ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠯᠪᠠᠨ ᠨᠡᠶ᠋ᠢᠲᠡᠯᠡᠯ
ᠠᠭᠤᠯᠠ ᠤᠰᠤ ᠣᠶ ᠮᠤᠳᠤ ᠭᠠᠵᠠᠷ ᠲᠠᠷᠢᠶ᠎ᠠ ᠨᠠᠭᠤᠷ ᠪᠦᠷᠢᠳᠦ ᠡᠪᠡᠰᠦ ᠪᠡᠯᠴᠢᠭᠡᠷ᠎ᠢ ᠵᠠᠰᠠᠨ ᠰᠡᠷᠭᠦᠭᠡᠬᠦ ᠢᠨᠵᠧᠨᠧᠷᠢᠩ᠎ᠤᠨ ᠵᠦᠭᠯᠡᠭᠦᠷ᠎ᠢ ᠨᠡᠶ᠋ᠢᠲᠡᠯᠡᠵᠦ ᠨᠢᠭᠡ ᠴᠣᠭᠴᠠᠵᠢᠭᠤᠯᠤᠨ ᠬᠠᠮᠠᠭ᠋ᠠᠯᠠᠬᠤ ᠪᠠ ᠵᠠᠰᠠᠨ ᠰᠡᠷᠭᠦᠭᠡᠬᠦ ᠵᠢ ᠠᠬᠢᠭᠤᠯᠪᠠ
ᠨᠡᠶ᠋ᠢᠲᠡᠯᠡᠭᠰᠡᠨ ᠴᠠᠭ᠄ 2020-09-23

      ᠠᠷᠠᠳ᠎ᠤᠨ ᠡᠳᠦᠷ᠎ᠤᠨ ᠰᠣᠨᠢᠨ᠎ᠤ ᠪᠡᠭᠡᠵᠢᠩ᠎ᠤᠨ 9 ᠰᠠᠷ᠎ᠠ ᠵᠢᠨ 22᠎ᠤᠨ ᠡᠳᠦᠷ᠎ᠤᠨ ᠮᠡᠳᠡᠭᠡ  (ᠰᠤᠷᠪᠤᠯᠵᠢᠯᠠᠭᠴᠢ ᠵᠤ᠌ ᠵᠢᠤᠸᠠᠨ) ᠰᠤᠷᠪᠤᠯᠵᠢᠯᠠᠭᠴᠢ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠶᠠᠮᠤᠨ᠎ᠠᠴᠠ ᠣᠶ᠋ᠢᠯᠠᠭ᠋ᠠᠭᠰᠠᠨ ᠵᠶ᠋ᠠᠷ᠄   ᠪᠠᠶ᠋ᠢᠭ᠋ᠠᠯᠢ ᠵᠢᠨ ᠡᠬᠢ ᠪᠠᠶᠠᠯᠢᠭ᠎ᠤᠨ ᠶᠠᠮᠤᠨ᠎ᠤ ᠠᠯᠪᠠᠨ ᠲᠢᠩᠬᠢᠮ᠂ ᠡᠳ᠋᠎ᠤᠨ ᠵᠠᠰᠠᠭ᠎ᠤᠨ ᠶᠠᠮᠤᠨ᠎ᠤ ᠠᠯᠪᠠᠨ ᠲᠢᠩᠬᠢᠮ᠂ ᠠᠮᠢ ᠠᠬᠤᠶ ᠵᠢᠨ ᠣᠷᠴᠢᠨ ᠲᠤᠭᠤᠷᠢᠨ᠎ᠤ ᠶᠠᠮᠤᠨ᠎ᠤ ᠠᠯᠪᠠᠨ ᠲᠢᠩᠬᠢᠮ ᠲᠦᠷᠦᠭᠦᠬᠡᠨ ᠬᠠᠮᠲᠤᠷᠠᠨ 《ᠠᠭᠤᠯᠠ ᠤᠰᠤ ᠣᠶ ᠮᠤᠳᠤ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ᠎ᠤᠨ ᠠᠮᠢ ᠠᠬᠤᠶ ᠵᠢ ᠬᠠᠮᠠᠭ᠋ᠠᠯᠠᠨ ᠰᠡᠷᠭᠦᠭᠡᠬᠦ   ᠢᠨᠵᠧᠨᠧᠷᠢᠩ᠎ᠤᠨ ᠵᠦᠭᠯᠡᠭᠦᠷ (ᠲᠤᠷᠰᠢᠨ ᠬᠡᠷᠡᠭᠵᠢᠭᠦᠯᠬᠦ)》 (ᠳᠣᠷᠣᠭᠰᠢ 《ᠵᠦᠭᠯᠡᠭᠦᠷ》 ᠭᠡᠵᠦ ᠲᠣᠪᠴᠢᠯᠠᠨ᠎ᠠ)᠎ᠢ ᠳᠠᠷᠤᠮᠠᠯᠯᠠᠨ ᠲᠠᠷᠬᠠᠭ᠋ᠠᠵᠤ᠂ ᠡᠯ᠎ᠡ ᠭᠠᠵᠠᠷ᠎ᠤᠨ ᠠᠭᠤᠯᠠ ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ᠎ᠤᠨ ᠠᠮᠢ ᠠᠬᠤᠶ ᠵᠢ ᠬᠠᠮᠠᠭ᠋ᠠᠯᠠᠨ ᠰᠡᠷᠭᠦᠭᠡᠬᠦ ᠢᠨᠵᠧᠨᠧᠷᠢᠩ (ᠳᠣᠷᠣᠭᠰᠢ 《ᠠᠭᠤᠯᠠ ᠤᠰᠤᠨ᠎ᠤ ᠢᠨᠵᠧᠨᠧᠷᠢᠩ》 ᠭᠡᠵᠦ ᠲᠣᠪᠴᠢᠯᠠᠨ᠎ᠠ)᠎ᠤᠨ ᠬᠡᠷᠡᠭᠵᠢᠭᠦᠯᠦᠯᠲᠡ ᠵᠢ ᠪᠥᠬᠥ ᠲᠠᠯ᠎ᠠ᠎ᠪᠠᠷ ᠵᠢᠯᠣᠭᠣᠳᠤᠨ ᠵᠢᠷᠤᠮᠵᠢᠭᠤᠯᠵᠤ᠂ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ᠎ᠢ ᠨᠢᠭᠡ ᠴᠤᠭᠴᠠᠵᠢᠭᠤᠯᠤᠨ ᠬᠠᠮᠠᠭ᠋ᠠᠯᠠᠬᠤ ᠪᠠ ᠵᠠᠰᠠᠨ ᠰᠡᠷᠭᠦᠭᠡᠬᠦ ᠵᠢ ᠠᠬᠢᠭᠤᠯᠪᠠ᠃        
      ᠪᠠᠶ᠋ᠢᠭ᠋ᠠᠯᠢ ᠵᠢᠨ ᠡᠬᠢ ᠪᠠᠶᠠᠯᠢᠭ᠎ᠤᠨ ᠶᠠᠮᠤᠨ᠎ᠤ ᠠᠮᠢ ᠠᠬᠤᠶ ᠵᠢ ᠵᠠᠰᠠᠨ ᠰᠡᠷᠭᠦᠭᠡᠬᠦ ᠵᠤᠷᠭ᠋ᠠᠨ᠎ᠤ   ᠬᠣᠯᠪᠣᠭᠳᠠᠯ ᠪᠦᠬᠦᠢ ᠬᠠᠷᠢᠭᠤᠴᠠᠯᠭ᠋ᠠᠲᠠᠨ ᠢᠯᠡᠷᠬᠡᠶ᠋ᠢᠯᠡᠬᠦ᠎ᠳᠡᠭᠡᠨ᠂ 《ᠡᠨᠡ ᠪᠣᠯ ᠮᠠᠨ᠎ᠤ ᠤᠯᠤᠰ ᠠᠡᠭᠬ᠎ᠠ ᠤᠳᠠᠭ᠎ᠠ ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠪᠣᠯ ᠠᠮᠢ ᠨᠠᠰᠤᠨ᠎ᠤ ᠬᠠᠮᠲᠤ ᠵᠢᠨ ᠴᠣᠭᠴᠠ ᠮᠦᠨ ᠬᠡᠳᠡᠭ ᠤᠢ᠍ᠢ᠍ᠯᠠᠭ᠋ᠠᠭᠳᠠᠬᠤᠨ ᠶᠣᠰᠣᠭ᠋ᠠᠷ ᠮᠠᠨ᠎ᠤ ᠤᠯᠤᠰ᠎ᠤᠨ ᠠᠮᠢ ᠠᠬᠤᠢ ᠵᠢ ᠬᠠᠮᠠᠭ᠋ᠠᠯᠠᠵᠤ ᠵᠠᠰᠠᠨ ᠰᠡᠷᠭᠦᠭᠡᠬᠦ ᠦᠢ᠍ᠯᠡᠳᠦᠯᠭᠡ ᠵᠢ ᠰᠢᠰᠲᠸᠮ᠎ᠲᠠᠢ ᠵᠢᠯᠣᠭᠣᠳᠴᠤ ᠪᠠᠢ᠌ᠭ᠎ᠠ ᠶᠡᠷᠦᠩᠬᠡᠢ ᠲᠦᠷᠢᠮ᠎ᠤᠨ ᠰᠢᠨᠵᠢ ᠴᠢᠨᠠᠷ᠎ᠲᠠᠢ ᠵᠢᠷᠤᠮᠵᠢᠯ ᠮᠦᠨ᠂ ᠴᠢᠬᠤᠯᠠ   ᠪᠡᠯᠭᠡ ᠲᠡᠮᠳᠡᠭ᠎ᠤᠨ ᠴᠢᠨᠠᠷᠲᠠᠢ ᠦᠷ᠎ᠡ ᠪᠦᠲᠦᠭᠡᠯ ᠮᠦᠨ》 ᠬᠡᠪᠡ᠃        
     《ᠵᠦᠭᠯᠡᠭᠦᠷ》᠎ᠲᠤ᠂ 《ᠠᠭᠤᠯᠠ ᠤᠰᠤᠨ᠎ᠤ ᠢᠨᠵᠧᠨᠧᠷᠢᠩ》᠎ᠢ ᠬᠡᠷᠡᠭᠵᠢᠭᠦᠯᠬᠦ᠎ᠳᠤ ᠠᠮᠢ ᠠᠬᠤᠶ ᠵᠢ ᠤᠷᠢᠳ ᠵᠶ᠋ᠠᠷ ᠪᠣᠳᠣᠯᠬᠢᠯᠠᠵᠤ ᠪᠣᠬᠢᠷᠲᠤᠯ ᠥᠬᠡᠶ ᠬᠥᠭᠵᠢᠭᠦᠯᠬᠦ᠂ ᠠᠶᠠᠨᠳᠠᠭ᠋ᠠᠨ ᠰᠡᠷᠭᠦᠭᠡᠬᠦ᠎ᠪᠠᠷ ᠭᠣᠤᠯ ᠪᠣᠯᠭ᠋ᠠᠵᠤ ᠬᠥᠮᠦᠨ᠎ᠤ ᠬᠦᠴᠦ᠎ᠪᠠᠷ ᠵᠠᠰᠠᠨ ᠰᠡᠷᠭᠦᠭᠡᠬᠦ᠎ᠪᠠᠷ ᠬᠠᠪᠰᠤᠷᠤᠮᠵᠢ ᠪᠣᠯᠭ᠋ᠠᠬᠤ᠂ ᠨᠢᠭᠡᠳᠦᠯᠲᠡᠶ ᠲᠥᠯᠥᠪᠵᠢᠭᠦᠯᠦᠨ ᠶᠡᠷᠦᠩᠬᠡᠶ᠋ᠢᠯᠡᠨ ᠵᠠᠰᠠᠬᠤ᠂ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠵᠤ ᠰᠢᠨᠵᠢᠯᠡᠬᠦ ᠤᠬᠠᠭ᠋ᠠᠨᠴᠢ᠎ᠪᠠᠷ ᠵᠠᠰᠠᠨ ᠰᠡᠷᠭᠦᠭᠡᠬᠦ᠂ ᠠᠵᠤ ᠠᠬᠤᠢ ᠵᠢ ᠵᠦᠢ   ᠵᠣᠬᠢᠰᠲᠠᠢ   ᠬᠦᠭᠵᠢᠭᠦᠯᠵᠦ ᠦᠷ᠎ᠡ ᠠᠰᠢᠭ᠎ᠢ ᠶᠡᠷᠦᠡᠭᠭᠡᠢ᠍ᠢ᠍ᠯᠡᠭᠦ ᠵᠢ ᠪᠠᠬᠳᠠᠭ᠋ᠠᠬᠰᠠᠨ 5 ᠲᠠᠯ᠎ᠠ ᠵᠢᠨ ᠬᠠᠮᠠᠭ᠋ᠠᠯᠠᠵᠤ ᠵᠠᠰᠠᠨ ᠰᠡᠷᠭᠦᠭᠡᠭᠦ   ᠵᠠᠷᠴᠢᠮ᠎ᠢ   ᠵᠢᠷᠤᠮᠯᠠᠬᠤ ᠬᠡᠷᠡᠭᠲᠡᠢ ᠭᠡᠵᠦ ᠲᠤᠳᠤᠷᠬᠠᠢ ᠲᠤᠬᠳᠠᠭ᠋ᠠᠪᠠ᠃

ᠢᠷᠡᠯᠲᠡ᠄ ᠠᠷᠠᠳ᠎ᠤᠨ ᠰᠦᠯᠵᠢᠶ᠎ᠡ
          
ᠬᠠᠮᠢᠶ᠎ᠡ ᠪᠦᠬᠦᠢ ᠰᠣᠨᠢᠨ
ᠲᠥᠪ᠎ᠤᠨ ᠨᠠᠢ᠍ᠮᠠᠳᠤᠭ᠋ᠠᠷ ᠲᠣᠭᠤᠷᠢᠨ ᠪᠠᠶ᠋ᠢᠴᠠᠭ᠋ᠠᠬᠤ ᠳᠤᠭᠤᠶ᠋ᠢᠯᠠᠩ᠎ᠤᠨ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠳᠤ ᠲᠣᠭᠤᠷᠢᠨ ᠪᠠᠶ᠋ᠢᠴᠠᠭ᠋ᠠᠬᠤ ᠬᠤᠭᠤᠴᠠᠭ᠋ᠠᠨ᠎ᠳᠠᠬᠢ ᠬᠠᠷᠢᠯᠴᠠᠬᠤ ᠠᠷᠭ᠎ᠠ ᠬᠡᠯᠪᠡᠷᠢ
ᠠᠯᠪᠠᠨ ᠵᠠᠷᠯᠠᠯ
ᠬᠠᠮᠤᠭ᠎ᠤᠨ ᠰᠢᠨ᠎ᠡ ᠮᠡᠳᠡᠭᠳᠡᠯ! ᠭᠠᠳᠠᠭ᠋ᠠᠳᠤ᠎ᠠᠴᠠ ᠣᠷᠣᠭᠤᠯᠬᠤ ᠬᠦᠢ᠍ᠲᠡᠨ ᠬᠡᠯᠬᠢᠶᠡᠲᠦ ᠢᠳᠡᠭᠡᠨ᠎ᠢ ᠤᠷᠢᠳᠴᠢᠯᠠᠨ ᠰᠡᠷᠭᠡᠶ᠋ᠢᠯᠡᠬᠦ ᠴᠢᠨᠠᠷᠲᠠᠶ ᠪᠦᠬᠦ ᠲᠠᠯ᠎ᠠ᠎ᠪᠠᠷ ᠠᠷᠢᠭᠤᠳᠬᠠᠬᠤ ᠠᠵᠢᠯ᠎ᠤᠨ ᠲᠥᠰᠦᠯ᠎ᠢ ᠨᠡᠶ᠋ᠢᠲᠡᠯᠡᠪᠡ
ᠤᠯᠤᠰ᠎ᠤᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ 48 ᠵᠦᠢ᠍ᠯ᠎ᠤᠨ ᠣᠶ ᠰᠢᠭᠤᠶ ᠵᠢᠨ ᠠᠵᠢᠯ ᠲᠥᠷᠥᠯ᠎ᠤᠨ ᠪᠠᠷᠢᠮᠵᠢᠶ᠎ᠠ ᠵᠢ ᠰᠢᠨ᠎ᠡ᠎ᠪᠠᠷ ᠨᠡᠶ᠋ᠢᠲᠡᠯᠡᠪᠡ
《ᠪᠡᠯᠴᠢᠭᠡᠷᠯᠡᠭᠦᠯᠬᠦ ᠵᠢ ᠴᠠᠭ᠋ᠠᠵᠠᠯᠠᠬᠤ᠂ ᠪᠡᠯᠴᠢᠭᠡᠷ᠎ᠢ ᠠᠮᠠᠷᠠᠭᠤᠯᠬᠤ ᠪᠠ ᠮᠠᠯ ᠪᠡᠯᠴᠢᠭᠡᠷ᠎ᠢ ᠲᠡᠩᠴᠡᠭᠦᠷᠢ᠎ᠲᠠᠢ ᠪᠠᠶ᠋ᠢᠯᠭ᠋ᠠᠬᠤ ᠠᠵᠢᠯ᠎ᠢ ᠤᠯᠠᠮ ᠨᠢᠭᠡ ᠠᠯᠬᠤᠮ ᠴᠢᠩᠭ᠋ᠠᠳᠬᠠᠬᠤ ᠲᠤᠬᠠᠶ ᠵᠢᠯᠣᠭᠣᠳᠬᠤ ᠰᠠᠨᠠᠯ》᠎ᠳᠤ ᠵᠠᠰᠠᠪᠤᠷᠢ ᠣᠷᠣᠭᠤᠯᠬᠤ ᠰᠠᠨᠠᠯ ᠬᠤᠷᠢᠶᠠᠬᠤ ᠲᠤᠬᠠᠶ ᠵᠠᠬᠢᠳᠠᠯ
 
             蒙ICP备05000248号