ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠯᠪᠠᠨ ᠨᠡᠶ᠋ᠢᠲᠡᠯᠡᠯ
ᠪᠥᠭᠡᠮ ᠬᠦᠴᠢᠯ᠎ᠤᠨ ᠪᠠᠶ᠋ᠢᠴᠠᠭ᠋ᠠᠨ ᠬᠡᠮᠵᠢᠯᠲᠡ ᠬᠢᠬᠦ ᠬᠡᠪᠴᠢᠶ᠎ᠡ ᠵᠢᠨ ᠬᠤᠯᠪᠣᠭᠳᠠᠯ ᠪᠥᠬᠦᠶ ᠵᠦᠢ᠍ᠯᠡᠰ᠎ᠢ ᠤᠯᠠᠮ ᠨᠢᠭᠡ ᠠᠯᠬᠤᠮ ᠲᠣᠳᠣᠷᠬᠠᠶ᠋ᠢᠯᠠᠬᠤ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠠᠵᠢᠯ᠎ᠤᠨ ᠵᠢᠯᠣᠭᠤᠳᠬᠤ ᠭᠠᠵᠠᠷ᠎ᠤᠨ ᠮᠡᠳᠡᠭᠳᠡᠯ
ᠨᠡᠶ᠋ᠢᠲᠡᠯᠡᠭᠰᠡᠨ ᠴᠠᠭ᠄ 2020-05-26

      ᠥᠪᠥᠷ ᠰᠡᠷᠭᠡᠶ᠋ᠢᠯᠡᠯᠲᠡ ᠵᠢᠯᠣᠭᠤᠳᠬᠤ ᠲᠠᠷᠬᠠᠭ᠋ᠠᠭᠰᠠᠨ [2020] 88 ᠳ᠋ᠤᠭ᠋ᠠᠷ ᠲᠣᠭ᠋ᠠᠲᠤ ᠡᠯ᠎ᠡ ᠠᠶ᠋ᠢᠮᠠᠭ ᠬᠤᠲᠠ ᠵᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠠᠵᠢᠯ᠎ᠤᠨ ᠵᠢᠯᠣᠭᠤᠳᠬᠤ ᠭᠠᠵᠠᠷ᠂ ᠥᠪᠡᠷᠲᠡᠭᠡᠨ ᠵᠠᠰᠠᠬᠤ ᠣᠷᠣᠨ᠎ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠠᠵᠢᠯ᠎ᠤᠨ ᠵᠢᠯᠣᠭᠤᠳᠬᠤ ᠭᠠᠵᠠᠷ᠎ᠤᠨ ᠡᠯ᠎ᠡ ᠠᠵᠢᠯᠯᠠᠬᠤ ᠳᠤᠭᠤᠶ᠋ᠢᠯᠠᠩ᠂ ᠪᠦᠷᠢᠯᠳᠦᠭᠦᠨ ᠨᠢᠭᠡᠴᠢ᠎ᠳᠤ᠄

      ᠲᠥᠷᠥ ᠵᠢᠨ ᠶᠠᠪᠤᠳᠠᠯ᠎ᠤᠨ ᠬᠤᠷᠢᠶ᠎ᠠ ᠵᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠶ᠋ᠢᠳᠠᠯ᠎ᠳᠤ ᠴᠢᠭᠯᠡᠭᠦᠯᠦᠭᠰᠡᠨ ᠬᠤᠯᠪᠣᠭ᠋ᠠᠯᠠᠨ ᠰᠡᠷᠭᠡᠶ᠋ᠢᠯᠡᠵᠦ ᠬᠤᠯᠪᠣᠭ᠋ᠠᠯᠠᠨ ᠡᠵᠡᠮᠳᠡᠬᠦ ᠲᠣᠭᠲᠠᠴᠠ ᠵᠢᠨ 《ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠶ᠋ᠢᠳᠠᠯ᠎ᠢ ᠪᠠᠶ᠋ᠢᠩᠭᠤᠵᠢᠭᠤᠯᠤᠨ ᠰᠡᠷᠭᠡᠶ᠋ᠢᠯᠡᠨ ᠡᠵᠡᠮᠳᠡᠬᠦ ᠠᠵᠢᠯ᠎ᠢ ᠰᠠᠶ᠋ᠢᠲᠤᠷ ᠬᠢᠬᠦ ᠲᠤᠬᠠᠶ ᠵᠢᠯᠣᠭᠤᠳᠬᠤ ᠰᠠᠨᠠᠯ》 (ᠲᠥᠷᠥ ᠲᠠᠷᠬᠠᠭ᠋ᠠᠭᠰᠠᠨ ᠢᠯᠡ ᠴᠠᠬᠢᠯᠭ᠋ᠠᠨ [2020] 14 ᠳ᠋ᠦ᠍ᠭᠡᠷ ᠲᠣᠭ᠋ᠠᠲᠤ)᠎ᠤᠨ ᠵᠣᠷᠢᠭ ᠰᠠᠨᠠᠭ᠎ᠠ ᠵᠢ ᠦᠨᠳᠦᠰᠦᠯᠡᠨ᠂ 《ᠭᠠᠳᠠᠭ᠋ᠠᠳᠤ᠎ᠠᠴᠠ ᠣᠷᠤᠵᠤ ᠢᠷᠡᠬᠦ ᠵᠢ ᠰᠡᠷᠭᠡᠶ᠋ᠢᠯᠡᠨ᠂ ᠳᠣᠲᠣᠭ᠋ᠠᠳᠤ᠎ᠳᠤ᠎ᠪᠠᠨ ᠳᠠᠬᠢᠨ ᠡᠭᠦᠰᠬᠦ ᠵᠢ ᠰᠡᠷᠭᠡᠶ᠋ᠢᠯᠡᠬᠦ》 ᠶᠡᠷᠦᠩᠬᠡᠢ ᠰᠡᠷᠭᠡᠶ᠋ᠢᠯᠡᠨ ᠡᠵᠡᠮᠳᠡᠬᠦ ᠠᠷᠭ᠎ᠠ ᠪᠣᠳᠣᠯᠭ᠎ᠠ ᠵᠢ ᠪᠦᠬᠦ ᠲᠠᠯ᠎ᠠ᠎ᠪᠠᠷ ᠨᠠᠶ᠋ᠢᠳᠠᠪᠤᠷᠢᠵᠢᠭᠤᠯᠵᠦ᠂ ᠪᠠᠶ᠋ᠢᠴᠠᠭ᠋ᠠᠨ ᠬᠡᠮᠵᠢᠯᠲᠡ ᠬᠢᠬᠦ ᠬᠦᠷᠢᠶ᠎ᠡ ᠬᠡᠪᠴᠢᠶ᠎ᠡ᠎ᠪᠠᠨ ᠤᠯᠠᠮ ᠥᠷᠭᠡᠳᠬᠡᠨ᠂ ᠭᠤᠤᠯᠳᠠᠯᠭ᠎ᠠ᠎ᠲᠠᠢ ᠬᠥᠮᠦᠰ 《ᠪᠠᠶ᠋ᠢᠴᠠᠭ᠋ᠠᠬᠤ ᠶᠣᠰᠣᠲᠠᠶ ᠵᠢ᠎ᠨᠢ ᠪᠦᠬᠦᠨ᠎ᠢ ᠪᠠᠶ᠋ᠢᠴᠠᠭ᠋ᠠᠬᠤ》᠂ ᠪᠤᠰᠤᠳ ᠬᠥᠮᠦᠰ 《ᠪᠠᠶ᠋ᠢᠴᠠᠭ᠋ᠠᠬᠤ ᠳᠤᠷᠠᠲᠠᠶ ᠵᠢ᠎ᠨᠢ ᠪᠦᠬᠦᠨ᠎ᠢ ᠪᠠᠶ᠋ᠢᠴᠠᠭ᠋ᠠᠬᠤ》 ᠵᠢ ᠬᠡᠷᠡᠭᠵᠢᠭᠦᠯᠵᠦ᠂ ᠴᠠᠭ ᠲᠤᠬᠠᠶ᠎ᠳᠤ᠎ᠨᠢ ᠢᠯᠡᠷᠡᠭᠦᠯᠬᠦ᠂ ᠲᠦᠷᠭᠡᠨ ᠰᠢᠢ᠍ᠳᠪᠦᠷᠢᠯᠡᠬᠦ᠂ ᠲᠦᠢ᠍ᠯ᠎ᠤᠨ ᠣᠨᠤᠪᠴᠢᠲᠠᠢ᠎ᠪᠠᠷ ᠬᠠᠮᠢᠶᠠᠷᠤᠨ ᠡᠵᠡᠮᠳᠡᠬᠦ᠂ ᠪᠦᠲᠦᠮᠵᠢᠲᠡᠶ᠎ᠪᠠᠷ ᠠᠪᠤᠷᠠᠨ ᠵᠠᠰᠠᠬᠤ ᠵᠢ ᠥᠨᠡᠨ ᠬᠦ᠌ ᠪᠡᠶᠡᠯᠡᠭᠦᠯᠬᠦ ᠵᠢᠨ ᠲᠤᠰᠠᠳᠠ᠂ ᠡᠳᠦᠭᠡ ᠪᠥᠭᠡᠮ ᠬᠦᠴᠢᠯ᠎ᠤᠨ ᠪᠠᠶ᠋ᠢᠴᠠᠭ᠋ᠠᠨ ᠬᠡᠮᠵᠢᠯᠲᠡ ᠬᠢᠬᠦ ᠬᠡᠪᠴᠢᠶ᠎ᠡ ᠵᠢ ᠤᠯᠠᠮ ᠨᠢᠭᠡ ᠠᠯᠬᠤᠮ ᠲᠣᠳᠣᠷᠬᠠᠶ᠋ᠢᠯᠠᠬᠤ ᠬᠤᠯᠪᠣᠭᠳᠠᠯ ᠪᠦᠬᠦᠢ ᠤᠴᠢᠷ᠎ᠢ ᠳᠣᠤᠷᠠᠬᠢ ᠮᠡᠲᠦ ᠮᠡᠳᠡᠭᠳᠡᠪᠡ᠄

      ᠨᠢᠭᠡ᠂ ᠪᠥᠭᠡᠮ ᠬᠦᠴᠢᠯ᠎ᠤᠨ ᠪᠠᠶ᠋ᠢᠴᠠᠭ᠋ᠠᠨ ᠬᠡᠮᠵᠢᠯᠲᠡ ᠬᠢᠬᠦ 《ᠪᠠᠶ᠋ᠢᠴᠠᠭ᠋ᠠᠬᠤ ᠶᠣᠰᠣᠲᠠᠶ ᠵᠢ᠎ᠨᠢ ᠪᠦᠬᠦᠨ᠎ᠢ ᠪᠠᠶ᠋ᠢᠴᠠᠭ᠋ᠠᠬᠤ》 ᠬᠡᠪᠴᠢᠶ᠎ᠡ

     (ᠨᠢᠭᠡ) ᠲᠣᠳᠣᠯᠠᠭᠰᠠᠨ ᠡᠪᠡᠳᠴᠢᠨ᠎ᠤ ᠵᠢᠱ᠌ᠢᠶ᠎ᠡ᠎ᠲᠠᠢ ᠨᠢᠭᠲᠠ ᠣᠶ᠋ᠢᠷᠠᠲᠤᠭᠰᠠᠳ;

     (ᠬᠤᠶᠠᠷ) ᠬᠢᠯᠢ ᠵᠢᠨ ᠭᠠᠳᠠᠨ᠎ᠠ᠎ᠠᠴᠠ ᠣᠷᠣᠵᠤ ᠢᠷᠡᠭᠰᠡᠨ ᠬᠥᠮᠦᠰ;

     (ᠭᠤᠷᠪᠠ) ᠳᠤᠮᠳᠠ᠂ ᠦᠨᠳᠦᠷ ᠲᠦᠭᠰᠢᠭᠦᠷᠢ ᠵᠢᠨ ᠭᠠᠵᠠᠷ ᠣᠷᠣᠨ ᠪᠣᠯᠤᠨ ᠬᠤᠪᠸᠢ ᠮᠤᠵᠢ᠎ᠠᠴᠠ ᠢᠷᠡᠭᠰᠡᠨ ᠬᠥᠮᠦᠰ;  

     (ᠳᠥᠷᠪᠡ) ᠡᠭᠦᠳᠡᠨ ᠡᠮᠨᠡᠯᠭᠡ᠎ᠳᠠᠬᠢ ᠬᠠᠯᠠᠭᠤᠷᠠᠬᠤ ᠡᠪᠡᠳᠴᠢᠲᠡᠨ᠂ ᠡᠮᠨᠡᠯᠭᠡ᠎ᠳᠤ ᠰᠢᠨ᠎ᠡ᠎ᠪᠠᠷ ᠰᠠᠭᠤᠭᠰᠠᠨ ᠡᠪᠡᠳᠴᠢᠲᠡᠨ ᠵᠢᠴᠢ ᠬᠠᠪᠰᠤᠷᠤᠨ ᠰᠤᠪᠢᠯᠠᠬᠤ ᠬᠥᠮᠦᠰ;

     (ᠲᠠᠪᠤ) ᠡᠮᠴᠢᠯᠡᠭᠡᠨ᠎ᠤ ᠪᠠᠶ᠋ᠢᠭᠤᠯᠤᠮᠵᠢ ᠵᠢᠨ ᠠᠵᠢᠯᠳᠡᠠ᠂ ᠪᠣᠭᠤᠮᠲᠠ ᠵᠢᠨ ᠬᠢᠵᠢᠭ ᠪᠠᠶ᠋ᠢᠴᠠᠭ᠋ᠠᠬᠤ ᠪᠠ ᠬᠢᠯᠢ ᠵᠢᠨ ᠰᠡᠷᠭᠡᠶ᠋ᠢᠯᠡᠯᠲᠡ ᠵᠢᠨ ᠪᠠᠶ᠋ᠢᠴᠠᠭ᠋ᠠᠭᠴᠢ;

     (ᠵᠢᠷᠭᠤᠭ᠎ᠠ) ᠬᠤᠷᠢᠭᠤᠯ᠎ᠤᠨ ᠭᠠᠵᠠᠷ᠎ᠤᠨ ᠠᠵᠢᠯᠲᠠᠨ᠂ ᠨᠡᠶ᠋ᠢᠭᠡᠮ᠎ᠤᠨ ᠠᠰᠠᠷᠠᠮᠵᠢ ᠨᠠᠰᠤᠵᠢᠯ᠎ᠤᠨ ᠪᠠᠶ᠋ᠢᠭᠤᠯᠤᠮᠵᠢ ᠵᠢᠨ ᠠᠵᠢᠯᠲᠠᠨ᠂ ᠣᠯᠠᠨ ᠨᠡᠶ᠋ᠢᠲᠡ ᠵᠢᠨ ᠲᠠᠯᠠᠪᠤᠷ᠎ᠤᠨ ᠦᠢ᠍ᠯᠡᠴᠢᠯᠡᠭᠡᠨ᠎ᠤ ᠠᠵᠢᠯᠲᠠᠨ;

     (ᠳᠣᠯᠤᠭ᠎ᠠ) ᠳᠤᠮᠳᠠ᠂ ᠦᠨᠳᠦᠷ ᠲᠦᠭᠰᠢᠭᠦᠷᠢ ᠵᠢᠨ ᠭᠠᠵᠠᠷ ᠣᠷᠣᠨ᠎ᠠᠴᠠ ᠮᠠᠨ᠎ᠤ ᠣᠷᠣᠨ᠎ᠳᠤ ᠪᠤᠴᠠᠵᠤ ᠢᠷᠡᠭᠰᠡᠨ ᠶᠡᠭᠡ ᠳᠡᠭᠡᠳᠦ ᠰᠤᠷᠭ᠋ᠠᠭᠤᠯᠢ ᠪᠠ ᠳᠤᠮᠳᠠ ᠵᠡᠷᠭᠡ ᠵᠢᠨ ᠲᠤᠰᠬᠠᠶ ᠮᠡᠷᠭᠡᠵᠢᠯ᠎ᠤᠨ ᠰᠤᠷᠭ᠋ᠠᠭᠤᠯᠢ ᠵᠢᠨ ᠪᠠᠭᠰᠢ ᠠᠵᠢᠯᠲᠠᠨ ᠠᠵᠢᠯᠴᠢᠨ ᠪᠣᠯᠤᠨ ᠰᠤᠷᠤᠭᠴᠢ᠃

      ᠬᠤᠶᠠᠷ᠂ ᠪᠥᠭᠡᠮ ᠬᠦᠴᠢᠯ᠎ᠤᠨ ᠪᠠᠶ᠋ᠢᠴᠠᠭ᠋ᠠᠨ ᠬᠡᠮᠵᠢᠯᠲᠡ ᠬᠢᠬᠦ 《ᠪᠠᠶ᠋ᠢᠴᠠᠭ᠋ᠠᠬᠤ ᠳᠤᠷᠠᠲᠠᠶ ᠵᠢ᠎ᠨᠢ ᠪᠦᠬᠦᠨ᠎ᠢ ᠪᠠᠶ᠋ᠢᠴᠠᠭ᠋ᠠᠬᠤ》 ᠬᠡᠪᠴᠢᠶ᠎ᠡ

      ᠳᠡᠭᠡᠷ᠎ᠡ ᠳᠤᠷᠠᠳᠤᠭᠰᠠᠨ ᠲᠣᠭᠲᠠᠭ᠋ᠠᠯ᠎ᠠᠴᠠ ᠭᠠᠳᠠᠨᠠᠬᠢ ᠪᠤᠰᠤᠳ ᠬᠥᠮᠦᠰ ᠰᠡᠶ᠋ᠢᠠ ᠳᠤᠷ᠎ᠠ᠎ᠠᠴᠠ᠎ᠪᠠᠨ ᠪᠥᠭᠡᠮ ᠬᠦᠴᠢᠯ᠎ᠤᠨ ᠪᠠᠶ᠋ᠢᠴᠠᠭ᠋ᠠᠨ ᠬᠡᠮᠵᠢᠯᠲᠡ ᠬᠢᠯᠭᠡᠵᠦ ᠪᠣᠯᠣᠨ᠎ᠠ᠃

      ᠭᠤᠷᠪᠠ᠂ ᠠᠵᠢᠯ᠎ᠤᠨ ᠱᠠᠭ᠋ᠠᠷᠳᠠᠯᠭ᠎ᠠ

     (ᠨᠢᠭᠡ) ᠥᠪᠡᠷᠲᠡᠭᠡᠨ ᠵᠠᠰᠠᠬᠤ ᠣᠷᠣᠨ ᠪᠠ ᠡᠯ᠎ᠡ ᠠᠶ᠋ᠢᠮᠠᠭ ᠬᠤᠲᠠ ᠵᠢᠨ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠎ᠤᠳ ᠠᠯᠪᠠᠨ ᠰᠦᠯᠵᠢᠶ᠎ᠡ᠂ ᠸᠢᠴᠠᠲ᠎ᠤᠨ ᠣᠯᠠᠨ ᠨᠡᠶ᠋ᠢᠲᠡ ᠵᠢᠨ ᠨᠣᠮᠧᠷ ᠵᠡᠷᠭᠡ᠎ᠪᠠᠷ ᠳᠠᠮᠵᠢᠭᠤᠯᠤᠨ ᠪᠦᠭᠡᠮ ᠬᠦᠴᠢᠯ᠎ᠤᠨ ᠪᠠᠶ᠋ᠢᠴᠠᠭ᠋ᠠᠨ ᠬᠡᠮᠵᠢᠯᠲᠡ ᠬᠢᠬᠦ ᠪᠠᠶ᠋ᠢᠭᠤᠯᠤᠮᠵᠢ ᠵᠢᠨ ᠨᠡᠷᠡᠰ ᠪᠠ ᠠᠰᠠᠭᠤᠨ ᠯᠠᠪᠯᠠᠬᠤ ᠪᠣᠯᠵᠣᠭ᠋ᠠᠨ᠎ᠤ ᠤᠲᠠᠰᠤ ᠵᠢ ᠴᠠᠭ ᠲᠤᠬᠠᠶ᠎ᠳᠤ᠎ᠨᠢ ᠨᠡᠶ᠋ᠢᠲᠡᠯᠡᠬᠦ ᠪᠦᠭᠡᠳ ᠲᠤᠰᠬᠠᠶ ᠬᠥᠮᠦᠨ ᠴᠠᠭ ᠲᠤᠬᠠᠶ᠎ᠳᠤ᠎ᠨᠢ ᠰᠢᠨᠡᠳᠬᠡᠬᠦ ᠬᠡᠷᠡᠭᠲᠡᠶ᠃

     (ᠬᠤᠶᠠᠷ) 《ᠪᠠᠶ᠋ᠢᠴᠠᠭ᠋ᠠᠬᠤ ᠶᠣᠰᠣᠲᠠᠶ ᠵᠢ᠎ᠨᠢ ᠪᠦᠬᠦᠨ᠎ᠢ ᠪᠠᠶ᠋ᠢᠴᠠᠭ᠋ᠠᠬᠤ》᠎ᠳᠤ ᠬᠡᠷᠡᠭᠰᠡᠬᠦ ᠵᠠᠷᠤᠳᠠᠯ᠎ᠢ ᠡᠯ᠎ᠡ ᠭᠠᠵᠠᠷ᠎ᠤᠨ ᠵᠠᠰᠠᠭ᠎ᠤᠨ ᠣᠷᠳᠣᠨ ᠡᠭᠦᠷᠭᠡᠯᠡᠨ᠎ᠡ (ᠡᠭᠦᠳᠡᠨ ᠡᠮᠨᠡᠯᠭᠡ᠎ᠳᠠᠬᠢ ᠬᠠᠯᠠᠭᠤᠷᠠᠬᠤ ᠡᠪᠡᠳᠴᠢᠲᠡᠨ ᠪᠠ ᠡᠮᠨᠡᠯᠭᠡ ᠎ᠳᠤ ᠰᠢᠨ᠎ᠡ᠎ᠪᠠᠷ ᠣᠷᠤᠵᠤ ᠰᠠᠭᠤᠭᠰᠠᠨ ᠡᠪᠡᠳᠴᠢᠲᠡᠨ ᠪᠠᠭᠲᠠᠬᠤ ᠦᠭᠡᠢ)᠂ 《ᠪᠠᠶ᠋ᠢᠴᠠᠭ᠋ᠠᠬᠤ ᠳᠤᠷᠠᠲᠠᠶ ᠵᠢ᠎ᠨᠢ ᠪᠦᠬᠦᠨ᠎ᠢ ᠪᠠᠶ᠋ᠢᠴᠠᠭ᠋ᠠᠬᠤ》᠎ᠳᠤ ᠬᠡᠷᠡᠭᠰᠡᠬᠦ ᠵᠠᠷᠤᠳᠠᠯ᠎ᠢ ᠠᠵᠤ ᠠᠬᠤᠶ᠋ᠢᠯᠠᠯ ᠠᠵᠢᠯ ᠦᠢ᠍ᠯᠡᠰ᠎ᠤᠨ ᠨᠢᠭᠡᠴᠢ ᠪᠤᠶᠤ ᠬᠤᠪᠢ ᠬᠥᠮᠦᠨ ᠡᠭᠦᠷᠭᠡᠯᠡᠬᠦ ᠬᠡᠷᠡᠭᠲᠡᠢ᠃

     (ᠭᠤᠷᠪᠠ) 《ᠪᠠᠶ᠋ᠢᠴᠠᠭ᠋ᠠᠬᠤ ᠶᠣᠰᠣᠲᠠᠶ ᠵᠢ᠎ᠨᠢ ᠪᠦᠬᠦᠨ᠎ᠢ ᠪᠠᠶ᠋ᠢᠴᠠᠭ᠋ᠠᠬᠤ》 ᠪᠦᠭᠡᠮ ᠬᠦᠴᠢᠯ᠎ᠤᠨ ᠪᠠᠶ᠋ᠢᠴᠠᠭ᠋ᠠᠨ ᠬᠡᠮᠵᠢᠯᠲᠡ ᠬᠢᠬᠦ ᠲᠥᠷᠥᠯ ᠵᠦᠢ᠍ᠯ᠎ᠢ 《ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ᠎ᠪᠠᠨ ᠤᠯᠠᠮ ᠨᠢᠭᠡ ᠠᠯᠬᠤᠮ ᠴᠢᠩᠭ᠋ᠠᠳᠬᠠᠵᠤ ᠰᠢᠨ᠎ᠡ ᠲᠢᠲᠢᠮᠯᠡᠭ ᠠᠭᠤᠰᠬᠢᠨ ᠦᠷᠪᠢᠰᠦᠯ ᠣᠷᠣᠵᠤ ᠢᠷᠡᠬᠦ ᠪᠠ ᠳᠡᠯᠭᠡᠷᠡᠬᠦ ᠵᠢ ᠴᠢᠩᠭ᠎ᠠ ᠰᠡᠷᠭᠡᠶ᠋ᠢᠯᠡᠬᠦ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ᠎ᠤᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠠᠵᠢᠯ᠎ᠤᠨ ᠵᠢᠯᠣᠭᠤᠳᠬᠤ ᠭᠠᠵᠠᠷ᠎ᠤᠨ ᠪᠠᠴᠢᠮ ᠮᠡᠳᠡᠭᠳᠡᠯ》 (ᠥᠪᠥᠷ ᠰᠡᠷᠭᠡᠶ᠋ᠢᠯᠡᠯᠲᠡ ᠵᠢᠯᠣᠭᠤᠳᠬᠤ ᠴᠠᠬᠢᠯᠭ᠋ᠠᠨ [2020] 37 ᠳ᠋ᠤᠭ᠋ᠠᠷ ᠲᠣᠭ᠋ᠠᠲᠤ)᠎ᠤᠨ ᠶᠣᠰᠣᠭ᠋ᠠᠷ ᠬᠡᠷᠡᠭᠵᠢᠭᠦᠯᠬᠦ ᠬᠡᠷᠡᠭᠲᠡᠢ᠃

     (ᠳᠥᠷᠪᠡ) ᠡᠯ᠎ᠡ ᠪᠠᠶ᠋ᠢᠴᠠᠭ᠋ᠠᠨ ᠬᠡᠮᠵᠢᠯᠲᠡ ᠬᠢᠬᠦ ᠪᠠᠶ᠋ᠢᠭᠤᠯᠤᠮᠵᠢ᠎ᠨᠤᠭᠤᠳ ᠵᠢᠷᠤᠮᠵᠢᠭᠤᠯᠬᠤ ᠪᠠᠶ᠋ᠢᠭᠤᠯᠤᠯᠲᠠ ᠪᠠ ᠠᠵᠢᠯᠲᠠᠨ᠎ᠤ ᠪᠣᠯᠪᠠᠰᠤᠷᠠᠭᠤᠯᠤᠯ ᠵᠶ᠋ᠠᠨ ᠴᠢᠩᠭ᠋ᠠᠳᠬᠠᠵᠤ᠂ ᠪᠠᠶ᠋ᠢᠴᠠᠭ᠋ᠠᠨ ᠬᠡᠮᠵᠢᠯᠲᠡ ᠬᠢᠬᠦ ᠴᠢᠳᠠᠪᠤᠷᠢ᠎ᠪᠠᠨ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠶ; ᠲᠤᠷᠰᠢᠯᠲᠠ ᠵᠢᠨ ᠲᠠᠰᠤᠭ᠎ᠤᠨ ᠠᠮᠢᠳᠤ ᠪᠣᠳᠠᠰ᠎ᠤᠨ ᠠᠮᠤᠷ ᠲᠦᠪᠰᠢᠨ᠎ᠤ ᠬᠠᠮᠢᠶᠠᠷᠤᠯᠲᠠ ᠵᠢ ᠴᠢᠩᠭ᠋ᠠᠳᠬᠠᠵᠤ᠂ ᠪᠣᠢ ᠪᠦᠬᠦᠢ ᠪᠠᠶ᠋ᠢᠴᠠᠭ᠋ᠠᠨ ᠬᠡᠮᠵᠢᠯᠲᠡ ᠬᠢᠯᠭᠡᠭᠰᠡᠳ᠎ᠢ ᠨᠠᠷᠢᠨ ᠲᠡᠮᠳᠡᠭᠯᠡᠬᠦ ᠵᠢᠨ ᠬᠠᠮᠲᠤ ᠳᠠᠩᠰᠠ ᠡᠪᠬᠡᠮᠡᠯ᠎ᠳᠤ ᠣᠷᠣᠭᠤᠯᠬᠤ ᠬᠡᠷᠡᠭᠲᠡᠢ᠃ 2020 ᠣᠨ᠎ᠤ 5 ᠳ᠋ᠤᠭ᠋ᠠᠷ ᠰᠠᠷ᠎ᠠ ᠵᠢᠨ 14᠎ᠤ ᠡᠳᠦᠷ

     (ᠲᠣᠰ ᠪᠢᠴᠢᠭ ᠮᠠᠲ᠋ᠧᠷᠢᠶᠠᠯ᠎ᠢ ᠢᠯᠡ ᠨᠡᠶ᠋ᠢᠲᠡᠯᠡᠨ᠎ᠡ)

ᠢᠷᠡᠯᠲᠡ᠄ ᠦᠪᠦᠷ ᠮᠣᠩᠭᠣᠯ᠎ᠤᠨ ᠦᠪᠡᠷᠲᠡᠭᠡᠨ ᠵᠠᠰᠠᠬᠣ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠰᠦᠯᠵᠢᠶ᠎ᠡ
          
ᠬᠠᠮᠢᠶ᠎ᠡ ᠪᠦᠬᠦᠢ ᠰᠣᠨᠢᠨ
ᠣᠢ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶᠠᠨ᠎ᠤ ᠠᠯᠪᠠᠨ ᠵᠠᠷ (2020 ᠣᠨ 12 ᠳ᠋ᠤᠭ᠋ᠠᠷ ᠲᠣᠭ᠋ᠠᠲᠤ)
ᠬᠦᠬᠡᠬᠤᠲᠠ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠪᠠᠴᠢᠮ ᠵᠠᠷᠯᠠᠯ ᠨᠡᠶ᠋ᠢᠲᠡᠯᠡᠪᠡ!
ᠪᠣᠬᠢᠷᠲᠤᠯ ᠶᠡᠬᠡᠲᠡᠶ ᠲᠦᠯᠡᠰᠢ ᠰᠢᠲᠠᠬᠤ ᠵᠢ ᠴᠠᠭ᠋ᠠᠵᠠᠯᠠᠬᠤ ᠣᠷᠣᠨ᠎ᠤ ᠬᠡᠪᠴᠢᠶᠡᠨ ᠳᠣᠲᠣᠷ᠎ᠠ ᠫᠤᠤᠵᠢᠩ ᠲᠠᠯᠪᠢᠬᠤ ᠺᠦᠩ ᠮᠢᠩ ᠳ᠋ᠧᠩ ᠳᠡᠭᠳᠡᠭᠡᠬᠦ ᠲᠦᠳᠡᠭ ᠨᠣᠴᠣᠭ᠋ᠠᠬᠤ ᠵᠢ ᠴᠠᠭ᠋ᠠᠵᠠᠯᠠᠬᠤ ᠲᠤᠬᠠᠢ ᠬᠥᠬᠡᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠵᠠᠷᠯᠠᠯ
ᠣᠢ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠬᠢᠬᠢᠷᠢ ᠵᠢᠨ ᠨᠠᠭᠤᠷ ᠥᠪᠡᠷᠲᠡᠭᠡᠨ ᠵᠠᠰᠠᠬᠤ ᠣᠷᠣᠨ᠎ᠤ ᠲᠡᠰ᠎ᠤᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠤ ᠲᠠᠯᠠᠪᠠᠢ᠂ ᠬᠦᠷᠢᠶ᠎ᠡ ᠬᠡᠪᠴᠢᠶ᠎ᠡ ᠵᠢᠴᠢ ᠴᠢᠳᠠᠮᠵᠢᠲᠤ ᠣᠷᠣᠨ᠎ᠤ ᠬᠤᠪᠢᠶᠠᠷᠢᠯᠠᠯ᠎ᠢ ᠨᠡᠶ᠋ᠢᠲᠡᠯᠡᠬᠦ ᠲᠤᠬᠠᠶ ᠮᠡᠳᠡᠭᠳᠡᠯ
ᠠᠭᠤᠯᠠ ᠤᠰᠤ ᠣᠶ ᠮᠤᠳᠤ ᠭᠠᠵᠠᠷ ᠲᠠᠷᠢᠶ᠎ᠠ ᠨᠠᠭᠤᠷ ᠪᠦᠷᠢᠳᠦ ᠡᠪᠡᠰᠦ ᠪᠡᠯᠴᠢᠭᠡᠷ᠎ᠢ ᠵᠠᠰᠠᠨ ᠰᠡᠷᠭᠦᠭᠡᠬᠦ ᠢᠨᠵᠧᠨᠧᠷᠢᠩ᠎ᠤᠨ ᠵᠦᠭᠯᠡᠭᠦᠷ᠎ᠢ ᠨᠡᠶ᠋ᠢᠲᠡᠯᠡᠵᠦ ᠨᠢᠭᠡ ᠴᠣᠭᠴᠠᠵᠢᠭᠤᠯᠤᠨ ᠬᠠᠮᠠᠭ᠋ᠠᠯᠠᠬᠤ ᠪᠠ ᠵᠠᠰᠠᠨ ᠰᠡᠷᠭᠦᠭᠡᠬᠦ ᠵᠢ ᠠᠬᠢᠭᠤᠯᠪᠠ
 
             蒙ICP备05000248号