ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠣᠭᠤᠭᠠᠷᠠᠭᠤᠯᠤᠯᠲᠠ
ᠳᠤᠷᠠᠨ ᠬᠠᠷᠠᠭ᠎ᠠ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠠᠯᠪᠠᠨ ᠨᠡᠶ᠋ᠢᠲᠡᠯᠡᠯ
《ᠭᠤᠷᠪᠠ ᠵᠢ ᠠᠰᠠᠭᠤᠬᠤ》 ᠠᠵᠢᠯᠯᠠᠭ᠎ᠠ ᠵᠢ ᠦᠷᠨᠢᠬᠦᠯᠬᠦ ᠲᠤᠬᠠᠢ ᠰᠠᠨᠠᠯ ᠬᠤᠷᠢᠶᠠᠬᠤ ᠠᠯᠪᠠᠨ ᠵᠠᠷ
ᠨᠡᠶ᠋ᠢᠲᠡᠯᠡᠭᠰᠡᠨ ᠴᠠᠭ᠄ 2021-05-24

      ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠤᠨ ᠪᠠᠶ᠋ᠢᠷᠢᠯᠠᠭᠤᠯᠤᠯᠲᠠ ᠵᠢᠨ ᠱᠠᠭ᠋ᠠᠷᠳᠠᠯᠭ᠎ᠠ ᠶᠣᠰᠣᠭ᠋ᠠᠷ᠂ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ 《ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠢ ᠥᠷᠨᠢᠭᠦᠯᠬᠦ ᠲᠤᠬᠠᠶ ᠬᠡᠷᠡᠭᠵᠢᠭᠦᠯᠬᠦ ᠠᠵᠢᠯ᠎ᠤᠨ ᠲᠥᠰᠦᠯ》 (ᠥᠪᠥᠷ ᠣᠶ ᠰᠢᠭᠤᠶ ᠨᠤᠲᠤᠭ ᠪᠡᠯᠴᠢᠭᠡᠷ᠎ᠤᠨ ᠨᠠᠮ᠎ᠤᠨ ᠤᠳᠤᠷᠢᠳᠬᠤ ᠳᠤᠭᠤᠶ᠋ᠢᠯᠠᠩ ᠲᠠᠷᠬᠠᠭ᠋ᠠᠭᠰᠠᠨ  [2021] 21 ᠳ᠋ᠦ᠍ᠭᠡᠷ ᠲᠣᠭ᠋ᠠᠲᠤ)᠎ᠤᠨ ᠪᠣᠳᠠᠲᠠᠶ ᠲᠣᠬᠢᠷᠠᠭᠤᠯᠤᠯᠲᠠ ᠵᠢ ᠦᠨᠳᠦᠰᠦᠯᠡᠨ᠂ ᠲᠣᠪᠴᠢᠶ᠎ᠠ ᠵᠢᠨ ᠪᠠᠶ᠋ᠢᠭᠤᠯᠭ᠎ᠠ ᠵᠢᠨ 《ᠪᠢ ᠣᠯᠠᠨ ᠲᠦᠮᠡᠨ᠎ᠳᠤ ᠦᠢ᠍ᠯᠡᠴᠢᠯᠡᠨ᠎ᠡ》 ᠭᠡᠬᠦ ᠠᠵᠢᠯᠯᠠᠭ᠎ᠠ ᠵᠢ ᠭᠦᠨᠵᠡᠭᠡᠶ ᠠᠬᠢᠭᠤᠯᠵᠤ᠂ ᠣᠯᠠᠨ ᠲᠦᠮᠡᠨ᠎ᠤ 《ᠪᠠᠴᠢᠮ ᠴᠢᠬᠤᠯᠠ ᠬᠦᠰᠡᠯ ᠱᠠᠭ᠋ᠠᠷᠳᠠᠯᠭ᠎ᠠ》᠎ᠤᠨ ᠠᠰᠠᠭᠤᠳᠠᠯ᠎ᠢ ᠰᠢᠢ᠍ᠳᠪᠦᠷᠢᠯᠡᠨ᠂   ᠠᠷᠭ᠎ᠠ ᠪᠤᠳᠤᠯᠭ᠎ᠠ ᠵᠢ ᠠᠷᠠᠳ᠎ᠠᠴᠠ ᠠᠰᠠᠭᠤᠨ ᠯᠠᠪᠯᠠᠬᠤ᠂ ᠠᠷᠠᠳ᠎ᠤᠨ ᠬᠦᠰᠡᠯ ᠱᠠᠭ᠋ᠠᠷᠳᠠᠯᠭ᠎ᠠ ᠵᠢ ᠠᠰᠠᠭᠤᠨ ᠯᠠᠪᠯᠠᠬᠤ᠂ ᠵᠠᠰᠠᠭ᠎ᠤᠨ ᠶᠠᠪᠤᠳᠠᠯ᠎ᠢ ᠠᠷᠠᠳ᠎ᠠᠴᠠ   ᠠᠰᠠᠭᠤᠨ ᠯᠠᠪᠯᠠᠬᠤ (ᠳᠠᠷᠤᠶ 《ᠭᠤᠷᠪᠠ ᠵᠢ ᠠᠰᠠᠭᠤᠬᠤ》) ᠠᠵᠢᠯᠯᠠᠭ᠎ᠠ ᠵᠢ ᠥᠷᠭᠡᠨ ᠵᠶ᠋ᠠᠷ ᠥᠷᠨᠢᠭᠦᠯᠵᠦ᠂ ᠨᠡᠶ᠋ᠢᠭᠡᠮ ᠨᠡᠢ᠌ᠲᠡ᠎ᠠᠴᠠ ᠥᠷᠭᠡᠨ ᠵᠶ᠋ᠠᠷ ᠰᠠᠨᠠᠯ ᠬᠤᠷᠢᠶᠠᠬᠤ ᠵᠢᠨ ᠲᠤᠰᠠᠳᠠ᠂ ᠡᠳᠦᠭᠡ ᠬᠣᠯᠪᠣᠭᠳᠠᠯ ᠪᠥᠬᠥᠶ ᠰᠠᠨᠠᠯ ᠬᠤᠷᠢᠶᠠᠬᠤ ᠠᠭᠤᠯᠭ᠎ᠠ ᠪᠠ ᠬᠡᠯᠪᠡᠷᠢ ᠵᠢ ᠲᠤᠤᠷᠠᠬᠢ ᠮᠡᠲᠤ ᠵᠠᠷᠯᠠᠶ᠎ᠠ᠃

      ᠨᠢᠭᠡ᠂ ᠰᠠᠨᠠᠯ ᠬᠤᠷᠢᠶᠠᠬᠤ ᠠᠭᠤᠯᠭ᠎ᠠ
     1 . ᠶᠡᠷᠦᠩᠬᠡᠶ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠤᠨ ᠠᠵᠢᠯ᠎ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭ᠋ᠠᠪᠤᠷᠢ ᠴᠣᠬᠣᠯᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠨᠠᠮ᠎ᠤᠨ ᠲᠥᠪ ᠬᠣᠷᠢᠶ᠎ᠠ ᠪᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠰᠢᠢ᠍ᠳᠪᠦᠷᠢᠲᠤ ᠪᠣᠳᠣᠯᠭ᠎ᠠ ᠵᠢᠨ ᠪᠠᠶ᠋ᠢᠷᠢᠯᠠᠭᠤᠯᠤᠯᠲᠠ ᠵᠢ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠰᠢᠰᠲ᠋ᠧᠮ᠎ᠳᠤ ᠪᠣᠳᠠᠲᠠᠶ᠋ᠢᠵᠢᠭᠤᠯᠤᠨ ᠨᠠᠶ᠋ᠢᠳᠠᠪᠤᠷᠢᠵᠢᠭᠤᠯᠬᠤ ᠲᠤᠬᠠᠢ ᠰᠠᠨᠠᠯ ᠰᠠᠨᠠᠭᠤᠯᠭ᠎ᠠ;
     2 . ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠬᠦᠷᠢᠶᠡᠨ᠎ᠳᠠᠬᠢ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠲᠤᠬᠠᠢ ᠰᠠᠨᠠᠯ ᠰᠠᠨᠠᠭᠤᠯᠭ᠎ᠠ;
     3 . ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ 2021 ᠣᠨ᠎ᠤ ᠭᠤᠤᠯ ᠠᠵᠢᠯ᠂ ᠢᠯᠠᠩᠭᠤᠶ᠎ᠠ ᠣᠶ ᠰᠢᠭᠤᠶ ᠨᠤᠳᠤᠭ ᠪᠡᠯᠴᠢᠭᠡᠷ᠎ᠤᠨ ᠳᠠᠷᠤᠭ᠎ᠠ ᠵᠢᠨ ᠲᠦᠷᠢᠮ᠎ᠢ ᠪᠥᠬᠥ ᠲᠠᠯ᠎ᠠ᠎ᠪᠠᠷ ᠬᠡᠷᠡᠭᠵᠢᠭᠦᠯᠬᠦ᠂ ᠪᠥᠬᠥ ᠣᠷᠣᠨ᠎ᠤ ᠨᠤᠲᠤᠭ ᠪᠡᠯᠴᠢᠭᠡᠷ ᠣᠶ᠋ᠢᠲᠤ ᠭᠠᠵᠠᠷ᠎ᠢ ᠡᠪᠳᠡᠭᠰᠡᠨ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠲᠤᠰᠬᠠᠶ ᠴᠡᠭᠴᠡᠯᠡᠨ ᠵᠠᠰᠠᠬᠤ ᠵᠡᠷᠭᠡ ᠭᠤᠤᠯᠳᠠᠯᠭ᠎ᠠ᠎ᠲᠠᠢ ᠠᠵᠢᠯ᠎ᠢ ᠥᠷᠨᠢᠭᠦᠯᠬᠦ ᠲᠤᠬᠠᠢ ᠰᠠᠨᠠᠯ ᠰᠠᠨᠠᠭᠤᠯᠭ᠎ᠠ;
     4 . ᠪᠦᠬᠦ ᠣᠷᠣᠨ᠎ᠤ ᠥᠷᠭᠡᠨ ᠣᠯᠠᠨ ᠣᠶ ᠰᠢᠭᠤᠶ ᠵᠢᠨ ᠲᠠᠷᠢᠶᠠᠯᠠᠬᠤ ᠮᠠᠯᠵᠢᠬᠤ ᠡᠷᠦᠬᠡ᠂ ᠦᠨᠳᠦᠰᠦᠨ ᠱᠠᠲᠤᠨ᠎ᠤ ᠺᠠᠳ᠋ᠷ ᠣᠯᠠᠨ ᠲᠦᠮᠡᠨ ᠪᠣᠯᠤᠨ ᠬᠢᠩᠭ᠋ᠠᠨ ᠡᠮᠦᠨ᠎ᠡ ᠵᠠᠮ᠎ᠤᠨ ᠨᠡᠶ᠋ᠢᠭᠡᠮ ᠲᠣᠭᠣᠷᠢᠭ᠎ᠤᠨ ᠰᠠᠭᠤᠭ᠋ᠠᠯᠢ ᠠᠷᠠᠳ᠎ᠤᠨ 《ᠪᠠᠴᠢᠮ ᠴᠢᠬᠤᠯᠠ ᠬᠦᠰᠡᠯ ᠱᠠᠭ᠋ᠠᠷᠳᠠᠯᠭ᠎ᠠ》 ᠵᠢᠨ ᠠᠰᠠᠭᠤᠳᠠᠯ᠎ᠤᠨ ᠲᠤᠬᠠᠢ ᠰᠠᠨᠠᠯ ᠰᠠᠨᠠᠭᠤᠯᠭ᠎ᠠ;
     5 . ᠣᠷᠣᠨ ᠪᠦᠰᠡ ᠵᠢᠨ ᠬᠠᠪᠰᠤᠷᠤᠨ ᠲᠡᠳᠬᠦᠬᠦ ᠬᠣᠰᠢᠭᠤ ᠰᠢᠶᠠᠨ ᠪᠣᠯᠤᠨ ᠴᠡᠭ ᠲᠣᠭᠲᠠᠭ᠋ᠠᠨ ᠬᠠᠪᠰᠤᠷᠤᠨ ᠲᠡᠳᠬᠦᠬᠦ ᠭᠠᠴᠠᠭ᠋ᠠᠨ᠎ᠤ ᠶᠠᠳᠠᠭᠤ᠎ᠠᠴᠠ ᠠᠩᠭᠢᠵᠢᠷᠠᠭᠤᠯᠬᠤ ᠰᠢᠪᠲᠤᠯᠤᠯᠲᠠ ᠵᠢᠨ ᠦᠷ᠎ᠡ ᠪᠦᠲᠦᠭᠡᠯ ᠵᠶ᠋ᠠᠨ ᠪᠡᠬᠢᠵᠢᠭᠦᠯᠦᠨ ᠦᠷᠭᠡᠳᠬᠡᠬᠦ ᠵᠢ ᠠᠬᠢᠭᠤᠯᠬᠤ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠪᠠᠶ᠋ᠢᠯᠳᠤᠬᠤ ᠪᠣᠳᠣᠯᠭ᠎ᠠ ᠵᠢᠨ ᠲᠤᠬᠠᠢ ᠰᠠᠨᠠᠯ ᠰᠠᠨᠠᠭᠤᠯᠭ᠎ᠠ;
     6 . ᠪᠤᠰᠤᠳ ᠰᠠᠨᠠᠯ ᠰᠠᠨᠠᠭᠤᠯᠭ᠎ᠠ
 

      ᠬᠣᠶᠠᠷ᠂ ᠰᠠᠨᠠᠯ ᠬᠤᠷᠢᠶᠠᠬᠤ ᠠᠷᠭ᠎ᠠ ᠮᠠᠶᠢᠭ
     1. ᠵᠠᠬᠢᠳᠠᠯ᠎ᠤᠨ ᠬᠠᠶᠢᠭ
      ᠬᠥᠬᠡᠬᠣᠲᠠ ᠵᠢᠨ ᠰᠠᠶ᠋ᠢᠬᠠᠨ ᠲᠣᠭᠣᠷᠢᠭ᠎ᠤᠨ ᠰᠢᠤᠸᠠᠢ ᠶᠤᠸᠠᠨ ᠵᠡᠭᠦᠨ ᠵᠡᠭᠡᠯᠢ ᠵᠢᠨ 23 ᠳ᠋ᠤᠭ᠋ᠠᠷ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠨᠠᠮ᠎ᠤᠨ ᠲᠡᠦᠬᠡ ᠰᠤᠷᠤᠯᠴᠠᠯᠭ᠎ᠠ ᠬᠥᠮᠦᠵᠢᠯ᠎ᠤᠨ ᠤᠳᠤᠷᠢᠳᠬᠤ ᠳᠤᠭᠤᠶ᠋ᠢᠯᠠᠩ᠎ᠤᠨ ᠠᠯᠪᠠᠨ ᠬᠡᠷ (ᠪᠠᠶ᠋ᠢᠭᠤᠯᠭ᠎ᠠ ᠵᠢᠨ ᠨᠠᠮ᠎ᠤᠨ ᠬᠣᠷᠢᠶ᠎ᠠ)᠂ ᠰᠢᠤᠳᠠᠨ ᠳ᠋ᠤᠭ᠋ᠠᠷ᠄ 010020᠃
     2.   ᠢᠮᠸᠯ
      Email᠄ nmglytjgdw @ 163 . com
     3. ᠲᠤᠰᠬᠠᠢ ᠤᠲᠠᠰᠤ
     Tel᠄ 0471 - 3380227 (ᠹᠠᠺᠰ)
      ᠡᠭᠦᠨ᠎ᠤ ᠲᠤᠯᠠ ᠵᠠᠷᠯᠠᠪᠠ᠃
   

    ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠨᠠᠮ᠎ᠤᠨ ᠲᠡᠦᠬᠡ ᠵᠢᠨ ᠰᠤᠷᠤᠯᠴᠠᠯᠭ᠎ᠠ ᠬᠥᠮᠦᠵᠢᠯ᠎ᠤᠨ ᠤᠳᠤᠷᠢᠳᠬᠤ ᠳᠤᠭᠤᠶ᠋ᠢᠯᠠᠩ᠎ᠤᠨ ᠠᠯᠪᠠᠨ ᠬᠡᠷ
               2021 ᠣᠨ᠎ᠤ 3 ᠳ᠋ᠤᠭ᠋ᠠᠷ ᠰᠠᠷ᠎ᠠ ᠵᠢᠨ 22᠎ᠤᠨ ᠡᠳᠦᠷ

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠴᠢᠬᠤᠯᠠ ᠴᠢᠭᠢᠭᠯᠢᠭ ᠭᠠᠵᠠᠷ᠎ᠤᠨ ᠨᠡᠷᠡᠰ᠎ᠤᠨ ᠵᠢᠭᠰᠠᠭ᠋ᠠᠯᠲᠠ ᠵᠢ ᠨᠡᠶ᠋ᠢᠲᠡᠯᠡᠬᠦ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠮᠡᠳᠡᠭᠳᠡᠯ
ᠲᠦᠷᠦ ᠵᠢᠨ ᠶᠠᠪᠤᠳᠠᠯ᠎ᠤᠨ ᠬᠤᠷᠢᠶᠠᠨ᠎ᠤ ᠨᠠᠢ᠍ᠮᠠᠳᠤᠭ᠋ᠠᠷ ᠤᠳᠠᠭ᠋ᠠᠨ᠎ᠤ ᠶᠡᠭᠡ ᠱᠠᠯᠠᠪᠳᠠᠭᠤᠯᠤᠨ ᠪᠠᠶ᠋ᠢᠴᠠᠭ᠋ᠠᠯᠲᠠ ᠵᠢᠨ ᠭᠠᠶ᠋ᠢᠯᠢ ᠵᠢ ᠪᠠᠭ᠋ᠠᠰᠬᠠᠵᠤ ᠰᠦᠢ᠍ᠳᠬᠡᠯ᠎ᠢ ᠪᠠᠭᠤᠷᠠᠭᠤᠯᠤᠨ ᠠᠵᠤ ᠠᠬᠤᠶ᠋ᠢᠯᠠᠯ᠎ᠤᠨ ᠬᠥᠭᠵᠢᠯᠲᠡ ᠵᠢ ᠲᠠᠮᠵᠢᠬᠦ ᠳᠣᠲᠣᠭ᠋ᠠᠳᠤ ᠬᠡᠷᠡᠭᠴᠡᠭᠡ ᠵᠢ ᠥᠷᠭᠡᠳᠬᠡᠨ ᠠᠵᠢᠯ ᠣᠯᠭᠤᠯᠲᠠ ᠵᠢ ᠪᠠᠲᠤᠯᠠᠵᠤ ᠠᠷᠠᠳ᠎ᠤᠨ ᠠᠮᠢᠳᠤᠷᠠᠯ᠎ᠢ ᠪᠠᠲᠤᠯᠠᠬᠤ ᠵᠡᠷᠭᠡ ᠠᠵᠢᠯ᠎ᠤᠨ ᠲᠤᠭᠤᠷᠢᠨ᠎ᠳᠤ ᠠᠰᠠᠭᠤᠳᠠᠯ᠎ᠤᠨ ᠰᠦᠪᠡᠭᠴᠢ ᠴᠤᠭᠯᠠᠭᠤᠯᠬᠤ ᠲᠤᠬᠠᠶ ᠠᠯᠪᠠᠨ ᠵᠠᠷᠯᠠᠯ
2021 ᠣᠨ᠎ᠤ ᠪᠥᠬᠥ ᠤᠯᠤᠰ᠎ᠤᠨ ᠨᠠᠷᠠᠰᠤᠨ ᠮᠤᠳᠤᠨ᠎ᠤ ᠤᠲᠠᠰᠤᠯᠢᠭ ᠬᠣᠷᠣᠬᠠᠶ ᠵᠢᠨ ᠡᠪᠡᠳᠴᠢᠨ ᠰᠢᠨ᠎ᠡ᠎ᠪᠠᠷ ᠡᠭᠦᠰᠦᠭᠰᠡᠨ ᠰᠢᠶᠠᠨ᠎ᠤ ᠱᠠᠲᠤᠨ᠎ᠤ ᠬᠢᠵᠢᠭᠲᠦ ᠣᠷᠣᠨ᠎ᠤ ᠠᠯᠪᠠᠨ ᠵᠠᠷ
《〈ᠠᠷᠪᠠᠨ ᠳᠥᠷᠪᠡᠳᠦᠭᠡᠷ ᠲᠠᠪᠤᠨ ᠵᠢᠯ〉᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠳᠠᠬᠢ ᠶᠡᠬᠡ ᠪᠠᠭ᠎ᠠ ᠬᠢᠩᠭ᠋ᠠᠨ ᠳᠠᠪᠠᠭ᠎ᠠ ᠵᠢᠨ ᠰᠢᠭᠤᠶ᠋ᠢᠲᠤ ᠣᠷᠣᠨ᠎ᠤ ᠠᠮᠢ ᠠᠬᠤᠶ ᠵᠢᠨ ᠬᠠᠮᠠᠭ᠋ᠠᠯᠠᠯᠲᠠ ᠬᠢᠭᠡᠳ ᠠᠵᠤ ᠠᠬᠤᠶ ᠵᠢᠨ ᠬᠡᠯᠪᠡᠷᠢ ᠵᠢᠨ ᠬᠤᠪᠢᠷᠠᠭᠤᠯᠤᠯᠳᠠ ᠵᠢᠨ ᠠᠵᠢᠯᠯᠠᠭ᠎ᠠ ᠵᠢᠨ ᠲᠥᠰᠦᠯ》᠎ᠢ ᠳᠠᠷᠤᠮᠠᠯᠯᠠᠨ ᠲᠠᠷᠬᠠᠭ᠋ᠠᠬᠤ ᠲᠤᠬᠠᠶ ᠤᠯᠤᠰ᠎ᠤᠨ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠂ ᠤᠯᠤᠰ᠎ᠤᠨ ᠤᠢ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠮᠡᠳᠡᠭᠳᠡᠯ
ᠣᠷᠣᠨ᠎ᠤ ᠲᠠᠰ᠎ᠤᠨ ᠬᠤᠶᠠᠳᠤᠭ᠋ᠠᠷ ᠪᠦᠯᠦᠭ ᠣᠶ ᠮᠣᠳᠣᠨ᠎ᠤ ᠦᠷ᠎ᠡ ᠴᠢᠬᠢ ᠪᠤᠶ᠋ᠢᠵᠢᠭᠤᠯᠬᠤ ᠰᠠᠭᠤᠷᠢᠨ ᠭᠠᠵᠠᠷ᠎ᠤᠨ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ ᠵᠢᠨ ᠮᠡᠳᠡᠭᠳᠡᠯ
 
             蒙ICP备05000248号