ᠣᠶ᠋ᠢᠷ᠎ᠠ᠎ᠳᠤ᠂ ᠭᠠᠵᠠᠷ ᠰᠢᠷᠣᠶ ᠵᠢᠨ ᠡᠬᠢ ᠪᠠᠶᠠᠯᠢᠭ᠎ᠢ ᠥᠨᠳᠥᠷ ᠪᠦᠲᠦᠮᠵᠢᠲᠡᠶ᠎ᠪᠠᠷ ᠳᠣᠭᠢᠷᠠᠭᠤᠯᠬᠤ ᠪᠠ ᠵᠦᠶ ᠵᠣᠬᠢᠰᠲᠠᠶ ᠠᠰᠢᠭᠯᠠᠬᠤ ᠵᠢ ᠠᠬᠢᠭᠤᠯᠬᠤ ᠵᠢᠨ ᠲᠥᠯᠥᠭᠡ᠂ ᠥᠪᠡᠷᠲᠡᠭᠡᠨ ᠵᠠᠰᠠᠬᠤ ᠣᠷᠣᠨ᠎ᠤ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠲᠢᠩᠬᠢᠮ 《ᠭᠠᠵᠠᠷ ᠰᠢᠷᠣᠶ ᠨᠥᠭᠡᠴᠡᠯᠡᠬᠦ ᠠᠵᠢᠯ᠎ᠢ ᠤᠯᠠᠮ ᠨᠢᠭᠡ ᠠᠯᠬᠤᠮ ᠵᠢᠷᠤᠮᠵᠢᠭᠤᠯᠬᠤ ᠲᠤᠬᠠᠶ ᠮᠡᠳᠡᠭᠳᠡᠯ》᠎ᠢ ᠨᠡᠶ᠋ᠢᠲᠡᠯᠡᠪᠡ᠃ 《ᠮᠡᠳᠡᠭᠳᠡᠯ》᠎ᠳᠤ ᠡᠯ᠎ᠡ ᠱᠠᠲᠤᠨ᠎ᠤ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ ᠲᠦᠷᠦᠭᠦᠯᠡᠨ ᠵᠣᠬᠢᠴᠠᠭᠤᠯᠬᠤ ᠪᠠ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ ᠲᠣᠭᠲᠠᠴᠠ ᠵᠢ ᠪᠠᠶ᠋ᠢᠭᠤᠯᠵᠤ᠂ ᠠᠵᠢᠯ᠎ᠤᠨ ᠲᠥᠯᠥᠪᠯᠡᠭᠡ ᠵᠢ ᠬᠢᠨᠠᠨ ᠲᠣᠭᠲᠠᠭ᠋ᠠᠬᠤ᠂ ᠠᠵᠢᠯ᠎ᠤᠨ ᠲᠥᠰᠦᠯ᠎ᠢ ᠬᠢᠨᠠᠨ ᠪᠠᠶ᠋ᠢᠴᠠᠭ᠋ᠠᠬᠤ᠂ ᠴᠢᠬᠤᠯᠠ ᠶᠡᠭᠡ ᠠᠰᠠᠭᠤᠳᠠᠯ᠎ᠢ ᠴᠠᠭ ᠲᠤᠬᠠᠢᠳᠤᠨᠢ ᠵᠣᠬᠢᠴᠠᠭᠤᠯᠤᠨ ᠰᠢᠢ᠍ᠳᠪᠦᠷᠢᠯᠡᠬᠦ ᠵᠡᠷᠭᠡ ᠵᠢ ᠬᠠᠷᠢᠭᠤᠴᠠᠬᠤ᠂ ᠪᠠᠶ᠋ᠢᠭ᠋ᠠᠯᠢ ᠵᠢᠨ ᠡᠬᠢ ᠪᠠᠶᠠᠯᠢᠭ᠎ᠢ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠡᠳ᠋᠎ᠤᠨ ᠵᠠᠰᠠᠭ᠂ ᠬᠥᠭᠵᠢᠭᠦᠯᠦᠯᠲᠡ ᠥᠭᠡᠷᠡᠴᠢᠯᠡᠯᠲᠡ ᠵᠡᠷᠭᠡ ᠰᠠᠯᠠᠭ᠎ᠠ ᠮᠥᠴᠢᠷ᠎ᠲᠠᠢ ᠬᠠᠮᠲᠤᠷᠠᠨ᠂ ᠭᠠᠵᠠᠷ ᠰᠢᠷᠣᠶ ᠨᠥᠭᠡᠴᠡᠯᠡᠬᠦ ᠲᠥᠯᠥᠪᠯᠡᠭᠡ ᠵᠢ ᠨᠠᠶ᠋ᠢᠷᠠᠭᠤᠯᠤᠨ ᠵᠣᠬᠢᠶᠠᠬᠤ ᠵᠢ ᠵᠣᠬᠢᠶᠠᠨ ᠪᠠᠶ᠋ᠢᠭᠤᠯᠬᠤ ᠵᠢᠨ ᠬᠠᠮᠲᠤ ᠵᠣᠬᠢᠴᠠᠭᠤᠯᠤᠨ ᠠᠬᠢᠭᠤᠯᠬᠤ᠂ ᠪᠠᠶ᠋ᠢᠴᠠᠭ᠋ᠠᠵᠤ ᠵᠢᠯᠣᠭᠤᠳᠬᠤ ᠪᠠ ᠦᠷ᠎ᠡ ᠪᠦᠲᠦᠭᠡᠯ᠎ᠢ ᠨᠠᠶ᠋ᠢᠷᠠᠭᠤᠯᠤᠨ ᠮᠡᠳᠡᠭᠦᠯᠬᠦ ᠵᠡᠷᠭᠡ ᠠᠵᠢᠯ᠎ᠢ ᠰᠠᠶ᠋ᠢᠲᠤᠷ ᠬᠢᠵᠦ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠶᠠᠮᠤᠨ᠎ᠤ ᠨᠡᠷᠡᠰ᠎ᠤᠨ ᠵᠢᠭᠰᠠᠭ᠋ᠠᠯᠲᠠ᠎ᠳᠤ ᠣᠷᠣᠭᠤᠯᠤᠭᠰᠠᠨ ᠭᠠᠵᠠᠷ ᠰᠢᠷᠣᠶ ᠨᠥᠭᠡᠴᠡᠯᠡᠬᠦ ᠪᠠᠶ᠋ᠢᠭᠤᠯᠤᠮᠵᠢ᠎ᠨᠤᠭᠤᠳ ᠲᠥᠯᠥᠪᠯᠡᠭᠡ ᠵᠢᠴᠢ ᠲᠥᠯᠥᠪᠵᠢᠭᠦᠯᠭᠡ ᠵᠢᠨ ᠲᠣᠪᠬᠢᠮᠠᠯ᠂ ᠨᠠᠶ᠋ᠢᠷᠠᠭᠤᠯᠤᠨ ᠵᠣᠬᠢᠶᠠᠭᠰᠠᠨ ᠲᠣᠳᠣᠷᠬᠠᠶ᠋ᠢᠯᠠᠯᠲᠠ᠂ ᠵᠢᠷᠤᠭ᠎ᠤᠨ ᠬᠦᠰᠦᠨᠦᠭᠲᠦ ᠵᠢ ᠨᠠᠶ᠋ᠢᠷᠠᠭᠤᠯᠤᠨ ᠵᠣᠬᠢᠶᠠᠬᠤ ᠵᠢᠴᠢ ᠳ᠋ᠠᠶ᠋ᠢᠲ᠋ᠠ ᠵᠢᠨ ᠬᠥᠮᠥᠷᠭᠡ ᠪᠠᠶ᠋ᠢᠭᠤᠯᠬᠤ ᠵᠡᠷᠭᠡ ᠠᠵᠢᠯ᠎ᠢ ᠰᠠᠶ᠋ᠢᠲᠤᠷ ᠬᠢᠬᠦ ᠬᠡᠷᠡᠭᠲᠡᠶ ᠭᠡᠵᠦ ᠲᠣᠳᠣᠷᠬᠠᠶ᠋ᠢᠯᠠᠪᠠ᠃ 《ᠮᠡᠳᠡᠭᠳᠡᠯ》᠎ᠳᠤ ᠭᠠᠵᠠᠷ ᠰᠢᠷᠣᠶ ᠨᠥᠭᠡᠴᠡᠯᠡᠬᠦ ᠲᠥᠯᠥᠪᠯᠡᠭᠡ ᠵᠢ ᠨᠠᠶ᠋ᠢᠷᠠᠭᠤᠯᠤᠨ ᠮᠡᠳᠡᠭᠦᠯᠬᠦ ᠠᠵᠢᠯ᠎ᠢ ᠵᠢᠷᠤᠮᠵᠢᠭᠤᠯᠤᠨ ᠬᠡᠷᠡᠭᠵᠢᠭᠦᠯᠬᠦ ᠬᠡᠷᠡᠭᠲᠡᠶ ᠭᠡᠵᠦ ᠱᠠᠭ᠋ᠠᠷᠳᠠᠪᠠ᠃ ᠡᠭᠦᠨ᠎ᠳᠤ ᠭᠠᠵᠠᠷ ᠰᠢᠷᠣᠶ ᠨᠥᠭᠡᠴᠡᠯᠡᠬᠦ ᠭᠤᠷᠪᠠᠨ ᠵᠢᠯ᠎ᠤᠨ ᠥᠩᠬᠦᠷᠢᠭᠦᠯ ᠲᠥᠯᠥᠪᠯᠡᠭᠡ ᠵᠢ ᠵᠣᠬᠢᠰᠲᠠᠶ ᠨᠠᠶ᠋ᠢᠷᠠᠭᠤᠯᠤᠨ ᠵᠣᠬᠢᠶᠠᠨ᠎ᠠ; ᠣᠨ᠎ᠤ ᠭᠠᠵᠠᠷ ᠰᠢᠷᠣᠶ ᠨᠥᠭᠡᠴᠡᠯᠡᠬᠦ ᠲᠥᠯᠥᠪᠯᠡᠭᠡ ᠵᠢ ᠵᠣᠬᠢᠰᠲᠠᠶ ᠨᠠᠶ᠋ᠢᠷᠠᠭᠤᠯᠤᠨ ᠵᠣᠬᠢᠶᠠᠨ᠎ᠠ; ᠭᠤᠷᠪᠠᠨ ᠵᠢᠯ᠎ᠤᠨ ᠥᠩᠬᠦᠷᠢᠭᠦᠯ ᠲᠥᠯᠥᠪᠯᠡᠭᠡ ᠪᠠ ᠵᠢᠯ᠎ᠤᠨ ᠲᠥᠯᠥᠪᠯᠡᠭᠡ ᠵᠢ ᠨᠠᠶ᠋ᠢᠷᠠᠭᠤᠯᠤᠨ ᠮᠡᠳᠡᠭᠦᠯᠦᠨ᠎ᠡ᠃ 《ᠮᠡᠳᠡᠭᠳᠡᠯ》᠎ᠳᠤ ᠭᠠᠵᠠᠷ ᠰᠢᠷᠣᠶ ᠨᠥᠭᠡᠴᠡᠯᠡᠬᠦ ᠵᠢ ᠬᠢᠨᠠᠨ ᠰᠢᠨᠵᠢᠯᠡᠵᠦ ᠬᠢᠨᠠᠨ ᠬᠠᠮᠢᠶᠠᠷᠬᠤ ᠰᠢᠰᠲ᠋ᠧᠮ᠎ᠤᠨ ᠮᠡᠳᠡᠭᠦᠯᠦᠨ ᠳᠠᠩᠰᠠᠯᠠᠭᠤᠯᠬᠤ ᠵᠢ ᠤᠯᠠᠮ ᠨᠢᠭᠡ ᠠᠯᠬᠤᠮ ᠴᠢᠩᠭ᠋ᠠᠳᠬᠠᠬᠤ ᠲᠤᠬᠠᠶ ᠭᠤᠷᠪᠠᠨ ᠲᠠᠯ᠎ᠠ ᠵᠢᠨ ᠱᠠᠭ᠋ᠠᠷᠳᠠᠯᠭ᠎ᠠ ᠳᠤᠷᠠᠳᠪᠠ᠄ ᠨᠢᠭᠡ᠎ᠳᠤ᠂ ᠭᠠᠵᠠᠷ ᠰᠢᠷᠣᠶ ᠨᠥᠭᠡᠴᠡᠯᠡᠬᠦ ᠪᠠᠶ᠋ᠢᠭᠤᠯᠤᠮᠵᠢ ᠵᠢᠨ ᠬᠠᠮᠢᠶᠠᠷᠤᠯᠲᠠ ᠵᠢ ᠴᠢᠩᠭ᠋ᠠᠳᠬᠠᠨ᠎ᠠ᠃ ᠬᠤᠶᠠᠷ᠎ᠲᠤ᠂ ᠡᠳ᠋ ᠬᠥᠷᠥᠩᠭᠡ ᠵᠢᠨ ᠮᠡᠳᠡᠭᠦᠯᠦᠯᠲᠡ ᠵᠢᠨ ᠲᠦᠷᠢᠮ᠎ᠢ ᠪᠠᠶ᠋ᠢᠭᠤᠯᠤᠨ᠎ᠠ᠃ ᠭᠤᠷᠪᠠ᠎ᠳᠤ᠂ ᠲᠤᠬᠠᠶ᠋ᠢᠯᠠᠭᠰᠠᠨ ᠠᠵᠢᠯ᠎ᠤᠨ ᠰᠢᠰᠲ᠋ᠧᠮ᠎ᠤᠨ ᠬᠢᠨᠠᠨ ᠪᠠᠶ᠋ᠢᠴᠠᠭ᠋ᠠᠵᠤ ᠵᠢᠯᠣᠭᠤᠳᠬᠤ ᠵᠢ ᠴᠢᠩᠭ᠋ᠠᠳᠬᠠᠨ᠎ᠠ᠃