ᠬᠥᠬᠡᠬᠤᠲᠠ ᠵᠠᠰᠠᠭ ᠲᠠᠷᠬᠠᠭ᠋ᠠᠭᠰᠠᠨ [2020] 5 ᠳ᠋ᠤᠭ᠋ᠠᠷ ᠲᠣᠭ᠋ᠠᠲᠤ ᠠᠭ᠋ᠠᠷ ᠮᠠᠨᠳᠠᠯ᠎ᠤᠨ ᠴᠢᠨᠠᠷ ᠴᠢᠨᠰᠠᠭ᠎ᠠ ᠵᠢ ᠤᠯᠠᠮ ᠨᠢᠭᠡ ᠠᠯᠬᠤᠮ ᠰᠠᠶ᠋ᠢᠵᠢᠷᠠᠭᠤᠯᠵᠤ᠂ ᠭᠠᠯ ᠲᠦᠢ᠍ᠮᠡᠷ᠎ᠤᠨ ᠠᠳᠡᠯ ᠭᠠᠷᠬᠤ ᠵᠢ ᠰᠡᠷᠭᠡᠶ᠋ᠢᠯᠡᠨ ᠪᠠᠭ᠋ᠠᠰᠬᠠᠵᠤ᠂ ᠠᠮᠤᠷ ᠲᠦᠪᠰᠢᠨ᠂ ᠪᠣᠯᠪᠠᠰᠤᠨ᠂ ᠡᠶ᠎ᠡ ᠨᠠᠶ᠋ᠢᠷᠠᠮᠳᠠᠭᠤ ᠪᠠᠶᠠᠷ᠎ᠤᠨ ᠡᠳᠦᠷ᠎ᠤᠨ ᠠᠭᠤᠷ ᠠᠮᠢᠰᠬᠤᠯ᠎ᠢ ᠢᠳᠡᠪᠬᠢᠲᠡᠶ᠎ᠪᠠᠷ ᠪᠣᠶ ᠪᠣᠯᠭ᠋ᠠᠵᠤ᠂ ᠣᠯᠠᠨ ᠨᠡᠶ᠋ᠢᠲᠡ ᠵᠢᠨ ᠠᠮᠤᠷ ᠲᠦᠪᠰᠢᠨ ᠪᠣᠯᠤᠨ ᠬᠥᠮᠦᠨ᠎ᠤ ᠪᠡᠶ᠎ᠡ ᠮᠠᠬᠠᠪᠤᠳ᠂ ᠡᠳ᠋ ᠬᠥᠷᠥᠩᠭᠡ ᠵᠢᠨ ᠠᠮᠤᠷ ᠲᠦᠪᠰᠢᠨ᠎ᠢ ᠦᠨᠡᠨ ᠬᠦ᠌ ᠪᠠᠲᠤᠯᠠᠬᠤ ᠵᠢᠨ ᠲᠥᠯᠦᠭᠡ᠂ 《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠭᠠᠯ ᠤᠨᠲᠠᠷᠠᠭ᠋ᠠᠬᠤ ᠬᠠᠤᠯᠢ》᠂ 《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠠᠭ᠋ᠠᠷ ᠮᠠᠨᠳᠠᠯ᠎ᠤᠨ ᠪᠣᠬᠢᠷᠲᠤᠯ᠎ᠢ ᠰᠡᠷᠭᠡᠶ᠋ᠢᠯᠡᠨ ᠵᠠᠰᠠᠬᠤ ᠬᠠᠤᠯᠢ》᠂ 《ᠫᠤᠤᠵᠢᠩ᠎ᠤᠨ ᠠᠶᠤᠯᠭᠦᠢ ᠵᠢᠨ ᠬᠠᠮᠢᠶᠠᠷᠤᠯᠲᠠ ᠵᠢᠨ ᠳᠦᠷᠢᠮ》᠂ 《ᠬᠥᠬᠡᠬᠤᠲᠠ ᠵᠢᠨ ᠣᠷᠣᠰᠢᠭᠤᠯᠭ᠎ᠠ ᠵᠢᠨ ᠬᠠᠮᠢᠶᠠᠷᠤᠯᠲᠠ ᠵᠢᠨ ᠳᠦᠷᠢᠮ》 ᠪᠣᠯᠤᠨ 《ᠬᠥᠬᠡᠬᠤᠲᠠ ᠵᠢᠨ ᠬᠤᠲᠠ ᠵᠢᠨ ᠳᠦᠷᠢ ᠲᠥᠷᠬᠦ ᠣᠷᠴᠢᠨ ᠲᠣᠭᠤᠷᠢᠨ᠎ᠤ ᠠᠷᠢᠭᠤᠨ ᠴᠡᠪᠡᠷ᠎ᠤᠨ ᠬᠠᠮᠢᠶᠠᠷᠤᠯᠲᠠ ᠵᠢᠨ ᠳᠦᠷᠢᠮ》 ᠵᠡᠷᠭᠡ ᠬᠤᠯᠪᠣᠭᠳᠠᠯ ᠪᠦᠬᠦᠢ ᠲᠣᠭᠲᠠᠭ᠋ᠠᠯ᠎ᠢ ᠦᠨᠳᠦᠰᠦᠯᠡᠨ᠂ ᠡᠳᠦᠭᠡ ᠪᠣᠬᠢᠷᠲᠤᠯ ᠶᠡᠬᠡᠲᠡᠶ ᠲᠦᠯᠡᠰᠢ ᠰᠢᠲᠠᠬᠤ ᠵᠢ ᠴᠠᠭ᠋ᠠᠵᠠᠯᠠᠬᠤ ᠣᠷᠣᠨ᠎ᠤ ᠬᠡᠪᠴᠢᠶᠡᠨ ᠳᠣᠲᠣᠷ᠎ᠠ ᠫᠤᠤᠵᠢᠩ ᠲᠠᠯᠪᠢᠬᠤ᠂ ᠺᠦᠩ ᠮᠢᠩ ᠳ᠋ᠧᠩ ᠳᠡᠭᠳᠡᠭᠡᠬᠦ᠂ ᠲᠦᠳᠡᠭ ᠨᠣᠴᠣᠭ᠋ᠠᠬᠤ ᠵᠢ ᠴᠠᠭ᠋ᠠᠵᠠᠯᠠᠬᠤ ᠵᠡᠷᠭᠡ ᠬᠤᠯᠪᠣᠭᠳᠠᠯ ᠪᠦᠬᠦᠢ ᠵᠦᠢ᠍ᠯᠡᠰ᠎ᠢ ᠳᠣᠤᠷᠠᠬᠢ ᠮᠡᠲᠦ ᠵᠠᠷᠯᠠᠶ᠎ᠠ᠄ ᠨᠢᠭᠡ᠂ ᠪᠣᠬᠢᠷᠲᠤᠯ ᠶᠡᠬᠡᠲᠡᠶ ᠲᠦᠯᠡᠰᠢ ᠰᠢᠲᠠᠬᠤ ᠵᠢ ᠴᠠᠭ᠋ᠠᠵᠠᠯᠠᠬᠤ ᠣᠷᠣᠨ (ᠵᠡᠭᠦᠨᠰᠢ᠎ᠪᠠᠨ ᠬᠤᠲᠠ ᠵᠢ ᠲᠣᠭᠤᠷᠢᠭᠰᠠᠨ ᠲᠦᠷᠭᠡᠨ᠎ᠤ ᠵᠠᠮ᠂ ᠪᠠᠷᠠᠭᠤᠨᠰᠢ᠎ᠪᠠᠨ ᠬᠤᠲᠠ ᠵᠢ ᠲᠣᠭᠤᠷᠢᠭᠰᠠᠨ ᠲᠦᠷᠭᠡᠨ᠎ᠤ ᠵᠠᠮ᠂ ᠡᠮᠦᠨᠡᠰᠢ᠎ᠪᠠᠨ ᠬᠤᠲᠠ ᠵᠢ ᠲᠦᠷᠭᠡᠨ᠎ᠤ ᠵᠠᠮ᠂ ᠬᠤᠶ᠋ᠢᠰᠢ ᠳᠠᠯᠠᠨ ᠬᠠᠷ᠎ᠠ ᠠᠭᠤᠯᠠ)᠎ᠤ ᠬᠡᠪᠴᠢᠶᠡᠨ ᠳᠣᠲᠣᠷ᠎ᠠ ᠫᠤᠤᠵᠢᠩ ᠲᠠᠯᠪᠢᠬᠤ᠂ ᠺᠦᠩ ᠮᠢᠩ ᠳ᠋ᠧᠩ ᠳᠡᠭᠳᠡᠭᠡᠬᠦ ᠪᠠ ᠲᠦᠳᠡᠭ ᠨᠣᠴᠣᠭ᠋ᠠᠬᠤ ᠵᠢ ᠴᠠᠭ᠋ᠠᠵᠠᠯᠠᠨ᠎ᠠ; ᠬᠤᠲᠠ ᠵᠢᠨ ᠲᠣᠭᠤᠷᠢᠭ᠎ᠤᠨ ᠡᠯ᠎ᠡ ᠵᠡᠭᠡᠯᠢ ᠭᠤᠳᠤᠮᠵᠢ᠂ ᠴᠡᠴᠡᠷᠯᠢᠭ᠂ ᠲᠠᠯᠠᠪᠠᠢ ᠵᠡᠷᠭᠡ ᠣᠯᠠᠨ ᠨᠡᠶ᠋ᠢᠲᠡ ᠵᠢᠨ ᠲᠠᠯᠠᠪᠤᠷ᠎ᠲᠤ ᠴᠠᠭ᠋ᠠᠰᠤᠨ ᠵᠣᠭᠤᠰ ᠰᠠᠴᠤᠬᠤ᠂ ᠢᠯᠡ ᠭᠠᠯ ᠵᠶ᠋ᠠᠷ ᠬᠡᠩᠰᠢᠭᠦᠦ ᠲᠦᠯᠡᠬᠦ ᠵᠢ ᠴᠠᠭ᠋ᠠᠵᠠᠯᠠᠨ᠎ᠠ᠃ ᠬᠤᠶᠠᠷ᠂ ᠴᠢᠬᠤᠯᠠ ᠶᠡᠭᠡ ᠪᠠᠶᠠᠷ ᠳᠤᠷᠠᠰᠬᠠᠯ᠎ᠤᠨ ᠶᠣᠰᠣᠯᠠᠯ ᠪᠠ ᠪᠠᠶᠠᠷ᠎ᠤᠨ ᠡᠳᠦᠷ᠎ᠤᠨ ᠠᠵᠢᠯᠯᠠᠭ᠎ᠠ ᠲᠣᠬᠢᠶᠠᠯᠳᠤᠵᠤ᠂ ᠬᠤᠸᠠᠷ ᠫᠤᠤᠵᠢᠩ᠎ᠤᠨ ᠦᠳᠡᠰᠢᠯᠡᠭᠡ ᠪᠤᠶᠤ ᠪᠤᠰᠤᠳ ᠲᠣᠮᠣ ᠬᠡᠯᠪᠡᠷᠢ ᠵᠢᠨ ᠬᠤᠸᠠᠷ ᠫᠤᠤᠵᠢᠩ ᠲᠠᠯᠪᠢᠬᠤ ᠠᠵᠢᠯᠯᠠᠭ᠎ᠠ ᠵᠢ ᠡᠷᠭᠢᠯᠡᠬᠦ ᠴᠢᠬᠤᠯᠠᠲᠠᠶ ᠪᠣᠯ᠂ ᠭᠤᠤᠯᠯᠠᠨ ᠡᠷᠭᠢᠯᠡᠭᠰᠡᠨ ᠨᠢᠭᠡᠴᠡ᠎ᠠᠴᠠ ᠬᠠᠤᠯᠢ ᠶᠣᠰᠣᠭ᠋ᠠᠷ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ᠎ᠳᠤ ᠭᠤᠶᠤᠴᠢᠯᠠᠯ ᠭᠠᠷᠭ᠋ᠠᠵᠤ᠂ ᠵᠥᠪᠰᠢᠶᠡᠷᠡᠭᠦᠯᠦᠭᠰᠡᠨ᠎ᠤ ᠳᠠᠷᠠᠭ᠎ᠠ ᠰᠠᠶᠢ ᠬᠤᠸᠠᠷ ᠫᠤᠤᠵᠢᠩ ᠲᠠᠯᠪᠢᠵᠤ ᠪᠣᠯᠤᠨ᠎ᠠ᠃ ᠵᠥᠪᠰᠢᠶᠡᠷᠡᠯ ᠣᠯᠭᠤᠭᠰᠠᠨ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠫᠤᠤᠵᠢᠩ ᠲᠠᠯᠪᠢᠬᠤ ᠵᠢ ᠵᠥᠪᠰᠢᠶᠡᠷᠡᠬᠦ ᠴᠠᠭ᠂ ᠭᠠᠵᠠᠷ᠂ ᠲᠦᠷᠦᠯ ᠵᠦᠢ᠍ᠯ᠂ ᠬᠡᠪ ᠪᠠᠷᠢᠮᠵᠢᠶ᠎ᠠ᠂ ᠲᠤᠭ᠎ᠠ ᠬᠡᠮᠵᠢᠶ᠎ᠡ ᠵᠢ ᠨᠡᠶ᠋ᠢᠭᠡᠮ ᠨᠡᠶ᠋ᠢᠲᠡ᠎ᠳᠤ ᠵᠠᠷᠯᠠᠨ ᠨᠡᠶ᠋ᠢᠲᠡᠯᠡᠬᠦ ᠬᠡᠷᠡᠭᠲᠡᠶ᠃ ᠭᠤᠷᠪᠠ᠂ ᠬᠤᠷᠢᠮ᠎ᠤᠨ ᠶᠣᠰᠣᠯᠠᠯ᠂ ᠳᠠᠶ᠋ᠢᠯᠠᠯᠭ᠎ᠠ᠂ ᠣᠷᠣᠰᠢᠭᠤᠯᠭ᠎ᠠ ᠵᠢᠨ ᠶᠣᠰᠣᠯᠠᠯ᠎ᠤᠨ ᠦᠢ᠍ᠯᠡᠴᠢᠯᠡᠭᠡ ᠬᠠᠩᠭ᠋ᠠᠬᠤ ᠡᠵᠡᠩᠨᠡᠭᠴᠢ ᠮᠡᠳᠡᠭᠳᠡᠬᠦ ᠬᠠᠷᠢᠭᠤᠴᠠᠯᠭ᠎ᠠ᠎ᠪᠠᠨ ᠭᠦᠢ᠍ᠴᠡᠳᠬᠡᠵᠦ᠂ ᠫᠤᠤᠵᠢᠩ ᠲᠠᠯᠪᠢᠬᠤ ᠵᠢ ᠴᠠᠭ᠋ᠠᠵᠠᠯᠠᠬᠤ ᠬᠡᠷᠡᠭ ᠶᠠᠪᠤᠳᠠᠯ᠎ᠢ ᠡᠷᠬᠢᠯᠡᠨ ᠬᠢᠬᠦ ᠲᠠᠯ᠎ᠠ᠎ᠳᠤ ᠤᠷᠢᠳᠴᠢᠯᠠᠨ ᠪᠢᠴᠢᠭ ᠵᠶ᠋ᠠᠷ ᠮᠡᠳᠡᠭᠳᠡᠬᠦ ᠬᠡᠷᠡᠭᠲᠡᠶ᠂ ᠬᠠᠤᠯᠢ ᠵᠢ ᠵᠥᠷᠢᠴᠡᠵᠦ ᠫᠤᠤᠵᠢᠩ ᠲᠠᠯᠪᠢᠬᠤ ᠦᠢ᠍ᠯᠡᠴᠢᠯᠡᠭᠡ ᠬᠠᠩᠭ᠋ᠠᠵᠤ ᠪᠣᠯᠬᠤ ᠦᠭᠡᠢ ᠪᠥᠭᠡᠳ ᠬᠠᠤᠯᠢ ᠵᠢ ᠵᠥᠷᠢᠴᠡᠵᠦ ᠫᠤᠤᠵᠢᠩ ᠲᠠᠯᠪᠢᠭᠰᠠᠨ ᠦᠢ᠍ᠯᠡ ᠠᠵᠢᠯᠯᠠᠭ᠎ᠠ ᠵᠢ ᠢᠳᠬᠠᠨ ᠬᠤᠷᠢᠭᠯᠠᠬᠤ ᠬᠡᠷᠡᠭᠲᠡᠶ᠂ ᠢᠳᠬᠠᠨ ᠬᠤᠷᠢᠭᠯᠠᠭ᠋ᠠᠳ ᠲᠤᠰᠠ ᠭᠠᠷᠬᠤ ᠦᠭᠡᠢ ᠪᠣᠯ ᠴᠠᠭ ᠲᠤᠬᠠᠶ᠎ᠳᠤᠨᠢ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ᠎ᠳᠤ ᠮᠡᠳᠡᠭᠦᠯᠬᠦ ᠬᠡᠷᠡᠭᠲᠡᠶ᠃ ᠲᠦᠷᠪᠡ᠂ ᠲᠤᠰ ᠵᠠᠷᠯᠠᠯ᠎ᠤᠨ ᠲᠣᠭᠲᠠᠭ᠋ᠠᠯ᠎ᠢ ᠵᠥᠷᠢᠴᠡᠭᠰᠡᠨ᠎ᠢ᠂ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ ᠪᠠ ᠬᠤᠳᠠ ᠵᠢᠨ ᠬᠠᠮᠢᠶᠠᠷᠤᠯᠲᠠ ᠵᠢᠨ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ᠎ᠠᠴᠠ ᠬᠠᠤᠯᠢ ᠶᠣᠰᠣᠭ᠋ᠠᠷ ᠰᠢᠢ᠍ᠳᠬᠡᠨ᠎ᠡ; ᠲᠣᠰ ᠵᠠᠷᠯᠠᠯ᠎ᠠᠴᠠ ᠵᠥᠷᠢᠴᠡᠨ ᠭᠠᠯ᠎ᠤᠨ ᠠᠶᠤᠯ᠎ᠤᠨ ᠠᠳᠡᠯ ᠭᠠᠷᠭ᠋ᠠᠭᠰᠠᠨ ᠨᠢᠭᠡᠴᠡ ᠪᠣᠯᠤᠨ ᠬᠤᠪᠢ ᠬᠥᠮᠦᠨ᠎ᠢ ᠬᠤᠲᠠ ᠵᠢᠨ ᠭᠠᠯ ᠤᠨᠲᠠᠷᠠᠭ᠋ᠠᠬᠤ ᠠᠪᠤᠷᠠᠨ ᠲᠤᠰᠠᠯᠠᠬᠤ ᠪᠠᠶ᠋ᠢᠭᠤᠯᠤᠮᠵᠢ᠎ᠠᠴᠠ 《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠭᠠᠯ ᠤᠨᠲᠠᠷᠠᠭ᠋ᠠᠬᠤ ᠬᠠᠤᠯᠢ》 ᠵᠢ ᠦᠨᠳᠦᠰᠦᠯᠡᠨ ᠰᠢᠢ᠍ᠳᠬᠡᠨ ᠲᠣᠷᠭ᠋ᠠᠨ᠎ᠠ; ᠶᠠᠯ᠎ᠠ ᠪᠤᠯᠵᠦ ᠪᠦᠷᠢᠯᠳᠦᠭᠰᠡᠨ ᠪᠠᠶ᠋ᠢᠪᠠᠯ᠂ ᠬᠠᠤᠯᠢ ᠴᠠᠭ᠋ᠠᠵᠠ ᠵᠢᠨ ᠪᠠᠶ᠋ᠢᠭᠤᠯᠭ᠎ᠠ᠎ᠳᠤ ᠰᠢᠯᠵᠢᠭᠦᠯᠦᠨ ᠥᠭᠴᠦ ᠬᠠᠤᠯᠢ ᠶᠣᠰᠣᠭ᠋ᠠᠷ ᠡᠷᠡᠭᠦᠤ ᠵᠢᠨ ᠬᠠᠷᠢᠭᠤᠴᠠᠯᠭ᠎ᠠ ᠨᠡᠬᠡᠮᠵᠢᠯᠡᠨ᠎ᠡ᠃ ᠲᠠᠪᠤ᠂ ᠲᠤᠰ 《ᠵᠠᠷᠯᠠᠯ》᠎ᠢ ᠨᠡᠶ᠋ᠢᠲᠡᠯᠡᠭᠰᠡᠨ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃ ᠠᠳᠡ ᠣᠨᠴᠠᠭ᠋ᠠᠶ᠋ᠢᠯᠠᠨ ᠵᠠᠷᠯᠠᠪᠠ᠃
ᠬᠥᠬᠡᠬᠤᠲᠠ ᠵᠢᠨ ᠠᠷᠠᠳ᠎ᠤᠨ ᠵᠠᠰᠠᠭ᠎ᠤᠨ ᠣᠷᠳᠣᠨ
2020 ᠣᠨ᠎ᠤ 1 ᠰᠠᠷ᠎ᠠ ᠵᠢᠨ 21᠎ᠤ ᠡᠳᠦᠷ