ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠯᠪᠠᠨ ᠨᠡᠶ᠋ᠢᠲᠡᠯᠡᠯ
ᠬᠦᠬᠡᠬᠤᠲᠠ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠪᠠᠴᠢᠮ ᠵᠠᠷᠯᠠᠯ ᠨᠡᠶ᠋ᠢᠲᠡᠯᠡᠪᠡ!
ᠨᠡᠶ᠋ᠢᠲᠡᠯᠡᠭᠰᠡᠨ ᠴᠠᠭ᠄ 2020-06-16

      ᠣᠷᠣᠨ᠎ᠤ ᠲᠥᠪ ᠬᠤᠲᠠ ᠵᠢᠨ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠠᠵᠢᠯ᠎ᠢ ᠦᠨᠡᠨᠬᠦ ᠰᠠᠶ᠋ᠢᠲᠤᠷ ᠬᠢᠵᠦ᠂ ᠥᠷᠭᠡᠨ ᠣᠯᠠᠨ ᠬᠤᠲᠠ ᠵᠢᠨ ᠠᠷᠠᠳ ᠪᠠ ᠬᠥᠬᠡᠬᠤᠲᠠ᠎ᠳᠤ ᠢᠷᠡᠭᠰᠡᠨ ᠬᠥᠮᠥᠰ᠎ᠤᠨ ᠡᠷᠡᠭᠦᠯ ᠮᠡᠨᠳᠦ ᠵᠢ ᠬᠠᠮᠠᠭ᠋ᠠᠯᠠᠬᠤ ᠵᠢᠨ ᠲᠥᠯᠥᠭᠡ᠂ ᠬᠤᠯᠪᠣᠭᠳᠠᠯ ᠪᠦᠬᠦᠢ ᠵᠦᠢ᠍ᠯᠡᠰ᠎ᠢ ᠳᠣᠣᠷᠠᠬᠢ ᠮᠡᠲᠦ ᠵᠠᠷᠯᠠᠶ᠎ᠠ᠃ ᠨᠢᠭᠡ᠂ 6 ᠰᠠᠷ᠎ᠠ ᠵᠢᠨ 1᠎ᠤ ᠡᠳᠦᠷ᠎ᠤᠨ ᠲᠡᠭ ᠴᠠᠭ᠎ᠠᠴᠠ ᠬᠤᠶ᠋ᠢᠰᠢ᠂ ᠪᠡᠭᠡᠵᠢᠩ ᠬᠤᠲᠠ ᠵᠢᠨ ᠰᠢ ᠴᠧᠩ ᠲᠣᠭᠤᠷᠢᠭ᠂ ᠹᠧᠩ᠎ᠲᠠᠢ ᠲᠣᠭᠤᠷᠢᠭ᠂ ᠹᠠᠩ ᠱᠠᠨ ᠲᠣᠭᠤᠷᠢᠭ᠂ ᠳ᠋ᠠ ᠰᠢᠩ ᠲᠣᠭᠤᠷᠢᠭ ᠵᠡᠷᠭᠡ ᠬᠢᠵᠢᠭ᠎ᠤᠨ ᠪᠠᠶ᠋ᠢᠳᠠᠯ᠎ᠤᠨ ᠳᠤᠮᠳᠠ᠂ ᠥᠨᠳᠦᠷ ᠳᠡᠰ᠎ᠤᠨ ᠲᠥᠭᠰᠢᠭᠦᠷᠢ ᠪᠦᠬᠦᠢ ᠭᠠᠵᠠᠷ ᠣᠷᠣᠨ ᠵᠶ᠋ᠠᠷ ᠥᠩᠭᠡᠷᠡᠭᠰᠡᠨ ᠪᠣᠯᠪᠠᠴᠤ ᠡᠳᠡᠭᠡᠷ ᠭᠠᠵᠠᠷ ᠣᠷᠣᠨ᠎ᠳᠤ ᠵᠢᠭᠤᠯᠴᠢᠯᠠᠨ ᠰᠠᠭᠤᠭᠰᠠᠨ ᠥᠩᠭᠡᠷᠡᠯᠲᠡ ᠦᠭᠡᠢ᠂ ᠬᠤᠯᠪᠣᠭᠳᠠᠯ ᠪᠦᠬᠦᠢ ᠬᠦᠴᠦᠨ᠎ᠲᠠᠢ ᠭᠡᠷᠡᠴᠢ ᠬᠠᠩᠭ᠋ᠠᠵᠤ ᠴᠢᠳᠠᠬᠤ᠂ ᠡᠷᠡᠭᠦᠯ ᠮᠡᠨᠳᠦ ᠵᠢᠨ ᠺᠣᠳ᠋᠎ᠨᠢ ᠨᠣᠭᠤᠭ᠋ᠠᠨ ᠺᠣᠳ᠋ ᠮᠥᠷᠲᠡᠭᠡᠨ ᠬᠠᠯᠠᠭᠤᠷᠠᠬᠤ᠂ ᠬᠠᠨᠢᠶᠠᠬᠤ ᠵᠡᠷᠭᠡ ᠡᠪᠡᠳᠴᠢᠨ᠎ᠤ ᠢᠯᠡᠷᠡᠯ ᠦᠭᠡᠢ ᠬᠦᠬᠡᠬᠤᠲᠠ᠎ᠳᠤ ᠢᠷᠡᠭᠰᠡᠨ ᠬᠥᠮᠥᠰ᠎ᠠᠴᠠ ᠪᠤᠰᠤᠳ᠂ ᠳᠡᠭᠡᠷ᠎ᠡ ᠳᠤᠷᠠᠳᠤᠭᠰᠠᠨ ᠭᠠᠵᠠᠷ ᠣᠷᠣᠨ᠎ᠠᠴᠠ ᠬᠦᠬᠡᠬᠤᠲᠠ᠎ᠳᠤ ᠢᠷᠡᠭᠰᠡᠨ ᠬᠥᠮᠥᠰ ᠡᠷᠬᠡᠪᠰᠢ ᠰᠠᠨᠠᠭ᠋ᠠᠴᠢᠯᠠᠭ᠎ᠠ᠎ᠠᠴᠠ᠎ᠪᠠᠨ ᠲᠣᠮᠢᠯᠠᠭᠰᠠᠨ ᠰᠠᠯᠪᠤᠷᠢ᠂ ᠨᠡᠶ᠋ᠢᠭᠡᠮ ᠲᠣᠭᠤᠷᠢᠭ (ᠭᠠᠴᠠᠭ᠎ᠠ ᠲᠤᠰᠬᠤᠨ)᠎ᠲᠤ᠎ᠪᠠᠨ ᠬᠤᠪᠢ ᠬᠥᠮᠥᠨ᠎ᠤ ᠡᠷᠡᠭᠦᠯ ᠮᠡᠨᠳᠦ ᠵᠢᠨ ᠪᠠᠶ᠋ᠢᠳᠠᠯ ᠵᠶ᠋ᠠᠨ ᠳᠠᠷᠤᠶ᠋ᠢᠬᠠᠨ ᠮᠡᠳᠡᠭᠦᠯᠬᠦ ᠵᠢᠨ ᠬᠠᠮᠲᠤ᠂ ᠡᠳᠡᠭᠡᠷ ᠬᠥᠮᠥᠰ᠎ᠲᠤ 《14 ᠡᠳᠦᠷ᠎ᠤᠨ ᠲᠥᠪᠯᠡᠷᠡᠭᠦᠯᠦᠨ ᠲᠤᠰᠠᠭ᠋ᠠᠷᠯᠠᠬᠤ ᠠᠨᠠᠭ᠋ᠠᠬᠤ ᠤᠬᠠᠭ᠋ᠠᠨ᠎ᠤ ᠠᠵᠢᠭᠯᠠᠯᠲᠠ + 2 ᠤᠳᠠᠭ᠎ᠠ ᠵᠢᠨ ᠪᠦᠭᠡᠮ ᠬᠦᠴᠢᠯ᠎ᠤᠨ ᠪᠠᠶ᠋ᠢᠴᠠᠭ᠋ᠠᠯᠲᠠ + 1 ᠤᠳᠠᠭ᠋ᠠᠨ᠎ᠤ ᠴᠢᠰᠤᠨ ᠴᠠᠶ᠋ᠢᠪᠡᠩ᠎ᠤᠨ ᠡᠰᠡᠷᠭᠦᠴᠡᠭᠴᠢ ᠪᠡᠶ᠎ᠡ ᠵᠢᠨ ᠪᠠᠶ᠋ᠢᠴᠠᠭ᠋ᠠᠯᠲᠠ ᠬᠢᠬᠦ》 ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠵᠢ ᠬᠡᠷᠡᠭᠵᠢᠭᠦᠯᠦᠨ᠎ᠡ᠃ ᠲᠥᠪᠯᠡᠷᠡᠭᠦᠯᠦᠨ ᠲᠤᠰᠠᠭ᠋ᠠᠷᠯᠠᠬᠤ ᠴᠠᠭ᠎ᠢ ᠬᠦᠬᠡᠬᠤᠲᠠ᠎ᠳᠤ ᠢᠷᠡᠭᠰᠡᠨ ᠡᠳᠦᠷ᠎ᠠᠴᠠ ᠡᠬᠢᠯᠡᠵᠦ ᠪᠣᠳᠣᠨ᠎ᠠ᠃ ᠬᠤᠶᠠᠷ᠂ ᠥᠷᠭᠡᠨ ᠣᠯᠠᠨ ᠬᠤᠲᠠ ᠵᠢᠨ ᠠᠷᠠᠳ ᠵᠠᠪᠠᠯ ᠣᠴᠢᠬᠤ ᠴᠢᠬᠤᠯᠠᠲᠠᠢ ᠪᠢᠰᠢ ᠪᠣᠯ ᠣᠶ᠋ᠢᠷ᠎ᠠ ᠵᠢᠨ ᠬᠤᠭᠤᠴᠠᠭ᠋ᠠᠨ᠎ᠳᠤ ᠪᠡᠭᠡᠵᠢᠩ ᠬᠤᠲᠠ᠂ ᠢᠯᠠᠩᠭᠤᠶ᠎ᠠ ᠹᠧᠩ᠎ᠲᠠᠢ ᠲᠣᠭᠤᠷᠢᠭ᠂ ᠰᠢ ᠴᠧᠩ ᠲᠣᠭᠤᠷᠢᠭ᠂ ᠹᠠᠩ ᠱᠠᠨ ᠲᠣᠭᠤᠷᠢᠭ᠂ ᠳ᠋ᠠ ᠰᠢᠩ ᠲᠣᠭᠤᠷᠢᠭ ᠵᠡᠷᠭᠡ ᠳᠤᠮᠳᠠ᠂ ᠦᠨᠳᠦᠷ ᠳᠡᠰ᠎ᠤᠨ ᠲᠦᠭᠰᠢᠭᠦᠷᠢ ᠪᠦᠬᠦᠢ ᠭᠠᠵᠠᠷ ᠣᠷᠣᠨ᠎ᠳᠤ ᠪᠢᠲᠡᠬᠡᠢ ᠣᠴᠢᠭ᠋ᠠᠷᠠᠢ᠃ ᠬᠡᠷᠪᠡ ᠵᠠᠪᠠᠯ ᠣᠴᠢᠬᠤ ᠴᠢᠬᠤᠯᠠᠲᠠᠢ ᠪᠣᠯ᠂ ᠡᠷᠬᠡᠪᠰᠢ ᠰᠠᠭᠤᠭ᠎ᠠ ᠪᠠᠯᠭ᠋ᠠᠰᠤ ᠰᠢᠶᠠᠩ (ᠵᠡᠭᠡᠯᠢ ᠭᠤᠳᠤᠮᠵᠢ)᠎ᠳᠠᠭᠠᠨ ᠤᠷᠢᠳᠴᠢᠯᠠᠨ ᠮᠡᠳᠡᠭᠦᠯᠵᠦ ᠳᠠᠩᠰᠠᠯᠠᠭᠤᠯᠬᠤ ᠵᠢᠨ ᠬᠠᠮᠲᠤ ᠬᠤᠪᠢ ᠬᠥᠮᠥᠨ᠎ᠤ ᠬᠠᠮᠠᠭ᠋ᠠᠯᠠᠯᠲᠠ ᠵᠢ ᠰᠠᠶ᠋ᠢᠲᠤᠷ ᠬᠢᠬᠦ ᠬᠡᠷᠡᠭᠲᠡᠢ; ᠪᠡᠭᠡᠵᠢᠩ᠎ᠠᠴᠠ ᠬᠦᠬᠡᠬᠤᠲᠠ᠎ᠳᠤ ᠪᠤᠴᠠᠵᠤ ᠢᠷᠡᠭᠰᠡᠨ᠎ᠤ ᠳᠠᠷᠠᠭ᠎ᠠ᠂ ᠬᠦᠬᠡᠬᠤᠲᠠ ᠵᠢᠨ ᠬᠠᠮᠢᠶ᠎ᠠ ᠪᠦᠬᠦᠢ ᠰᠡᠷᠭᠡᠶ᠋ᠢᠯᠡᠨ ᠡᠵᠡᠮᠳᠡᠬᠦ ᠠᠷᠭ᠎ᠠ ᠬᠡᠮᠵᠢᠶ᠎ᠡ ᠵᠢ ᠴᠢᠩᠭ᠎ᠠ ᠨᠠᠶ᠋ᠢᠳᠠᠪᠤᠷᠢᠵᠢᠭᠤᠯᠬᠤ ᠬᠡᠷᠡᠭᠲᠡᠢ᠃ ᠭᠤᠷᠪᠠ᠂ ᠥᠷᠭᠡᠨ ᠣᠯᠠᠨ ᠬᠤᠲᠠ ᠵᠢᠨ ᠠᠷᠠᠳ᠂ ᠲᠦᠭᠦᠬᠡᠢ ᠮᠢᠬᠠᠨ᠎ᠤ ᠪᠦᠲᠦᠭᠡᠭᠳᠡᠭᠦᠨ ᠡᠵᠡᠩᠨᠡᠭᠴᠢᠳ ᠵᠢᠴᠢ ᠲᠡᠭᠡᠭᠡᠪᠦᠷᠢ ᠵᠢᠨ ᠠᠵᠢᠯᠲᠠᠳ ᠬᠡᠷᠪᠡ ᠪᠡᠶ᠎ᠡ᠎ᠨᠢ ᠬᠡᠪ᠎ᠤᠨ ᠪᠤᠰᠤ ᠪᠠᠶ᠋ᠢᠳᠠᠯ ᠢᠯᠡᠷᠡᠪᠡᠯ ᠠᠮᠠᠪᠴᠢ᠂ ᠪᠡᠭᠡᠯᠡᠢ ᠵᠡᠭᠦᠵᠦ᠂ ᠣᠶ᠋ᠢᠷ᠎ᠠ ᠪᠠᠶ᠋ᠢᠭ᠎ᠠ ᠡᠮᠨᠡᠯᠭᠡ ᠵᠢᠨ ᠬᠤᠷᠢᠶᠠᠨ᠎ᠤ ᠬᠠᠯᠠᠭᠤᠷᠠᠯ᠎ᠤᠨ ᠡᠭᠦᠳᠡᠨ ᠡᠮᠨᠡᠯᠭᠡ᠎ᠳᠤ ᠣᠴᠢᠵᠤ ᠡᠮᠨᠡᠭᠦᠯᠬᠦ ᠬᠡᠷᠡᠭᠲᠡᠢ᠃ ᠳᠥᠷᠪᠡ᠂ ᠥᠷᠭᠡᠨ ᠣᠯᠠᠨ ᠬᠤᠲᠠ ᠵᠢᠨ ᠠᠷᠠᠳ ᠲᠦᠭᠦᠬᠡᠢ ᠮᠢᠬᠠᠨ᠎ᠤ ᠲᠥᠷᠥᠯ᠎ᠤᠨ ᠪᠦᠲᠦᠭᠡᠭᠳᠡᠭᠦᠨ ᠬᠤᠳᠠᠯᠳᠤᠨ ᠠᠪᠬᠤ ᠦᠶᠡᠰ᠂ ᠪᠢᠲᠡᠬᠡᠢ ᠭᠠᠷ ᠵᠶ᠋ᠠᠷ ᠵᠶ᠋ᠠᠨ ᠰᠢᠭᠤᠳ ᠬᠦᠷᠦᠯᠴᠡᠭᠡᠷᠡᠢ᠂ ᠪᠡᠭᠡᠯᠡᠢ ᠵᠡᠭᠦᠬᠦ ᠪᠤᠶᠤ ᠤᠭᠤᠲᠠᠨ᠎ᠳᠤ ᠬᠢᠵᠦ ᠠᠪᠤᠭ᠋ᠠᠷᠠᠢ᠂ ᠭᠡᠬᠦ᠎ᠳᠡᠭᠡᠨ ᠵᠢᠮᠢᠰ ᠨᠣᠭᠤᠭ᠎ᠠ ᠪᠣᠯᠣᠨ ᠪᠤᠰᠤᠳ ᠪᠣᠯᠭᠤᠭᠰᠠᠨ ᠢᠳᠡᠭᠡᠨ᠎ᠲᠠᠢ ᠪᠢᠲᠡᠭᠡᠢ ᠬᠠᠮᠲᠤ ᠲᠠᠯᠪᠢᠭ᠋ᠠᠷᠠᠢ᠃ ᠲᠦᠭᠦᠬᠡᠢ ᠮᠢᠬᠠᠨ᠎ᠤ ᠪᠦᠲᠦᠭᠡᠭᠳᠡᠭᠦᠨ ᠡᠵᠡᠩᠨᠡᠭᠴᠢᠳ ᠡᠷᠡᠭᠦᠯ ᠮᠡᠨᠳᠦ ᠵᠢᠨ ᠪᠠᠶ᠋ᠢᠴᠠᠭ᠋ᠠᠯᠲᠠ ᠬᠢᠬᠦ᠂ ᠠᠮᠠᠪᠴᠢ ᠪᠡᠭᠡᠯᠡᠢ ᠵᠡᠭᠦᠬᠦ᠂ ᠡᠳᠦᠷ ᠲᠤᠲᠤᠮ᠎ᠤᠨ ᠠᠷᠢᠭᠤᠳᠬᠠᠯ ᠵᠡᠷᠭᠡ ᠡᠯ᠎ᠡ ᠵᠦᠢ᠍ᠯ᠎ᠤᠨ ᠰᠡᠷᠭᠡᠶ᠋ᠢᠯᠡᠨ ᠡᠵᠡᠮᠳᠡᠬᠦ ᠠᠷᠭ᠎ᠠ ᠬᠡᠮᠵᠢᠶ᠎ᠡ ᠵᠢ ᠴᠢᠩᠭ᠎ᠠ ᠨᠠᠶ᠋ᠢᠳᠠᠪᠤᠷᠢᠵᠢᠭᠤᠯᠵᠤ᠂ ᠡᠪᠡᠳᠴᠢᠨ᠎ᠲᠠᠢ ᠪᠠᠶ᠋ᠢᠭ᠋ᠠᠳ ᠠᠵᠢᠯ᠎ᠤᠨ ᠪᠠᠶ᠋ᠢᠷᠢ᠎ᠳᠤ ᠭᠠᠷᠬᠤ᠂ ᠠᠮᠠᠪᠴᠢ ᠵᠡᠭᠦᠬᠦ ᠦᠭᠡᠢ᠎ᠪᠠᠷ ᠠᠵᠢᠯ᠎ᠤᠨ ᠪᠠᠶ᠋ᠢᠷᠢ᠎ᠳᠤ ᠭᠠᠷᠬᠤ ᠵᠢ ᠡᠷᠡᠰ ᠬᠤᠷᠢᠭᠯᠠᠬᠤ ᠬᠡᠷᠡᠭᠲᠡᠢ᠃ ᠲᠠᠪᠤ᠂ ᠥᠷᠭᠡᠨ ᠣᠯᠠᠨ ᠬᠤᠲᠠ ᠵᠢᠨ ᠠᠷᠠᠳ ᠢᠳᠡᠭᠡᠨ ᠤᠮᠳᠠᠭ᠋ᠠᠨ᠎ᠤ ᠡᠷᠡᠭᠦᠯ ᠳᠠᠳᠬᠠᠯ᠎ᠲᠠᠢ ᠪᠠᠶ᠋ᠢᠬᠤ ᠵᠢ ᠰᠠᠨᠠᠭ᠋ᠠᠴᠢᠯᠠᠵᠤ᠂ ᠬᠤᠭᠤᠯᠠ ᠬᠢᠬᠦ᠎ᠳᠡᠭᠡᠨ ᠲᠦᠭᠦᠬᠡᠢ ᠪᠤᠶᠤ ᠪᠣᠯᠭᠤᠭᠰᠠᠨ ᠢᠳᠡᠭᠡᠨ᠎ᠳᠤ ᠬᠡᠷᠡᠭᠯᠡᠬᠦ ᠠᠮᠪᠠᠨ᠂ ᠪᠤᠤᠳᠤᠤ ᠪᠠ ᠬᠤᠭᠤᠯᠠᠨ ᠬᠡᠷᠡᠭᠰᠡᠯ ᠵᠶ᠋ᠠᠨ ᠰᠠᠯᠭ᠋ᠠᠵᠤ᠂ ᠴᠠᠭ ᠲᠣᠬᠠᠢ᠎ᠳᠤᠨᠢ ᠰᠠᠶ᠋ᠢᠲᠤᠷ ᠤᠬᠢᠶᠠᠨ ᠴᠡᠪᠡᠷᠯᠡᠬᠦ ᠬᠡᠷᠡᠭᠲᠡᠢ; ᠲᠦᠭᠦᠬᠡᠢ ᠵᠢᠭ᠋ᠠᠰᠤ ᠳᠠᠯᠠᠢ ᠵᠢᠨ ᠠᠮᠲᠠᠲᠠᠨ ᠪᠠ ᠲᠦᠭᠦᠬᠡᠢ ᠮᠢᠬ᠎ᠠ ᠵᠢ ᠠᠷᠢᠯᠭ᠋ᠠᠨ ᠴᠡᠪᠡᠷᠯᠡᠭᠰᠡᠨ᠎ᠤ ᠳᠠᠷᠠᠭ᠎ᠠ ᠭᠠᠷ ᠵᠶ᠋ᠠᠨ ᠰᠠᠶ᠋ᠢᠲᠤᠷ ᠤᠬᠢᠶᠠᠬᠤ ᠬᠡᠷᠡᠭᠲᠡᠢ; ᠢᠳᠡᠭᠡᠨ ᠵᠶ᠋ᠠᠨ ᠭᠦᠢ᠍ᠴᠡᠳ ᠴᠢᠨᠠᠵᠤ ᠪᠣᠯᠭᠤᠵᠤ᠂ ᠲᠦᠭᠦᠬᠡᠢ ᠬᠦᠢ᠍ᠲᠡᠨ ᠢᠳᠡᠭᠡᠨ᠎ᠢ ᠢᠳᠡᠵᠦ ᠪᠣᠯᠬᠤ ᠦᠭᠡᠢ᠃ ᠬᠦᠬᠡᠬᠤᠲᠠ ᠵᠢᠨ ᠰᠢᠨ᠎ᠡ ᠲᠢᠲᠡᠮᠯᠢᠭ ᠠᠭᠤᠰᠬᠢᠨ ᠥᠷᠪᠢᠰᠦᠯ᠎ᠤᠨ ᠬᠢᠵᠢᠭ᠎ᠤᠨ ᠪᠠᠶ᠋ᠢᠳᠠᠯ᠎ᠢ ᠠᠷᠭ᠋ᠠᠴᠠᠬᠤ ᠰᠡᠷᠭᠡᠶ᠋ᠢᠯᠡᠨ ᠡᠵᠡᠮᠳᠡᠬᠦ ᠠᠵᠢᠯ᠎ᠤᠨ ᠵᠢᠯᠣᠭᠤᠳᠬᠤ ᠭᠠᠵᠠᠷ 2020 ᠣᠨ᠎ᠤ 6 ᠰᠠᠷ᠎ᠠ ᠵᠢᠨ 14᠎ᠤ ᠡᠳᠦᠷ
   

ᠢᠷᠡᠯᠲᠡ᠄ ᠦᠪᠦᠷ ᠮᠣᠩᠭᠣᠯ᠎ᠤᠨ ᠦᠪᠡᠷᠲᠡᠭᠡᠨ ᠵᠠᠰᠠᠬᠣ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠰᠦᠯᠵᠢᠶ᠎ᠡ
          
ᠬᠠᠮᠢᠶ᠎ᠡ ᠪᠦᠬᠦᠢ ᠰᠣᠨᠢᠨ
ᠪᠣᠬᠢᠷᠲᠤᠯ ᠶᠡᠬᠡᠲᠡᠶ ᠲᠦᠯᠡᠰᠢ ᠰᠢᠲᠠᠬᠤ ᠵᠢ ᠴᠠᠭ᠋ᠠᠵᠠᠯᠠᠬᠤ ᠣᠷᠣᠨ᠎ᠤ ᠬᠡᠪᠴᠢᠶᠡᠨ ᠳᠣᠲᠣᠷ᠎ᠠ ᠫᠤᠤᠵᠢᠩ ᠲᠠᠯᠪᠢᠬᠤ ᠺᠦᠩ ᠮᠢᠩ ᠳ᠋ᠧᠩ ᠳᠡᠭᠳᠡᠭᠡᠬᠦ ᠲᠦᠳᠡᠭ ᠨᠣᠴᠣᠭ᠋ᠠᠬᠤ ᠵᠢ ᠴᠠᠭ᠋ᠠᠵᠠᠯᠠᠬᠤ ᠲᠤᠬᠠᠢ ᠬᠥᠬᠡᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠵᠠᠷᠯᠠᠯ
ᠣᠢ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠬᠢᠬᠢᠷᠢ ᠵᠢᠨ ᠨᠠᠭᠤᠷ ᠥᠪᠡᠷᠲᠡᠭᠡᠨ ᠵᠠᠰᠠᠬᠤ ᠣᠷᠣᠨ᠎ᠤ ᠲᠡᠰ᠎ᠤᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠤ ᠲᠠᠯᠠᠪᠠᠢ᠂ ᠬᠦᠷᠢᠶ᠎ᠡ ᠬᠡᠪᠴᠢᠶ᠎ᠡ ᠵᠢᠴᠢ ᠴᠢᠳᠠᠮᠵᠢᠲᠤ ᠣᠷᠣᠨ᠎ᠤ ᠬᠤᠪᠢᠶᠠᠷᠢᠯᠠᠯ᠎ᠢ ᠨᠡᠶ᠋ᠢᠲᠡᠯᠡᠬᠦ ᠲᠤᠬᠠᠶ ᠮᠡᠳᠡᠭᠳᠡᠯ
ᠠᠭᠤᠯᠠ ᠤᠰᠤ ᠣᠶ ᠮᠤᠳᠤ ᠭᠠᠵᠠᠷ ᠲᠠᠷᠢᠶ᠎ᠠ ᠨᠠᠭᠤᠷ ᠪᠦᠷᠢᠳᠦ ᠡᠪᠡᠰᠦ ᠪᠡᠯᠴᠢᠭᠡᠷ᠎ᠢ ᠵᠠᠰᠠᠨ ᠰᠡᠷᠭᠦᠭᠡᠬᠦ ᠢᠨᠵᠧᠨᠧᠷᠢᠩ᠎ᠤᠨ ᠵᠦᠭᠯᠡᠭᠦᠷ᠎ᠢ ᠨᠡᠶ᠋ᠢᠲᠡᠯᠡᠵᠦ ᠨᠢᠭᠡ ᠴᠣᠭᠴᠠᠵᠢᠭᠤᠯᠤᠨ ᠬᠠᠮᠠᠭ᠋ᠠᠯᠠᠬᠤ ᠪᠠ ᠵᠠᠰᠠᠨ ᠰᠡᠷᠭᠦᠭᠡᠬᠦ ᠵᠢ ᠠᠬᠢᠭᠤᠯᠪᠠ
ᠲᠥᠪ᠎ᠤᠨ ᠨᠠᠢ᠍ᠮᠠᠳᠤᠭ᠋ᠠᠷ ᠲᠣᠭᠤᠷᠢᠨ ᠪᠠᠶ᠋ᠢᠴᠠᠭ᠋ᠠᠬᠤ ᠳᠤᠭᠤᠶ᠋ᠢᠯᠠᠩ᠎ᠤᠨ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠳᠤ ᠲᠣᠭᠤᠷᠢᠨ ᠪᠠᠶ᠋ᠢᠴᠠᠭ᠋ᠠᠬᠤ ᠬᠤᠭᠤᠴᠠᠭ᠋ᠠᠨ᠎ᠳᠠᠬᠢ ᠬᠠᠷᠢᠯᠴᠠᠬᠤ ᠠᠷᠭ᠎ᠠ ᠬᠡᠯᠪᠡᠷᠢ
ᠠᠯᠪᠠᠨ ᠵᠠᠷᠯᠠᠯ
 
             蒙ICP备05000248号