ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠲᠣᠬᠢᠷᠠᠭᠤᠯᠤᠯᠲᠠ ᠪᠠᠶ᠋ᠢᠷᠢᠯᠠᠭᠤᠯᠤᠯᠲᠠ ᠵᠢ ᠦᠨᠳᠦᠰᠦᠯᠡᠨ᠂ 2021 ᠣᠨ᠎ᠳᠤ ᠪᠥᠬᠥ ᠣᠷᠣᠨ᠎ᠤ ᠬᠡᠪᠴᠢᠶᠡᠨ᠎ᠳᠤ ᠨᠤᠲᠤᠭ ᠪᠡᠯᠴᠢᠭᠡᠷ ᠣᠶ᠋ᠢᠲᠤ ᠭᠠᠵᠠᠷ᠎ᠢ ᠡᠪᠳᠡᠭᠰᠡᠨ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠴᠡᠭᠴᠡᠯᠡᠨ ᠵᠠᠰᠠᠬᠤ ᠲᠤᠰᠬᠠᠶ ᠠᠵᠢᠯᠯᠠᠭ᠎ᠠ ᠵᠢ ᠨᠢᠭᠡ ᠵᠢᠯ᠎ᠤᠨ ᠬᠤᠭᠤᠴᠠᠭ᠎ᠠ᠎ᠲᠠᠢ ᠥᠷᠨᠢᠭᠦᠯᠦᠨ᠎ᠡ᠂ ᠨᠡᠶ᠋ᠢᠭᠡᠮ᠎ᠤᠨ ᠡᠯ᠎ᠡ ᠡᠲᠡᠭᠡᠳ᠂ ᠥᠷᠭᠡᠨ ᠣᠯᠠᠨ ᠠᠷᠠᠳ ᠲᠦᠮᠡᠨ᠎ᠤ ᠤᠷᠤᠰᠢᠵᠤ ᠪᠠᠢ᠌ᠭ᠎ᠠ ᠠᠰᠠᠭᠤᠳᠠᠯ᠎ᠢ ᠦᠨᠡᠨ ᠪᠣᠳᠠᠲᠠᠶ᠎ᠪᠠᠷ ᠲᠤᠰᠬᠠᠬᠤ ᠵᠢ ᠬᠦᠰᠡᠨ ᠨᠠᠢ᠌ᠳᠠᠵᠤ ᠪᠠᠢ᠌ᠨ᠎ᠠ᠃
ᠨᠢᠭᠡ᠂ ᠢᠯᠡᠴᠢᠯᠡᠨ ᠮᠡᠳᠡᠭᠦᠯᠬᠦ ᠬᠡᠪᠴᠢᠶ᠎ᠡ
2010 ᠣᠨ᠎ᠠᠴᠠ ᠨᠠᠰᠢᠬᠢ ᠬᠠᠤᠯᠢ ᠲᠣᠭᠲᠠᠭ᠋ᠠᠯ᠎ᠠᠴᠠ ᠵᠥᠷᠢᠴᠡᠨ ᠨᠤᠲᠤᠭ ᠪᠡᠯᠴᠢᠭᠡᠷ ᠤᠢ᠌ᠲᠤ ᠭᠠᠵᠠᠷ᠎ᠢ ᠡᠪᠳᠡᠭᠰᠡᠨ ᠡᠯ᠎ᠡ ᠲᠥᠷᠥᠯ᠎ᠤᠨ ᠦᠢ᠍ᠯᠡ ᠠᠵᠢᠯᠯᠠᠭ᠎ᠠ᠂ ᠢᠯᠠᠩᠭᠤᠶ᠎ᠠ ᠲᠥᠪ᠎ᠤᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠰᠢᠮᠳᠠᠭᠤᠯᠤᠨ ᠪᠠᠶ᠋ᠢᠴᠠᠭ᠋ᠠᠯᠲᠠ ᠵᠢ ᠥᠷᠨᠢᠭᠦᠯᠦᠭᠰᠡᠨ᠎ᠠᠴᠠ ᠨᠠᠰᠢᠬᠢ ᠬᠠᠦᠯᠢ᠎ᠠᠴᠠ ᠵᠦᠷᠢᠴᠡᠭᠰᠡᠨ ᠠᠵᠢᠯᠯᠠᠭ᠎ᠠ᠂ ᠬᠠᠤᠯᠢ ᠲᠣᠭᠲᠠᠭ᠋ᠠᠯ᠎ᠠᠴᠠ ᠵᠥᠷᠢᠴᠡᠨ ᠨᠤᠲᠤᠭ ᠪᠡᠯᠴᠢᠭᠡᠷ ᠤᠢ᠌ᠲᠤ ᠭᠠᠵᠠᠷ᠎ᠢ ᠡᠪᠳᠡᠭᠰᠡᠨ᠂ ᠠᠮᠢ ᠠᠬᠤᠶ ᠵᠢᠨ ᠣᠷᠴᠢᠨ ᠲᠣᠭᠣᠷᠢᠨ᠎ᠳᠤ ᠬᠣᠬᠢᠷᠠᠯ ᠤᠴᠠᠷᠠᠭᠤᠯᠤᠭᠰᠠᠨ ᠵᠡᠷᠭᠡ ᠠᠰᠠᠭᠤᠳᠠᠯ; 2010 ᠣᠨ᠎ᠠᠴᠠ ᠨᠠᠰᠢᠬᠢ ᠨᠤᠲᠤᠭ ᠪᠡᠯᠴᠢᠭᠡᠷ ᠤᠢ᠌ᠲᠤ ᠭᠠᠵᠠᠷ᠎ᠢ ᠬᠠᠦᠯᠢ ᠲᠣᠭᠲᠠᠭ᠋ᠠᠯ᠎ᠠᠴᠠ ᠵᠥᠷᠢᠴᠡᠨ ᠡᠪᠳᠡᠭᠰᠡᠨ ᠦᠢ᠍ᠯᠡ ᠠᠵᠢᠯᠯᠠᠭ᠎ᠠ ᠵᠢ ᠲᠤᠬᠢᠷᠠᠮᠵᠢ ᠦᠭᠡᠢ ᠰᠢᠢ᠍ᠳᠪᠦᠷᠢᠯᠡᠭᠰᠡᠨ᠂ ᠲᠣᠷᠭ᠋ᠠᠬᠤ᠎ᠪᠠᠷ ᠡᠷᠡᠭᠦᠤ ᠰᠢᠳᠬᠡᠯ᠎ᠢ ᠣᠷᠣᠯᠠᠭᠤᠯᠤᠭᠰᠠᠨ ᠵᠡᠷᠭᠡ ᠠᠰᠠᠭᠤᠳᠠᠯ᠃
ᠬᠣᠶᠠᠷ᠂ ᠢᠯᠡᠴᠢᠯᠡᠨ ᠮᠡᠳᠡᠭᠦᠯᠬᠦ ᠠᠷᠭ᠎ᠠ ᠮᠠᠶᠢᠭ
ᠮᠠᠨ᠎ᠤ ᠣᠷᠣᠨ᠎ᠤ ᠨᠤᠲᠤᠭ ᠪᠡᠯᠴᠢᠭᠡᠷ ᠣᠶ᠋ᠢᠲᠤ ᠭᠠᠵᠠᠷ᠎ᠢ ᠡᠪᠳᠡᠭᠰᠡᠨ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠠᠵᠢᠯᠯᠠᠭ᠎ᠠ ᠵᠢᠨ ᠰᠦᠪᠡᠭᠴᠢ ᠵᠢ ᠨᠡᠶ᠋ᠢᠭᠡᠮ᠎ᠤᠨ ᠡᠯ᠎ᠡ ᠡᠲᠡᠭᠡᠳ᠎ᠤᠨ᠎ᠬᠢᠨ ᠢᠯᠡᠴᠢᠯᠡᠨ ᠮᠡᠳᠡᠬᠦᠯᠬᠦ ᠵᠢ ᠬᠦᠰᠡᠨ ᠨᠠᠢ᠌ᠳᠠᠵᠤ ᠪᠠᠢ᠌ᠨ᠎ᠠ᠃ ᠲᠤᠰᠬᠠᠶ ᠴᠡᠭᠴᠡᠯᠡᠨ ᠵᠠᠰᠠᠬᠤ ᠠᠵᠢᠯᠲᠠᠨ ᠢᠯᠡᠴᠢᠯᠡᠨ ᠮᠡᠳᠡᠭᠦᠯᠦᠭᠴᠢ ᠪᠠ ᠢᠯᠡᠴᠢᠯᠡᠨ ᠮᠡᠳᠡᠭᠦᠯᠦᠭᠰᠡᠨ ᠠᠭᠤᠯᠭ᠎ᠠ ᠵᠢᠨ ᠨᠢᠭᠤᠴᠠ ᠵᠢ ᠴᠢᠩᠭ᠎ᠠ ᠬᠠᠮᠠᠭ᠋ᠠᠯᠠᠵᠤ᠂ ᠢᠯᠡᠴᠢᠯᠡᠨ ᠮᠡᠳᠡᠭᠦᠯᠦᠭᠴᠢ ᠵᠢᠨ ᠬᠠᠤᠯᠢ ᠶᠣᠰᠣᠨ᠎ᠤ ᠡᠷᠬᠡ ᠠᠰᠢᠭ᠎ᠢ ᠬᠠᠮᠠᠭ᠋ᠠᠯᠠᠨ᠎ᠠ᠃
ᠵᠠᠬᠢᠳᠠᠯ ᠢᠷᠡᠬᠦᠯᠬᠦ ᠬᠠᠶᠢᠭ᠄ ᠬᠥᠬᠡᠬᠣᠲᠠ ᠵᠢᠨ ᠰᠠᠶ᠋ᠢᠬᠠᠨ ᠲᠣᠭᠣᠷᠢᠭ᠎ᠤᠨ ᠰᠢᠤᠸᠠᠢ ᠶᠤᠸᠠᠨ ᠵᠡᠭᠦᠨ ᠵᠡᠭᠡᠯᠢ ᠵᠢᠨ 23 ᠳ᠋ᠤᠭ᠋ᠠᠷ ᠨᠣᠮᠧᠷ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠨᠤᠲᠤᠭ ᠪᠡᠯᠴᠢᠭᠡᠷ ᠣᠶ᠋ᠢᠲᠤ ᠭᠠᠵᠠᠷ᠎ᠢ ᠡᠪᠳᠡᠭᠰᠡᠨ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠢᠯᠡᠴᠢᠯᠡᠨ ᠮᠡᠳᠡᠬᠦᠯᠬᠦ ᠵᠢ ᠭᠥᠯᠢᠶᠡᠨ ᠠᠪᠴᠤ ᠰᠢᠢ᠍ᠳᠪᠦᠷᠢᠯᠡᠬᠦ ᠲᠥᠪ
ᠰᠤᠷᠪᠤᠯᠵᠢᠯᠠᠭ᠎ᠠ ᠵᠢᠨ ᠬᠠᠶᠢᠭ᠄ ᠬᠥᠬᠡᠬᠣᠲᠠ ᠵᠢᠨ ᠰᠠᠶ᠋ᠢᠬᠠᠨ ᠲᠣᠭᠣᠷᠢᠭ᠎ᠤᠨ ᠰᠢᠤᠸᠠᠢ ᠶᠤᠸᠠᠨ ᠵᠡᠭᠦᠨ ᠵᠡᠭᠡᠯᠢ ᠵᠢᠨ 23 ᠳ᠋ᠤᠭ᠋ᠠᠷ ᠨᠣᠮᠧᠷ ᠥᠪᠥᠷ ᠮᠣᠩᠭᠣᠯ᠎ᠤᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ
ᠢᠯᠡᠴᠢᠯᠡᠨ ᠮᠡᠳᠡᠭᠦᠯᠬᠦ ᠤᠲᠠᠰᠤ᠄ 0471 - 3380338
0471 - 3380433᠃
ᠬᠦᠯᠢᠶᠡᠨ ᠠᠪᠬᠤ ᠴᠠᠭ᠄ ᠭᠠᠷᠠᠭ᠎ᠤᠨ ᠨᠢᠭᠡᠨ᠎ᠠᠴᠠ ᠭᠠᠷᠠᠭ᠎ᠤᠨ ᠲᠠᠪᠤᠨ᠎ᠤ ᠦᠳᠡ ᠵᠢᠨ ᠡᠮᠦᠨ᠎ᠡ 8᠄ 30—12᠄ 00᠂ ᠦᠳᠡ ᠵᠢᠨ ᠬᠣᠶ᠋ᠢᠨ᠎ᠠ 14᠄ 30—17᠄ 30
ᠢᠯᠡᠴᠢᠯᠡᠨ ᠮᠡᠳᠡᠭᠦᠯᠬᠦ ᠢᠮᠧᠯ᠄ lcjzxbgs @ 163 . com
ᠥᠪᠡᠷᠲᠡᠭᠡᠨ ᠵᠠᠰᠠᠬᠤ ᠣᠷᠣᠨ᠎ᠤ ᠨᠤᠲᠤᠭ ᠪᠡᠯᠴᠢᠭᠡᠷ ᠣᠶ᠋ᠢᠲᠤ ᠭᠠᠵᠠᠷ᠎ᠢ ᠡᠪᠳᠡᠭᠰᠡᠨ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠴᠡᠭᠴᠡᠯᠡᠨ ᠵᠠᠰᠠᠬᠤ ᠲᠤᠰᠬᠠᠶ ᠠᠵᠢᠯ᠎ᠤᠨ ᠤᠳᠤᠷᠢᠳᠬᠤ ᠳᠤᠭᠤᠶ᠋ᠢᠯᠠᠩ᠎ᠤᠨ ᠶᠡᠷᠦᠩᠬᠡᠶ᠋ᠢᠯᠡᠨ ᠵᠣᠬᠢᠴᠠᠭᠤᠯᠬᠤ ᠳᠤᠭᠤᠶ᠋ᠢᠯᠠᠩ
2021 ᠣᠨ᠎ᠤ 3 ᠰᠠᠷ᠎ᠠ ᠵᠢᠨ 2᠎ᠤᠨ ᠡᠳᠦᠷ᠃