ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠯᠪᠠᠨ ᠨᠡᠶ᠋ᠢᠲᠡᠯᠡᠯ
ᠤᠯᠤᠰ᠎ᠤᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠠᠯᠪᠠᠨ ᠵᠠᠷ (2020 ᠣᠨ᠎ᠤ 5 ᠳ᠋ᠤᠭ᠋ᠠᠷ ᠲᠤᠭ᠋ᠠᠲᠤ) (ᠣᠶ ᠰᠢᠭᠤᠶ ᠪᠠ ᠬᠡᠭᠡᠷ᠎ᠡ ᠵᠢᠨ ᠠᠮᠢᠲᠠᠨ᠎ᠤ ᠲᠥᠷᠥᠯ ᠬᠡᠯᠪᠡᠷᠢ ᠵᠢᠨ ᠤᠯᠤᠰ᠎ᠤᠨ ᠲᠠᠰ᠎ᠤᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠤ ᠲᠤᠷᠰᠢᠯᠲᠠ ᠵᠢᠨ ᠲᠣᠭᠣᠷᠢᠭ᠎ᠲᠤ ᠪᠡᠯᠡᠳᠬᠡᠮᠵᠢ ᠪᠠᠶ᠋ᠢᠭᠤᠯᠬᠤ ᠵᠢ ᠬᠢᠨᠠᠨ ᠵᠦᠪᠰᠢᠶᠡᠷᠡᠬᠦ ᠵᠦᠢᠯᠡᠰ᠎ᠤᠨ ᠬᠡᠰᠡᠭ ᠭᠤᠶᠤᠴᠢᠯᠠᠯ᠎ᠤᠨ ᠮᠠᠲ᠋ᠧᠷᠢᠶᠠᠯ᠎ᠢ ᠬᠦᠴᠦᠨ ᠥᠬᠡᠶ ᠪᠣᠯᠭ᠋ᠠᠨ᠎ᠠ)
ᠨᠡᠶ᠋ᠢᠲᠡᠯᠡᠭᠰᠡᠨ ᠴᠠᠭ᠄ 2020-04-20


      ᠲᠥᠷᠥ ᠵᠢᠨ ᠶᠠᠪᠤᠳᠠᠯ᠎ᠤᠨ ᠬᠣᠷᠢᠶᠠᠨ᠎ᠤ 《ᠪᠠᠭᠤᠯᠭ᠋ᠠᠬᠤ ᠬᠠᠮᠢᠶᠠᠷᠬᠤ ᠦᠢᠯᠡᠴᠢᠯᠡᠬᠦ》 ᠥᠭᠡᠷᠡᠴᠢᠯᠡᠯᠲᠡ ᠵᠢᠨ ᠱᠠᠭ᠋ᠠᠷᠳᠠᠯᠭ᠎ᠠ ᠵᠢ ᠤᠯᠠᠮ ᠨᠢᠭᠡ ᠠᠯᠬᠤᠮ ᠨᠠᠶ᠋ᠢᠳᠠᠪᠤᠷᠢᠵᠢᠭᠤᠯᠵᠤ᠂ ᠬᠢᠨᠠᠨ ᠵᠥᠪᠰᠢᠶᠡᠷᠡᠬᠦ ᠦᠷ᠎ᠡ ᠪᠦᠲᠦᠮᠵᠢ ᠵᠢ ᠳᠡᠭᠡᠭᠰᠢᠯᠡᠬᠦᠯᠬᠦ ᠵᠢᠨ ᠲᠤᠰᠠᠳᠠ᠂ ᠡᠳᠦᠭᠡ ᠣᠶ ᠰᠢᠭᠤᠶ ᠪᠠ ᠬᠡᠭᠡᠷ᠎ᠡ ᠵᠢᠨ ᠠᠮᠢᠲᠠᠨ᠎ᠤ ᠲᠥᠷᠥᠯ ᠬᠡᠯᠪᠡᠷᠢ ᠵᠢᠨ ᠤᠯᠤᠰ᠎ᠤᠨ ᠲᠠᠰ᠎ᠤᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠤ ᠲᠤᠷᠰᠢᠯᠲᠠ ᠵᠢᠨ ᠲᠣᠭᠣᠷᠢᠭ᠎ᠲᠤ   ᠪᠡᠯᠡᠳᠬᠡᠮᠵᠢ ᠪᠠᠢ᠌ᠭᠤᠯᠬᠤ ᠵᠢ ᠬᠢᠨᠠᠨ ᠵᠥᠪᠰᠢᠶᠡᠷᠡᠬᠦ ᠵᠦᠢᠯᠡᠰ᠎ᠤᠨ ᠬᠦᠴᠦᠨ ᠥᠬᠡᠶ ᠪᠣᠯᠭ᠋ᠠᠭᠰᠠᠨ ᠬᠡᠰᠡᠭ ᠭᠤᠶᠤᠴᠢᠯᠠᠯ᠎ᠤᠨ ᠮᠠᠲᠸᠷᠢᠶᠠᠯ᠎ᠢ ᠨᠡᠶ᠋ᠢᠲᠡᠯᠡᠪᠡ᠃
      ᠰᠠᠯᠠᠭ᠎ᠠ ᠮᠥᠴᠢᠷ᠎ᠤᠨ ᠳᠦᠷᠢᠮ ᠲᠣᠭᠲᠠᠭ᠋ᠠᠯ᠎ᠤᠨ 《ᠤᠯᠤᠰ᠎ᠤᠨ ᠲᠡᠰ᠎ᠤᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠳᠤ ᠪᠡᠯᠡᠳᠬᠡᠮᠵᠢ ᠪᠠᠶ᠋ᠢᠭᠤᠯᠬᠤ ᠵᠢ ᠬᠢᠨᠠᠨ ᠵᠥᠪᠰᠢᠶᠡᠷᠡᠬᠦ ᠬᠠᠮᠢᠶᠠᠷᠤᠯᠲᠠ ᠵᠢᠨ ᠲᠦᠷ ᠬᠡᠷᠡᠭᠵᠢᠭᠦᠯᠬᠦ ᠠᠷᠭ᠎ᠠ》 (ᠤᠤᠯ᠎ᠤᠨ ᠤᠯᠤᠰ᠎ᠤᠨ ᠣᠢ ᠰᠢᠭᠤᠶ ᠵᠢᠨ ᠲᠣᠪᠴᠢᠶ᠎ᠠ ᠵᠢᠨ ᠵᠠᠷᠯᠢᠭ 50 ᠳ᠋ᠤᠭ᠋ᠠᠷ ᠲᠣᠭ᠋ᠠᠲᠤ) ᠵᠢᠨ ᠲᠠᠪᠤᠳᠤᠭ᠋ᠠᠷ ᠵᠤᠷᠪᠤᠰ᠎ᠤᠨ ᠨᠢᠭᠡᠳᠦᠭᠡᠷ ᠪᠠᠳᠠᠭ᠎ᠤᠨ ᠬᠣᠶᠠᠳᠤᠭ᠋ᠠᠷ   ᠲᠦᠷᠦᠯ᠎ᠳᠤ 《ᠲᠥᠯᠥᠪᠵᠢᠭᠦᠯᠪᠡ ᠪᠤᠶᠤ ᠪᠠᠷᠢᠯᠭ᠎ᠠ ᠵᠢᠨ ᠵᠢᠷᠤᠭ ᠲᠥᠯᠥᠪᠯᠡᠭᠡ ᠵᠢᠨ ᠪᠢᠴᠢᠭ ᠮᠠᠲ᠋ᠧᠷᠢᠶᠠᠯ》 ᠭᠤᠶᠤᠴᠢᠯᠠᠬᠤ ᠮᠠᠲ᠋ᠧᠷᠢᠶᠠᠯ᠎ᠢ ᠠᠯᠪᠠᠨ ᠵᠠᠷ ᠨᠡᠶ᠋ᠢᠲᠡᠯᠡᠭᠰᠡᠨ ᠡᠳᠦᠷ᠎ᠠᠴᠠ ᠡᠬᠢᠯᠡᠨ   ᠬᠡᠷᠡᠭᠵᠢᠭᠦᠯᠬᠦ ᠵᠢ ᠵᠣᠭᠰᠣᠭ᠋ᠠᠵᠤ᠂ ᠰᠠᠯᠠᠭ᠎ᠠ ᠮᠥᠴᠢᠷ᠎ᠤᠨ ᠳᠦᠷᠢᠮ ᠲᠣᠭᠲᠠᠭ᠋ᠠᠯ᠎ᠢ ᠳᠡᠰ ᠳᠠᠷᠠᠭ᠋ᠠᠯᠠᠯ᠎ᠤᠨ ᠶᠣᠰᠣᠭ᠋ᠠᠷ ᠵᠠᠰᠠᠭᠰᠠᠨ᠎ᠤ ᠳᠠᠷᠠᠭ᠎ᠠ ᠠᠰ᠎ᠲᠤᠨᠢ ᠨᠡᠶ᠋ᠢᠲᠡᠯᠡᠨ᠎ᠡ᠃
      ᠤᠤᠯ᠎ᠤᠨ ᠤᠯᠤᠰ᠎ᠤᠨ ᠣᠶ ᠰᠢᠭᠤᠶ ᠵᠢᠨ ᠲᠣᠪᠴᠢᠶ᠎ᠠ ᠵᠢᠨ ᠵᠠᠷᠯᠠᠨ ᠨᠡᠶ᠋ᠢᠲᠡᠯᠡᠭᠰᠡᠨ 2016 ᠣᠨ᠎ᠤ 12 ᠳ᠋ᠤᠭ᠋ᠠᠷ ᠲᠤᠭ᠋ᠠᠲᠤ ᠵᠢᠨ 27 ᠳ᠋ᠤᠭ᠋ᠠᠷ ᠵᠤᠷᠪᠤᠰ᠎ᠤᠨ 2 ᠳ᠋ᠤᠭ᠋ᠠᠷ ᠬᠤᠪᠢᠶᠠᠷᠢ ᠵᠤᠷᠪᠤᠰ᠎ᠤᠨ ᠭᠤᠶᠤᠴᠢᠯᠠᠯ᠎ᠤᠨ ᠪᠢᠴᠢᠭ ᠮᠠᠲ᠋ᠧᠷᠢᠶᠠᠯ᠎ᠤᠨ ᠨᠡᠷᠡᠶ᠋ᠢᠳᠦᠯ᠎ᠳᠤ ᠬᠣᠯᠪᠣᠭᠳᠠᠭᠰᠠᠨ 《ᠪᠠᠢ᠌ᠭᠤᠯᠤᠮᠵᠢ ᠪᠠᠶ᠋ᠢᠭᠤᠯᠬᠤ ᠪᠤᠶᠤ ᠲᠥᠬᠥᠭᠡᠷᠦᠮᠵᠢ ᠪᠠᠶ᠋ᠢᠭᠤᠯᠬᠤ᠎ᠪᠠᠷ ᠪᠠᠶ᠋ᠢᠭ᠎ᠠ ᠨᠢᠭᠡᠴᠡ ᠪᠤᠶᠤ ᠬᠤᠪᠢ ᠬᠥᠮᠦᠨ᠎ᠤ ᠭᠤᠶᠤᠴᠢᠯᠠᠯ᠎ᠤᠨ ᠪᠢᠴᠢᠭ ᠮᠠᠲ᠋ᠧᠷᠢᠶᠠᠯ》᠂ 《ᠪᠠᠶ᠋ᠢᠭᠤᠯᠬᠤ᠎ᠪᠠᠷ ᠪᠠᠶ᠋ᠢᠭ᠎ᠠ ᠪᠠᠶ᠋ᠢᠭᠤᠯᠤᠮᠵᠢ ᠪᠤᠶᠤ ᠲᠥᠬᠥᠭᠡᠷᠦᠮᠵᠢ ᠵᠢᠨ ᠲᠦᠯᠦᠪᠵᠢᠬᠦᠯᠭᠡ ᠪᠤᠶᠤ ᠪᠠᠷᠢᠯᠭ᠎ᠠ ᠵᠢᠨ ᠵᠢᠷᠤᠭ ᠲᠥᠯᠥᠪᠯᠡᠭᠡ ᠵᠢᠨ ᠪᠢᠴᠢᠭ ᠮᠠᠲ᠋ᠧᠷᠢᠶᠠᠯ》 ᠪᠠ 《ᠬᠠᠮᠠᠭ᠋ᠠᠯᠠᠬᠤ᠂ ᠬᠠᠮᠢᠶᠠᠷᠬᠤ᠂ ᠨᠥᠬᠥᠪᠥᠷᠢ ᠥᠭᠬᠦ ᠵᠥᠪᠯᠡᠯᠴᠡᠭᠡᠷ》 ᠵᠡᠷᠭᠡ ᠭᠤᠶᠤᠴᠢᠯᠠᠯ᠎ᠤᠨ ᠮᠠᠲ᠋ᠧᠷᠢᠶᠠᠯ᠎ᠢ ᠵᠠᠷᠯᠠᠨ ᠨᠡᠶ᠋ᠢᠲᠡᠯᠡᠭᠰᠡᠨ ᠡᠳᠦᠷ᠎ᠠᠴᠠ ᠡᠬᠢᠯᠡᠨ ᠬᠡᠷᠡᠭᠵᠢᠭᠦᠯᠬᠦ ᠵᠢ ᠵᠣᠭᠰᠣᠭ᠋ᠠᠵᠤ᠂ ᠤᠤᠯ᠎ᠤᠨ ᠤᠯᠤᠰ᠎ᠤᠨ ᠣᠶ ᠰᠢᠭᠤᠶ ᠵᠢᠨ ᠲᠣᠪᠴᠢᠶ᠎ᠠ ᠵᠢᠨ ᠵᠠᠷᠯᠠᠨ ᠨᠡᠶ᠋ᠢᠲᠡᠯᠡᠭᠰᠡᠨ 2016 ᠣᠨ᠎ᠤ 12 ᠳ᠋ᠤᠭ᠋ᠠᠷ ᠲᠣᠭ᠋ᠠᠲᠤ ᠲᠠᠰ ᠳᠠᠷᠠᠭ᠋ᠠᠯᠠᠯ ᠶᠣᠰᠣᠭ᠋ᠠᠷ ᠵᠠᠰᠠᠪᠤᠷᠢ ᠣᠷᠣᠭᠤᠯᠤᠭᠰᠠᠨ᠎ᠤ ᠳᠠᠷᠠᠭ᠎ᠠ ᠠᠰ᠎ᠲᠤᠨᠢ ᠨᠡᠶ᠋ᠢᠲᠡᠯᠡᠨ᠎ᠡ᠃
ᠡᠭᠦᠨ᠎ᠤ ᠲᠤᠯᠠ ᠣᠨᠴᠠᠭ᠋ᠠᠶ᠋ᠢᠯᠠᠨ ᠵᠠᠷᠯᠠᠪᠠ᠃


              ᠤᠯᠤᠰ᠎ᠤᠨ ᠤᠢ ᠰᠢᠭᠤᠢ ᠪᠠ ᠨᠤᠳᠤᠭ ᠪᠡᠯᠴᠢᠭᠡᠷ᠎ᠤᠨ ᠲᠤᠪᠴᠢᠶ᠎ᠠ
             2020 ᠤᠨ᠎ᠤ 3 ᠰᠠᠷ᠎ᠠ ᠵᠢᠨ 23᠎ᠤ ᠡᠳᠦᠷ


ᠢᠷᠡᠯᠲᠡ᠄ ᠳᠤᠮᠳᠠᠳᠤ ᠤᠯᠤᠰ᠎ᠤᠨ ᠣᠶ ᠰᠢᠭᠤᠶ ᠵᠢᠨ ᠰᠦᠯᠵᠢᠶ᠎ᠡ
          
ᠬᠠᠮᠢᠶ᠎ᠡ ᠪᠦᠬᠦᠢ ᠰᠣᠨᠢᠨ
ᠤᠯᠤᠰ᠎ᠤᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶᠠᠨ᠎ᠤ ᠠᠯᠪᠠᠨ ᠵᠠᠷ (2020 ᠣᠨ᠎ᠤ 7 ᠳ᠋ᠤᠭ᠋ᠠᠷ ᠲᠣᠭ᠋ᠠᠲᠤ) (ᠵᠠᠭ᠋ᠠᠨ᠎ᠤ ᠰᠣᠶᠣᠭ᠎ᠠ ᠵᠢᠴᠢ ᠲᠡᠭᠦᠨ᠎ᠤ ᠪᠦᠲᠦᠭᠡᠭᠳᠡᠬᠦᠨ᠎ᠢ ᠭᠠᠳᠠᠭ᠋ᠠᠳᠤ᠎ᠠᠴᠠ ᠣᠷᠣᠭᠤᠯᠬᠤ ᠵᠢ ᠦᠷᠭᠦᠯᠵᠢᠯᠡᠨ ᠴᠢᠩᠭ᠎ᠠ ᠴᠠᠭ᠋ᠠᠵᠠᠯᠠᠨ᠎ᠠ)
ᠦᠪᠡᠷᠳᠡᠬᠡᠨ ᠵᠠᠰᠠᠬᠤ ᠤᠷᠤᠨ᠎ᠤ ᠲᠤᠳᠤᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠫᠤᠤ ᠬᠠᠮᠢᠶᠠᠷᠬᠤ ᠰᠢᠨ᠎ᠡ ᠲᠤᠬᠳᠠᠭ᠋ᠠᠯ᠎ᠢ 5 ᠰᠠᠷ᠎ᠠ ᠵᠢᠨ 1᠎ᠠᠴᠠ ᠡᠬᠢᠯᠡᠨ ᠬᠡᠷᠡᠭᠵᠢᠬᠦᠯᠵᠡᠢ
ᠪᠥᠭᠡᠮ ᠬᠦᠴᠢᠯ᠎ᠤᠨ ᠪᠠᠶ᠋ᠢᠴᠠᠭ᠋ᠠᠨ ᠬᠡᠮᠵᠢᠯᠲᠡ ᠬᠢᠬᠦ ᠬᠡᠪᠴᠢᠶ᠎ᠡ ᠵᠢᠨ ᠬᠤᠯᠪᠣᠭᠳᠠᠯ ᠪᠥᠬᠦᠶ ᠵᠦᠢ᠍ᠯᠡᠰ᠎ᠢ ᠤᠯᠠᠮ ᠨᠢᠭᠡ ᠠᠯᠬᠤᠮ ᠲᠣᠳᠣᠷᠬᠠᠶ᠋ᠢᠯᠠᠬᠤ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠠᠵᠢᠯ᠎ᠤᠨ ᠵᠢᠯᠣᠭᠤᠳᠬᠤ ᠭᠠᠵᠠᠷ᠎ᠤᠨ ᠮᠡᠳᠡᠭᠳᠡᠯ
ᠣᠢ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶᠠᠨ᠎ᠤ ᠠᠯᠪᠠᠨ ᠵᠠᠷ (2020 ᠣᠨ 12 ᠳ᠋ᠤᠭ᠋ᠠᠷ ᠲᠣᠭ᠋ᠠᠲᠤ)
ᠬᠦᠬᠡᠬᠤᠲᠠ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠪᠠᠴᠢᠮ ᠵᠠᠷᠯᠠᠯ ᠨᠡᠶ᠋ᠢᠲᠡᠯᠡᠪᠡ!
 
             蒙ICP备05000248号