᠩ ᠲᠡᠷᠢᠭᠦᠨ᠎ᠳᠤ ᠲᠣᠬᠢᠷᠠᠭᠤᠯᠤᠨ᠎ᠠ᠃ (ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠂ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠵᠢᠯᠲᠠ ᠵᠢᠨ ᠲᠢᠩᠬᠢᠮ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠣᠪᠴᠢᠶ᠎ᠠ᠂ ᠣᠷᠣᠨ ᠰᠠᠭᠤᠴᠠ ᠬᠤᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ ᠵᠢᠨ ᠲᠢᠩᠬᠢᠮ᠂ ᠠᠮᠢ ᠠᠬᠤᠶ ᠣᠷᠴᠢᠨ ᠲᠣᠭᠤᠷᠢᠨ᠎ᠤ ᠲᠢᠩᠬᠢᠮ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ᠂ ᠤᠰᠤᠨ ᠠᠰᠢᠬᠯᠠᠯᠲᠠ ᠵᠢᠨ ᠲᠢᠩᠬᠢᠮ᠂ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠲᠢᠩᠬᠢᠮ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠡᠨᠧᠷᠭᠢ ᠵᠢᠨ ᠲᠣᠪᠴᠢᠶ᠎ᠠ᠂ ᠥᠪᠥᠷ ᠮᠣᠩᠭᠤᠯ᠎ᠤᠨ ᠴᠠᠬᠢᠯᠭ᠋ᠠᠨ ᠬᠦᠴᠦᠨ [ᠪᠦᠯᠦᠭᠯᠡᠯ]᠎ᠤ ᠺᠣᠮᠫᠠᠨᠢ᠂ ᠥᠪᠥᠷ ᠮᠣᠩᠭᠤᠯ᠎ᠤᠨ ᠵᠡᠭᠦᠨ ᠬᠡᠰᠡᠭ᠎ᠤᠨ ᠴᠠᠬᠢᠯᠭ᠋ᠠᠨ ᠬᠦᠴᠦᠨ᠎ᠤ ᠺᠣᠮᠫᠠᠨᠢ ᠬᠠᠷᠢᠭᠤᠴᠠᠨ᠎ᠠ᠃ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ᠂ ᠠᠵᠤ ᠠᠬᠤᠶ᠋ᠢᠯᠠᠯ ᠲᠤᠰᠢᠶᠠᠯ ᠬᠠᠷᠢᠭᠤᠴᠠᠯᠭ᠎ᠠ᠎ᠪᠠᠷ ᠵᠶ᠋ᠠᠨ ᠠᠵᠢᠯ ᠬᠤᠪᠢᠶᠠᠷᠢᠯᠠᠨ ᠠᠬᠢᠭᠤᠯᠵᠤ᠂ ᠵᠤᠬᠢᠴᠠᠭᠤᠯᠤᠨ ᠬᠠᠮᠵᠢᠯᠴᠠᠨ᠎ᠠ᠂ ᠨᠡᠷᠡᠰ᠎ᠤᠨ ᠵᠢᠭᠰᠠᠭ᠋ᠠᠯᠲᠠ᠎ᠳᠤ ᠡᠮᠦᠨ᠎ᠠ ᠬᠤᠶ᠋ᠢᠨ᠎ᠠ ᠭᠡᠵᠦ ᠬᠤᠪᠢᠶᠠᠬᠤ ᠥᠬᠡᠶ᠂ ᠳᠣᠷᠣᠭᠰᠢ ᠠᠳᠠᠯᠢ)

     (ᠬᠤᠶᠠᠷ) ᠭᠦᠢ᠍ᠯᠭᠡᠭᠡᠨ᠎ᠤ ᠰᠠᠭ᠋ᠠᠳ ᠦᠭᠡᠢ ᠵᠠᠮ᠎ᠢ ᠨᠡᠪᠲᠡᠷᠡᠬᠦᠯᠦᠨ᠎ᠡ᠃ ᠤᠯᠤᠰ᠎ᠤᠨ ᠬᠤᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ᠂ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠬᠤᠯᠪᠣᠭᠳᠠᠯ ᠪᠦᠬᠦᠢ ᠡᠳ᠋ ᠪᠤᠳᠠᠰ᠂ ᠢᠨᠵᠧᠨᠧᠷᠢᠩ ᠪᠣᠯᠤᠨ ᠦᠢ᠍ᠯᠡᠴᠢᠯᠡᠭᠡ ᠵᠢ ᠬᠤᠳᠠᠯᠳᠤᠨ ᠠᠪᠬᠤ᠎ᠳᠤ᠂ 《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠬᠠᠤᠯᠢ》᠎ᠳᠤ ᠲᠣᠭᠲᠠᠭ᠋ᠠᠭᠰᠠᠨ ᠠᠷᠭ᠎ᠠ ᠭᠡᠯᠪᠡᠷᠢ ᠪᠣᠯᠤᠨ ᠳᠡᠰ ᠳᠠᠷᠠᠭ᠋ᠠᠯᠠᠯ᠎ᠢ ᠬᠡᠷᠡᠭᠵᠢᠭᠦᠯᠬᠦ ᠦᠭᠡᠢ ᠪᠠᠶ᠋ᠢᠵᠤ ᠪᠣᠯᠤᠨ᠎ᠠ᠃ ᠭᠠᠳᠠᠭ᠋ᠠᠳᠤ᠎ᠠᠴᠠ ᠣᠷᠣᠭᠤᠯᠬᠤ ᠰᠡᠷᠭᠡᠶ᠋ᠢᠯᠡᠨ ᠡᠵᠡᠮᠳᠡᠬᠦ ᠡᠳ᠋ ᠪᠤᠳᠠᠰ᠎ᠢ ᠪᠣᠭᠤᠮᠲᠠ᠎ᠪᠠᠷ ᠲᠦᠷᠭᠡᠨ ᠥᠩᠭᠡᠷᠡᠭᠦᠯᠬᠦ ᠲᠤᠰᠬᠠᠶ ᠴᠣᠩᠬᠤᠪᠴᠢ ᠭᠠᠷᠭ᠋ᠠᠵᠤ᠂ ᠭᠠᠳᠠᠭ᠋ᠠᠳᠤ᠎ᠠᠴᠠ ᠬᠤᠲᠠᠯᠳᠤᠨ ᠠᠪᠴᠤ ᠣᠷᠣᠭᠤᠯᠤᠭᠰᠠᠠ ᠰᠡᠷᠭᠡᠶ᠋ᠢᠯᠡᠨ ᠡᠵᠡᠮᠳᠡᠬᠦ ᠡᠳ᠋ ᠪᠤᠳᠠᠰ᠎ᠢ ᠤᠷᠢᠳ ᠵᠶ᠋ᠠᠷ ᠳᠠᠩᠰᠠᠯᠠᠭ᠋ᠠᠳ ᠶᠠᠪᠤᠭᠤᠯᠵᠤ᠂ ᠳᠠᠷᠠᠭ᠎ᠠ᠎ᠨᠢ ᠭᠠᠷ ᠭᠦᠢ᠍ᠴᠡᠳᠬᠡᠯ᠎ᠢ ᠨᠦᠬᠦᠨ ᠬᠢᠵᠦ᠂ ᠰᠡᠷᠭᠡᠶ᠋ᠢᠯᠡᠨ ᠡᠵᠡᠮᠳᠡᠬᠦ ᠡᠳ᠋ ᠪᠣᠳᠠᠰ᠎ᠤᠨ ᠪᠣᠭᠤᠮᠲᠠ᠎ᠪᠠᠷ ᠥᠩᠭᠡᠷᠡᠬᠦ᠎ᠳᠤ 《ᠴᠠᠭ ᠬᠤᠶ᠋ᠢᠰᠢᠯᠠᠭᠤᠯᠬᠤ ᠦᠭᠡᠢ》᠂ ᠳᠠᠩᠰᠠᠯᠠᠭᠤᠯᠤᠨ ᠲᠡᠮᠳᠡᠭᠯᠡᠬᠦ᠎ᠳᠤ 《ᠬᠦᠯᠢᠶᠡᠬᠦ ᠦᠭᠡᠢ》᠂ ᠭᠠᠶ᠋ᠢᠯᠢ ᠬᠡᠯᠲᠦᠷᠢᠭᠦᠯᠬᠦ ᠲᠦᠷᠦ ᠵᠢᠨ ᠪᠤᠳᠤᠯᠭ᠎ᠠ ᠵᠢ ᠨᠠᠶ᠋ᠢᠳᠠᠪᠤᠷᠢᠵᠢᠭᠤᠯᠬᠤ᠎ᠳᠤ 《ᠤᠳᠠᠭ᠋ᠠᠰᠢᠷᠠᠭᠤᠯᠬᠤ ᠦᠭᠡᠢ》 ᠪᠠᠶ᠋ᠢᠬᠤ ᠵᠢ ᠪᠡᠶᠡᠯᠡᠭᠦᠯᠦᠨ᠎ᠡ᠃ ᠰᠡᠷᠭᠡᠶ᠋ᠢᠯᠡᠨ ᠡᠵᠡᠮᠳᠡᠬᠦ ᠡᠳ᠋ ᠪᠤᠳᠠᠰ ᠵᠢᠴᠢ ᠲᠡᠭᠦᠨ᠎ᠢ ᠦᠢ᠍ᠯᠡᠳᠪᠦᠷᠢᠯᠡᠬᠦ᠎ᠳᠤ ᠬᠡᠷᠡᠭᠰᠡᠬᠦ ᠲᠦᠭᠦᠬᠡᠶ ᠮᠠᠲ᠋ᠧᠷᠢᠶᠠᠯ ᠪᠣᠯᠤᠨ ᠲᠥᠬᠦᠭᠡᠷᠦᠮᠵᠢ᠂ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠴᠢᠨᠠᠷᠲᠠᠶ ᠦᠢ᠍ᠯᠡᠳᠪᠦᠷᠢᠯᠡᠯ ᠠᠮᠢᠳᠤᠷᠠᠯ᠎ᠤᠨ ᠡᠳ᠋ ᠪᠠᠷᠠᠭ᠎ᠠ ᠵᠢ ᠲᠡᠭᠡᠭᠡᠪᠦᠷᠢᠯᠡᠬᠦ ᠰᠠᠭ᠋ᠠᠳ ᠦᠭᠡᠢ ᠨᠡᠪᠲᠡᠷᠡᠬᠦ ᠵᠠᠮ᠎ᠢ ᠭᠠᠷᠭ᠋ᠠᠨ᠎ᠠ᠃ (ᠥᠪᠡᠷᠲᠡᠭᠡᠨ ᠵᠠᠰᠠᠬᠤ ᠣᠷᠣᠨ᠎ᠤ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠂ ᠡᠳ᠋᠎ᠤᠨ ᠵᠠᠰᠠᠭ᠎ᠤᠨ ᠲᠢᠩᠬᠢᠮ᠂ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠂ ᠬᠥᠬᠡᠬᠤᠲᠠ ᠪᠣᠭᠤᠮᠲᠠ᠂ ᠮᠠᠨᠵᠤᠤᠷ ᠪᠣᠭᠤᠮᠲᠠ ᠬᠠᠷᠢᠭᠤᠴᠠᠨ᠎ᠠ)

      ᠬᠤᠶᠠᠷ᠂ ᠮᠥᠩᠭᠦᠨ ᠭᠦᠢ᠍ᠯᠭᠡᠭᠡᠨ᠎ᠤ ᠳᠡᠮᠵᠢᠯᠭᠡ ᠵᠢᠨ ᠡᠷᠴᠢᠮ᠎ᠢ ᠴᠢᠩᠭ᠋ᠠᠷᠠᠭᠤᠯᠤᠨ᠎ᠠ

     (ᠭᠤᠷᠪᠠ) ᠢᠲᠡᠭᠡᠮᠵᠢᠲᠦ ᠵᠢᠭᠡᠯᠡᠯᠭᠡ ᠵᠢᠨ ᠳᠡᠮᠵᠢᠯᠭᠡ ᠵᠢᠨ ᠡᠷᠴᠢᠮ᠎ᠢ ᠴᠢᠩᠭ᠋ᠠᠷᠠᠭᠤᠯᠤᠨ᠎ᠠ᠃ ᠮᠥᠩᠭᠦᠨ ᠭᠦᠢ᠍ᠯᠭᠡᠭᠡᠨ᠎ᠤ ᠪᠠᠶ᠋ᠢᠭᠤᠯᠤᠮᠵᠢ ᠵᠢ ᠵᠣᠬᠢᠴᠠᠭᠤᠯᠵᠤ ᠪᠠᠶ᠋ᠢᠭ᠋ᠠᠳ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠭᠤᠤᠯᠳᠠᠯᠭ᠎ᠠ᠎ᠲᠠᠢ ᠪᠠᠲᠤᠯᠠᠭ᠋ᠠᠨ᠎ᠤ ᠠᠵᠤ ᠠᠬᠤᠶ᠋ᠢᠯᠠᠯ ᠪᠠ ᠬᠢᠵᠢᠭ᠎ᠤᠨ ᠪᠠᠶ᠋ᠢᠳᠠᠯ᠎ᠤᠨ ᠨᠥᠯᠥᠭᠡ᠎ᠠᠴᠠ ᠪᠣᠯᠵᠤ ᠡᠵᠡᠩᠨᠡᠯᠲᠡ᠎ᠨᠢ ᠲᠦᠷ ᠴᠠᠭ ᠬᠦᠴᠢᠷᠳᠡᠯ᠎ᠳᠤ ᠲᠤᠯᠭ᠋ᠠᠷᠠᠬᠰᠠᠨ ᠳᠤᠮᠳᠠ ᠪᠠᠭ᠎ᠠ ᠠᠵᠤ ᠠᠬᠤᠶ᠋ᠢᠯᠠᠯ᠎ᠠᠴᠠ ᠵᠢᠭᠡᠯᠡᠯᠭᠡ ᠲᠠᠲᠠᠬᠤ ᠦᠭᠡᠢ᠂ ᠵᠢᠭᠡᠯᠡᠯᠭᠡ᠎ᠪᠠᠨ ᠳᠠᠰᠤᠯᠳᠠᠭᠤᠯᠬᠤ ᠦᠭᠡᠢ᠂ ᠵᠢᠭᠡᠯᠡᠯᠭᠡ ᠵᠢ ᠳᠠᠷᠤᠬᠤ ᠦᠭᠡᠢ ᠪᠠᠶ᠋ᠢᠵᠤ᠂ ᠬᠤᠭᠤᠴᠠᠭ᠎ᠠ ᠵᠢ ᠤᠷᠲᠤᠳᠬᠠᠬᠤ᠂ ᠡᠬᠡ ᠮᠥᠩᠭᠦ᠎ᠪᠠᠨ ᠪᠤᠴᠠᠭ᠋ᠠᠬᠤ ᠦᠭᠡᠢ᠎ᠪᠠᠷ ᠦᠷᠭᠦᠯᠵᠢᠯᠡᠨ ᠵᠢᠭᠡᠯᠡᠯᠭᠡ ᠲᠠᠯᠪᠢᠬᠤ᠂ ᠢᠲᠡᠭᠡᠮᠵᠢᠲᠦ ᠵᠢᠭᠡᠯᠡᠯᠭᠡ ᠵᠢ ᠳᠠᠬᠢᠨ ᠨᠡᠶ᠋ᠢᠳᠭᠡᠬᠦ᠂ ᠬᠤᠭᠤᠴᠠᠭ᠎ᠠ ᠬᠡᠲᠦᠷᠡᠭᠰᠡᠨ ᠬᠦᠤ ᠮᠥᠩᠭᠦ ᠵᠢ ᠬᠠᠰᠤᠵᠤ ᠬᠡᠯᠲᠦᠷᠢᠭᠦᠯᠬᠦ ᠵᠡᠷᠭᠡ ᠠᠷᠭ᠎ᠠ ᠬᠡᠮᠵᠢᠶ᠎ᠡ ᠠᠪᠬᠤ᠎ᠪᠠᠷ ᠳᠠᠮᠵᠢᠭᠤᠯᠤᠨ᠂ ᠵᠢᠭᠡᠯᠡᠬᠦᠯᠬᠦ ᠶᠣᠰᠣᠲᠠᠶ ᠵᠢ᠎ᠨᠢ ᠪᠦᠬᠦᠨ᠎ᠢ ᠵᠢᠭᠡᠯᠡᠭᠦᠯᠬᠦ᠂ ᠦᠷᠭᠦᠯᠵᠢᠯᠡᠬᠦ ᠶᠤᠰᠤᠳᠠᠢ ᠵᠢ᠎ᠨᠢ ᠲᠦᠷᠭᠡᠨ ᠦᠷᠭᠦᠯᠵᠢᠯᠡᠭᠦᠯᠬᠦ ᠵᠢ ᠪᠡᠶᠡᠯᠡᠭᠦᠯᠵᠦ᠂ 2020 ᠣᠨ᠎ᠳᠤ ᠳᠤᠮᠳᠠ ᠪᠠᠭ᠎ᠠ ᠠᠵᠤ ᠠᠬᠤᠶ᠋ᠢᠯᠠᠯ᠎ᠤᠨ ᠢᠲᠡᠭᠡᠮᠵᠢᠲᠦ ᠵᠢᠭᠡᠯᠡᠯᠭᠡ ᠵᠢᠨ ᠦᠯᠡᠳᠡᠪᠦᠷᠢ ᠲᠤᠭ᠎ᠠ ᠪᠠᠭᠤᠷᠠᠬᠤ ᠦᠭᠡᠢ ᠪᠠᠶ᠋ᠢᠬᠤ ᠵᠢ ᠦᠨᠡᠨ ᠬᠦ᠌ ᠪᠠᠲᠤᠯᠠᠨ᠎ᠠ᠃ ᠮᠥᠩᠭᠦᠨ ᠭᠦᠢ᠍ᠯᠭᠡᠭᠡᠨ᠎ᠤ ᠪᠠᠶ᠋ᠢᠭᠤᠯᠤᠮᠵᠢ ᠵᠢᠨ ᠠᠵᠢᠯ᠎ᠤᠨ ᠠᠷᠭ᠎ᠠ ᠭᠡᠯᠪᠡᠷᠢ ᠵᠢ ᠰᠢᠨᠡᠴᠢᠯᠡᠵᠦ᠂ ᠲᠦᠷᠭᠡᠨ ᠬᠢᠨᠠᠨ ᠵᠥᠪᠰᠢᠶᠡᠷᠡᠵᠦ ᠨᠡᠪᠲᠡᠷᠡᠬᠦᠯᠬᠦ ᠵᠠᠮ᠎ᠢ ᠨᠡᠭᠡᠭᠡᠨ᠂ ᠢᠲᠡᠭᠡᠮᠵᠢᠲᠦ ᠵᠢᠭᠡᠯᠡᠯᠭᠡ ᠪᠠ ᠳᠤᠮᠳᠠ ᠤᠷᠲᠤ ᠬᠤᠭᠤᠴᠠᠭ᠋ᠠᠨ᠎ᠤ ᠵᠢᠭᠡᠯᠡᠯᠭᠡ ᠵᠢ ᠨᠡᠮᠡᠭᠳᠡᠭᠦᠯᠵᠦ᠂ ᠵᠢᠭᠡᠯᠡᠯᠭᠡ ᠪᠤᠴᠠᠭ᠋ᠠᠬᠤ ᠬᠤᠭᠤᠴᠠᠭ᠎ᠠ ᠵᠢ ᠵᠣᠬᠢᠰᠲᠠᠶ ᠤᠷᠲᠤᠳᠬᠠᠵᠤ᠂ ᠪᠠᠲᠤᠯᠠᠭ᠎ᠠ ᠵᠢᠨ ᠴᠢᠨᠠᠷᠲᠠᠶ ᠮᠥᠩᠭᠦᠨ ᠭᠦᠢ᠍ᠯᠭᠡᠭᠡᠨ᠎ᠤ ᠦᠢ᠍ᠯᠡᠴᠢᠯᠡᠭᠡ ᠪᠠ ᠨᠠᠩ ᠢᠯᠡᠭᠦᠦ ᠬᠠᠷᠠᠭ᠋ᠠᠯᠵᠠᠯ ᠦᠵᠡᠭᠦᠯᠬᠦ ᠮᠥᠩᠭᠦᠨ ᠭᠦᠢ᠍ᠯᠭᠡᠭᠡᠨ᠎ᠤ ᠦᠢ᠍ᠯᠡᠴᠢᠯᠡᠭᠡ ᠬᠠᠩᠭ᠋ᠠᠬᠤ ᠵᠢ ᠵᠣᠷᠢᠭᠵᠢᠭᠤᠯᠤᠨ᠎ᠠ᠃ ᠬᠢᠵᠢᠭ᠎ᠤᠨ ᠪᠠᠶ᠋ᠢᠳᠠᠯ᠎ᠤᠨ ᠨᠥᠯᠥᠭᠡ᠎ᠠᠴᠠ ᠪᠣᠯᠵᠤ ᠣᠷᠣᠯᠭ᠎ᠠ ᠵᠢᠨ ᠢᠷᠡᠯᠲᠡ᠎ᠪᠠᠨ ᠲᠦᠷ ᠠᠯᠳᠠᠭᠰᠠᠨ ᠬᠤᠪᠢ ᠬᠥᠮᠦᠨ ᠪᠠ ᠠᠵᠤ ᠠᠬᠤᠶ᠋ᠢᠯᠠᠯ᠎ᠳᠤ ᠢᠲᠡᠭᠡᠮᠵᠢ ᠵᠢᠨ ᠮᠡᠳᠡᠭᠡ ᠵᠠᠩᠭᠢ ᠴᠤᠭᠯᠠᠭᠤᠯᠬᠤ ᠦᠢ᠍ᠯᠡᠴᠢᠯᠡᠭᠡᠨ᠎ᠤ ᠠᠵᠢᠯ᠎ᠢ ᠰᠠᠶ᠋ᠢᠲᠤᠷ ᠬᠢᠵᠦ᠂ ᠬᠤᠭᠤᠴᠠᠭ᠎ᠠ ᠬᠡᠲᠦᠷᠡᠭᠰᠡᠨ ᠢᠲᠡᠭᠡᠮᠵᠢ ᠵᠢᠨ ᠲᠡᠮᠳᠡᠭᠯᠡᠯ᠎ᠤᠨ ᠮᠡᠳᠡᠭᠦᠯᠦᠨ ᠬᠦᠷᠭᠡᠬᠦ ᠵᠦᠢ᠍ᠯ᠎ᠢ ᠵᠦᠶ ᠵᠣᠬᠢᠰᠲᠠᠶ ᠲᠣᠬᠢᠷᠠᠭᠤᠯᠬᠤ ᠬᠡᠷᠡᠭᠲᠡᠶ᠃ ᠳᠤᠮᠳᠠ ᠪᠠᠭ᠎ᠠ ᠠᠵᠤ ᠠᠬᠤᠶ᠋ᠢᠯᠠᠯ᠎ᠤᠨ ᠲᠤᠰᠬᠠᠶ ᠠᠰᠢᠭ᠂ ᠲᠠᠸᠠᠷ᠎ᠤᠨ ᠲᠡᠮᠳᠡᠭ ᠵᠡᠷᠭᠡ ᠮᠡᠳᠡᠯᠭᠡ ᠵᠢᠨ ᠦᠮᠴᠢᠯᠡᠯ᠎ᠤᠨ ᠡᠷᠬᠡ᠎ᠪᠠᠷ ᠪᠠᠷᠢᠴᠠᠭ᠋ᠠᠯᠠᠬᠤ᠂ ᠰᠲ᠋ᠣᠺ᠎ᠤᠨ ᠡᠷᠬᠡ᠎ᠪᠠᠷ ᠪᠠᠷᠢᠴᠠᠭ᠋ᠠᠯᠠᠬᠤ ᠪᠠᠯᠠ ᠮᠦᠩᠬᠦ ᠴᠤᠬᠯᠠᠭᠤᠯᠬᠤ ᠵᠢᠭᠡᠯᠡᠯᠭᠡ ᠲᠠᠯᠪᠢᠬᠤ ᠵᠢ ᠳᠠᠮᠵᠢᠨ᠎ᠠ᠃ (ᠠᠷᠠᠳ᠎ᠤᠨ ᠪᠠᠩᠬᠢ ᠵᠢᠨ ᠬᠥᠬᠡᠬᠤᠲᠠ ᠵᠢᠨ ᠲᠥᠪ ᠰᠠᠯᠪᠤᠷᠢ ᠪᠠᠩᠬᠢ᠂ ᠥᠪᠥᠷ ᠮᠣᠩᠭᠤᠯ᠎ᠤᠨ ᠪᠠᠩᠬᠢ ᠳᠠᠭ᠋ᠠᠳᠬᠠᠯ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ᠎ᠤ ᠣᠷᠣᠨ ᠨᠤᠲᠤᠭ᠎ᠤᠨ ᠮᠥᠩᠭᠦᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ ᠬᠠᠷᠢᠭᠤᠴᠠᠨ᠎ᠠ)

     (ᠳᠥᠷᠪᠡ) ᠪᠠᠯᠠ ᠮᠦᠩᠬᠦ ᠴᠤᠬᠯᠠᠭᠤᠯᠬᠤ ᠥᠪᠡᠷ᠎ᠤᠨ ᠥᠷᠲᠡᠭ᠎ᠢ ᠪᠠᠭᠤᠷᠠᠭᠤᠯᠤᠨ᠎ᠠ᠃ ᠮᠥᠩᠭᠦᠨ ᠭᠦᠢ᠍ᠯᠭᠡᠭᠡᠨ᠎ᠤ ᠪᠠᠶ᠋ᠢᠭᠤᠯᠤᠮᠵᠢ ᠵᠢ ᠵᠣᠷᠢᠭᠵᠢᠭᠤᠯᠵᠤ ᠪᠠᠶ᠋ᠢᠭ᠋ᠠᠳ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠭᠤᠤᠯᠳᠠᠯᠭ᠎ᠠ᠎ᠲᠠᠢ ᠪᠠᠲᠤᠯᠠᠭ᠋ᠠᠨ᠎ᠤ ᠠᠵᠤ ᠠᠬᠤᠶ᠋ᠢᠯᠠᠯ ᠪᠠ ᠬᠢᠵᠢᠭ᠎ᠤᠨ ᠪᠠᠶ᠋ᠢᠳᠠᠯ᠎ᠤᠨ ᠨᠥᠯᠥᠭᠡ᠎ᠠᠴᠠ ᠪᠣᠯᠵᠤ ᠡᠵᠡᠩᠨᠡᠯᠲᠡ᠎ᠨᠢ ᠲᠦᠷ ᠴᠠᠭ ᠬᠦᠴᠢᠷᠳᠡᠯ᠎ᠳᠤ ᠲᠤᠯᠭ᠋ᠠᠷᠠᠬᠰᠠᠨ ᠳᠤᠮᠳᠠ ᠪᠠᠭ᠎ᠠ ᠠᠵᠤ ᠠᠬᠤᠶ᠋ᠢᠯᠠᠯ᠎ᠤᠨ ᠠᠵᠢᠯ᠎ᠤᠨ ᠪᠠᠶ᠋ᠢᠷᠢ᠎ᠳᠤ ᠪᠠᠶ᠋ᠢᠬᠤ᠂ ᠡᠮᠴᠢᠯᠡᠭᠡ ᠬᠦᠯᠢᠶᠡᠬᠦ ᠪᠤᠶᠤ ᠲᠤᠰᠠᠭ᠋ᠠᠷᠯᠠᠬᠤ ᠬᠥᠮᠦᠰ᠎ᠲᠤ ᠵᠦᠷᠢᠶᠡᠴᠢᠯᠡᠭᠰᠡᠨ ᠮᠥᠩᠭᠦᠨ ᠭᠦᠢ᠍ᠯᠭᠡᠭᠡᠨ᠎ᠤ ᠦᠢ᠍ᠯᠡᠴᠢᠯᠡᠭᠡ ᠬᠠᠩᠭ᠋ᠠᠵᠤ᠂ ᠣᠷᠣᠨ ᠰᠠᠭᠤᠴᠠ ᠵᠢᠨ ᠪᠠᠷᠢᠴᠠᠭ᠋ᠠᠳᠤ ᠵᠢᠭᠡᠯᠡᠯᠭᠡ᠂ ᠢᠲᠡᠭᠡᠮᠵᠢ ᠵᠢᠨ ᠺᠠᠷᠲ ᠵᠡᠷᠭᠡ ᠬᠤᠪᠢ ᠬᠥᠮᠦᠨ᠎ᠤ ᠢᠲᠡᠭᠡᠮᠵᠢᠲᠦ ᠵᠢᠭᠡᠯᠡᠯᠭᠡ ᠵᠢᠨ ᠵᠣᠭᠤᠰ ᠪᠤᠴᠠᠭ᠋ᠠᠬᠤ ᠴᠠᠭ ᠬᠤᠭᠤᠴᠠᠭ᠎ᠠ᠎ᠳᠤ ᠬᠥᠮᠥᠡᠯᠢᠭ᠂ ᠵᠦᠶ ᠵᠣᠬᠢᠰᠲᠠᠶ ᠲᠣᠬᠢᠷᠠᠭᠤᠯᠤᠯᠲᠠ ᠬᠢᠬᠦ ᠬᠡᠷᠡᠭᠲᠡᠶ᠃ ᠮᠥᠩᠭᠦᠨ ᠭᠦᠢ᠍ᠯᠭᠡᠭᠡᠨ᠎ᠤ ᠪᠠᠶ᠋ᠢᠭᠤᠯᠤᠮᠵᠢ ᠵᠢ ᠵᠣᠷᠢᠭᠵᠢᠭᠤᠯᠵᠤ ᠪᠠᠶ᠋ᠢᠭ᠋ᠠᠳ ᠥᠪᠡᠷ᠎ᠤᠨ ᠥᠷᠲᠡᠭ᠎ᠤᠨ ᠰᠦᠢ᠍ᠳᠬᠡᠯ᠎ᠤᠨ ᠨᠤᠷᠮ᠎ᠠ ᠵᠢ ᠪᠠᠭᠤᠷᠠᠭᠤᠯᠬᠤ᠎ᠪᠠᠷ ᠳᠠᠮᠵᠢᠭᠤᠯᠤᠨ᠂ ᠳᠤᠮᠳᠠ ᠪᠠᠭ᠎ᠠ ᠠᠵᠤ ᠠᠬᠤᠶ᠋ᠢᠯᠠᠯ᠎ᠢ ᠳᠡᠮᠵᠢᠬᠦ ᠡᠷᠴᠢᠮ ᠵᠶ᠋ᠠᠨ ᠴᠢᠩᠭ᠋ᠠᠷᠠᠭᠤᠯᠵᠤ᠂ ᠬᠢᠵᠢᠭ᠎ᠤᠨ ᠨᠥᠯᠥᠭᠡ ᠵᠢ ᠨᠡᠯᠢᠶᠡᠳ ᠶᠡᠭᠡ ᠬᠦᠷᠲᠡᠭᠰᠡᠨ ᠳᠤᠮᠳᠠ ᠪᠠᠭ᠎ᠠ ᠠᠵᠤ ᠠᠬᠤᠶ᠋ᠢᠯᠠᠯ᠎ᠳᠤ ᠤᠤᠯ᠎ᠤᠨ ᠵᠢᠭᠡᠯᠡᠯᠭᠡ ᠵᠢᠨ ᠬᠦᠤ ᠮᠥᠩᠭᠦ ᠵᠢᠨ ᠨᠣᠷᠮ᠎ᠠ ᠵᠢᠨ ᠲᠦᠪᠰᠢᠨ᠎ᠤ ᠰᠠᠭᠤᠷᠢᠨ ᠳᠡᠭᠡᠷ᠎ᠡ ᠳᠠᠬᠢᠨ 10% ᠰᠢᠬᠠᠮ ᠪᠠᠭᠤᠷᠠᠭᠤᠯᠤᠨ᠂ 2020 ᠣᠨ᠎ᠤ ᠪᠠᠯᠠ ᠮᠦᠩᠬᠦ ᠴᠤᠬᠯᠠᠭᠤᠯᠬᠤ ᠥᠪᠡᠷ᠎ᠤᠨ ᠥᠷᠲᠡᠭ᠎ᠢ ᠳᠡᠭᠡᠭᠰᠢᠯᠡᠭᠦᠯᠬᠦ ᠥᠬᠡᠶ᠂ ᠲᠦᠭᠡᠮᠡᠯ ᠬᠠᠷᠠᠭ᠋ᠠᠯᠵᠠᠯᠲᠤ ᠪᠠᠭ᠎ᠠ ᠵᠢᠵᠢᠭ ᠠᠵᠤ ᠠᠬᠤᠶ᠋ᠢᠯᠠᠯ᠎ᠤᠨ ᠵᠢᠭᠡᠯᠡᠯᠭᠡ ᠵᠢᠨ ᠬᠦᠤ ᠮᠥᠩᠭᠦ ᠵᠢᠨ ᠨᠣᠷᠮ᠎ᠠ ᠵᠢ ᠵᠠᠭᠤᠨ᠎ᠤ ᠬᠠᠷᠢᠴᠠᠯ ᠵᠶ᠋ᠠᠷ 0.5 ᠬᠤᠪᠢ ᠪᠠᠭᠤᠷᠠᠭᠤᠯᠬᠤ ᠵᠢ ᠦᠨᠡᠨ ᠬᠦ᠌ ᠪᠠᠲᠤᠯᠠᠨ᠎ᠠ᠃ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠠᠵᠤ ᠦᠢ᠍ᠯᠡᠳᠪᠦᠷᠢ ᠪᠠ ᠮᠡᠳᠡᠭᠡ ᠵᠠᠩᠭᠢᠵᠢᠯᠲᠠ ᠵᠡᠷᠭᠡ ᠰᠠᠯᠠᠭ᠎ᠠ ᠮᠥᠴᠢᠷ᠎ᠠᠴᠠ ᠲᠣᠭᠲᠠᠭ᠋ᠠᠭᠰᠠᠨ ᠥᠪᠡᠷᠲᠡᠭᠡᠨ ᠵᠠᠰᠠᠬᠤ ᠣᠷᠣᠨ᠎ᠤ ᠳᠣᠲᠣᠷᠠᠬᠢ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠪᠠᠴᠢᠮ ᠬᠡᠷᠡᠭᠴᠡᠭᠡ ᠪᠦᠬᠦᠢ ᠠᠮᠠᠪᠴᠢ᠂ ᠲᠤᠰᠠᠭ᠋ᠠᠷᠯᠠᠬᠤ ᠦᠢ᠍ᠯᠡᠴᠢᠯᠡᠭᠡ᠂ ᠠᠷᠢᠭᠤᠳᠬᠠᠬᠤ ᠤᠰᠠᠳᠬᠠᠬᠤ ᠦᠢ᠍ᠯᠡᠳᠬᠦᠨ ᠵᠡᠷᠭᠡ ᠡᠳ᠋ ᠪᠤᠳᠠᠰ᠎ᠤᠨ ᠦᠢ᠍ᠯᠡᠳᠪᠦᠷᠢᠯᠡᠯ᠎ᠤᠨ ᠨᠡᠷᠡᠰ᠎ᠲᠤ ᠵᠢᠭᠰᠠᠭ᠋ᠠᠨ ᠣᠷᠣᠭᠤᠯᠤᠭᠰᠠᠨ ᠠᠵᠤ ᠠᠬᠤᠶ᠋ᠢᠯᠠᠯ᠎ᠤᠨ ᠵᠢᠭᠡᠯᠡᠯᠭᠡ᠎ᠳᠤ ᠠᠷᠠᠳ᠎ᠤᠨ ᠪᠠᠩᠬᠢ ᠵᠢᠨ ᠲᠤᠰᠬᠠᠶ ᠵᠦᠢ᠍ᠯ᠎ᠤᠨ ᠳᠠᠬᠢᠨ ᠵᠢᠭᠡᠯᠡᠯᠭᠡ ᠥᠭᠴᠦ ᠮᠥᠩᠭᠦᠨ ᠭᠦᠢ᠍ᠯᠭᠡᠭᠡᠨ᠎ᠤ ᠪᠠᠶ᠋ᠢᠭᠤᠯᠤᠮᠵᠢ ᠵᠢᠨ ᠬᠠᠷᠠᠭ᠋ᠠᠯᠵᠠᠯᠲᠤ ᠬᠦᠤ ᠵᠢᠨ ᠨᠣᠷᠮ᠎ᠠ ᠵᠢᠨ ᠢᠲᠡᠭᠡᠮᠵᠢᠲᠦ ᠵᠢᠭᠡᠯᠡᠯᠭᠡ ᠬᠠᠩᠭ᠋ᠠᠬᠤ ᠵᠢ ᠳᠡᠮᠵᠢᠭᠰᠡᠨ ᠰᠠᠭᠤᠷᠢᠨ᠎ᠳᠤ᠂ ᠡᠳ᠋᠎ᠤᠨ ᠵᠠᠰᠠᠭ᠎ᠤᠨ ᠰᠠᠯᠠᠭ᠎ᠠ ᠮᠥᠴᠢᠷ᠎ᠠᠴᠠ ᠠᠷᠠᠳ᠎ᠤᠨ ᠪᠠᠩᠬᠢ ᠵᠢᠨ ᠳᠠᠬᠢᠨ ᠵᠢᠭᠡᠯᠡᠬᠦᠯᠬᠦ ᠵᠢᠭᠡᠯᠡᠯᠭᠡ ᠵᠢᠨ ᠬᠦᠤ ᠵᠢᠨ ᠨᠣᠷᠮ᠎ᠠ ᠵᠢᠨ 50%᠎ᠪᠠᠷ ᠳᠡᠮ ᠬᠦᠤ ᠣᠯᠭᠤᠨ᠎ᠠ᠂ ᠳᠡᠮ ᠬᠦᠤ ᠥᠭᠬᠦ ᠬᠤᠭᠤᠴᠠᠭ᠎ᠠ ᠵᠢ ᠵᠠᠷᠴᠢᠮ ᠳᠡᠭᠡᠷ᠎ᠡ᠎ᠪᠠᠨ 1 ᠵᠢᠯ᠎ᠠᠴᠠ ᠬᠡᠲᠦᠷᠡᠭᠦᠯᠬᠦ ᠦᠭᠡᠢ᠃ (ᠥᠪᠥᠷ ᠮᠣᠩᠭᠤᠯ᠎ᠤᠨ ᠪᠠᠩᠬᠢ ᠳᠠᠭ᠋ᠠᠳᠬᠠᠯ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠠᠷᠠᠳ᠎ᠤᠨ ᠪᠠᠩᠬᠢ ᠵᠢᠨ ᠬᠥᠬᠡᠬᠤᠲᠠ ᠵᠢᠨ ᠲᠥᠪ ᠰᠠᠯᠪᠤᠷᠢ ᠪᠠᠩᠬᠢ᠂ ᠥᠪᠡᠷᠲᠡᠭᠡᠨ ᠵᠠᠰᠠᠬᠤ ᠣᠷᠣᠨ᠎ᠤ ᠣᠷᠣᠨ ᠨᠤᠲᠤᠭ᠎ᠤᠨ ᠮᠥᠩᠭᠦᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠵᠢᠯᠲᠠ ᠵᠢᠨ ᠲᠢᠩᠬᠢᠮ᠂ ᠡᠳ᠋᠎ᠤᠨ ᠵᠠᠰᠠᠭ᠎ᠤᠨ ᠲᠢᠩᠬᠢᠮ ᠬᠠᠷᠢᠭᠤᠴᠠᠨ᠎ᠠ)

     (ᠲᠠᠪᠤ) ᠪᠠᠯᠠ ᠮᠦᠩᠬᠦ ᠴᠤᠬᠯᠠᠭᠤᠯᠬᠤ ᠳᠠᠭ᠋ᠠᠭ᠋ᠠᠯᠲᠠ ᠵᠢᠨ ᠳᠡᠮᠵᠢᠯᠭᠡ ᠵᠢ ᠴᠢᠩᠭ᠋ᠠᠷᠠᠭᠤᠯᠤᠨ᠎ᠠ᠃ ᠪᠠᠯᠠ ᠮᠦᠡᠭᠬᠦ ᠴᠤᠬᠯᠠᠭᠤᠯᠬᠤ ᠳᠠᠭ᠋ᠠᠭ᠋ᠠᠯᠲᠠ ᠵᠢᠨ ᠲᠦᠭᠰᠢᠭᠦᠷᠢ ᠵᠢᠨ ᠨᠥᠬᠦᠪᠥᠷᠢ ᠥᠭᠬᠦ ᠡᠷᠴᠢᠮ᠎ᠢ ᠴᠢᠩᠭ᠋ᠠᠷᠠᠭᠤᠯᠵᠤ᠂ ᠪᠠᠯᠠ ᠮᠦᠩᠬᠦ ᠴᠤᠬᠯᠠᠭᠤᠯᠬᠤ ᠳᠠᠭ᠋ᠠᠭ᠋ᠠᠯᠲᠠ ᠵᠢᠨ ᠺᠣᠮᠫᠠᠨᠢ ᠵᠢᠨ ᠲᠤᠬᠠᠶ ᠵᠢᠨ ᠵᠢᠯ᠎ᠤᠨ ᠡᠴᠦᠰ᠎ᠤᠨ ᠳᠠᠭ᠋ᠠᠭ᠋ᠠᠯᠲᠠ ᠵᠢᠨ ᠬᠠᠷᠢᠭᠤᠴᠠᠯᠭ᠎ᠠ ᠵᠢᠨ ᠦᠯᠡᠳᠡᠪᠦᠷᠢ ᠲᠤᠭ᠎ᠠ ᠵᠢᠨ 1% ᠶᠣᠰᠣᠭ᠋ᠠᠷ ᠲᠦᠭᠰᠢᠭᠦᠷᠢ ᠵᠢᠨ ᠨᠥᠬᠦᠪᠥᠷᠢ ᠣᠯᠭᠤᠨ᠎ᠠ᠃ ᠡᠯ᠎ᠡ ᠱᠠᠲᠤᠨ᠎ᠤ ᠵᠠᠰᠠᠭ᠎ᠤᠨ ᠣᠷᠳᠣᠨ᠎ᠤ ᠴᠢᠨᠠᠷᠲᠠᠶ ᠪᠡᠯᠡ ᠮᠦᠩᠬᠦ ᠴᠤᠬᠯᠠᠭᠤᠯᠬᠤ ᠳᠠᠭ᠋ᠠᠭ᠋ᠠᠯᠲᠠ ᠬᠢᠬᠦ᠂ ᠳᠠᠬᠢᠨᠳᠠ ᠲᠠᠭ᠋ᠠᠭ᠋ᠠᠯᠲᠠ ᠬᠢᠬᠦ ᠪᠠᠶ᠋ᠢᠭᠤᠯᠤᠮᠵᠢ ᠵᠢᠨ ᠭᠡᠳᠡᠷᠭᠦ ᠳᠠᠭ᠋ᠠᠭ᠋ᠠᠯᠲᠠ ᠬᠢᠬᠦ ᠱᠠᠭ᠋ᠠᠷᠳᠠᠯᠭ᠎ᠠ ᠵᠢ ᠬᠦᠴᠦᠨ ᠦᠭᠡᠢ ᠪᠣᠯᠭ᠋ᠠᠬᠤ ᠵᠢ ᠵᠣᠷᠢᠭᠵᠢᠭᠤᠯᠵᠤ᠂ ᠳᠠᠭ᠋ᠠᠭ᠋ᠠᠯᠲᠠ ᠬᠢᠬᠦ ᠪᠠ ᠳᠠᠬᠢᠨ ᠳᠠᠭ᠋ᠠᠭ᠋ᠠᠯᠲᠠ ᠬᠢᠬᠦ ᠵᠠᠷᠤᠳᠠᠯ᠎ᠤᠨ ᠨᠣᠷᠮ᠎ᠠ ᠵᠢ ᠪᠠᠭᠤᠷᠠᠭᠤᠯᠤᠨ᠎ᠠ᠃ ᠲᠦᠷ ᠵᠣᠭᠤᠰ ᠵᠶ᠋ᠠᠨ ᠪᠤᠴᠠᠭ᠋ᠠᠬᠤ ᠴᠢᠳᠠᠪᠤᠷᠢ ᠦᠭᠡᠢ ᠳᠤᠮᠳᠠ ᠪᠠᠭ᠎ᠠ ᠠᠵᠤ ᠠᠬᠤᠶ᠋ᠢᠯᠠᠯ᠎ᠳᠤ᠂ ᠪᠡᠯᠡ ᠮᠦᠩᠬᠦ ᠴᠤᠬᠯᠠᠭᠤᠯᠬᠤ ᠳᠠᠭ᠋ᠠᠭ᠋ᠠᠯᠲᠠ ᠵᠢᠨ ᠦᠢ᠍ᠯᠡᠴᠢᠯᠡᠭᠡ ᠬᠠᠩᠭ᠋ᠠᠵᠤ ᠪᠠᠶ᠋ᠢᠭ᠎ᠠ ᠡᠯ᠎ᠡ ᠱᠠᠲᠤᠨ᠎ᠤ ᠵᠠᠰᠠᠭ᠎ᠤᠨ ᠣᠷᠳᠣᠨ᠎ᠤ ᠴᠢᠨᠠᠷᠲᠠᠶ ᠪᠡᠯᠡ ᠮᠦᠩᠬᠦ ᠴᠤᠬᠯᠠᠭᠤᠯᠬᠤ ᠳᠠᠭ᠋ᠠᠭ᠋ᠠᠯᠲᠠ ᠵᠢᠨ ᠪᠠᠶ᠋ᠢᠭᠤᠯᠤᠮᠵᠢ᠎ᠨᠤᠭᠤᠳ ᠣᠷᠣᠯᠠᠨ ᠲᠥᠯᠥᠬᠦ ᠡᠭᠦᠷᠭᠡ᠎ᠪᠠᠨ ᠴᠠᠭ ᠲᠤᠬᠠᠶ᠎ᠳᠤᠨᠢ ᠭᠦᠢ᠍ᠴᠡᠳᠬᠡᠵᠦ᠂ ᠬᠢᠵᠢᠭ᠎ᠤᠨ ᠪᠠᠶ᠋ᠢᠳᠠᠯ᠎ᠤᠨ ᠨᠥᠯᠥᠭᠡ ᠵᠢᠨ ᠪᠠᠶ᠋ᠢᠳᠠᠯ᠎ᠢ ᠦᠨᠳᠦᠰᠦᠯᠡᠵᠦ ᠪᠠᠶ᠋ᠢᠭ᠋ᠠᠳ ᠨᠡᠬᠡᠮᠵᠢᠯᠨᠨ ᠲᠥᠯᠥᠭᠦᠯᠬᠦ ᠴᠠᠭ ᠬᠤᠭᠤᠴᠠᠭ᠎ᠠ ᠵᠢ ᠵᠣᠬᠢᠰᠲᠠᠶ ᠤᠷᠲᠤᠳᠬᠠᠵᠤ᠂ ᠬᠠᠷᠭᠤᠭᠤᠯᠤᠨ ᠬᠠᠰᠤᠬᠤ ᠨᠥᠬᠦᠴᠡᠯ᠎ᠳᠤ ᠨᠡᠶ᠋ᠢᠴᠡᠭᠰᠡᠨ ᠪᠠᠶ᠋ᠢᠪᠠᠯ᠂ ᠲᠣᠭᠲᠠᠭ᠋ᠠᠯ ᠶᠣᠰᠣᠭ᠋ᠠᠷ ᠬᠤᠬᠢᠷᠡᠯ᠎ᠢ᠎ᠨᠢ ᠣᠷᠣᠯᠠᠨ ᠲᠥᠯᠥᠨ᠎ᠡ᠃ (ᠥᠪᠡᠷᠲᠡᠭᠡᠨ ᠵᠠᠰᠠᠬᠤ ᠣᠷᠣᠨ᠎ᠤ ᠣᠷᠣᠨ ᠨᠤᠲᠤᠭ᠎ᠤᠨ ᠮᠥᠩᠭᠦᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠡᠳ᠋᠎ᠤᠨ ᠵᠠᠰᠠᠭ᠎ᠤᠨ ᠲᠢᠩᠬᠢᠮ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠵᠢᠯᠲᠠ ᠵᠢᠨ ᠲᠢᠩᠬᠢᠮ᠂ ᠠᠷᠠᠳ᠎ᠤᠨ ᠪᠠᠩᠬᠢ ᠵᠢᠨ ᠬᠥᠬᠡᠬᠤᠲᠠ ᠵᠢᠨ ᠲᠥᠪ ᠰᠠᠯᠪᠤᠷᠢ ᠪᠠᠩᠬᠢ ᠬᠠᠷᠢᠭᠤᠴᠠᠨ᠎ᠠ)

     (ᠵᠢᠷᠭᠤᠭ᠎ᠠ) ᠦᠢ᠍ᠯᠡᠰ ᠪᠤᠰᠬᠠᠬᠤ ᠳᠠᠭ᠋ᠠᠭ᠋ᠠᠯᠲᠠ ᠵᠢᠨ ᠳᠡᠮᠵᠢᠯᠭᠡ ᠵᠢ ᠴᠢᠩᠭ᠋ᠠᠷᠠᠭᠤᠯᠤᠨ᠎ᠠ᠃ ᠬᠢᠵᠢᠭ᠎ᠤᠨ ᠪᠠᠶ᠋ᠢᠳᠠᠯ᠎ᠳᠤ ᠨᠡᠯᠢᠶᠡᠳ ᠶᠡᠭᠡ ᠨᠥᠯᠥᠭᠡᠯᠡᠭᠳᠡᠭᠰᠡᠨ ᠳᠤᠮᠳᠠ ᠪᠠᠭ᠎ᠠ ᠠᠵᠤ ᠠᠬᠤᠶ᠋ᠢᠯᠠᠯ ᠪᠣᠯᠤᠨ ᠬᠤᠪᠢ ᠬᠥᠮᠦᠨ᠎ᠤ ᠦᠢ᠍ᠯᠡᠰ ᠪᠤᠰᠬᠠᠬᠤ ᠲᠠᠭ᠋ᠠᠭ᠋ᠠᠯᠲᠠᠳᠤ ᠵᠢᠭᠡᠯᠡᠯᠭᠡ ᠵᠢᠨ ᠳᠡᠮ ᠬᠦᠤ ᠵᠢᠨ ᠳᠡᠮᠵᠢᠯᠭᠡ ᠵᠢᠨ ᠡᠷᠴᠢᠮ᠎ᠢ ᠴᠢᠩᠭ᠋ᠠᠷᠠᠭᠤᠯᠤᠨ᠎ᠠ᠃ ᠨᠢᠭᠡᠨᠲᠡ ᠲᠠᠷᠬᠠᠭ᠋ᠠᠭᠰᠠᠨ ᠦᠢ᠍ᠯᠡᠰ ᠪᠤᠰᠬᠠᠬᠤ ᠳᠠᠭ᠋ᠠᠭ᠋ᠠᠯᠲᠠ ᠵᠢᠨ ᠵᠢᠭᠡᠯᠡᠯᠭᠡ᠎ᠳᠤ᠂ ᠵᠣᠭᠤᠰ ᠵᠢᠭᠡᠯᠡᠭᠴᠢ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠳᠤ ᠨᠡᠷᠪᠡᠭᠳᠡᠪᠡᠯ᠂ ᠵᠢᠭᠡᠯᠡᠯᠭᠡ ᠵᠢᠨ ᠪᠠᠩᠬᠢ᠎ᠳᠤ ᠬᠤᠭᠤᠴᠠᠭ᠎ᠠ ᠤᠷᠲᠤᠳᠬᠠᠨ ᠵᠣᠭᠤᠰ ᠪᠤᠴᠠᠭ᠋ᠠᠬᠤ᠎ᠪᠠᠷ ᠭᠤᠶᠤᠴᠢᠯᠠᠵᠤ ᠪᠣᠯᠤᠨ᠎ᠠ᠂ ᠤᠷᠲᠤᠳᠬᠠᠬᠤ ᠬᠤᠭᠤᠴᠠᠭ᠎ᠠ᠎ᠨᠢ ᠵᠠᠷᠴᠢᠮ ᠳᠡᠭᠡᠷ᠎ᠡ᠎ᠪᠠᠨ 1 ᠵᠢᠯ ᠪᠠᠶ᠋ᠢᠵᠤ᠂ ᠡᠳ᠋᠎ᠤᠨ ᠵᠠᠰᠠᠭ᠎ᠤᠨ ᠰᠠᠯᠠᠭ᠎ᠠ ᠮᠥᠴᠢᠷ᠎ᠠᠴᠠ ᠳᠠᠮ ᠬᠦᠤ ᠥᠭᠬᠦ ᠳᠡᠮᠵᠢᠯᠭᠡ ᠣᠯᠭᠤᠨ᠎ᠠ᠃ ᠬᠢᠵᠢᠭ᠎ᠤᠨ ᠪᠠᠶ᠋ᠢᠳᠠᠯ᠎ᠤᠨ ᠨᠥᠯᠥᠭᠡ᠎ᠠᠴᠠ ᠪᠣᠯᠵᠤ ᠣᠷᠣᠯᠭ᠎ᠠ ᠵᠢᠨ ᠢᠷᠡᠯᠲᠡ᠎ᠪᠠᠨ ᠲᠦᠷ ᠠᠯᠳᠠᠭᠰᠠᠨ ᠳᠤᠮᠳᠠ ᠪᠠᠭ᠎ᠠ ᠠᠵᠤ ᠠᠬᠤᠶ᠋ᠢᠯᠠᠯ ᠪᠣᠯᠤᠨ ᠬᠤᠪᠢ ᠬᠥᠮᠦᠨ᠎ᠳᠤ ᠡᠳ᠋᠎ᠤᠨ ᠵᠠᠰᠠᠭ᠎ᠤᠨ ᠰᠠᠯᠠᠭ᠎ᠠ ᠮᠥᠴᠢᠷ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ᠂ ᠠᠷᠠᠳ᠎ᠤᠨ ᠪᠠᠩᠬᠢ᠂ ᠪᠠᠩᠬᠢ ᠳᠠᠭ᠋ᠠᠳᠬᠠᠯ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠵᠡᠷᠭᠡ ᠰᠠᠯᠠᠭ᠎ᠠ ᠮᠥᠴᠢᠷ᠎ᠲᠠᠢ ᠬᠠᠮᠲᠤᠷᠠᠨ ᠦᠢ᠍ᠯᠡᠰ ᠪᠤᠰᠬᠠᠬᠤ ᠲᠠᠭ᠋ᠠᠭ᠋ᠠᠯᠲᠠᠲᠤ ᠵᠢᠭᠡᠯᠡᠯᠭᠡ ᠭᠤᠶᠤᠴᠢᠯᠠᠬᠤ᠎ᠳᠤ ᠡᠩ ᠲᠡᠷᠢᠭᠦᠨ᠎ᠳᠤ ᠳᠡᠮ ᠬᠦᠤ ᠵᠢᠨ ᠳᠡᠮᠵᠢᠯᠭᠡ ᠦᠵᠡᠭᠦᠯᠬᠦ ᠬᠡᠷᠡᠭᠲᠡᠶ᠃ (ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ᠂ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠂ ᠣᠷᠣᠨ ᠨᠤᠲᠤᠭ᠎ᠤᠨ ᠮᠥᠩᠭᠦᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠥᠪᠥᠷ ᠮᠣᠩᠭᠤᠯ᠎ᠤᠨ ᠪᠠᠩᠬᠢ ᠳᠠᠭ᠋ᠠᠳᠬᠠᠯ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠠᠷᠠᠳ᠎ᠤᠨ ᠪᠠᠩᠬᠢ ᠵᠢᠨ ᠬᠥᠬᠡᠬᠤᠲᠠ ᠵᠢᠨ ᠲᠥᠪ ᠰᠠᠯᠪᠤᠷᠢ ᠪᠠᠩᠬᠢ ᠬᠠᠷᠢᠭᠤᠴᠠᠨ᠎ᠠ)

     (ᠳᠣᠯᠤᠭ᠎ᠠ) ᠡᠳ᠋᠎ᠤᠨ ᠵᠠᠰᠠᠭ᠎ᠤᠨ ᠪᠡᠯᠡ ᠮᠥᠩᠭᠦ ᠵᠢᠨ ᠳᠡᠮᠵᠢᠯᠭᠡ ᠵᠢ ᠨᠡᠮᠡᠭᠳᠡᠭᠦᠯᠦᠨ᠎ᠡ᠃ ᠡᠳ᠋᠎ᠤᠨ ᠵᠠᠰᠠᠭ᠎ᠤᠨ ᠴᠢᠨᠠᠷᠲᠠᠶ ᠲᠤᠰᠬᠠᠶ ᠵᠦᠢ᠍ᠯ᠎ᠤᠨ ᠪᠡᠯᠡ ᠮᠥᠩᠭᠦ ᠵᠢ ᠤᠷᠢᠳᠴᠢᠯᠠᠨ ᠪᠠᠭᠤᠯᠭ᠋ᠠᠵᠤ᠂ ᠡᠳ᠋᠎ᠤᠨ ᠵᠠᠰᠠᠭ᠎ᠤᠨ ᠰᠠᠯᠠᠭ᠎ᠠ ᠮᠥᠴᠢᠷ᠎ᠠᠴᠠ 2020 ᠣᠨ᠎ᠤ 3 ᠰᠠᠷ᠎ᠠ ᠵᠢᠨ ᠰᠡᠭᠦᠯᠴᠢ᠎ᠠᠴᠠ ᠡᠮᠦᠨ᠎ᠡ 《ᠳᠠᠭ᠋ᠠᠳᠬᠠᠯ᠎ᠤᠨ ᠮᠦᠡᠭᠬᠦ ᠵᠢ ᠲᠤᠰᠠᠯᠠᠬᠤ ᠵᠢᠭᠡᠯᠡᠯᠭᠡ》 ᠪᠠᠭᠤᠯᠭ᠋ᠠᠬᠤ ᠪᠠ 《ᠲᠤᠰᠬᠠᠶ ᠰᠢᠯᠢᠳᠡᠭ ᠣᠨᠴᠠ ᠰᠢᠨ᠎ᠡ》 ᠳᠤᠮᠳᠠ ᠪᠠᠭ᠎ᠠ ᠠᠵᠤ ᠠᠬᠤᠶ᠋ᠢᠯᠠᠯ᠎ᠢ ᠲᠡᠳᠬᠦᠬᠦ ᠪᠡᠯᠡ ᠮᠥᠩᠭᠦ ᠵᠢ ᠪᠡᠯᠡᠳᠭᠡᠵᠦ ᠪᠦᠷᠢᠯᠳᠦᠭᠦᠯᠤᠨ᠎ᠡ᠃ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠠᠴᠠ 1 ᠳ᠋ᠦᠩᠰᠢᠭᠤᠷ ᠲᠥᠭᠦᠷᠢᠭ᠎ᠤᠨ ᠲᠤᠰᠬᠠᠶ ᠵᠦᠢ᠍ᠯ᠎ᠤᠨ ᠪᠡᠯᠡ ᠮᠥᠩᠭᠦ ᠪᠠᠶ᠋ᠢᠭᠤᠯᠵᠤ᠂ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠭᠤᠤᠯᠳᠠᠯᠭ᠎ᠠ᠎ᠲᠠᠢ ᠠᠵᠤ ᠠᠬᠤᠶ᠋ᠢᠯᠠᠯ᠎ᠤᠨ ᠡᠳ᠋ ᠪᠤᠳᠠᠰ ᠬᠤᠳᠠᠯᠳᠤᠨ ᠠᠪᠬᠤ ᠪᠠ ᠦᠢ᠍ᠯᠡᠳᠪᠦᠷᠢᠯᠡᠬᠦ᠂ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠶᠠᠪᠤᠴᠠ᠎ᠳᠤ ᠨᠡᠶ᠋ᠢᠭᠡᠮ᠎ᠤᠨ ᠬᠠᠷᠢᠭᠤᠴᠠᠯᠭ᠎ᠠ ᠵᠢ ᠰᠠᠨᠠᠭ᠋ᠠᠴᠢᠯᠠᠭ᠎ᠠ᠎ᠠᠴᠠ᠎ᠪᠠᠨ ᠡᠭᠦᠷᠭᠡᠯᠡᠭᠰᠡᠨ ᠪᠠ ᠬᠤᠪᠢ ᠨᠡᠮᠡᠷᠢ᠎ᠪᠠᠷ ᠲᠣᠪᠤᠶ᠋ᠢᠮ᠎ᠠ ᠬᠠᠮᠢᠶ᠎ᠠ ᠪᠦᠬᠦᠢ ᠠᠵᠤ ᠠᠬᠤᠶ᠋ᠢᠯᠠᠯ᠎ᠢ ᠱᠠᠩᠨᠠᠬᠤ᠎ᠳᠤ ᠬᠡᠷᠡᠭᠯᠡᠨ᠎ᠡ᠃ (ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠵᠢᠯᠲᠠ ᠵᠢᠨ ᠲᠢᠩᠬᠢᠮ᠂ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠂ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠂ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠂ ᠣᠷᠣᠨ ᠰᠠᠭᠤᠴᠠ ᠪᠠ ᠬᠤᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ ᠵᠢᠨ ᠲᠢᠩᠬᠢᠮ᠂ ᠦᠢ᠍ᠯᠡᠳᠪᠦᠷᠢ ᠬᠤᠳᠠᠯᠳᠤᠭ᠋ᠠᠨ᠎ᠤ ᠬᠤᠯᠪᠣᠭ᠎ᠠ ᠬᠠᠷᠢᠭᠤᠴᠠᠨ᠎ᠠ)

      ᠭᠤᠷᠪᠠ᠂ ᠠᠵᠤ ᠠᠬᠤᠶ᠋ᠢᠯᠠᠯ᠎ᠤᠨ ᠳᠠᠷᠤᠭ᠋ᠠᠰᠤ ᠵᠢ ᠦᠨᠡᠨ ᠬᠦ᠌ ᠬᠥᠩᠭᠡᠷᠡᠭᠦᠯᠤᠨ᠎ᠠ

     (ᠨᠠᠢ᠍ᠮᠠ) ᠭᠠᠶ᠋ᠢᠯᠢ ᠵᠢ ᠬᠠᠰᠤᠵᠤ ᠬᠡᠯᠲᠦᠷᠢᠭᠦᠯᠬᠦ ᠪᠠ ᠬᠤᠶ᠋ᠢᠰᠢᠯᠠᠭᠤᠯᠤᠨ ᠲᠤᠰᠢᠶᠠᠨ᠎ᠠ᠃ ᠬᠢᠵᠢᠭ᠎ᠤᠨ ᠪᠠᠶ᠋ᠢᠳᠠᠯ᠎ᠤᠨ ᠨᠥᠯᠥᠭᠡ᠎ᠠᠴᠠ ᠪᠣᠯᠵᠤ ᠮᠡᠳᠡᠭᠦᠯᠬᠦ᠎ᠳᠤ ᠬᠦᠴᠢᠷᠲᠡᠶ᠂ ᠭᠠᠶ᠋ᠢᠯᠢ᠎ᠪᠠᠨ ᠬᠤᠭᠤᠴᠠᠭ᠎ᠠ ᠶᠣᠰᠣᠭ᠋ᠠᠷ ᠲᠤᠰᠢᠶᠠᠬᠤ᠎ᠳᠤ ᠬᠦᠴᠢᠷᠲᠡᠶ ᠳᠤᠮᠳᠠ ᠪᠠᠭ᠎ᠠ ᠠᠵᠤ ᠠᠬᠤᠶ᠋ᠢᠯᠠᠯ᠎ᠳᠤ ᠪᠣᠯ ᠭᠤᠶᠤᠴᠢᠯᠠᠯ ᠵᠶ᠋ᠠᠷ᠎ᠨᠢ ᠭᠠᠶ᠋ᠢᠯᠢ᠎ᠪᠠᠨ ᠬᠤᠶ᠋ᠢᠰᠢᠯᠠᠭᠤᠯᠤᠨ ᠮᠡᠳᠡᠭᠦᠯᠬᠦ᠂ ᠬᠤᠶ᠋ᠢᠰᠢᠯᠠᠭᠤᠯᠤᠨ ᠲᠤᠰᠢᠶᠠᠬᠤ ᠵᠢ ᠬᠠᠤᠯᠢ ᠶᠣᠰᠣᠭ᠋ᠠᠷ ᠭᠦᠢ᠍ᠴᠡᠳᠬᠡᠨ᠎ᠡ᠂ ᠭᠠᠶ᠋ᠢᠯᠢ᠎ᠪᠠᠨ ᠬᠤᠶ᠋ᠢᠰᠢᠯᠠᠭᠤᠯᠤᠨ ᠲᠤᠰᠢᠶᠠᠬᠤ ᠬᠤᠭᠤᠴᠠᠭ᠎ᠠ᠎ᠨᠢ ᠵᠠᠷᠴᠢᠮ ᠳᠡᠭᠡᠷ᠎ᠡ᠎ᠪᠠᠨ 3 ᠰᠠᠷ᠎ᠠ ᠪᠣᠯᠤᠨ᠎ᠠ᠃ ᠬᠢᠵᠢᠭ᠎ᠤᠨ ᠪᠠᠶ᠋ᠢᠳᠠᠯ᠎ᠤᠨ ᠨᠥᠯᠥᠭᠡ᠎ᠠᠴᠠ ᠪᠤᠯᠵᠦ ᠬᠦᠨᠳᠦ ᠶᠡᠭᠡ ᠬᠤᠬᠢᠷᠠᠯ ᠭᠠᠷᠤᠬᠰᠠᠨ᠂ ᠬᠡᠪ᠎ᠤᠨ ᠦᠢ᠍ᠯᠡᠳᠪᠦᠷᠢᠯᠡᠯ ᠡᠵᠡᠩᠨᠡᠯᠲᠡ ᠵᠢᠨ ᠠᠵᠢᠯᠯᠠᠭ᠎ᠠ᠎ᠨᠢ ᠬᠦᠨᠳᠦ ᠶᠡᠭᠡ ᠨᠥᠯᠥᠭᠡ᠎ᠳᠤ ᠤᠴᠠᠷᠠᠭᠰᠠᠨ ᠳᠤᠮᠳᠠ ᠪᠠᠭ᠎ᠠ ᠠᠵᠤ ᠠᠬᠤᠶ᠋ᠢᠯᠠᠯ᠎ᠤᠨ ᠭᠡᠷ ᠬᠥᠷᠥᠩᠭᠡ ᠵᠢᠨ ᠭᠠᠶ᠋ᠢᠯᠢ ᠪᠣᠯᠤᠨ ᠬᠤᠲᠠ ᠪᠠᠯᠭ᠋ᠠᠰᠤᠨ᠎ᠤ ᠭᠠᠵᠠᠷ ᠰᠢᠷᠣᠶ ᠬᠡᠷᠡᠭᠯᠡᠬᠦ ᠭᠠᠶ᠋ᠢᠯᠢ ᠵᠢ ᠬᠡᠰᠡᠭ ᠪᠤᠶᠤ ᠪᠦᠬᠦᠨ᠎ᠢ ᠬᠠᠰᠤᠵᠤ ᠬᠡᠯᠲᠦᠷᠢᠭᠦᠯᠦᠨ᠎ᠡ᠃ (ᠥᠪᠥᠷ ᠮᠣᠩᠭᠤᠯ᠎ᠤᠨ ᠭᠠᠶ᠋ᠢᠯᠢ ᠵᠢᠨ ᠶᠠᠪᠤᠳᠠᠯ᠎ᠤᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ ᠬᠠᠷᠢᠭᠤᠴᠠᠨ᠎ᠠ)

     (ᠶᠢᠰᠦ) ᠵᠣᠬᠢᠬᠤ ᠬᠤᠭᠤᠴᠠᠭ᠋ᠠᠨ᠎ᠤ ᠲᠦᠷᠢᠶᠡᠰᠦᠨ ᠮᠥᠩᠭᠦ ᠵᠢ ᠬᠠᠰᠤᠵᠤ ᠬᠡᠯᠲᠦᠷᠢᠭᠦᠯᠦᠨ᠎ᠡ᠃ ᠤᠯᠤᠰ᠎ᠤᠨ ᠥᠮᠴᠢᠯᠡᠯ᠎ᠤᠨ ᠡᠳ᠋ ᠬᠥᠷᠥᠩᠭᠡ ᠵᠢᠨ ᠲᠥᠷᠥᠯ᠎ᠤᠨ ᠭᠡᠷ ᠪᠠᠶ᠋ᠢᠰᠢᠩ ᠲᠦᠷᠢᠶᠡᠰᠦᠯᠡᠨ ᠡᠵᠡᠩᠨᠡᠵᠦ ᠪᠠᠶ᠋ᠢᠭ᠎ᠠ ᠳᠤᠮᠳᠠ ᠪᠠᠭ᠎ᠠ ᠠᠵᠤ ᠠᠬᠤᠶ᠋ᠢᠯᠠᠯ᠎ᠠᠴᠠ 2 ᠰᠠᠷ᠎ᠠ ᠵᠢᠨ ᠭᠡᠷ᠎ᠤᠨ ᠲᠦᠷᠢᠶᠡᠰᠦ ᠬᠤᠷᠢᠶᠠᠬᠤ ᠦᠭᠡᠢ᠃ ᠲᠣᠮᠣ ᠬᠡᠯᠪᠡᠷᠢ ᠵᠢᠨ ᠬᠤᠳᠠᠯᠳᠤᠭ᠋ᠠᠨ᠎ᠤ ᠶᠠᠪᠤᠳᠠᠯ᠎ᠤᠨ ᠠᠰᠠᠷ ᠲᠠᠭᠲᠤ᠂ ᠬᠤᠳᠠᠯᠳᠤᠭ᠋ᠠᠨ᠎ᠤ ᠲᠠᠯᠠᠪᠤᠷ᠂ ᠵᠠᠬ᠎ᠠ ᠳᠡᠯᠭᠡᠭᠦᠷ᠎ᠤᠨ ᠡᠵᠡᠩᠨᠡᠯᠲᠡ ᠵᠢᠨ ᠲᠠᠯ᠎ᠠ ᠵᠢᠨ᠎ᠬᠢᠨ᠎ᠤ ᠳᠤᠮᠳᠠ ᠪᠠᠭ᠎ᠠ ᠠᠵᠤ ᠠᠬᠤᠶ᠋ᠢᠯᠠᠯ᠎ᠤᠨ ᠲᠦᠷᠢᠶᠡᠰᠦᠯᠡᠭᠰᠡᠨ ᠡᠷᠦᠬᠡ᠎ᠳᠤ ᠬᠢᠵᠢᠭ᠎ᠤᠨ ᠪᠠᠶ᠋ᠢᠳᠠᠯ᠎ᠤᠨ ᠬᠤᠭᠤᠴᠠᠭ᠋ᠠᠨ᠎ᠤ ᠲᠦᠷᠢᠶᠡᠰᠦᠨ ᠮᠥᠩᠭᠦ ᠵᠢ ᠵᠣᠬᠢᠬᠤ ᠬᠡᠮᠵᠢᠶ᠎ᠡ᠎ᠪᠠᠷ ᠬᠠᠰᠤᠵᠤ ᠬᠡᠯᠲᠦᠷᠢᠭᠦᠯᠬᠦ ᠵᠢ ᠵᠣᠷᠢᠭᠵᠢᠭᠤᠯᠵᠤ᠂ ᠡᠯ᠎ᠡ ᠭᠠᠵᠠᠷ ᠣᠷᠣᠨ᠎ᠤ᠎ᠬᠢᠨ ᠲᠦᠷᠢᠶᠡᠰᠦᠨ ᠮᠥᠩᠭᠦ ᠵᠢ ᠬᠠᠰᠤᠵᠤ ᠬᠡᠯᠲᠦᠷᠢᠭᠦᠯᠬᠦ ᠠᠷᠭ᠎ᠠ ᠬᠡᠮᠵᠢᠶ᠎ᠡ ᠠᠪᠤᠭᠰᠠᠨ ᠲᠦᠷᠢᠶᠡᠰᠦᠯᠡᠭᠦᠯᠬᠦ ᠠᠵᠤ ᠠᠬᠤᠢ᠌ᠢ᠍ᠯᠠᠯ᠎ᠳᠤ ᠵᠣᠬᠢᠬᠤ ᠬᠡᠮᠵᠢᠶᠡᠨ᠎ᠤ ᠡᠳ᠋᠎ᠤᠨ ᠵᠠᠰᠠᠬ᠎ᠤᠨ ᠨᠥᠬᠦᠪᠥᠷᠢ ᠪᠠ ᠲᠥᠷᠥ ᠵᠢᠨ ᠪᠣᠳᠣᠯᠭ᠎ᠠ ᠵᠢᠨ ᠳᠡᠮᠵᠢᠯᠭᠡ ᠦᠵᠡᠭᠦᠯᠵᠦ ᠪᠣᠯᠤᠨ᠎ᠠ᠃ (ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠥᠮᠴᠢᠯᠡᠯ᠎ᠤᠨ ᠡᠳ᠋ ᠬᠥᠷᠥᠩᠭᠡ ᠵᠢᠨ ᠬᠢᠨᠠᠯᠲᠠ ᠬᠠᠮᠢᠶᠠᠷᠤᠯᠲᠠ ᠵᠢᠨ ᠵᠥᠪᠯᠡᠯ᠂ ᠡᠳ᠋᠎ᠤᠨ ᠵᠠᠰᠠᠬ᠎ᠤᠨ ᠲᠢᠩᠬᠢᠮ᠂ ᠦᠢ᠍ᠯᠡᠳᠪᠦᠷᠢ ᠬᠤᠳᠠᠯᠳᠤᠭ᠋ᠠᠨ᠎ᠤ ᠬᠤᠯᠪᠣᠭ᠎ᠠ᠂ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠵᠢᠯᠲᠠ ᠵᠢᠨ ᠲᠢᠩᠬᠢᠮ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠢᠩᠬᠢᠮ ᠬᠠᠷᠢᠭᠤᠴᠠᠨ᠎ᠠ)

     (ᠠᠷᠪᠠ) ᠨᠡᠶ᠋ᠢᠭᠡᠮ᠎ᠤᠨ ᠳᠠᠭ᠋ᠠᠳᠬᠠᠯ᠎ᠤᠨ ᠰᠦᠢ᠍ᠳᠬᠡᠯ᠎ᠢ ᠪᠠᠭᠤᠷᠠᠭᠤᠯᠬᠤ ᠪᠠ ᠬᠤᠶ᠋ᠢᠰᠢᠯᠠᠭᠤᠯᠤᠨ ᠲᠤᠰᠢᠶᠠᠨ᠎ᠠ᠃ ᠠᠵᠢᠯ ᠠᠯᠳᠠᠬᠰᠡᠳ᠎ᠤᠨ ᠳᠠᠭ᠋ᠠᠳᠬᠠᠯ ᠵᠶ᠋ᠠᠷ ᠠᠵᠤ ᠠᠬᠤᠶ᠋ᠢᠯᠠᠯ᠎ᠢ ᠲᠤᠰᠠᠯᠠᠵᠤ ᠠᠵᠢᠯ᠎ᠤᠨ ᠪᠠᠶ᠋ᠢᠷᠢ ᠵᠢ ᠲᠣᠭᠲᠠᠭᠤᠨ ᠪᠠᠶ᠋ᠢᠯᠭ᠋ᠠᠬᠤ ᠲᠥᠷᠥ ᠵᠢᠨ ᠪᠣᠳᠣᠯᠭ᠎ᠠ ᠵᠢ ᠬᠡᠷᠡᠭᠵᠢᠭᠦᠯᠵᠦ᠂ ᠠᠵᠢᠯᠲᠠᠨ ᠬᠠᠰᠤᠬᠤ ᠥᠬᠡᠶ ᠪᠤᠶᠤ ᠠᠵᠢᠯᠲᠠᠨ ᠴᠥᠭᠡᠨ ᠬᠠᠰᠤᠭᠰᠠᠨ ᠳᠠᠭ᠋ᠠᠳᠬᠠᠯ᠎ᠳᠤ ᠣᠷᠣᠯᠴᠠᠭᠰᠠᠨ ᠠᠵᠤ ᠠᠬᠤᠶ᠋ᠢᠯᠠᠯ᠎ᠤᠨ ᠳᠡᠭᠡᠷ᠎ᠡ ᠵᠢᠯ᠎ᠤᠨ ᠪᠣᠳᠠᠲᠠᠶ ᠲᠤᠰᠢᠶᠠᠭᠰᠠᠨ ᠠᠵᠢᠯ ᠠᠯᠳᠠᠬᠰᠡᠳ᠎ᠤᠨ ᠳᠠᠭ᠋ᠠᠳᠬᠠᠯ᠎ᠤᠨ ᠰᠦᠢ᠍ᠳᠬᠡᠯ᠎ᠤᠨ 50% ᠵᠢ᠎ᠨᠢ ᠪᠤᠴᠠᠭ᠋ᠠᠵᠤ ᠪᠣᠯᠤᠨ᠎ᠠ; ᠲᠦᠷ ᠴᠠᠭ᠎ᠤᠨ ᠴᠢᠨᠠᠷᠲᠠᠶ ᠡᠵᠡᠩᠨᠡᠯᠲᠡ ᠵᠢᠨ ᠬᠦᠴᠢᠷᠳᠡᠯ᠎ᠳᠤ ᠲᠤᠯᠭ᠋ᠠᠷᠠᠭᠰᠠᠨ ᠳᠤᠮᠳᠠ ᠪᠠᠭ᠎ᠠ ᠠᠵᠤ ᠠᠬᠤᠶ᠋ᠢᠯᠠᠯ᠎ᠤᠨ ᠪᠤᠴᠠᠭ᠋ᠠᠬᠤ ᠪᠠᠷᠢᠮᠵᠢᠶ᠎ᠠ ᠵᠢ ᠳᠡᠭᠡᠷ᠎ᠡ ᠵᠢᠯ᠎ᠤᠨ 6 ᠰᠠᠷ᠎ᠠ ᠵᠢᠨ ᠠᠵᠤ ᠠᠬᠤᠶ᠋ᠢᠯᠠᠯ ᠵᠢᠴᠢ ᠠᠵᠢᠯᠲᠠᠨ ᠠᠵᠢᠯᠴᠢᠨ᠎ᠤ ᠲᠤᠰᠢᠶᠠᠬᠤ ᠨᠡᠶ᠋ᠢᠭᠡᠮ᠎ᠤᠨ ᠳᠠᠭ᠋ᠠᠳᠬᠠᠯ᠎ᠤᠨ ᠰᠦᠢ᠍ᠳᠬᠡᠯ᠎ᠤᠨ 50% ᠬᠦᠷᠲᠡᠯ᠎ᠡ ᠳᠡᠭᠡᠭᠰᠢᠯᠡᠭᠦᠯᠵᠦ᠂ ᠲᠥᠷᠥ ᠵᠢᠨ ᠪᠣᠳᠣᠯᠭ᠎ᠠ ᠵᠢ ᠬᠡᠷᠡᠭᠵᠢᠭᠦᠯᠬᠦ ᠬᠤᠭᠤᠴᠠᠭ᠎ᠠ ᠵᠢ ᠤᠯᠤᠰ᠎ᠤᠨ ᠬᠤᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠲᠣᠭᠲᠠᠭ᠋ᠠᠨ᠎ᠠ᠃ ᠠᠵᠢᠯ᠎ᠠᠴᠠ ᠪᠤᠯᠤᠬᠰᠠᠨ ᠭᠡᠮᠲᠦᠯ᠎ᠤᠨ ᠳᠠᠭ᠋ᠠᠳᠬᠠᠯ᠎ᠤᠨ ᠵᠠᠷᠤᠳᠠᠯ᠎ᠤᠨ ᠨᠣᠷᠮ᠎ᠠ ᠵᠢ ᠦᠷᠭᠦᠯᠵᠢᠯᠡᠨ ᠱᠠᠲᠤᠴᠢ ᠴᠢᠨᠠᠷᠲᠠᠶ᠎ᠪᠠᠷ 2021 ᠣᠨ᠎ᠤ 4 ᠰᠠᠷ᠎ᠠ ᠵᠢᠨ 30᠎ᠤ ᠡᠳᠦᠷ ᠪᠣᠯᠳᠠᠯ᠎ᠠ ᠪᠠᠭᠤᠷᠠᠭᠤᠯᠤᠨ᠎ᠠ᠃ ᠳᠤᠮᠳᠠ ᠪᠠᠭ᠎ᠠ ᠠᠵᠤ ᠠᠬᠤᠶ᠋ᠢᠯᠠᠯ᠎ᠤᠨ ᠨᠡᠶ᠋ᠢᠭᠡᠮ᠎ᠤᠨ ᠳᠠᠭ᠋ᠠᠳᠬᠠᠯ᠎ᠤᠨ ᠰᠦᠢ᠍ᠳᠬᠡᠯ ᠲᠤᠰᠢᠶᠠᠬᠤ ᠬᠤᠭᠤᠴᠠᠭ᠎ᠠ ᠵᠢ ᠤᠷᠲᠤᠳᠬᠠᠵᠤ᠂ ᠬᠢᠵᠢᠭ᠎ᠤᠨ ᠪᠠᠶ᠋ᠢᠳᠠᠯ᠎ᠤᠨ ᠨᠥᠯᠥᠭᠡ᠎ᠠᠴᠠ ᠪᠤᠯᠵᠤ ᠡᠵᠡᠩᠨᠡᠯᠲᠡ ᠵᠢᠨ ᠲᠠᠯ᠎ᠠ᠎ᠪᠠᠷ ᠲᠦᠷ ᠬᠦᠴᠢᠷᠳᠡᠯ᠎ᠲᠠᠢ ᠪᠣᠯᠤᠭᠰᠠᠨ ᠪᠠᠶ᠋ᠢᠪᠠᠯ᠂ ᠠᠵᠢᠯ ᠠᠯᠳᠠᠬᠰᠡᠳ᠎ᠤᠨ ᠳᠠᠭ᠋ᠠᠳᠬᠠᠯ᠎ᠤᠨ ᠰᠦᠢ᠍ᠳᠬᠡᠯ ᠪᠠ ᠠᠵᠢᠯ᠎ᠠᠴᠠ ᠪᠣᠯᠤᠭᠰᠠᠨ ᠭᠡᠮᠲᠦᠯ᠎ᠤᠨ ᠳᠠᠭ᠋ᠠᠳᠬᠠᠯ᠎ᠤᠨ ᠰᠦᠢ᠍ᠳᠬᠡᠯ᠎ᠢ 6 ᠰᠠᠷ᠎ᠠ ᠬᠤᠶ᠋ᠢᠰᠢᠯᠠᠭᠤᠯᠤᠨ ᠲᠤᠰᠢᠶᠠᠵᠤ ᠪᠣᠯᠤᠨ᠎ᠠ; ᠬᠢᠵᠢᠭ᠎ᠤᠨ ᠪᠠᠶ᠋ᠢᠳᠠᠯ᠎ᠳᠤ ᠨᠡᠯᠢᠶᠡᠳ ᠶᠡᠭᠡ ᠨᠥᠯᠥᠭᠡᠯᠡᠭᠳᠡᠭᠰᠡᠨ ᠪᠠᠶ᠋ᠢᠪᠠᠯ᠂ ᠲᠤᠰᠢᠶᠠᠬᠤ ᠶᠣᠰᠣᠲᠠᠶ ᠨᠠᠰᠤᠵᠢᠯ᠎ᠤᠨ ᠳᠠᠭ᠋ᠠᠳᠬᠠᠯ᠎ᠤᠨ ᠰᠦᠢ᠍ᠳᠬᠡᠯ᠎ᠤᠨ ᠲᠠᠲᠠᠪᠤᠷᠢᠯᠠᠬᠤ ᠬᠤᠭᠤᠴᠠᠭ᠎ᠠ ᠵᠢ 9 ᠰᠠᠷ᠎ᠠ ᠵᠢᠨ ᠡᠴᠦᠰ ᠪᠣᠯᠲᠠᠯ᠎ᠠ ᠤᠷᠲᠤᠳᠬᠠᠵᠤ ᠪᠣᠯᠤᠨ᠎ᠠ; ᠨᠡᠶ᠋ᠢᠭᠡᠮ᠎ᠤᠨ ᠳᠠᠭ᠋ᠠᠳᠬᠠᠯ᠎ᠤᠨ ᠰᠦᠢ᠍ᠳᠬᠡᠯ᠎ᠢ ᠬᠤᠭᠤᠴᠠᠭ᠎ᠠ ᠬᠡᠲᠦᠷᠡᠭᠦᠯᠦᠨ ᠲᠤᠰᠢᠶᠠᠭᠰᠠᠨ ᠪᠠᠶ᠋ᠢᠪᠠᠯ᠂ ᠡᠯ᠎ᠡ ᠱᠠᠲᠤᠨ᠎ᠤ ᠨᠡᠶ᠋ᠢᠭᠡᠮ᠎ᠤᠨ ᠳᠠᠭ᠋ᠠᠳᠬᠠᠯ᠎ᠤᠨ ᠭᠠᠷᠲᠠᠨ ᠭᠦᠢ᠍ᠴᠡᠳᠬᠡᠬᠦ ᠪᠠᠶ᠋ᠢᠭᠤᠯᠤᠮᠵᠢ᠎ᠳᠤ ᠮᠡᠳᠡᠭᠦᠯᠦᠨ ᠳᠠᠩᠰᠠᠯᠠᠭᠤᠯᠤᠭᠰᠠᠨ᠎ᠤ ᠳᠠᠷᠠᠭ᠎ᠠ᠂ ᠬᠤᠭᠤᠴᠠᠭ᠎ᠠ ᠰᠠᠭ᠋ᠠᠲᠠᠭᠤᠯᠤᠭᠰᠠᠨ ᠲᠣᠷᠭ᠋ᠠᠭᠤᠯᠢ ᠵᠢᠨ ᠮᠥᠩᠭᠦ ᠵᠢ ᠪᠣᠳᠣᠵᠤ ᠬᠤᠷᠢᠶᠠᠬᠤ ᠦᠭᠡᠢ᠂ ᠳᠠᠭ᠋ᠠᠳᠬᠠᠯ᠎ᠳᠤ ᠣᠷᠣᠯᠴᠠᠭᠰᠠᠨ ᠠᠵᠢᠯᠲᠠᠨ ᠠᠵᠢᠯᠴᠢᠨ᠎ᠤ ᠬᠤᠪᠢ ᠬᠥᠮᠦᠨ᠎ᠤ ᠡᠷᠬᠡ ᠠᠰᠢᠭ᠎ᠤᠨ ᠲᠡᠮᠳᠡᠭᠯᠡᠯ᠎ᠢ ᠨᠥᠯᠥᠭᠡᠯᠡᠬᠦ ᠦᠭᠡᠢ᠂ ᠬᠠᠮᠢᠶ᠎ᠠ ᠪᠦᠬᠦᠢ ᠨᠥᠬᠦᠵᠦ ᠲᠤᠰᠢᠶᠠᠬᠤ ᠭᠠᠷᠳᠠᠮ᠎ᠢ ᠬᠢᠵᠢᠭ᠎ᠤᠨ ᠪᠠᠶ᠋ᠢᠳᠠᠯ᠎ᠢ ᠲᠠᠶ᠋ᠢᠯᠤᠭᠰᠠᠨ᠎ᠤ ᠳᠠᠷᠠᠭ᠋ᠠᠬᠢ 3 ᠰᠠᠷ᠎ᠠ ᠵᠢᠨ ᠳᠣᠲᠣᠷ᠎ᠠ ᠪᠡᠶᠡᠯᠡᠭᠦᠯᠵᠦ ᠪᠣᠯᠤᠨ᠎ᠠ᠃ ᠴᠠᠬ᠎ᠲᠠᠭᠠᠨ ᠳᠠᠭ᠋ᠠᠳᠬᠠᠯ᠎ᠳᠤ ᠣᠷᠣᠯᠴᠠᠬᠤ ᠳᠠᠩᠰᠠᠯᠠᠯ ᠬᠢᠵᠦ ᠳᠡᠶ᠋ᠢᠯᠦᠭᠰᠡᠨ ᠥᠬᠡᠶ ᠳᠠᠭ᠋ᠠᠳᠬᠠᠯ᠎ᠳᠤ ᠣᠷᠣᠯᠴᠠᠭᠰᠠᠨ ᠨᠢᠭᠡᠴᠢ᠂ ᠠᠮᠢᠳᠤᠯᠢᠭ ᠵᠶ᠋ᠠᠷ ᠠᠵᠢᠯ ᠣᠯᠤᠭᠰᠠᠳ ᠪᠠ ᠬᠤᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠬᠢᠵᠢᠭ᠎ᠤᠨ ᠪᠠᠶ᠋ᠢᠳᠠᠯ᠎ᠢ ᠬᠦᠴᠦᠨ ᠥᠬᠡᠶ ᠪᠣᠯᠭ᠋ᠠᠭᠰᠠᠨ᠎ᠤ ᠳᠠᠷᠠᠭ᠎ᠠ ᠨᠥᠬᠦᠵᠦ ᠭᠦᠢ᠍ᠴᠡᠳᠬᠡᠬᠦ ᠵᠢ᠎ᠨᠢ ᠵᠥᠪᠰᠢᠶᠡᠷᠡᠨ᠎ᠡ᠃ (ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠵᠢᠯᠲᠠ ᠵᠢᠨ ᠲᠢᠩᠬᠢᠮ᠂ ᠥᠪᠥᠷ ᠮᠣᠩᠭᠤᠯ᠎ᠤᠨ ᠭᠠᠶ᠋ᠢᠯᠢ ᠵᠢᠨ ᠶᠠᠪᠤᠳᠠᠯ᠎ᠤᠨ ᠲᠣᠪᠴᠢᠶ᠎ᠠ ᠬᠠᠷᠢᠭᠤᠴᠠᠨ᠎ᠠ)

     (ᠠᠷᠪᠠᠨ ᠨᠢᠭᠡ) ᠠᠵᠤ ᠠᠬᠤᠶ᠋ᠢᠯᠠᠯ᠎ᠤᠨ ᠥᠪᠡᠷ᠎ᠤᠨ ᠥᠷᠲᠡᠭ᠎ᠢ ᠪᠠᠭᠤᠷᠠᠭᠤᠯᠤᠨ᠎ᠠ᠃ ᠥᠪᠡᠷᠲᠡᠭᠡᠨ ᠵᠠᠰᠠᠬᠤ ᠣᠷᠣᠨ᠎ᠤ ᠡᠮ᠎ᠤᠨ ᠵᠦᠢ᠍ᠯᠡᠰ᠎ᠢ ᠨᠥᠬᠦᠪᠥᠷᠢᠯᠡᠨ ᠭᠤᠶᠤᠴᠢᠯᠠᠵᠤ ᠳᠠᠩᠰᠠᠯᠠᠭᠤᠯᠬᠤ᠂ ᠳᠠᠬᠢᠨ ᠳᠠᠩᠰᠠᠯᠠᠭᠤᠯᠬᠤ ᠪᠠ ᠡᠮᠴᠢᠯᠡᠭᠡᠨ᠎ᠤ ᠪᠠᠭ᠋ᠠᠵᠢ ᠬᠡᠷᠡᠭᠰᠡᠯ᠎ᠤᠨ ᠦᠢ᠍ᠯᠡᠳᠬᠦᠨ᠎ᠢ ᠠᠩᠬ᠎ᠠ ᠤᠳᠠᠭ᠎ᠠ ᠳᠠᠩᠰᠠᠯᠠᠭᠤᠯᠬᠤ᠂ ᠬᠤᠪᠢᠷᠠᠭᠤᠯᠤᠨ ᠳᠠᠩᠰᠠᠯᠠᠭᠤᠯᠬᠤ᠂ ᠦᠷᠭᠦᠯᠵᠢᠯᠡᠨ ᠳᠠᠩᠰᠠᠯᠠᠭᠤᠯᠬᠤ ᠭᠤᠶᠤᠴᠢᠯᠠᠯ᠎ᠤᠨ ᠰᠦᠢ᠍ᠳᠬᠡᠯ ᠬᠤᠷᠢᠶᠠᠬᠤ ᠪᠠᠷᠢᠮᠵᠢᠶ᠎ᠠ ᠵᠢ ᠲᠡᠭ ᠪᠣᠯᠭ᠋ᠠᠨ ᠪᠠᠭᠤᠷᠠᠭᠤᠯᠬᠤ ᠬᠠᠷᠠᠭ᠋ᠠᠯᠵᠠᠯ᠎ᠤᠨ ᠲᠥᠷᠥ ᠵᠢᠨ ᠪᠣᠳᠣᠯᠭ᠎ᠠ ᠵᠢ ᠴᠢᠩᠭ᠎ᠠ ᠨᠠᠶ᠋ᠢᠳᠠᠪᠤᠷᠢᠵᠢᠭᠤᠯᠤᠨ᠎ᠠ᠃ ᠰᠡᠷᠭᠡᠶ᠋ᠢᠯᠡᠨ ᠡᠵᠡᠮᠳᠡᠬᠦ ᠡᠳ᠋ ᠪᠤᠳᠠᠰ ᠪᠣᠯᠤᠨ ᠬᠥᠮᠦᠰ᠎ᠢ ᠵᠦᠬᠡᠬᠡᠪᠤᠷᠢᠯᠡᠬᠦ ᠲᠡᠷᠭᠡ ᠬᠥᠰᠬᠡ᠎ᠠᠴᠠ ᠨᠡᠪᠲᠡᠷᠡᠬᠦ ᠰᠦᠢ᠍ᠳᠬᠡᠯ ᠦᠯᠤ ᠬᠤᠷᠢᠶᠠᠬᠤ ᠵᠡᠷᠭᠡ ᠬᠠᠷᠠᠭ᠋ᠠᠯᠵᠠᠯ᠎ᠤᠨ ᠲᠥᠷᠥ ᠵᠢᠨ ᠪᠣᠳᠣᠯᠭ᠎ᠠ ᠵᠢ ᠴᠢᠩᠭ᠎ᠠ ᠨᠠᠶ᠋ᠢᠳᠠᠪᠤᠷᠢᠵᠢᠭᠤᠯᠤᠨ᠎ᠠ᠃ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠭᠤᠤᠯᠳᠠᠯᠭ᠎ᠠ᠎ᠲᠠᠢ ᠪᠠᠲᠤᠯᠠᠭ᠋ᠠᠨ᠎ᠤ ᠠᠵᠤ ᠠᠬᠤᠶ᠋ᠢᠯᠠᠯ ᠪᠣᠯᠤᠨ ᠬᠢᠵᠢᠭ᠎ᠤᠨ ᠪᠠᠶ᠋ᠢᠳᠠᠯ᠎ᠤᠨ ᠨᠥᠯᠥᠭᠡ᠎ᠠᠴᠠ ᠪᠤᠯᠵᠦ ᠡᠵᠡᠩᠨᠡᠯᠳᠡ᠎ᠨᠢ ᠲᠦᠷ ᠴᠠᠭ ᠬᠦᠴᠢᠷᠳᠡᠯ᠎ᠳᠤ ᠲᠤᠯᠭ᠋ᠠᠷᠠᠬᠰᠠᠨ ᠳᠤᠮᠳᠠ ᠪᠠᠭ᠎ᠠ ᠠᠵᠤ ᠠᠬᠤᠶ᠋ᠢᠯᠠᠯ᠎ᠳᠤ ᠴᠠᠬᠢᠯᠭ᠋ᠠᠨ ᠬᠡᠷᠡᠭᠯᠡᠬᠦ᠂ ᠬᠡᠢ ᠬᠡᠷᠡᠭᠯᠡᠬᠦ᠂ ᠤᠰᠤ ᠬᠡᠷᠡᠭᠯᠡᠬᠦ ᠵᠡᠷᠭᠡ 《ᠰᠦᠢ᠍ᠳᠬᠡᠯ ᠥᠷᠢᠲᠦᠪᠡᠴᠤ ᠬᠠᠩᠭ᠋ᠠᠯᠭ᠎ᠠ ᠲᠠᠰᠤᠷᠠᠬᠤ ᠦᠬᠡᠢ》 ᠠᠷᠭ᠎ᠠ ᠬᠡᠮᠵᠢᠶ᠎ᠡ ᠵᠢ ᠬᠡᠷᠡᠭᠵᠢᠭᠦᠯᠵᠦ᠂ ᠬᠢᠵᠢᠭ᠎ᠤᠨ ᠪᠠᠶ᠋ᠢᠳᠠᠯ ᠳᠠᠭᠤᠰᠤᠭᠰᠠᠨ᠎ᠤ ᠳᠠᠷᠠᠭ᠎ᠠ 3 ᠰᠠᠷ᠎ᠠ ᠵᠢᠨ ᠳᠣᠲᠣᠷ᠎ᠠ ᠬᠠᠮᠢᠶ᠎ᠠ ᠪᠦᠬᠦᠢ ᠥᠷᠢᠲᠦᠭᠰᠡᠨ ᠰᠦᠢ᠍ᠳᠬᠡᠯ ᠵᠶ᠋ᠠᠨ ᠴᠠᠭ ᠲᠤᠬᠠᠶ᠎ᠳᠤᠨᠢ ᠨᠥᠬᠦᠨ ᠲᠤᠰᠢᠶᠠᠨ᠎ᠠ᠂ ᠬᠤᠭᠤᠴᠠᠭ᠎ᠠ ᠰᠠᠭ᠋ᠠᠲᠠᠭ᠋ᠠᠭᠰᠠᠨ ᠲᠣᠷᠭ᠋ᠠᠭᠤᠯᠢ ᠵᠢᠨ ᠮᠥᠩᠭᠦ ᠬᠤᠷᠢᠶᠠᠬᠤ ᠦᠭᠡᠶ᠃ (ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠂ ᠤᠰᠤᠨ ᠠᠰᠢᠬᠯᠠᠯᠲᠠ ᠵᠢᠨ ᠲᠢᠩᠬᠢᠮ᠂ ᠡᠨᠧᠷᠭᠢ ᠵᠢᠨ ᠲᠣᠪᠴᠢᠶ᠎ᠠ᠂ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠂ ᠥᠪᠥᠷ ᠮᠣᠩᠭᠤᠯ᠎ᠤᠨ ᠴᠠᠬᠢᠯᠭ᠋ᠠᠨ ᠬᠦᠴᠦᠨ [ᠪᠦᠯᠦᠭᠯᠡᠯ]᠎ᠤ ᠺᠣᠮᠫᠠᠨᠢ᠂ ᠥᠪᠥᠷ ᠮᠣᠩᠭᠤᠯ᠎ᠤᠨ ᠵᠡᠭᠦᠨ ᠬᠡᠰᠡᠭ᠎ᠤᠨ ᠴᠠᠬᠢᠯᠭ᠋ᠠᠨ ᠬᠦᠴᠦᠨ᠎ᠤ ᠺᠣᠮᠫᠠᠨᠢ ᠬᠠᠷᠢᠭᠤᠴᠠᠨ᠎ᠠ)

      ᠳᠥᠷᠪᠡ᠂ ᠠᠵᠤ ᠠᠬᠤᠶ᠋ᠢᠯᠠᠯ᠎ᠳᠤ ᠬᠠᠨᠭ᠌ᠭ᠋ᠠᠬᠤ ᠦᠢ᠍ᠯᠡᠴᠢᠯᠡᠭᠡ ᠵᠢ ᠨᠠᠷᠢᠨ ᠨᠢᠮᠪᠠᠶ ᠰᠠᠶ᠋ᠢᠲᠤᠷ ᠬᠢᠬᠦ ᠬᠡᠷᠡᠭᠲᠡᠶ

     (ᠠᠷᠪᠠᠨ ᠬᠤᠶᠠᠷ) ᠠᠵᠤ ᠠᠬᠤᠶ᠋ᠢᠯᠠᠯ᠎ᠤᠨ ᠦᠢ᠍ᠯᠡᠳᠪᠦᠷᠢᠯᠡᠯ ᠪᠣᠯᠤᠨ ᠠᠵᠢᠯ᠎ᠤᠨ ᠪᠠᠶ᠋ᠢᠷᠢ ᠵᠢ ᠲᠣᠭᠲᠠᠭᠤᠨ ᠪᠠᠶ᠋ᠢᠯᠭ᠋ᠠᠨ᠎ᠠ᠃ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠭᠤᠤᠯᠳᠠᠯᠭ᠎ᠠ᠎ᠲᠠᠢ ᠪᠠᠲᠤᠯᠠᠭ᠋ᠠᠨ᠎ᠤ ᠠᠵᠤ ᠠᠬᠤᠶ᠋ᠢᠯᠠᠯ ᠪᠣᠯᠤᠨ ᠬᠢᠵᠢᠭ᠎ᠤᠨ ᠪᠠᠶ᠋ᠢᠳᠠᠯ᠎ᠳᠤ ᠨᠡᠯᠢᠶᠡᠳ ᠶᠡᠭᠡ ᠨᠦᠯᠦᠭᠡᠯᠡᠭᠳᠡᠭᠰᠡᠨ ᠳᠤᠮᠳᠠ ᠪᠠᠭ᠎ᠠ ᠠᠵᠤ ᠠᠬᠤᠶ᠋ᠢᠯᠠᠯ᠎ᠢ ᠬᠠᠪᠰᠤᠷᠤᠨ ᠰᠡᠷᠭᠡᠶ᠋ᠢᠯᠡᠨ ᠡᠵᠡᠮᠳᠡᠬᠦ ᠡᠳ᠋ ᠪᠤᠳᠠᠰ᠎ᠤᠨ ᠪᠠᠲᠤᠯᠠᠭ᠎ᠠ᠂ ᠲᠦᠭᠦᠬᠡᠢ ᠮᠠᠲ᠋ᠧᠷᠢᠶᠠᠯ᠎ᠤᠨ ᠬᠠᠩᠭ᠋ᠠᠯᠭ᠎ᠠ᠂ ᠪᠠᠷᠠᠭ᠋ᠠᠨ᠎ᠤ ᠭᠦᠢ᠍ᠯᠭᠡᠭᠡᠨ᠎ᠤ ᠲᠡᠭᠡᠭᠡᠪᠦᠷᠢ ᠵᠡᠷᠭᠡ ᠵᠢ ᠰᠢᠢ᠍ᠳᠪᠦᠷᠢᠯᠡᠵᠦ᠂ ᠠᠵᠤ ᠠᠬᠤᠶ᠋ᠢᠯᠠᠯ᠎ᠤᠨ᠎ᠬᠢᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠪᠠᠷᠢᠮᠵᠢᠶ᠎ᠠ᠎ᠳᠤ ᠬᠦᠷᠦᠭᠰᠡᠨ ᠤᠷᠢᠲᠠᠯ ᠳᠣᠤᠷ᠎ᠠ ᠬᠡᠪ᠎ᠤᠨ ᠶᠣᠰᠣᠭ᠋ᠠᠷ ᠦᠢ᠍ᠯᠡᠳᠪᠦᠷᠢᠯᠡᠬᠦ ᠵᠢ ᠦᠨᠡᠨ ᠬᠦ᠌ ᠪᠠᠲᠤᠯᠠᠨ᠎ᠠ᠃ ᠬᠢᠵᠢᠭ᠎ᠤᠨ ᠨᠥᠯᠥᠭᠡ᠎ᠠᠴᠠ ᠪᠣᠯᠵᠤ ᠦᠢ᠍ᠯᠡᠳᠪᠦᠷᠢᠯᠡᠯ ᠡᠵᠡᠩᠨᠡᠯᠲᠡ᠎ᠨᠢ ᠬᠦᠴᠢᠷᠲᠡᠯ᠎ᠳᠤ ᠲᠤᠯᠭ᠋ᠠᠷᠠᠬᠰᠠᠨ ᠠᠵᠤ ᠠᠬᠤᠶ᠋ᠢᠯᠠᠯ᠎ᠤᠨ᠎ᠬᠢᠨ ᠠᠵᠢᠯᠲᠠᠨ ᠠᠵᠢᠯᠴᠢᠨ᠎ᠲᠠᠢ᠎ᠪᠠᠨ ᠵᠥᠪᠳᠡᠯᠴᠡᠨ ᠰᠠᠨᠠᠯ ᠨᠢᠭᠡᠳᠬᠦ᠎ᠪᠠᠷ ᠳᠠᠮᠵᠢᠭᠤᠯᠤᠨ ᠴᠠᠯᠢᠩ ᠬᠥᠯᠥᠰᠥ᠎ᠪᠠᠨ ᠲᠣᠬᠢᠷᠠᠭᠤᠯᠬᠤ᠂ ᠡᠭᠡᠯᠵᠢᠯᠡᠨ ᠠᠵᠢᠯᠯᠠᠵᠤ ᠠᠮᠠᠷᠠᠬᠤ᠂ ᠠᠵᠢᠯ᠎ᠤᠨ ᠴᠠᠭ᠎ᠢ ᠪᠣᠭᠤᠨᠢᠰᠬᠠᠬᠤ᠂ ᠠᠵᠢᠯ᠎ᠤᠨ ᠪᠠᠶ᠋ᠢᠷᠢ ᠬᠦᠯᠢᠶᠡᠬᠦ ᠵᠡᠷᠭᠡ ᠠᠷᠭ᠎ᠠ ᠬᠡᠯᠪᠡᠷᠢ ᠵᠢ ᠠᠪᠴᠤ ᠠᠵᠢᠯ᠎ᠤᠨ ᠪᠠᠶ᠋ᠢᠷᠢ᠎ᠪᠠᠨ ᠲᠣᠭᠲᠠᠪᠤᠷᠢᠵᠢᠭᠤᠯᠵᠤ᠂ ᠠᠯᠢ ᠴᠢᠳᠠᠬᠤ᠎ᠪᠠᠷ ᠠᠵᠢᠯᠲᠠᠨ ᠬᠠᠰᠤᠬᠤ ᠦᠭᠡᠢ ᠪᠤᠶᠤ ᠠᠵᠢᠯᠲᠠᠨ ᠳᠤᠲᠠᠭᠤ ᠬᠠᠰᠤᠵᠤ ᠪᠣᠯᠤᠨ᠎ᠠ᠃ (ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠵᠢᠯᠲᠠ ᠵᠢᠨ ᠲᠢᠩᠬᠢᠮ᠂ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠂ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠂ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠦᠢ᠍ᠯᠡᠳᠪᠦᠷᠢ ᠬᠤᠳᠠᠯᠳᠤᠭ᠋ᠠᠨ᠎ᠤ ᠬᠤᠯᠪᠣᠭ᠎ᠠ ᠬᠠᠷᠢᠭᠤᠴᠠᠨ᠎ᠠ)

      (ᠠᠷᠪᠠᠨ ᠭᠤᠷᠪᠠ) ᠠᠵᠢᠯ᠎ᠤᠨ ᠪᠠᠶ᠋ᠢᠷᠢ ᠵᠢ ᠲᠣᠭᠲᠠᠪᠤᠷᠢᠵᠢᠭᠤᠯᠬᠤ ᠪᠣᠯᠪᠠᠰᠤᠷᠠᠯ᠎ᠤᠨ ᠨᠥᠬᠦᠪᠥᠷᠢ ᠵᠢᠨ ᠲᠥᠷᠥ ᠵᠢᠨ ᠪᠣᠳᠣᠯᠭ᠎ᠠ ᠵᠢ ᠬᠡᠷᠡᠭᠵᠢᠭᠦᠯᠦᠨ᠎ᠡ᠃ ᠬᠢᠵᠢᠭ᠎ᠤᠨ ᠪᠠᠶ᠋ᠢᠳᠠᠯ᠎ᠳᠤ ᠨᠥᠯᠥᠭᠡᠯᠡᠭᠳᠡᠭᠰᠡᠨ ᠳᠤᠮᠳᠠ ᠪᠠᠭ᠎ᠠ ᠠᠵᠤ ᠠᠬᠤᠶ᠋ᠢᠯᠠᠯ᠎ᠤᠨ᠎ᠬᠢᠨ ᠠᠵᠢᠯ ᠵᠣᠭᠰᠣᠭᠰᠠᠨ ᠬᠤᠭᠤᠴᠠᠭ᠋ᠠᠨ᠎ᠳᠤ ᠠᠵᠢᠯᠲᠠᠨ ᠠᠵᠢᠯᠴᠢᠨ ᠵᠶ᠋ᠠᠨ ᠵᠣᠬᠢᠶᠠᠨ ᠪᠠᠶ᠋ᠢᠭᠤᠯᠤᠨ ᠡᠯ᠎ᠡ ᠲᠥᠷᠥᠯ᠎ᠤᠨ ᠰᠦᠯᠵᠢᠶᠡᠨ ᠳᠡᠭᠡᠷᠡᠬᠢ ᠠᠵᠢᠯ ᠮᠡᠷᠭᠡᠵᠢᠯ᠎ᠤᠨ ᠪᠣᠯᠪᠠᠰᠤᠷᠠᠯ᠎ᠳᠤ ᠣᠷᠣᠯᠴᠠᠭᠰᠠᠳ᠎ᠢ ᠣᠷᠣᠨ ᠨᠤᠲᠤᠭ᠎ᠤᠨ ᠰᠤᠷᠭ᠋ᠠᠨ ᠬᠥᠮᠦᠵᠢᠯ᠎ᠤᠨ ᠨᠡᠮᠡᠯᠲᠡ ᠲᠤᠰᠬᠠᠶ ᠵᠦᠢ᠍ᠯ᠎ᠤᠨ ᠪᠡᠯᠡ ᠮᠥᠩᠭᠦᠨ᠎ᠤ ᠨᠦᠬᠦᠪᠤᠷᠢ ᠵᠢᠨ ᠠᠵᠤ ᠠᠬᠤᠶ᠋ᠢᠯᠠᠯ᠎ᠤᠨ ᠠᠵᠢᠯᠲᠠᠨ ᠠᠵᠢᠯᠴᠢᠨ᠎ᠤ ᠪᠣᠯᠪᠠᠰᠤᠷᠠᠯ᠎ᠤᠨ ᠬᠡᠪᠴᠢᠶᠡᠨ᠎ᠳᠤ ᠤᠷᠤᠭᠤᠯᠵᠤ᠂ ᠪᠣᠳᠠᠲᠠᠶ ᠪᠣᠯᠪᠠᠰᠤᠷᠠᠯ᠎ᠤᠨ ᠵᠠᠷᠤᠳᠠᠯ ᠶᠣᠰᠣᠭ᠋ᠠᠷ 95% ᠵᠢᠨ ᠨᠥᠬᠦᠪᠥᠷᠢ ᠣᠯᠭᠤᠨ᠎ᠠ᠃ (ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠂ ᠰᠤᠷᠭ᠋ᠠᠨ ᠬᠥᠮᠦᠵᠢᠯ᠎ᠤᠨ ᠲᠢᠩᠬᠢᠮ᠂ ᠡᠳ᠋᠎ᠤᠨ ᠵᠠᠰᠠᠭ᠎ᠤᠨ ᠲᠢᠩᠬᠢᠮ ᠬᠠᠷᠢᠭᠤᠴᠠᠨ᠎ᠠ)

     (ᠠᠷᠪᠠᠨ ᠳᠥᠷᠪᠡ) ᠤᠯᠤᠰ᠎ᠤᠨ ᠥᠮᠴᠢᠯᠡᠯ᠎ᠤᠨ ᠠᠵᠤ ᠠᠬᠤᠶ᠋ᠢᠯᠠᠯ᠎ᠤᠨ ᠭᠡᠷ᠎ᠡ᠎ᠪᠠᠨ ᠭᠦᠢ᠍ᠴᠡᠳᠬᠡᠬᠦ ᠪᠠ ᠳᠡᠮᠵᠢᠬᠦ ᠡᠷᠴᠢᠮ᠎ᠢ ᠴᠢᠩᠭ᠋ᠠᠷᠠᠭᠤᠯᠤᠨ᠎ᠠ᠃ ᠤᠯᠤᠰ᠎ᠤᠨ ᠥᠮᠴᠢᠯᠡᠯ᠎ᠤᠨ ᠠᠵᠤ ᠠᠬᠤᠶ᠋ᠢᠯᠠᠯ᠎ᠤᠨ᠎ᠬᠢᠨ ᠠᠷᠠᠳ᠎ᠤᠨ ᠡᠵᠡᠩᠨᠡᠯᠳᠠ ᠵᠢᠨ ᠠᠵᠤ ᠠᠬᠤᠶ᠋ᠢᠯᠠᠯ᠎ᠳᠤ ᠦᠷᠢᠳᠦᠭᠰᠡᠨ ᠦᠷᠢ ᠦᠭᠴᠡᠭᠡ᠎ᠪᠠᠨ ᠲᠦᠯᠤᠵᠤ᠂ ᠢᠯᠠᠩᠭᠤᠶ᠎ᠠ ᠬᠢᠵᠢᠭ᠎ᠤᠨ ᠪᠠᠶ᠋ᠢᠳᠠᠯ᠎ᠳᠤ ᠨᠥᠯᠥᠭᠡᠯᠡᠭᠳᠡᠵᠤ ᠦᠢ᠍ᠯᠡᠳᠪᠦᠷᠢᠯᠡᠯ ᠡᠵᠡᠩᠨᠡᠯᠳᠠ᠎ᠨᠢ ᠬᠦᠴᠢᠷᠳᠡᠯ᠎ᠳᠤ ᠲᠤᠯᠭ᠋ᠠᠷᠠᠬᠰᠠᠨ ᠳᠤᠮᠳᠠ ᠪᠠᠭ᠎ᠠ ᠠᠵᠤ ᠠᠬᠤᠶ᠋ᠢᠯᠠᠯ᠎ᠤᠨ ᠦᠷᠢ ᠦᠭᠴᠡᠭᠡ ᠵᠢ ᠤᠷᠢᠳ ᠵᠶ᠋ᠠᠷ ᠲᠥᠯᠥᠵᠤ᠂ ᠤᠷᠢᠳᠴᠢᠯᠠᠨ ᠲᠥᠯᠥᠬᠦ ᠵᠢ ᠵᠣᠷᠢᠭᠵᠢᠭᠤᠯᠵᠤ᠂ ᠬᠤᠳᠠᠯᠳᠤᠭ᠋ᠠᠨ᠎ᠤ ᠭᠤᠪᠢᠭᠤᠯᠭ᠎ᠠ ᠵᠢᠨ ᠠᠷᠭ᠎ᠠ᠎ᠪᠠᠷ ᠵᠣᠭᠤᠰ ᠪᠤᠴᠠᠭ᠋ᠠᠬᠤ ᠬᠤᠭᠤᠴᠠᠭ᠎ᠠ ᠵᠢ ᠤᠷᠲᠤᠳᠬᠠᠬᠤ ᠵᠢ ᠴᠢᠩᠭ᠎ᠠ ᠴᠠᠭ᠋ᠠᠵᠠᠯᠠᠵᠤ᠂ ᠰᠢᠨ᠎ᠡ ᠦᠷᠢ ᠦᠭᠴᠡᠭᠡ ᠭᠠᠷᠭ᠋ᠠᠬᠤ ᠵᠢ ᠴᠢᠩᠭ᠎ᠠ ᠴᠠᠭ᠋ᠠᠵᠠᠯᠠᠨ᠎ᠠ᠃ ᠤᠯᠤᠰ᠎ᠤᠨ ᠥᠮᠴᠢᠯᠡᠯ᠎ᠤᠨ ᠠᠵᠤ ᠠᠬᠤᠶ᠋ᠢᠯᠠᠯ᠎ᠲᠠᠢ ᠨᠢᠭᠡᠨᠲᠡ ᠭᠡᠷ᠎ᠡ ᠲᠣᠭᠲᠠᠭ᠋ᠠᠭᠰᠠᠨ ᠳᠤᠮᠳᠠ ᠪᠠᠭ᠎ᠠ ᠠᠵᠤ ᠠᠬᠤᠶ᠋ᠢᠯᠠᠯ᠎ᠤᠨ᠎ᠬᠢᠨ ᠬᠢᠵᠢᠭ᠎ᠤᠨ ᠨᠥᠯᠥᠭᠡ᠎ᠠᠴᠠ ᠪᠤᠯᠵᠤ ᠭᠡᠷ᠎ᠡ ᠵᠢᠨ ᠡᠭᠦᠷᠭᠡ᠎ᠪᠠᠨ ᠦᠨᠡᠨ ᠬᠦ᠌ ᠴᠠᠭ᠎ᠲᠠᠭᠠᠨ ᠭᠦᠢ᠍ᠴᠡᠳᠬᠡᠵᠦ ᠲᠡᠶ᠋ᠢᠯᠬᠦ ᠦᠬᠡᠢ ᠪᠤᠯᠤᠬᠰᠠᠨ ᠪᠠᠶ᠋ᠢᠪᠠᠯ᠂ ᠭᠡᠷ᠎ᠡ ᠭᠦᠢ᠍ᠴᠡᠳᠬᠡᠬᠦ ᠬᠤᠭᠤᠴᠠᠭ᠎ᠠ ᠵᠢ ᠵᠣᠬᠢᠰᠲᠠᠶ ᠤᠷᠲᠤᠳᠬᠠᠵᠤ ᠪᠣᠯᠤᠨ᠎ᠠ᠂ ᠪᠣᠳᠠᠲᠠᠶ ᠤᠷᠲᠤᠳᠬᠠᠬᠤ ᠬᠤᠭᠤᠴᠠᠭ᠎ᠠ ᠵᠢ ᠬᠤᠶᠠᠷ ᠲᠠᠯ᠎ᠠ᠎ᠪᠠᠷ ᠵᠶ᠋ᠠᠨ ᠵᠥᠪᠳᠡᠯᠴᠡᠭᠰᠡᠨ᠎ᠤ ᠲᠠᠷᠠᠭ᠎ᠠ ᠲᠠᠬᠢᠨ ᠲᠣᠭᠲᠠᠭ᠋ᠠᠨ᠎ᠠ᠃ (ᠥᠪᠡᠷᠲᠡᠭᠡᠨ ᠵᠠᠰᠠᠬᠤ ᠣᠷᠣᠨ᠎ᠤ ᠤᠯᠤᠰ᠎ᠤᠨ ᠥᠮᠴᠢᠯᠡᠯ᠎ᠤᠨ ᠡᠳ᠋ ᠬᠥᠷᠥᠩᠭᠡ ᠵᠢᠨ ᠬᠢᠨᠠᠯᠲᠠ ᠬᠠᠮᠢᠶᠠᠷᠤᠯᠲᠠ ᠵᠢᠨ ᠵᠥᠪᠯᠡᠯ᠂ ᠡᠳ᠋᠎ᠤᠨ ᠵᠠᠰᠠᠭ᠎ᠤᠨ ᠲᠢᠩᠬᠢᠮ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠵᠢᠯᠲᠠ ᠵᠢᠨ ᠲᠢᠩᠬᠢᠮ᠂ ᠬᠠᠤᠯᠢ ᠴᠠᠭ᠋ᠠᠵᠠ ᠵᠢᠨ ᠲᠢᠩᠬᠢᠮ ᠬᠠᠷᠢᠭᠤᠴᠠᠨ᠎ᠠ)

      (ᠠᠷᠪᠠᠨ ᠲᠠᠪᠤ) ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠡᠷᠴᠢᠮ᠎ᠢ ᠴᠢᠩᠭ᠋ᠠᠷᠠᠭᠤᠯᠤᠨ᠎ᠠ᠃ ᠬᠢᠵᠢᠭ᠎ᠤᠨ ᠪᠠᠶ᠋ᠢᠳᠠᠯ᠎ᠳᠤ ᠨᠥᠯᠥᠭᠡᠯᠡᠭᠳᠡᠭᠰᠡᠨ ᠳᠤᠮᠳᠠ ᠪᠠᠭ᠎ᠠ ᠠᠵᠤ ᠠᠬᠤᠶ᠋ᠢᠯᠠᠯ᠎ᠤᠨ ᠬᠦᠰᠡᠯ ᠱᠠᠭ᠋ᠠᠷᠳᠠᠯᠭ᠎ᠠ᠎ᠳᠤ ᠬᠠᠷᠢᠭᠤ ᠥᠭᠬᠦ ᠲᠣᠭᠲᠠᠴᠠ ᠵᠢ ᠪᠠᠶ᠋ᠢᠭᠤᠯᠵᠤ᠂ ᠠᠵᠤ ᠠᠬᠤᠶ᠋ᠢᠯᠠᠯ᠎ᠳᠤ ᠲᠤᠯᠭ᠋ᠠᠷᠠᠵᠤ ᠪᠠᠶ᠋ᠢᠭ᠎ᠠ ᠭᠡᠨᠡᠳᠲᠡ ᠵᠢᠨ ᠬᠦᠴᠢᠷᠳᠡᠯ᠎ᠢ ᠴᠠᠭ ᠲᠤᠬᠠᠶ᠎ᠳᠤᠨᠢ ᠰᠢᠢ᠍ᠳᠪᠦᠷᠢᠯᠡᠵᠦ ᠦᠭᠭᠦᠨ᠎ᠡ᠃ ᠰᠦᠯᠵᠢᠶᠡᠨ ᠳᠡᠭᠡᠷᠡᠬᠢ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠠᠪᠴᠠᠩ᠎ᠤᠨ ᠪᠠᠶ᠋ᠢᠭᠤᠯᠤᠯᠲᠠ ᠵᠢ ᠪᠥᠬᠦ ᠲᠠᠯ᠎ᠠ᠎ᠪᠠᠷ ᠴᠢᠩᠭ᠋ᠠᠳᠬᠠᠵᠤ᠂ ᠨᠠᠩ ᠣᠯᠠᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠵᠦᠢ᠍ᠯᠡᠰ᠎ᠢ ᠰᠦᠯᠵᠢᠶᠡᠨ ᠳᠡᠭᠡᠷ᠎ᠠ ᠭᠦᠢ᠍ᠴᠡᠳᠭᠡᠭᠦ ᠪᠤᠯᠭ᠋ᠠᠵᠦ᠂ ᠬᠥᠮᠦᠨ ᠤᠯᠠᠨ ᠴᠤᠭᠯᠠᠷᠠᠬᠤ ᠵᠢ ᠴᠦᠬᠡᠳᠭᠡᠨ᠎ᠡ᠃ (ᠥᠪᠡᠷᠲᠡᠭᠡᠨ ᠵᠠᠰᠠᠬᠤ ᠣᠷᠣᠨ᠎ᠤ ᠠᠵᠤ ᠦᠢ᠍ᠯᠡᠳᠪᠦᠷᠢ ᠪᠠ ᠮᠡᠳᠡᠭᠡ ᠵᠠᠩᠭᠢᠵᠢᠯᠲᠠ ᠵᠢᠨ ᠲᠢᠩᠬᠢᠮ᠂ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠣᠪᠴᠢᠶ᠎ᠠ ᠬᠠᠷᠢᠭᠤᠴᠠᠨ᠎ᠠ)

      ᠳᠡᠭᠡᠷᠡᠬᠢ ᠲᠥᠷᠥ ᠵᠢᠨ ᠪᠣᠳᠣᠯᠭ᠎ᠠ ᠠᠷᠭ᠎ᠠ ᠬᠡᠮᠵᠢᠶ᠎ᠡ᠎ᠳᠤ ᠬᠡᠯᠡᠵᠦ ᠪᠠᠶ᠋ᠢᠭ᠎ᠠ ᠳᠤᠮᠳᠠ ᠪᠠᠭ᠎ᠠ ᠠᠵᠤ ᠠᠬᠤᠶ᠋ᠢᠯᠠᠯ᠎ᠢ ᠮᠠᠭ᠋ᠠᠳᠯᠠᠨ ᠲᠣᠭᠲᠠᠭ᠋ᠠᠬᠤ᠎ᠳᠤ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠵᠢᠯᠲᠠ ᠵᠢᠨ ᠶᠠᠮᠤᠨ ᠵᠡᠷᠭᠡ ᠳᠥᠷᠪᠡᠨ ᠰᠠᠯᠠᠭ᠎ᠠ ᠮᠥᠴᠢᠷ᠎ᠤᠨ ᠳᠠᠷᠤᠮᠠᠯᠯᠠᠨ ᠲᠠᠷᠬᠠᠭ᠋ᠠᠬᠰᠠᠨ 《ᠳᠤᠮᠳᠠ ᠪᠠᠭ᠎ᠠ ᠠᠵᠤ ᠠᠬᠤᠶ᠋ᠢᠯᠠᠯ᠎ᠤᠨ ᠬᠡᠯᠪᠡᠷᠢ ᠮᠠᠶᠢᠬ᠎ᠢ ᠬᠤᠪᠢᠶᠠᠬᠤ ᠪᠠᠷᠢᠮᠵᠢᠶ᠎ᠠ ᠵᠢᠨ ᠲᠣᠭᠲᠠᠭ᠋ᠠᠯ》 ᠶᠣᠰᠣᠭ᠋ᠠᠷ ᠬᠡᠷᠡᠭᠵᠢᠭᠦᠯᠦᠨ᠎ᠡ᠃ ᠳᠡᠭᠡᠷᠡᠬᠢ ᠲᠥᠷᠥ ᠵᠢᠨ ᠪᠣᠳᠣᠯᠭ᠎ᠠ ᠠᠷᠭ᠎ᠠ ᠬᠡᠮᠵᠢᠶ᠎ᠡ ᠵᠢ ᠬᠡᠷᠡᠭᠵᠢᠭᠦᠯᠬᠦ ᠬᠤᠭᠤᠴᠠᠭ᠎ᠠ ᠵᠢ ᠲᠣᠳᠣᠷᠬᠠᠶ ᠲᠣᠭᠲᠠᠭ᠋ᠠᠭᠰᠠᠨ ᠪᠠᠶ᠋ᠢᠪᠠᠯ ᠲᠣᠭᠲᠠᠭ᠋ᠠᠯ ᠶᠣᠰᠣᠭ᠋ᠠᠷ ᠬᠡᠷᠡᠭᠵᠢᠭᠦᠯᠵᠦ᠂ ᠭᠡᠷᠡᠭᠵᠢᠬᠦᠯᠬᠦ ᠬᠤᠭᠤᠴᠠᠭ᠎ᠠ ᠵᠢ ᠲᠤᠭᠳᠠᠭ᠋ᠠᠬᠰᠠᠨ ᠦᠬᠡᠢ ᠪᠠᠶ᠋ᠢᠪᠠᠯ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠶ᠋ᠢᠳᠠᠯ᠎ᠢ ᠠᠷᠢᠯᠭ᠋ᠠᠵᠦ ᠲᠠᠭᠤᠰᠳᠠᠯ᠎ᠠ ᠭᠡᠷᠡᠭᠵᠢᠬᠦᠯᠤᠨ᠎ᠠ᠃

      ᠤᠯᠤᠰ᠎ᠠᠴᠠ ᠨᠡᠶ᠋ᠢᠲᠡᠯᠡᠭᠰᠡᠨ ᠬᠠᠮᠢᠶ᠎ᠠ ᠪᠦᠬᠦᠢ ᠳᠡᠮᠵᠢᠯᠭᠡ ᠵᠢᠨ ᠲᠥᠷᠥ ᠵᠢᠨ ᠪᠣᠳᠣᠯᠭ᠎ᠠ ᠠᠷᠭ᠎ᠠ ᠬᠡᠮᠵᠢᠶ᠎ᠡ ᠵᠢ ᠥᠪᠡᠷᠲᠡᠭᠡᠨ ᠵᠠᠰᠠᠬᠤ ᠣᠷᠣᠨ᠎ᠤ᠎ᠬᠢᠨ ᠵᠡᠷᠭᠡ᠎ᠪᠠᠷ ᠵᠢᠷᠤᠮᠯᠠᠨ ᠬᠡᠷᠡᠭᠵᠢᠭᠦᠯᠦᠨ᠎ᠡ᠃

                             2020 ᠤᠨ᠎ᠤ 2 ᠰᠠᠷ᠎ᠠ ᠵᠢᠨ 7᠎ᠤ ᠡᠳᠤᠷ


ᠢᠷᠡᠯᠲᠡ᠄ ᠦᠪᠦᠷ ᠮᠣᠩᠭᠣᠯ᠎ᠤᠨ ᠦᠪᠡᠷᠲᠡᠭᠡᠨ ᠵᠠᠰᠠᠬᠣ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠰᠦᠯᠵᠢᠶ᠎ᠡ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠡᠭᠡᠷ᠎ᠡ ᠵᠢᠨ ᠠᠮᠢᠲᠠᠨ ᠤᠷᠭᠤᠮᠠᠯ ᠬᠢᠭᠡᠳ ᠴᠢᠭᠢᠭᠯᠢᠭ ᠭᠠᠵᠠᠷ᠎ᠢ ᠬᠠᠮᠠᠭ᠋ᠠᠯᠠᠬᠤ ᠨᠡᠶ᠋ᠢᠭᠡᠮᠯᠢᠭ᠎ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠶ᠋ᠢᠳᠠᠯ᠎ᠢ ᠡᠰᠡᠷᠭᠦᠴᠡᠬᠦ ᠰᠠᠨᠠᠭ᠋ᠠᠴᠢᠯᠠᠭ᠎ᠠ ᠵᠢᠨ ᠪᠢᠴᠢᠭ
ᠲᠠᠷᠢᠶᠠᠯᠠᠩ᠎ᠤᠨ ᠦᠷ᠎ᠡ ᠡᠳ᠋᠎ᠤᠨ ᠡᠬᠢ ᠪᠠᠶᠠᠯᠢᠭ᠎ᠢ ᠬᠠᠮᠠᠭ᠋ᠠᠯᠠᠵᠤ ᠠᠰᠢᠭᠯᠠᠬᠤ ᠵᠢ ᠴᠢᠩᠭ᠋ᠠᠳᠬᠠᠨ᠎ᠠ
《ᠦᠵᠡᠰᠬᠦᠯᠡᠩᠲᠦ ᠰᠠᠶ᠋ᠢᠬᠠᠨ ᠳᠤᠮᠳᠠᠳᠤ ᠤᠯᠤᠰ᠎ᠤᠨ ᠪᠥᠲᠥᠭᠡᠨ ᠪᠠᠶ᠋ᠢᠭᠤᠯᠤᠯᠲᠠ ᠵᠢ ᠦᠨᠡᠯᠡᠨ ᠵᠢᠱ᠌ᠢᠬᠦ ᠭᠦᠢᠴᠡᠳᠬᠡᠯ ᠲᠤᠭ᠎ᠠ ᠵᠢᠨ ᠰᠢᠰᠲ᠋ᠧᠮ ᠵᠢᠴᠢ ᠬᠡᠷᠡᠭᠵᠢᠭᠦᠯᠬᠦ ᠲᠥᠰᠦᠯ》᠎ᠢ ᠳᠠᠷᠤᠮᠠᠯᠯᠠᠨ ᠲᠠᠷᠬᠠᠭ᠋ᠠᠪᠠ
ᠬᠡᠭᠡᠷ᠎ᠡ ᠵᠢᠨ ᠰᠢᠪᠠᠭᠤᠳ᠎ᠢ ᠬᠠᠮᠠᠭ᠋ᠠᠯᠠᠬᠤ ᠲᠤᠬᠠᠶ ᠳᠤᠮᠳᠠᠳᠤ ᠤᠯᠤᠰ᠎ᠤᠨ ᠬᠡᠭᠡᠷ᠎ᠡ ᠵᠢᠨ ᠠᠮᠢᠲᠠᠨ᠎ᠤ ᠬᠠᠮᠠᠭ᠋ᠠᠯᠠᠯᠲᠠ ᠵᠢᠨ ᠨᠡᠢ᠌ᠭᠡᠮᠯᠢᠭ᠎ᠤᠨ ᠰᠠᠨᠠᠭ᠋ᠠᠴᠢᠯᠠᠭ᠎ᠠ
ᠤᠯᠤᠰ᠎ᠤᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠠᠯᠪᠠᠨ ᠵᠠᠷ (2020 ᠣᠨ᠎ᠤ 5 ᠳ᠋ᠤᠭ᠋ᠠᠷ ᠲᠤᠭ᠋ᠠᠲᠤ) (ᠣᠶ ᠰᠢᠭᠤᠶ ᠪᠠ ᠬᠡᠭᠡᠷ᠎ᠡ ᠵᠢᠨ ᠠᠮᠢᠲᠠᠨ᠎ᠤ ᠲᠥᠷᠥᠯ ᠬᠡᠯᠪᠡᠷᠢ ᠵᠢᠨ ᠤᠯᠤᠰ᠎ᠤᠨ ᠲᠠᠰ᠎ᠤᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠤ ᠲᠤᠷᠰᠢᠯᠲᠠ ᠵᠢᠨ ᠲᠣᠭᠣᠷᠢᠭ᠎ᠲᠤ ᠪᠡᠯᠡᠳᠬᠡᠮᠵᠢ ᠪᠠᠶ᠋ᠢᠭᠤᠯᠬᠤ ᠵᠢ ᠬᠢᠨᠠᠨ ᠵᠦᠪᠰᠢᠶᠡᠷᠡᠬᠦ ᠵᠦᠢᠯᠡᠰ᠎ᠤᠨ ᠬᠡᠰᠡᠭ ᠭᠤᠶᠤᠴᠢᠯᠠᠯ᠎ᠤᠨ ᠮᠠᠲ᠋ᠧᠷᠢᠶᠠᠯ᠎ᠢ ᠬᠦᠴᠦᠨ ᠥᠬᠡᠶ ᠪᠣᠯᠭ᠋ᠠᠨ᠎ᠠ)
 
             蒙ICP备05000248号