ᠨᠠᠮ᠎ᠤᠨ ᠲᠥᠪ ᠬᠤᠷᠢᠶ᠎ᠠ᠂ ᠲᠥᠷᠥ ᠵᠢᠨ ᠶᠠᠪᠤᠳᠠᠯ᠎ᠤᠨ ᠬᠤᠷᠢᠶᠠᠨ᠎ᠤ ᠴᠢᠬᠤᠯᠠ ᠶᠡᠭᠡ ᠰᠢᠢ᠍ᠳᠪᠦᠷᠢᠲᠦ ᠪᠣᠳᠣᠯᠭ᠎ᠠ ᠪᠠᠶ᠋ᠢᠷᠢᠯᠠᠭᠤᠯᠤᠯᠲᠠ ᠵᠢ ᠪᠣᠳᠠᠲᠠᠶ᠎ᠳᠤ ᠨᠠᠶ᠋ᠢᠳᠠᠪᠤᠷᠢᠵᠢᠭᠤᠯᠬᠤ ᠵᠢ ᠠᠬᠢᠭᠤᠯᠵᠤ᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠰᠠᠶ᠋ᠢᠨ ᠡᠬᠢᠯᠡᠯᠳᠡ ᠵᠢ ᠪᠠᠲᠤᠯᠠᠬᠤ ᠵᠢᠨ ᠲᠤᠯᠠᠳᠠ᠂ ᠲᠥᠷᠥ ᠵᠢᠨ ᠶᠠᠪᠤᠳᠠᠯ᠎ᠤᠨ ᠬᠤᠷᠢᠶ᠎ᠠ 8 ᠰᠠᠷ᠎ᠠ ᠵᠢᠨ ᠬᠤᠷᠢᠳ᠎ᠠᠴᠠ 9 ᠰᠠᠷ᠎ᠠ ᠵᠢᠨ ᠠᠷᠪᠠᠳ ᠪᠣᠯᠲᠠᠯ᠎ᠠ ᠨᠠᠢ᠍ᠮᠠᠳᠤᠭ᠋ᠠᠷ ᠤᠳᠠᠭ᠋ᠠᠨ᠎ᠤ ᠶᠡᠭᠡ ᠱᠠᠯᠠᠪᠳᠠᠭᠤᠯᠤᠨ ᠪᠠᠶ᠋ᠢᠴᠠᠭ᠋ᠠᠯᠲᠠ ᠵᠢ ᠵᠣᠬᠢᠶᠠᠨ ᠪᠠᠶ᠋ᠢᠭᠤᠯᠤᠨ ᠥᠷᠨᠢᠭᠦᠯᠵᠦ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠳᠤ ᠱᠠᠯᠠᠪᠳᠠᠭᠤᠯᠤᠨ ᠪᠠᠶ᠋ᠢᠴᠠᠭ᠋ᠠᠬᠤ ᠳᠤᠭᠤᠶ᠋ᠢᠯᠠᠩ ᠲᠣᠮᠢᠯᠠᠵᠤ ᠲᠤᠬᠠᠶ ᠵᠢᠨ ᠭᠠᠵᠠᠷ᠎ᠲᠤᠨᠢ ᠱᠠᠯᠠᠪᠳᠠᠭᠤᠯᠤᠨ ᠪᠠᠶ᠋ᠢᠴᠠᠭ᠋ᠠᠬᠤ᠎ᠪᠠᠷ ᠪᠤᠢ᠃ ᠲᠥᠷᠥ ᠵᠢᠨ ᠶᠠᠪᠤᠳᠠᠯ᠎ᠤᠨ ᠬᠤᠷᠢᠶᠠᠨ᠎ᠤ 《ᠢᠨᠲ᠋ᠧᠷ ᠰᠦᠯᠵᠢᠶ᠎ᠡ + ᠱᠠᠯᠠᠪᠳᠠᠭᠤᠯᠤᠨ ᠪᠠᠶ᠋ᠢᠴᠠᠭ᠋ᠠᠬᠤ》 ᠲᠠᠪᠴᠠᠩ᠎ᠤᠨ ᠵᠢᠵᠢᠭ ᠫᠷᠤᠭ᠌ᠷᠠᠮ (ᠵᠢᠵᠢᠭ ᠫᠷᠤᠭ᠌ᠷᠠᠮ᠎ᠤᠨ ᠮᠡᠷᠭᠡᠨ ᠴᠤᠬᠤᠷ᠎ᠨᠢ ᠳᠤᠤᠷᠠᠬᠢ ᠮᠡᠲᠦ)᠎ᠳᠤ ᠭᠠᠷᠴᠤ᠂ ᠭᠠᠶ᠋ᠢᠯᠢ ᠵᠢ ᠪᠠᠭ᠋ᠠᠰᠬᠠᠵᠤ ᠰᠦᠢ᠍ᠳᠬᠡᠯ᠎ᠢ ᠪᠠᠭᠤᠷᠠᠭᠤᠯᠤᠨ ᠠᠵᠤ ᠠᠬᠤᠶ᠋ᠢᠯᠠᠯ᠎ᠤᠨ ᠬᠥᠭᠵᠢᠯᠲᠡ ᠵᠢ ᠲᠠᠮᠵᠢᠬᠦ᠂ ᠳᠣᠲᠣᠭ᠋ᠠᠳᠤ ᠬᠡᠷᠡᠭᠴᠡᠭᠡ ᠵᠢ ᠥᠷᠭᠡᠳᠬᠡᠨ ᠠᠵᠢᠯ ᠣᠯᠭᠤᠯᠲᠠ ᠵᠢ ᠪᠠᠲᠤᠯᠠᠵᠤ ᠠᠷᠠᠳ᠎ᠤᠨ ᠠᠮᠢᠳᠤᠷᠠᠯ᠎ᠢ ᠪᠠᠲᠤᠯᠠᠬᠤ᠂ 《ᠲᠠᠯᠪᠢᠬᠤ ᠬᠠᠮᠢᠶᠠᠷᠬᠤ ᠦᠢ᠍ᠯᠡᠴᠢᠯᠡᠬᠦ》 ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠦᠨ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ᠎ᠢ ᠰᠢᠯᠢᠳᠡᠭᠵᠢᠭᠦᠯᠬᠦ᠂ ᠰᠢᠨ᠎ᠡ ᠵᠢ ᠡᠭᠦᠳᠬᠦ᠎ᠪᠠᠷ ᠬᠥᠳᠡᠯᠭᠡᠭᠦᠷ ᠪᠣᠯᠭ᠋ᠠᠬᠤ ᠬᠥᠭᠵᠢᠯᠲᠡ ᠵᠢ ᠠᠬᠢᠭᠤᠯᠬᠤ ᠵᠡᠷᠭᠡ ᠲᠠᠯ᠎ᠠ᠎ᠪᠠᠷ ᠭᠤᠤᠯᠳᠠᠭᠤᠯᠤᠨ᠂ ᠨᠠᠮ᠎ᠤᠨ ᠲᠥᠪ ᠬᠤᠷᠢᠶ᠎ᠠ᠂ ᠲᠥᠷᠥ ᠵᠢᠨ ᠶᠠᠪᠤᠳᠠᠯ᠎ᠤᠨ ᠬᠤᠷᠢᠶᠠᠨ᠎ᠤ ᠰᠢᠢ᠍ᠳᠪᠦᠷᠢᠲᠦ ᠪᠣᠳᠣᠯᠭ᠎ᠠ ᠪᠠᠶ᠋ᠢᠷᠢᠯᠠᠭᠤᠯᠤᠯᠲᠠ ᠵᠢ ᠬᠠᠭᠤᠷᠮᠠᠭ᠂ ᠦᠡᠭᠭᠡᠪᠴᠢ᠂ ᠳᠤᠲᠠᠭᠤ ᠳᠣᠷᠭᠤᠨ ᠨᠠᠶ᠋ᠢᠳᠠᠪᠤᠷᠢᠵᠢᠭᠤᠯᠤᠭᠰᠠᠨ᠂ ᠡᠰᠡᠪᠡᠯ ᠦᠭᠡᠷᠡᠳᠦᠭᠦᠯᠦᠨ ᠬᠤᠪᠢᠷᠠᠭᠤᠯᠤᠭᠰᠠᠨ᠂ ᠠᠵᠤ ᠠᠬᠤᠶ᠋ᠢᠯᠠᠯ ᠪᠠ ᠣᠯᠠᠨ ᠲᠦᠮᠡᠨ᠎ᠤ ᠬᠠᠤᠯᠢ ᠶᠣᠰᠣᠨ᠎ᠤ ᠡᠷᠬᠡ ᠠᠰᠢᠭ᠎ᠢ ᠬᠦᠨᠳᠦ ᠨᠣᠴᠢᠲᠠᠶ ᠬᠤᠬᠢᠷᠠᠭᠤᠯᠤᠭᠰᠠᠨ᠂ ᠵᠠᠷᠯᠢᠭ ᠪᠠᠶ᠋ᠢᠪᠠᠴᠤ ᠬᠡᠷᠡᠭᠵᠢᠭᠦᠯᠬᠦ ᠥᠬᠡᠶ᠂ ᠬᠤᠷᠢᠭ᠎ᠠ ᠪᠠᠶ᠋ᠢᠪᠠᠴᠤ ᠵᠤᠬᠰᠤᠬᠤ ᠦᠭᠡᠢ ᠵᠢᠴᠢ ᠠᠵᠢᠯ ᠵᠶ᠋ᠠᠨ ᠥᠯᠥ ᠬᠢᠬᠦ᠂ ᠠᠵᠢᠯ ᠵᠶ᠋ᠠᠨ ᠤᠳᠠᠭ᠋ᠠᠨ ᠬᠢᠬᠦ᠂ ᠳᠤᠷ᠎ᠠ᠎ᠪᠠᠷ ᠵᠶ᠋ᠠᠨ ᠦᠢ᠍ᠯᠡᠳᠬᠦ ᠵᠡᠷᠭᠡ ᠲᠠᠯ᠎ᠠ ᠵᠢᠨ ᠠᠰᠠᠭᠤᠳᠠᠯ᠎ᠤᠨ ᠲᠤᠭᠤᠷᠢᠨ᠎ᠳᠤ᠂ ᠤᠯᠠᠨ ᠲᠦᠮᠠᠨ᠎ᠠᠴᠠ ᠰᠦᠪᠡᠭᠴᠢ ᠬᠠᠩᠭ᠋ᠠᠬᠤ ᠵᠢ ᠪᠠᠶᠠᠷᠯᠠᠨ ᠤᠭᠳᠤᠵᠤ ᠪᠠᠶ᠋ᠢᠨ᠎ᠠ᠃ ᠶᠠᠳᠠᠭᠤ᠎ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ᠎ᠢ ᠪᠠᠬᠢᠵᠢᠭᠦᠯᠦᠨ ᠥᠷᠭᠡᠳᠬᠡᠬᠦ ᠪᠠ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠵᠢ ᠪᠦᠲᠦᠮᠵᠢᠲᠡᠶ ᠵᠣᠯᠭ᠋ᠠᠭᠤᠯᠬᠤ᠂ ᠲᠠᠷᠢᠶᠠᠨ ᠭᠠᠵᠠᠷ᠎ᠢ 《ᠲᠠᠷᠢᠶᠠᠯᠠᠩ᠎ᠤᠨ ᠪᠤᠰᠤ ᠪᠣᠯᠭ᠋ᠠᠬᠤ》 ᠵᠢ ᠬᠤᠷᠢᠭᠯᠠᠬᠤ᠂ ᠲᠠᠷᠢᠶᠠᠨ ᠭᠠᠵᠠᠷ᠎ᠢ 《ᠠᠮᠤ ᠪᠤᠳᠠᠭ᠋ᠠᠨ᠎ᠤ ᠪᠤᠰᠤ ᠪᠣᠯᠭ᠋ᠠᠬᠤ》 ᠵᠢ ᠰᠡᠷᠭᠡᠶ᠋ᠢᠯᠡᠬᠦ᠂ ᠬᠥᠳᠡᠭᠡ ᠲᠣᠰᠬᠤᠨ᠎ᠤ ᠤᠤᠭᠤᠬᠤ ᠤᠰᠤᠨ᠎ᠤ ᠠᠮᠤᠷ ᠲᠦᠪᠰᠢᠨ᠂ ᠰᠤᠷᠭ᠋ᠠᠭᠤᠯᠢ ᠵᠢᠨ ᠬᠦᠷᠢᠶᠡᠨ᠎ᠤ ᠠᠮᠤᠷ ᠲᠦᠪᠰᠢᠨ ᠵᠡᠷᠭᠡ ᠲᠠᠯ᠎ᠠ᠎ᠳᠤ ᠬᠤᠯᠪᠣᠭᠳᠠᠭᠰᠠᠨ ᠠᠰᠠᠭᠤᠳᠠᠯ᠎ᠤᠨ ᠰᠦᠪᠡᠭᠴᠢ ᠵᠢ ᠴᠦ᠍ ᠲᠤᠰ ᠲᠠᠪᠴᠠᠩ ᠵᠶ᠋ᠠᠷ ᠳᠠᠮᠵᠢᠭᠤᠯᠤᠨ ᠲᠤᠰᠬᠠᠵᠤ ᠪᠣᠯᠤᠨ᠎ᠠ᠃ ᠡᠭᠦᠨ᠎ᠤ ᠳᠣᠲᠣᠷᠠᠬᠢ ᠲᠥᠯᠥᠭᠡᠯᠡᠬᠦ ᠴᠢᠨᠠᠷᠲᠠᠶ ᠨᠡᠶ᠋ᠢᠲᠡᠯᠢᠭ ᠠᠰᠠᠭᠤᠳᠠᠯ᠎ᠳᠤ ᠲᠥᠷᠥ ᠵᠢᠨ ᠶᠠᠪᠤᠳᠠᠯ᠎ᠤᠨ ᠬᠤᠷᠢᠶᠠᠨ᠎ᠤ ᠱᠠᠯᠠᠪᠳᠠᠭᠤᠯᠤᠨ ᠪᠠᠶ᠋ᠢᠴᠠᠭ᠋ᠠᠬᠤ ᠳᠤᠭᠤᠶ᠋ᠢᠯᠠᠩ ᠰᠦᠪᠡᠭᠴᠢ ᠵᠢᠨ ᠲᠠᠭ᠋ᠠᠤ ᠠᠰᠠᠭᠤᠳᠠᠯ᠎ᠢ ᠮᠦ᠍ᠷᠳᠡᠵᠦ᠂ ᠠᠰᠠᠭᠤᠳᠠᠯ᠎ᠢ ᠴᠡᠭᠴᠡᠯᠡᠨ ᠰᠠᠶ᠋ᠢᠵᠢᠷᠠᠭᠤᠯᠬᠤ ᠵᠢ ᠱᠠᠯᠠᠪᠳᠠᠭᠤᠯᠵᠤ᠂ ᠱᠠᠯᠠᠪᠳᠠᠭᠤᠯᠤᠨ ᠪᠠᠶ᠋ᠢᠴᠠᠭ᠋ᠠᠬᠤ ᠲᠤᠭᠤᠢ᠍ᠢ᠍ᠯᠠᠩ᠎ᠤᠨ ᠭᠤᠷᠪᠠᠨ᠎ᠤ ᠬᠤᠶᠠᠷ᠎ᠠᠴᠠ ᠳᠡᠭᠡᠭᠰᠢᠬᠢ ᠠᠵᠢᠯᠲᠠᠨ ᠭᠤᠷᠪᠠᠨ᠎ᠤ ᠬᠤᠶᠠᠷ᠎ᠠᠴᠠ ᠳᠡᠭᠡᠭᠰᠢᠬᠢ ᠴᠠᠭ ᠵᠶ᠋ᠠᠨ ᠰᠦᠪᠡᠭᠴᠢ ᠵᠢ ᠬᠠᠷᠭᠤᠭᠤᠯᠤᠨ ᠪᠠᠶ᠋ᠢᠴᠠᠭ᠋ᠠᠬᠤ ᠪᠠ ᠳᠠᠯᠳᠠᠭᠤᠷ ᠰᠤᠷᠪᠤᠯᠵᠢᠯᠠᠨ ᠱᠠᠯᠠᠪᠳᠠᠭᠤᠯᠤᠨ ᠪᠠᠶ᠋ᠢᠴᠠᠭ᠋ᠠᠬᠤ᠎ᠳᠤ ᠬᠡᠷᠡᠭᠯᠡᠬᠦ ᠵᠢ ᠪᠠᠲᠤᠯᠠᠵᠤ᠂ ᠪᠣᠳᠠᠲᠤ ᠠᠵᠢᠯᠯᠠᠭ᠎ᠠ᠎ᠪᠠᠷ ᠵᠶ᠋ᠠᠨ ᠠᠵᠤ ᠠᠬᠤᠶ᠋ᠢᠯᠠᠯ ᠪᠠ ᠣᠯᠠᠨ ᠲᠦᠮᠡᠨ᠎ᠤ ᠠᠩᠬᠠᠷᠴᠤ ᠪᠠᠶ᠋ᠢᠭ᠎ᠠ ᠠᠰᠠᠭᠤᠳᠠᠯ᠎ᠳᠤ ᠬᠠᠷᠢᠭᠤᠯᠲᠠ ᠥᠭᠭᠦᠨ᠎ᠡ᠃
ᠰᠦᠪᠡᠭᠴᠢ ᠴᠤᠭᠯᠠᠭᠤᠯᠬᠤ ᠴᠠᠭ᠄ 2021 ᠣᠨ᠎ᠤ 7 ᠰᠠᠷ᠎ᠠ ᠵᠢᠨ 16᠎ᠤ ᠡᠳᠦᠷ᠎ᠠᠴᠠ 8 ᠰᠠᠷ᠎ᠠ ᠵᠢᠨ 31᠎ᠤ ᠡᠳᠦᠷ ᠪᠣᠯᠲᠠᠯ᠎ᠠ᠃
ᠲᠥᠷᠥ ᠵᠢᠨ ᠶᠠᠪᠤᠳᠠᠯ᠎ᠤᠨ ᠬᠤᠷᠢᠶᠠᠨ᠎ᠤ ᠶᠡᠭᠡ᠎ᠪᠠᠷ ᠱᠠᠯᠠᠪᠳᠠᠭᠤᠯᠤᠨ ᠪᠠᠶ᠋ᠢᠴᠠᠭ᠋ᠠᠬᠤ ᠠᠵᠢᠯ᠎ᠢ ᠬᠠᠯᠠᠮᠵᠢᠯᠠᠨ ᠳᠡᠮᠵᠢᠬᠦ ᠵᠢ ᠬᠥᠰᠡᠵᠥ ᠪᠠᠶ᠋ᠢᠨ᠎ᠠ!
ᠲᠥᠷᠥ ᠵᠢᠨ ᠶᠠᠪᠤᠳᠠᠯ᠎ᠤᠨ ᠬᠤᠷᠢᠶᠠᠨ᠎ᠤ ᠱᠠᠯᠠᠪᠳᠠᠭᠤᠯᠤᠨ ᠪᠠᠶ᠋ᠢᠴᠠᠭ᠋ᠠᠬᠤ ᠳᠤᠭᠤᠶ᠋ᠢᠯᠠᠩ
2021 ᠣᠨ᠎ᠤ 7 ᠰᠠᠷ᠎ᠠ ᠵᠢᠨ 16᠎ᠤ ᠡᠳᠦᠷ
