ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠯᠪᠠᠨ ᠨᠡᠶ᠋ᠢᠲᠡᠯᠡᠯ
ᠰᠢᠯᠢ ᠵᠢᠨ ᠭᠤᠤᠯ ᠠᠶ᠋ᠢᠮᠠᠭ ᠪᠡᠯᠴᠢᠭᠡᠷᠯᠡᠭᠦᠯᠬᠦ ᠵᠢ ᠴᠠᠭ᠋ᠠᠵᠠᠯᠠᠬᠤ ᠪᠠ ᠮᠠᠯ ᠪᠡᠯᠴᠢᠭᠡᠷ᠎ᠢ ᠲᠡᠩᠴᠡᠭᠦᠷᠢ᠎ᠲᠠᠢ ᠪᠠᠶ᠋ᠢᠯᠭ᠋ᠠᠬᠤ ᠲᠦᠷᠢᠮ᠎ᠢ ᠴᠢᠩᠭ᠎ᠠ ᠨᠠᠢ᠌ᠳᠠᠪᠤᠷᠢᠵᠢᠭᠤᠯᠬᠤ ᠵᠢᠯᠣᠭᠣᠳᠬᠤ ᠰᠠᠨᠠᠯ ᠳᠠᠷᠤᠮᠠᠯᠯᠠᠨ ᠳᠠᠷᠬᠠᠭ᠋ᠠᠪᠠ
ᠨᠡᠶ᠋ᠢᠲᠡᠯᠡᠭᠰᠡᠨ ᠴᠠᠭ᠄ 2021-04-23

      ᠪᠡᠯᠴᠢᠭᠡᠷᠯᠡᠭᠦᠯᠬᠦ ᠵᠢ ᠴᠠᠭ᠋ᠠᠵᠠᠯᠠᠬᠤ ᠪᠠ ᠮᠠᠯ ᠪᠡᠯᠴᠢᠭᠡᠷ᠎ᠤᠨ ᠲᠡᠩᠴᠡᠭᠦᠷᠢ ᠵᠢ ᠪᠠᠲᠤᠯᠠᠬᠤ ᠲᠦᠷᠢᠮ᠎ᠢ ᠴᠢᠩᠭ᠎ᠠ ᠨᠠᠶ᠋ᠢᠳᠠᠪᠤᠷᠢᠵᠢᠭᠤᠯᠵᠤ᠂ ᠪᠥᠬᠥ ᠠᠶ᠋ᠢᠮᠠᠭ᠎ᠤᠨ ᠪᠡᠯᠴᠢᠭᠡᠷᠯᠡᠬᠦᠯᠬᠦ᠎ᠳᠤ ᠳᠣᠭᠢᠷᠠᠬᠤ ᠪᠡᠯᠴᠢᠭᠡᠷ᠎ᠤᠨ ᠳᠠᠭ᠋ᠠᠭ᠋ᠠᠴᠠ ᠵᠢ ᠬᠢᠨᠠᠨ ᠲᠣᠭᠲᠠᠭ᠋ᠠᠬᠤ ᠠᠵᠢᠯ᠎ᠢ ᠰᠠᠶ᠋ᠢᠲᠤᠷ ᠬᠢᠬᠦ ᠵᠢᠨ ᠲᠥᠯᠥᠭᠡ᠂ ᠰᠢᠯᠢ ᠵᠢᠨ ᠭᠤᠤᠯ ᠠᠶ᠋ᠢᠮᠠᠭ᠎ᠤᠨ ᠵᠠᠬᠢᠷᠭ᠎ᠠ ᠲᠦᠷᠦᠭᠦᠬᠡᠨ 《ᠪᠡᠯᠴᠢᠭᠡᠷᠯᠡᠬᠦᠯᠬᠦ᠎ᠳᠤ ᠳᠣᠭᠢᠷᠠᠬᠤ ᠪᠡᠯᠴᠢᠭᠡᠷ᠎ᠤᠨ ᠳᠠᠭ᠋ᠠᠭ᠋ᠠᠴᠠ ᠵᠢ ᠬᠢᠨᠠᠨ ᠲᠣᠭᠲᠠᠭ᠋ᠠᠬᠤ ᠠᠵᠢᠯ᠎ᠤᠨ ᠵᠢᠯᠣᠭᠣᠳᠬᠤ ᠰᠠᠨᠠᠯ》 (ᠳᠣᠷᠣᠭᠰᠢ 《ᠰᠠᠨᠠᠯ》 ᠭᠡᠵᠦ ᠲᠣᠪᠴᠢᠯᠠᠨ᠎ᠠ)᠎ᠢ ᠳᠠᠷᠤᠮᠠᠯᠯᠠᠨ ᠲᠠᠷᠬᠠᠭ᠋ᠠᠪᠠ᠃
     《ᠰᠠᠨᠠᠯ》᠎ᠳᠤ᠂ ᠪᠡᠯᠴᠢᠭᠡᠷᠯᠡᠬᠦᠯᠬᠦ᠎ᠳᠤ ᠳᠣᠭᠢᠷᠠᠬᠤ ᠪᠡᠯᠴᠢᠭᠡᠷ᠎ᠤᠨ ᠳᠠᠭ᠋ᠠᠭ᠋ᠠᠴᠠ ᠵᠢ ᠬᠢᠨᠠᠨ ᠲᠣᠭᠲᠠᠭ᠋ᠠᠬᠤ ᠠᠵᠢᠯ᠎ᠳᠤ᠂ ᠨᠢᠭᠡ᠎ᠳᠤ ᠬᠠᠮᠠᠭ᠋ᠠᠯᠠᠬᠤ ᠵᠢ ᠲᠡᠷᠢᠭᠦᠨ᠎ᠳᠤ ᠲᠠᠯᠪᠢᠬᠤ ᠵᠠᠷᠴᠢᠮ᠎ᠢ ᠪᠠᠷᠢᠮᠲᠠᠯᠠᠬᠤ ᠬᠡᠷᠡᠭᠲᠡᠶ᠃ ᠬᠣᠶᠠᠷ᠎ᠲᠤ ᠪᠡᠯᠴᠢᠭᠡᠷ᠎ᠤᠨ ᠬᠡᠮᠵᠢᠶ᠎ᠡ᠎ᠪᠠᠷ ᠮᠠᠯ᠎ᠤᠨ ᠲᠤᠭ᠎ᠠ ᠲᠤᠯᠤᠭ᠋ᠠᠢ ᠵᠢ ᠲᠣᠭᠲᠠᠭ᠋ᠠᠬᠤ ᠵᠠᠷᠴᠢᠮ᠎ᠢ ᠪᠠᠷᠢᠮᠲᠠᠯᠠᠬᠤ ᠬᠡᠷᠡᠭᠲᠡᠶ᠃ ᠭᠤᠷᠪᠠ᠎ᠳᠤ ᠡᠷᠬᠡ ᠬᠠᠷᠢᠭᠤᠴᠠᠯᠭ᠎ᠠ ᠠᠰᠢᠭ᠎ᠢ ᠤᠶᠠᠯᠳᠤᠭᠤᠯᠬᠤ ᠵᠠᠷᠴᠢᠮ᠎ᠢ ᠪᠠᠷᠢᠮᠲᠠᠯᠠᠬᠤ ᠬᠡᠷᠡᠭᠲᠡᠢ᠃ 《ᠰᠠᠨᠠᠯ》᠎ᠳᠤ ᠱᠠᠭ᠋ᠠᠷᠳᠠᠭᠰᠠᠨ᠎ᠨᠢ᠂ ᠡᠯ᠎ᠡ ᠬᠣᠰᠢᠭᠤ ᠰᠢᠶᠠᠨ ᠬᠣᠲᠠ (ᠲᠣᠭᠣᠷᠢᠭ) ᠵᠢᠨ ᠠᠷᠠᠳ᠎ᠤᠨ ᠵᠠᠰᠠᠭ᠎ᠤᠨ ᠣᠷᠳᠣᠨ (ᠬᠠᠮᠢᠶᠠᠷᠤᠯᠲᠠ ᠵᠢᠨ ᠵᠥᠪᠯᠡᠯ)᠎ᠨᠢ ᠲᠣᠰ ᠭᠠᠵᠠᠷ᠎ᠤᠨ ᠵᠶ᠋ᠠᠨ ᠠᠳᠠᠯᠢ ᠪᠤᠰᠤ ᠡᠪᠡᠰᠦ ᠪᠡᠯᠴᠢᠭᠡᠷ᠎ᠤᠨ ᠲᠥᠷᠥᠯ ᠬᠡᠯᠪᠡᠷᠢ᠎ᠲᠠᠢ ᠤᠶᠠᠯᠳᠤᠭᠤᠯᠤᠨ᠂ ᠲᠤᠰᠬᠠᠶ ᠮᠡᠷᠭᠡᠵᠢᠯ᠎ᠤᠨ ᠠᠵᠢᠯᠲᠠᠨ᠎ᠢ ᠵᠣᠬᠢᠶᠠᠨ ᠪᠠᠶ᠋ᠢᠭᠤᠯᠵᠤ᠂ ᠡᠪᠡᠰᠦᠲᠦ ᠲᠠᠯ᠎ᠠ ᠵᠢᠨ ᠳᠤᠯᠠᠭ᠋ᠠᠨ ᠤᠯᠠᠷᠢᠯ᠎ᠤᠨ ᠪᠡᠯᠴᠢᠭᠡᠷ᠎ᠤᠨ ᠳᠠᠭ᠋ᠠᠭ᠋ᠠᠴᠠ ᠵᠢ ᠲᠣᠭᠲᠠᠭ᠋ᠠᠬᠤ ᠠᠷᠭ᠎ᠠ ᠵᠢ ᠴᠢᠩᠭ᠎ᠠ ᠵᠢᠷᠤᠮᠯᠠᠨ᠂ ᠲᠠᠪᠤᠨ ᠵᠢᠯ ᠪᠦᠷᠢ᠎ᠪᠠᠷ ᠦᠶᠡᠯᠡᠯ ᠪᠣᠯᠭ᠋ᠠᠵᠤ᠂ ᠡᠪᠡᠰᠦᠲᠦ ᠲᠠᠯ᠎ᠠ ᠵᠢᠨ ᠳᠤᠯᠠᠭ᠋ᠠᠨ ᠤᠯᠠᠷᠢᠯ᠎ᠳᠤ ᠪᠡᠯᠴᠢᠭᠡᠷ᠎ᠤᠨ ᠳᠠᠭ᠋ᠠᠭ᠋ᠠᠴᠠ᠎ᠳᠤ ᠳᠣᠭᠢᠷᠠᠬᠤ ᠬᠡᠮᠵᠢᠶ᠎ᠡ ᠵᠢ ᠰᠢᠨᠵᠢᠯᠡᠬᠦ ᠤᠬᠠᠭ᠋ᠠᠨᠴᠢ᠎ᠪᠠᠷ ᠬᠢᠨᠠᠨ ᠲᠣᠭᠲᠠᠭ᠋ᠠᠵᠤ᠂ ᠨᠤᠲᠤᠭ ᠪᠡᠯᠴᠢᠭᠡᠷ᠎ᠢ ᠠᠰᠢᠭᠯᠠᠬᠤ ᠡᠷᠴᠢᠮ᠎ᠢ ᠴᠢᠩᠭ᠎ᠠ ᠬᠢᠵᠠᠭ᠋ᠠᠷᠯᠠᠬᠤ ᠬᠡᠷᠡᠭᠲᠡᠶ᠃ ᠡᠭᠦᠨ᠎ᠤ ᠬᠠᠮᠲᠤ᠂ ᠡᠯ᠎ᠡ ᠭᠠᠵᠠᠷ᠎ᠤᠳ ᠪᠡᠯᠴᠢᠭᠡᠷ᠎ᠤᠨ ᠳᠠᠭ᠋ᠠᠭ᠋ᠠᠴᠠ ᠵᠢ ᠬᠢᠨᠠᠨ ᠲᠣᠭᠲᠠᠭ᠋ᠠᠬᠤ᠂ ᠵᠣᠬᠢᠴᠠᠩᠭᠤᠶ ᠲᠥᠷᠥ ᠵᠢᠨ ᠪᠣᠳᠣᠯᠭ᠎ᠠ ᠪᠣᠯᠤᠨ ᠵᠠᠬ᠎ᠠ ᠳᠡᠯᠭᠡᠭᠦᠷ ᠵᠶ᠋ᠠᠷ ᠬᠥᠲᠥᠯᠥᠨ ᠵᠢᠯᠣᠭᠣᠳᠣᠭᠤᠯᠬᠤ ᠵᠡᠷᠭᠡ ᠠᠷᠭ᠎ᠠ ᠬᠡᠮᠵᠢᠶ᠎ᠡ ᠵᠢ ᠴᠢᠩᠭ᠎ᠠ ᠵᠢᠷᠤᠮᠯᠠᠨ᠂ ᠪᠡᠯᠴᠢᠭᠡᠷ᠎ᠤᠨ ᠳᠠᠭ᠋ᠠᠭ᠋ᠠᠴᠠ᠎ᠠᠴᠠ ᠬᠡᠲᠦᠷᠡᠭᠰᠡᠨ ᠮᠠᠯ᠎ᠤᠨ ᠭᠠᠷᠭ᠋ᠠᠯᠲᠠ ᠵᠢᠨ ᠡᠷᠴᠢᠮ᠎ᠢ ᠨᠡᠮᠡᠭᠳᠡᠭᠦᠯᠵᠦ᠂ ᠬᠦᠢ᠍ᠲᠡᠨ ᠤᠯᠠᠷᠢᠯ᠎ᠤᠨ ᠮᠠᠯ᠎ᠤᠨ ᠲᠣᠭ᠎ᠠ ᠲᠣᠯᠣᠭ᠋ᠠᠶ ᠵᠢ ᠵᠦᠢ ᠵᠣᠬᠢᠰᠲᠠᠶ ᠬᠢᠵᠠᠭ᠋ᠠᠷᠯᠠᠨ᠂ ᠮᠠᠯ᠎ᠤᠨ ᠲᠤᠭ᠎ᠠ ᠲᠤᠯᠤᠭ᠋ᠠᠢ ᠵᠢ ᠬᠠᠰᠤᠬᠤ ᠡᠭᠦᠷᠭᠡ ᠵᠢ ᠪᠡᠶᠡᠯᠡᠭᠦᠯᠵᠦ᠂ ᠮᠠᠯ ᠤᠨᠤᠭ᠎ᠠ ᠵᠢ ᠪᠡᠯᠴᠢᠭᠡᠷ᠎ᠤᠨ ᠳᠠᠭ᠋ᠠᠭ᠋ᠠᠴᠠ᠎ᠳᠤ ᠲᠣᠬᠢᠷᠠᠬᠤ ᠬᠡᠪᠴᠢᠶᠡᠨ᠎ᠳᠤ ᠬᠢᠵᠠᠭ᠋ᠠᠷᠯᠠᠬᠤ ᠵᠢ ᠦᠨᠡᠨᠬᠦ ᠪᠠᠲᠤᠯᠠᠬᠤ ᠬᠡᠷᠡᠭᠲᠡᠶ᠃ ᠡᠯ᠎ᠡ ᠬᠣᠰᠢᠭᠤ ᠰᠢᠶᠠᠨ ᠬᠣᠲᠠ (ᠲᠣᠭᠣᠷᠢᠭ) ᠵᠢᠨ ᠨᠤᠲᠤᠭ ᠪᠡᠯᠴᠢᠭᠡᠷ᠎ᠤᠨ ᠲᠣᠬᠢᠷᠠᠬᠤ ᠪᠡᠯᠴᠢᠭᠡᠷ᠎ᠤᠨ ᠳᠠᠭ᠋ᠠᠭ᠋ᠠᠴᠠ ᠵᠢ ᠰᠢᠯᠢ ᠵᠢᠨ ᠭᠣᠣᠯ ᠠᠶ᠋ᠢᠮᠠᠭ᠎ᠤᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ᠎ᠳᠤ ᠳᠠᠩᠰᠠᠯᠠᠭᠤᠯᠤᠨ ᠬᠢᠨᠠᠨ ᠪᠠᠶ᠋ᠢᠴᠠᠭ᠋ᠠᠯᠭ᠋ᠠᠵᠤ ᠲᠣᠭᠲᠠᠭ᠋ᠠᠯᠭ᠋ᠠᠭᠰᠠᠨ᠎ᠤ ᠳᠠᠷᠠᠭ᠎ᠠ᠂ ᠲᠤᠰ ᠭᠠᠵᠠᠷ᠎ᠤᠨ ᠵᠠᠭᠤᠴᠢᠯᠠᠭᠤᠷ ᠳᠡᠭᠡᠷ᠎ᠡ ᠵᠠᠷᠯᠠᠬᠤ ᠵᠢᠨ ᠬᠠᠮᠲᠤ ᠬᠠᠮᠤᠭ ᠡᠴᠦᠰ᠎ᠲᠤ ᠰᠤᠮᠤ ᠰᠢᠶᠠᠩ ᠪᠠᠯᠭ᠋ᠠᠰᠤ (ᠲᠠᠯᠠᠪᠠᠶ)᠎ᠳᠤ ᠬᠦᠷᠲᠡᠯ᠎ᠡ ᠨᠠᠶ᠋ᠢᠳᠠᠪᠤᠷᠢᠵᠢᠭᠤᠯᠵᠤ᠂ ᠭᠠᠴᠠᠭ᠎ᠠ ᠲᠣᠰᠬᠣᠨ (ᠬᠤᠪᠢᠶᠠᠷᠢ ᠲᠠᠯᠠᠪᠠᠶ) ᠪᠣᠯᠤᠨ ᠲᠠᠷᠢᠶᠠᠯᠠᠬᠤ ᠮᠠᠯᠵᠢᠬᠤ ᠡᠷᠦᠬᠡ᠎ᠳᠤ ᠬᠦᠷᠲᠡᠯ᠎ᠡ ᠨᠠᠢ᠌ᠳᠠᠪᠤᠷᠢᠵᠢᠭᠤᠯᠬᠤ ᠬᠡᠷᠡᠭᠲᠡᠶ᠃


ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ᠎ᠤᠨ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ 《ᠭᠠᠵᠠᠷ ᠰᠢᠷᠣᠶ ᠨᠥᠭᠡᠴᠡᠯᠡᠬᠦ ᠠᠵᠢᠯ᠎ᠢ ᠤᠯᠠᠮ ᠨᠢᠭᠡ ᠠᠯᠬᠤᠮ ᠵᠢᠷᠤᠮᠵᠢᠭᠤᠯᠬᠤ ᠲᠤᠬᠠᠶ ᠮᠡᠳᠡᠭᠳᠡᠯ》᠎ᠢ ᠨᠡᠶ᠋ᠢᠲᠡᠯᠡᠪᠡ
《ᠭᠤᠷᠪᠠ ᠵᠢ ᠠᠰᠠᠭᠤᠬᠤ》 ᠠᠵᠢᠯᠯᠠᠭ᠎ᠠ ᠵᠢ ᠦᠷᠨᠢᠬᠦᠯᠬᠦ ᠲᠤᠬᠠᠢ ᠰᠠᠨᠠᠯ ᠬᠤᠷᠢᠶᠠᠬᠤ ᠠᠯᠪᠠᠨ ᠵᠠᠷ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠴᠢᠬᠤᠯᠠ ᠴᠢᠭᠢᠭᠯᠢᠭ ᠭᠠᠵᠠᠷ᠎ᠤᠨ ᠨᠡᠷᠡᠰ᠎ᠤᠨ ᠵᠢᠭᠰᠠᠭ᠋ᠠᠯᠲᠠ ᠵᠢ ᠨᠡᠶ᠋ᠢᠲᠡᠯᠡᠬᠦ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠮᠡᠳᠡᠭᠳᠡᠯ
ᠲᠦᠷᠦ ᠵᠢᠨ ᠶᠠᠪᠤᠳᠠᠯ᠎ᠤᠨ ᠬᠤᠷᠢᠶᠠᠨ᠎ᠤ ᠨᠠᠢ᠍ᠮᠠᠳᠤᠭ᠋ᠠᠷ ᠤᠳᠠᠭ᠋ᠠᠨ᠎ᠤ ᠶᠡᠭᠡ ᠱᠠᠯᠠᠪᠳᠠᠭᠤᠯᠤᠨ ᠪᠠᠶ᠋ᠢᠴᠠᠭ᠋ᠠᠯᠲᠠ ᠵᠢᠨ ᠭᠠᠶ᠋ᠢᠯᠢ ᠵᠢ ᠪᠠᠭ᠋ᠠᠰᠬᠠᠵᠤ ᠰᠦᠢ᠍ᠳᠬᠡᠯ᠎ᠢ ᠪᠠᠭᠤᠷᠠᠭᠤᠯᠤᠨ ᠠᠵᠤ ᠠᠬᠤᠶ᠋ᠢᠯᠠᠯ᠎ᠤᠨ ᠬᠥᠭᠵᠢᠯᠲᠡ ᠵᠢ ᠲᠠᠮᠵᠢᠬᠦ ᠳᠣᠲᠣᠭ᠋ᠠᠳᠤ ᠬᠡᠷᠡᠭᠴᠡᠭᠡ ᠵᠢ ᠥᠷᠭᠡᠳᠬᠡᠨ ᠠᠵᠢᠯ ᠣᠯᠭᠤᠯᠲᠠ ᠵᠢ ᠪᠠᠲᠤᠯᠠᠵᠤ ᠠᠷᠠᠳ᠎ᠤᠨ ᠠᠮᠢᠳᠤᠷᠠᠯ᠎ᠢ ᠪᠠᠲᠤᠯᠠᠬᠤ ᠵᠡᠷᠭᠡ ᠠᠵᠢᠯ᠎ᠤᠨ ᠲᠤᠭᠤᠷᠢᠨ᠎ᠳᠤ ᠠᠰᠠᠭᠤᠳᠠᠯ᠎ᠤᠨ ᠰᠦᠪᠡᠭᠴᠢ ᠴᠤᠭᠯᠠᠭᠤᠯᠬᠤ ᠲᠤᠬᠠᠶ ᠠᠯᠪᠠᠨ ᠵᠠᠷᠯᠠᠯ
2021 ᠣᠨ᠎ᠤ ᠪᠥᠬᠥ ᠤᠯᠤᠰ᠎ᠤᠨ ᠨᠠᠷᠠᠰᠤᠨ ᠮᠤᠳᠤᠨ᠎ᠤ ᠤᠲᠠᠰᠤᠯᠢᠭ ᠬᠣᠷᠣᠬᠠᠶ ᠵᠢᠨ ᠡᠪᠡᠳᠴᠢᠨ ᠰᠢᠨ᠎ᠡ᠎ᠪᠠᠷ ᠡᠭᠦᠰᠦᠭᠰᠡᠨ ᠰᠢᠶᠠᠨ᠎ᠤ ᠱᠠᠲᠤᠨ᠎ᠤ ᠬᠢᠵᠢᠭᠲᠦ ᠣᠷᠣᠨ᠎ᠤ ᠠᠯᠪᠠᠨ ᠵᠠᠷ
 
             蒙ICP备05000248号