ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠯᠪᠠᠨ ᠨᠡᠶ᠋ᠢᠲᠡᠯᠡᠯ
ᠬᠡᠭᠡᠷ᠎ᠡ ᠵᠢᠨ ᠰᠢᠪᠠᠭᠤᠳ᠎ᠢ ᠬᠠᠮᠠᠭ᠋ᠠᠯᠠᠬᠤ ᠲᠤᠬᠠᠶ ᠳᠤᠮᠳᠠᠳᠤ ᠤᠯᠤᠰ᠎ᠤᠨ ᠬᠡᠭᠡᠷ᠎ᠡ ᠵᠢᠨ ᠠᠮᠢᠲᠠᠨ᠎ᠤ ᠬᠠᠮᠠᠭ᠋ᠠᠯᠠᠯᠲᠠ ᠵᠢᠨ ᠨᠡᠢ᠌ᠭᠡᠮᠯᠢᠭ᠎ᠤᠨ ᠰᠠᠨᠠᠭ᠋ᠠᠴᠢᠯᠠᠭ᠎ᠠ
ᠨᠡᠶ᠋ᠢᠲᠡᠯᠡᠭᠰᠡᠨ ᠴᠠᠭ᠄ 2020-04-07

      ᠮᠠᠨ᠎ᠤ ᠤᠯᠤᠰ ᠪᠣᠯ ᠳᠡᠯᠡᠬᠡᠶ ᠳᠡᠭᠡᠷᠡᠬᠢ ᠰᠢᠪᠠᠭᠤᠨ᠎ᠤ ᠲᠥᠷᠥᠯ᠎ᠤᠨ ᠡᠬᠢ ᠪᠠᠶᠠᠯᠢᠭ ᠵᠶ᠋ᠠᠷ ᠬᠠᠮᠤᠭ᠎ᠤᠨ ᠣᠯᠠᠨ ᠤᠯᠤᠰ᠎ᠤᠨ ᠨᠢᠭᠡ ᠪᠠᠶ᠋ᠢᠵᠤ᠂ ᠣᠯᠠᠨ ᠶᠠᠩᠵᠤ ᠵᠢᠨ ᠪᠠᠶ᠋ᠢᠭ᠋ᠠᠯᠢ ᠵᠢᠨ ᠠᠮᠢ ᠠᠬᠤᠶ ᠵᠢᠨ ᠰᠢᠰᠲ᠋ᠧᠮ᠎ᠨᠢ ᠤᠯᠠᠨ ᠶᠠᠩᠵᠤ ᠵᠢᠨ ᠰᠢᠪᠠᠭᠤᠨ᠎ᠤ ᠲᠥᠷᠥᠯ᠎ᠢ ᠪᠤᠢ ᠪᠤᠯᠭ᠋ᠠᠭᠰᠠᠨ ᠪᠠᠶ᠋ᠢᠨ᠎ᠠ᠃ ᠭᠡᠲᠡᠯ᠎ᠡ ᠪᠠᠶ᠋ᠢᠭ᠋ᠠᠯᠢ ᠵᠢᠨ ᠡᠬᠢ ᠪᠠᠶᠠᠯᠢᠭ᠎ᠢ ᠬᠡᠲᠦᠷᠬᠡᠶ ᠨᠡᠭᠡᠭᠡᠨ ᠠᠰᠢᠭᠯᠠᠬᠤ᠂ ᠣᠷᠴᠢᠨ ᠠᠬᠤᠶ ᠵᠢᠨ ᠪᠤᠬᠢᠷᠳᠤᠯ ᠵᠡᠷᠭᠡ ᠰᠢᠯᠲᠠᠭ᠋ᠠᠨ᠎ᠠᠴᠠ ᠪᠣᠯᠵᠣ᠂ ᠮᠠᠰᠢ ᠣᠯᠠᠨ ᠰᠢᠪᠠᠭᠤᠳ᠎ᠤᠨ ᠳᠦᠷᠰᠦ ᠵᠢᠨ ᠰᠦᠷᠦᠭ᠎ᠤᠨ ᠲᠣᠭ᠎ᠠ ᠬᠡᠮᠵᠢᠶ᠎ᠡ ᠦᠳᠲᠡᠷ ᠲᠦᠷᠭᠡᠨ ᠪᠠᠭ᠋ᠠᠰᠬᠤ ᠬᠢᠮᠤᠷᠠᠯ᠎ᠳᠤ ᠲᠤᠯᠭ᠋ᠠᠷᠠᠵᠤ ᠪᠠᠶ᠋ᠢᠨ᠎ᠠ᠃
      ᠰᠢᠪᠠᠭᠤᠨ᠎ᠤ ᠲᠥᠷᠥᠯ᠎ᠤᠨ ᠡᠬᠢ ᠪᠠᠶᠠᠯᠢᠭ ᠪᠣᠯ ᠡᠬᠡ ᠪᠠᠶ᠋ᠢᠭ᠋ᠠᠯᠢ᠎ᠠᠴᠠ ᠪᠢᠳᠡᠨ᠎ᠳᠤ   ᠤᠯᠭᠤᠭᠰᠠᠨ ᠬᠣᠪᠣᠷ ᠨᠠᠨᠳᠢᠨ ᠪᠠᠶ᠋ᠢᠭ᠋ᠠᠯᠢ ᠵᠢᠨ ᠥᠪ ᠬᠥᠷᠥᠩᠭᠡ ᠮᠥᠨ᠂ ᠪᠢᠳᠡ ᠰᠢᠪᠠᠭᠤᠳ᠎ᠤᠨ ᠬᠤᠷᠠᠨ ᠴᠤᠭᠯᠠᠷᠠᠭᠰᠠᠨ ᠰᠦᠷᠯᠢᠭ ᠰᠠᠶ᠋ᠢᠬᠠᠨ ᠦᠵᠡᠮᠵᠢ ᠵᠢ ᠰᠣᠨᠢᠷᠬᠠᠵᠤ᠂   ᠠᠮᠢᠵᠢᠷᠠᠯ ᠪᠢᠯᠬᠠᠭᠰᠠᠨ ᠪᠠᠶ᠋ᠢᠭ᠋ᠠᠯᠢ ᠦᠵᠡᠰᠬᠦᠯᠡᠩ ᠵᠢᠴᠢ ᠭᠠᠶ᠋ᠢᠬᠠᠮᠰᠢᠭ᠎ᠢ ᠣᠶ᠋ᠢᠯᠠᠭ᠋ᠠᠬᠤ ᠵᠢᠨ ᠬᠠᠮᠲᠤ ᠪᠠᠰᠠ ᠰᠢᠪᠠᠭᠤᠨ᠎ᠤ ᠲᠥᠷᠥᠯ᠎ᠤᠨ ᠡᠬᠢ ᠪᠠᠶᠠᠯᠢᠭ᠎ᠢ ᠬᠠᠮᠠᠭ᠋ᠠᠯᠠᠬᠤ ᠬᠦᠨᠳᠦ ᠡᠭᠦᠷᠭᠡ ᠵᠢ ᠡᠭᠦᠷᠭᠡᠯᠡᠬᠦ ᠬᠡᠷᠡᠭᠲᠡᠶ᠃
      ᠵᠢᠯ᠎ᠳᠤ ᠨᠢᠭᠡ ᠤᠳᠠᠭ᠎ᠠ ᠶᠠᠪᠤᠭᠳᠠᠳᠠᠭ 《ᠰᠢᠪᠠᠭᠤ᠎ᠪᠠᠨ ᠬᠠᠶ᠋ᠢᠷᠠᠯᠠᠬᠤ ᠭᠠᠷᠠᠭ》᠎ᠤᠨ ᠠᠵᠢᠯᠯᠠᠭ᠎ᠠ ᠪᠣᠯ ᠰᠢᠪᠠᠭᠤᠨ᠎ᠤ ᠲᠥᠷᠥᠯ᠎ᠢ ᠬᠠᠮᠠᠭ᠋ᠠᠯᠠᠬᠤ ᠠᠮᠠᠯᠠᠯᠲᠠ ᠪᠣᠯᠬᠤ ᠮᠦᠷᠳᠡᠭᠡᠨ ᠮᠦᠨ ᠴᠤ᠌ ᠬᠡᠭᠡᠷ᠎ᠡ ᠵᠢᠨ ᠠᠮᠢᠲᠠᠨ᠎ᠢ ᠬᠠᠮᠠᠭ᠋ᠠᠯᠠᠬᠤ᠂ ᠠᠮᠢ ᠠᠬᠤᠶ ᠵᠢᠨ ᠪᠣᠯᠪᠠᠰᠤᠨ᠎ᠤ ᠣᠶ᠋ᠢᠯᠠᠭ᠋ᠠᠭᠳᠠᠬᠤᠨ᠎ᠢ ᠤᠯᠠᠮᠵᠢᠯᠠᠨ ᠳᠡᠯᠭᠡᠷᠡᠭᠦᠯᠬᠦ ᠠᠵᠢᠯᠯᠠᠭ᠎ᠠ ᠪᠣᠯᠬᠤ ᠵᠢ ᠪᠢᠳᠡ ᠴᠢᠩ ᠰᠡᠳᠬᠢᠯ᠎ᠠᠴᠠ᠎ᠪᠠᠨ ᠬᠦᠰᠡᠵᠦ ᠪᠠᠶ᠋ᠢᠨ᠎ᠠ᠃
      ᠡᠶ᠋ᠢᠮᠦ᠎ᠠᠴᠠ ᠪᠢᠳᠡ ᠰᠠᠨᠠᠭ᠋ᠠᠴᠢᠯᠠᠬᠤ᠎ᠨᠢ᠄
      ᠨᠢᠭᠡ᠂ 《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠬᠡᠭᠡᠷ᠎ᠡ ᠵᠢᠨ ᠠᠮᠢᠲᠠᠨ᠎ᠢ ᠬᠠᠮᠠᠭ᠋ᠠᠯᠠᠬᠤ ᠬᠠᠤᠯᠢ》 ᠵᠡᠷᠭᠡ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠤᠬᠠᠮᠰᠠᠷ᠎ᠠᠴᠠ᠎ᠪᠠᠨ   ᠵᠢᠷᠤᠮᠯᠠᠨ᠎ᠠ᠃
      ᠬᠣᠶᠠᠷ᠂ ᠬᠡᠭᠡᠷ᠎ᠡ ᠵᠢᠨ ᠰᠢᠪᠠᠭᠤᠳ᠎ᠠᠴᠠ ᠬᠤᠯᠠᠬᠠᠨ ᠪᠠᠢ᠌ᠵᠤ᠂ ᠬᠡᠭᠡᠷ᠎ᠡ ᠵᠢᠨ ᠰᠢᠪᠠᠭᠤᠨ᠎ᠤ ᠠᠮᠢᠳᠤᠷᠠᠯ ᠵᠢᠴᠢ ᠣᠷᠣᠰᠢᠨ ᠠᠮᠢᠳᠤᠷᠠᠬᠤ ᠭᠠᠵᠠᠷ ᠤᠷᠤᠨ᠎ᠳᠤ ᠬᠠᠯᠳᠠᠬᠤ ᠦᠭᠡᠢ᠃
      ᠭᠤᠷᠪᠠ᠂ ᠰᠢᠪᠠᠭᠤᠳ᠎ᠤᠨ ᠭᠡᠷᠡᠯ ᠵᠢᠷᠤᠭ ᠠᠪᠬᠤ ᠦᠢ᠍ᠯᠡ ᠠᠵᠢᠯᠯᠠᠭ᠎ᠠ ᠵᠢ ᠤᠬᠠᠮᠰᠠᠷ᠎ᠠᠴᠠ᠎ᠪᠠᠨ ᠵᠢᠷᠤᠮᠵᠢᠭᠤᠯᠵᠤ᠂ ᠬᠡᠭᠡᠷ᠎ᠡ ᠵᠢᠨ ᠰᠢᠪᠠᠭᠤᠨ᠎ᠤ ᠠᠮᠢᠳᠤᠷᠠᠯ᠎ᠤᠨ ᠪᠠᠢ᠌ᠭ᠋ᠠᠯᠢᠯᠢᠭ ᠵᠢᠮ᠎ᠡ ᠶᠣᠰᠣ ᠵᠢ ᠭᠦᠢᠴᠡᠳ ᠬᠦᠨᠳᠦᠳᠬᠡᠵᠦ᠂ ᠪᠣᠬᠢᠷᠲᠤᠯ ᠦᠭᠡᠢ ᠵᠢᠭᠤᠯᠴᠢᠯᠠᠯ᠂ ᠪᠣᠯᠪᠠᠰᠤᠨ ᠵᠢᠭᠤᠯᠴᠢᠯᠠᠯ᠎ᠢ ᠪᠡᠶᠡᠯᠡᠬᠦᠯᠦᠨ᠎ᠡ᠃
      ᠲᠦᠷᠪᠡ᠂ ᠬᠡᠭᠡᠷ᠎ᠡ ᠵᠢᠨ ᠰᠢᠪᠠᠭᠤ ᠵᠢ ᠳᠤᠷ᠎ᠠ᠎ᠪᠠᠷ ᠵᠶ᠋ᠠᠨ ᠲᠠᠯᠪᠢᠵᠤ ᠪᠣᠯᠬᠤ ᠥᠬᠡᠶ᠂ ᠢᠯᠠᠩᠭᠤᠶ᠎ᠠ ᠵᠠᠬ᠎ᠠ ᠳᠡᠯᠭᠡᠭᠦᠷ᠎ᠠᠴᠠ ᠬᠡᠭᠡᠷ᠎ᠡ ᠵᠢᠨ ᠰᠢᠪᠠᠭᠤ ᠵᠢ ᠬᠤᠳᠠᠯᠳᠤᠨ ᠠᠪᠴᠤ ᠲᠠᠯᠪᠢᠵᠤ ᠪᠣᠯᠬᠤ ᠥᠬᠡᠶ᠃
      ᠲᠠᠪᠤ᠂ ᠬᠡᠭᠡᠷ᠎ᠡ ᠵᠢᠨ ᠰᠢᠪᠠᠭᠤ ᠵᠢ ᠡᠩᠬᠦᠷᠡᠶ ᠠᠮᠢᠲᠠᠨ ᠪᠣᠯᠭ᠋ᠠᠨ ᠲᠡᠵᠢᠭᠡᠵᠦ ᠪᠣᠯᠬᠤ ᠥᠬᠡᠶ᠂ ᠰᠢᠪᠠᠭᠤ ᠵᠢ ᠰᠤᠨᠢᠷᠬᠠᠵᠤ ᠪᠤᠯᠤᠨ᠎ᠠ᠂   ᠬᠠᠷᠢᠨ ᠰᠢᠪᠠᠭᠤ ᠵᠢ ᠬᠣᠷᠢᠵᠤ ᠪᠣᠯᠬᠤ ᠥᠬᠡᠶ᠃
      ᠵᠢᠷᠭᠤᠭ᠎ᠠ᠂ ᠰᠢᠷᠬᠠᠲᠤᠭᠰᠠᠨ᠂   ᠡᠪᠡᠳᠴᠢᠯᠡᠭᠰᠡᠨ᠂ ᠥᠯᠥᠰᠬᠥᠯᠡᠩ᠂ ᠬᠣᠷᠢᠭᠳᠠᠭᠰᠠᠨ ᠵᠡᠷᠯᠢᠭ ᠰᠢᠪᠠᠭᠤ ᠵᠢ ᠣᠯᠵᠤ ᠮᠡᠳᠡᠪᠡᠯ᠂ ᠲᠤᠬᠠᠶ ᠵᠢᠨ ᠭᠠᠵᠠᠷ᠎ᠤᠨ ᠬᠡᠭᠡᠷ᠎ᠡ ᠵᠢᠨ ᠠᠮᠢᠲᠠᠨ᠎ᠢ ᠠᠪᠤᠷᠠᠨ ᠲᠤᠰᠠᠯᠠᠬᠤ ᠰᠠᠯᠠᠭ᠎ᠠ ᠮᠥᠴᠢᠷ᠎ᠲᠤ ᠴᠠᠭ ᠲᠤᠬᠠᠶ᠎ᠳᠤᠨᠢ ᠮᠡᠳᠡᠬᠦᠯᠦᠨ᠎ᠡ᠂ ᠦᠬᠦᠭᠰᠡᠨ ᠬᠡᠭᠡᠷ᠎ᠡ ᠵᠢᠨ ᠰᠢᠪᠠᠭᠤ ᠵᠢ ᠲᠡᠭᠦᠵᠦ ᠴᠤᠭᠯᠠᠭᠤᠯᠬᠤ ᠪᠤᠶᠤ ᠲᠡᠬᠦᠨ᠎ᠲᠠᠢ ᠤᠢ᠌ᠷᠠᠳᠤᠵᠤ ᠪᠤᠯᠬᠤ ᠦᠭᠡᠢ᠃
      ᠳᠣᠯᠣᠭ᠎ᠠ᠂  ᠬᠡᠭᠡᠷ᠎ᠡ ᠵᠢᠨ ᠰᠢᠪᠠᠭᠤ ᠵᠢ ᠠᠩᠨᠠᠬᠤ᠂ ᠬᠡᠭᠡᠷ᠎ᠡ ᠵᠢᠨ ᠰᠢᠪᠠᠭᠤᠨ᠎ᠤ ᠣᠷᠣᠰᠢᠨ ᠠᠮᠢᠳᠤᠷᠠᠬᠤ ᠭᠠᠵᠠᠷ᠎ᠢ ᠡᠪᠳᠡᠭᠰᠡᠨ ᠵᠡᠷᠭᠡ ᠬᠠᠤᠯᠢ᠎ᠠᠴᠠ ᠵᠦᠷᠢᠴᠡᠭᠰᠡᠨ ᠦᠢ᠍ᠯᠡ ᠠᠵᠢᠯᠯᠠᠭ᠎ᠠ ᠵᠢ ᠣᠯᠵᠤ ᠮᠡᠳᠡᠪᠡᠯ᠂ ᠲᠤᠬᠠᠶ ᠵᠢᠨ ᠭᠠᠵᠠᠷ᠎ᠤᠨ ᠬᠡᠭᠡᠷ᠎ᠡ ᠵᠢᠨ ᠠᠮᠢᠲᠠᠨ᠎ᠤ ᠬᠠᠮᠠᠭ᠋ᠠᠯᠠᠯᠲᠠ ᠵᠢᠨ ᠰᠠᠯᠠᠭ᠎ᠠ ᠮᠥᠴᠢᠷ ᠪᠤᠶᠤ ᠳᠣᠲᠣᠭ᠋ᠠᠳᠤ ᠵᠢ ᠬᠠᠮᠠᠭ᠋ᠠᠯᠠᠬᠤ ᠰᠠᠯᠠᠭ᠎ᠠ ᠮᠥᠴᠢᠷ᠎ᠲᠤ ᠴᠠᠭ ᠲᠤᠬᠠᠢ᠎ᠳᠤᠨᠢ ᠢᠯᠡᠴᠢᠯᠡᠨ   ᠮᠡᠳᠡᠬᠦᠯᠦᠨ᠎ᠡ᠃

ᠢᠷᠡᠯᠲᠡ᠄ ᠳᠤᠮᠳᠠᠳᠤ ᠤᠯᠤᠰ᠎ᠤᠨ ᠣᠶ ᠰᠢᠭᠤᠶ ᠵᠢᠨ ᠰᠦᠯᠵᠢᠶ᠎ᠡ
          
ᠬᠠᠮᠢᠶ᠎ᠡ ᠪᠦᠬᠦᠢ ᠰᠣᠨᠢᠨ
ᠤᠯᠤᠰ᠎ᠤᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠠᠯᠪᠠᠨ ᠵᠠᠷ (2020 ᠣᠨ᠎ᠤ 5 ᠳ᠋ᠤᠭ᠋ᠠᠷ ᠲᠤᠭ᠋ᠠᠲᠤ) (ᠣᠶ ᠰᠢᠭᠤᠶ ᠪᠠ ᠬᠡᠭᠡᠷ᠎ᠡ ᠵᠢᠨ ᠠᠮᠢᠲᠠᠨ᠎ᠤ ᠲᠥᠷᠥᠯ ᠬᠡᠯᠪᠡᠷᠢ ᠵᠢᠨ ᠤᠯᠤᠰ᠎ᠤᠨ ᠲᠠᠰ᠎ᠤᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠤ ᠲᠤᠷᠰᠢᠯᠲᠠ ᠵᠢᠨ ᠲᠣᠭᠣᠷᠢᠭ᠎ᠲᠤ ᠪᠡᠯᠡᠳᠬᠡᠮᠵᠢ ᠪᠠᠶ᠋ᠢᠭᠤᠯᠬᠤ ᠵᠢ ᠬᠢᠨᠠᠨ ᠵᠦᠪᠰᠢᠶᠡᠷᠡᠬᠦ ᠵᠦᠢᠯᠡᠰ᠎ᠤᠨ ᠬᠡᠰᠡᠭ ᠭᠤᠶᠤᠴᠢᠯᠠᠯ᠎ᠤᠨ ᠮᠠᠲ᠋ᠧᠷᠢᠶᠠᠯ᠎ᠢ ᠬᠦᠴᠦᠨ ᠥᠬᠡᠶ ᠪᠣᠯᠭ᠋ᠠᠨ᠎ᠠ)
ᠤᠯᠤᠰ᠎ᠤᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶᠠᠨ᠎ᠤ ᠠᠯᠪᠠᠨ ᠵᠠᠷ (2020 ᠣᠨ᠎ᠤ 7 ᠳ᠋ᠤᠭ᠋ᠠᠷ ᠲᠣᠭ᠋ᠠᠲᠤ) (ᠵᠠᠭ᠋ᠠᠨ᠎ᠤ ᠰᠣᠶᠣᠭ᠎ᠠ ᠵᠢᠴᠢ ᠲᠡᠭᠦᠨ᠎ᠤ ᠪᠦᠲᠦᠭᠡᠭᠳᠡᠬᠦᠨ᠎ᠢ ᠭᠠᠳᠠᠭ᠋ᠠᠳᠤ᠎ᠠᠴᠠ ᠣᠷᠣᠭᠤᠯᠬᠤ ᠵᠢ ᠦᠷᠭᠦᠯᠵᠢᠯᠡᠨ ᠴᠢᠩᠭ᠎ᠠ ᠴᠠᠭ᠋ᠠᠵᠠᠯᠠᠨ᠎ᠠ)
ᠦᠪᠡᠷᠳᠡᠬᠡᠨ ᠵᠠᠰᠠᠬᠤ ᠤᠷᠤᠨ᠎ᠤ ᠲᠤᠳᠤᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠵᠢᠨ ᠫᠤᠤ ᠬᠠᠮᠢᠶᠠᠷᠬᠤ ᠰᠢᠨ᠎ᠡ ᠲᠤᠬᠳᠠᠭ᠋ᠠᠯ᠎ᠢ 5 ᠰᠠᠷ᠎ᠠ ᠵᠢᠨ 1᠎ᠠᠴᠠ ᠡᠬᠢᠯᠡᠨ ᠬᠡᠷᠡᠭᠵᠢᠬᠦᠯᠵᠡᠢ
ᠪᠥᠭᠡᠮ ᠬᠦᠴᠢᠯ᠎ᠤᠨ ᠪᠠᠶ᠋ᠢᠴᠠᠭ᠋ᠠᠨ ᠬᠡᠮᠵᠢᠯᠲᠡ ᠬᠢᠬᠦ ᠬᠡᠪᠴᠢᠶ᠎ᠡ ᠵᠢᠨ ᠬᠤᠯᠪᠣᠭᠳᠠᠯ ᠪᠥᠬᠦᠶ ᠵᠦᠢ᠍ᠯᠡᠰ᠎ᠢ ᠤᠯᠠᠮ ᠨᠢᠭᠡ ᠠᠯᠬᠤᠮ ᠲᠣᠳᠣᠷᠬᠠᠶ᠋ᠢᠯᠠᠬᠤ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠠᠵᠢᠯ᠎ᠤᠨ ᠵᠢᠯᠣᠭᠤᠳᠬᠤ ᠭᠠᠵᠠᠷ᠎ᠤᠨ ᠮᠡᠳᠡᠭᠳᠡᠯ
ᠣᠢ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶᠠᠨ᠎ᠤ ᠠᠯᠪᠠᠨ ᠵᠠᠷ (2020 ᠣᠨ 12 ᠳ᠋ᠤᠭ᠋ᠠᠷ ᠲᠣᠭ᠋ᠠᠲᠤ)
 
             蒙ICP备05000248号